|
ᠣᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠠᠶᠢᠭᠤᠯᠤᠯᠲᠠ ᠬᠠᠮᠠᠭᠠᠯᠠᠯᠲᠠ ᠶᠢ ᠴᠢᠩᠭᠠᠳᠬᠠᠵᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ | ᠰᠢᠷᠣᠢ ᠶᠢᠨ ᠨᠣᠭᠤᠭᠠᠷᠠᠭᠤᠯᠤᠯᠲᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠤᠶ᠎ᠠ |
|
|
ᠨᠡᠶᠢᠲᠡᠯᠡᠭᠰᠡᠨ ᠴᠠᠭ᠄
2019/6/20
|
|
ᠰᠤᠷᠪᠤᠯᠵᠢᠯᠠᠭᠰᠠᠨ ᠴᠠᠭ᠄ 2019 ᠣᠨ ᠤ 05 ᠳ᠋ᠤᠭᠠᠷ ᠰᠠᠷ᠎ᠠ ᠶᠢᠨ 21 ᠤ ᠡᠳᠦᠷ ᠤᠨ 15 ᠴᠠᠭ ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ ᠥᠪᠥᠷ ᠮᠣᠩᠭᠤᠯ ᠪᠣᠯ ᠪᠦᠬᠦ ᠤᠯᠤᠰ ᠤᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ ᠪᠦᠷᠢ ᠶᠢᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠨᠢ ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠥᠷ ᠮᠣᠩᠭᠤᠯ ᠤᠨ ᠡᠯᠡᠰᠦ ᠵᠢᠵᠠᠰᠠᠵᠤ ᠣᠶᠢᠵᠢᠭᠤᠯᠤᠯᠲᠠ ᠬᠢᠭᠰᠡᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠪᠣᠯ ᠪᠦᠬᠦ ᠤᠯᠤᠰ ᠤᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ ᠪᠦᠷᠢ ᠶᠢᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠨᠢ ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠥᠷ ᠮᠣᠩᠭᠤᠯ ᠤᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠭᠰᠡᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠳ᠋ᠦᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ ᠳ᠋ᠦᠩ ᠱᠦ ᠬᠤᠸᠠ᠄ ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠥᠲᠥᠯᠥᠭᠴᠢ᠄ ᠡᠩ ᠲᠡᠷᠢᠭᠦᠨ ᠳᠤ ᠮᠠᠨ ᠤ ᠣᠷᠣᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠷᠨᠢᠭᠦᠯᠦᠭᠰᠡᠨ ᠪᠠᠶᠢᠳᠠᠯ ᠨᠢ ᠶᠠᠮᠠᠷ ᠪᠣᠢ︖ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠵᠡᠷᠭᠡ ᠶᠢ ᠳ᠋ᠦᠩ ᠲᠣᠪᠴᠢᠶᠠᠨ ᠳᠠᠷᠤᠭ᠎ᠠ ᠠᠴᠠ ᠪᠢᠳᠡᠨ ᠳᠤ ᠶᠠᠷᠢᠭᠠᠳ ᠥᠭᠭᠦᠨ᠎ᠡ ᠦᠦ︖ ᠳ᠋ᠦᠩ ᠱᠦ ᠬᠤᠸᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠲᠠᠯᠠᠪᠠᠢ ᠨᠢ 118 ᠲᠦᠮᠡᠨ ᠺᠦᠸᠠᠳ᠋ ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠠᠯᠤᠰᠯᠠᠭᠰᠠᠨ᠂ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ ᠲᠣᠮᠣ ᠣᠷᠣᠨ᠂ ᠡᠯᠡᠰᠦᠷᠬᠡᠭᠵᠢᠯ ᠤᠨ ᠲᠣᠮᠣ ᠣᠷᠣᠨ᠂ ᠨᠣᠶᠢᠲᠠᠨ ᠭᠠᠵᠠᠷ ᠤᠨ ᠲᠣᠮᠣ ᠣᠷᠣᠨ᠂ ᠠᠮᠢ ᠠᠬᠤᠢ ᠶᠢᠨ ᠪᠠᠶᠢᠭᠤᠯᠤᠯᠲᠠ ᠶᠢᠨ ᠲᠣᠮᠣ ᠣᠷᠣᠨ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠰᠠᠭᠤᠷᠢ ᠨᠢ ᠮᠠᠰᠢ ᠴᠢᠬᠤᠯᠠ ᠪᠠᠶᠢᠳᠠᠭ᠃ ᠡᠶᠢᠮᠦ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠲᠤᠲᠠᠢ ᠪᠠᠷ ᠠᠵᠢᠯᠯᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠲᠠᠰᠤᠷᠠᠯᠲᠠ ᠦᠭᠡᠢ ᠠᠬᠢᠭᠤᠯᠪᠠ᠃ ︽13 · 5︾ ᠶᠢᠨ ᠬᠤᠭᠤᠴᠠᠭᠠᠨ ᠳᠤ ᠤᠯᠤᠰ ᠠᠴᠠ ᠲᠥᠯᠥᠪᠵᠢᠭᠦᠯᠦᠭᠰᠡᠨ ᠮᠠᠨ ᠤ ᠣᠷᠣᠨ ᠤ ᠡᠯᠡᠰᠦᠷᠬᠡᠭᠵᠢᠯ ᠢ ᠵᠠᠰᠠᠬᠤ ᠭᠠᠵᠠᠷ ᠰᠢᠷᠣᠢ ᠶᠢᠨ ᠲᠠᠯᠠᠪᠠᠢ ᠨᠢ 6136.8 ᠲᠦᠮᠡᠨ ᠮᠦ ᠪᠠᠶᠢᠵᠤ᠂ ᠪᠢᠳᠡ ᠵᠢᠯ ᠪᠦᠷᠢ ᠪᠦᠬᠦ ᠤᠯᠤᠰ ᠤᠨ 1000 ᠲᠦᠮᠡᠨ ᠮᠦ ᠠᠴᠠ ᠳᠡᠭᠡᠭᠰᠢᠬᠢ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠶᠢ ᠡᠭᠦᠷᠭᠡᠯᠡᠨ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠶᠢ ᠡᠵᠡᠯᠡᠵᠦ᠂ ᠮᠠᠨ ᠤ ᠣᠷᠣᠨ ᠪᠣᠯ ᠪᠦᠬᠦ ᠤᠯᠤᠰ ᠤᠨ ᠣᠶᠢᠵᠢᠭᠤᠯᠤᠯᠲᠠ ᠬᠢᠬᠦ ᠡᠭᠦᠷᠭᠡ ᠶᠢ ᠬᠠᠮᠤᠭ ᠠᠴᠠ ᠣᠯᠠᠨ ᠡᠭᠦᠷᠭᠡᠯᠡᠵᠦ ᠪᠠᠶᠢᠭ᠎ᠠ ᠮᠤᠵᠢ ᠣᠷᠣᠨ ᠮᠥᠨ ᠭᠡᠵᠦ ᠬᠡᠯᠡᠵᠦ ᠪᠣᠯᠣᠨ᠎ᠠ᠃ ᠬᠥᠲᠥᠯᠥᠭᠴᠢ᠄ ᠲᠡᠭᠡᠪᠡᠯ ᠪᠢᠳᠡ ᠴᠣᠬᠤᠮ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ ᠳ᠋ᠦᠩ ᠱᠦ ᠬᠤᠸᠠ᠄ ᠮᠠᠨ ᠤ ᠠᠮᠢ ᠠᠬᠤᠢ ᠶᠢᠨ ᠪᠠᠶᠢᠭᠤᠯᠤᠯᠲᠠ ᠳᠤ ᠠᠪᠤᠭᠰᠠᠨ ᠠᠷᠭ᠎ᠠ ᠬᠡᠮᠵᠢᠶ᠎ᠡ ᠪᠣᠯ ᠭᠤᠣᠯᠳᠠᠭᠤ ᠣᠨᠣᠯᠵᠢᠬᠤᠨ ᠤ ᠲᠠᠯ᠎ᠠ ᠪᠠᠷ ᠪᠢᠳᠡ ᠠᠮᠢ ᠠᠬᠤᠢ ᠪᠠᠷ ᠦᠨᠳᠦᠰᠦ ᠪᠣᠯᠭᠠᠬᠤ ᠵᠠᠷᠴᠢᠮ ᠢ ᠪᠠᠷᠢᠮᠲᠠᠯᠠᠨ᠂ ᠠᠮᠢ ᠠᠬᠤᠢ ᠪᠠᠷ ᠦᠨᠳᠦᠰᠦ ᠪᠣᠯᠭᠠᠬᠤ ᠪᠠᠷ ᠣᠢ ᠰᠢᠭᠤᠢ ᠶᠢᠨ ᠣᠳᠣᠬᠢᠴᠢᠯᠠᠯᠲᠠ ᠶᠢ ᠠᠬᠢᠭᠤᠯᠬᠤ ᠭᠤᠣᠯ ᠣᠨᠣᠯᠵᠢᠬᠤᠨ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠴᠢᠷ ᠨᠢ ᠣᠯᠠᠨ ᠤ ᠮᠡᠳᠡᠭᠡᠵᠢ ᠪᠠᠷ᠂ ᠣᠢ ᠰᠢᠭᠤᠢ ᠪᠣᠯ ᠬᠠᠭᠤᠷᠠᠢ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠭᠤᠣᠯ ᠴᠣᠭᠴᠠ᠂ ᠤᠯᠤᠰ ᠪᠠ ᠦᠨᠳᠦᠰᠦᠲᠡᠨ ᠤ ᠣᠷᠣᠰᠢᠨ ᠲᠣᠭᠲᠠᠨᠢᠬᠤ ᠬᠠᠮᠤᠭ ᠤᠨ ᠶᠡᠭᠡ ᠡᠳ᠋ ᠬᠥᠷᠥᠩᠭᠡ ᠪᠠ ᠰᠠᠭᠤᠷᠢ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠨᠡᠩ ᠢᠯᠠᠩᠭᠤᠶ᠎ᠠ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠪᠢᠳᠡ ᠨᠣᠮᠢᠨ ᠤᠰᠤ ᠬᠥᠬᠡᠮᠳᠦᠭ ᠠᠭᠤᠯᠠ ᠶᠢ ᠠᠪᠬᠤ ᠪᠠᠷ ᠪᠠᠷᠠᠬᠤ ᠦᠭᠡᠢ ᠠᠯᠲᠠ ᠮᠥᠩᠭᠦᠨ ᠠᠭᠤᠯᠠ ᠶᠢ ᠴᠤ ᠠᠪᠬᠤ ᠬᠡᠷᠡᠭᠲᠡᠢ᠂ ᠬᠤᠶᠠᠭᠤᠯᠠ ᠪᠠᠨ ᠨᠢᠭᠡᠳᠦᠯ ᠦᠭᠡᠢ ᠦᠶ᠎ᠡ ᠳᠤ᠂ ᠪᠢᠳᠡ ᠨᠣᠮᠢᠨ ᠤᠰᠤ ᠬᠥᠬᠡᠮᠳᠦᠭ ᠠᠭᠤᠯᠠ ᠶᠢ ᠠᠪᠬᠤ ᠠᠴᠠ ᠪᠢᠰᠢ᠂ ᠠᠯᠳᠠ ᠮᠥᠩᠭᠦᠨ ᠠᠭᠤᠯᠠ ᠶᠢ ᠠᠪᠬᠤ ᠦᠭᠡᠢ᠂ ᠡᠰᠡᠷᠭᠦ ᠪᠠᠷ ᠬᠡᠯᠡᠪᠡᠯ᠂ ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠵᠡᠢ᠃ ᠡᠶᠢᠮᠦ ᠠᠴᠠ ᠪᠢᠳᠡ ᠶᠡᠷᠦ ᠠᠴᠠ ᠠᠮᠢ ᠠᠬᠤᠢ ᠪᠠᠷ ᠦᠨᠳᠦᠰᠦ ᠪᠣᠯᠭᠠᠬᠤ ᠣᠨᠣᠯᠵᠢᠬᠤᠨ ᠢ ᠪᠠᠷᠢᠮᠲᠠᠯᠠᠭᠰᠠᠭᠠᠷ ᠢᠷᠡᠵᠡᠢ᠃ ᠬᠤᠶᠠᠷ ᠲᠤ᠂ ᠪᠢᠳᠡ ᠰᠢᠰᠲ᠋ᠧᠮ ᠲᠠᠢ ᠪᠠᠷ ᠵᠠᠰᠠᠯᠲᠠ ᠬᠢᠬᠦ ᠵᠠᠷᠴᠢᠮ ᠢ ᠪᠠᠷᠢᠮᠲᠠᠯᠠᠨ᠂ ᠰᠢᠰᠲ᠋ᠧᠮ ᠲᠠᠢ ᠪᠠᠷ ᠵᠠᠰᠠᠯᠲᠠ ᠬᠢᠬᠦ ᠪᠠᠷ ᠣᠢ ᠰᠢᠭᠤᠢ ᠶᠢᠨ ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠥᠮᠥᠨ ᠤ ᠠᠮᠢᠨ ᠰᠤᠳᠠᠰᠤ ᠨᠢ ᠲᠠᠷᠢᠶᠠᠨ ᠳᠤ ᠪᠣᠢ᠂ ᠲᠠᠷᠢᠶᠠᠨ ᠤ ᠠᠮᠢᠨ ᠰᠤᠳᠠᠰᠤ ᠨᠢ ᠤᠰᠤᠨ ᠳᠤ ᠪᠣᠢ᠂ ᠤᠰᠤᠨ ᠤ ᠠᠮᠢᠨ ᠰᠤᠳᠠᠰᠤ ᠨᠢ ᠠᠭᠤᠯᠠᠨ ᠳᠤ ᠪᠣᠢ᠂ ᠠᠭᠤᠯᠠᠨ ᠤ ᠠᠮᠢᠨ ᠰᠤᠳᠠᠰᠤ ᠨᠢ ᠭᠠᠵᠠᠷ ᠰᠢᠷᠣᠢ ᠳᠤ ᠪᠣᠢ᠂ ᠭᠠᠵᠠᠷ ᠰᠢᠷᠣᠢ ᠶᠢᠨ ᠠᠮᠢᠨ ᠰᠤᠳᠠᠰᠤ ᠨᠢ ᠣᠢ ᠰᠢᠭᠤᠢ ᠳᠤ ᠪᠣᠢ ᠭᠡᠬᠦ ᠣᠯᠠᠨ ᠢᠶᠠᠷ ᠢᠶᠠᠨ ᠪᠦᠷ ᠲᠣᠳᠣᠷᠬᠠᠢ ᠮᠡᠳᠡᠳᠡᠭ ᠪᠠᠶᠢᠭᠠᠯᠢ ᠶᠢᠨ ᠵᠢᠮ᠎ᠡ ᠬᠠᠤᠯᠢ ᠶᠣᠰᠣᠭᠠᠷ᠂ ᠠᠭᠤᠯᠠ ᠤᠰᠤ ᠣᠢ ᠲᠠᠷᠢᠶ᠎ᠠ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠬᠡᠷᠡᠭᠵᠢᠭᠦᠯᠬᠦ ᠳᠤ᠂ ᠮᠠᠨ ᠤ ᠠᠪᠤᠭᠰᠠᠨ ᠭᠤᠣᠯ ᠠᠷᠭ᠎ᠠ ᠬᠡᠮᠵᠢᠶ᠎ᠡ ᠪᠣᠯ ᠳᠠᠷᠤᠢ ᠰᠠᠯᠬᠢ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠰᠤᠷᠪᠤᠯᠵᠢ ᠶᠢ ᠲᠡᠵᠢᠭᠡᠨ ᠨᠥᠬᠦᠪᠦᠷᠢᠯᠡᠬᠦ᠂ ᠤᠰᠤ ᠬᠥᠷᠥᠰᠥ ᠶᠢ ᠪᠠᠲᠤᠯᠠᠬᠤ᠂ ᠲᠠᠷᠢᠶᠠᠨ ᠭᠠᠵᠠᠷ ᠤᠨ ᠰᠡᠷᠭᠡᠶᠢᠯᠡᠯᠲᠡ ᠶᠢᠨ ᠣᠢ ᠶᠢ ᠪᠠᠶᠢᠭᠤᠯᠬᠤ ᠵᠡᠷᠭᠡ ᠣᠷᠣᠨ ᠬᠡᠪᠴᠢᠶᠡᠨ ᠤ ᠴᠢᠨᠠᠷᠲᠠᠢ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠪᠠᠶᠢᠭᠠᠳ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠪᠠ ᠲᠣᠭᠲᠠᠭᠤᠨ ᠴᠢᠨᠠᠷ ᠢ ᠰᠡᠷᠭᠦᠭᠡᠪᠡ᠃ ᠭᠤᠷᠪᠠ ᠳᠤ᠂ ᠪᠢᠳᠡ ᠪᠠᠶᠢᠭᠠᠯᠢᠯᠢᠭ ᠰᠡᠷᠭᠦᠭᠡᠯᠲᠡ ᠪᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠪᠠ᠂ ᠶᠡᠷᠦᠩᠬᠡᠢ ᠱᠦᠵᠢ ᠴᠤ ᠪᠢᠳᠡ ᠡᠷᠬᠡᠪᠰᠢ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠶᠢ ᠠᠶᠠᠯᠳᠠᠨ ᠳᠠᠭᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠵᠤ ᠥᠩᠭᠡᠷᠡᠪᠡ᠃ ᠡᠶᠢᠮᠦ ᠠᠴᠠ ᠪᠢᠳᠡ ᠶᠡᠷᠦ ᠠᠴᠠ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠠᠶᠢᠭᠠᠯᠢᠯᠢᠭ ᠵᠠᠰᠠᠨ ᠰᠡᠷᠭᠦᠭᠡᠯᠲᠡ ᠪᠠᠷ ᠭᠤᠣᠯ ᠪᠣᠯᠭᠠᠨ᠂ ᠪᠠᠶᠢᠭᠠᠯᠢᠯᠢᠭ ᠰᠡᠷᠭᠦᠭᠡᠯᠲᠡ ᠬᠢᠭᠡᠳ ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠢ ᠰᠢᠭᠤᠢ᠂ ᠨᠣᠶᠢᠲᠠᠨ ᠭᠠᠵᠠᠷ᠂ ᠲᠠᠴᠢᠷ ᠴᠥᠯ ᠵᠡᠷᠭᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠲᠣᠭᠲᠠᠭᠤᠨ ᠴᠢᠨᠠᠷ ᠪᠠ ᠠᠮᠢ ᠠᠬᠤᠢ ᠶᠢᠨ ᠦᠢᠯᠡᠴᠢᠯᠡᠭᠡ ᠶᠢᠨ ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠭᠡᠷ ᠢᠷᠡᠵᠡᠢ᠃ ᠳᠥᠷᠪᠡ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠷᠴᠢᠮ ᠢ ᠪᠠᠷᠢᠮᠲᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠣᠢ ᠰᠢᠭᠤᠢ ᠶᠢᠨ ᠦᠢᠯᠡᠰ ᠢ ᠬᠥᠭᠵᠢᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠡᠩ ᠡᠯᠪᠡᠭ ᠠᠮᠢ ᠠᠬᠤᠢ ᠶᠢᠨ ᠪᠦᠲᠦᠭᠡᠭᠳᠡᠬᠦᠨ ᠢ ᠡᠭᠦᠳᠦᠨ ᠪᠦᠲᠦᠭᠡᠵᠦ᠂ ᠪᠣᠬᠢᠷᠲᠤᠯ ᠦᠭᠡᠢ ᠪᠥᠭᠡᠳ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ ᠬᠥᠭᠵᠢᠭᠦᠯᠦᠨ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠶᠡᠭᠡ ᠬᠦᠴᠦᠨ ᠢᠶᠠᠷ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠥᠰ ᠲᠤ ᠠᠵᠢᠯ ᠣᠯᠭᠤᠬᠤ ᠬᠢᠭᠡᠳ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠤᠨ᠂ ᠬᠥᠮᠥᠰ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠯᠳᠤ ᠬᠥᠭᠵᠢᠯᠲᠡ ᠶᠢ ᠠᠬᠢᠭᠤᠯᠪᠠ᠃ ᠲᠠᠪᠤ ᠳᠤ᠂ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠶᠢᠭᠤᠯᠤᠯᠲᠠ ᠶᠢ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢᠨ ᠱᠠᠭᠠᠷᠳᠠᠯᠭ᠎ᠠ ᠶᠣᠰᠣᠭᠠᠷ ᠣᠢ ᠰᠢᠭᠤᠢ ᠶᠢᠨ ᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠪᠠᠷᠢᠮᠲᠠᠯᠠᠵᠤ᠂ ᠣᠢ ᠰᠢᠭᠤᠢ ᠶᠢᠨ ᠦᠢᠯᠡᠰ ᠤᠨ ᠡᠬᠢ ᠪᠠᠶᠠᠯᠢᠭ ᠤᠨ ᠬᠡᠷᠡᠭᠯᠡᠯᠲᠡ ᠶᠢ ᠬᠠᠮᠢᠶᠠᠷᠤᠨ ᠬᠢᠵᠠᠭᠠᠷᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠣᠢ ᠰᠢᠭᠤᠢ ᠶᠢᠨ ᠦᠢᠯᠡᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠠᠯᠢ ᠣᠯᠠᠨ ᠳᠦᠷᠢᠮ ᠢᠶᠠᠷ ᠠᠮᠢ ᠠᠬᠤᠢ ᠶᠢᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠪᠠ᠃ ᠬᠥᠲᠥᠯᠥᠭᠴᠢ᠄ ᠴᠣᠬᠤᠮ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠪᠢᠳᠡᠨ ᠳᠤ ᠶᠠᠷᠢᠭᠠᠳ ᠥᠭᠭᠦᠨ᠎ᠡ ᠦᠦ︖ ᠳ᠋ᠦᠩ ᠱᠦ ᠬᠤᠸᠠ᠄ ᠲᠡᠭᠡᠶ᠎ᠡ᠃ ᠠᠮᠢ ᠠᠬᠤᠢ ᠶᠢᠨ ᠪᠠᠶᠢᠭᠤᠯᠤᠯᠲᠠ ᠳᠤ ᠪᠢᠳᠡ ᠮᠠᠰᠢ ᠣᠯᠠᠨ ᠦᠷ᠎ᠡ ᠪᠦᠲᠦᠮᠵᠢ ᠣᠯᠪᠠ᠃ ᠮᠠᠨ ᠤ ᠣᠷᠣᠨ ᠤ ᠣᠢ ᠰᠢᠭᠤᠢ ᠶᠢᠨ ᠲᠠᠯᠠᠪᠠᠢ ᠨᠢ 3.92 ᠳ᠋ᠦᠩᠰᠢᠭᠤᠷ ᠮᠦ ᠳᠤ ᠬᠦᠷᠴᠦ᠂ ᠲᠡᠭᠦᠨ ᠤ ᠳᠣᠲᠣᠷ᠎ᠠ ᠪᠠᠶᠢᠭᠠᠯᠢ ᠶᠢᠨ ᠣᠢ ᠶᠢᠨ ᠲᠠᠯᠠᠪᠠᠢ ᠨᠢ 3.02 ᠮᠦ᠂ ᠬᠥᠮᠥᠨ ᠤ ᠬᠦᠴᠦ ᠪᠠᠷ ᠤᠷᠭᠤᠭᠤᠯᠤᠭᠰᠠᠨ ᠣᠢ ᠶᠢᠨ ᠲᠠᠯᠠᠪᠠᠢ ᠨᠢ 9000 ᠲᠦᠮᠡᠨ ᠮᠦ ᠪᠠᠶᠢᠳᠠᠭ︔ ᠣᠢ ᠰᠢᠭᠤᠢ ᠶᠢᠨ ᠨᠥᠭᠡᠴᠡ ᠨᠢ 15.27 ᠳ᠋ᠦᠩᠰᠢᠭᠤᠷ ᠺᠦᠪ ᠮᠧᠲᠷ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 22.1% ᠳᠤ ᠬᠦᠷᠴᠡᠢ᠃ 2013 ᠣᠨ ᠤ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ ᠢᠯᠭᠠᠨ ᠪᠠᠶᠢᠴᠠᠭᠠᠯᠲᠠ ᠲᠠᠢ ᠬᠠᠷᠢᠴᠠᠭᠤᠯᠪᠠᠯ᠂ ᠣᠢ ᠰᠢᠭᠤᠢ ᠶᠢᠨ ᠲᠠᠯᠠᠪᠠᠢ ᠨᠢ 1904 ᠲᠦᠮᠡᠨ ᠮᠦ ᠨᠡᠮᠡᠭᠳᠡᠨ᠂ ᠣᠢ ᠰᠢᠭᠤᠢ ᠶᠢᠨ ᠨᠥᠭᠡᠴᠡ ᠨᠢ 1.82 ᠳ᠋ᠦᠩᠰᠢᠭᠤᠷ ᠺᠦᠪ ᠮᠧᠲᠷ ᠨᠡᠮᠡᠭᠳᠡᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07% ᠪᠠᠷ ᠳᠡᠭᠡᠭᠰᠢᠯᠡᠪᠡ᠃ ᠮᠠᠨ ᠤ ᠣᠷᠣᠨ ᠤ ᠣᠢ ᠰᠢᠭᠤᠢ ᠶᠢᠨ ᠲᠠᠯᠠᠪᠠᠢ ᠬᠢᠭᠡᠳ ᠣᠢ ᠰᠢᠭᠤᠢ ᠶᠢᠨ ᠨᠥᠭᠡᠴᠡ ᠨᠢ ᠵᠠᠯᠭᠠᠭ᠎ᠠ ᠪᠠᠷ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠡᠢ᠃ ᠬᠥᠲᠥᠯᠥᠭᠴᠢ᠄ ᠲᠡᠭᠡᠪᠡᠯ ᠮᠠᠨ ᠤ ᠣᠷᠣᠨ ᠤ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ ᠨᠢ ᠶᠠᠮᠠᠷ ᠪᠣᠢ︖ ᠣᠯᠠᠨ ᠵᠢᠯ ᠤᠨ ᠵᠠᠰᠠᠯᠲᠠ ᠪᠠᠷ ᠳᠠᠮᠵᠢᠭᠤᠯᠤᠨ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠳ᠋ᠦᠩ ᠱᠦ ᠬᠤᠸᠠ᠄ ᠥᠪᠥᠷ ᠮᠣᠩᠭᠤᠯ ᠤᠨ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ᠄ ᠪᠦᠬᠦ ᠤᠯᠤᠰ ᠤᠨ ᠲᠠᠪᠤᠳᠤᠭᠠᠷ ᠤᠳᠠᠭᠠᠨ ᠤ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠭᠠᠵᠠᠷ ᠰᠢᠷᠣᠢ ᠶᠢᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠪᠦᠬᠦ ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ 9.14 ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 51.5% ᠶᠢ ᠡᠵᠡᠯᠡᠨ᠎ᠡ︔ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ 6.12 ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 34.4% ᠶᠢ ᠡᠵᠡᠯᠡᠵᠦ ᠪᠠᠶᠢᠨ᠎ᠠ᠃ ᠡᠶᠢᠮᠦ ᠠᠴᠠ ᠮᠠᠨ ᠤ ᠣᠷᠣᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ ᠮᠥᠨ ᠬᠦ ᠮᠠᠰᠢ ᠶᠡᠭᠡ ᠪᠠᠶᠢᠳᠠᠭ᠃ ᠣᠯᠣᠭᠰᠠᠨ ᠦᠷ᠎ᠡ ᠪᠦᠲᠦᠮᠵᠢ᠄ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠳᠤ ᠬᠢᠨᠠᠨ ᠬᠡᠮᠵᠢᠯᠲᠡ ᠬᠢᠭᠰᠡᠨ ᠦᠷ᠎ᠡ ᠳ᠋ᠦᠩ ᠲᠠᠢ ᠬᠠᠷᠢᠴᠠᠭᠤᠯᠪᠠᠯ᠂ ᠪᠦᠬᠦ ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ ᠲᠤᠰ ᠲᠤᠰ 625 ᠲᠦᠮᠡᠨ ᠮᠦ ᠪᠠ 515 ᠲᠦᠮᠡᠨ ᠮᠦ ᠪᠠᠭᠠᠰᠪᠠ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ ᠦᠷᠭᠦᠯᠵᠢᠯᠡᠨ ︽ᠬᠤᠣᠰ ᠢᠶᠠᠷ ᠪᠠᠭᠠᠰᠬᠠᠬᠤ︾ ᠶᠢ ᠪᠡᠶᠡᠯᠡᠭᠦᠯᠦᠨ᠂ ᠪᠠᠭᠠᠰᠤᠭᠰᠠᠨ ᠲᠠᠯᠠᠪᠠᠢ ᠨᠢ ᠪᠦᠬᠦ ᠤᠯᠤᠰ ᠤᠨ ᠲᠡᠷᠢᠭᠦᠨ ᠪᠠᠶᠢᠷᠢ ᠳᠤ ᠣᠷᠣᠵᠤ ᠪᠠᠶᠢᠨ᠎ᠠ᠃ ᠬᠥᠲᠥᠯᠥᠭᠴᠢ᠄ ᠮᠠᠨ ᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠬᠠᠮᠢᠭ᠎ᠠ ᠢᠯᠡᠷᠡᠵᠦ ᠪᠠᠶᠢᠬᠤ ᠪᠣᠢ︖ ᠡᠭᠦᠨ ᠠᠴᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠤ ᠮᠠᠨ ᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠰᠡᠳᠬᠢᠮᠵᠢ ᠨᠢ ᠶᠠᠭᠤ ᠪᠣᠢ︖ ᠳ᠋ᠦᠩ ᠱᠦ ᠬᠤᠸᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠮᠠᠰᠢ ᠶᠡᠭᠡ ᠪᠠᠶᠢᠵᠤ᠂ ᠶᠡᠷᠦᠩᠬᠡᠢ ᠱᠦᠵᠢ ᠰᠢ ᠶᠢᠨ ᠫᠢᠩ᠄ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠷᠣᠰᠢᠨ ᠲᠣᠭᠲᠠᠨᠢᠯ ᠪᠠ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ ᠡᠶᠢᠮᠦ ᠠᠴᠠ ᠮᠠᠨ ᠤ ᠣᠷᠣᠨ ᠤ ᠠᠮᠢ ᠠᠬᠤᠢ ᠨᠢ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠣᠨ᠎ᠠ᠃ ᠡᠭᠦᠨ ᠠᠴᠠ ᠦᠵᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠲᠤᠶᠢᠯ ᠤᠨ ᠶᠡᠭᠡ ᠪᠠᠶᠢᠳᠠᠭ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠰᠡᠳᠬᠢᠮᠵᠢ ᠶᠢ ᠶᠡᠷᠦᠩᠬᠡᠢ ᠳᠤ ᠨᠢ ᠠᠪᠴᠤ ᠬᠡᠯᠡᠪᠡᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠂ ᠥᠪᠥᠷ ᠮᠣᠩᠭᠤᠯ ᠳᠤ ᠣᠢ ᠰᠢᠭᠤᠢ᠂ ᠨᠤᠲᠤᠭ ᠪᠡᠯᠴᠢᠭᠡᠷ᠂ ᠨᠣᠶᠢᠲᠠᠨ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠣᠯᠠᠨ ᠵᠦᠢᠯ ᠤᠨ ᠪᠠᠶᠢᠭᠠᠯᠢ ᠶᠢᠨ ᠲᠥᠯᠥᠪ ᠪᠠᠶᠢᠳᠠᠯ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠠᠮᠢ ᠠᠬᠤᠢ ᠶᠢᠨ ᠰᠢᠰᠲ᠋ᠧᠮ ᠪᠣᠯᠬᠤᠷ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠨ ᠵᠠᠰᠠᠯᠲᠠ ᠬᠢᠬᠦ ᠬᠡᠷᠡᠭᠲᠡᠢ᠃ ᠨᠤᠲᠤᠭ ᠪᠡᠯᠴᠢᠭᠡᠷ᠂ ᠣᠢ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠡᠷᠬᠡᠪᠰᠢ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠦᠢ ᠲᠣᠭᠲᠠᠯ ᠪᠠ ᠵᠢᠮ᠎ᠡ ᠶᠣᠰᠣ ᠶᠢ ᠵᠢᠷᠤᠮᠯᠠᠨ᠂ ᠪᠠᠶᠢᠭᠠᠯᠢ ᠶᠢ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠴᠢᠭᠯᠡᠯᠲᠦ ᠴᠢᠨᠠᠷ᠂ ᠰᠢᠰᠲ᠋ᠧᠮᠴᠢ ᠴᠢᠨᠠᠷ᠂ ᠤᠷᠲᠤ ᠬᠤᠭᠤᠴᠠᠭᠠᠲᠤ ᠴᠢᠨᠠᠷ ᠢ ᠴᠢᠩᠭᠠᠷᠠᠭᠤᠯᠬᠤ ᠬᠡᠷᠡᠭᠲᠡᠢ︾ ᠭᠡᠬᠦ ᠵᠢᠭᠠᠪᠤᠷᠢ ᠶᠢ ᠲᠤᠭᠤᠰᠢᠯᠠᠭᠤᠯᠬᠤ ᠬᠡᠷᠡᠭᠲᠡᠢ᠃ ᠳ᠋ᠦᠩ ᠱᠦ ᠬᠤᠸᠠ᠄ ᠪᠣᠳᠠᠲᠠᠢ ᠪᠠᠷ ᠬᠡᠯᠡᠪᠡᠯ᠂ ᠮᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠡᠳᠬᠢᠮᠵᠢ ᠪᠣᠯ᠄ ︵1︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠲᠠᠢ ᠪᠠᠷ ᠬᠡᠷᠡᠭᠯᠡᠨ᠎ᠡ︔ ︵2︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ︔ ︵3︶ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠦᠨᠡᠨ ᠬᠦ ᠴᠢᠩᠭᠠᠷᠠᠭᠤᠯᠤᠨ — ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠯᠲᠡ ᠶᠢ ᠴᠢᠩᠭᠠᠳᠬᠠᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠯᠭᠦᠬᠦ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠬᠢᠭᠡᠳ ᠠᠮᠢ ᠠᠬᠤᠢ ᠶᠢᠨ ᠴᠢᠳᠠᠮᠵᠢ ᠶᠢ ᠨᠢᠭᠡᠳᠦᠯᠲᠡᠢ ᠲᠥᠯᠥᠪᠯᠡᠨ᠂ ᠪᠡᠯᠴᠢᠭᠡᠷ ᠤᠨ ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠠᠷᠭᠤᠭᠤᠯᠤᠨ ᠲᠣᠭᠲᠠᠭᠠᠵᠤ᠂ ᠬᠠᠷᠭᠤᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ︔ ᠡᠷᠡᠭᠦᠯ ᠲᠣᠭᠲᠠᠭᠤᠨ ᠴᠢᠨᠠᠷ ᠰᠢᠯᠢᠳᠡᠭ ᠪᠦᠲᠦᠮᠵᠢᠲᠡᠢ ᠣᠢ ᠰᠢᠭᠤᠢ ᠶᠢᠨ ᠰᠢᠰᠲ᠋ᠧᠮ ᠢ ᠪᠠᠶᠢᠭᠤᠯᠤᠨ᠂ ᠶᠡᠭᠡ ᠬᠡᠪᠴᠢᠶᠡᠵᠢᠯ ᠲᠠᠢ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠠᠬᠢᠭᠤᠯᠵᠤ᠂ ᠪᠠᠶᠢᠭᠠᠯᠢ ᠶᠢᠨ ᠣᠢ᠂ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠵᠡᠷᠭᠡ ᠣᠢ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ ᠣᠢ ᠰᠢᠭᠤᠢ ᠶᠢᠨ ᠬᠦᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ ᠭᠠᠵᠠᠷ ᠰᠢᠷᠣᠢ ᠶᠢᠨ ᠴᠥᠯᠡᠷᠬᠡᠭᠵᠢᠯᠲᠡ ᠡᠯᠡᠰᠦᠷᠬᠡᠭᠵᠢᠯᠲᠡ ᠶᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠰᠤᠷᠪᠤᠯᠵᠢ ᠶᠢ ᠵᠠᠰᠠᠬᠤ ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠡᠯᠡᠰᠦᠨ ᠴᠥᠯ ᠤᠨ ᠬᠥᠪᠡᠭᠡ ᠬᠢᠵᠠᠭᠠᠷ ᠤᠨ ᠣᠷᠣᠨ ᠪᠦᠰᠡ ᠶᠢᠨ ︽ᠬᠥᠪᠡᠭᠡ ᠶᠢ ᠪᠢᠲᠡᠭᠦᠮᠵᠢᠯᠡᠬᠦ ᠣᠢ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︵4︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ︔ ᠣᠢ ᠰᠢᠭᠤᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ︔ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠤᠨ᠂ ᠣᠢ ᠰᠢᠭᠤᠢ᠂ ᠨᠤᠲᠤᠭ ᠪᠡᠯᠴᠢᠭᠡᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠭᠭᠠᠨ ᠤ ᠠᠮᠢ ᠠᠬᠤᠢ ᠶᠢᠨ ᠨᠥᠬᠦᠪᠦᠷᠢ ᠶᠢ ᠪᠦᠬᠦᠨ ᠢ ᠬᠠᠮᠤᠷᠤᠭᠤᠯᠬᠤ ᠶᠢ ᠠᠬᠢᠭᠤᠯᠤᠨ᠎ᠠ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠯᠭᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠶᠢ ᠪᠦᠷᠢᠨᠰᠢᠭᠦᠯᠵᠦ᠂ ᠣᠢ ᠰᠢᠭᠤᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠦᠨ᠎ᠡ᠂ ᠡᠨᠡ ᠨᠢ ᠪᠢᠳᠡᠨ ᠢ ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠵᠦ᠂ ᠡᠪᠳᠡᠨ ᠬᠤᠬᠢᠷᠠᠭᠤᠯᠪᠠᠯ ᠲᠥᠯᠥᠪᠦᠷᠢ ᠠᠪᠴᠤ᠂ ᠬᠠᠷᠢᠭᠤᠴᠠᠯᠭ᠎ᠠ ᠨᠡᠬᠡᠮᠵᠢᠯᠡᠬᠦ ᠶᠢ ᠱᠠᠭᠠᠷᠳᠠᠵᠤ ᠪᠠᠶᠢᠨ᠎ᠠ᠃ ︵5︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ︔ ᠦᠵᠡᠯ ᠰᠠᠨᠠᠭᠠᠨ ᠤ ᠵᠡᠪᠰᠡᠭᠯᠡᠯ ᠢ ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠲᠥᠯᠥᠪᠵᠢᠭᠦᠯᠵᠦ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ᠎ᠠ᠃ ᠬᠥᠲᠥᠯᠥᠭᠴᠢ᠄ 2018 ᠣᠨ ᠪᠣᠯ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ 40 ᠵᠢᠯ ᠤᠨ ᠣᠢ ᠪᠠᠶᠢᠵᠤ᠂ ᠮᠠᠨ ᠤ ᠣᠷᠣᠨ ᠤ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠳ᠋ᠦᠩ ᠱᠦ ᠬᠤᠸᠠ᠄ 40 ᠵᠢᠯ ᠤᠨ ᠡᠮᠦᠨ᠎ᠡ᠂ ᠭᠤᠷᠪᠠᠨ ᠤᠮᠠᠷᠠᠲᠤ ᠶᠢᠨ ᠭᠠᠵᠠᠷ ᠣᠷᠣᠨ ᠤ ᠪᠠᠶᠢᠭᠠᠯᠢ ᠠᠵᠤ ᠠᠬᠤᠢ ᠶᠢᠨ ᠳᠦᠷᠰᠦ ᠪᠠᠶᠢᠳᠠᠯ ᠢ ᠬᠤᠪᠢᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠦᠷᠭᠦᠯᠵᠢᠳᠡ ᠶᠢᠨ ᠬᠥᠭᠵᠢᠯᠲᠡ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠡᠦᠬᠡᠨ ᠬᠠᠭᠤᠳᠠᠰᠤᠨ ᠳᠤ ᠥᠨᠢᠳᠡ ᠭᠢᠯᠠᠯᠵᠠᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ —— ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠢᠨᠵᠧᠨᠧᠷᠢᠩ ᠢ ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠪᠠ᠃ ᠣᠳᠣ ᠦᠶ᠎ᠡ ᠶᠢᠨ ᠬᠥᠮᠥᠨ ᠲᠥᠷᠥᠯᠬᠢᠲᠡᠨ ᠤ ᠬᠠᠮᠤᠭ ᠤᠨ ᠠᠤᠭ᠎ᠠ ᠶᠡᠭᠡ ᠠᠮᠢ ᠠᠬᠤᠢ ᠶᠢᠨ ᠲᠤᠤᠯᠢᠰ ᠨᠢ ᠡᠭᠦᠨ ᠠᠴᠠ ᠡᠬᠢᠯᠡᠵᠦ ᠬᠥᠰᠢᠭᠡ ᠪᠠᠨ ᠰᠡᠬᠦᠪᠡ᠃ ᠡᠨᠡ ᠬᠦ ᠵᠦᠢᠯ ᠤᠨ ᠢᠨᠵᠧᠨᠧᠷᠢᠩ ᠨᠢ 1978 ᠣᠨ ᠠᠴᠠ ᠡᠬᠢᠯᠡᠵᠦ 2050 ᠣᠨ ᠪᠣᠯᠲᠠᠯ᠎ᠠ ᠶᠠᠪᠤᠭᠳᠠᠵᠤ᠂ 73 ᠵᠢᠯ ᠦᠷᠭᠦᠯᠵᠢᠯᠡᠨ᠎ᠡ᠃ ᠪᠠᠶᠢᠭᠤᠯᠤᠯᠲᠠ ᠶᠢᠨ ᠬᠡᠪᠴᠢᠶ᠎ᠡ ᠨᠢ ᠵᠡᠭᠦᠨᠰᠢ ᠬᠠᠷᠠᠮᠥ᠋ᠷᠡᠨ ᠠᠴᠠ ᠪᠠᠷᠠᠭᠤᠨᠰᠢ ᠰᠢᠨᠵᠢᠶᠠᠩ ᠬᠦᠷᠴᠦ᠂ ᠪᠦᠬᠦ ᠤᠷᠲᠤ ᠨᠢ 8000 ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠠᠯᠤᠰᠯᠠᠵᠤ᠂ ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 42.4% ᠶᠢ ᠡᠵᠡᠯᠡᠵᠦ ᠪᠠᠶᠢᠨ᠎ᠠ᠃ ᠪᠠᠶᠢᠭᠤᠯᠤᠯᠲᠠ ᠶᠢᠨ ᠬᠡᠪᠴᠢᠶ᠎ᠡ ᠨᠢ ︽ᠭᠤᠷᠪᠠᠨ ᠤᠮᠠᠷᠠᠲᠤ︾ ᠶᠢᠨ ᠭᠠᠵᠠᠷ ᠣᠷᠣᠨ ᠤ 13 ᠮᠤᠵᠢ᠂ 551 ᠰᠢᠶᠠᠨ ᠢ ᠬᠠᠮᠤᠷᠴᠤ᠂ ᠮᠠᠨ ᠤ ᠣᠷᠣᠨ ᠤ 86 ᠰᠢᠶᠠᠨ ᠳᠤ ᠬᠤᠯᠪᠣᠭᠳᠠᠨ᠎ᠠ᠃ ᠲᠡᠭᠦᠨ ᠤ ᠪᠠᠶᠢᠭᠤᠯᠤᠯᠲᠠ ᠶᠢᠨ ᠬᠡᠪᠴᠢᠶ᠎ᠡ ᠨᠢ ᠥᠷᠭᠡᠨ᠂ ᠬᠡᠪᠴᠢᠶᠡᠵᠢᠯ ᠨᠢ ᠶᠡᠭᠡ᠂ ᠬᠡᠷᠡᠭᠰᠡᠬᠦ ᠴᠠᠭ ᠨᠢ ᠤᠷᠲᠤ ᠪᠠᠷ ᠢᠶᠠᠨ ᠳᠡᠯᠡᠬᠡᠢ ᠶᠢᠨ ᠠᠮᠢ ᠠᠬᠤᠢ ᠶᠢᠨ ᠢᠨᠵᠧᠨᠧᠷᠢᠩ ᠤᠨ ᠬᠠᠮᠤᠭ ᠢ ᠡᠭᠦᠳᠪᠡ᠃ ᠡᠨᠡ ᠬᠦ ᠵᠤᠷᠪᠤᠰ ︽ᠨᠣᠭᠤᠭᠠᠨ ᠥᠩᠭᠡᠲᠦ ᠤᠷᠲᠤ ᠴᠠᠭᠠᠨ ᠬᠡᠷᠡᠮ︾ ᠬᠢᠭᠡᠳ ᠡᠷᠲᠡᠨ ᠤ ᠤᠷᠲᠤ ᠴᠠᠭᠠᠨ ᠬᠡᠷᠡᠮ ᠨᠢ ᠬᠠᠮᠲᠤ ᠪᠠᠷ ᠡᠨᠡ ᠬᠦ ᠬᠡᠰᠡᠭ ᠭᠠᠵᠠᠷ ᠨᠤᠲᠤᠭ ᠤᠨ ᠲᠡᠦᠬᠡ ᠪᠠ ᠢᠷᠡᠭᠡᠳᠦᠢ ᠶᠢ ᠬᠤᠯᠪᠣᠵᠤ᠂ ᠳᠤᠮᠳᠠᠳᠤ ᠶᠢᠨ ᠦᠨᠳᠦᠰᠦᠲᠡᠨ ᠤ ᠲᠡᠮᠡᠴᠡᠯ ᠬᠢᠭᠡᠳ ᠬᠦᠰᠡᠯ ᠵᠡᠭᠦᠳᠦ ᠶᠢ ᠭᠡᠷᠡᠴᠢᠯᠡᠵᠦ ᠪᠠᠶᠢᠨ᠎ᠠ᠃ ᠮᠠᠨ ᠤ ᠣᠷᠣᠨ ᠤ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠳᠤ ᠣᠯᠣᠭᠰᠠᠨ ᠦᠷ᠎ᠡ ᠪᠦᠲᠦᠮᠵᠢ᠄ 2018 ᠣᠨ ᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠶᠡᠯᠡᠭᠦᠯᠦᠭᠰᠡᠨ ︽ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ 40 ᠵᠢᠯ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠮᠡᠳᠡᠭᠦᠯᠦᠯᠲᠡ︾ ᠶᠢ ᠦᠨᠳᠦᠰᠦᠯᠡᠪᠡᠯ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ ᠪᠠᠶᠢᠭᠤᠯᠤᠯᠲᠠ ᠬᠢᠭᠰᠡᠨ 40 ᠵᠢᠯ ᠳᠤ ᠨᠡᠶᠢᠲᠡ 3014 ᠳ᠋ᠦᠩᠰᠢᠭᠤᠷ ᠾᠧᠺᠲ᠋ᠠᠷ ︵45210 ᠲᠦᠮᠡᠨ ᠮᠦ︶ ᠣᠶᠢᠵᠢᠭᠤᠯᠤᠯᠲᠠ ᠬᠢᠵᠦ ᠬᠠᠳᠠᠭᠠᠯᠠᠬᠤ ᠶᠢ ᠪᠡᠶᠡᠯᠡᠭᠦᠯᠵᠦ᠂ ᠲᠡᠭᠦᠨ ᠤ ᠳᠣᠲᠣᠷ᠎ᠠ ᠮᠠᠨ ᠤ ᠣᠷᠣᠨ ᠨᠡᠶᠢᠲᠡ ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ ᠡᠭᠦᠷᠭᠡ ᠶᠢ 11548 ᠲᠦᠮᠡᠨ ᠮᠦ ᠪᠡᠶᠡᠯᠡᠭᠦᠯᠵᠦ᠂ ᠤᠯᠤᠰ ᠤᠨ ᠪᠠᠶᠢᠭᠤᠯᠤᠯᠲᠠ ᠶᠢᠨ ᠡᠭᠦᠷᠭᠡ ᠶᠢᠨ 25.1% ᠶᠢ ᠡᠵᠡᠯᠡᠨ᠂ ︽ᠭᠤᠷᠪᠠᠨ ᠤᠮᠠᠷᠠᠲᠤ︾ ᠶᠢᠨ 13 ᠮᠤᠵᠢ ᠣᠷᠣᠨ ᠤ ᠲᠡᠷᠢᠭᠦᠨ ᠪᠠᠶᠢᠷᠢ ᠳᠤ ᠣᠷᠣᠪᠠ᠃ ᠮᠠᠨ ᠤ ᠣᠷᠣᠨ ᠳᠤ 40 ᠵᠢᠯ ᠤᠨ ᠲᠤᠷᠰᠢ᠂ ᠲᠦᠭ ᠲᠦᠮᠡᠨ ᠠᠷᠠᠳ ᠲᠦᠮᠡᠨ ᠬᠦᠴᠦ ᠵᠠᠯᠭᠠᠨ ᠲᠡᠮᠡᠴᠡᠵᠦ᠂ ᠬᠡᠳᠦᠨ ᠦᠶ᠎ᠡ ᠶᠢᠨ ᠬᠥᠮᠥᠰ ᠴᠥᠬᠦᠷᠡᠰᠢ ᠦᠭᠡᠢ ᠴᠢᠷᠮᠠᠶᠢᠨ ᠠᠵᠢᠯᠯᠠᠭᠰᠠᠨ ᠠᠴᠠ᠂ ᠭᠤᠷᠪᠠᠨ ᠤᠮᠠᠷᠠᠲᠤ ᠶᠢᠨ ᠢᠨᠵᠧᠨᠧᠷᠢᠩ ᠨᠢ ᠬᠥᠮᠥᠰ ᠤᠨ ᠠᠩᠬᠠᠷᠤᠯ ᠢ ᠲᠠᠲᠠᠭᠰᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠣᠯᠵᠤ᠂ ᠮᠠᠨ ᠤ ᠤᠯᠤᠰ ᠤᠨ ᠤᠮᠠᠷᠠᠲᠤ ᠬᠢᠵᠠᠭᠠᠷ ᠲᠤ ᠰᠠᠯᠬᠢ ᠡᠯᠡᠰᠦ ᠶᠢ ᠬᠤᠷᠢᠭᠯᠠᠨ᠂ ᠤᠰᠤ ᠬᠥᠷᠥᠰᠥ ᠶᠢ ᠪᠠᠲᠤᠯᠠᠵᠤ᠂ ᠲᠠᠷᠢᠶᠠᠯᠠᠩ ᠮᠠᠯ ᠠᠵᠤ ᠠᠬᠤᠢ ᠶᠢ ᠬᠠᠮᠠᠭᠠᠯᠠᠭᠰᠠᠨ ᠨᠢᠭᠡᠨ ᠵᠤᠷᠪᠤᠰ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠠᠮᠵᠢᠯᠲᠠ ᠲᠠᠢ ᠥᠯᠢᠭᠡᠷ ᠵᠢᠱᠢᠶ᠎ᠡ ᠶᠢ ᠪᠣᠢ ᠪᠣᠯᠭᠠᠵᠠᠢ᠃ ᠬᠥᠲᠥᠯᠥᠭᠴᠢ᠄ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠦᠬᠦ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠶᠢᠨ ᠬᠤᠷᠠᠯ ᠢ ᠬᠤᠷᠠᠯᠳᠤᠭᠤᠯᠪᠠ᠃ ᠲᠡᠭᠡᠪᠡᠯ 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ ᠨᠢ ᠶᠠᠭᠤ ᠪᠣᠢ︖ ᠳ᠋ᠦᠩ ᠱᠦ ᠬᠤᠸᠠ᠄ 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ ᠪᠣᠯ᠄ ︵ᠨᠢᠭᠡ︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠲᠠᠢ ᠪᠠᠷ ᠬᠡᠷᠡᠭᠯᠡᠨ᠎ᠡ᠄ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭᠠᠨ ᠤ ᠲᠠᠨᠢᠯᠲᠠ ᠪᠠᠨ ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠤᠨ᠎ᠠ︔ ︵ᠬᠤᠶᠠᠷ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ᠄ ︽ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ᠎ᠠ︾ ︽ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠤᠨ᠎ᠠ︾ ᠵᠡᠷᠭᠡ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠡᠵᠡᠮᠳᠡᠨ᠎ᠡ᠃ ︵ᠭᠤᠷᠪᠠ︶ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠯᠡᠨ᠎ᠡ᠄ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢ ᠪᠠᠶᠢᠭᠤᠯᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠰᠤᠷᠪᠤᠯᠵᠢ ᠳᠤ ᠵᠠᠰᠠᠯᠲᠠ ᠬᠢᠬᠦ᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ ᠵᠡᠷᠭᠡ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ ᠨᠣᠭᠤᠭᠠᠷᠠᠭᠤᠯᠤᠨ ᠴᠢᠮᠡᠭᠯᠡᠬᠦ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠵᠦ᠂ ᠪᠦᠬᠦ ᠵᠢᠯ ᠳᠤ 1000 ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠬᠦ ᠡᠭᠦᠷᠭᠡ ᠶᠢ ᠪᠡᠶᠡᠯᠡᠭᠦᠯᠦᠨ᠎ᠡ᠃ 3000 ᠲᠦᠮᠡᠨ ᠮᠦ ᠡᠪᠡᠰᠦ ᠲᠠᠷᠢᠵᠤ ᠬᠠᠮᠠᠭᠠᠯᠠᠨ᠎ᠠ᠃ ︵ᠳᠥᠷᠪᠡ︶ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠦᠨᠡᠨ ᠬᠦ ᠴᠢᠩᠭᠠᠷᠠᠭᠤᠯᠤᠨ᠎ᠠ᠄ ᠨᠤᠲᠤᠭ ᠪᠡᠯᠴᠢᠭᠡᠷ᠂ ᠣᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠨᠤᠲᠤᠭ ᠪᠡᠯᠴᠢᠭᠡᠷ ᠢ ᠡᠯᠰᠡᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠴᠢᠩᠭᠠᠳᠬᠠᠵᠤ᠂ ᠳᠤᠷ᠎ᠠ ᠪᠠᠷ ᠢᠶᠠᠨ ᠨᠤᠲᠤᠭ ᠪᠡᠯᠴᠢᠭᠡᠷ ᠤᠨ ᠬᠡᠷᠡᠭᠯᠡᠯᠲᠡ ᠶᠢ ᠥᠭᠡᠷᠡᠴᠢᠯᠡᠬᠦ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ︔ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠬᠤ ᠦᠷ᠎ᠡ ᠪᠦᠲᠦᠭᠡᠯ ᠢ ᠪᠠᠲᠤᠳᠬᠠᠵᠤ᠂ ᠣᠢ ᠰᠢᠭᠤᠢ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠠᠮᠢᠳᠤ ᠪᠣᠳᠠᠰ ᠲᠤ ᠬᠤᠣᠷ ᠬᠥᠨᠥᠭᠡᠯ ᠲᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠲᠠᠪᠤ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠄ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ ᠣᠢ ᠰᠢᠭᠤᠢ ᠶᠢᠨ ᠦᠢᠯᠡᠰ ᠪᠠ ᠨᠤᠲᠤᠭ ᠪᠡᠯᠴᠢᠭᠡᠷ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠬᠥᠲᠥᠯᠥᠭᠴᠢ᠄ ᠰᠠᠶᠢᠨ ᠪᠣᠯᠣᠯ᠎ᠠ᠂ ᠳ᠋ᠦᠩ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ ᠳ᠋ᠦᠩ ᠱᠦ ᠬᠤᠸᠠ᠄ ᠪᠠᠶᠠᠷᠲᠠᠢ︕
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|