|
︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ︾ ᠶᠢ | ᠬᠦᠴᠦᠨ ᠦᠬᠡᠢ ᠪᠤᠯᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ |
|
|
ᠨᠡᠶᠢᠲᠡᠯᠡᠭᠰᠡᠨ ᠴᠠᠭ᠄
2019/11/20
|
|
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 240 ᠳ᠋ᠤᠭᠡᠷ ᠲᠤᠭᠠᠳᠤ ︽︿ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ﹀ ᠶᠢ ᠬᠦᠴᠦᠨ ᠦᠬᠡᠢ ᠪᠤᠯᠭᠠᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ︾ ᠢ 2019 ᠣᠨ ᠤ 8 ᠳ᠋ᠤᠭᠠᠷ ᠰᠠᠷ᠎ᠠ ᠶᠢᠨ 5 ᠤ ᠡᠳᠦᠷ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠤᠯᠤᠨ᠎ᠠ᠃ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠥ᠋ ᠰᠢᠶᠤᠤ ᠯᠢᠨ 2019 ᠣᠨ ᠤ 8 ᠳ᠋ᠤᠭᠠᠷ ᠰᠠᠷ᠎ᠠ ᠶᠢᠨ 21 ᠤ ᠡᠳᠦᠷ
ᠨᠡᠶᠢᠬᠡᠮ ᠵᠢᠷᠤᠮ ᠤᠨ ᠬᠠᠤᠯᠢ ᠲᠦᠷᠢᠮ ᠤᠨ ᠨᠢᠬᠡᠳᠦᠯᠳᠡᠢ ᠪᠠᠶᠢᠬᠤ ᠶᠢ ᠬᠠᠮᠠᠭᠠᠯᠠᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠠᠯᠳᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠭᠤᠷᠬᠠᠢ ᠶᠢᠨ ᠠᠵᠦ ᠠᠬᠤᠢᠢᠯᠠᠯ ᠤᠨ ᠡᠬᠦᠷᠬᠡ ᠲᠠᠷᠤᠭᠠᠰᠤ ᠶᠢ ᠬᠦᠡᠭᠬᠡᠷᠡᠬᠦᠯᠵᠦ᠂ ᠠᠭᠤᠷᠬᠠᠢ ᠶᠢᠨ ᠠᠵᠦ ᠠᠬᠤᠢᠢᠯᠠᠯ ᠤᠨ ᠠᠮᠢᠵᠢᠷᠠᠯ ᠤᠨ ᠬᠦᠴᠦᠨ ᠢ ᠬᠦᠭᠵᠢᠬᠡᠬᠦ ᠶᠢᠨ ᠲᠤᠰᠠᠳᠠ᠂ 2019 ᠤᠨ ᠤ 8 ᠳ᠋ᠤᠭᠠᠷ ᠰᠠᠷ᠎ᠠ ᠶᠢᠨ 5 ᠤ ᠡᠳᠦᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ 2019 ᠤᠨ ᠤ ᠠᠷᠪᠠᠨ ᠲᠠᠪᠤᠳᠤᠭᠠᠷ ᠤᠳᠠᠭᠠᠨ ᠤ ᠪᠠᠶᠢᠡᠭᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠳᠤᠯᠠᠭᠠᠳ᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠨᠦᠬᠦᠴᠡᠯ ᠤᠨ ᠵᠠᠰᠠᠯᠳᠠ ᠶᠢᠨ ᠠᠷᠭ᠎ᠠ︾ ︵2015 ᠤᠨ ᠤ 3 ᠳ᠋ᠤᠭᠠᠷ ᠰᠠᠷ᠎ᠠ ᠶᠢᠨ 27 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 212 ᠳ᠋ᠤᠭᠠᠷ ᠲᠤᠭᠠᠳᠤ ᠪᠠᠷ ᠨᠡᠶᠢᠳᠡᠯᠡᠵᠦ᠂ 2017 ᠤᠨ ᠤ 1 ᠳ᠋ᠦ᠋ᠬᠡᠷ ᠰᠠᠷ᠎ᠠ ᠶᠢᠨ 17 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ ᠤᠨ 222 ᠳ᠋ᠤᠭᠠᠷ ᠲᠤᠭᠠᠳᠤ ᠪᠠᠷ ᠵᠠᠰᠠᠪᠤᠷᠢ ᠤᠷᠤᠭᠤᠯᠪᠠ︶ ᠶᠢ ᠬᠦᠴᠦᠨ ᠦᠬᠡᠢ ᠪᠤᠯᠭᠠᠬᠤ ᠪᠠᠷ ᠲᠤᠭᠳᠠᠭᠠᠪᠠ᠃ ᠲᠤᠰ ᠲᠤᠭᠳᠠᠭᠠᠯ ᠨᠡᠶᠢᠳᠡᠯᠡᠭᠰᠡᠨ ᠡᠳᠦᠷ ᠠᠴᠠ ᠡᠬᠢᠯᠡᠵᠦ ᠬᠦᠴᠦᠨ ᠲᠠᠢ ᠪᠤᠯᠤᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|