|
ᠡᠷᠳᠡᠨᠢ ᠰᠢᠰᠢ ᠶᠢᠨ ᠤᠨᠠᠯᠲᠠ ᠶᠢ ᠨᠡᠮᠡᠭᠳᠡᠭᠦᠯᠬᠦ ᠳᠤ ︽ᠭᠤᠷᠪᠠ︾ ᠤᠰᠤᠯᠠᠬᠤ ᠶᠢ ᠠᠩᠬᠠᠷᠤᠨ᠎ᠠ |
|
|
ᠨᠡᠶᠢᠲᠡᠯᠡᠭᠰᠡᠨ ᠴᠠᠭ᠄
2018/12/6
|
|
ᠨᠢᠭᠡ᠂ ᠲᠥᠷᠥᠬᠡᠲᠦᠬᠦ ᠬᠤᠭᠤᠴᠠᠭᠠᠨ ᠳᠤ ᠤᠰᠤᠯᠠᠬᠤ ᠡᠷᠳᠡᠨᠢ ᠰᠢᠰᠢ ᠦᠶᠡᠲᠦᠭᠰᠡᠨ ᠤ ᠲᠠᠷᠠᠭ᠎ᠠ ᠡᠰᠢ ᠨᠠᠪᠴᠢᠨ ᠤ ᠤᠷᠭᠤᠯᠲᠠ ᠨᠢ ᠡᠬᠢᠯᠡᠨ ᠲᠦᠷᠭᠡᠰᠴᠦ᠂ ᠨᠠᠪᠴᠢᠨ ᠭᠠᠳᠠᠷᠭᠤ ᠶᠢᠨ ᠠᠭᠤᠷᠰᠢᠯᠲᠠ ᠶᠡᠬᠡᠲᠦᠭᠡᠳ᠂ ᠲᠦᠷᠦᠭᠦᠦ ᠨᠢ ᠴᠡᠴᠡᠭ ᠢᠯᠭᠠᠷᠠᠬᠤ ᠬᠤᠭᠤᠴᠠᠭᠠᠨ ᠳᠤ ᠤᠷᠤᠬᠤ ᠪᠣᠯᠣᠨ᠎ᠠ᠂ ᠡᠨᠡ ᠦᠶᠡᠰ ᠡᠷᠳᠡᠨᠢ ᠰᠢᠰᠢ ᠨᠢ ᠤᠰᠤ ᠬᠡᠷᠡᠭᠰᠡᠬᠦ ᠪᠣᠯᠵᠣᠯᠲᠤ ᠬᠤᠭᠤᠴᠠᠭᠠᠨ ᠳᠤ ᠤᠷᠤᠵᠤ᠂ ᠤᠰᠤᠨ ᠤ ᠬᠡᠷᠡᠭᠴᠡᠭᠡ ᠴᠦ ᠨᠡᠮᠡᠭᠳᠡᠬᠦ ᠪᠣᠯᠣᠨ᠎ᠠ᠃ ᠨᠠᠪᠴᠢᠨ ᠤ ᠭᠡᠷᠡᠯ ᠤᠨ ᠨᠡᠶᠢᠯᠡᠯᠭᠡ ᠶᠢ ᠨᠡᠮᠡᠭᠳᠡᠭᠦᠯᠵᠦ᠂ ᠲᠤᠯᠭᠠᠭᠤᠷᠢ ᠦᠨᠳᠦᠰᠦᠨ ᠤ ᠤᠷᠭᠤᠯᠲᠠ ᠶᠢ ᠠᠬᠢᠭᠤᠯᠤᠨ᠂ ᠴᠡᠴᠡᠭ ᠤᠨ ᠵᠤᠯᠭᠠᠷᠠᠯᠲᠠ ᠶᠢ ᠪᠠᠭᠠᠰᠬᠠᠵᠤ᠂ ᠡᠮ᠎ᠡ ᠡᠷ᠎ᠡ ᠴᠡᠴᠡᠭ ᠤᠨ ᠢᠯᠡᠷᠡᠬᠦ ᠵᠠᠢ ᠶᠢ ᠪᠠᠭᠠᠰᠬᠠᠪᠠᠯ᠂ ᠦᠷ᠎ᠡ ᠲᠤᠭᠳᠠᠵᠤ ᠦᠷᠡᠯᠡᠬᠦ ᠳᠤ ᠠᠰᠢᠭᠲᠠᠢ ᠪᠠᠶᠢᠳᠠᠭ᠃ ᠬᠤᠶᠠᠷ᠂ ᠲᠦᠷᠦᠭᠦᠦ ᠪᠥᠭᠡᠯᠵᠢᠵᠦ ᠴᠡᠴᠡᠭ ᠳᠡᠯᠭᠡᠷᠡᠬᠦ ᠬᠤᠭᠤᠴᠠᠭᠠᠨ ᠳᠤ ᠤᠰᠤᠯᠠᠬᠤ ᠡᠷᠳᠡᠨᠢ ᠰᠢᠰᠢ ᠶᠢᠨ ᠲᠦᠷᠦᠭᠦᠦ ᠪᠥᠭᠡᠯᠵᠢᠵᠦ ᠴᠡᠴᠡᠭ ᠳᠡᠯᠭᠡᠷᠡᠬᠦ ᠬᠤᠭᠤᠴᠠᠭ᠎ᠠ ᠨᠢ ᠶᠠᠭ ᠵᠤᠨ ᠤ ᠭᠤᠤᠯ ᠳᠤ ᠪᠠᠶᠢᠵᠦ᠂ ᠭᠡᠷᠡᠯ ᠤᠨ ᠲᠤᠰᠤᠯᠲᠠ ᠶᠢᠨ ᠴᠠᠭ ᠨᠢ ᠤᠷᠳᠤ᠂ ᠠᠭᠤᠷ ᠠᠮᠢᠰᠬᠤᠯ ᠬᠠᠯᠠᠭᠤᠨ᠂ ᠨᠤᠭᠤᠭᠠᠨ ᠨᠠᠪᠴᠢᠨ ᠤ ᠠᠭᠤᠷᠰᠢᠯᠲᠠ ᠶᠡᠭᠡ ᠪᠣᠯᠬᠤᠷ ᠤᠰᠤᠨ ᠤ ᠬᠡᠷᠡᠭᠴᠡᠭᠡ ᠨᠡᠮᠡᠭᠳᠡᠬᠦ ᠪᠣᠯᠣᠨ᠎ᠠ᠂ ᠲᠠᠷᠤᠢ ᠡᠷᠳᠡᠨᠢ ᠰᠢᠰᠢ ᠶᠢᠨ ᠤᠰᠤ ᠬᠡᠷᠡᠭᠰᠡᠬᠦ ᠬᠢᠵᠠᠭᠠᠷ ᠬᠤᠭᠤᠴᠠᠭ᠎ᠠ ᠪᠤᠯᠤᠨ᠎ᠠ᠃ ᠬᠤᠷ᠎ᠠ ᠲᠤᠨᠤᠳᠠᠰᠦ ᠪᠠᠭ᠎ᠠ ᠪᠠᠶᠢᠳᠠᠯ ᠳᠣᠣᠷ᠎ᠠ ᠪᠤᠷᠳᠤᠭᠤᠷ ᠨᠡᠮᠡᠵᠦ ᠣᠷᠣᠭᠤᠯᠬᠤ ᠲᠠᠢ ᠤᠶᠠᠯᠳᠤᠭᠤᠯᠤᠨ ᠤᠰᠤᠯᠠᠪᠠᠯ᠂ ᠬᠥᠷᠥᠰᠥᠨ ᠤ ᠤᠰᠤᠨ ᠬᠤᠪᠢ ᠶᠢᠨ ᠲᠠᠷᠢᠶᠠᠨ ᠭᠠᠵᠠᠷ ᠤᠨ ᠤᠰᠤ ᠲᠣᠭᠲᠠᠭᠠᠬᠤ ᠬᠡᠮᠵᠢᠶᠡᠨ ᠤ 80% ᠳᠤ ᠬᠦᠷᠬᠦ ᠶᠢ ᠪᠠᠳᠤᠯᠠᠵᠤ ᠴᠢᠳᠠᠨ᠎ᠠ᠂ ᠮᠦᠷ ᠤᠨ ᠬᠤᠭᠤᠷᠤᠨᠳᠤᠬᠢ ᠴᠢᠬᠢᠭ ᠢ ᠨᠡᠮᠡᠭᠳᠡᠭᠦᠯᠵᠦ᠂ ᠴᠡᠴᠡᠭ ᠤᠨ ᠲᠤᠭᠤᠰᠦᠨ ᠤ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡᠯ᠂ ᠲᠤᠭᠤᠰᠤ ᠬᠦᠷᠲᠡᠵᠦ ᠵᠢᠮᠢᠰᠯᠡᠴᠡ ᠶᠢ ᠳᠡᠭᠡᠭᠰᠢᠯᠡᠭᠦᠯᠬᠦ ᠳᠤ ᠠᠰᠢᠭᠲᠠᠢ᠂ ᠭᠡᠷᠡᠯ ᠤᠨ ᠨᠡᠶᠢᠯᠡᠯᠭᠡ ᠶᠢᠨ ᠬᠦᠴᠦᠯᠡᠴᠡ ᠶᠢ ᠨᠡᠮᠡᠭᠳᠡᠭᠦᠯᠪᠡᠯ᠂ ᠨᠡᠩ ᠤᠯᠠᠨ ᠰᠢᠮ᠎ᠡ ᠨᠢ ᠵᠢᠮᠢᠰ ᠤᠨ ᠲᠦᠷᠦᠭᠦᠦ ᠥᠭᠡᠳᠡ ᠰᠢᠯᠵᠢᠬᠦ ᠪᠣᠯᠣᠨ᠎ᠠ᠃ ᠭᠤᠷᠪᠠ᠂ ᠦᠷᠡᠯᠡᠬᠦ ᠬᠤᠭᠤᠴᠠᠭᠠᠨ ᠳᠤ ᠤᠰᠤᠯᠠᠬᠤ ᠡᠷᠳᠡᠨᠢ ᠰᠢᠰᠢ ᠨᠢ ᠴᠡᠴᠡᠭᠯᠡᠵᠦ ᠲᠤᠭᠤᠰᠤ ᠬᠦᠷᠳᠡᠭᠰᠡᠨ ᠤ ᠲᠠᠷᠠᠭ᠎ᠠ ᠦᠷᠡᠯᠡᠬᠦ ᠪᠠ ᠴᠢᠮᠦᠭᠡᠲᠦᠬᠦ ᠬᠤᠭᠤᠴᠠᠭᠠᠨ ᠳᠤ ᠣᠷᠣᠬᠤ ᠪᠣᠯᠣᠨ᠎ᠠ᠂ ᠡᠨᠡ ᠦᠶᠡᠰ ᠬᠡᠷᠪᠡ ᠬᠤᠷ᠎ᠠ ᠲᠣᠨᠣᠳᠠᠰᠤ ᠪᠠᠭ᠎ᠠ ᠪᠤᠯ ᠴᠠᠭ ᠲᠤᠬᠠᠢ ᠳᠤᠨᠢ ᠤᠰᠤᠯᠠᠵᠤ᠂ ᠬᠥᠷᠥᠰᠥᠨ ᠤ ᠤᠰᠤᠨ ᠬᠤᠪᠢ ᠶᠢ ᠲᠠᠷᠢᠶᠠᠨ ᠭᠠᠵᠠᠷ ᠤᠨ ᠤᠰᠤ ᠲᠣᠭᠲᠠᠭᠠᠬᠤ ᠬᠡᠮᠵᠢᠶᠡᠨ ᠤ 70~75% ᠬᠦᠷᠬᠦ ᠶᠢ ᠪᠠᠳᠤᠯᠠᠵᠤ᠂ ᠨᠠᠪᠴᠢᠨ ᠤ ᠡᠷᠲᠡ ᠦᠬᠦᠵᠦ ᠵᠤᠯᠭᠠᠷᠠᠬᠤ ᠠᠴᠠ ᠰᠡᠷᠭᠡᠶᠢᠯᠡᠨ᠂ ᠨᠠᠪᠴᠢᠨ ᠤ ᠦᠢᠯᠡᠳᠤᠯᠳᠤ ᠬᠤᠭᠤᠴᠠᠭ᠎ᠠ ᠶᠢ ᠤᠷᠲᠤᠳᠬᠠᠨ᠎ᠠ᠃ ᠬᠡᠷᠪᠡ ᠲᠤᠰ ᠬᠤᠭᠤᠴᠠᠭᠠᠨ ᠳᠤ ᠤᠰᠤ ᠲᠤᠳᠠᠪᠡᠯ᠂ ᠨᠠᠪᠴᠢᠨ ᠤ ᠭᠡᠷᠡᠯ ᠤᠨ ᠨᠡᠶᠢᠯᠡᠯᠭᠡ ᠶᠢᠨ ᠦᠢᠯᠡᠳᠤᠯ ᠪᠠᠭᠤᠷᠠᠬᠤ ᠪᠠᠷ ᠪᠠᠷᠠᠬᠤ ᠦᠬᠡᠢ᠂ ᠤᠷᠭᠠᠨᠢᠭ ᠪᠤᠳᠠᠰ ᠤᠨ ᠨᠡᠶᠢᠯᠡᠯ ᠪᠠᠭᠠᠰᠤᠭᠠᠳ᠂ ᠴᠢᠮᠦᠭᠡᠲᠦᠬᠦ ᠬᠤᠷᠳᠤᠴᠠ ᠶᠢ ᠨᠦᠯᠦᠭᠡᠯᠡᠬᠦ ᠮᠦᠷᠳᠡᠭᠡᠨ ᠪᠠᠰᠠ ᠦᠷ᠎ᠡ ᠮᠥᠬᠦᠯᠢᠭ ᠨᠢ ᠠᠪᠴᠢᠵᠤ᠂ ᠤᠰᠤ ᠬᠠᠳᠠᠭᠠᠯᠠᠬᠤ ᠴᠢᠳᠠᠪᠤᠷᠢ ᠨᠢ ᠳᠣᠷᠣᠭᠰᠢᠯᠠᠬᠤ ᠪᠣᠯᠣᠨ᠎ᠠ᠃ ᠬᠦᠨᠳᠤ ᠨᠤᠴᠢᠲᠠᠢ ᠤᠰᠤ ᠳᠤᠲᠠᠪᠠᠯ᠂ ᠦᠷ᠎ᠡ ᠮᠦᠬᠦᠯᠢᠭ ᠤᠨ ᠰᠢᠮ᠎ᠡ ᠪᠠ ᠤᠰᠤ ᠨᠢ ᠰᠥᠷᠬᠡᠤ ᠪᠠ ᠭᠡᠳᠡᠷᠭᠦ ᠤᠷᠤᠰᠤᠭᠠᠳ᠂ ᠡᠷᠳᠡᠨᠢ ᠰᠢᠰᠢ ᠶᠢᠨ ᠤᠨᠠᠯᠲᠠ ᠶᠢ ᠶᠡᠬᠡᠪᠡᠷ ᠪᠠᠭᠤᠷᠠᠭᠤᠯᠬᠤ ᠪᠣᠯᠣᠨ᠎ᠠ᠃ ᠲᠤᠰ ᠬᠤᠭᠤᠴᠠᠭᠠᠨ ᠳᠤ ᠶᠡᠷᠦ ᠳᠡᠭᠡᠨ 3~4 ᠤᠳᠠᠭ᠎ᠠ ᠤᠰᠤᠯᠠᠵᠤ᠂ ᠾᠧᠺᠲ᠋ᠠᠷ ᠪᠦᠷᠢ ᠲᠠᠷᠢᠶᠠᠨ ᠳᠤ 780~825 ᠺᠦᠪ ᠮᠧᠲᠷ ᠤᠰᠤ ᠣᠷᠣᠭᠤᠯᠪᠠᠯ᠂ ᠶᠡᠷᠦ ᠳᠡᠭᠡᠨ ᠡᠷᠳᠡᠨᠢ ᠰᠢᠰᠢ ᠶᠢᠨ ᠤᠨᠠᠯᠲᠠ ᠶᠢ 25.36% ᠪᠠᠷ ᠳᠡᠭᠡᠭᠰᠢᠯᠡᠭᠦᠯᠵᠦ ᠴᠢᠳᠠᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|