ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2021/11/19


      10 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ ᠭᠤᠤᠯ ᠰᠡᠳᠦᠪᠲᠦ ᠢᠯᠡᠳᠬᠡᠯ ᠬᠢᠭᠰᠡᠨ ᠪᠥᠭᠡᠳ ᠰᠣᠷᠪᠤᠯᠵᠢᠯᠠᠬᠴᠢᠳ ᠤᠨ ᠠᠰᠠᠭᠤᠯᠲᠠ ᠨᠤᠭᠤᠳ ᠢ ᠬᠠᠷᠢᠭᠤᠯᠪᠠ᠃
     

                     2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ 
                      ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠯᠲᠡ ᠶᠢᠨ ᠦᠭᠡ

                                       ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠶᠠ ᠷᠦᠩ ᠬᠤᠸᠠ
      ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2021 ᠣᠨ ᠤ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 14491.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 784.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.1% ᠨᠡᠮᠡᠭᠳᠡᠪᠡ︔ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 6679.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠥᠰᠴᠦ᠂ ᠬᠤᠶᠠᠷ ᠵᠢᠯ ᠳᠤ ᠳᠤᠮᠳᠠᠴᠢ ᠪᠠᠷ 3.2% ᠨᠡᠮᠡᠭᠳᠡᠪᠡ︔ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 7027.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.6% ᠨᠡᠮᠡᠭᠳᠡᠪᠡ᠃
      ᠨᠢᠭᠡ᠂ ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠮᠠᠯ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠪᠠ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠦᠶᠯᠡᠳᠬᠦᠨ ᠤ ᠶᠡᠷᠦᠩᠬᠡᠢ ᠥᠷᠲᠡᠭ 1450.4 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.8% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.5% ᠨᠡᠮᠡᠭᠳᠡᠪᠡ᠃ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠵᠢᠷᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠭᠠᠷᠤᠯᠲᠠ 172.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠨᠡᠮᠡᠭᠳᠡᠪᠡ᠃ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠰᠡᠷᠭᠦᠭᠡᠪᠡ᠃ ᠠᠮᠢᠳᠤ ᠭᠠᠭ᠋ᠠᠶ ᠶᠢᠨ ᠲᠤᠭ᠎ᠠ 570.3 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.8% ᠨᠡᠮᠡᠭᠳᠡᠪᠡ︔ ᠭᠠᠭ᠋ᠠᠢ ᠶᠢᠨ ᠮᠢᠬᠠᠨ ᠤ ᠭᠠᠷᠤᠯᠲᠠ 50.3 ᠲᠦᠮᠡᠨ ᠲᠣᠨ ᠳᠤ ᠬᠦᠷᠴᠦ᠂ 10.9% ᠨᠡᠮᠡᠭᠳᠡᠪᠡ᠃ ︽ᠬᠤᠨᠢᠨ ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ ᠲᠤᠭ᠎ᠠ ᠶᠢ ᠨᠡᠮᠡᠭᠳᠡᠭᠦᠯᠬᠦ︾ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠠᠭᠠᠤ᠂ ᠪᠥᠬᠦ ᠣᠷᠣᠨ ᠳᠤ 770.5 ᠲᠦᠮᠡᠨ ᠲᠣᠯᠤᠭᠠᠢ ᠦᠬᠡᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 10.7% ᠨᠡᠮᠡᠭᠳᠡᠵᠦ᠂ ᠦᠬᠡᠷ ᠤᠨ ᠮᠢᠬᠠᠨ ᠤ ᠭᠠᠷᠤᠯᠲᠠ

38.3 ᠲᠦᠮᠡᠨ ᠲᠣᠨ ᠳᠤ ᠬᠦᠷᠴᠦ᠂ 0.4% ᠥᠰᠪᠡ︔ ᠬᠤᠨᠢᠨ ᠲᠤᠭ᠎ᠠ 6400.1 ᠲᠦᠮᠡ ᠲᠣᠯᠤᠭᠠᠢ ᠳᠤ ᠬᠦᠷᠴᠦ᠂ 1.4% ᠨᠡᠮᠡᠭᠳᠡᠨ᠂ ᠬᠤᠨᠢᠨ ᠮᠢᠬᠠᠨ ᠤ ᠭᠠᠷᠤᠯᠲᠠ 71.4 ᠲᠦᠮᠡᠨ ᠲᠣᠨ ᠳᠤ ᠬᠦᠷᠴᠦ᠂ 0.5% ᠨᠡᠮᠡᠭᠳᠡᠪᠡ᠃ ᠴᠠᠭᠠᠨ ᠢᠳᠡᠭᠡᠨ ᠤ ᠦᠶᠯᠡᠰ ᠡᠷᠡᠭᠦᠯ ᠪᠥᠭᠡᠳ ᠡᠮᠬᠢ ᠵᠢᠷᠤᠮ ᠲᠠᠢ ᠭᠥᠭᠵᠢᠵᠡᠢ᠃ ᠲᠦᠷᠦᠭᠦᠦ ᠭᠤᠷᠪᠠᠨ ᠤᠯᠠᠷᠢᠯ ᠳᠤ᠂ ᠰᠠᠭᠠᠯᠢ ᠶᠢᠨ ᠦᠨᠢᠶ᠎ᠡ 147.6 ᠲᠦᠮᠡ ᠲᠣᠯᠤᠭᠠᠢ ᠳᠤ ᠬᠦᠷᠴᠦ᠂ 17.8% ᠨᠡᠮᠡᠭᠳᠡᠪᠡ︔ ᠦᠨᠢᠶᠡᠨ ᠰᠦ ᠶᠢᠨ ᠭᠠᠷᠤᠯᠲᠠ 388.1 ᠲᠦᠮᠡᠨ ᠲᠣᠨ ᠳᠤ ᠬᠦᠷᠴᠦ᠂ 19.0% ᠨᠡᠮᠡᠭᠳᠡᠪᠡ᠃
      ᠬᠤᠶᠠᠷ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠮᠡᠭᠳᠡᠯ ᠢ ᠪᠠᠲᠤᠯᠠᠵᠤ᠂ ᠶᠠᠰᠤ ᠴᠢᠨᠠᠷ ᠦᠷ᠎ᠡ ᠠᠰᠢᠭ ᠢᠯᠡᠳᠲᠡ ᠳᠡᠭᠡᠭᠰᠢᠯᠡᠪᠡ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 2.6% ᠥᠰᠪᠡ᠃ ᠭᠤᠷᠪᠠᠨ ᠶᠡᠭᠡ ᠲᠥᠷᠥᠯ ᠵᠦᠶᠯ ᠳᠤ᠂ ᠦᠶᠯᠡᠳᠬᠦ ᠦᠶᠯᠡᠰ ᠲᠤᠯᠭᠠᠭᠤᠷᠢᠯᠠᠬᠤ ᠦᠶᠯᠡᠳᠦᠯ ᠪᠠᠳᠠᠷᠠᠭᠤᠯᠵᠤ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠵᠦ᠂ ᠠᠭᠤᠷᠬᠠᠶ ᠮᠠᠯᠲᠠᠬᠤ ᠦᠶᠯᠡᠰ 4.9% ᠨᠡᠮᠡᠭᠳᠡᠨ᠂ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ

0.3% ᠪᠠᠭᠤᠷᠠᠭᠰᠠᠨ ᠪᠠᠶᠢᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠲᠦᠷᠭᠡᠨ ᠢᠶᠠᠷ ᠦᠰᠦᠨ ᠪᠣᠶᠢᠵᠢᠪᠠ᠃ ᠠᠵᠤ ᠦᠶᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.4% ᠨᠡᠮᠡᠭᠳᠡᠵᠦ᠂ ᠳᠡᠭᠡᠳᠦ ᠮᠡᠷᠭᠡᠵᠢᠯ ᠤᠨ ᠦᠶᠯᠡᠳᠬᠦ ᠦᠶᠯᠡᠰ 27.0% ᠨᠡᠮᠡᠭᠳᠡᠵᠡᠢ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.0% ᠨᠡᠮᠡᠭᠳᠡᠵᠦ᠂ ᠨᠡᠭᠦᠷᠡᠰᠦᠨ ᠤ ᠪᠤᠰᠤ ᠠᠵᠤ ᠦᠶᠯᠡᠰ 9.8% ᠨᠡᠮᠡᠭᠳᠡᠪᠡ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠡᠯᠧᠺᠲᠷᠣᠨ ᠲᠤᠨᠤᠭ 5494.5 ᠲᠦᠮᠡ ᠳᠤ ᠬᠦᠷᠴᠦ᠂ 86.8% ᠨᠡᠮᠡᠭᠳᠡᠪᠡ︔ ᠮᠠᠰᠢᠨ ᠲᠡᠷᠭᠡ 4.0 ᠲᠦᠮᠡ ᠳᠤ ᠬᠦᠷᠴᠦ᠂ 1.7 ᠳᠠᠬᠢᠨ ᠨᠡᠮᠡᠭᠳᠡᠪᠡ︔ ᠴᠠᠭᠠᠨ ᠢᠳᠡᠭᠡ 268.9 ᠲᠦᠮᠡᠨ ᠲᠣᠨ ᠳᠤ ᠬᠦᠷᠴᠦ᠂ 8.5% ᠨᠡᠮᠡᠭᠳᠡᠵᠡᠢ᠃ ᠳᠠᠬᠢᠨ ᠡᠭᠦᠰᠴᠦ ᠪᠣᠯᠬᠤ ᠡᠨᠧᠷᠭᠢ ᠶᠢᠨ ᠡᠵᠡᠯᠡᠬᠦ ᠬᠠᠷᠢᠴᠠᠯ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠳᠠᠬᠢᠨ ᠡᠭᠦᠰᠴᠦ ᠪᠣᠯᠬᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 764.1 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ ᠶᠢᠨ 17.4% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ᠃
      ᠦᠶᠯᠡᠳᠪᠦᠷᠢᠯᠡᠯ ᠪᠣᠷᠣᠯᠠᠭᠤᠯᠭ᠎ᠠ ᠨᠡᠯᠢᠶᠡᠳ ᠰᠠᠶᠢᠨ ᠵᠣᠯᠭᠠᠯᠳᠤᠪᠠ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 7 ᠰᠠᠷ᠎ᠠ ᠳᠠᠷᠠᠭᠠᠯᠠᠨ 100% ᠶᠢ ᠳᠠᠪᠠᠵᠤ᠂ ᠲᠦᠷᠦᠭᠦᠦ ᠭᠤᠷᠪᠠᠨ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠪᠣᠷᠣᠯᠠᠭᠤᠯᠭ᠎ᠠ ᠶᠢᠨ ᠨᠣᠷᠮ᠎ᠠ 100.4% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6 ᠵᠠᠭᠤᠨ ᠤ ᠴᠡᠭ ᠳᠡᠭᠡᠭᠰᠢᠯᠡᠪᠡ᠃
      1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 14385.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.6% ᠥᠰᠴᠦ᠂ ᠬᠤᠶᠠᠷ ᠵᠢᠯ ᠳᠤ ᠳᠤᠮᠳᠠᠴᠢ ᠪᠠᠷ 14.6% ᠨᠡᠮᠡᠭᠳᠡᠪᠡ︔ ᠠᠰᠢᠭ ᠬᠤᠨᠵᠢᠪᠣᠷᠢ 1914.4 ᠳ᠋ᠦᠩᠰᠢᠭᠤᠷ ᠲᠥᠭᠦᠷᠢᠭ ᠲᠤ ᠬᠦᠷᠴᠦ᠂ 1.7 ᠳᠠᠬᠢᠨ ᠢᠶᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 38.3% ᠥᠰᠴᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠣᠷᠢ ᠶᠢᠨ ᠨᠣᠷᠮ᠎ᠠ 13.3% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.5 ᠵᠠᠭᠤᠨ ᠤ ᠴᠡᠭ ᠳᠡᠭᠡᠭᠰᠢᠯᠡᠪᠡ᠃
      ᠭᠤᠷᠪᠠ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ᠂ ᠬᠡᠰᠡᠭ ᠠᠵᠢᠯ ᠲᠥᠷᠥᠯ ᠨᠡᠯᠢᠶᠡᠳ ᠰᠠᠶᠢᠨ ᠬᠠᠨᠳᠤᠰᠢ ᠲᠠᠢ ᠪᠣᠯᠵᠠᠢ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠴᠢᠯᠡᠭᠡᠨ ᠤ ᠦᠶᠯᠡᠰ ᠰᠡᠷᠭᠦᠯᠲᠡ ᠶᠢᠨ ᠴᠢᠨᠠᠷᠲᠠᠶ ᠨᠡᠮᠡᠭᠳᠡᠯ ᠲᠠᠢ ᠪᠣᠯᠪᠠ᠂ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠰᠠᠩ ᠬᠥᠮᠦᠷᠭᠡ ᠶᠢᠨ ᠦᠢᠯᠡᠰ ᠪᠠ ᠰᠢᠦᠳᠠᠨ ᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.2% ᠨᠡᠮᠡᠭᠳᠡᠪᠡ᠃ 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠶᠯᠡᠴᠢᠯᠡᠭᠡᠨ ᠤ ᠦᠶᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠪᠡ᠃ ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 26 ᠦᠶᠯᠡᠴᠢᠯᠡᠭᠡᠨ ᠤ ᠦᠶᠯᠡᠰ ᠤᠨ ᠠᠵᠢᠯ ᠲᠥᠷᠥᠯ ᠤᠨ ᠲᠣᠮᠣ ᠲᠥᠷᠥᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠂ ᠡᠭᠦᠨ ᠳᠤ 22 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠵᠡᠢ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4.2% ᠨᠡᠮᠡᠭᠳᠡᠪᠡ᠃ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 72.8% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 18 . 7% ᠨᠡᠮᠡᠭᠳᠡᠪᠡ᠃
      ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠰᠡᠷᠭᠦᠵᠦ᠂ ᠭᠤᠤᠯᠳᠠᠯᠭ᠎ᠠ ᠲᠠᠢ ᠬᠦᠷᠢᠶᠡᠨ ᠤ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢᠨ ᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠭᠰᠡᠨ ᠪᠠᠶᠢᠨ᠎ᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠪᠡ᠃ ᠦᠶᠯᠡᠳᠬᠦ ᠦᠶᠯᠡᠰ ᠤᠨ ᠪᠠᠯᠠ ᠣᠷᠣᠭᠤᠯᠤᠯᠲᠠ 31.9% ᠨᠡᠮᠡᠭᠳᠡᠵᠡᠢ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.6%᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 24.2%᠂ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ 0.9% ᠨᠡᠮᠡᠭᠳᠡᠪᠡ᠃ ᠠᠷᠠᠳ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 17.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 4.6% ᠨᠡᠮᠡᠭᠳᠡᠪᠡ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ 40.2% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 17.5% ᠨᠡᠮᠡᠭᠳᠡᠪᠡ᠃ ᠨᠡᠶᠢᠭᠡᠮ ᠤᠨ ᠬᠦᠷᠢᠶᠡᠨ ᠳᠠᠬᠢ ᠪᠠᠯᠠ ᠣᠷᠣᠭᠤᠯᠤᠯᠲᠠ 16.0% ᠢᠶᠠᠷ ᠨᠡᠮᠡᠭᠳᠡᠵᠡᠢ᠃
      ᠭᠡᠷ ᠭᠠᠵᠠᠷ ᠰᠢᠷᠣᠶ ᠶᠢᠨ ᠬᠥᠷᠥᠩᠭᠡ ᠶᠢᠨ ᠨᠡᠭᠡᠭᠡᠯᠲᠡ ᠶᠢᠨ ᠪᠡᠯᠡ ᠣᠷᠣᠭᠤᠯᠤᠯᠲᠠ ᠨᠡᠮᠡᠭᠳᠡᠯ ᠢᠶᠠᠨ ᠪᠠᠲᠤᠯᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠪᠠᠨ 4.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 6.6% ᠨᠡᠮᠡᠭᠳᠡᠪᠡ᠃ ᠪᠥᠬᠦ ᠣᠷᠣᠨ ᠤ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 1383.8 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 6.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 3.6% ᠨᠡᠮᠡᠭᠳᠡᠵᠡᠢ︔ ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠤᠯᠲᠠ ᠶᠢᠨ ᠬᠡᠮᠵᠢᠶ᠎ᠡ 930.5 ᠳ᠋ᠦᠩᠰᠢᠭᠤᠷ ᠲᠥᠭᠦᠷᠢᠭ ᠲᠤ ᠬᠦᠷᠴᠦ᠂ 4.5% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 9.6% ᠨᠡᠮᠡᠭᠳᠡᠪᠡ᠃
      ᠲᠠᠪᠤ᠂ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠳᠡᠰ ᠳᠡᠪᠰᠢᠭᠰᠡᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠬᠠᠨᠳᠤᠰᠢ ᠰᠠᠶᠢᠨ ᠪᠣᠯᠵᠠᠢ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 3548.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 9.6% ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 7.0% ᠨᠡᠮᠡᠭᠳᠡᠪᠡ᠃ ᠳᠡᠰ ᠳᠠᠪᠰᠢᠭᠰᠠᠨ ᠲᠥᠷᠥᠯ ᠤᠨ ᠲᠠᠸᠠᠷ ᠨᠡᠯᠢᠶᠡᠳ ᠲᠦᠷᠭᠡᠨ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 31.9% ᠨᠡᠮᠡᠭᠳᠡᠨ᠂ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ 13. 9%ᠨᠡᠮᠡᠭᠳᠡᠵᠦ᠂ ᠨᠣᠮ ᠰᠣᠨᠢᠨ ᠰᠡᠳᠬᠦᠯ ᠤᠨ ᠲᠥᠷᠥᠯ 54 . 5% ᠨᠡᠮᠡᠭᠳᠡᠭᠰᠡᠨ ᠪᠠᠶᠢᠨ᠎ᠠ᠃
      ᠰᠦᠯᠵᠢᠶᠡᠨ ᠳᠡᠭᠡᠷᠡᠬᠢ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ 216.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 51.6% ᠨᠡᠮᠡᠭᠳᠡᠪᠡ᠃
      ᠵᠢᠷᠭᠤᠭ᠎ᠠ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠠᠮᠵᠢᠭᠤᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠨ᠎ᠡ ᠮᠥᠨ ᠯᠡ ᠥᠨᠳᠥᠷ ᠪᠠᠶᠢᠷᠢᠨ ᠳᠤ ᠪᠠᠶᠢᠨ᠎ᠠ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 0.6% ᠥᠰᠴᠦ᠂ ᠥᠰᠥᠯᠲᠡ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ 0.1 ᠵᠠᠭᠤᠨ ᠤ ᠴᠡᠭ ᠥᠰᠴᠡᠢ᠃ ᠨᠠᠶᠮᠠᠨ ᠶᠡᠭᠡ ᠲᠥᠷᠥᠯ ᠤᠨ ᠦᠨ᠎ᠡ ᠬᠠᠩᠰᠢ ᠠᠴᠠ ︽ᠲᠠᠪᠤ ᠲᠥᠷᠦᠯ ᠤᠨ ᠦᠨ᠎ᠡ ᠥᠰᠴᠦ ᠭᠤᠷᠪᠠ ᠲᠥᠷᠦᠯ ᠤᠨ ᠦᠨ᠎ᠡ ᠪᠠᠭᠤᠷᠠᠭᠰᠠᠨ︾ ᠪᠠᠶᠢᠨ᠎ᠠ᠂ ᠡᠭᠦᠨ ᠳᠤ ᠢᠳᠡᠭᠡᠨ ᠠᠷᠢᠬᠢ ᠲᠠᠮᠠᠬᠢᠨ ᠤ ᠲᠥᠷᠥᠯ 0.4%᠂ ᠣᠷᠣᠨ ᠰᠠᠭᠤᠴᠠ ᠶᠢᠨ ᠲᠥᠷᠥᠯ 0.2%᠂ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠲᠥᠷᠥᠯ 3.1%᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠥᠷᠥᠯ 0.7%᠂ ᠡᠮ ᠡᠮᠨᠡᠯᠭᠡ ᠡᠷᠡᠭᠦᠯᠵᠢᠯ ᠤᠨ ᠲᠥᠷᠥᠯ 0.3% ᠥᠰᠴᠡᠶ︔ ᠬᠤᠪᠴᠠᠰᠤ ᠬᠤᠨᠠᠷ ᠤᠨ ᠲᠥᠷᠥᠯ 1.1%᠂ ᠠᠮᠢᠳᠤᠷᠠᠯ ᠤᠨ ᠬᠡᠷᠡᠭᠰᠡᠯ ᠵᠢᠴᠢ ᠦᠶᠯᠡᠴᠢᠯᠡᠭᠡᠨ ᠤ ᠲᠥᠷᠥᠯ 0.3%᠂ ᠪᠤᠰᠤᠳ ᠬᠡᠷᠡᠭᠰᠡᠯ ᠪᠠ ᠦᠶᠯᠡᠴᠢᠯᠡᠭᠡᠨ ᠤ ᠲᠥᠷᠥᠯ 0.7% ᠪᠠᠭᠤᠷᠠᠪᠠ᠃ ᠪᠥᠬᠦ ᠣᠷᠣᠨ ᠤ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠦᠶᠯᠡᠳᠪᠦᠷᠢ ᠠᠴᠠ ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 22.4% ᠥᠰᠴᠦ᠂ ᠠᠵᠤ ᠦᠶᠯᠡᠳᠪᠦᠷᠢ ᠶᠢᠨ ᠦᠶᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ 21.1% ᠥᠰᠴᠦ᠂ ᠥᠰᠥᠯᠲᠡ ᠶᠢᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ ᠲᠣᠰ ᠲᠣᠰ

6.6 ᠪᠠ 5.3 ᠵᠠᠭᠤᠨ ᠤ ᠴᠡᠭ ᠥᠰᠪᠡ᠃
      ᠳᠣᠯᠤᠭ᠎ᠠ᠂ ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠠᠴᠠ ᠲᠦᠷᠭᠡᠨ ᠥᠰᠪᠡ
      ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 25132 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 33767 ᠲᠥᠭᠦᠷᠢᠭ ᠲᠤ ᠬᠦᠷᠴᠦ᠂ 8. % ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 12031 ᠲᠥᠭᠦᠷᠢᠭ ᠲᠤ ᠬᠦᠷᠴᠦ᠂ 11.4% ᠨᠡᠮᠡᠭᠳᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠶᠢᠨ ᠬᠠᠷᠢᠴᠠᠯ 2.81 ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0 . 07 ᠪᠠᠭᠤᠷᠠᠵᠠᠢ᠃
      ᠶᠡᠷᠦᠩᠬᠡᠶ ᠳᠤ ᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠥᠬᠦ ᠣᠷᠣᠨ ᠤ ᠠᠵᠤ ᠠᠬᠤᠶ ᠦᠷᠭᠦᠯᠵᠢᠯᠡᠨ ᠰᠡᠷᠭᠦᠵᠦ ᠪᠠᠶᠢᠭ᠎ᠠ ᠪᠣᠯᠪᠠᠴᠤ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠭᠠᠳᠠᠭᠠᠳᠤ ᠣᠷᠴᠢᠨ ᠨᠥᠭᠦᠴᠡᠯ ᠳᠤ ᠮᠠᠰᠢ ᠣᠯᠠᠨ ᠲᠣᠭᠲᠠᠭᠤᠨ ᠪᠤᠰᠤ ᠲᠣᠳᠤᠷᠬᠠᠢ ᠪᠤᠰᠤ ᠬᠦᠴᠦᠨ ᠵᠦᠶᠯ ᠤᠳ ᠣᠷᠣᠰᠢᠵᠤ᠂ ᠬᠡᠰᠡᠭ ᠲᠦᠭᠦᠬᠡᠶ ᠮᠠᠲ᠋ᠧᠷᠢᠶᠠᠯ ᠤᠨ ᠦᠨ᠎ᠡ ᠬᠠᠩᠰᠢ ᠥᠨᠳᠥᠷ ᠪᠠᠶᠢᠷᠢᠨ ᠳᠤ ᠡᠷᠭᠢᠯᠳᠦᠨ᠂ ᠠᠵᠤ ᠠᠬᠤᠶ ᠶᠢᠨ ᠲᠣᠭᠲᠠᠭᠤᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠳᠡᠪᠬᠢᠲᠡᠶ ᠠᠷᠭᠠᠴᠠᠭᠠᠵᠤ᠂ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠭᠢᠵᠦ᠂ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠠᠭᠤᠳᠠᠯᠤᠨ ᠪᠠᠳᠠᠷᠠᠭᠤᠯᠵᠤ᠂ ᠠᠵᠤ ᠠᠬᠤᠢ ᠶᠢᠨ ᠡᠷᠭᠢᠯᠲᠡ ᠶᠢ ᠢᠮᠠᠭᠲᠠ ᠵᠦᠢ ᠵᠣᠬᠢᠰᠲᠠᠢ ᠣᠷᠣᠨ ᠪᠠᠶᠢᠷᠢ ᠳᠤ ᠪᠠᠶᠢᠯᠭᠠᠨ᠂ ᠪᠦᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠪᠠᠶᠢᠨ᠎ᠠ᠃

 

                             2021 ᠣᠨ ᠤ ᠪᠥᠬᠦ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ

                             ᠪᠠᠶᠢᠳᠠᠯ ᠤᠨ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠠᠰᠠᠭᠤᠯᠲᠠ ᠬᠠᠷᠢᠭᠤᠯᠲᠠ

      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠣᠶᠢᠷ᠎ᠠ ᠶᠢᠨ ᠬᠤᠭᠤᠴᠠᠭᠠᠨ ᠳᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠣᠯ ᠣᠯᠠᠨ ᠤ ᠶᠡᠬᠡᠪᠡᠷ  ᠠᠩᠬᠠᠷᠴᠤ ᠪᠠᠶᠢᠭ᠎ᠠ ᠨᠢᠭᠡᠨ ᠶᠠᠷᠢᠶᠠᠨ ᠤ ᠰᠡᠳᠦᠪ ᠮᠥᠨ᠂ ᠥᠪᠥᠷ ᠮᠣᠩᠭᠤᠯ ᠪᠣᠯ ᠤᠯᠤᠰ ᠤᠨ ᠡᠨᠧᠷᠭᠢ ᠶᠢᠨ ᠴᠢᠬᠤᠯᠠ ᠰᠠᠭᠤᠷᠢᠨ ᠭᠠᠵᠠᠷ ᠪᠣᠯᠤᠨ᠎ᠠ᠂ ᠲᠠ ᠲᠦᠷᠦᠭᠦᠦ ᠭᠤᠷᠪᠠᠨ ᠤᠯᠠᠷᠢᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦ ᠪᠠ ᠴᠠᠬᠢᠯᠭᠠᠨ ᠬᠦᠴᠦᠨ ᠤ ᠦᠶᠯᠡᠳᠪᠦᠷᠢᠯᠡᠯ ᠤᠨ ᠪᠠᠶᠢᠳᠠᠯ ᠢ ᠲᠠᠨᠢᠯᠴᠠᠭᠤᠯᠵᠤ ᠥᠭᠭᠦᠨᠡᠦ︖
      ᠰᠢᠶᠠ ᠷᠦᠩ ᠬᠤᠸᠠ᠄ ᠬᠡᠯᠡᠯᠬᠡᠨ ᠦᠭᠡᠢ᠂ ᠨᠡᠭᠦᠷᠡᠰᠦ ᠴᠠᠬᠢᠯᠭᠠᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠨᠢ ᠣᠳᠣᠬᠠᠨ ᠤ ᠡᠯ᠎ᠡ ᠲᠠᠯ᠎ᠠ ᠶᠢᠨ ᠬᠢᠨ ᠤ ᠨᠡᠯᠢᠶᠡᠳ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠪᠣᠯᠤᠨ᠎ᠠ᠃ ᠲᠦᠭᠦᠬᠡᠶ ᠨᠡᠭᠦᠷᠡᠰᠦᠨ ᠤ ᠭᠠᠷᠤᠯᠲᠠ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠲᠦᠭᠦᠬᠡᠶ ᠨᠡᠭᠦᠷᠡᠰᠦᠨ ᠤ ᠭᠠᠷᠤᠯᠲᠠ 7.33 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠠᠴᠠ 0.6% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠠᠴᠠ 0.6 ᠵᠠᠭᠤᠨ ᠤ ᠴᠡᠭ ᠲᠦᠷᠭᠡᠳᠪᠡ᠃ 9 ᠳ᠋ᠦ᠋ᠭᠡᠷ ᠰᠠᠷ᠎ᠠ ᠳᠤ᠂ ᠨᠡᠭᠦᠷᠡᠰᠦᠨ ᠤ ᠭᠠᠷᠤᠯᠲᠠ 8205.1 ᠲᠦᠮᠡᠨ ᠲᠣᠨ ᠳᠤ ᠬᠦᠷᠴᠦ᠂ 8 ᠳ᠋ᠤᠭᠠᠷ ᠰᠠᠷ᠎ᠠ ᠶᠢᠨ ᠬᠢ ᠠᠴᠠ 47 ᠲᠦᠮᠡᠨ ᠲᠣᠨ ᠴᠡᠪᠡᠷ ᠨᠡᠮᠡᠭᠳᠡᠵᠦ᠂ ᠠᠳᠠᠯᠢ ᠬᠤᠭᠤᠴᠠᠭᠠᠨ ᠤ ᠠᠴᠠ 3.5% ᠨᠡᠮᠡᠭᠳᠡᠪᠡ︔ 9 ᠳ᠋ᠦ᠋ᠭᠡᠷ ᠰᠠᠷ᠎ᠠ ᠶᠢᠨ ᠡᠳᠦᠷ ᠤᠨ ᠳᠤᠮᠳᠠᠴᠢ ᠭᠠᠷᠤᠯᠲᠠ 273.5 ᠲᠦᠮᠡᠨ ᠲᠣᠨ ᠳᠤ ᠬᠦᠷᠴᠦ᠂ 8 ᠳ᠋ᠤᠭᠠᠷ ᠰᠠᠷ᠎ᠠ ᠶᠢᠨ ᠠᠴᠠ 10.3 ᠲᠦᠮᠡᠨ ᠲᠣᠨ ᠨᠡᠮᠡᠭᠳᠡᠪᠡ᠃ ᠴᠠᠬᠢᠯᠭᠠᠨ ᠬᠦᠴᠦᠨ ᠤ ᠦᠶᠯᠡᠳᠪᠦᠷᠢᠯᠡᠯ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠭᠰᠠᠨ ᠬᠡᠮᠵᠢᠶ᠎ᠡ 4398.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 4.9% ᠨᠡᠮᠡᠭᠳᠡᠪᠡ᠃ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠠᠴᠠ 11.3% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠠᠴᠠ 0.7 ᠵᠠᠭᠤᠨ ᠤ ᠴᠢᠭ ᠳᠡᠭᠡᠭᠰᠢᠯᠡᠪᠡ᠃ 9 ᠳ᠋ᠦ᠋ᠭᠡᠷ ᠰᠠᠷ᠎ᠠ ᠳᠤ᠂ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠠᠴᠠ 16.9% ᠨᠡᠮᠡᠭᠳᠡᠵᠦ᠂ 8 ᠳ᠋ᠤᠭᠠᠷ ᠰᠠᠷ᠎ᠠ ᠶᠢᠨ ᠠᠴᠠ 8.2 ᠵᠠᠭᠤᠨ ᠤ ᠴᠢᠭ ᠳᠡᠭᠡᠭᠰᠢᠯᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠢᠯᠡᠳᠲᠡ ᠲᠦᠷᠭᠡᠳᠪᠡ᠃ ᠴᠠᠬᠢᠯᠭᠠᠨ ᠭᠠᠷᠭᠠᠬᠤ ᠲᠥᠷᠥᠯ ᠬᠡᠯᠪᠡᠷᠢ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠢᠯᠴᠢ ᠶᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠠᠴᠠ 1.5% ᠨᠡᠮᠡᠭᠳᠡᠵᠦ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠮᠵᠢᠶ᠎ᠡ 31.4% ᠨᠡᠮᠡᠭᠳᠡᠵᠦ᠂ ᠨᠡᠷᠡᠨ ᠤ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 2.3% ᠨᠡᠮᠡᠭᠳᠡᠵᠡᠢ᠃
      ᠵᠥᠩ ᠬᠤᠩ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠦᠶᠯᠡᠳᠪᠦᠷᠢ ᠶᠢᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠢ ᠬᠡᠷᠬᠢᠨ ᠦᠨᠡᠯᠡᠬᠦ ᠪᠣᠶ︖ ᠪᠦᠬᠦ ᠣᠷᠣᠨ ᠤ ᠠᠵᠤ ᠦᠶᠯᠡᠳᠪᠦᠷᠢ ᠶᠢᠨ ᠲᠣᠭᠲᠠᠭᠤᠨ ᠡᠷᠭᠢᠯᠲᠡ ᠶᠢ ᠲᠤᠯᠭᠠᠭᠤᠷᠢᠯᠠᠬᠤ ᠬᠦᠴᠦᠨ ᠵᠦᠢᠯᠡᠰ ᠶᠠᠭᠤ ᠶᠠᠭᠤ ᠪᠠᠶᠬᠤ ᠪᠤᠢ︖
      ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠠᠵᠤ ᠦᠶᠯᠡᠳᠪᠦᠷᠢ ᠶᠢᠨ ᠦᠶᠯᠡᠳᠪᠦᠷᠢᠯᠡᠯ ᠶᠡᠷᠦᠩᠬᠡᠶ ᠳᠤ ᠪᠠᠨ ᠲᠣᠭᠲᠠᠭᠤᠨ ᠢᠶᠠᠷ ᠨᠡᠮᠡᠭᠳᠡᠵᠦ᠂ ᠠᠵᠤ ᠠᠬᠤᠶᠢᠯᠠᠯ ᠤᠨ ᠦᠷ᠎ᠡ ᠠᠰᠢᠭ ᠶᠡᠭᠡ ᠪᠠᠷ ᠳᠡᠭᠡᠭᠰᠢᠯᠡᠪᠡ᠃ ᠲᠤᠯᠭᠠᠭᠤᠷᠢᠯᠠᠬᠤ ᠬᠦᠴᠦᠨ ᠵᠦᠢᠯ ᠭᠤᠣᠯᠳᠠᠭᠤ ᠲᠠᠪᠤᠨ ᠲᠠᠯ᠎ᠠ ᠳᠤ ᠢᠯᠡᠷᠡᠵᠦ ᠪᠠᠶᠢᠨ᠎ᠠ᠄
      ᠨᠢᠭᠡ ᠳᠤ ᠦᠢᠯᠡᠳᠬᠦ ᠦᠢᠯᠡᠰ ᠨᠡᠮᠡᠭᠳᠡᠯ ᠢ ᠬᠦᠳᠦᠯᠦᠨ ᠳᠠᠭᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠳᠬᠦ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 14.1% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 9.9% ᠨᠡᠮᠡᠭᠳᠡᠪᠡ᠃ ᠡᠨᠡ ᠵᠢᠯ ᠠᠴᠠ ᠨᠠᠰᠢ᠂ ᠦᠶᠯᠡᠳᠬᠦ ᠦᠶᠯᠡᠰ ᠤᠨ ᠨᠡᠮᠡᠭᠳᠡᠯ ᠥᠷᠲᠡᠭ ᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠤ ᠡᠵᠡᠯᠡᠬᠦ ᠬᠤᠪᠢ ᠶᠢᠨ ᠵᠢᠩ ᠨᠢ ᠬᠡᠵᠢᠶᠡᠳᠡ 35% ᠠᠴᠠ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠶᠡᠷᠦ ᠠᠴᠠ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 5.4 ᠵᠠᠭᠤᠨ ᠤ ᠴᠡᠭ ᠢᠶᠠᠷ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 73.3% ᠳᠤ ᠬᠦᠷᠴᠦ᠂ ᠪᠥᠬᠦ ᠣᠷᠣᠨ ᠤ ᠠᠵᠤ ᠦᠶᠯᠡᠳᠪᠦᠷᠢ ᠶᠢᠨ ᠠᠵᠤ ᠠᠬᠤᠶ ᠶᠢᠨ ᠲᠣᠭᠲᠠᠭᠤᠨ ᠡᠷᠭᠢᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃
      ᠬᠤᠶᠠᠷ ᠲᠤ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠤᠯᠠᠮ ᠨᠢᠭᠡ ᠠᠯᠬᠤᠮ ᠥᠷᠭᠡᠵᠢᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ ᠳᠣᠲᠣᠷ᠎ᠠ᠂ 29 ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 78.4% ᠳᠤ ᠬᠦᠷᠴᠦ᠂ ᠳᠡᠭᠡᠷ᠎ᠡ ᠬᠠᠭᠠᠰ ᠵᠢᠯ ᠤᠨ ᠬᠢ ᠠᠴᠠ 8.1 ᠵᠠᠭᠤᠨ ᠤ ᠴᠡᠭ ᠥᠷᠭᠡᠳᠴᠦ᠂ 20 ᠠᠵᠢᠯ ᠲᠥᠷᠥᠯ ᠤᠨ ᠨᠡᠮᠡᠭᠳᠡᠯ ᠥᠷᠲᠡᠭ ᠬᠤᠶᠠᠷ ᠣᠷᠣᠨᠲᠤ ᠲᠤᠭ᠎ᠠ ᠨᠡᠮᠡᠭᠳᠡᠪᠡ᠃
      ᠭᠤᠷᠪᠠ ᠳᠤ ᠰᠢᠨ᠎ᠡ ᠠᠵᠤ ᠦᠢᠯᠡᠰ ᠰᠢᠨ᠎ᠡ ᠦᠢᠯᠡᠳᠬᠦᠨ ᠨᠡᠯᠢᠶᠡᠳ ᠲᠦᠷᠭᠡᠨ ᠨᠡᠮᠡᠭᠳᠡᠵᠡᠢ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠦᠶᠯᠡᠰ ᠤᠨ ᠨᠡᠮᠡᠭᠳᠡᠯ ᠥᠷᠲᠡᠭ 31.2% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 23.8 ᠵᠠᠭᠤᠨ ᠤ ᠴᠡᠭ ᠲᠦᠷᠭᠡᠨ ᠪᠣᠯᠪᠠ᠃ ᠡᠭᠦᠨ ᠳᠤ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠶᠯᠡᠳᠬᠦ ᠦᠶᠯᠡᠰ 22.7%᠂ ᠡᠮ ᠡᠮᠨᠡᠯᠭᠡ ᠶᠢᠨ ᠦᠶᠯᠡᠳᠬᠦ ᠦᠶᠯᠡᠰ 31.0%᠂ ᠮᠠᠰᠢᠨ ᠲᠡᠷᠭᠡ ᠦᠶᠯᠡᠳᠬᠦ ᠦᠶᠯᠡᠰ 14.3% ᠨᠡᠮᠡᠭᠳᠡᠪᠡ᠃ ᠰᠢᠨ᠎ᠡ ᠦᠶᠯᠡᠳᠬᠦᠨ ᠤ ᠭᠠᠷᠤᠯᠲᠠ ᠴᠤ ᠨᠡᠯᠢᠶᠡᠳ ᠲᠦᠷᠭᠡᠨ ᠨᠡᠮᠡᠭᠳᠡᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠠᠳᠠᠯᠢ ᠬᠤᠭᠤᠴᠠᠭᠠᠨ ᠤ ᠬᠢ ᠠᠴᠠ 3 . 5 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ 93.5% ᠨᠡᠮᠡᠭᠳᠡᠵᠦ᠂ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ 39.7% ᠨᠡᠮᠡᠭᠳᠡᠭᠰᠡᠨ ᠪᠠᠶᠢᠨ᠎ᠠ᠃
      ᠳᠥᠷᠪᠡ ᠳᠤ ᠠᠵᠤ ᠠᠬᠤᠶᠢᠯᠠᠯ ᠤᠨ ᠠᠰᠢᠭ ᠬᠤᠨᠵᠢᠪᠣᠷᠢ ᠲᠦᠷᠭᠡᠨ ᠢᠶᠠᠷ ᠨᠡᠮᠡᠭᠳᠡᠪᠡ᠃ 1 ᠠᠴᠠ 8 ᠳ᠋ᠤᠭᠠᠷ ᠰᠠᠷ᠎ᠠ ᠳᠤ᠂ ᠪᠥᠬᠦ ᠣᠷᠣᠨ ᠤ 37 ᠠᠵᠤ ᠦᠶᠯᠡᠳᠪᠦᠷᠢ ᠶᠢᠨ ᠲᠣᠮᠣ ᠠᠵᠢᠯ ᠲᠥᠷᠥᠯ ᠤᠨ ᠳᠣᠲᠣᠷ᠎ᠠ᠂ 24 ᠠᠵᠢᠯ ᠲᠥᠷᠥᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ︵ᠪᠤᠶᠤ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠣᠯᠤᠭᠰᠠᠨ︶ ᠨᠡᠮᠡᠭᠳᠡᠵᠦ᠂ ᠨᠡᠮᠡᠭᠳᠡᠯ ᠤᠨ ᠬᠡᠪᠴᠢᠶ᠎ᠡ ᠨᠢ 64.9% ᠳᠤ ᠬᠥᠷᠪᠡ᠃ ᠡᠭᠦᠨ ᠳᠤ᠂ 18 ᠠᠵᠢᠯ ᠲᠥᠷᠥᠯ ᠤᠨ ᠠᠰᠢᠭ ᠬᠤᠨᠵᠢᠪᠣᠷᠢ ᠬᠤᠶᠠᠷ ᠣᠷᠣᠨᠲᠤ ᠲᠤᠭ᠎ᠠ ᠵᠢᠴᠢ ᠲᠡᠭᠦᠨ ᠠᠴᠠ ᠳᠡᠭᠡᠭᠰᠢᠬᠢ ᠨᠡᠮᠡᠭᠳᠡᠯ ᠢ ᠪᠡᠶᠡᠯᠡᠭᠦᠯᠪᠡ᠃ ᠬᠤᠶᠠᠷ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠦᠵᠡᠪᠡᠯ᠂ 18 ᠠᠵᠢᠯ ᠲᠥᠷᠥᠯ ᠤᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠥᠬᠦ ᠲᠤᠭ᠎ᠠ ᠶᠢᠨ ᠨᠡᠮᠡᠭᠳᠡᠯ ᠤᠨ ᠡᠵᠡᠯᠡᠬᠦ ᠬᠠᠷᠢᠴᠠᠯ ᠨᠢ 48.6% ᠳᠤ ᠬᠦᠷᠴᠡᠶ᠃
      ᠲᠠᠪᠤ ᠳᠤ ᠳᠤᠮᠳᠠ ᠬᠡᠰᠡᠭ ᠤᠨ ᠭᠠᠵᠠᠷ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠨᠡᠯᠢᠶᠡᠳ ᠢᠯᠡᠷᠬᠡᠢ ᠪᠣᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ 12 ᠠᠶᠢᠮᠠᠭ ᠬᠤᠲᠠ ᠶᠢᠨ ᠳᠣᠲᠣᠷ᠎ᠠ᠂ 11 ᠠᠶᠢᠮᠠᠭ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠡᠴᠡ‌ᠥᠰᠪᠡ᠃ ᠳᠤᠮᠳᠠ ᠬᠡᠰᠡᠭ ᠤᠨ ᠭᠠᠵᠠᠷ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10.4% ᠨᠡᠮᠡᠭᠳᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠪᠠ ᠵᠡᠭᠦᠨ ᠬᠡᠰᠡᠭ ᠤᠨ ᠭᠠᠵᠠᠷ ᠣᠷᠣᠨ ᠤ 7.4 ᠪᠠ 4.9 ᠵᠠᠭᠤᠨ ᠤ ᠴᠡᠭ ᠠᠴᠠ ᠲᠣᠰ ᠲᠣᠰ ᠥᠨᠳᠥᠷ ᠪᠣᠯᠵᠣ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 6.1 ᠵᠠᠭᠤᠨ ᠤ ᠴᠡᠭ ᠳᠠᠶᠢᠴᠢᠯᠠᠪᠠ᠃
      ᠥᠪᠥᠷ ᠮᠣᠩᠭᠤᠯ ᠤᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ᠄ ᠮᠠᠨ ᠤ ᠣᠷᠣᠨ ᠪᠠᠯᠠ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠰᠢᠨ᠎ᠡ ᠢᠯᠡᠷᠡᠯ ᠲᠠᠢ ᠪᠣᠶ︖
      ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ᠂ ᠭᠤᠤᠯᠳᠠᠭᠤ ᠳᠠᠷᠠᠭᠠᠬᠢ ᠭᠤᠷᠪᠠᠨ ᠲᠠᠯ᠎ᠠ ᠪᠠᠷ ᠢᠯᠡᠷᠡᠵᠦ ᠪᠣᠶ᠄
      ᠨᠢᠭᠡ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠬᠤᠪᠢ ᠶᠢᠨ ᠵᠢᠩ ᠳᠡᠭᠡᠭᠰᠢᠯᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠨᠢ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 5.3 ᠵᠠᠭᠤᠨ ᠤ ᠴᠡᠭ ᠳᠠᠶᠢᠴᠢᠯᠠᠵᠤ᠂ ᠪᠥᠬᠦ ᠪᠠᠯᠠ ᠣᠷᠣᠭᠤᠯᠤᠯᠲᠠ ᠶᠢᠨ 20.2% ᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 3.4 ᠵᠠᠭᠤᠨ ᠤ ᠴᠡᠭ ᠳᠡᠭᠡᠭᠰᠢᠯᠡᠪᠡ᠃ ᠡᠭᠦᠨ ᠳᠤ᠂ ᠲᠣᠨᠣᠭᠯᠠᠯ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.4% ᠨᠡᠮᠡᠭᠳᠡᠵᠦ᠂ ᠬᠡᠷᠡᠭᠯᠡᠭᠡᠨ ᠤ ᠵᠦᠶᠯ ᠤᠨ ᠦᠶᠯᠡᠳᠬᠦ ᠦᠶᠯᠡᠰ

32 . 6% ᠨᠡᠮᠡᠭᠳᠡᠪᠡ
      ᠬᠤᠶᠠᠷ ᠲᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠳᠡᠭᠡᠳᠦ ᠮᠡᠷᠭᠡᠵᠢᠯ ᠤᠨ ᠠᠵᠤ ᠦᠶᠯᠡᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠪᠠᠯᠠ ᠣᠷᠣᠭᠤᠯᠤᠯᠲᠠ ᠠᠴᠠ 30.4 ᠵᠠᠭᠤᠨ ᠤ ᠴᠡᠭ ᠥᠨᠳᠥᠷ ᠪᠠᠶᠢᠵᠤ᠂ ᠪᠥᠬᠦ ᠣᠷᠣᠨ ᠤ ᠪᠠᠯᠠ ᠣᠷᠣᠭᠤᠯᠤᠯᠲᠠ ᠶᠢᠨ 5.9% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ

1.3 ᠵᠠᠭᠤᠨ ᠤ ᠴᠡᠭ ᠳᠡᠭᠡᠭᠰᠢᠯᠡᠪᠡ᠃ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 96.4% ᠪᠠᠷ ᠨᠡᠮᠡᠭᠳᠡᠭᠦᠯᠵᠦ᠂ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢ 12.2% ᠢᠶᠠᠷ  ᠨᠡᠮᠡᠭᠳᠡᠭᠦᠯᠵᠡᠢ᠃ ᠳᠡᠭᠡᠳᠦ ᠮᠡᠷᠭᠡᠵᠢᠯ ᠤᠨ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠳᠤ᠂ ᠡᠯᠧᠺᠲᠷᠣᠨ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠦᠶᠯᠡᠳᠬᠦ ᠦᠶᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.8 ᠳᠠᠬᠢᠨ ᠨᠡᠮᠡᠭᠳᠡᠪᠡ᠃ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠳᠤ᠂ ᠣᠷᠴᠢᠨ ᠠᠬᠤᠢ ᠶᠢ ᠬᠢᠨᠠᠨ ᠬᠡᠮᠵᠢᠬᠦ ᠵᠢᠴᠢ ᠵᠠᠰᠠᠬᠤ ᠦᠢᠯᠡᠴᠢᠯᠡᠭᠡᠨ ᠤ ᠪᠡᠯᠡ ᠣᠷᠣᠭᠤᠯᠤᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠯᠲᠠ ᠶᠢᠨ ᠦᠢᠯᠡᠴᠢᠯᠡᠭᠡᠨ ᠤ ᠪᠡᠯᠡ ᠣᠷᠣᠭᠤᠯᠤᠯᠲᠠ ᠶᠢ ᠲᠤᠰ ᠪᠦᠷᠢ 26.1%᠂ 89.5% ᠪᠠᠷ ᠨᠡᠮᠡᠭᠳᠡᠭᠦᠯᠪᠡ᠃
      ᠭᠤᠷᠪᠠ ᠳᠤ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠪᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠤᠷᠭᠠᠨ ᠬᠥᠮᠦᠵᠢᠯ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 47.4%᠂ 6.3% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ ᠲᠣᠰ ᠲᠣᠰ 11.9%᠂ 5.6% ᠨᠡᠮᠡᠭᠳᠡᠪᠡ᠃ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠬᠦᠷᠢᠶᠡᠨ ᠳᠤ᠂ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ 30.3% ᠨᠡᠮᠡᠭᠳᠡᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ 7.3% ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.7 ᠬᠤᠪᠢ ᠳᠡᠭᠡᠭᠰᠢᠯᠡᠪᠡ︔ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠶᠯᠡᠰ ᠤᠨ ᠪᠠᠯᠠ ᠣᠷᠣᠭᠤᠯᠤᠯᠲᠠ 13.2% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠬᠢ ᠠᠴᠠ 5.7 ᠵᠠᠭᠤᠨ ᠤ ᠴᠡᠭ ᠳᠡᠭᠡᠭᠰᠢᠯᠡᠪᠡ᠃ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠪᠠᠯᠠ ᠣᠷᠣᠭᠤᠯᠤᠯᠲᠠ 10.5% ᠨᠡᠮᠡᠭᠳᠡᠵᠦ᠂ 1 ᠠᠴᠠ 8 ᠳ᠋ᠤᠭᠠᠷ ᠰᠠᠷ᠎ᠠ ᠶᠢᠨ ᠬᠢ ᠲᠠᠢ ᠬᠠᠷᠢᠴᠠᠭᠤᠯᠪᠠᠯ 8.7 ᠵᠠᠭᠤᠨ ᠤ ᠴᠡᠭ ᠳᠡᠭᠡᠭᠰᠢᠯᠡᠪᠡ᠃
      ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠲᠣᠭᠲᠠᠭᠤᠨ ᠪᠠᠶᠢᠵᠤ᠂ ᠰᠡᠷᠭᠦᠯᠲᠡ ᠶᠢᠨ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠨ᠎ᠠ᠂ ᠣᠳᠣᠬᠠᠨ ᠤ ᠬᠡᠷᠡᠭᠯᠡᠭᠡᠨ ᠤ ᠵᠠᠬ᠎ᠠ ᠳᠡᠯᠭᠡᠭᠦᠷ ᠨᠢ ᠶᠠᠮᠠᠷ ᠣᠨᠴᠠᠯᠢᠭ ᠲᠠᠢ ᠪᠣᠶ︖
      ᠰᠢᠶᠠ ᠷᠦᠩ ᠬᠤᠸᠠ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠰᠦᠯᠵᠢᠶᠡᠨ ᠳᠡᠭᠡᠷᠡᠬᠢ ᠬᠡᠷᠡᠭᠯᠡᠭᠡᠨ ᠤ ᠬᠡᠷᠡᠭᠴᠡᠭᠡ ᠲᠠᠰᠤᠷᠠᠯᠲᠠ ᠥᠬᠡᠶ ᠢᠯᠡᠷᠡᠪᠡ᠃
      ᠵᠠᠬ᠎ᠠ ᠳᠡᠯᠭᠡᠭᠦᠷ ᠤᠨ ᠬᠡᠪᠴᠢᠶ᠎ᠡ ᠠᠴᠠ ᠦᠵᠡᠪᠡᠯ᠄ ᠭᠤᠷᠪᠠᠳᠤᠭᠠᠷ ᠤᠯᠠᠷᠢᠯ ᠳᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1258.0 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠨᠢ ᠬᠤᠶᠠᠳᠤᠭᠠᠷ ᠤᠯᠠᠷᠢᠯ ᠤᠨ ᠬᠢ ᠠᠴᠠ 134.2 ᠳ᠋ᠦᠩᠰᠢᠭᠤᠷ ᠲᠥᠭᠦᠷᠢᠭ ᠨᠡᠮᠡᠭᠳᠡᠪᠡ︔ ᠡᠭᠦᠨ ᠠᠴᠠ ᠭᠠᠳᠠᠨ᠎ᠠ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠮᠥᠨ ᠬᠦ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 14.8% ᠨᠡᠮᠡᠭᠳᠡᠵᠡᠢ᠃
      ᠪᠦᠲᠦᠴᠡ ᠠᠴᠠ ᠨᠢ ᠦᠵᠡᠪᠡᠯ᠄ ᠲᠦᠷᠦᠭᠦᠦ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢᠨ ᠳᠣᠲᠣᠷ᠎ᠠ᠂ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠬᠤᠯᠪᠣᠭᠳᠠᠬᠤ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ ᠤᠨ ᠬᠠᠨᠳᠤᠰᠢ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠡᠷᠭᠦᠬᠦ ᠴᠢᠬᠤᠯᠠ ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠪᠥᠬᠦ ᠣᠷᠣᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ ᠲᠣᠰᠣ ᠢᠳᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 10.6% ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠵᠦᠶᠯ ᠤᠨ ᠲᠥᠷᠥᠯ 6.3%᠂ ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠲᠥᠷᠥᠯ 19.7%᠂ ᠴᠢᠯᠠᠭᠤᠨ ᠲᠣᠰᠣ ᠵᠢᠴᠢ ᠦᠶᠯᠡᠳᠬᠦᠨ ᠤ ᠲᠥᠷᠥᠯ 15.6% ᠨᠡᠮᠡᠭᠳᠡᠵᠦ᠂ ᠭᠤᠷᠪᠠᠳᠤᠭᠠᠷ ᠤᠯᠠᠷᠢᠯ ᠳᠤ ᠤᠷᠤᠭᠰᠠᠨ ᠠᠴᠠ ᠨᠠᠭᠠᠰᠢᠬᠢ ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠭᠦᠯᠪᠡ᠃ ᠡᠭᠦᠨ ᠤ ᠬᠠᠮᠲᠤ᠂ ᠲᠡᠰ ᠳᠡᠪᠰᠢᠭᠰᠡᠨ ᠲᠦᠷᠦᠯ ᠤᠨ ᠲᠠᠸᠠᠷ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠠᠢ᠃ ᠰᠢᠨ᠎ᠡ ᠡᠨᠧᠷᠭᠢ ᠶᠢᠨ ᠮᠠᠰᠢᠨ ᠲᠡᠷᠭᠡ ᠪᠠᠷ ᠲᠥᠯᠥᠭᠡᠯᠡᠭᠦᠯᠦᠭᠰᠡᠨ ᠪᠣᠬᠢᠷᠲᠤᠯ ᠥᠬᠡᠶ ᠣᠶᠤᠨᠴᠢ ᠬᠡᠷᠡᠭᠯᠡᠭᠡ ᠦᠷᠭᠦᠯᠵᠢᠯᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.4 ᠳᠠᠬᠢᠨ ᠨᠡᠮᠡᠭᠳᠡᠵᠦ᠂ ᠡᠮᠦᠰᠴᠦ ᠵᠡᠭᠦᠵᠦ ᠪᠣᠯᠬᠤ ᠣᠶᠤᠨᠴᠢ ᠲᠥᠬᠦᠭᠡᠷᠦᠮᠵᠢ ᠠᠳᠠᠯᠢ ᠬᠤᠭᠤᠴᠠᠭᠠᠨ ᠤ ᠬᠢ ᠠᠴᠠ 13.2% ᠨᠡᠮᠡᠭᠳᠡᠪᠡ᠃
      ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠠᠴᠠ ᠦᠵᠡᠪᠡᠯ᠄ ᠰᠦᠯᠵᠢᠶᠡᠨ ᠳᠡᠭᠡᠷᠡᠬᠢ ᠬᠡᠷᠡᠭᠯᠡᠭᠡ ᠬᠥᠭᠵᠢᠶᠡᠨ ᠲᠠᠢ ᠪᠠᠶᠢᠭᠰᠠᠭᠠᠷ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠤᠭ᠎ᠠ 375.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.5% ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠤᠭ᠎ᠠ ᠶᠢᠨ ᠨᠡᠮᠡᠭᠳᠡᠯ ᠤᠨ ᠬᠤᠷᠳᠤᠴᠠ ᠠᠴᠠ 30.3 ᠵᠠᠭᠤᠨ ᠤ ᠴᠡᠭ ᠥᠨᠳᠥᠷ ᠪᠣᠯᠵᠠᠶ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠪᠠ ᠵᠢᠵᠢᠭᠯᠡᠨ ᠬᠤᠳᠠᠯᠳᠤᠬᠤ ᠪᠠ ᠬᠤᠨᠤᠭ ᠬᠤᠭᠤᠯᠠᠨ ᠤ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠥᠷᠨᠢᠭᠦᠯᠬᠦ ᠨᠢᠭᠡᠴᠢ ᠶᠢᠨ ᠲᠤᠭ᠎ᠠ ᠲᠠᠰᠤᠷᠠᠯᠲᠠ ᠥᠬᠡᠶ ᠨᠡᠮᠡᠭᠳᠡᠪᠡ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠣᠯᠠᠨ ᠨᠡᠶᠢᠲᠡ ᠶᠢᠨ ᠰᠦᠯᠵᠢᠶ᠎ᠡ ᠪᠠᠷ ᠳᠡᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ᠂ ᠵᠣᠴᠢᠳ ᠤᠨ ᠥᠷᠥᠭᠡ ᠶᠢᠨ ᠣᠷᠣᠯᠭ᠎ᠠ ᠵᠢᠴᠢ ᠬᠤᠭᠤᠯᠠᠨ ᠰᠦᠶᠳᠬᠡᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 51.6%᠂ 70.4% ᠪᠠ 41.7% ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠠᠴᠠ ᠲᠣᠰ ᠲᠣᠰ 36.8᠂ 55.6 ᠪᠠ 26.9 ᠵᠠᠭᠤᠨ ᠤ ᠴᠡᠭ ᠥᠨᠳᠥᠷ ᠪᠣᠯᠵᠠᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map