︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018/11/20


     ᠰᠤᠷᠪᠤᠯᠵᠢᠯᠠᠭᠰᠠᠨ ᠴᠠᠭ᠄  2018 ᠣᠨ ᠤ 10 ᠳ᠋ᠤᠭᠠᠷ ᠰᠠᠷ᠎ᠠ ᠶᠢᠨ 26 ᠤ ᠡᠳᠦᠷ ᠤᠨ 15 ᠴᠠᠭ
     ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠯᠢᠦ ᠯᠢ ᠵᠢᠤᠸᠠᠨ
     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 234 ᠳ᠋ᠦ᠋ᠭᠡᠷ ᠲᠣᠭᠠᠲᠤ︶ ᠶᠢ ᠨᠡᠶᠢᠲᠡᠯᠡᠵᠦ᠂ 2018 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠡᠨᠡ ᠨᠢ ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠯᠰᠡᠨ ᠴᠤᠭᠯᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠠᠶᠢᠳᠠᠭ᠃ ᠥᠨᠥᠳᠥᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃
     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
     ᠬᠥᠲᠥᠯᠥᠭᠴᠢ᠄
     ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ 234 ᠳ᠋ᠦ᠋ᠭᠡᠷ ᠲᠣᠭᠠᠲᠤ ᠵᠠᠰᠠᠭ ᠤᠨ ᠣᠷᠳᠣᠨ ᠤ ᠵᠠᠷᠯᠢᠭ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠲᠤᠰ ᠠᠷᠭ᠎ᠠ ᠶᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ ᠢ ᠤᠷᠢᠵᠤ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ ᠯᠢᠦ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃
     ᠯᠢᠦ ᠯᠢ ᠵᠢᠤᠸᠠᠨ᠄
     ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠰᠦᠯᠵᠢᠶ᠎ᠡ ᠪᠠᠷ ᠣᠯᠠᠨ   ᠲᠠᠢ ᠰᠠᠨᠠᠯ  ᠰᠣᠯᠢᠯᠴᠠᠬᠤ ᠪᠣᠯᠣᠭᠰᠠᠨ  ᠳᠤ ᠪᠠᠨ ᠰᠡᠳᠬᠢᠯ  ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠤᠨ ᠡᠮᠦᠨ᠎ᠡ ᠠᠴᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠶᠡᠷᠦ ᠠᠴᠠ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃
     ᠬᠥᠲᠥᠯᠥᠭᠴᠢ᠄
     ᠣᠯᠠᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠤ ᠬᠠᠮᠲᠤ᠂ ᠶᠡᠭᠡ ᠬᠦᠴᠦᠨ ᠢᠶᠠᠷ ᠠᠬᠢᠭᠤᠯᠤᠭᠰᠠᠭᠠᠷ ᠢᠷᠡᠪᠡ᠃ ᠨᠡᠶᠢᠭᠡᠮ ᠤᠨ ᠡᠯ᠎ᠡ ᠡᠲᠡᠭᠡᠳ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠦᠷᠭᠦᠯᠵᠢᠯᠡᠨ ᠲᠡᠭᠦᠯᠳᠡᠷᠵᠢᠵᠦ᠂ ᠭᠠᠵᠠᠷ ᠣᠷᠣᠨ ᠪᠠ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠡᠮᠬᠢ ᠵᠢᠷᠤᠮ ᠲᠠᠢ ᠠᠬᠢᠨ ᠳᠠᠪᠰᠢᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠠᠭᠤᠷ ᠠᠮᠢᠰᠬᠤᠯ ᠨᠡᠶᠢᠳᠡᠮ ᠳᠤ ᠪᠠᠨ ᠴᠢᠩᠭᠠᠷᠠᠨ᠂ ᠮᠠᠨ ᠤ ᠣᠷᠣᠨ ᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠤᠯᠠᠮ ᠨᠢᠭᠡ ᠠᠯᠬᠤᠮ ᠳᠡᠭᠡᠭᠰᠢᠯᠡᠬᠦ ᠳᠤ᠂ ᠯᠠᠪᠳᠠᠭᠤᠨ ᠪᠠᠲᠤᠲᠠᠢ ᠢᠲᠡᠭᠡᠮᠵᠢ ᠶᠢᠨ ᠰᠠᠭᠤᠷᠢ ᠶᠢ ᠲᠠᠯᠪᠢᠵᠠᠢ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠠᠪᠤᠭᠰᠠᠨ ︽ᠪᠠᠰᠠ ᠨᠢᠭᠡᠨ ᠴᠢᠩᠭ᠎ᠠ ᠬᠠᠲᠠᠭᠤ ᠠᠷᠭ᠎ᠠ ᠬᠡᠮᠵᠢᠶ᠎ᠡ︾ ᠪᠣᠯᠣᠨ᠎ᠠ᠃ ᠳᠣᠣᠷ᠎ᠠ ᠯᠢᠦ ᠡᠷᠬᠢᠯᠡᠭᠴᠢ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠪᠣᠳᠠᠲᠤ ᠠᠴᠢ ᠬᠤᠯᠪᠣᠭᠳᠠᠯ ᠤᠨ ᠲᠤᠬᠠᠢ ᠥᠷᠭᠡᠨ ᠣᠯᠠᠨ ᠰᠦᠯᠵᠢᠶᠡᠨ ᠤ ᠠᠨᠳᠠ ᠳᠤ ᠳᠥᠭᠦᠮ ᠢᠶᠠᠷ ᠲᠠᠨᠢᠯᠴᠠᠭᠤᠯᠵᠤ ᠥᠭᠭᠦᠨ᠎ᠡ ᠦᠦ︖
    ᠯᠢᠦ ᠯᠢ ᠵᠢᠤᠸᠠᠨ᠄
     ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢᠨ ᠰᠠᠭᠤᠷᠢ ᠶᠢᠨ ᠴᠢᠨᠠᠷᠲᠠᠢ ᠢᠨᠵᠧᠨᠧᠷᠢᠩ ᠪᠠᠶᠢᠵᠤ᠂ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ᠢᠲᠡᠭᠡᠮᠵᠢ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠨᠢ ᠨᠢᠭᠡᠨᠲᠡ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯᠲᠠ ᠶᠢᠨ ᠭᠤᠣᠯ ᠴᠢᠭᠯᠡᠯ ᠪᠠ ᠴᠢᠬᠤᠯᠠ ᠠᠭᠤᠯᠭ᠎ᠠ ᠪᠣᠯᠣᠭᠰᠠᠨ ᠶᠤᠮ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ ᠴᠤᠭᠯᠠᠭᠤᠯᠵᠤ ᠬᠠᠮᠲᠤ ᠳᠤ ᠪᠠᠨ ᠬᠦᠷᠲᠡᠬᠦ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠭᠤᠷᠢ ᠪᠣᠯᠣᠨ᠎ᠠ᠃ ᠠᠯᠢ ᠬᠡᠳᠦᠶᠢᠨᠡᠢ ᠠᠴᠠ ᠨᠠᠭᠠᠰᠢ᠂ ᠮᠠᠨ ᠤ ᠣᠷᠣᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠡᠷᠡᠭᠯᠡᠬᠦ ᠪᠠᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠪᠣᠯᠭᠠᠨ ᠶᠡᠭᠡ ᠬᠦᠴᠦᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠦᠬᠦ ᠣᠷᠣᠨ ᠤ ᠪᠣᠢ ᠪᠦᠬᠦᠢ 193 ᠲᠦᠮᠡᠨ ᠵᠠᠬ᠎ᠠ ᠳᠡᠯᠭᠡᠭᠦᠷ ᠤᠨ ᠭᠤᠣᠯ ᠴᠣᠭᠴᠠ᠂ 2.8 ᠲᠦᠮᠡᠨ ᠵᠠᠰᠠᠭ ᠵᠠᠬᠢᠷᠭᠠᠨ ᠤ ᠨᠢᠭᠡᠴᠢ ᠪᠠ ᠠᠵᠢᠯ ᠦᠢᠯᠡᠰ ᠤᠨ ᠨᠢᠭᠡᠴᠢ᠂ 1.37 ᠲᠦᠮᠡᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ 1270 ᠲᠦᠮᠡᠨ ᠪᠠᠶᠢᠭᠠᠯᠢᠯᠢᠭ ᠬᠥᠮᠥᠨ ᠢ ᠴᠤᠭᠯᠠᠭᠤᠯᠤᠨ ᠨᠡᠶᠢᠯᠡᠭᠦᠯᠦᠭᠰᠡᠨ ᠪᠠ ᠪᠦᠬᠦ ᠤᠯᠤᠰ ᠤᠨ ᠪᠠᠷᠤᠭ 1.59 ᠳ᠋ᠦᠩᠰᠢᠭᠤᠷ ᠵᠤᠷᠪᠤᠰ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ᠂ ᠮᠠᠨ ᠤ ᠣᠷᠣᠨ ᠤ ᠢᠲᠡᠭᠡᠮᠵᠢ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠᠶᠢᠭᠤᠯᠬᠤ ᠶᠢ ᠠᠬᠢᠭᠤᠯᠬᠤ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠪᠠ  ᠃ ᠮᠠᠨ ᠤ ᠣᠷᠣᠨ  ᠤ ᠨᠡᠶᠢᠭᠡᠮ  ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ  ᠶᠢᠨ ᠭᠦᠨᠵᠡᠭᠡᠢ ᠥᠷᠨᠢᠬᠦ ᠶᠢ ᠳᠠᠭᠠᠯᠳᠤᠨ  ᠂ ᠦᠢᠯᠡᠳᠦᠯᠭᠡ ᠶᠢᠨ ᠳᠤᠮᠳᠠ ᠵᠠᠷᠢᠮ ᠰᠢᠨ᠎ᠡ ᠪᠠᠶᠢᠳᠠᠯ ᠪᠠ ᠠᠰᠠᠭᠤᠳᠠᠯ ᠢᠯᠡᠷᠡᠪᠡ᠃ ᠵᠢᠱᠢᠶᠡᠯᠡᠪᠡᠯ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠦᠭᠰᠡᠨ ᠥᠷᠭᠡᠴᠡ ᠪᠠ ᠭᠦᠨᠴᠡ ᠨᠢ ᠭᠦᠢᠴᠡᠳ ᠪᠤᠰᠤ᠂ ᠢᠲᠡᠭᠡᠮᠵᠢ ᠶᠢᠨ ᠬᠤᠯᠪᠣᠭᠠᠯᠠᠵᠤ ᠱᠠᠩᠨᠠᠨ ᠲᠣᠷᠭᠤᠭᠠᠬᠤ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠦᠷᠢᠨ ᠪᠤᠰᠤ᠂ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ 2017 ᠣᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠵᠠᠰᠠᠭ ᠤᠨ ᠣᠷᠳᠣᠨ ᠢ ᠣᠷᠣᠯᠠᠨ ︽ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2018 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠬᠤ ᠪᠠᠷ ᠳᠠᠮᠵᠢᠨ᠂ ᠡᠨᠡ ᠵᠢᠯ ᠤᠨ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃  ︽ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠤᠭᠯᠠᠭᠤᠯᠤᠨ ᠨᠡᠶᠢᠯᠡᠭᠦᠯᠬᠦ ᠬᠡᠪᠴᠢᠶ᠎ᠡ ᠶᠢ ᠲᠣᠳᠣᠷᠬᠠᠶᠢᠯᠠᠨ᠂ ᠨᠥᠯᠥᠭᠡ ᠰᠠᠶᠢᠲᠠᠢ ᠮᠡᠳᠡᠭᠡ ᠵᠠᠩᠭᠢ ᠪᠠ ᠨᠥᠯᠥᠭᠡ ᠮᠠᠭᠤᠲᠠᠢ ᠮᠡᠳᠡᠭᠡ ᠵᠠᠩᠭᠢ ᠶᠢᠨ ᠲᠥᠯᠥᠪ ᠪᠠᠶᠢᠳᠠᠯ ᠢ ᠵᠢᠭᠰᠠᠭᠠᠵᠤ᠂ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠳᠦᠷᠢᠮ ᠲᠣᠭᠲᠠᠭᠠᠯ ᠢᠶᠠᠷ ᠦᠨᠳᠦᠰᠦᠯᠡᠯ ᠪᠣᠯᠭᠠᠵᠤ ᠢᠲᠡᠭᠡᠮᠵᠢ ᠶᠢᠨ ᠱᠠᠩᠨᠠᠨ ᠲᠣᠷᠭᠤᠭᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠤ ᠬᠠᠮᠲᠤ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠲᠣᠭᠲᠠᠭᠠᠯ ᠭᠠᠷᠭᠠᠵᠠᠢ᠃ ︽ᠠᠷᠭ᠎ᠠ︾ ᠶᠢ ᠨᠡᠶᠢᠲᠡᠯᠡᠭᠰᠡᠨ ᠨᠢ ᠪᠦᠬᠦ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠷᠤᠮᠵᠢᠯ ᠲᠠᠢ ᠪᠥᠭᠡᠳ ᠡᠮᠬᠢ ᠳᠠᠷᠠᠭ᠎ᠠ ᠲᠠᠢ ᠠᠬᠢᠭᠤᠯᠬᠤ ᠳᠤ ᠴᠢᠭᠯᠡᠯ ᠢ ᠵᠢᠭᠠᠨ ᠲᠣᠳᠣᠷᠬᠠᠶᠢᠯᠠᠵᠤ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠠᠴᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠳᠤ ᠦᠨᠳᠦᠰᠦᠯᠡᠯ ᠬᠠᠩᠭᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠥᠷᠭᠡᠨ ᠢᠶᠠᠷ ᠥᠷᠨᠢᠭᠦᠯᠬᠦ ᠳᠤ ᠳᠦᠷᠢᠮ ᠤᠨ ᠰᠠᠭᠤᠷᠢ ᠶᠢ ᠲᠠᠯᠪᠢᠵᠠᠢ᠃
     ᠬᠥᠲᠥᠯᠥᠭᠴᠢ᠄
     ᠮᠠᠰᠢ ᠣᠯᠠᠨ ᠰᠦᠯᠵᠢᠶᠡᠨ ᠤ ᠠᠨᠳᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠬᠠᠢ ᠣᠶᠢᠯᠠᠭᠠᠯᠲᠠ   ᠨᠢ ᠮᠥᠨ ᠲᠤᠩ ᠪᠠᠯᠠᠷᠬᠠᠢ ᠪᠠᠶᠢᠵᠤ ᠮᠡᠳᠡᠨ᠎ᠡ  ᠃  ︽ᠬᠠᠮᠢᠶᠠᠷᠤᠯᠲᠠ ᠶᠢᠨ ᠠᠷᠭ᠎ᠠ  ︾ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠤᠬᠠᠭᠳᠠᠬᠤᠨ  ᠢ ᠬᠡᠷᠬᠢᠨ ᠵᠠᠭᠠᠭᠯᠠᠨ ᠲᠣᠭᠲᠠᠭᠠᠭᠰᠠᠨ ᠪᠣᠢ︖ ᠪᠠᠰᠠ ᠶᠠᠮᠠᠷ ᠶᠠᠮᠠᠷ ᠮᠡᠳᠡᠭᠡ ᠵᠠᠩᠭᠢ ᠶᠢ ᠰᠠᠶ᠋ᠢᠬᠠᠨ ᠲᠠᠨ ᠤ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠭᠰᠠᠨ ᠢ ᠯᠢᠦ ᠡᠷᠬᠢᠯᠡᠭᠴᠢ ᠲᠠᠨᠢᠯᠴᠠᠭᠤᠯᠤᠭᠠᠳ ᠥᠭᠭᠦᠨ᠎ᠡ ᠦᠦ︖
     ᠯᠢᠦ ᠯᠢ ᠵᠢᠤᠸᠠᠨ᠄
     ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠪᠣᠯ ᠤᠯᠤᠰ ᠤᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠦᠷᠢᠯᠳᠦᠭᠰᠡᠨ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠪᠦᠬᠦᠢ ᠪᠠᠶᠢᠭᠠᠯᠢᠯᠢᠭ ᠬᠥᠮᠥᠨ᠂ ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠲᠥᠯᠥᠪ ᠪᠠᠶᠢᠳᠠᠯ ᠢ ᠲᠤᠰᠬᠠᠭᠰᠠᠨ ᠳ᠋ᠠᠶᠢᠲ᠋ᠠ ᠪᠠ ᠮᠠᠲ᠋ᠧᠷᠢᠶᠠᠯ ᠢ ᠵᠢᠭᠠᠵᠤ ᠪᠠᠶᠢᠨ᠎ᠠ᠃ ︽ᠠᠷᠭ᠎ᠠ︾ ᠳᠤ ᠮᠡᠳᠡᠭᠡ ᠵᠠᠩᠭᠢ ᠶᠢᠨ ᠭᠤᠣᠯ ᠴᠣᠭᠴᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠳᠦᠰᠦᠨ ᠮᠡᠳᠡᠭᠡ ᠵᠠᠩᠭᠢ᠂ ᠨᠥᠯᠥᠭᠡ ᠮᠠᠭᠤᠲᠠᠢ ᠮᠡᠳᠡᠭᠡ ᠵᠠᠩᠭᠢ ᠪᠠ ᠨᠥᠯᠥᠭᠡ ᠰᠠᠶᠢᠲᠠᠢ ᠮᠡᠳᠡᠭᠡ ᠵᠠᠩᠭᠢ ᠵᠡᠷᠭᠡ ᠭᠤᠷᠪᠠᠨ ᠶᠡᠭᠡ ᠲᠥᠷᠥᠯ ᠬᠤᠪᠢᠶᠠᠪᠠ᠃ ᠦᠨᠳᠦᠰᠦᠨ ᠮᠡᠳᠡᠭᠡ ᠵᠠᠩᠭᠢ ᠨᠢ ᠮᠡᠳᠡᠭᠡ ᠵᠠᠩᠭᠢ ᠶᠢᠨ ᠭᠤᠣᠯ ᠴᠣᠭᠴᠠ ᠶᠢᠨ ᠪᠡᠶ᠎ᠡ ᠭᠠᠷᠤᠯ ᠢ ᠢᠯᠭᠠᠨ ᠲᠣᠳᠣᠯᠠᠵᠤ ᠪᠣᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠂ ᠵᠢᠱᠢᠶᠡᠯᠡᠪᠡᠯ ᠨᠡᠶᠢᠭᠡᠮ ᠤᠨ ᠢᠲᠡᠭᠡᠮᠵᠢ ᠶᠢ ᠨᠢᠭᠡᠳᠦᠭᠦᠯᠬᠦ ᠣᠷᠣᠯᠠᠬᠤ ᠺᠣᠳ᠋ ᠪᠠ ᠪᠡᠶ᠎ᠡ ᠶᠢᠨ ᠦᠨᠡᠮᠯᠡᠯ ᠤᠨ ᠨᠣᠮᠧᠷ ᠪᠣᠯᠣᠨ᠎ᠠ︔ ᠨᠥᠯᠥᠭᠡ ᠮᠠᠭᠤᠲᠠᠢ ᠮᠡᠳᠡᠭᠡ ᠵᠠᠩᠭᠢ ᠨᠢ ᠡᠯ᠎ᠡ ᠰᠠᠯᠠᠭ᠎ᠠ ᠮᠥᠴᠢᠷ ᠤᠨ ᠬᠢᠨ ᠤ ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ 12 ᠲᠥᠷᠥᠯ ᠤᠨ ᠮᠡᠳᠡᠭᠡ ᠵᠠᠩᠭᠢ ᠶᠢ ᠪᠠᠭᠲᠠᠭᠠᠨ᠎ᠠ︔ ᠨᠥᠯᠥᠭᠡ ᠰᠠᠶᠢᠲᠠᠢ ᠮᠡᠳᠡᠭᠡ ᠵᠠᠩᠭᠢ ᠨᠢ ᠬᠤᠲᠠ ᠶᠢᠨ ᠱᠠᠲᠤᠨ ᠠᠴᠠ ᠳᠡᠭᠡᠭᠰᠢᠬᠢ ᠤᠯᠤᠰ ᠤᠨ ᠪᠠᠶᠢᠭᠤᠯᠭ᠎ᠠ ᠶᠢᠨ ᠬᠢᠨ ᠤ ᠲᠣᠭᠲᠠᠭᠠᠭᠰᠠᠨ ᠡᠯ᠎ᠡ ᠲᠥᠷᠥᠯ ᠤᠨ ᠱᠠᠩᠨᠠᠯ ᠬᠥᠬᠢᠭᠦᠯᠦᠯ ᠵᠡᠷᠭᠡ 9 ᠲᠥᠷᠥᠯ ᠤᠨ ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠃
     ᠬᠥᠲᠥᠯᠥᠭᠴᠢ᠄
     ︽ᠬᠠᠮᠢᠶᠠᠷᠤᠯᠲᠠ ᠶᠢᠨ ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠠᠰᠠᠭᠤᠳᠠᠯ ᠳᠤ ᠬᠤᠯᠪᠣᠭᠳᠠᠵᠤ ᠪᠠᠶᠢᠬᠤ ᠶᠢ ᠪᠢᠳᠡ ᠠᠩᠬᠠᠷᠴᠤ ᠮᠡᠳᠡᠪᠡ᠃ ᠲᠡᠭᠡᠪᠡᠯ ᠮᠡᠳᠡᠭᠡ ᠵᠠᠩᠭᠢ ᠶᠢ ᠬᠡᠷᠬᠢᠨ ᠢᠯᠡ ᠪᠠᠶᠢᠯᠭᠠᠬᠤ᠂ ᠶᠠᠮᠠᠷ ᠬᠡᠮᠵᠢᠶ᠎ᠡ ᠬᠦᠷᠲᠡᠯ᠎ᠡ ᠢᠯᠡ ᠪᠠᠶᠢᠯᠭᠠᠬᠤ᠂ ᠬᠥᠮᠥᠨ ᠪᠣᠯᠭᠠᠨ ᠬᠤᠪᠢ ᠬᠥᠮᠥᠨ ᠪᠤᠶᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠠᠶᠢᠨ ᠯᠠᠪᠯᠠᠵᠤ ᠪᠣᠯᠣᠨ᠎ᠠ ᠦᠦ︖
     ᠯᠢᠦ ᠯᠢ ᠵᠢᠤᠸᠠᠨ᠄
     ︽ᠠᠷᠭ᠎ᠠ︾ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠡᠷᠡᠭᠯᠡᠬᠦ ᠳᠤ ᠴᠢᠩᠭ᠎ᠠ ᠲᠣᠭᠲᠠᠭᠠᠯ ᠭᠠᠷᠭᠠᠪᠠ᠄ ᠢᠯᠡ ᠪᠠᠶᠢᠯᠭᠠᠬᠤ ᠮᠡᠳᠡᠭᠡ ᠵᠠᠩᠭᠢ ᠶᠢᠨ ᠲᠤᠬᠠᠢ᠂ ᠨᠡᠶᠢᠭᠡᠮ ᠤᠨ ᠲᠦᠮᠡᠨ ᠣᠯᠠᠨ ᠢᠶᠠᠷ ᠢᠶᠠᠨ ᠦᠢᠯᠡᠴᠢᠯᠡᠭᠡ ᠶᠢᠨ ᠴᠣᠩᠬᠤᠪᠴᠢ᠂ ᠲᠠᠪᠴᠠᠩ ᠤᠨ ᠰᠦᠯᠵᠢᠶ᠎ᠡ᠂ ᠰᠢᠯᠵᠢᠭᠡ ᠲᠡᠭᠦᠰᠬᠡᠯ ᠤᠨ ᠦᠵᠦᠭᠦᠷ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ︔ ᠥᠯᠥ ᠢᠯᠡ ᠪᠠᠶᠢᠯᠭᠠᠬᠤ ᠮᠡᠳᠡᠭᠡ ᠵᠠᠩᠭᠢ ᠶᠢᠨ ᠲᠤᠬᠠᠢ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠬᠤᠪᠢ ᠬᠥᠮᠥᠨ ᠤ ᠬᠦᠴᠦᠨ ᠪᠦᠬᠦᠢ ᠪᠡᠶ᠎ᠡ ᠶᠢᠨ ᠭᠡᠷᠡᠴᠢ ᠪᠠ ᠪᠢᠴᠢᠭ ᠤᠨ ᠬᠡᠯᠪᠡᠷᠢ ᠪᠠᠷ ᠡᠷᠬᠡ ᠣᠯᠭᠤᠭᠰᠠᠨ ᠵᠡᠷᠭᠡ ᠭᠡᠷᠡᠴᠢ ᠪᠠᠨ ᠬᠠᠩᠭᠠᠵᠤ ᠪᠠᠶᠢᠭᠠᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠪᠠᠶᠢᠭᠤᠯᠤᠮᠵᠢ ᠳᠤ ᠬᠠᠶᠢᠨ ᠯᠠᠪᠯᠠᠬᠤ ᠭᠤᠶᠤᠴᠢᠯᠠᠯ ᠭᠠᠷᠭᠠᠨ᠎ᠠ᠃
     ᠬᠥᠲᠥᠯᠥᠭᠴᠢ᠄
     ᠮᠠᠨ ᠤ ᠣᠶᠢᠯᠠᠭᠠᠭᠰᠠᠨ ᠢᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠢᠲᠡᠭᠡᠮᠵᠢ ᠶᠢᠨ ᠲᠥᠯᠥᠪ ᠪᠠᠶᠢᠳᠠᠯ ᠤᠨ ᠰᠠᠶᠢᠨ ᠮᠠᠭᠤ ᠶᠢ ᠦᠨᠳᠦᠰᠦᠯᠡᠨ ᠮᠡᠳᠡᠭᠡ ᠵᠠᠩᠭᠢ ᠶᠢᠨ ᠭᠤᠣᠯ ᠴᠣᠭᠴᠠ ᠳᠤ ᠠᠳᠠᠯᠢ ᠪᠤᠰᠤ ᠶᠢᠨ ᠱᠠᠩᠨᠠᠨ ᠲᠣᠷᠭᠤᠭᠠᠬᠤ ᠠᠷᠭ᠎ᠠ ᠬᠡᠮᠵᠢᠶ᠎ᠡ ᠠᠪᠳᠠᠭ᠃ ᠲᠡᠭᠡᠪᠡᠯ ᠪᠣᠳᠠᠲᠤ ᠪᠠᠶᠢᠳᠠᠯ ᠳᠤ ᠬᠡᠷᠬᠢᠨ ᠭᠦᠢᠴᠡᠳᠬᠡᠵᠦ ᠪᠠᠶᠢᠬᠤ ᠶᠢ ᠯᠢᠦ ᠡᠷᠬᠢᠯᠡᠭᠴᠢ ᠲᠠ ᠲᠠᠨᠢᠯᠴᠠᠭᠤᠯᠤᠭᠠᠳ ᠥᠭᠭᠦᠨ᠎ᠡ ᠦᠦ︖
     ᠯᠢᠦ ᠯᠢ ᠵᠢᠤᠸᠠᠨ᠄
     ᠢᠲᠡᠭᠡᠮᠵᠢ ᠶᠢ ᠪᠠᠷᠢᠮᠲᠠᠯᠠᠭᠰᠠᠳ ᠢ ᠬᠤᠯᠪᠣᠭᠠᠯᠠᠵᠤ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠯᠠᠬᠤ ᠲᠣᠭᠲᠠᠴᠠ ᠪᠣᠯᠣᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠠᠷᠭ᠎ᠠ︾ ᠶᠢᠨ ᠭᠤᠴᠢᠳᠤᠭᠠᠷ ᠵᠦᠢᠯ ᠳᠤ᠂ ᠢᠲᠡᠭᠡᠮᠵᠢ ᠶᠢᠨ ᠲᠥᠯᠥᠪ ᠪᠠᠶᠢᠳᠠᠯ ᠢᠶᠠᠷ ᠰᠠᠶᠢᠲᠠᠢ ᠮᠡᠳᠡᠭᠡ ᠵᠠᠩᠭᠢ ᠶᠢᠨ ᠭᠤᠣᠯ ᠴᠣᠭᠴᠠ ᠳᠤ᠂ ᠤᠯᠤᠰ ᠤᠨ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠲᠥᠷᠥᠯ ᠵᠦᠢᠯ ᠤᠨ ᠬᠢᠨᠠᠯᠲᠠ ᠵᠥᠪᠰᠢᠶᠡᠷᠡᠯ᠂ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠬᠦ ᠮᠡᠲᠦ ᠶᠢᠨ ᠠᠵᠢᠯᠯᠠᠭᠠᠨ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠲᠡᠭᠦᠨ ᠳᠤ ᠤᠷᠢᠳ ᠢᠶᠠᠷ ᠭᠦᠢᠴᠡᠳᠬᠡᠬᠦ᠂ ᠬᠠᠷᠠᠭᠠᠯᠵᠠᠯ ᠦᠵᠡᠭᠦᠯᠬᠦ ᠵᠡᠷᠭᠡ ᠣᠯᠠᠨ ᠵᠦᠢᠯ ᠤᠨ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠪᠠ︔ ︽ᠠᠷᠭ᠎ᠠ︾ ᠶᠢᠨ ᠭᠤᠴᠢᠨ ᠨᠢᠭᠡᠳᠦᠭᠡᠷ ᠵᠦᠢᠯ ᠳᠤ᠂ ᠢᠲᠡᠭᠡᠮᠵᠢ ᠶᠢᠨ ᠲᠥᠯᠥᠪ ᠪᠠᠶᠢᠳᠠᠯ ᠢᠶᠠᠷ ᠮᠠᠭᠤᠲᠠᠢ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠪᠠᠶᠢᠴᠠᠭᠠᠯᠲᠠ ᠳᠤ᠂ ᠲᠡᠭᠦᠨ ᠳᠤ ᠭᠤᠣᠯᠳᠠᠯᠭ᠎ᠠ ᠲᠠᠢ ᠬᠢᠨᠠᠯᠲᠠ ᠲᠠᠯᠪᠢᠵᠤ ᠬᠠᠮᠢᠶᠠᠷᠬᠤ᠂ ᠪᠠᠶᠢᠴᠠᠭᠠᠯᠲᠠ ᠬᠢᠬᠦ ᠤᠳᠠᠭ᠎ᠠ ᠶᠢ ᠨᠢ ᠨᠡᠮᠡᠭᠳᠡᠭᠦᠯᠬᠦ᠂ ᠨᠢᠭᠡᠨᠲᠡ ᠬᠦᠷᠲᠡᠭᠰᠡᠨ ᠵᠠᠰᠠᠭ ᠵᠠᠬᠢᠷᠭᠠᠨ ᠤ ᠲᠠᠯ᠎ᠠ ᠪᠠᠷ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠨᠢ ᠬᠦᠴᠦᠨ ᠦᠭᠡᠢ ᠪᠣᠯᠭᠠᠬᠤ ᠵᠡᠷᠭᠡ ᠣᠯᠠᠨ ᠵᠦᠢᠯ ᠤᠨ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠪᠠ᠃ ︽ᠠᠷᠭ᠎ᠠ︾ ᠶᠢᠨ ᠭᠤᠴᠢᠨ ᠬᠤᠶᠠᠳᠤᠭᠠᠷ ᠵᠦᠢᠯ ᠳᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠡᠭᠦᠨ ᠳᠤ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠣᠷᠣᠬᠤ ᠶᠢ ᠨᠢ ᠴᠠᠭᠠᠵᠠᠯᠠᠬᠤ ᠶᠢ ᠪᠠᠭᠲᠠᠭᠠᠭᠰᠠᠨ᠂ ᠰᠢᠨ᠎ᠡ ᠪᠠᠷ ᠨᠡᠮᠡᠭᠰᠡᠨ ᠲᠥᠷᠥᠯ ᠵᠦᠢᠯ ᠢ ᠨᠢ ᠬᠢᠨᠠᠨ ᠵᠥᠪᠰᠢᠶᠡᠷᠡᠬᠦ ᠪᠠ ᠬᠠᠷᠭᠤᠭᠤᠯᠤᠨ ᠵᠥᠪᠰᠢᠶᠡᠷᠡᠬᠦ ᠶᠢ ᠬᠢᠵᠠᠭᠠᠷᠯᠠᠬᠤ ᠵᠡᠷᠭᠡ ᠣᠯᠠᠨ ᠵᠦᠢᠯ ᠤᠨ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠵᠠᠢ᠃
     ᠬᠥᠲᠥᠯᠥᠭᠴᠢ᠄
     ︽ᠬᠠᠮᠢᠶᠠᠷᠤᠯᠲᠠ ᠶᠢᠨ ᠠᠷᠭ᠎ᠠ︾ ᠳᠤ ᠪᠠᠰᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠢ ᠳᠤᠷᠠᠳᠴᠠᠢ᠃ ᠡᠨᠡ ᠲᠠᠯ᠎ᠠ ᠪᠠᠷ᠂ ᠪᠢᠳᠡᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠢ︖
     ᠯᠢᠦ ᠯᠢ ᠵᠢᠤᠸᠠᠨ᠄
     ︽ᠠᠷᠭ᠎ᠠ︾ ᠳᠤ ᠳᠥᠷᠪᠡᠨ ᠲᠠᠯ᠎ᠠ ᠪᠠᠷ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠪᠣᠳᠠᠲᠠᠢ ᠲᠣᠭᠲᠠᠭᠠᠯ ᠭᠠᠷᠭᠠᠪᠠ᠃ ᠨᠢᠭᠡ ᠳᠤ᠂ ᠠᠷᠪᠠᠨ ᠨᠠᠢᠮᠠᠳᠤᠭᠠᠷ ᠵᠦᠢᠯ ᠳᠤ᠂ ᠴᠤᠭᠯᠠᠭᠤᠯᠤᠨ ᠨᠡᠶᠢᠯᠡᠭᠦᠯᠬᠦ ᠶᠢ ᠬᠢᠵᠠᠭᠠᠷᠯᠠᠭᠰᠠᠨ ᠪᠠᠶᠢᠭᠠᠯᠢᠯᠢᠭ ᠬᠥᠮᠥᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠣᠳᠣᠷᠬᠠᠶᠢᠯᠠᠪᠠ︔ ᠬᠤᠶᠠᠷ ᠲᠤ᠂ ᠭᠤᠴᠢᠨ ᠵᠢᠷᠭᠤᠳᠤᠭᠠᠷ ᠵᠦᠢᠯ ᠳᠤ᠂ ᠨᠥᠯᠥᠭᠡ ᠮᠠᠭᠤᠲᠠᠢ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠨ ᠤ ᠬᠢᠵᠠᠭᠠᠷᠯᠠᠯ ᠢ ᠲᠣᠳᠣᠷᠬᠠᠶᠢᠯᠠᠪᠠ︔ ᠭᠤᠷᠪᠠ ᠳᠤ᠂ ᠭᠤᠴᠢᠨ ᠳᠣᠯᠣᠳᠤᠭᠠᠷ ᠵᠦᠢᠯ ᠳᠤ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠰᠠᠨ ᠵᠠᠯᠠᠷᠠᠭᠤᠯᠵᠤ᠂ ᠮᠠᠭᠤ ᠨᠥᠯᠥᠭᠡ ᠪᠠᠨ ᠦᠭᠡᠶᠢᠰᠬᠡᠬᠦ ᠦᠶ᠎ᠡ ᠳᠤ᠂ ᠢᠲᠡᠭᠡᠮᠵᠢ ᠪᠠᠨ ᠵᠠᠰᠠᠨ ᠰᠡᠷᠭᠦᠭᠡᠬᠦ ᠪᠠᠷ ᠭᠤᠶᠤᠴᠢᠯᠠᠬᠤ ᠳᠡᠰ ᠳᠠᠷᠠᠭᠠᠯᠠᠯ ᠢ ᠲᠣᠳᠣᠷᠬᠠᠶᠢᠯᠠᠪᠠ︔ ᠳᠥᠷᠪᠡ ᠳᠤ᠂ ᠭᠤᠴᠢᠨ ᠨᠠᠢᠮᠠᠳᠤᠭᠠᠷ ᠵᠦᠢᠯ ᠳᠤ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠨᠡᠶᠢᠭᠡᠮ ᠤᠨ ᠢᠲᠡᠭᠡᠮᠵᠢ ᠶᠢᠨ ᠲᠠᠪᠴᠠᠩ ᠳᠤ ᠲᠡᠮᠳᠡᠭᠯᠡᠭᠰᠡᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠥᠯᠥ ᠨᠡᠶᠢᠴᠡᠬᠦ᠂ ᠣᠷᠬᠢᠭᠳᠠᠭᠰᠠᠨ ᠪᠠ ᠪᠤᠷᠤᠭᠤᠳᠠᠭᠰᠠᠨ ᠠᠰᠠᠭᠤᠳᠠᠯ ᠣᠷᠣᠰᠢᠬᠤ ᠪᠠᠶᠢᠬᠤ᠂ ᠬᠠᠤᠯᠢ ᠶᠣᠰᠣᠭᠠᠷ ᠥᠯᠥ ᠢᠯᠡ ᠪᠠᠶᠢᠯᠭᠠᠪᠠᠰᠤ ᠵᠣᠬᠢᠬᠤ ᠦᠶ᠎ᠡ ᠳᠤ᠂ ᠣᠨᠳᠣᠣ ᠰᠠᠨᠠᠯ ᠭᠠᠷᠭᠠᠨ ᠭᠤᠶᠤᠴᠢᠯᠠᠬᠤ ᠪᠠ ᠳᠠᠪᠲᠠᠨ ᠬᠠᠷᠭᠤᠭᠤᠯᠬᠤ ᠳᠡᠰ ᠳᠠᠷᠠᠭᠠᠯᠠᠯ ᠢ ᠲᠣᠳᠣᠷᠬᠠᠶᠢᠯᠠᠵᠠᠢ᠃
     ᠬᠥᠲᠥᠯᠥᠭᠴᠢ᠄
     ᠰᠠᠶ᠋ᠢᠬᠠᠨ  ᠲᠠᠨ  ᠤ ᠲᠠᠨᠢᠯᠴᠠᠭᠤᠯᠬᠤ  ᠪᠠᠷ ᠳᠠᠮᠵᠢᠭᠤᠯᠤᠨ  ᠂ ︽ᠬᠠᠮᠢᠶᠠᠷᠤᠯᠲᠠ ᠶᠢᠨ  ᠠᠷᠭ᠎ᠠ  ︾ ᠶᠢᠨ ᠲᠤᠬᠠᠢ  ᠪᠢᠳᠡ ᠦᠨᠳᠦᠰᠦᠨ ᠣᠶᠢᠯᠠᠭᠠᠯᠲᠠ ᠲᠠᠢ ᠪᠣᠯᠪᠠ  ᠃ ᠳᠠᠬᠢᠨ ᠠᠰᠠᠭᠤᠬᠤ ᠰᠠᠨᠠᠭ᠎ᠠ ᠲᠠᠢ ᠵᠦᠢᠯ ᠭᠡᠪᠡᠯ᠂ ᠣᠳᠣᠬᠠᠨ ᠳᠤ᠂ ᠮᠠᠨ ᠤ ᠣᠷᠣᠨ ᠠᠴᠠ ᠶᠠᠮᠠᠷ ᠶᠠᠮᠠᠷ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠥᠷᠨᠢᠭᠦᠯᠦᠭᠰᠡᠨ ᠪᠣᠢ︖
     ᠯᠢᠦ ᠯᠢ ᠵᠢᠤᠸᠠᠨ᠄
     2016 ᠣᠨ ᠠᠴᠠ ᠡᠬᠢᠯᠡᠵᠦ᠂ ᠮᠠᠨ ᠤ ᠣᠷᠣᠨ ᠠᠴᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠷᠥᠯ ᠵᠦᠢᠯ ᠤᠨ ᠬᠢᠨᠠᠯᠲᠠ ᠵᠥᠪᠰᠢᠶᠡᠷᠡᠯ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ᠂ ᠵᠠᠰᠠᠭ ᠤᠨ ᠣᠷᠣᠨ ᠠᠴᠠ ᠬᠤᠳᠠᠯᠳᠤᠨ ᠠᠪᠬᠤ ᠵᠡᠷᠭᠡ ᠬᠦᠷᠢᠶ᠎ᠡ ᠴᠠᠷᠠᠭᠠᠨ ᠳᠤ ᠬᠡᠷᠡᠭᠯᠡᠬᠦ ᠶᠢ ᠶᠡᠭᠡ ᠬᠦᠴᠦᠨ ᠢᠶᠠᠷ ᠠᠬᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠦᠬᠦ ᠣᠷᠣᠨ ᠤ  ︽ᠪᠡᠯᠡ ᠣᠷᠣᠭᠤᠯᠤᠯᠲᠠ ᠶᠢᠨ ᠲᠥᠷᠥᠯ  ᠵᠦᠢᠯ ᠤᠨ ᠰᠦᠯᠵᠢᠶ᠎ᠡ  ᠪᠠᠷ ᠬᠢᠨᠠᠨ ᠵᠥᠪᠰᠢᠶᠡᠷᠡᠬᠦ  ᠶᠢ ᠬᠢᠨᠠᠨ ᠬᠠᠮᠢᠶᠠᠷᠬᠤ ᠲᠠᠪᠴᠠᠩ  ︾᠂ ︽ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠲᠠᠪᠴᠠᠩ︾᠂ ︽ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ︾᠂ ︽ᠪᠠᠩᠬᠢ ᠭᠠᠶᠢᠯᠢ ᠶᠢᠨ ᠬᠠᠷᠢᠯᠴᠠᠨ ᠦᠢᠯᠡᠳᠦᠯᠴᠡᠬᠦ ᠲᠠᠪᠴᠠᠩ︾᠂ ︽ᠵᠠᠰᠠᠮᠠᠯ ᠵᠠᠮ ᠤᠰᠤᠨ ᠵᠠᠮ ᠤᠨ ᠪᠠᠶᠢᠭᠤᠯᠤᠯᠲᠠ ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠰᠢᠰᠲ᠋ᠧᠮ︾᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ ︽ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠡᠯᠧᠺᠲᠷᠣᠨ ᠰᠢᠰᠲ᠋ᠧᠮ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠯᠳᠤᠭᠤᠯᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ ᠵᠦᠢᠯᠡᠰ ᠤᠨ ᠭᠤᠶᠤᠴᠢᠯᠠᠬᠤ ᠭᠤᠣᠯ ᠴᠣᠭᠴᠠ ᠶᠢᠨ ᠢᠲᠡᠭᠡᠮᠵᠢ ᠶᠢᠨ ᠲᠥᠯᠥᠪ ᠪᠠᠶᠢᠳᠠᠯ ᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠦᠴᠦᠨ ᠪᠦᠬᠦᠢ ᠲᠤᠯᠭᠠᠭᠤᠷᠢᠯᠠᠯ ᠬᠠᠩᠭᠠᠵᠤ ᠪᠠᠶᠢᠨ᠎ᠠ᠃
     ᠬᠥᠲᠥᠯᠥᠭᠴᠢ᠄
     ᠡᠭᠦᠨ ᠠᠴᠠ ᠦᠵᠡᠬᠦ ᠳᠤ ᠮᠠᠨ ᠤ ᠣᠷᠣᠨ ᠨᠢᠭᠡᠨᠲᠡ ᠮᠠᠰᠢ ᠣᠯᠠᠨ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦ ᠶᠢ ᠥᠷᠨᠢᠭᠦᠯᠦᠭᠰᠡᠨ ᠤ ᠬᠠᠮᠲᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠠᠳᠡ ᠪᠢᠳᠡ ᠪᠠᠰᠠ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠤᠶᠢᠰᠢᠳᠠ ᠨᠡᠩ ᠣᠯᠠᠨ᠂ ᠨᠡᠩ ᠥᠷᠭᠡᠨ ᠬᠦᠷᠢᠶ᠎ᠡ ᠴᠠᠷᠠᠭᠠᠨ ᠳᠤ ᠬᠡᠷᠡᠭᠯᠡᠭᠳᠡᠬᠦ ᠶᠢ ᠴᠢᠩ ᠰᠡᠳᠬᠢᠯ ᠠᠴᠠ ᠪᠠᠨ ᠬᠦᠰᠡᠨ ᠪᠠᠷᠠᠯᠠᠵᠤ ᠪᠠᠶᠢᠨ᠎ᠠ᠃ ᠲᠡᠭᠡᠪᠡᠯ ᠯᠢᠦ ᠡᠷᠬᠢᠯᠡᠭᠴᠢ ᠠᠴᠠ ᠬᠠᠮᠤᠭ ᠤᠨ ᠰᠡᠭᠦᠯ ᠤᠨ ᠠᠰᠠᠭᠤᠬᠤ ᠵᠦᠢᠯ ᠭᠡᠪᠡᠯ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠭᠰᠠᠨ ᠤ ᠬᠤᠪᠢ ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠡᠭᠦᠨ ᠠᠴᠠ ᠬᠤᠶᠢᠰᠢᠳᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠬᠦ ᠶᠢ ᠪᠦᠲᠦᠮᠵᠢᠲᠡᠢ ᠠᠬᠢᠭᠤᠯᠬᠤ ᠪᠣᠢ︖
     ᠯᠢᠦ ᠯᠢ ᠵᠢᠤᠸᠠᠨ᠄
     ᠳᠠᠷᠠᠭᠠᠴᠢ ᠶᠢᠨ ᠠᠯᠬᠤᠮ ᠳᠤ᠂ ᠪᠢᠳᠡ ︽ᠠᠷᠭ᠎ᠠ︾ ᠶᠢ ᠨᠡᠶᠢᠲᠡᠯᠡᠭᠰᠡᠨ ᠢᠶᠠᠷ ᠠᠵᠠ ᠲᠣᠬᠢᠶᠠᠯ ᠪᠣᠯᠭᠠᠵᠤ᠂ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠴᠤᠭᠯᠠᠭᠤᠯᠤᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠪᠠ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠢᠳᠡᠪᠬᠢᠲᠡᠢ ᠥᠷᠨᠢᠭᠦᠯᠦᠨ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ᠂ ᠵᠠᠬ᠎ᠠ ᠳᠡᠯᠭᠡᠭᠦᠷ ᠤᠨ ᠡᠵᠡᠩᠨᠡᠯᠲᠡ ᠪᠠ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ ᠬᠢᠨᠠᠨ ᠪᠠᠶᠢᠴᠠᠭᠠᠬᠤ ᠲᠠᠰᠤᠭ ᠲᠠᠢ ᠬᠤᠯᠪᠣᠭᠠᠯᠠᠵᠤ ᠪᠠᠶᠢᠭᠠᠳ ︽ᠠᠷᠭ᠎ᠠ︾ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ︽ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠠᠷ ᠪᠠᠶᠢᠨ᠎ᠠ᠃
     ᠬᠥᠲᠥᠯᠥᠭᠴᠢ᠄
     ᠰᠠᠶᠢᠨ ᠪᠣᠯᠣᠯ᠎ᠠ᠃ ᠯᠢᠦ ᠡᠷᠬᠢᠯᠡᠭᠴᠢ ᠶᠢᠨ ᠨᠠᠷᠢᠨ ᠲᠠᠶᠢᠯᠤᠮᠵᠢ ᠳᠤ ᠲᠤᠩ ᠪᠠᠶᠠᠷᠯᠠᠯ᠎ᠠ︕ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠯᠢᠦ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠨ ᠲᠠᠯᠠᠷᠬᠠᠵᠤ᠂ ᠮᠥᠨ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠪᠠ ᠣᠷᠣᠯᠴᠠᠭᠰᠠᠨ ᠳᠤ ᠪᠠᠶᠠᠷᠯᠠᠨ ᠲᠠᠯᠠᠷᠬᠠᠵᠤ ᠪᠠᠶᠢᠨ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map