ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠢᠨ 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/17


     1 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠤᠨ ᠬᠢᠨ 2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠭᠤᠤᠯ ᠰᠡᠳᠦᠪ ᠢ ᠨᠡᠶᠢᠲᠡᠯᠡᠵᠦ᠂ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠳᠠᠷᠤᠭ᠎ᠠ ᠵᠢᠶᠤᠤ ᡁᠢ ᠵᠢᠶᠦ᠋ᠨ᠂ ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠠᠮᠤᠷ ᠲᠦᠪᠰᠢᠨ ᠤ ᠭᠠᠵᠠᠷ ᠤᠨ ᠳᠠᠷᠤᠭ᠎ᠠ ᠯᠢ ᠾᠧᠩ ᠯᠢᠶᠠᠩ᠂ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠪᠠ ᠪᠠᠶᠢᠴᠠᠭᠠᠨ ᠰᠢᠶᠳᠪᠦᠷᠢᠯᠡᠬᠦ ᠭᠠᠵᠠᠷ ᠤᠨ ᠳᠠᠷᠤᠭ᠎ᠠ ᠰᠦ᠋ ᠴᠢᠩ᠂ ᠬᠥᠬᠡᠬᠤᠲᠠ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠭᠠᠵᠠᠷ ᠤᠨ ᠳᠡᠳ᠋ ᠳᠠᠷᠤᠭ᠎ᠠ ᠯᠢᠦ ᠮᠢᠩ ᠴᠢ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     2020 ᠣᠨ ᠤ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠨᠡᠶᠢᠲᠡᠯᠡᠭᠰᠡᠨ ᠦᠭᠡ
     ᠬᠥᠬᠡᠬᠤᠲᠠ ᠪᠣᠭᠤᠮᠲᠠ ᠶᠢᠨ ᠨᠠᠮ ᠤᠨ ᠬᠤᠷᠢᠶᠠᠨ ᠤ ᠭᠡᠰᠢᠭᠦᠨ᠂ ᠪᠣᠭᠤᠮᠲᠠ ᠶᠢᠨ ᠳᠡᠳ᠋ ᠳᠠᠷᠤᠭ᠎ᠠ ᠸᠠᠩ ᠵᠢᠩ
     ᠳᠣᠤᠷ᠎ᠠ ᠪᠢ ᠣᠯᠠᠨ ᠳᠤ ᠥᠩᠭᠡᠷᠡᠭᠰᠡᠨ ᠨᠢᠭᠡ ᠵᠢᠯ ᠤᠨ ᠲᠤᠷᠰᠢᠬᠢ ᠬᠥᠬᠡᠬᠤᠲᠠ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠨᠡᠭᠡᠭᠡᠯᠲᠡ ᠳᠤ ᠦᠶᠯᠡᠴᠢᠯᠡᠬᠦ ᠠᠷᠭ᠎ᠠ ᠬᠡᠮᠵᠢᠶ᠎ᠡ ᠪᠠ ᠣᠯᠤᠭᠰᠠᠨ ᠦᠷ᠎ᠡ ᠪᠦᠲᠦᠮᠵᠢ ᠶᠢ ᠮᠡᠳᠡᠭᠦᠯᠦᠶ᠎ᠡ᠃
     2020 ᠣᠨ ᠳᠤ᠂ ᠬᠥᠬᠡᠬᠤᠲᠠ ᠪᠣᠭᠤᠮᠲᠠ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠠᠯᠢ ᠣᠯᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠡᠭᠦᠷᠭᠡ ᠶᠢᠨ ᠡᠮᠦᠨ᠎ᠡ᠂ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠵᠦ᠂ ᠪᠣᠭᠤᠮᠲᠠ ᠶᠢᠨ ᠪᠥᠬᠦ ᠬᠦᠴᠦᠨ ᠢᠶᠠᠷ ᠪᠣᠭᠤᠮᠲᠠ ᠭᠠᠷᠠᠮ ᠤᠨ ᠬᠢᠵᠢᠭ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠂ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠨ ᠪᠠᠭᠤᠯᠭᠠᠬᠤ ᠡᠭᠡᠯᠵᠢ ᠶᠢᠨ ᠨᠢᠰᠬᠡᠯ ᠤᠨ ᠵᠢᠭᠠᠨ ᠲᠣᠭᠲᠠᠭᠠᠭᠰᠠᠨ ᠬᠢᠯᠢ ᠳᠤ ᠣᠷᠣᠬᠤ ᠨᠢᠭᠡᠳᠦᠭᠡᠷ ᠴᠡᠭ ᠤᠨ ᠪᠣᠭᠤᠮᠲᠠ ᠶᠢᠨ ᠬᠢᠵᠢᠭ ᠪᠠᠶᠢᠴᠠᠭᠠᠵᠤ ᠰᠢᠶᠳᠪᠦᠷᠢᠯᠡᠬᠦ ᠠᠵᠢᠯ ᠢ ᠡᠷᠡᠰ ᠡᠭᠦᠷᠭᠡᠯᠡᠵᠦ᠂ ᠳᠤᠮᠳᠠᠳᠤ ᠮᠣᠩᠭᠤᠯ ᠤᠨ ᠬᠠᠭᠤᠷᠠᠶ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠬᠦ ᠶᠢ ᠴᠢᠩᠭ᠎ᠠ ᠬᠦᠯᠢᠶᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠨᠢᠭᠡᠳᠦᠭᠡᠷ ᠪᠠᠶᠢᠷᠢ ᠪᠠ ᠨᠢᠭᠡᠳᠦᠭᠡᠷ ᠬᠠᠷᠠᠭᠤᠯ ᠢ ᠪᠠᠲᠤ ᠰᠠᠬᠢᠵᠦ᠂ ᠬᠠᠭᠤᠷᠠᠶ ᠵᠠᠮ ᠤᠨ ᠪᠣᠭᠤᠮᠲᠠ ᠳᠤ ︽ᠭᠠᠳᠠᠭᠰᠢ ᠭᠠᠷᠭᠠᠬᠤ ᠥᠬᠡᠶ︾᠂ ︽ᠳᠣᠲᠤᠭᠰᠢ ᠣᠷᠣᠭᠤᠯᠬᠤ ᠥᠬᠡᠶ︾᠂ ᠠᠭᠠᠷ ᠤᠨ ᠠᠶᠠᠯᠠᠯ ᠤᠨ ᠪᠣᠭᠤᠮᠲᠠ ᠶᠢᠨ ︽ᠪᠠᠶᠢᠴᠠᠭᠠᠯᠲᠠ ᠠᠴᠠ ᠬᠤᠴᠤᠷᠬᠤ ᠦᠭᠡᠢ︾ ︽ᠲᠠᠷᠬᠠᠭᠠᠬᠤ ᠦᠭᠡᠢ︾ ᠪᠠᠶᠢᠬᠤ ᠶᠢ ᠡᠷᠡᠰ ᠪᠠᠲᠤᠯᠠᠪᠠ᠃ ᠨᠠᠷᠢᠨ ᠪᠤᠳᠤᠯᠢᠶᠠᠨᠲᠠᠶ ᠭᠠᠳᠠᠭᠠᠳᠤ ᠠᠷᠠᠯᠵᠢᠶᠠᠨ ᠤ ᠪᠠᠶᠢᠳᠠᠯ ᠤᠨ ᠡᠮᠦᠨ᠎ᠡ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ᠪᠣᠭᠤᠮᠲᠠ ᠶᠢᠨ ᠡᠭᠦᠷᠭᠡ ᠴᠢᠳᠠᠪᠬᠢ ᠪᠠᠨ ᠢᠳᠡᠪᠬᠢᠲᠡᠶ ᠭᠦᠶᠴᠡᠳᠬᠡᠵᠦ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠪᠠ᠃ ᠭᠡᠬᠦ ᠳᠤ᠂ ᠬᠢᠵᠢᠭ ᠤᠨ ᠨᠥᠯᠥᠭᠡ ᠠᠴᠠ ᠪᠣᠯᠵᠣ᠂ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︵ᠦᠪᠦᠷ ᠮᠣᠩᠭᠤᠯ ᠭᠡᠵᠦ ᠲᠣᠪᠴᠢᠯᠠᠨ᠎ᠠ︶ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠥᠷᠲᠡᠭ ᠨᠢ 1043.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶

4.9% ᠪᠠᠷ ᠪᠠᠭᠤᠷᠠᠪᠠ᠃ ᠡᠭᠦᠨ ᠳᠤ᠂ ᠭᠠᠳᠠᠭᠠᠳᠤ ᠭᠠᠷᠭᠠᠯᠲᠠ ᠨᠢ 349.1 ᠳ᠋ᠦᠩᠰᠢᠭᠤᠷ ᠲᠥᠭᠦᠷᠢᠭ ᠲᠤ ᠬᠦᠷᠴᠦ᠂ 7.4% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 694.2 ᠳ᠋ᠦᠩᠰᠢᠭᠤᠷ ᠲᠥᠭᠦᠷᠢᠭ ᠲᠤ ᠬᠦᠷᠴᠦ᠂ 3.7% ᠪᠠᠷ ᠪᠠᠭᠤᠷᠠᠪᠠ᠃ ᠶᠡᠷᠦᠩᠬᠡᠶ ᠳᠤ ᠨᠢ ᠠᠪᠴᠤ ᠦᠵᠡᠪᠡᠯ ᠥᠪᠥᠷ ᠮᠣᠩᠭᠤᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠤᠨ ᠪᠠᠭᠤᠷᠠᠯᠲᠠ ᠶᠢᠨ ᠬᠡᠮᠵᠢᠶ᠎ᠡ ᠠᠯᠬᠤᠮ ᠠᠯᠬᠤᠮ ᠢᠶᠠᠷ ᠪᠠᠭᠠᠰᠴᠤ᠂ 2020 ᠣᠨ ᠤ 12 ᠳ᠋ᠤᠭᠠᠷ ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠨᠢ 97.3 ᠳ᠋ᠦᠩᠰᠢᠭᠤᠷ ᠲᠥᠭᠦᠷᠢᠭ ᠲᠤ ᠬᠦᠷᠴᠦ᠂ 3.6% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠭᠠᠷᠭᠠᠯᠲᠠ ᠨᠢ 33.7 ᠳ᠋ᠦᠩᠰᠢᠭᠤᠷ ᠲᠥᠭᠦᠷᠢᠭ ᠲᠤ ᠬᠦᠷᠴᠦ᠂ 19.2% ᠢᠶᠠᠷ ᠪᠠᠭᠤᠷᠠᠪᠠ︔ ᠭᠠᠳᠠᠭᠠᠳᠤ ᠣᠷᠣᠭᠤᠯᠤᠯᠲᠠ ᠨᠢ 63.6 ᠳ᠋ᠦᠩᠰᠢᠭᠤᠷ ᠲᠥᠭᠦᠷᠢᠭ ᠲᠤ ᠬᠦᠷᠴᠦ᠂ 21.7% ᠪᠠᠷ ᠨᠡᠮᠡᠭᠳᠡᠪᠡ᠃
    ᠨᠢᠭᠡ᠂ ᠭᠠᠳᠠᠭᠠᠳᠤ ᠠᠷᠠᠯᠵᠢᠶ᠎ᠠ ᠳᠤ ᠦᠢᠯᠡᠴᠢᠯᠡᠬᠦ ᠲᠦᠷᠦ ᠶᠢᠨ ᠪᠤᠳᠤᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠬᠦ
     ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠨᠢᠭᠲᠠᠷᠠᠭᠤᠯᠤᠨ ᠨᠡᠶᠢᠲᠡᠯᠡᠪᠡ᠃ ᠡᠨᠡ ᠵᠢᠯ ᠠᠴᠠ ᠨᠠᠭᠠᠰᠢ᠂ ᠬᠥᠬᠡᠬᠤᠲᠠ ᠪᠣᠭᠤᠮᠲᠠ ᠨᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠵᠦ᠂ ᠡᠯ᠎ᠡ ᠲᠥᠷᠥᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠢᠭᠲᠠᠷᠠᠭᠤᠯᠤᠨ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠨᠠᠷᠢᠯᠢᠭᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ ᠬᠤᠶᠠᠷ ᠱᠠᠲᠤᠨ ᠤ ᠨᠠᠮ ᠤᠨ ᠬᠤᠷᠢᠶᠠᠨ ᠤ ᠭᠡᠰᠢᠭᠦᠨ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ ᠲᠣᠭᠲᠠᠴᠠ ᠶᠢ ᠪᠠᠶᠢᠭᠤᠯᠪᠠ᠃ ᠪᠤᠭᠤᠮᠲᠠ ᠶᠢᠨ ᠨᠠᠮ ᠤᠨ ᠬᠤᠷᠢᠶ᠎ᠠ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠴᠠᠭ ᠲᠤᠬᠠᠢ ᠳᠤ ᠨᠢ ᠰᠣᠨᠣᠰᠪᠠ᠃
     ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠪᠠ᠃ ᠪᠣᠭᠤᠮᠲᠠ ᠶᠢᠨ ᠣᠷᠣᠨ ᠤ ᠭᠤᠤᠯᠳᠠᠯᠭ᠎ᠠ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠨᠡᠷᠡᠰ ᠢ ᠡᠮᠬᠢᠯᠡᠨ ᠳᠢᠭᠯᠡᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠡᠬᠡ ᠲᠠᠩᠰᠠ ᠪᠠᠶᠢᠭᠤᠯᠵᠤ᠂ 112 ᠭᠤᠤᠯᠳᠠᠯᠭ᠎ᠠ ᠲᠠᠢ ᠠᠵᠤ ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠵᠦ  ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶᠯᠡᠳᠦᠯ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠭᠠᠳᠠᠭᠠᠳᠤ ᠳᠠᠬᠢ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠨ ᠨᠡᠮᠡᠷᠢᠯᠡᠵᠦ᠂ ᠨᠢᠭᠡ ᠠᠵᠤ ᠠᠬᠤᠶᠢᠯᠠᠯ ᠢ ᠬᠠᠪᠰᠤᠷᠤᠨ ᠲᠡᠳᠬᠦᠬᠦ᠂ ᠨᠢᠭᠡ ᠲᠥᠷᠥᠯ ᠤᠨ ᠬᠦᠴᠢᠷ ᠠᠰᠠᠭᠤᠳᠠᠯ ᠢ ᠰᠢᠶᠳᠪᠦᠷᠢᠯᠡᠬᠦ᠂ ᠨᠢᠭᠡ ᠲᠠᠯ᠎ᠠ ᠶᠢᠨ ᠠᠵᠤ ᠠᠬᠤᠶ ᠶᠢ ᠳᠠᠶᠢᠴᠢᠯᠠᠬᠤ ᠦᠶᠯᠡᠴᠢᠯᠡᠭᠡᠨ ᠤ ᠦᠷ᠎ᠡ ᠪᠦᠲᠦᠮᠵᠢ ᠶᠢ ᠪᠣᠶ ᠪᠣᠯᠭᠠᠪᠠ᠃
     ᠠᠵᠤ ᠠᠬᠤᠶᠢᠯᠠᠯ ᠤᠨ ᠲᠤᠰᠬᠠᠭᠰᠠᠨ ︽ᠠᠰᠠᠭᠤᠳᠠᠯ ᠢ ᠦᠭᠡᠶᠢᠰᠬᠡᠬᠦ︾ ᠲᠦᠷᠢᠮ ᠢ ᠬᠡᠷᠡᠭᠵᠢᠭᠦᠯᠪᠡ᠃ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠴᠤᠭᠯᠠᠭᠤᠯᠤᠨ ᠰᠢᠶᠳᠪᠦᠷᠢᠯᠡᠵᠦ ᠬᠠᠷᠢᠭᠤ ᠲᠤᠰᠬᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠪᠠ ᠬᠦᠴᠢᠷᠳᠡᠯ ᠢ ᠥᠷᠭᠡᠨ ᠢᠶᠠᠷ ᠴᠤᠭᠯᠠᠭᠤᠯᠵᠤ᠂ ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠭᠠᠭᠠᠯᠭᠠᠨ ᠲᠦᠷᠦᠭᠦᠯᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠶᠳᠪᠦᠷᠢᠯᠡᠬᠦ ᠳᠤ ᠬᠦᠴᠦᠨ ᠨᠡᠮᠡᠷᠢᠯᠡᠪᠡ᠃
    ᠬᠤᠶᠠᠷ᠂ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ
     ᠬᠥᠬᠡᠬᠤᠲᠠ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠦᠷᠭᠡᠨ ᠬᠥᠭᠵᠢᠯᠲᠡ ᠶᠢᠨ ᠵᠠᠮ ᠳᠤ ᠣᠷᠣᠬᠤ ᠶᠢ ᠠᠬᠢᠭᠤᠯᠪᠠ᠃ 14 ᠵᠦᠶᠯ ᠤᠨ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠠᠵᠢᠯ ᠤᠨ ᠲᠣᠭᠲᠠᠴᠠ ᠪᠠ ᠬᠡᠷᠡᠭᠵᠢᠭᠦᠯᠬᠦ ᠨᠠᠷᠢᠨ ᠲᠦᠷᠢᠮ ᠨᠡᠶᠢᠲᠡᠯᠡᠬᠦ ᠶᠢ ᠠᠬᠢᠭᠤᠯᠪᠠ᠃ 2020 ᠣᠨ ᠳᠤ᠂ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠢ ᠲᠣᠰ ᠲᠣᠰ 9.3 ᠳ᠋ᠦᠩᠰᠢᠭᠤᠷ ᠲᠥᠭᠦᠷᠢᠭ᠂ 4.1 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠲᠣᠰ ᠨᠢᠳᠤᠨᠤᠨ ᠤ 6.8 ᠳᠠᠬᠢᠨ᠂ 161.4 ᠳᠠᠬᠢᠨ ᠪᠣᠯᠪᠠ︔ ᠳᠣᠯᠣᠳᠤᠭᠠᠷ ᠰᠤᠮᠤ ᠳᠠᠬᠢ ᠭᠠᠶᠢᠯᠢ ᠪᠠᠲᠤᠯᠠᠬᠤ ᠪᠠᠷᠠᠭ᠎ᠠ ᠭᠦᠶᠯᠭᠡᠭᠡᠨ ᠤ ᠲᠥᠪ ︵B ᠬᠡᠯᠪᠡᠷᠢ︶ ᠤᠨ ᠠᠩᠬᠠᠨ ᠤ ᠵᠢᠯ ᠤᠨ ᠠᠵᠢᠯᠯᠠᠭᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ ᠨᠢ ᠨᠢᠭᠡᠨᠲᠡ 2.01 ᠳ᠋ᠦᠩᠰᠢᠭᠤᠷ ᠲᠥᠭᠦᠷᠢᠭ ᠲᠤ ᠬᠦᠷᠪᠡ᠃
     ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠢᠨ᠎ᠡ ᠠᠷᠠᠯᠵᠢᠶᠠᠨ ᠤ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠶᠡᠬᠡᠪᠡᠷ ᠳᠡᠮᠵᠢᠪᠡ᠃ ᠳᠤᠮᠳᠠᠳᠤ ᠤᠯᠤᠰ ︵ᠬᠥᠬᠡᠬᠤᠲᠠ︶ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠬᠤ ᠶᠢ ᠠᠬᠢᠭᠤᠯᠵᠤ᠂ ᠪᠣᠭᠤᠮᠲᠠ ᠶᠢᠨ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠶᠢᠯᠢ ᠪᠠᠲᠤᠯᠠᠬᠤ ᠪᠠ ᠰᠢᠭᠤᠳ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠵᠥᠭᠡᠯᠡᠨ ᠬᠠᠲᠠᠭᠤ ᠬᠡᠷᠡᠭᠰᠡᠯ ᠤᠨ ᠰᠢᠰᠲ᠋ᠧᠮ ᠢ ᠪᠦᠬᠦᠨ ᠢ ᠤᠷᠤᠭᠰᠢᠲᠠᠶ ᠨᠡᠪᠲᠡᠷᠡᠭᠦᠯᠪᠡ᠃ 2020 ᠣᠨ ᠳᠤ᠂ ᠬᠥᠬᠡᠬᠤᠲᠠ ᠪᠣᠭᠤᠮᠲᠠ ᠠᠴᠠ ᠭᠠᠳᠠᠭᠠᠳᠤ ᠠᠴᠠ ᠣᠷᠣᠭᠤᠯᠤᠭᠰᠠᠨ ᠰᠦᠯᠵᠢᠶ᠎ᠡ ᠪᠠᠷ ᠬᠤᠳᠠᠯᠳᠤᠨ ᠠᠪᠤᠭᠰᠠᠨ ᠭᠠᠶᠢᠯᠢ ᠪᠠᠲᠤᠯᠠᠬᠤ ᠪᠠᠷᠠᠭ᠎ᠠ ᠶᠢ ᠨᠡᠶᠢᠲᠡ 332 ᠪᠢᠯᠧᠲ᠂ ᠡᠩ ᠤᠨ ᠭᠠᠳᠠᠭᠠᠳᠤ ᠳᠤ ᠭᠠᠷᠭᠠᠬᠤ ᠪᠠᠷᠠᠭ᠎ᠠ ᠶᠢ ᠵᠢᠵᠢᠭᠯᠡᠨ ᠬᠤᠳᠠᠯᠳᠤᠬᠤ ᠳᠤ ᠨᠡᠶᠢᠲᠡ 3.13 ᠲᠦᠮᠡᠨ ᠪᠢᠯᠧᠲ ᠬᠢᠨᠠᠨ ᠬᠠᠮᠢᠶᠠᠷᠪᠠ᠃
     ᠪᠣᠭᠤᠮᠲᠠ ᠶᠢᠨ ᠨᠡᠭᠡᠭᠡᠯᠲᠡ ᠶᠢᠨ ᠲᠠᠰ ᠳᠠᠪᠬᠤᠷᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠪᠡ᠃ ᠥᠯᠵᠡᠶ ᠪᠣᠭᠤᠮᠲᠠ ᠲᠦᠷ ᠴᠠᠭ ᠨᠡᠭᠡᠭᠡᠬᠦ ᠵᠥᠪᠰᠢᠶᠡᠷᠡᠯ ᠣᠯᠵᠤ᠂ ᠠᠯᠠᠱᠠ ᠪᠣᠭᠤᠮᠲᠠ ᠵᠢᠩᠬᠢᠨᠢ ᠪᠠᠷ ᠫᠠᠶᠢᠰᠠ ᠡᠯᠭᠦᠪᠡ᠃ ᠬᠥᠬᠡᠬᠤᠲᠠ ᠶᠢᠨ ᠠᠭᠠᠷ ᠤᠨ ᠠᠶᠠᠯᠠᠯ ᠤᠨ ᠪᠣᠭᠤᠮᠲᠠ᠂ ᠤᠷᠳᠤᠰ ᠤᠨ ᠠᠭᠠᠷ ᠤᠨ ᠠᠶᠠᠯᠠᠯ ᠤᠨ ᠪᠣᠭᠤᠮᠲᠠ ᠶᠢᠨ ᠵᠢᠮᠢᠰ᠂ ᠮᠥᠰᠦᠯᠢᠭ ᠰᠢᠨ᠎ᠡ ᠰᠣᠷᠭᠤᠭ ᠤᠰᠤᠨ ᠭᠠᠷᠤᠯᠲᠠ ᠵᠡᠷᠭᠡ ᠭᠠᠳᠠᠭᠠᠳᠤ ᠣᠷᠤᠭᠤᠯᠤᠯᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠭᠠᠵᠠᠷ ᠭᠤᠶᠤᠴᠢᠯᠠᠨ ᠮᠡᠳᠡᠭᠦᠯᠬᠦ ᠶᠢ ᠳᠡᠮᠵᠢᠪᠡ᠃ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠤᠨ ᠭᠠᠳᠠᠭᠠᠳᠤ ᠠᠴᠠ ᠣᠷᠣᠭᠤᠯᠤᠭᠰᠠᠨ ᠲᠠᠸᠠᠷ ᠡᠳ᠋ᠰᠢᠭᠦᠯᠬᠦ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠪᠡ᠃
    ᠭᠤᠷᠪᠠ᠂ ᠬᠢᠨᠠᠨ ᠬᠠᠮᠢᠶᠠᠷᠴᠤ ᠪᠣᠭᠤᠮᠲᠠ ᠪᠠᠷ ᠥᠩᠭᠡᠷᠡᠭᠦᠯᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ
     ᠪᠣᠭᠤᠮᠲᠠ ᠶᠢᠨ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠭᠠᠳᠠᠭᠠᠳᠤ ᠣᠷᠤᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠬᠡᠮᠵᠢᠶ᠎ᠡ ᠶᠢ ᠨᠡᠮᠡᠭᠳᠡᠭᠦᠯᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠵᠤ ᠬᠠᠭᠤᠷᠠᠶ ᠵᠠᠮ ᠤᠨ ᠪᠣᠭᠤᠮᠲᠠ ᠪᠠᠷ ᠥᠩᠭᠡᠷᠡᠬᠦ ᠳᠤ ᠥᠨᠳᠦᠷ ᠪᠦᠲᠦᠮᠵᠢᠲᠠᠢ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠪᠠ᠃ ᠪᠣᠭᠤᠮᠲᠠ ᠥᠩᠭᠡᠷᠡᠬᠦ ᠴᠠᠭ ᠢ ᠤᠷᠲᠤᠳᠬᠠᠵᠤ᠂ ᠬᠡᠰᠡᠭ ᠪᠣᠭᠤᠮᠲᠠ ᠶᠢᠨ ᠲᠤᠬᠠᠶ ᠶᠢᠨ ᠲᠠᠯᠠᠪᠠᠶ ᠶᠢᠨ ᠠᠵᠢᠯᠯᠠᠬᠤ ᠴᠠᠭ ᠢ ᠤᠤᠯ ᠤᠨ ᠥᠷᠯᠦᠭᠡᠨ ᠤ ᠨᠠᠢᠮᠠᠨ ᠴᠠᠭ ᠠᠴᠠ ᠣᠷᠣᠶ ᠶᠢᠨ ᠨᠠᠢᠮᠠᠨ ᠴᠠᠭ

︵8᠄ 00 - 20᠄ 00︶ ᠪᠠᠶᠢᠭᠰᠠᠨ ᠠᠴᠠ ᠨᠢ ᠥᠷᠯᠥᠭᠡᠨ ᠤ ᠨᠠᠢᠮᠠᠨ ᠴᠠᠭ ᠠᠴᠠ ᠣᠷᠣᠶ ᠶᠢᠨ ᠠᠷᠪᠠᠨ ᠴᠠᠭ ︵8᠄ 00 - 22᠄ 00︶ ᠪᠣᠯᠭᠠᠨ ᠤᠷᠲᠤᠳᠬᠠᠬᠤ ᠶᠢᠨ ᠬᠠᠮᠲᠤ᠂ ᠪᠣᠳᠠᠲᠤ ᠪᠠᠶᠢᠳᠠᠯ ᠢᠶᠠᠨ ᠦᠨᠳᠦᠰᠦᠯᠡᠨ ᠪᠣᠭᠤᠮᠲᠠ ᠬᠠᠭᠠᠬᠤ ᠴᠠᠭ ᠢ ᠳᠠᠬᠢᠨ ᠵᠣᠬᠢᠬᠤ ᠬᠡᠮᠵᠢᠶ᠎ᠡ ᠪᠠᠷ ᠤᠷᠲᠤᠳᠬᠠᠵᠤ᠂ ᠬᠢᠯᠢ ᠠᠴᠠ ᠭᠠᠷᠬᠤ ᠲᠡᠷᠭᠡ ᠬᠥᠰᠬᠡ ᠶᠢ ᠠᠯᠢ ᠴᠢᠳᠠᠬᠤ ᠪᠠᠷ ᠲᠠᠯᠪᠢᠬᠤ ᠶᠢ ᠪᠠᠲᠤᠯᠠᠪᠠ᠃ ᠠᠵᠢᠯᠯᠠᠬᠤ ᠴᠤᠪᠤᠷᠠᠯ ᠢ ︽ᠠᠯᠢ ᠴᠢᠳᠠᠬᠤ ᠪᠠᠷ ᠲᠥᠷᠭᠡᠳᠬᠡᠵᠦ︾᠂ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠴᠤᠪᠤᠷᠠᠯ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠤᠶᠤᠨᠲᠦ ᠪᠤᠭᠤᠮᠲᠠ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠬᠠᠷᠢᠴᠠᠯ ᠢ ᠳᠡᠭᠡᠭᠰᠢᠯᠡᠭᠦᠯᠵᠦ᠂ ᠪᠠᠶᠢᠴᠠᠭᠠᠯᠲᠠ ᠳᠤ ᠬᠤᠯᠪᠣᠭᠳᠠᠭᠰᠠᠨ ᠪᠠᠷᠠᠭ᠎ᠠ ᠶᠢ ᠪᠠᠶᠢᠴᠠᠭᠠᠨ ᠰᠢᠯᠭᠠᠬᠤ ᠴᠠᠭ ᠢ ᠵᠦᠶ ᠵᠣᠬᠢᠰᠲᠠᠶ ᠪᠣᠭᠤᠨᠢᠰᠬᠠᠪᠠ᠃ 8 - 12 ᠳ᠋ᠤᠭᠠᠷ ᠰᠠᠷ᠎ᠠ ᠳᠤ᠂ ᠬᠥᠬᠡᠬᠤᠲᠠ ᠪᠣᠭᠤᠮᠲᠠ ᠶᠢᠨ ᠣᠷᠤᠨ ᠤ ᠵᠠᠰᠠᠮᠠᠯ ᠵᠠᠮ ᠤᠨ ᠪᠣᠭᠤᠮᠲᠠ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠢ 1761.3 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠪᠡ᠃
     ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠪᠠ᠃ ︽ᠤᠷᠢᠳᠴᠢᠯᠠᠨ ᠭᠤᠶᠤᠴᠢᠯᠠᠨ ᠮᠡᠳᠡᠭᠦᠯᠵᠦ᠂ ᠪᠣᠭᠤᠮᠲᠠ ᠶᠢ ᠰᠢᠯᠭᠠᠨ ᠥᠩᠭᠡᠷᠡᠭᠦᠯᠬᠦ︾ ᠪᠠᠷᠠᠭᠠᠨ ᠤ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠴᠢᠨᠠᠷ ᠰᠠᠶᠢᠲᠠᠶ ᠠᠵᠢᠯᠯᠠᠭᠤᠯᠵᠤ᠂ ᠪᠣᠭᠤᠮᠲᠠ ᠶᠢᠨ ᠣᠷᠣᠨ ᠤ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠢ ᠴᠥᠮ ᠵᠢᠵᠢᠭᠦᠷᠴᠢᠨ ᠥᠬᠡᠶ ᠪᠠᠷ ᠠᠦ᠋ᠲ᠋ᠣ᠋ ᠪᠠᠷ ᠰᠢᠯᠭᠠᠨ ᠥᠩᠭᠡᠷᠡᠭᠦᠯᠬᠦ ᠪᠣᠯᠭᠠᠪᠠ᠃ 5 ᠵᠠᠰᠠᠮᠠᠯ ᠵᠠᠮ ᠤᠨ ᠪᠣᠭᠤᠮᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ ᠨᠡᠪᠲᠡᠷᠡᠬᠦ ᠵᠠᠮ ᠪᠦᠬᠦᠨ ᠳᠤ ᠤᠶᠤᠨᠲᠤ ᠪᠣᠭᠤᠮᠲᠠ ᠪᠠᠶᠢᠭᠤᠯᠪᠠ᠃ ︽ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ 2020 ᠣᠨ ᠤ ᠪᠣᠷᠣ ᠲᠥᠯᠥᠪ ᠤᠨ ᠲᠥᠰᠦᠯ︾ ᠢ ᠨᠠᠶᠢᠳᠠᠪᠤᠷᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠭᠤᠮᠲᠠ ᠥᠩᠭᠡᠷᠡᠬᠦ ᠵᠠᠭᠪᠤᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ ᠪᠠᠭᠠᠰᠬᠠᠨ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠵᠦ ᠪᠣᠭᠤᠮᠲᠠ ᠪᠠᠷ ᠥᠩᠭᠡᠷᠡᠬᠦ ᠵᠠᠭᠪᠤᠷ ᠤᠨ ᠬᠡᠷᠡᠭᠯᠡᠭᠡᠨ ᠤ ᠨᠣᠷᠮ᠎ᠠ ᠶᠢ 16% ᠠᠴᠠ ᠳᠠᠪᠠᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠦᠶᠯᠡᠴᠢᠯᠡᠭᠡ ᠶᠢ ᠰᠢᠯᠢᠳᠡᠭᠵᠢᠭᠦᠯᠵᠦ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶᠳᠪᠦᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ᠶᠢ ᠪᠡᠶᠡᠯᠡᠭᠦᠯᠬᠦ ᠶᠢ ᠠᠬᠢᠭᠤᠯᠵᠤ᠂ ᠣᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ︾ ᠶᠢᠨ ᠭᠤᠤᠯ ᠪᠣᠯᠬᠤ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠨᠣᠷᠮ᠎ᠠ ᠶᠢ 100% ᠪᠠᠷ ᠪᠠᠲᠤᠯᠠᠪᠠ᠃ ︽ᠡᠭᠦᠳᠡᠨ ᠳᠤ ᠬᠥᠷᠬᠦ︾ ᠲᠡᠭᠡᠭᠡᠪᠦᠷᠢ ᠶᠢᠨ ᠰᠢᠭᠤᠳ ᠨᠡᠪᠲᠡᠷᠡᠬᠦ ᠲᠡᠷᠭᠡ TIR ︵ᠣᠯᠠᠨ ᠤᠯᠤᠰ ᠤᠨ ᠵᠠᠮ ᠲᠡᠭᠡᠭᠡᠪᠦᠷᠢ ᠶᠢᠨ ᠨᠡᠶᠢᠲᠡ ᠶᠢᠨ ᠭᠡᠷ᠎ᠡ︶ ᠶᠢᠨ ᠲᠤᠬᠠᠶᠢᠯᠠᠭᠰᠠᠨ ᠠᠵᠢᠯ ᠲᠦᠷᠭᠡᠨ ᠬᠥᠭᠵᠢᠵᠦ᠂ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠥᠬᠦ ᠵᠢᠯ ᠳᠤ TIR ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠶᠢᠲᠡ 781 ᠪᠢᠯᠧᠲ ᠭᠦᠶᠴᠡᠳᠬᠡᠵᠦ᠂ ᠡᠭᠦᠨ ᠳᠤ᠂ ᠬᠢᠯᠢ ᠪᠠᠷ ᠣᠷᠣᠭᠤᠯᠬᠤ ᠲᠤᠬᠠᠶᠢᠯᠠᠭᠰᠠᠨ ᠠᠵᠢᠯ 773 ᠪᠢᠯᠧᠲ ᠪᠠᠶᠢᠵᠤ᠂ ᠪᠥᠬᠦ ᠤᠯᠤᠰ ᠤᠨ ᠨᠢᠭᠡᠳᠦᠭᠡᠷ ᠲᠤ ᠣᠷᠣᠪᠠ᠃
     ︽ᠳᠤᠮᠳᠠᠳᠤ ᠢᠶᠠᠷ ᠨᠡᠪᠲᠡᠷᠡᠬᠦ ᠵᠠᠮ︾ ᠤᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠲᠦᠷᠭᠡᠨ ᠨᠡᠮᠡᠭᠳᠡᠯ ᠢ ᠪᠠᠲᠤᠯᠠᠬᠤ ᠳᠤ ᠬᠦᠴᠦᠨ ᠨᠡᠮᠡᠷᠢᠯᠡᠪᠡ᠃ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ︽ᠬᠥᠬᠡᠬᠤᠲᠠ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠥᠭᠵᠢᠯᠲᠡ ᠶᠢ ᠳᠡᠮᠵᠢᠬᠦ 22 ᠵᠤᠷᠪᠤᠰ ᠠᠷᠭ᠎ᠠ ᠬᠡᠮᠵᠢᠶ᠎ᠡ︾ ᠶᠢ ᠲᠣᠭᠲᠠᠭᠠᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠬᠦᠴᠦᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠳᠤ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠪᠠᠷ ᠳᠡᠮᠵᠢᠨ 2384 ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢ ᠬᠢᠯᠢ ᠪᠠᠷ ᠣᠷᠣᠭᠤᠯᠵᠤ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 60% ᠪᠠᠷ ᠨᠡᠮᠡᠭᠳᠡᠵᠦ᠂ ᠴᠢᠩᠭᠡᠯᠢᠭ ᠤᠨ ᠳᠦᠭᠦᠷᠡᠩ ᠠᠴᠢᠶ᠎ᠠ ᠶᠢᠨ ᠨᠣᠷᠮ᠎ᠠ ᠨᠢ 99.54% ᠳᠤ ᠬᠥᠷᠪᠡ᠃ ︽ᠳᠤᠮᠳᠠᠳᠤ ᠪᠠᠷ ᠨᠡᠪᠲᠡᠷᠡᠬᠦ ᠵᠠᠮ︾ ᠤᠨ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠨᠡᠮᠡᠭᠳᠡᠯ ᠤᠨ ᠨᠣᠷᠮ᠎ᠠ ᠨᠢ ᠭᠤᠷᠪᠠᠨ ᠨᠡᠪᠲᠡᠷᠡᠬᠦ ᠵᠠᠮ ᠤᠨ ᠳᠥᠷᠪᠡᠨ ᠶᠡᠭᠡ ᠪᠣᠭᠤᠮᠲᠠ ︵ᠬᠤᠷᠭᠤᠰ᠂ ᠠᠯᠠᠱᠠ᠂ ᠡᠷᠢᠶᠡᠨ ᠬᠤᠲᠠ᠂ ᠮᠠᠨᠵᠤᠤᠷ︶ ᠶᠢᠨ ᠲᠡᠷᠢᠭᠦᠨ ᠳᠤ ᠣᠷᠣᠵᠤ᠂ ᠬᠤᠭᠤᠰᠣᠨ ᠬᠠᠶᠢᠷᠴᠠᠭ ᠤᠨ ᠨᠣᠷᠮ᠎ᠠ ᠶᠡᠭᠡ ᠪᠠᠷ ᠪᠠᠭᠤᠷᠠᠪᠠ᠃
     ᠳᠥᠷᠪᠡ᠂ ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠬᠦᠴᠦᠯᠡᠨ ᠰᠢᠯᠢᠳᠡᠭᠵᠢᠭᠦᠯᠬᠦ
     ᠪᠣᠭᠤᠮᠲᠠ ᠪᠠᠷ ᠥᠩᠭᠡᠷᠡᠬᠦ ᠴᠠᠭ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠪᠡ᠃ ᠠᠵᠤ ᠠᠬᠤᠶᠢᠯᠠᠯ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠭᠤᠶᠤᠴᠢᠯᠠᠨ ᠮᠡᠳᠡᠭᠦᠯᠬᠦ ᠭᠤᠭᠴᠤᠭ᠎ᠠ ᠳᠤ ᠭᠡᠷ᠎ᠡ ᠲᠤᠰᠢᠶᠠᠬᠤ᠂ ᠬᠠᠶᠢᠷᠴᠠᠭᠯᠠᠬᠤ ᠬᠠᠭᠤᠳᠠᠰᠤ ᠵᠡᠷᠭᠡ ᠳᠠᠭᠠᠯᠳᠤᠭᠤᠯᠤᠯ ᠬᠠᠭᠤᠳᠠᠰᠤ ᠪᠠᠷᠢᠮᠲᠠ ᠵᠡᠷᠭᠡ ᠶᠢ ᠥᠯᠥ ᠲᠤᠰᠢᠶᠠᠵᠤ ᠪᠣᠭᠤᠮᠲᠠ ᠪᠠᠷ ᠥᠩᠭᠡᠷᠡᠭᠦᠯᠬᠦ ᠶᠢ ᠳᠥᠭᠦᠮᠴᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ᠃ 2020 ᠣᠨ ᠤ 12 ᠳ᠋ᠤᠭᠠᠷ ᠰᠠᠷ᠎ᠠ ᠳᠤ᠂ ᠬᠥᠬᠡᠬᠤᠲᠠ ᠪᠣᠭᠤᠮᠲᠠ ᠶᠢᠨ ᠭᠠᠳᠠᠭᠠᠳᠤ ᠣᠷᠤᠭᠤᠯᠤᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 29.55 ᠴᠠᠭ ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ ᠪᠠᠭᠠᠰᠪᠠ᠃ ᠭᠠᠳᠠᠭᠠᠳᠤ ᠭᠠᠷᠭᠠᠯᠲᠠ ᠶᠢᠨ ᠪᠣᠭᠤᠮᠲᠠ ᠪᠠᠷ ᠥᠩᠭᠡᠷᠡᠬᠦ ᠪᠦᠬᠦᠯᠢ ᠴᠣᠭᠴᠠ ᠶᠢᠨ ᠴᠠᠭ ᠨᠢ 0.37 ᠴᠠᠭ ᠪᠠᠶᠢᠵᠤ᠂ 2017 ᠣᠨ ᠤ ᠬᠢ ᠲᠠᠢ ᠬᠠᠷᠢᠴᠠᠭᠤᠯᠪᠠᠯ 80.11% ᠪᠠᠷ ᠪᠠᠭᠠᠰᠴᠤ᠂ 50% ᠪᠠᠷ ᠪᠠᠭᠠᠰᠬᠠᠬᠤ ᠠᠵᠢᠯ ᠤᠨ ᠬᠠᠷᠠᠯᠲᠠ ᠪᠠᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠡᠶᠡᠯᠡᠭᠦᠯᠪᠡ᠃
     ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠬᠤᠳᠠᠯᠳᠤᠭᠠᠨ ᠤ ᠶᠠᠪᠤᠳᠠᠯ ᠤᠨ ᠳᠦᠷᠢᠮ᠂ ᠭᠡᠷᠡᠴᠢ ᠦᠨᠡᠮᠯᠡᠯ ᠢ ᠰᠠᠯᠭᠠᠬᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠠᠭᠤᠳᠠᠰᠤ ᠦᠨᠡᠮᠯᠡᠯ ᠢ ᠴᠣᠮᠬᠠᠳᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠨ ᠲᠡᠮᠳᠡᠭᠯᠡᠭᠦᠯᠬᠦ ᠶᠢ ᠭᠦᠢᠴᠡᠳᠬᠡᠬᠦ ᠴᠠᠭ ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠳᠠᠩᠰᠠᠯᠠᠭᠤᠯᠤᠭᠰᠠᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠶᠢ ᠬᠡᠷᠡᠭᠵᠢᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠤᠭ᠎ᠠ 2016 ᠣᠨ ᠤ ᠡᠴᠦᠰ ᠲᠤ 4138 ᠪᠠᠶᠢᠭᠰᠠᠨ ᠠᠴᠠ ᠪᠠᠨ ᠣᠳᠣ 8348 ᠪᠣᠯᠵᠤ ᠨᠡᠮᠡᠭᠳᠡᠨ᠂ ᠵᠢᠯ ᠪᠦᠷᠢ ᠳᠤᠮᠳᠠᠴᠢ ᠪᠠᠷ 20% ᠨᠡᠮᠡᠭᠳᠡᠵᠦ᠂ ᠡᠭᠦᠨ ᠳᠤ 2020 ᠣᠨ ᠳᠤ 974 ᠰᠢᠨ᠎ᠡ ᠪᠠᠷ ᠨᠡᠮᠡᠭᠳᠡᠪᠡ᠃ ᠭᠠᠳᠠᠭᠠᠳᠤ ᠳᠤ ᠭᠠᠷᠭᠠᠬᠤ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ ᠬᠢᠨᠠᠨ ᠵᠥᠪᠰᠢᠶᠡᠷᠡᠬᠦ ᠪᠠᠶᠢᠭᠰᠠᠨ ᠠᠴᠠ ᠳᠠᠩᠰᠠᠯᠠᠬᠤ ᠪᠣᠯᠭᠠᠨ ᠥᠭᠡᠷᠡᠴᠢᠯᠡᠵᠦ᠂ ᠠᠵᠤ ᠠᠬᠤᠶᠢᠯᠠᠯ ᠤᠨ ᠭᠤᠶᠤᠴᠢᠯᠠᠯ ᠢ 20 ᠠᠵᠢᠯᠯᠠᠬᠤ ᠡᠳᠦᠷ ᠪᠠᠶᠢᠭᠰᠠᠨ ᠠᠴᠠ ᠲᠣᠰ ᠡᠳᠦᠷ ᠲᠤ ᠪᠠᠨ ᠭᠦᠶᠴᠡᠳᠬᠡᠵᠦ ᠳᠠᠭᠤᠰᠬᠠᠬᠤ ᠪᠣᠯᠭᠠᠨ ᠪᠠᠭᠠᠰᠬᠠᠵᠤ᠂ ᠵᠢᠯ ᠤᠨ ᠳᠣᠲᠣᠷ᠎ᠠ ᠭᠠᠳᠠᠭᠠᠳᠤ ᠳᠤ ᠭᠠᠷᠭᠠᠬᠤ ᠢᠳᠡᠭᠡᠨ ᠦᠶᠯᠡᠳᠪᠦᠷᠢᠯᠡᠬᠦ ᠠᠵᠤ ᠠᠬᠤᠶᠢᠯᠠᠯ ᠢ 154 ᠰᠢᠨ᠎ᠡ ᠪᠠᠷ ᠨᠡᠮᠡᠭᠳᠡᠭᠦᠯᠵᠦ᠂ 2019 ᠣᠨ ᠤ ᠪᠥᠬᠦ ᠵᠢᠯ ᠤᠨ ᠰᠢᠨ᠎ᠡ ᠪᠠᠷ ᠨᠡᠮᠡᠭᠳᠡᠭᠰᠡᠨ ᠬᠡᠮᠵᠢᠶᠡᠨ ᠤ 3.3 ᠳᠠᠬᠢᠨ ᠪᠣᠯᠪᠠ᠃
     ᠳᠥᠭᠦᠮᠴᠢᠯᠡᠭᠰᠡᠨ ᠥᠭᠡᠷᠡᠴᠢᠯᠡᠯᠲᠡ ᠨᠢ ᠠᠵᠤ ᠠᠬᠤᠶᠢᠯᠠᠯ ᠤᠨ ᠬᠥᠭᠵᠢᠯᠲᠡ ᠳᠤ ᠡᠨᠧᠷᠭᠢ ᠣᠯᠭᠤᠪᠠ᠃ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠣᠷᠣᠰ ᠤᠨ ᠮᠣᠳᠣᠨ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ᠂ ᠣᠨᠴᠠ ᠲᠣᠭᠲᠠᠭᠰᠠᠨ ᠮᠣᠳᠣᠨ ᠤ ᠲᠥᠷᠥᠯ ᠠᠴᠠ ᠪᠤᠰᠤᠳ ᠨᠢ ᠳᠠᠭᠢᠵᠤ ᠤᠭ ᠭᠠᠷᠤᠯᠲᠠ ᠶᠢᠨ ᠭᠠᠵᠠᠷ ᠤᠨ ᠦᠨᠡᠮᠯᠡᠯ ᠬᠠᠩᠭᠠᠬᠤ ᠶᠢ ᠱᠠᠭᠠᠷᠳᠠᠬᠤ ᠥᠬᠡᠶ ᠪᠣᠯᠵᠣ᠂ ᠠᠵᠤ ᠠᠬᠤᠶᠢᠯᠠᠯ ᠤᠨ ᠲᠡᠷᠭᠡ ᠪᠦᠷᠢ ᠳᠤ 100 ᠰᠢᠬᠠᠮ ᠲᠥᠭᠦᠷᠢᠭ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠠᠷᠪᠢᠯᠠᠵᠤ᠂ 2020 ᠣᠨ ᠳᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠨᠡᠶᠢᠲᠡ 200 ᠲᠦᠮᠡᠨ ᠲᠥᠭᠦᠷᠢᠭ ᠠᠷᠪᠢᠯᠠᠪᠠ᠃ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠥᠪᠡᠰᠦᠪᠡᠨ ᠳᠠᠷᠤᠮᠠᠯᠯᠠᠬᠤ ᠪᠠ

︽ᠬᠤᠶᠠᠷ ᠦᠨᠡᠮᠯᠡᠯ ᠢ ᠨᠢᠭᠡᠳᠬᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠣᠶᠤᠨᠴᠢ ᠪᠠᠷ ᠬᠢᠨᠠᠨ ᠬᠠᠷᠭᠤᠭᠤᠯᠬᠤ ᠶᠢ ᠪᠡᠶᠡᠯᠡᠭᠦᠯᠵᠦ᠂ 2020 ᠣᠨ ᠳᠤ ᠣᠬ ᠭᠠᠷᠤᠯᠲᠠ ᠶᠢᠨ ᠭᠠᠵᠠᠷ ᠤᠨ ᠦᠨᠡᠮᠯᠡᠯ ᠢ ᠨᠡᠶᠢᠳᠡ 1.12 ᠲᠦᠮᠡᠨ ᠬᠤᠪᠢ ᠣᠯᠭᠤᠵᠤ᠂ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠢ ᠬᠠᠪᠰᠤᠷᠤᠨ ᠭᠠᠳᠠᠭᠠᠳᠤ ᠠᠴᠠ ᠣᠷᠣᠭᠤᠯᠬᠤ ᠤᠯᠤᠰ ᠤᠨ ᠪᠣᠭᠤᠮᠲᠠ ᠶᠢᠨ ᠭᠠᠶᠢᠯᠢ ᠶᠢᠨ 2378 ᠲᠦᠮᠡᠨ ᠳ᠋ᠣᠯᠯᠠᠷ ᠤᠨ ᠬᠠᠷᠠᠭᠠᠯᠵᠠᠯ ᠢ ᠬᠦᠷᠲᠡᠭᠡᠪᠡ᠃ ᠢᠲᠡᠭᠡᠮᠵᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠪᠣᠭᠤᠮᠲᠠ ᠶᠢᠨ ᠣᠷᠣᠨ ᠳᠤ AEO ᠭᠡᠷᠡᠴᠢᠯᠡᠯ ᠤᠨ ᠠᠵᠤ ᠠᠬᠤᠶᠢᠯᠠᠯ ᠢ 1᠂  ᠧᠦ᠋ᠷᠣᠫᠠ ᠶᠢᠨ ᠬᠤᠯᠪᠣᠭᠠᠨ ᠤ ᠠᠯᠪᠠᠨ ᠠᠴᠠ ᠳᠠᠩᠰᠠᠯᠠᠭᠤᠯᠤᠭᠰᠠᠨ ᠭᠠᠳᠠᠭᠠᠳᠤ ᠳᠤ ᠭᠠᠷᠭᠠᠬᠤ ᠢᠳᠡᠭᠡᠨ ᠤ ᠠᠵᠤ ᠠᠬᠤᠶᠢᠯᠠᠯ 1 ᠶᠢ ᠰᠢᠨ᠎ᠡ ᠪᠠᠷ ᠨᠡᠮᠡᠭᠳᠡᠭᠦᠯᠵᠦ᠂ ᠣᠳᠣ ᠪᠠᠶᠢᠭ᠎ᠠ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠪᠣᠯᠤᠨ ᠭᠠᠶᠢᠯᠢ ᠲᠤᠰᠢᠶᠠᠭᠰᠠᠨ ᠲᠤᠭ᠎ᠠ ᠨᠢ ᠪᠣᠭᠤᠮᠲᠠ ᠶᠢᠨ ᠣᠷᠣᠨ ᠤ ᠶᠡᠷᠦᠩᠬᠡᠶ ᠬᠡᠮᠵᠢᠶ᠎ᠡ ᠶᠢᠨ ᠪᠠᠷᠤᠭ 40% ᠶᠢ ᠡᠵᠡᠯᠡᠪᠡ᠃
    ᠲᠠᠪᠤ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ
     ᠠᠷᠭ᠎ᠠ ᠬᠡᠮᠵᠢᠶ᠎ᠡ ᠲᠣᠭᠲᠠᠭᠠᠵᠤ ᠪᠣᠬᠢᠷᠲᠤᠯ ᠥᠬᠡᠶ ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢ ᠦᠷᠭᠦᠯᠵᠢᠯᠡᠨ ᠥᠷᠭᠡᠳᠬᠡᠬᠦ ᠳᠤ ᠬᠦᠴᠦᠨ ᠨᠡᠮᠡᠷᠢᠯᠡᠪᠡ᠃ ᠡᠷᠢᠶᠡᠨ ᠬᠤᠲᠠ ᠶᠢᠨ ᠪᠣᠭᠤᠮᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠥᠬᠡᠶ ᠨᠡᠪᠲᠡᠷᠡᠬᠦ ᠵᠠᠮ ᠢ ᠬᠦᠴᠦᠲᠡᠶ ᠪᠠᠲᠤᠯᠠᠵᠤ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢ ᠮᠣᠩᠭᠤᠯ ᠣᠷᠣᠰ ᠲᠤ ᠭᠠᠷᠭᠠᠬᠤ ᠶᠢ ᠠᠬᠢᠭᠤᠯᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ︽ᠭᠤᠷᠪᠠᠨ ᠲᠡᠷᠢᠭᠦᠨ ᠬᠤᠶᠠᠷ ᠪᠣᠯᠵᠣᠬᠤ︾ ᠶᠢ ᠳᠡᠮᠵᠢᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠥᠬᠦ ᠵᠢᠯ ᠳᠤ ᠡᠷᠢᠶᠡᠨ ᠬᠤᠲᠠ ᠶᠢᠨ ᠪᠣᠭᠤᠮᠲᠠ ᠪᠠᠷ ᠳᠡᠮᠵᠢᠨ 9.7 ᠲᠦᠮᠡᠨ ᠲᠣᠨ ᠵᠢᠮᠢᠰ ᠢᠳᠡᠰᠢᠨ ᠨᠣᠭᠤᠭ᠎ᠠ ᠭᠠᠷᠭᠠᠵᠤ᠂ ᠪᠠᠷᠠᠭᠠᠨ ᠤ ᠥᠷᠲᠡᠭ ᠨᠢ 1.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.74%᠂ 12.44% ᠪᠠᠷ ᠨᠡᠮᠡᠭᠳᠡᠪᠡ᠃ ᠪᠠᠶᠠᠨᠨᠠᠭᠤᠷ ᠬᠤᠲᠠ ᠶᠢᠨ ︽ᠲᠩᠷᠢ ᠶᠢᠨ ᠬᠡᠰᠢᠭᠲᠦ ᠪᠣᠷᠣᠲᠣᠬᠤᠶ︾ ᠶᠢᠨ ᠨᠠᠷᠠᠲᠤ ᠲᠡᠮᠳᠡᠭᠲᠦ ᠶᠢ ᠡᠭᠦᠳᠬᠦ ᠶᠢ ᠢᠳᠡᠪᠬᠢᠲᠡᠶ ᠳᠡᠮᠵᠢᠪᠡ᠃ ᠨᠠᠷᠠᠲᠤ ᠲᠡᠮᠳᠡᠭᠲᠦ ᠶᠢ ᠦᠨᠡᠯᠡᠬᠦ ᠵᠢᠴᠢ ᠪᠣᠶᠢᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ 2020 ᠣᠨ ᠳᠤ ᠲᠣᠰ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠢ 38.5 ᠳ᠋ᠦᠩᠰᠢᠭᠤᠷ ᠲᠥᠭᠦᠷᠢᠭ ᠲᠤ ᠬᠦᠷᠴᠦ ︵ᠭᠤᠤᠯᠳᠠᠭᠤ ᠨᠡᠷᠡᠨ ᠬᠤᠸᠠᠷ ᠤᠨ ᠦᠷ᠎ᠡ ᠪᠠ ᠯᠠᠩᠭᠤᠸᠠ ᠶᠢᠨ ᠦᠷ᠎ᠡ᠂ ᠤᠰᠤ ᠥᠬᠡᠶᠢᠳᠡᠭᠦᠯᠦᠭᠰᠡᠨ ᠢᠳᠡᠰᠢᠨ ᠨᠣᠭᠤᠭ᠎ᠠ᠂ ᠲᠥᠪᠡᠳ ᠬᠠᠰᠢ ᠶᠢᠨ ᠪᠦᠲᠦᠭᠡᠭᠳᠡᠬᠦᠨ ᠵᠡᠷᠭᠡ ᠪᠣᠯᠤᠨ᠎ᠠ︶᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃
     ᠡᠯ᠎ᠡ ᠵᠦᠢᠯ ᠤᠨ ᠭᠠᠶᠢᠯᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ᠃ ᠪᠥᠬᠦ ᠵᠢᠯ ᠳᠤ ᠡᠯ᠎ᠡ ᠲᠥᠷᠥᠯ ᠤᠨ ᠭᠠᠶᠢᠯᠢ ᠬᠠᠰᠤᠵᠤ ᠭᠡᠯᠳᠦᠷᠢᠭᠦᠯᠦᠭᠰᠡᠨ ᠭᠡᠷᠡᠴᠢ ᠪᠠᠷᠢᠮᠲᠠ ᠶᠢ 2633 ᠬᠤᠪᠢ ᠭᠦᠶᠴᠡᠳᠬᠡᠵᠦ᠂ ᠬᠢᠨᠠᠨ ᠵᠥᠪᠰᠢᠶᠡᠷᠡᠭᠰᠡᠨ ᠪᠠᠷᠠᠭᠠᠨ ᠤ ᠥᠷᠲᠡᠭ ᠨᠢ 2.97 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠨ᠂ ᠭᠠᠶᠢᠯᠢ ᠶᠢᠨ ᠵᠣᠭᠤᠰ ᠢ 2.54 ᠳ᠋ᠦᠩᠰᠢᠭᠤᠷ ᠲᠥᠭᠦᠷᠢᠭ ᠬᠠᠰᠤᠵᠤ ᠭᠡᠯᠳᠦᠷᠢᠭᠦᠯᠵᠦ᠂ ᠠᠳᠠᠯᠢ ᠬᠤᠭᠤᠴᠠᠭᠠᠨ ᠤ ᠬᠢ ᠠᠴᠠ 14.41% ᠪᠠᠷ ᠨᠡᠮᠡᠭᠳᠡᠪᠡ᠃ ᠪᠣᠭᠤᠮᠲᠠ ᠶᠢᠨ ᠣᠷᠣᠨ ᠤ ᠠᠮᠧᠷᠢᠺᠡ ᠠᠴᠠ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠲᠠᠸᠠᠷ ᠤᠨ ᠭᠠᠶᠢᠯᠢ ᠨᠡᠮᠡᠵᠦ ᠥᠯᠥ ᠲᠠᠲᠠᠪᠤᠷᠢᠯᠠᠬᠤ ᠨᠠᠷᠢᠨ ᠬᠠᠭᠤᠳᠠᠰᠤ ᠶᠢᠨ ᠭᠠᠶᠢᠯᠢ ᠪᠤᠴᠠᠭᠠᠬᠤ ᠠᠵᠢᠯ ᠢ ᠢᠳᠡᠪᠬᠢᠲᠡᠶ ᠠᠬᠢᠭᠤᠯᠵᠤ᠂ 207.49 ᠲᠦᠮᠡᠨ ᠲᠥᠭᠦᠷᠢᠭ ᠤᠨ ᠭᠠᠶᠢᠯᠢ ᠪᠤᠴᠠᠭᠠᠬᠤ ᠶᠢ ᠭᠦᠶᠴᠡᠳᠬᠡᠪᠡ᠃
     ᠵᠢᠷᠭᠤᠭ᠎ᠠ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ
     ᠪᠣᠭᠤᠮᠲᠠ ᠶᠢᠨ ᠬᠢᠵᠢᠭ ᠪᠠᠶᠢᠴᠠᠭᠠᠬᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠪᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠨᠠᠷᠢᠯᠢᠭ ᠠᠳᠬᠤᠵᠤ᠂ ᠬᠠᠭᠤᠷᠠᠢ ᠵᠠᠮ ᠪᠠ ᠠᠭᠠᠷ ᠤᠨ ᠠᠶᠠᠯᠠᠯ ᠬᠤᠶᠠᠷ ᠵᠠᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ᠃ ᠪᠣᠭᠤᠮᠲᠠ ᠶᠢᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠵᠤ ᠰᠡᠷᠭᠡᠶᠢᠯᠡᠬᠦ ᠱᠤᠭᠤᠮ ᠢ ᠡᠷᠡᠰ ᠪᠠᠲᠤ ᠪᠠᠬᠢᠵᠢᠭᠦᠯᠵᠦ᠂ ︽ᠬᠢᠯᠢ ᠶᠢᠨ ᠭᠠᠳᠠᠨᠠᠬᠢ ᠬᠢᠵᠢᠭ ᠥᠬᠡᠶ ᠣᠷᠣᠨ ᠢ ᠣᠷᠣᠨ ᠪᠦᠰᠡᠵᠢᠭᠦᠯᠬᠦ + ᠠᠮᠢᠳᠤ ᠪᠣᠳᠠᠰ ᠤᠨ ᠠᠶᠤᠯᠭᠦᠢ ᠨᠡᠪᠲᠡᠷᠡᠬᠦ ᠵᠠᠮ + ᠬᠢᠯᠢ ᠶᠢᠨ ᠪᠣᠭᠤᠮᠲᠠ ᠶᠢ ᠵᠢᠭᠠᠨ ᠲᠣᠭᠲᠠᠭᠠᠵᠤ ᠡᠳ᠋ᠰᠢᠭᠦᠯᠬᠦ︾ ᠬᠠᠭᠤᠷᠠᠶ ᠵᠠᠮ ᠢᠶᠠᠷ ᠬᠢᠯᠢ ᠳᠤ ᠣᠷᠣᠭᠤᠯᠬᠤ ᠠᠮᠢᠲᠠᠨ ᠤᠷᠭᠤᠮᠠᠯ ᠤᠨ ᠪᠥᠬᠦ ᠬᠡᠯᠬᠢᠶᠡᠨ ᠤ ᠬᠢᠵᠢᠭ ᠪᠠᠶᠢᠴᠠᠭᠠᠵᠤ ᠬᠢᠨᠠᠨ ᠬᠠᠮᠢᠶᠠᠷᠬᠤ ᠬᠦᠴᠦᠨ ᠴᠢᠳᠠᠪᠤᠷᠢ ᠶᠢ ᠪᠠᠳᠠᠷᠠᠭᠤᠯᠵᠤ᠂ ᠪᠣᠭᠤᠮᠲᠠ ᠶᠢᠨ ᠠᠮᠢᠲᠠᠨ ᠤᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠣᠷᠤᠭᠤᠯᠬᠤ ᠪᠠ ᠭᠠᠳᠠᠭᠰᠢ ᠭᠠᠷᠬᠤ ᠶᠢ ᠪᠥᠬᠦ ᠬᠦᠴᠦᠨ ᠢᠶᠠᠷ ᠰᠡᠷᠭᠡᠶᠢᠯᠡᠨ ᠬᠤᠷᠢᠭᠯᠠᠪᠠ᠃
     ᠨᠢᠭᠤᠴᠠ ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠬᠦ ᠪᠠᠶᠢᠳᠠᠯ ᠢ ᠢᠮᠠᠭᠲᠠ ᠪᠠᠲᠤᠯᠠᠪᠠ᠃ ᠪᠥᠬᠦ ᠵᠢᠯ ᠳᠤ 24 ᠡᠷᠡᠭᠦᠦ ᠶᠢᠨ ᠬᠡᠷᠡᠭ ᠢ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠵᠤ᠂ 80 ᠵᠠᠰᠠᠭ ᠵᠠᠬᠢᠷᠭᠠᠨ ᠤ ᠬᠡᠷᠡᠭ ᠢ ᠪᠠᠶᠢᠴᠠᠭᠠᠨ ᠰᠢᠶᠳᠪᠦᠷᠢᠯᠡᠵᠦ᠂ 463.08 ᠲᠦᠮᠡᠨ ᠲᠥᠭᠦᠷᠢᠭ ᠤᠨ ᠭᠠᠶᠢᠯᠢ ᠠᠴᠠ ᠵᠠᠶᠢᠯᠠᠭᠰᠠᠨ ᠰᠡᠵᠢᠭᠯᠡᠯᠲᠡᠶ ᠪᠠᠶᠢᠨ᠎ᠠ᠃ ᠨᠢᠭᠤᠴᠠ ᠪᠠᠷ ᠠᠷᠠᠯᠵᠢᠶᠠᠯᠠᠭᠰᠠᠨ ᠬᠢᠵᠢᠭᠲᠦ ᠣᠷᠣᠨ ᠤ ᠬᠥᠯᠳᠡᠭᠦᠦ ᠪᠣᠳᠠᠰ ᠤᠨ ᠬᠡᠷᠡᠭ ᠢ 2 ᠤᠳᠠᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ ︵ᠶᠠᠰᠤᠨ ᠤ ᠬᠠᠶᠠᠭᠳᠠᠮᠠᠯ ᠮᠠᠲ᠋ᠧᠷᠢᠶᠠᠯ︶ ᠤᠨ ᠬᠡᠷᠡᠭ ᠢ 1 ᠤᠳᠠᠭ᠎ᠠ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠳ᠋ ᠪᠠᠷᠠᠭ᠎ᠠ ᠶᠢ ᠴᠠᠭᠠᠵᠠᠯᠠᠭᠰᠠᠨ ᠬᠡᠷᠡᠭ ᠢ 2 ᠤᠳᠠᠭ᠎ᠠ ᠢᠯᠡᠷᠡᠭᠦᠯᠪᠡ︔ ᠰᠤᠮᠤ ᠳᠠᠷᠢ ᠶᠢ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ 2 ᠤᠳᠠᠭ᠎ᠠ᠂ ᠬᠤᠤᠷᠲᠤ ᠡᠳ᠋ ᠢ ᠭᠤᠪᠢᠭᠤᠯᠵᠤ ᠬᠢᠯᠢ ᠪᠠᠷ ᠣᠷᠣᠭᠤᠯᠤᠭᠰᠠᠨ ᠬᠡᠷᠡᠭ ᠢ 14 ᠤᠳᠠᠭ᠎ᠠ ᠢᠯᠡᠷᠡᠭᠦᠯᠪᠡ᠃
     2020 ᠣᠨ ᠤ ᠬᠥᠬᠡᠬᠤᠲᠠ ᠶᠢᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠲᠣᠭᠲᠠᠭᠤᠨ ᠨᠡᠮᠡᠭᠳᠡᠯ ᠢ ᠠᠬᠢᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠭᠴᠢ
᠄ 2020 ᠣᠨ ᠤ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠮᠣᠩᠭᠤᠯ᠂ ᠣᠷᠣᠰ ᠤᠨ ᠭᠠᠳᠠᠭᠠᠳᠤ ᠠᠷᠠᠯᠵᠢᠶᠠᠨ ᠤ ᠪᠠᠶᠢᠳᠠᠯ ᠵᠢᠴᠢ 2021 ᠣᠨ ᠳᠤ ᠲᠤᠯᠭᠠᠷᠠᠬᠤ ᠮᠡᠳᠡᠬᠦ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖
     ᠵᠢᠶᠤᠤ ᡁᠢ ᠵᠢᠶᠦ᠋ᠨ᠄ ᠮᠠᠨ ᠤ ᠣᠷᠣᠨ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠣᠯᠤᠭᠰᠠᠨ ᠤ ᠬᠤᠪᠢ ᠳᠤ᠂ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠵᠤ᠂ ᠮᠣᠩᠭᠤᠯ᠂ ᠣᠷᠣᠰ ᠪᠣᠯ ᠮᠠᠨ ᠤ ᠣᠷᠣᠨ ᠤ ᠭᠠᠳᠠᠭᠠᠳᠤ ᠠᠷᠠᠯᠵᠢᠶᠠᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠭᠰᠠᠭᠠᠷ ᠢᠷᠡᠵᠡᠶ᠂ 2020 ᠣᠨ ᠳᠤ ᠬᠢᠵᠢᠭ ᠤᠨ ᠪᠠᠶᠢᠳᠠᠯ ᠪᠣᠯᠤᠨ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ ᠵᠡᠷᠭᠡ ᠬᠦᠴᠦᠨ ᠵᠦᠶᠯ ᠤᠨ ᠨᠥᠯᠥᠭᠡ ᠠᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠤᠯᠤᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠨᠢ 276.5 ᠳ᠋ᠦᠩᠰᠢᠭᠤᠷ ᠲᠥᠭᠦᠷᠢᠭ ᠲᠤ ᠬᠦᠷᠴᠦ᠂ 21.6% ᠪᠠᠷ ᠪᠠᠭᠤᠷᠠᠪᠠ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ ᠨᠢ 175.5 ᠳ᠋ᠦᠩᠰᠢᠭᠤᠷ ᠲᠥᠭᠦᠷᠢᠭ ᠲᠤ ᠬᠦᠷᠴᠦ᠂ 5.4% ᠪᠠᠷ ᠪᠠᠭᠤᠷᠠᠪᠠ︔ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 43.3% ᠶᠢ ᠡᠵᠡᠯᠡᠪᠡ᠃ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ ᠠᠷᠠᠯᠵᠢᠶᠠᠨ ᠤ ᠭᠤᠤᠯ ᠬᠦᠴᠦᠨ ᠮᠥᠨ᠂ ᠮᠣᠩᠭᠤᠯ ᠣᠷᠣᠰ ᠯᠤᠭ᠎ᠠ ᠶᠢᠨ ᠠᠷᠠᠯᠵᠢᠶᠠᠨ ᠤ 92% ᠢ ᠡᠵᠡᠯᠡᠵᠦ ᠪᠣᠢ︔ ᠠᠷᠠᠯᠵᠢᠶᠠᠨ ᠤ ᠠᠷᠭ᠎ᠠ ᠮᠠᠶ᠋ᠢᠭ ᠨᠢ ᠬᠢᠯᠢ ᠶᠢᠨ ᠪᠠᠭ᠎ᠠ ᠬᠡᠮᠵᠢᠶᠡᠨ ᠤ ᠠᠷᠠᠯᠵᠢᠶ᠎ᠠ ᠪᠠ ᠡᠩ ᠤᠨ ᠠᠷᠠᠯᠵᠢᠶ᠎ᠠ ᠪᠠᠷ ᠭᠤᠤᠯᠯᠠᠵᠤ᠂ ᠬᠤᠶᠠᠭᠤᠯᠠ ᠪᠠᠨ 80.3% ᠶᠢ ᠡᠵᠡᠯᠡᠨ᠎ᠡ᠃ ᠭᠠᠳᠠᠭᠠᠳᠤ ᠠᠴᠠ ᠣᠷᠣᠭᠤᠯᠬᠤ ᠲᠠᠸᠠᠷ ᠪᠣᠯ ᠭᠤᠣᠯᠳᠠᠭᠤ ᠨᠡᠭᠦᠷᠡᠰᠦ᠂ ᠵᠡᠰ ᠤᠨ ᠬᠦᠳᠡᠷ᠂ ᠮᠣᠳᠣᠨ ᠮᠠᠲ᠋ᠧᠷᠢᠶᠠᠯ ᠵᠡᠷᠭᠡ ᠲᠠᠸᠠᠷ ᠪᠣᠯᠤᠨ᠎ᠠ︔ ᠭᠠᠳᠠᠭᠠᠳᠤ ᠳᠤ ᠭᠠᠷᠭᠠᠬᠤ ᠨᠢ ᠭᠤᠣᠯᠳᠠᠭᠤ ᠲᠠᠷᠢᠶᠠᠯᠠᠩ ᠤᠨ ᠪᠦᠲᠦᠭᠡᠭᠳᠡᠬᠦᠨ᠂ ᠪᠤᠯᠤᠳ ᠮᠠᠲ᠋ᠧᠷᠢᠶᠠᠯ᠂ ᠬᠤᠪᠴᠠᠰᠤ ᠬᠤᠨᠠᠷ ᠵᠡᠷᠭᠡ ᠲᠠᠸᠠᠷ ᠪᠣᠯᠤᠨ᠎ᠠ᠃
     ᠪᠥᠬᠦ ᠪᠥᠮᠪᠥᠷᠴᠡᠭ ᠤᠨ ᠠᠵᠤ ᠠᠬᠤᠶ ᠤᠷᠤᠭᠤᠳᠠᠵᠤ᠂ ᠭᠠᠳᠠᠭᠠᠳᠤ ᠠᠷᠠᠯᠵᠢᠶᠠᠨ ᠤ ᠪᠠᠶᠢᠳᠠᠯ ᠬᠦᠨᠳᠦ ᠨᠣᠴᠢᠲᠠᠶ ᠨᠥᠯᠥᠭᠡᠯᠡᠭᠳᠡᠵᠦ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠣᠭᠲᠠᠪᠤᠷᠢ ᠥᠬᠡᠶ ᠴᠢᠨᠠᠷ ᠠᠴᠠ ᠪᠣᠯᠵᠣ᠂ 2021 ᠣᠨ ᠳᠤ ᠮᠠᠨ ᠤ ᠣᠷᠣᠨ ᠤ ᠮᠣᠩᠭᠤᠯ ᠣᠷᠣᠰ ᠯᠤᠭ᠎ᠠ ᠶᠢᠨ ᠠᠷᠠᠯᠵᠢᠶ᠎ᠠ ᠮᠥᠨ ᠬᠦ ᠨᠡᠯᠢᠶᠡᠳ ᠶᠡᠭᠡ ᠳᠠᠷᠤᠯᠲᠠ ᠳᠤ ᠲᠤᠯᠭᠠᠷᠠᠵᠤ ᠪᠠᠶᠢᠨ᠎ᠠ᠂ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠧᠦ᠋ᠷᠣᠫᠠ ᠶᠢᠨ  ᠡᠭᠡᠯᠵᠢ ᠶᠢᠨ ᠭᠠᠯᠲᠤ ᠲᠡᠷᠭᠡ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ 2021 ᠣᠨ ᠳᠤ ᠮᠠᠨ ᠤ ᠣᠷᠣᠨ ᠤ ᠮᠣᠩᠭᠤᠯ᠂ ᠣᠷᠣᠰ ᠯᠤᠭ᠎ᠠ ᠶᠢᠨ ᠭᠠᠳᠠᠭᠠᠳᠤ ᠠᠷᠠᠯᠵᠢᠶ᠎ᠠ ᠨᠡᠮᠡᠭᠳᠡᠬᠦ ᠪᠣᠯᠤᠮᠵᠢ ᠲᠠᠢ ᠪᠠᠶᠢᠨ᠎ᠠ᠃
     ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠠᠷᠭ᠎ᠠ ᠪᠠᠷ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ ᠶᠢ ᠳᠡᠮᠵᠢᠵᠦ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠬᠦᠴᠦᠨ ᠨᠡᠮᠡᠷᠢᠯᠡᠭᠰᠡᠨ ᠦᠷ᠎ᠡ ᠪᠦᠲᠦᠮᠵᠢ ᠨᠢ ᠶᠠᠮᠠᠷ ᠵᠡᠷᠭᠡ ᠪᠣᠶ︖
     ᠯᠢᠦ ᠮᠢᠩ ᠴᠢ᠄ ᠰᠤᠷᠪᠤᠯᠵᠢᠯᠠᠭᠴᠢ ᠶᠢᠨ ᠠᠰᠠᠭᠤᠭᠰᠠᠨ ᠳᠤ ᠪᠠᠶᠠᠷᠯᠠᠯ᠎ᠠ᠂ ᠡᠨᠡ ᠠᠰᠠᠭᠤᠯᠲᠠ ᠶᠢ ᠪᠢ ᠬᠠᠷᠢᠭᠤᠯᠤᠶ᠎ᠠ᠃
     ᠮᠠᠨ ᠤ ᠣᠷᠣᠨ ᠤ ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠭᠤᠮᠲᠠ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠠᠭᠤᠯᠵᠠᠷ ᠤᠨ ᠬᠦᠶᠰᠦ ᠪᠣᠯᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠢᠯᠡᠨ ᠳᠠᠪᠠᠵᠤ᠂ ᠡᠭᠦᠷᠭᠡ ᠴᠢᠳᠠᠪᠬᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠤᠨ᠂ ᠪᠣᠭᠤᠮᠲᠠ ᠪᠠᠷ ᠥᠩᠭᠡᠷᠡᠬᠦ ᠠᠵᠢᠯ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠣᠭᠲᠠᠭᠠᠯ ᠳᠤ ᠨᠡᠶᠢᠴᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠦᠶᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠡᠷᠭᠢᠯᠲᠡ ᠶᠢ ᠰᠠᠭᠠᠳ ᠥᠬᠡᠶ ᠨᠡᠪᠲᠡᠷᠡᠭᠦᠯᠦᠨ᠂ ᠭᠠᠳᠠᠭᠠᠳᠤ ᠠᠷᠠᠯᠵᠢᠶᠠᠨ ᠤ ᠬᠥᠭᠵᠢᠯᠲᠡ ᠳᠤ ᠨᠡᠯᠢᠶᠡᠳ ᠰᠠᠶᠢᠨ ᠦᠷ᠎ᠡ ᠪᠦᠲᠦᠮᠵᠢ ᠤᠯᠬᠤ ᠳᠤ ᠬᠦᠴᠦᠨ ᠨᠡᠮᠡᠷᠢᠯᠡᠪᠡ᠃ ᠡᠭᠦᠨ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠣᠯ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠰᠠᠶ᠋ᠢ ᠶᠢᠨ ᠳᠡᠳ᠋ ᠪᠣᠭᠤᠮᠲᠠ ᠶᠢᠨ ᠳᠠᠷᠤᠭ᠎ᠠ ᠸᠠᠩ ᠵᠢᠩ ᠠᠴᠠ ᠬᠠᠮᠢᠶ᠎ᠠ ᠪᠦᠬᠦᠢ ᠦᠨᠳᠦᠰᠦᠨ ᠪᠠᠶᠢᠳᠠᠯ ᠢ ᠨᠢᠭᠡᠨᠲᠡ ᠲᠠᠨᠢᠯᠴᠠᠭᠤᠯᠪᠠ᠂ ᠡᠭᠦᠨ ᠳᠤ ᠶᠡᠷᠦᠩᠬᠡᠢ ᠪᠣᠭᠤᠮᠲᠠ ᠪᠣᠯᠤᠨ ᠬᠠᠷᠢᠶ᠎ᠠ ᠪᠣᠭᠤᠮᠲᠠ ᠬᠤᠶᠠᠷ ᠱᠠᠲᠤᠨ ᠤ ᠨᠠᠮ ᠤᠨ ᠬᠤᠷᠢᠶᠠᠨ ᠤ ᠭᠡᠰᠢᠭᠦᠨ ᠤ ᠲᠦᠷᠦᠭᠦᠯᠡᠨ ᠬᠠᠷᠢᠯᠴᠠᠬᠤ ᠠᠵᠤ ᠠᠬᠤᠶᠢᠯᠠᠯ ᠤᠨ ᠵᠣᠬᠢᠴᠠᠭᠤᠯᠤᠭᠴᠢ ᠶᠢᠨ ᠲᠣᠭᠲᠠᠴᠠ ᠶᠢ ᠪᠣᠳᠠᠲᠠᠢ ᠪᠠᠷ ᠪᠠᠶᠢᠭᠤᠯᠪᠠ︔ ᠭᠤᠤᠯᠳᠠᠯᠭ᠎ᠠ ᠲᠠᠢ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠶᠢᠨ ᠬᠠᠮᠲᠤ ᠡᠬᠡ ᠲᠠᠩᠰᠠ ᠪᠠᠶᠢᠭᠤᠯᠵᠤ᠂ ᠠᠵᠤ ᠠᠬᠤᠶᠢᠯᠠᠯ ᠤᠨ ᠲᠤᠰᠬᠠᠯ ᠴᠢᠩᠭ᠎ᠠ ᠪᠠᠶᠢᠭ᠎ᠠ ᠡᠮᠵᠡᠭ ᠭᠠᠵᠠᠷ᠂ ᠬᠦᠴᠢᠷ ᠭᠠᠵᠠᠷ᠂ ᠲᠦᠭᠵᠢᠷᠡᠯ ᠲᠠᠢ ᠭᠠᠵᠠᠷ ᠢ ᠣᠨᠣᠪᠴᠢᠲᠠᠶ ᠡᠷᠢᠵᠦ᠂ ᠨᠢᠳᠤᠨᠤᠨ ᠳᠤ᠂ 112 ᠭᠤᠣᠯᠳᠠᠯᠭ᠎ᠠ ᠲᠠᠢ ᠠᠵᠤ ᠠᠬᠤᠶᠢᠯᠠᠯ ᠢ ︽ᠴᠡᠭ ᠬᠠᠷᠠᠭᠠᠯᠵᠠᠭᠤᠯᠤᠨ︾ ᠣᠨᠣᠪᠴᠢᠲᠠᠶ ᠪᠠᠷ ᠬᠠᠪᠰᠤᠷᠤᠨ ᠲᠡᠳᠬᠦᠪᠡ᠃ ᠣᠳᠣᠬᠠᠨ ᠳᠤ ᠲᠣᠰ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠤᠨ ᠬᠢᠵᠢᠭ ᠤᠨ ᠨᠥᠯᠥᠭᠡ ᠶᠢ ᠠᠷᠭᠠᠴᠠᠭᠠᠬᠤ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠬᠤ ᠳᠤ ᠨᠡᠯᠢᠶᠡᠳ ᠰᠠᠶᠢᠨ ᠦᠶᠯᠡᠳᠦᠯ ᠦᠵᠡᠭᠦᠯᠪᠡ᠃
     ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠬᠦ ᠶᠢ ᠳᠡᠮᠵᠢᠵᠦ᠂ ᠡᠴᠦᠰ ᠤᠨ ᠠᠵᠤ ᠦᠶᠯᠡᠰ ᠤᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠲᠠᠯ᠎ᠠ ᠪᠠᠷ᠃ ᠠᠵᠤ ᠠᠬᠤᠶᠢᠯᠠᠯ ᠤᠨ ᠦᠶᠯᠡᠳᠪᠦᠷᠢ ᠶᠢᠨ ᠲᠠᠰᠤᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠶᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ᠂ ᠪᠠᠷᠠᠭᠠᠨ ᠤ ᠭᠦᠶᠯᠭᠡᠭᠡ ᠶᠢᠨ ᠲᠡᠭᠡᠭᠡᠪᠦᠷᠢ᠂ ᠪᠠᠯᠠ ᠮᠥᠩᠭᠦ ᠶᠢᠨ ᠡᠷᠭᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠵᠤ ᠠᠬᠤᠶᠢᠯᠠᠯ ᠳᠤ ᠣᠨᠴᠠᠯᠢᠭᠲᠤ ᠬᠢᠨᠠᠯᠲᠠ ᠬᠠᠮᠢᠶᠠᠷᠤᠯᠲᠠ ᠶᠢᠨ ᠲᠥᠰᠦᠯ ᠢ ᠲᠣᠭᠲᠠᠭᠠᠵᠤ ᠥᠭᠭᠦᠪᠡ᠃ ᠵᠢᠱᠢᠶᠡᠯᠡᠪᠡᠯ ᠪᠤᠭᠤᠲᠤ ᠶᠢᠨ ᠬᠤᠸᠠ ᠳ᠋ᠢᠩ ᠵᠡᠰ ᠤᠨ ᠦᠶᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ ᠢᠶᠠᠷ ᠭᠤᠤᠯ ᠲᠦᠭᠦᠬᠡᠶ ᠮᠠᠲ᠋ᠧᠷᠢᠶᠠᠯ ᠪᠣᠯᠭᠠᠭᠰᠠᠨ ᠵᠡᠰ ᠬᠠᠶᠢᠯᠤᠭᠤᠯᠬᠤ ᠠᠵᠤ ᠠᠬᠤᠶᠢᠯᠠᠯ ᠪᠣᠯᠤᠨ᠎ᠠ᠃ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠳᠤ ᠬᠦᠴᠢᠷᠳᠡᠯ ᠲᠤᠯᠭᠠᠷᠠᠵᠤ᠂ ᠦᠶᠯᠡᠳᠪᠦᠷᠢᠯᠡᠬᠦ ᠪᠠᠨ ᠵᠣᠭᠰᠣᠪᠠᠯ᠂ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠪᠡᠯᠡ ᠮᠥᠩᠭᠦ ᠶᠢ ᠡᠷᠭᠢᠯᠳᠦᠭᠦᠯᠬᠦ᠂ ᠡᠴᠦᠰ ᠤᠨ ᠪᠣᠷᠣᠯᠠᠭᠤᠯᠭ᠎ᠠ ᠵᠡᠷᠭᠡ ᠡᠯ᠎ᠡ ᠲᠠᠯ᠎ᠠ ᠳᠤ ᠮᠠᠰᠢ ᠶᠡᠭᠡ ᠬᠤᠬᠢᠷᠠᠯ ᠭᠠᠷᠴᠤ᠂ ᠦᠶᠯᠡᠳᠪᠦᠷᠢᠯᠡᠬᠦ ᠪᠠᠨ ᠵᠣᠭᠰᠣᠪᠠᠯ ᠨᠢᠭᠡ ᠤᠳᠠᠭ᠎ᠠ ᠳᠤ ᠭᠤᠷᠪᠠ ᠳᠥᠷᠪᠡᠨ ᠵᠠᠭᠤᠨ ᠲᠦᠮᠡᠨ ᠲᠥᠭᠦᠷᠢᠭ ᠤᠨ ᠬᠤᠬᠢᠷᠠᠯ ᠭᠠᠷᠬᠤ ᠪᠣᠯᠤᠨ᠎ᠠ᠃ ᠠᠵᠤ ᠠᠬᠤᠶᠢᠯᠠᠯ ᠤᠨ ᠬᠦᠴᠢᠷᠳᠡᠯ ᠢ ᠣᠶᠢᠯᠠᠭᠠᠭᠰᠠᠨ ᠤ ᠳᠠᠷᠠᠭ᠎ᠠ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠪᠤᠭᠤᠲᠤ ᠶᠢᠨ ᠪᠣᠭᠤᠮᠲᠠ ᠳᠤ ᠪᠠᠶᠢᠴᠠᠭᠠᠨ ᠰᠢᠯᠭᠠᠬᠤ ᠭᠠᠪᠰᠢᠭᠠᠶ ᠠᠩᠭᠢ ᠪᠠᠶᠢᠭᠤᠯᠵᠤ᠂ ︽ᠴᠠᠭ ᠨᠡᠮᠡᠵᠦ ᠠᠵᠢᠯᠯᠠᠬᠤ ᠶᠢ ᠪᠣᠯᠵᠤᠵᠤ ᠪᠠᠷᠢᠨ ᠳᠠᠷᠤᠶ ᠪᠠᠶᠢᠴᠠᠭᠠᠬᠤ︾ ᠲᠦᠷᠢᠮ ᠢ ᠬᠡᠷᠡᠭᠵᠢᠭᠦᠯᠵᠦ᠂ ᠲᠤᠬᠠᠶ ᠶᠢᠨ ᠲᠠᠯᠠᠪᠠᠶ ᠶᠢᠨ ᠲᠣᠭᠤᠰᠣ ᠶᠡᠭᠡ᠂ ᠱᠤᠤᠭᠢᠶᠠᠨ ᠦᠨᠳᠦᠷ ᠵᠡᠷᠭᠡ ᠨᠠᠷᠢᠨ ᠪᠤᠳᠤᠯᠢᠶᠠᠨᠲᠠᠶ ᠠᠵᠢᠯᠯᠠᠬᠤ ᠣᠷᠴᠢᠨ ᠨᠥᠬᠦᠴᠡᠯ ᠢ ᠢᠯᠡᠨ ᠳᠠᠪᠠᠵᠤ᠂ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠪᠠᠶᠢᠴᠠᠭᠠᠬᠤ᠂ ᠥᠯᠢᠭᠡᠷ ᠡᠳ᠋ ᠢ ᠴᠠᠭ ᠲᠤᠬᠠᠶ ᠳᠤ ᠨᠢ ᠬᠦᠷᠭᠡᠬᠦ ᠪᠠ ᠪᠠᠶᠢᠴᠠᠭᠠᠬᠤ ᠶᠢ ᠪᠡᠶᠡᠯᠡᠭᠦᠯᠵᠦ᠂ ᠪᠦᠯᠦᠭ ᠪᠦᠷᠢ ᠶᠢᠨ ᠡᠳ᠋ ᠪᠠᠷᠠᠭ᠎ᠠ ᠶᠢ ᠪᠠᠶᠢᠴᠠᠭᠠᠨ ᠰᠢᠯᠭᠠᠬᠤ ᠦᠶᠡᠯᠡᠯ ᠤᠨ ᠬᠤᠭᠤᠴᠠᠭ᠎ᠠ ᠶᠢ ᠨᠢᠭᠡ ᠭᠠᠷᠠᠭ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠵᠡᠰ ᠤᠨ ᠨᠠᠷᠢᠯᠢᠭ ᠬᠦᠳᠡᠷ ᠤᠨ ᠲᠦᠭᠦᠬᠡᠶ ᠮᠠᠲ᠋ᠧᠷᠢᠶᠠᠯ ᠢ ᠴᠠᠭ ᠲᠤᠬᠠᠶ ᠳᠤ ᠨᠢ ᠠᠰᠢᠭᠯᠠᠯᠲᠠ ᠳᠤ ᠣᠷᠣᠭᠤᠯᠤᠨ ᠬᠡᠷᠡᠭᠯᠡᠬᠦ ᠶᠢ ᠪᠠᠲᠤᠯᠠᠪᠠ᠃ 2020 ᠣᠨ ᠳᠤ ᠲᠣᠰ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠤᠭᠰᠠᠨ ᠲᠦᠭᠦᠬᠡᠶ ᠮᠠᠲ᠋ᠧᠷᠢᠶᠠᠯ ᠢ 47.41 ᠲᠦᠮᠡᠨ ᠲᠣᠨ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 37.90% ᠪᠠᠷ ᠨᠡᠮᠡᠭᠳᠡᠪᠡ᠃
     ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠬᠤ ᠳᠤ ᠬᠦᠴᠦᠨ ᠨᠡᠮᠡᠷᠢᠯᠡᠬᠦ᠂ ᠭᠠᠳᠠᠭᠠᠳᠤ ᠳᠠᠬᠢ ᠵᠠᠬ᠎ᠠ ᠳᠡᠯᠭᠡᠭᠦᠷ ᠢ ᠥᠷᠭᠡᠳᠬᠡᠬᠦ ᠲᠠᠯ᠎ᠠ ᠪᠠᠷ᠃ ᠮᠠᠨ ᠤ ᠣᠷᠣᠨ ᠤ ᠪᠤᠭᠤᠮᠲᠠ ᠨᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠢᠳᠡᠪᠬᠢᠲᠡᠢ ᠴᠢᠩᠭᠠᠳᠬᠠᠵᠤ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠢ ᠴᠠᠭ ᠲᠤᠬᠠᠢ ᠳᠤ ᠨᠢ ᠵᠣᠬᠢᠴᠠᠭᠤᠯᠤᠨ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠪᠡ᠃ ᠵᠢᠱᠢᠶᠡᠯᠡᠪᠡᠯ᠂ ᠬᠥᠬᠡᠬᠤᠲᠠ ᠪᠣᠭᠤᠮᠲᠠ ᠳᠤ ᠬᠠᠷᠢᠶᠠᠯᠠᠭᠳᠠᠬᠤ ᠦᠬᠠᠶ ᠪᠣᠭᠤᠮᠲᠠ ᠶᠢᠨ ᠬᠢᠨ ᠨᠠᠮ ᠤᠨ ᠪᠠᠶᠢᠭᠤᠯᠤᠯᠲᠠ ᠶᠢᠨ ᠳᠠᠶᠢᠴᠢᠯᠠᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠤᠯᠠᠭᠠᠨᠮᠥ᠋ᠴᠢᠷ ᠤᠨ ᠠᠶᠤᠯᠲᠠᠶ ᠬᠢᠮᠢ ᠶᠢᠨ ᠪᠣᠳᠠᠰ ᠤᠨ ᠬᠢᠨᠠᠯᠲᠠ ᠬᠠᠮᠢᠶᠠᠷᠤᠯᠲᠠ ᠶᠢᠨ ᠪᠠᠭ᠎ᠠ ᠬᠤᠪᠢᠶᠠᠷᠢ ᠠᠩᠭᠢ ᠶᠢ ᠵᠣᠬᠢᠶᠠᠨ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ ᠬᠥᠮᠦᠰ ᠨᠢ ᠴᠥᠮ ᠨᠠᠮ ᠤᠨ ᠭᠡᠰᠢᠭᠦᠨ ᠪᠠᠶᠢᠵᠤ᠂ ᠨᠠᠮ ᠤᠨ ᠭᠡᠰᠢᠭᠦᠨ ᠤ ᠬᠤᠰᠢᠭᠤᠴᠢ ᠶᠢᠨ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠴᠠᠭ ᠨᠡᠮᠡᠵᠦ ᠠᠵᠢᠯᠯᠠᠨ᠂ ᠬᠢᠵᠢᠭ ᠤᠨ ᠪᠠᠶᠢᠳᠠᠯ ᠵᠡᠷᠭᠡ ᠨᠥᠯᠥᠭᠡ ᠶᠢ ᠢᠯᠡᠨ ᠳᠠᠪᠠᠵᠤ᠂ ᠬᠠᠮᠤᠭ ᠲᠡᠷᠢᠭᠦᠨ ᠳᠤ ᠦᠶᠯᠡᠳᠪᠦᠷᠢ ᠳᠤ ᠣᠴᠢᠵᠤ ᠬᠢᠨᠠᠯᠲᠠ ᠬᠠᠮᠢᠶᠠᠷᠤᠯᠲᠠ ᠬᠢᠵᠦ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠴᠠᠭ ᠢ ᠠᠷᠪᠢᠯᠠᠵᠤ᠂ ᠥᠪᠥᠷ ᠮᠣᠩᠭᠤᠯ ᠤᠨ ᠯᠠᠨ ᠲᠠᠢ ᠨᠠᠲᠷᠢ ᠶᠢᠨ ᠦᠶᠯᠡᠰ ᠤᠨ ᠬᠢᠵᠠᠭᠠᠷᠲᠤ ᠺᠣᠮᠫᠠᠨᠢ ᠶᠢ ᠵᠢᠯᠣᠭᠤᠳᠤᠨ ᠬᠠᠪᠰᠤᠷᠴᠤ ᠪᠠᠶᠢᠭᠠᠳ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢ ᠢᠳᠡᠪᠬᠢᠲᠡᠶ ᠠᠷᠭᠠᠴᠠᠭᠠᠵᠤ᠂ ᠡᠵᠡᠩᠨᠡᠯᠲᠡ ᠶᠢᠨ ᠠᠷᠭ᠎ᠠ ᠪᠣᠳᠣᠯᠭ᠎ᠠ ᠪᠠᠨ ᠴᠠᠭ ᠲᠤᠬᠠᠶ ᠳᠤ ᠨᠢ ᠲᠣᠬᠢᠷᠠᠭᠤᠯᠵᠤ᠂ ᠲᠣᠰ ᠺᠣᠮᠫᠠᠨᠢ ᠶᠢᠨ ᠲᠡᠮᠦᠷᠯᠢᠭ ᠨᠠᠲᠷᠢ ᠶᠢᠨ ᠭᠠᠳᠠᠭᠠᠳᠤ ᠭᠠᠷᠭᠠᠯᠲᠠ ᠶᠢ ᠪᠥᠬᠦ ᠤᠯᠤᠰ ᠲᠤ ᠲᠡᠷᠢᠭᠦᠯᠡᠭᠦᠯᠵᠦ᠂ 2020 ᠣᠨ ᠳᠤ 1.35 ᠲᠦᠮᠡᠨ ᠲᠣᠨ ᠭᠠᠳᠠᠭᠠᠳᠤ ᠳᠤ ᠭᠠᠷᠭᠠᠪᠠ᠃
    ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠣᠭᠲᠠᠭᠤᠨ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖
     ᠰᠦ᠋ ᠴᠢᠩ᠄ ᠡᠨᠡ ᠠᠰᠠᠭᠤᠯᠲᠠ ᠶᠢ ᠪᠢ ᠬᠠᠷᠢᠭᠤᠯᠤᠶ᠎ᠠ᠃ 2020 ᠣᠨ ᠠᠴᠠ ᠨᠠᠭᠠᠰᠢ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠠᠵᠢᠯ ᠳᠤ ᠦᠵᠡᠭᠦᠯᠦᠭᠰᠡᠨ ᠬᠦᠨᠳᠦ ᠨᠣᠴᠢᠲᠠᠶ ᠠᠰᠢᠭ ᠥᠬᠡᠶ ᠨᠥᠯᠥᠭᠡ ᠶᠢᠨ ᠡᠮᠦᠨ᠎ᠡ᠂ ᠬᠥᠬᠡᠬᠤᠲᠠ ᠪᠣᠭᠤᠮᠲᠠ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠠᠴᠠ ᠭᠠᠷᠳᠠᠵᠤ᠂ ᠠᠵᠤ ᠠᠬᠤᠶᠢᠯᠠᠯ ᠤᠨ ᠳᠡᠩᠰᠡᠯᠡᠨ ᠲᠡᠮᠳᠡᠭᠯᠡᠬᠦ ᠭᠠᠷᠳᠠᠮ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠵᠤ᠂ ᠭᠤᠤᠯᠳᠠᠯᠭ᠎ᠠ ᠲᠠᠢ ᠲᠠᠸᠠᠷ ᠤᠨ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠪᠠ᠄
    ᠨᠢᠭᠡ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠪᠠ
     ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ᠭᠡᠷᠡᠴᠢ ᠦᠨᠡᠮᠯᠡᠯ ᠢ ᠰᠠᠯᠭᠠᠬᠤ ᠶᠢ ᠪᠦᠷᠢᠨ ᠪᠦᠷᠬᠦᠭᠦᠯᠬᠦ ᠵᠡᠷᠭᠡ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢᠨ ᠲᠣᠭᠲᠠᠭᠤᠨ ᠴᠢᠨᠠᠷ ᠤᠨ ᠨᠡᠮᠡᠭᠳᠡᠯ ᠢ ᠠᠬᠢᠭᠤᠯᠪᠠ᠃ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠭᠠᠷᠳᠠᠮ ᠢ ᠰᠢᠯᠢᠳᠡᠭᠵᠢᠭᠦᠯᠵᠦ᠂ ᠬᠢᠷᠢ ᠴᠢᠳᠠᠮᠵᠢ ᠲᠠᠢ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠶᠢ ᠪᠦᠬᠦᠨ ᠢ ︽ᠢᠨᠲ᠋ᠧᠷ ᠰᠦᠯᠵᠢᠶ᠎ᠡ + ᠪᠣᠭᠤᠮᠲᠠ︾ ᠪᠠᠷ ᠳᠠᠮᠵᠢᠨ ᠰᠦᠯᠵᠢᠶᠡᠨ ᠳᠡᠭᠡᠷ᠎ᠡ ᠭᠦᠢᠴᠡᠳᠬᠡᠵᠦ᠂ ᠲᠤᠭ᠎ᠠ ᠪᠠᠷᠢᠮᠲᠠ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠴᠠᠭ ᠬᠤᠭᠤᠴᠠᠭ᠎ᠠ ᠶᠢ ︽ᠰᠧᠺᠦ᠋ᠨ᠋ᠳ᠋ ᠢᠶᠠᠷ ᠭᠦᠢᠴᠡᠳᠬᠡᠬᠦ︾ ᠶᠢ ᠪᠡᠶᠡᠯᠡᠭᠦᠯᠵᠦ᠂ ᠭᠠᠳᠠᠭᠠᠳᠤ ᠠᠷᠠᠯᠵᠢᠶ᠎ᠠ ᠶᠢᠨ ᠭᠤᠣᠯ ᠴᠣᠭᠴᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠬᠦᠴᠦᠯᠡᠨ ᠠᠬᠢᠭᠤᠯᠪᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠲᠠᠢ ᠤᠶᠠᠯᠳᠤᠭᠤᠯᠤᠨ᠂ ᠳᠤᠲᠠᠭᠤᠳᠠᠯ ᠢᠶᠠᠨ ᠠᠭᠤᠴᠢᠯᠠᠨ ᠭᠥᠯᠢᠶᠡᠨ ᠠᠪᠴᠤ ᠰᠢᠶᠳᠪᠦᠷᠢᠯᠡᠬᠦ᠂ ᠭᠠᠷᠳᠠᠮ ᠨᠥᠬᠦᠨ ᠭᠦᠶᠴᠡᠳᠬᠡᠬᠦ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠡᠮᠴᠢᠯᠡᠭᠡᠨ ᠤ ᠡᠳ᠋ ᠪᠣᠳᠠᠰ ᠤᠨ ᠠᠵᠤ ᠠᠬᠤᠶᠢᠯᠠᠯ ᠳᠤ ᠪᠦᠬᠦᠯᠢ ᠡᠳᠦᠷ ᠢᠶᠠᠷ ᠪᠣᠯᠵᠣᠨ ᠳᠠᠩᠰᠠᠯᠠᠭᠤᠯᠬᠤ ᠶᠢ ᠬᠡᠷᠡᠭᠵᠢᠭᠦᠯᠦᠨ᠂ ᠭᠤᠤᠯᠳᠠᠯᠭ᠎ᠠ ᠲᠠᠢ ᠡᠳ᠋ ᠪᠣᠳᠠᠰ ᠤᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠠᠲᠤᠯᠠᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠪᠠ︔ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠶ ᠪᠣᠯᠭᠠᠵᠤ᠂ ᠪᠣᠭᠤᠮᠲᠠ ᠳᠤ ᠮᠡᠳᠡᠭᠦᠯᠬᠦ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠳᠠᠩᠰᠠᠯᠠᠭᠤᠯᠬᠤ ᠴᠤᠪᠤᠷᠠᠯ ᠢᠶᠠᠷ ᠯᠠᠪᠯᠠᠯᠲᠠ ᠪᠣᠯᠭᠠᠨ ᠭᠦᠢᠴᠡᠳᠬᠡᠵᠦ᠂ ᠪᠤᠶ ᠪᠦᠬᠦᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠢ ᠴᠥᠮ ᠲᠤᠰ ᠡᠳᠦᠷ ᠲᠤ ᠨᠢ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠪᠣᠭᠤᠮᠲᠠ ᠶᠢᠨ ᠣᠷᠣᠨ ᠤ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠨᠡᠶᠢᠲᠡ 360 ᠡᠷᠦᠬᠡ ᠳᠤ ᠬᠦᠷᠴᠦ᠂ ᠤᠯᠤᠰ ᠤᠨ ᠭᠠᠳᠠᠭᠠᠳᠤ ᠶᠢᠨ ᠠᠯᠪᠠᠨ ᠤ ᠲᠠᠯ᠎ᠠ ᠶᠢᠨ ᠳᠠᠩᠰᠠᠯᠠᠭᠤᠯᠤᠭᠰᠠᠨ ᠴᠢᠨᠠᠷ ᠰᠠᠶᠢᠲᠠᠶ ᠠᠵᠤ ᠠᠬᠤᠶᠢᠯᠠᠯ 11 ᠳᠤ ᠬᠦᠷᠴᠦ᠂ ᠭᠠᠳᠠᠭᠠᠳᠤ ᠳᠤ ᠭᠠᠷᠭᠠᠬᠤ ᠢᠳᠡᠭᠡᠨ ᠦᠢᠯᠡᠳᠪᠦᠷᠢᠯᠡᠬᠦ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠬᠡᠮᠵᠢᠶ᠎ᠡ ᠲᠦᠷᠭᠡᠨ ᠨᠡᠮᠡᠭᠳᠡᠭᠰᠡᠨ ᠨᠢ ᠪᠣᠭᠤᠮᠲᠠ ᠶᠢᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ᠂ ᠢᠳᠡᠭᠡᠨ ᠤ ᠭᠠᠳᠠᠭᠠᠳᠤ ᠭᠠᠷᠭᠠᠯᠲᠠ ᠶᠢᠨ ᠪᠠᠶᠢᠳᠠᠯ ᠢ ᠰᠥᠷᠥᠨ ᠨᠡᠮᠡᠭᠳᠡᠬᠦ ᠶᠢ ᠪᠦᠲᠦᠮᠵᠢᠲᠡᠶ ᠳᠠᠶᠢᠴᠢᠯᠠᠪᠠ᠃ ︵ᠭᠠᠳᠠᠭᠠᠳᠤ ᠳᠤ ᠭᠠᠷᠭᠠᠭᠰᠠᠨ ᠨᠢ 61.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠨᠡᠮᠡᠭᠳᠡᠪᠡ︶᠃ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠲᠦᠷᠭᠡᠨ ᠨᠡᠮᠡᠭᠳᠡᠯ ᠢ ᠪᠠᠲᠤᠯᠠᠬᠤ ᠶᠢᠨ ᠬᠠᠮᠲᠤ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠦᠷᠢᠶᠡᠨ ᠳᠤ ᠪᠠᠰᠠ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠪᠣᠭᠤᠮᠲᠠ ᠳᠤ ᠮᠡᠳᠡᠭᠦᠯᠬᠦ ᠨᠢᠭᠡᠴᠢ ᠶᠢᠨ ᠳᠠᠩᠰᠠᠯᠠᠭᠤᠯᠵᠤ ᠵᠢᠷᠤᠮᠵᠢᠭᠤᠯᠬᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 300 ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠵᠦ᠂ 200 ᠭᠠᠷᠤᠶ ᠠᠵᠤ ᠠᠬᠤᠶᠢᠯᠠᠯ ᠢ ᠵᠢᠷᠤᠮᠵᠢᠭᠤᠯᠤᠨ ᠰᠠᠶᠢᠵᠢᠷᠠᠭᠤᠯᠵᠤ᠂ 16 ᠠᠵᠤ ᠠᠬᠤᠶᠢᠯᠠᠯ ᠤᠨ ᠢᠲᠡᠭᠡᠮᠵᠢ ᠠᠯᠳᠠᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠣᠷᠴᠢᠨ ᠨᠥᠬᠦᠴᠡᠯ ᠢ ᠪᠦᠲᠦᠮᠵᠢᠲᠡᠶ ᠴᠡᠪᠡᠷᠰᠢᠭᠦᠯᠪᠡ᠃
     ᠬᠤᠶᠠᠷ᠂ ᠲᠥᠷᠥ ᠶᠢᠨ ᠪᠣᠳᠣᠯᠭ᠎ᠠ ᠪᠠᠷ ᠲᠡᠳᠬᠦᠬᠦ ᠶᠢ ᠴᠢᠩᠭᠠᠷᠠᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠷᠠᠯᠵᠢᠶᠠᠨ ᠤ ᠬᠥᠲᠥᠴᠢ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠲᠡᠳᠬᠦᠬᠦ
     ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠴᠢᠶᠠᠯᠠᠪᠤᠷᠢ ᠪᠣᠯᠭᠠᠵᠤ᠂ ᠲᠥᠷᠥ ᠶᠢᠨ ᠪᠣᠳᠣᠯᠭ᠎ᠠ ᠶᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠠᠳᠠᠭᠠᠳᠤ ᠠᠷᠠᠯᠵᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠠᠶᠢᠵᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠣᠯᠠᠨ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠥᠷᠨᠢᠭᠦᠯᠵᠦ᠂ 300 ᠭᠠᠷᠤᠶ ᠠᠵᠤ ᠠᠬᠤᠶᠢᠯᠠᠯ ᠢ ᠬᠠᠮᠤᠷᠪᠠ︔ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠤᠰᠬᠠᠶ ᠰᠡᠳᠦᠪᠲᠦ ᠭᠠᠶᠢᠯᠢ ᠪᠠᠲᠤᠯᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠬᠥᠬᠡᠬᠤᠲᠠ᠂ ᠣᠷᠳᠣᠰ 2 ᠶᠡᠷᠦᠩᠬᠡᠶᠢᠯᠡᠭᠰᠡᠨ ᠳᠠᠭᠠᠳᠬᠠᠯ ᠤᠨ ᠣᠷᠣᠨ ᠤ ᠳᠠᠩᠰᠠᠯᠠᠭᠤᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠨᠢᠭᠡᠨᠲᠡ 58 ᠪᠣᠯᠵᠣ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ᠂ ᠥᠷᠲᠡᠭ ᠶᠡᠭᠡ ᠪᠠᠷ ᠨᠡᠮᠡᠭᠳᠡᠪᠡ︔ ᠠᠵᠤ ᠠᠬᠤᠶᠢᠯᠠᠯ ᠤᠨ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ 3 ᠤᠳᠠᠭᠠᠨ ᠤ ᠲᠤᠰᠬᠠᠶ ᠰᠡᠳᠦᠪᠲᠦ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠠᠵᠢᠯ ᠲᠥᠷᠥᠯ ᠤᠨ ᠴᠢᠨᠠᠷᠲᠠᠶ ᠬᠦᠴᠢᠷ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠪᠠ ᠰᠢᠶᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠵᠤ᠂ ᠪᠥᠬᠦ ᠵᠢᠯ ᠳᠤ ᠰᠠᠨᠠᠭᠠᠴᠢᠯᠠᠭ᠎ᠠ ᠠᠴᠠ ᠪᠠᠨ ᠨᠡᠶᠢᠲᠡᠯᠡᠬᠦ ᠲᠤᠬᠠᠶᠢᠯᠠᠭᠰᠠᠨ ᠠᠵᠢᠯ ᠢ 8 ᠤᠳᠠᠭ᠎ᠠ ᠭᠦᠶᠴᠡᠳᠬᠡᠪᠡ᠃
     ᠭᠠᠳᠠᠭᠠᠳᠤ ᠠᠷᠠᠯᠵᠢᠶᠠᠨ ᠤ ᠬᠦᠲᠦᠴᠢ ᠠᠵᠤ ᠠᠬᠤᠶᠢᠯᠠᠯ ᠢ ᠪᠠᠶᠢᠭᠤᠯᠬᠤ ᠪᠠᠷ ᠭᠤᠣᠯᠳᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠢᠲᠡᠭᠡᠮᠵᠢ ᠶᠢ ᠪᠣᠶᠢᠵᠢᠭᠤᠯᠬᠤ ᠶᠢ ᠢᠳᠡᠪᠬᠢᠲᠡᠢ ᠠᠬᠢᠭᠤᠯᠪᠠ᠃ ᠪᠣᠭᠤᠮᠲᠠ ᠶᠢᠨ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ 30 ᠭᠠᠷᠤᠶ ᠤᠯᠤᠰ ᠤᠨ ᠭᠤᠤᠯᠳᠠᠯᠭ᠎ᠠ ᠲᠠᠢ ᠠᠷᠠᠯᠵᠢᠶᠠᠨ ᠤ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠡᠳ ᠨᠢᠭᠡ ᠪᠠᠷ ᠥᠷᠨᠢᠭᠦᠯᠵᠦ᠂ ᠠᠵᠤ ᠠᠬᠤᠶᠢᠯᠠᠯ ᠢ ᠬᠠᠪᠰᠤᠷᠤᠨ ᠭᠡᠷᠡᠴᠢᠯᠡᠯ ᠤᠨ ᠠᠵᠤ ᠠᠬᠤᠶᠢᠯᠠᠯ ᠤᠨ ᠪᠠᠷᠢᠮᠵᠢᠶ᠎ᠠ ᠪᠠᠷ ᠬᠠᠷᠭᠤᠭᠤᠯᠤᠨ ᠳᠣᠲᠣᠭᠠᠳᠤ ᠶᠢᠨ ᠬᠠᠮᠢᠶᠠᠷᠤᠯᠲᠠ ᠶᠢ ᠨᠢ ᠲᠡᠭᠦᠯᠳᠡᠷᠵᠢᠭᠦᠯᠵᠦ᠂ 10 ᠠᠵᠤ ᠠᠬᠤᠶᠢᠯᠠᠯ ᠨᠢ ᠭᠡᠷᠡᠴᠢᠯᠡᠯ ᠤᠨ ᠬᠦᠰᠡᠯ ᠰᠠᠨᠠᠭ᠎ᠠ ᠪᠠᠨ ᠢᠯᠡᠳᠬᠡᠵᠦ᠂ 2020 ᠣᠨ ᠳᠤ 1 AEO ︵︽ᠭᠡᠷᠡᠴᠢᠯᠡᠯ ᠤᠨ ᠡᠵᠡᠩᠨᠡᠭᠴᠢ︾ ᠰᠢᠨ᠎ᠡ ᠪᠠᠷ ᠨᠡᠮᠡᠭᠳᠡᠵᠦ᠂ ᠬᠠᠷᠢᠯᠴᠠᠨ ᠮᠡᠳᠡᠷᠡᠬᠦ ᠬᠡᠯᠡᠯᠴᠡᠭᠡᠷ ᠲᠣᠭᠲᠠᠭᠰᠠᠨ ᠤ ᠳᠠᠷᠠᠭ᠎ᠠ ᠬᠤᠶᠠᠷ ᠲᠠᠯ᠎ᠠ ᠪᠠᠷ ᠢᠶᠠᠨ ᠴᠥᠮ ᠮᠡᠳᠡᠷᠡᠵᠦ᠂ ᠣᠳᠣᠬᠠᠨ ᠳᠤ ᠳᠤᠮᠳᠠᠳᠤ ᠤᠯᠤᠰ ᠨᠢ ᠨᠢᠭᠡᠨᠲᠡ 42 ᠤᠯᠤᠰ᠂ ᠭᠠᠵᠠᠷ ᠣᠷᠣᠨ ᠤ ᠪᠣᠭᠤᠮᠲᠠ ᠲᠠᠢ ᠬᠠᠷᠢᠯᠴᠠᠨ ᠮᠡᠳᠡᠷᠡᠬᠦ ᠬᠡᠯᠡᠯᠴᠡᠭᠡᠷ ᠲᠤ ᠭᠠᠷ ᠤᠨ ᠥᠰᠥᠭ ᠵᠢᠷᠤᠪᠠ︶ ᠠᠵᠤ ᠠᠬᠤᠶᠢᠯᠠᠯ᠂ ᠪᠣᠭᠤᠮᠲᠠ ᠶᠢᠨ ᠣᠷᠣᠨ ᠤ 21 AEO ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠲᠤᠭ᠎ᠠ ᠶᠢᠨ ᠡᠵᠡᠯᠡᠬᠦ ᠬᠠᠷᠢᠴᠠᠯ ᠨᠢ 40% ᠰᠢᠬᠠᠮ ᠪᠣᠯᠵᠠᠶ︔ AEO ᠶᠢᠨ ᠠᠵᠤ ᠠᠬᠤᠶᠢᠯᠠᠯ ᠤᠨ ᠰᠦᠷᠦᠭᠵᠢᠯ ᠤᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠬᠤ ᠶᠢᠨ ᠬᠠᠮᠲᠤ᠂ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢᠨ ᠡᠷᠴᠢᠮ ᠢ ᠭᠤᠤᠯᠳᠠᠯᠭ᠎ᠠ ᠲᠠᠢ ᠠᠬᠢᠭᠤᠯᠵᠤ᠂ ︽ᠬᠥᠬᠡᠬᠤᠲᠠ ᠪᠣᠭᠤᠮᠲᠠ ᠠᠴᠠ AEO ᠶᠢᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠳᠡᠮᠵᠢᠯᠭᠡ ᠥᠭᠬᠦ ᠳᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠶᠯ ᠤᠨ ᠠᠷᠭ᠎ᠠ ᠬᠡᠮᠵᠢᠶ᠎ᠡ︾ ᠶᠢ ᠲᠣᠭᠲᠠᠭᠠᠵᠤ᠂ ᠭᠤᠤᠯᠳᠠᠯᠭ᠎ᠠ ᠲᠠᠢ ᠲᠡᠳᠬᠦᠬᠦ᠂ ᠤᠷᠢᠳᠠᠪᠠᠷ ᠪᠣᠭᠤᠮᠲᠠ ᠪᠠᠷ ᠥᠩᠭᠡᠷᠡᠬᠦ᠂ ᠥᠭᠡᠷᠡᠴᠢᠯᠡᠯᠲᠡ ᠶᠢᠨ ᠲᠤᠷᠰᠢᠯᠲᠠ ᠬᠢᠬᠦ ᠵᠡᠷᠭᠡ ᠶᠢᠰᠦᠨ ᠬᠦᠷᠢᠶ᠎ᠡ ᠴᠠᠷᠠᠭ᠎ᠠ ᠶᠢ ᠬᠠᠮᠤᠷᠴᠤ᠂ ᠳᠡᠭᠡᠳᠦ ᠲᠠᠰ ᠤᠨ ᠭᠡᠷᠡᠴᠢᠯᠡᠯ ᠤᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠵᠣᠬᠢᠴᠠᠭᠤᠯᠤᠭᠴᠢ ᠲᠣᠬᠢᠷᠠᠭᠤᠯᠵᠤ᠂ ᠪᠥᠬᠦ ᠵᠢᠯ ᠳᠤ ᠢᠯᠢ ᠪᠦᠯᠦᠭᠯᠡᠯ᠂ ᠤᠮᠠᠷᠠᠲᠤ ᠶᠢᠨ ᠮᠠᠰᠢᠨ ᠲᠡᠷᠭᠡᠨ ᠤ ᠺᠣᠮᠫᠠᠨᠢ ᠵᠡᠷᠭᠡ ᠪᠣᠭᠤᠮᠲᠠ ᠶᠢᠨ ᠳᠣᠲᠣᠷ᠎ᠠ ᠭᠠᠳᠠᠨᠠᠬᠢ ᠳᠡᠭᠡᠳᠦ ᠲᠠᠰ ᠤᠨ ᠭᠡᠷᠡᠴᠢᠯᠡᠯ ᠤᠨ ᠠᠵᠤ ᠠᠬᠤᠶᠢᠯᠠᠯ ᠢ ᠬᠠᠪᠰᠤᠷᠤᠨ ᠪᠣᠭᠤᠮᠲᠠ ᠪᠠᠷ ᠥᠩᠭᠡᠷᠡᠬᠦ ᠳᠤ ᠬᠦᠴᠢᠷᠲᠡᠶ ᠠᠰᠠᠭᠤᠳᠠᠯ ᠢ 4 ᠤᠳᠠᠭ᠎ᠠ ᠰᠢᠶᠳᠪᠦᠷᠢᠯᠡᠵᠦ᠂ AEO ᠶᠢᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠣᠯᠠᠨ ᠬᠡᠯᠪᠡᠷᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠦᠨᠳᠦᠰᠦᠨ ᠪᠠᠶᠢᠳᠠᠯ ᠢ ᠲᠣᠭᠲᠠᠭᠤᠨ ᠪᠠᠶᠢᠯᠭᠠᠬᠤ ᠪᠠᠷ ᠳᠠᠮᠵᠢᠭᠤᠯᠤᠨ᠂ ᠪᠣᠭᠤᠮᠲᠠ ᠶᠢᠨ ᠣᠷᠣᠨ ᠤ ᠭᠠᠳᠠᠭᠠᠳᠤ ᠠᠷᠠᠯᠵᠢᠶᠠᠨ ᠤ ᠲᠤᠭ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠪᠠ᠃
     ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠶᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ ᠡᠭᠦᠳᠴᠦ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ
     ᠠᠭᠤᠷᠬᠠᠶ ᠶᠢᠨ ᠡᠨᠧᠷᠭᠢ ᠶᠢᠨ ᠦᠢᠯᠡᠳᠬᠦᠨ ᠪᠣᠯ ᠳᠤᠮᠳᠠᠳᠤ ᠮᠣᠩᠭᠤᠯ ᠬᠤᠶᠠᠷ ᠤᠯᠤᠰ ᠤᠨ ᠭᠠᠳᠠᠭᠠᠳᠤ ᠠᠷᠠᠯᠵᠢᠶᠠᠨ ᠤ ᠭᠤᠤᠯᠳᠠᠯᠭ᠎ᠠ ᠲᠠᠢ ᠲᠠᠸᠠᠷ ᠪᠣᠯᠤᠨ᠎ᠠ᠂ ᠬᠢᠵᠢᠭ ᠤᠨ ᠪᠠᠶᠢᠳᠠᠯ ᠤᠨ ᠨᠥᠯᠥᠭᠡ ᠠᠴᠠ ᠡᠬᠢᠨ ᠤ ᠪᠠ ᠡᠴᠦᠰ ᠤᠨ ᠠᠵᠢᠯ ᠡᠬᠢᠯᠡᠬᠦ ᠬᠢᠵᠠᠭᠠᠷᠯᠠᠯ ᠠᠴᠠ ᠪᠣᠯᠵᠣ᠂ ᠭᠠᠳᠠᠭᠠᠳᠤ ᠠᠴᠠ ᠣᠷᠣᠭᠤᠯᠬᠤ ᠬᠡᠮᠵᠢᠶ᠎ᠡ ᠨᠢ ᠲᠡᠶᠢᠮᠦ ᠰᠠᠶᠢᠨ ᠪᠢᠰᠢ᠃ ᠬᠥᠬᠡᠬᠤᠲᠠ ᠪᠣᠭᠤᠮᠲᠠ ᠨᠢ ᠪᠣᠭᠤᠮᠲᠠ ᠶᠢᠨ ᠣᠷᠣᠨ ᠤ ᠬᠠᠮᠤᠭ ᠤᠨ ᠲᠣᠮᠣ ᠵᠡᠰ ᠤᠨ ᠨᠠᠷᠢᠯᠢᠭ ᠬᠦᠳᠡᠷ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠭᠠᠳᠠᠭᠠᠳᠤ ᠠᠴᠠ ᠣᠷᠣᠭᠤᠯᠬᠤ ᠵᠢᠴᠢ ᠬᠢᠨᠠᠨ ᠬᠠᠮᠢᠶᠠᠷᠬᠤ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠣᠶᠢᠯᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠪᠠᠨ ᠪᠠᠳᠠᠷᠠᠭᠤᠯᠤᠨ᠂ ᠣᠯᠠᠨ ᠤᠯᠤᠰ ᠤᠨ ᠬᠦᠳᠡᠷ ᠤᠨ ᠭᠠᠶᠢᠯᠢ ᠪᠠᠲᠤᠯᠠᠬᠤ ᠲᠠᠯᠠᠪᠤᠷ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠵᠤ᠂ ᠠᠵᠤ ᠠᠬᠤᠶᠢᠯᠠᠯ ᠢ ᠬᠠᠪᠰᠤᠷᠴᠤ ᠬᠠᠮᠢᠶᠠᠷᠤᠯᠲᠠ ᠶᠢᠨ ᠰᠢᠰᠲ᠋ᠧᠮ ᠢ ᠨᠡᠭᠡᠭᠡᠨ ᠬᠥᠭᠵᠢᠭᠦᠯᠬᠦ᠂ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠬᠤ ᠵᠡᠰ ᠤᠨ ᠨᠠᠷᠢᠯᠢᠭ ᠬᠦᠳᠡᠷ ᠢ ᠬᠢᠨᠠᠨ ᠬᠠᠮᠢᠶᠠᠷᠬᠤ ᠲᠥᠰᠦᠯ ᠢ ᠲᠣᠭᠲᠠᠭᠠᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠠᠭᠤᠷᠬᠠᠶ ᠶᠢᠨ ᠡᠨᠧᠷᠭᠢ ᠶᠢᠨ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠪᠠ᠃ ᠪᠥᠬᠦ ᠵᠢᠯ ᠳᠤ ᠪᠣᠭᠤᠮᠲᠠ ᠶᠢᠨ ᠣᠷᠣᠨ ᠤ ᠭᠠᠶᠢᠯᠢ ᠪᠠᠲᠤᠯᠠᠬᠤ ᠭᠠᠳᠠᠭᠠᠳᠤ ᠠᠴᠠ ᠣᠷᠣᠭᠤᠯᠤᠭᠰᠠᠨ ᠵᠡᠰ ᠤᠨ ᠨᠠᠷᠢᠯᠢᠭ ᠬᠦᠳᠡᠷ 76 ᠲᠦᠮᠡᠨ ᠲᠣᠨ ᠰᠢᠬᠠᠮ ᠪᠣᠯᠵᠣ᠂ ᠬᠢᠵᠢᠭ ᠤᠨ ᠠᠰᠢᠭ ᠥᠬᠡᠶ ᠨᠥᠯᠦᠭᠡᠨ ᠤ ᠪᠠᠶᠢᠳᠠᠯ ᠳᠣᠤᠷ᠎ᠠ᠂ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢ ᠨᠢᠳᠤᠨᠤᠨ ᠤ ᠬᠢ ᠲᠠᠢ ᠲᠡᠩᠴᠡᠵᠦ᠂ ᠭᠤᠤᠯᠳᠠᠯᠭ᠎ᠠ ᠲᠠᠢ ᠲᠠᠸᠠᠷ ᠤᠨ ᠭᠠᠳᠠᠭᠠᠳᠤ ᠠᠴᠠ ᠣᠷᠣᠭᠤᠯᠬᠤ ᠬᠦᠷᠢᠶᠡᠨ ᠳᠠᠬᠢ ᠬᠠᠩᠭᠠᠯᠭ᠎ᠠ ᠶᠢᠨ ᠬᠡᠯᠬᠢᠶ᠎ᠡ ᠨᠢ ᠦᠨᠳᠦᠰᠦᠨ ᠳᠤ ᠪᠠᠨ ᠲᠣᠭᠲᠠᠭᠤᠨ ᠪᠠᠶᠢᠪᠠ᠃
     ᠠᠷᠠᠳ ᠤᠨ ᠰᠦᠯᠵᠢᠶ᠎ᠡ ᠶᠢᠨ ᠰᠤᠷᠪᠤᠯᠵᠢᠯᠠᠭᠴᠢ᠄ ᠥᠪᠡᠷᠲᠡᠭᠡᠨ ᠵᠠᠰᠠᠬᠤ ᠣᠷᠣᠨ ᠨᠢ ᠣᠷᠣᠰ᠂ ᠮᠣᠩᠭᠤᠯ ᠲᠠᠢ ᠬᠥᠷᠰᠢᠯᠡᠵᠦ᠂ ᠥᠪᠡᠷᠮᠢᠴᠡ ᠳᠠᠪᠠᠭᠤᠯᠢᠭ ᠲᠠᠢ ᠶᠤᠮ᠂ ᠬᠥᠬᠡᠬᠤᠲᠠ ᠪᠣᠭᠤᠮᠲᠠ ᠶᠢᠨ ᠣᠷᠣᠰ ᠮᠣᠩᠭᠤᠯ ᠳᠠᠬᠢ ᠭᠠᠳᠠᠭᠠᠳᠤ  ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠶᠡᠷᠦᠩᠬᠡᠶ ᠪᠠᠶᠢᠳᠠᠯ ᠵᠢᠴᠢ ᠶᠠᠮᠠᠷ ᠶᠠᠮᠠᠷ ᠬᠠᠨᠳᠤᠯᠭᠠᠲᠤ ᠴᠢᠨᠠᠷᠲᠠᠶ ᠨᠡᠮᠡᠭᠳᠡᠯ ᠢ ᠪᠠᠲᠤᠯᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠠᠪᠤᠭᠰᠠᠨ ᠲᠤᠬᠠᠶ ᠲᠠᠨᠢᠯᠴᠠᠭᠤᠯᠤᠭᠠᠳ ᠥᠭᠭᠦᠨ᠎ᠡ ᠦᠦ᠂ ᠪᠠᠶᠠᠷᠯᠠᠯ᠎ᠠ︕
     ᠯᠢ ᠾᠧᠩ ᠯᠢᠶᠠᠩ᠄ ᠲᠠᠨ ᠤ ᠠᠰᠠᠭᠤᠭᠰᠠᠨ ᠳᠤ ᠪᠠᠶᠠᠷᠯᠠᠯ᠎ᠠ᠃ 2020 ᠣᠨ ᠳᠤ ᠮᠠᠨ ᠤ ᠪᠣᠭᠤᠮᠲᠠ ᠨᠡᠶᠢᠲᠡ 70.8 ᠳ᠋ᠦᠩᠰᠢᠭᠤᠷ ᠲᠥᠭᠦᠷᠢᠭ ᠤᠨ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠢ ᠬᠢᠨᠠᠨ ᠬᠠᠮᠢᠶᠠᠷᠴᠤ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠵᠦ᠂ ᠣᠷᠣᠰ ᠮᠣᠩᠭᠤᠯ ᠯᠤᠭ᠎ᠠ ᠶᠢᠨ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ 10.51 ᠳ᠋ᠦᠩᠰᠢᠭᠤᠷ ᠲᠥᠭᠦᠷᠢᠭ ᠲᠤ ᠬᠦᠷᠴᠦ᠂ ᠠᠷᠠᠯᠵᠢᠶᠠᠨ ᠤ ᠶᠡᠷᠦᠩᠬᠡᠶ ᠲᠣᠭᠠᠨ ᠤ 14.84% ᠶᠢ ᠡᠵᠡᠯᠡᠪᠡ᠂ ᠡᠭᠦᠨ ᠳᠤ ᠣᠷᠣᠰ ᠮᠣᠩᠭᠤᠯ ᠳᠤ ᠭᠠᠷᠭᠠᠭᠰᠠᠨ ᠢᠳᠡᠭᠡᠨ ᠤ ᠵᠦᠶᠯ 2.09 ᠳ᠋ᠦᠩᠰᠢᠭᠤᠷ ᠲᠥᠭᠦᠷᠢᠭ ᠲᠤ ᠬᠦᠷᠴᠦ᠂ ᠪᠠᠶᠢᠳᠠᠯ ᠢ ᠰᠥᠷᠴᠦ 100.96% ᠪᠠᠷ ᠶᠡᠭᠡ ᠪᠠᠷ ᠨᠡᠮᠡᠭᠳᠡᠵᠦ᠂ ᠭᠤᠤᠯ ᠪᠣᠯᠬᠤ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠢᠳᠡᠭᠡᠨ ᠤ ᠵᠦᠶᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠵᠦ᠂ ᠶᠡᠷᠦᠩᠬᠡᠶ ᠳᠤ ᠪᠠᠨ ᠲᠣᠭᠲᠠᠭᠤᠨ ᠪᠥᠭᠡᠳ ᠰᠠᠶᠢᠵᠢᠷᠠᠬᠤ ᠪᠠᠶᠢᠳᠠᠯ ᠢᠯᠡᠷᠡᠪᠡ᠂ ᠵᠢᠱᠢᠶᠡᠯᠡᠪᠡᠯ ᠮᠣᠩᠭᠤᠯ ᠤᠯᠤᠰ ᠤᠨ ᠪᠤᠯᠭᠤᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠢ 3.48 ᠳ᠋ᠦᠩᠰᠢᠭᠤᠷ ᠲᠥᠭᠦᠷᠢᠭ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 27.01% ᠪᠠᠷ ᠨᠡᠮᠡᠭᠳᠡᠪᠡ᠂ ᠣᠷᠣᠰ ᠲᠤ ᠦᠷ᠎ᠡ ᠶᠢᠨ ᠴᠦᠮ᠎ᠡ ᠶᠢᠨ ᠲᠥᠷᠥᠯ ᠢ 1.17 ᠳ᠋ᠦᠩᠰᠢᠭᠤᠷ ᠲᠥᠭᠦᠷᠢᠭ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 333.33% ᠪᠠᠷ ᠨᠡᠮᠡᠭᠳᠡᠪᠡ᠂ ᠮᠣᠩᠭᠤᠯ ᠤᠯᠤᠰ ᠳᠤ ᠢᠳᠡᠰᠢᠨ ᠨᠣᠭᠤᠭ᠎ᠠ 0.82 ᠳ᠋ᠦᠩᠰᠢᠭᠤᠷ ᠲᠥᠭᠦᠷᠢᠭ ᠭᠠᠷᠭᠠᠵᠤ᠂ ᠠᠳᠠᠯᠢ ᠬᠤᠭᠤᠴᠠᠭᠠᠨ ᠤ ᠬᠢ ᠠᠴᠠ 15.49% ᠪᠠᠷ ᠨᠡᠮᠡᠭᠳᠡᠪᠡ᠃
     ᠨᠢᠭᠡ ᠳᠤ᠂ ᠭᠠᠳᠠᠭᠠᠳᠤ ᠠᠴᠠ ᠣᠷᠣᠭᠤᠯᠬᠤ ᠢᠳᠡᠭᠡᠨ ᠤ ᠲᠥᠷᠥᠯ ᠵᠦᠶᠯ ᠢ ᠢᠳᠡᠪᠬᠢᠲᠡᠶ ᠪᠠᠷ ᠥᠷᠭᠡᠳᠬᠡᠪᠡ᠃ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠶᠢᠯ ᠤᠨ ᠣᠨᠣᠪᠴᠢᠲᠠᠶ ᠪᠠᠷ ᠰᠢᠶᠳᠪᠦᠷᠢᠯᠡᠵᠦ᠂ ᠵᠢᠭᠠᠨ ᠲᠣᠭᠲᠠᠭᠠᠭᠰᠠᠨ ᠡᠯᠳᠡᠪ ᠠᠮᠤ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠷᠢᠳᠬᠡᠨ ᠳᠠᠩᠰᠠᠯᠠᠬᠤ ᠴᠤᠪᠤᠷᠠᠯ ᠢ ᠰᠢᠯᠢᠳᠡᠭᠵᠢᠭᠦᠯᠦᠨ᠂ 2020 ᠣᠨ ᠳᠤ 6 ᠵᠢᠭᠠᠨ ᠲᠣᠭᠲᠠᠭᠠᠭᠰᠠᠨ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠮᠣᠩᠭᠤᠯ ᠤᠯᠤᠰ ᠤᠨ ᠪᠣᠯᠭᠤᠭᠰᠠᠨ ᠮᠢᠬᠠᠨ ᠤ ᠲᠥᠷᠥᠯ ᠢ ᠭᠠᠳᠠᠭᠠᠳᠤ ᠠᠴᠠ ᠣᠷᠣᠭᠤᠯᠬᠤ ᠠᠴᠠ ᠭᠠᠳᠠᠨ᠎ᠠ᠂ ᠡᠷᠢᠶᠡᠨ ᠬᠤᠲᠠ ᠶᠢᠨ ᠪᠣᠭᠤᠮᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠳᠡᠮᠵᠢᠨ ᠣᠷᠣᠰ ᠤᠨ ᠲᠠᠬᠢᠶᠠᠨ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠰᠢᠨ᠎ᠡ ᠪᠠᠷ ᠨᠡᠮᠡᠭᠳᠡᠭᠦᠯᠦᠭᠰᠡᠨ ᠪᠦᠭᠡᠳ ᠮᠣᠩᠭᠤᠯ ᠤᠯᠤᠰ ᠤᠨ ᠪᠣᠭᠤᠳᠠᠶ ᠶᠢᠨ ᠭᠤᠯᠢᠷ᠂ ᠬᠠᠷ᠎ᠠ ᠪᠣᠭᠤᠳᠠᠶ ᠶᠢᠨ ᠭᠤᠯᠢᠷ ᠢ ᠵᠥᠪᠰᠢᠶᠡᠷᠡᠨ ᠣᠷᠣᠭᠤᠯᠬᠤ ᠶᠢ ᠪᠡᠶᠡᠯᠡᠭᠦᠯᠵᠦ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠤ ᠲᠥᠷᠥᠯ ᠵᠦᠶᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃
     ᠬᠤᠶᠠᠷ ᠲᠤ᠂ ᠢᠳᠡᠭᠡᠨ ᠤ ᠬᠠᠮᠢᠶᠠᠷᠤᠯᠲᠠ ᠶᠢᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠮᠠᠨ ᠤ ᠣᠷᠣᠨ ᠤ ᠪᠣᠭᠤᠮᠲᠠ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠮᠣᠩᠭᠤᠯ ᠤᠨ ᠢᠳᠡᠭᠡᠨ ᠤ ᠬᠠᠮᠢᠶ᠎ᠠ ᠪᠥᠬᠦᠶ 4 ᠪᠦᠯᠦᠭ ᠬᠠᠤᠯᠢ ᠴᠠᠭᠠᠵᠠ᠂ 41 ᠵᠦᠶᠯ ᠤᠨ ᠪᠠᠷᠢᠮᠵᠢᠶ᠎ᠠ ᠶᠢ ᠴᠤᠭᠯᠠᠭᠤᠯᠤᠨ ᠣᠷᠴᠢᠭᠤᠯᠵᠤ᠂ 35 ᠲᠦᠮᠡᠨ ᠥᠰᠥᠭ ᠤᠨ ᠮᠠᠲ᠋ᠧᠷᠢᠶᠠᠯ ᠢ ᠪᠦᠷᠢᠯᠳᠦᠭᠦᠯᠵᠦ᠂ ᠬᠤᠶᠠᠷ ᠲᠠᠯ᠎ᠠ ᠶᠢᠨ ᠪᠠᠷᠢᠮᠵᠢᠶ᠎ᠠ ᠶᠢ ᠬᠠᠷᠢᠴᠠᠭᠤᠯᠤᠨ ᠵᠠᠳᠠᠯᠵᠤ᠂ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠠᠵᠤ ᠠᠬᠤᠶᠢᠯᠠᠯ ᠤᠨ ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠲᠦᠭᠰᠢᠭᠦᠷᠢ ᠠᠴᠠ ᠵᠦᠶ ᠵᠣᠬᠢᠰᠲᠠᠶ ᠵᠠᠶᠢᠯᠠᠬᠤ ᠶᠢ ᠣᠨᠣᠪᠴᠢᠲᠠᠶ ᠵᠢᠯᠣᠭᠤᠳᠪᠠ᠃
     ᠭᠤᠷᠪᠠ ᠳᠤ᠂ ᠠᠵᠢᠯ ᠶᠠᠪᠤᠳᠠᠯ ᠭᠦᠶᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠯᠢ ᠪᠠᠷ ᠣᠷᠣᠭᠤᠯᠬᠤ ᠠᠮᠢᠲᠠᠨ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠤ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠶᠢ ᠲᠦᠷᠭᠡᠳᠬᠡᠨ ᠭᠦᠶᠴᠡᠳᠬᠡᠵᠦ᠂ 100% ᠪᠠᠷ ᠴᠠᠭᠠᠰᠤ ᠬᠡᠷᠡᠭᠯᠡᠬᠦ ᠥᠬᠡᠶ ᠪᠠᠷ ᠭᠦᠶᠴᠡᠳᠬᠡᠬᠦ ᠶᠢ ᠬᠡᠷᠡᠭᠵᠢᠭᠦᠯᠵᠦ᠂ ᠬᠢᠵᠢᠭ ᠪᠠᠶᠢᠴᠠᠭᠠᠵᠤ ᠬᠢᠨᠠᠨ ᠵᠥᠪᠰᠢᠶᠡᠷᠡᠬᠦ ᠴᠠᠭ ᠢ 1/5 ᠪᠠᠷ ᠪᠣᠭᠤᠨᠢᠰᠬᠠᠪᠠ᠃ ᠢᠳᠡᠭᠡᠨ ᠤ ᠵᠦᠶᠯ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠲᠤᠰᠬᠠᠶ ᠠᠩᠭᠢ ᠶᠢ ᠪᠠᠶᠢᠭᠤᠯᠤᠨ ᠥᠷᠭᠡᠳᠬᠡᠵᠦ᠂ ᠭᠠᠳᠠᠭᠠᠳᠤ ᠳᠤ ᠭᠠᠷᠭᠠᠬᠤ ᠢᠳᠡᠰᠢᠨ ᠨᠣᠭᠤᠭ᠎ᠠ᠂ ᠦᠷ᠎ᠡ ᠶᠢᠨ ᠴᠥᠮ᠎ᠡ ᠶᠢᠨ ᠲᠥᠷᠥᠯ ᠵᠡᠷᠭᠡ ᠶᠡᠭᠡ ᠬᠡᠮᠵᠢᠶᠡᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠳᠤ ︽ᠤᠷᠢᠳᠠᠪᠠᠷ ᠬᠠᠭᠤᠳᠠᠰᠤ ᠲᠣᠰᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠭᠡᠷᠡᠴᠢ ᠭᠠᠷᠭᠠᠬᠤ᠂ ᠤᠷᠢᠳᠠᠪᠠᠷ ᠶᠠᠪᠤᠭᠤᠯᠬᠤ︾ ᠶᠢ ᠬᠡᠷᠡᠭᠵᠢᠭᠦᠯᠵᠦ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠳᠥᠷᠪᠡ ᠳᠤ᠂ ᠨᠡᠮᠡᠭᠳᠡᠯ ᠤᠨ ᠰᠢᠨ᠎ᠡ ᠬᠥᠳᠡᠯᠭᠡᠬᠦ ᠡᠨᠧᠷᠭᠢ ᠶᠢ ᠢᠳᠡᠪᠬᠢᠲᠡᠶ ᠪᠣᠶᠢᠵᠢᠭᠤᠯᠵᠤ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠵᠢᠭᠠᠨ ᠲᠣᠭᠲᠠᠭᠠᠭᠰᠠᠨ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠭᠠᠵᠠᠷ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠳᠤᠮᠳᠠᠳᠤ ᠪᠠᠷ ᠨᠡᠪᠲᠡᠷᠡᠬᠦ ᠵᠠᠮ ᠤᠨ ᠳᠠᠪᠠᠭᠤᠯᠢᠭ ᠢ ᠢᠳᠡᠪᠬᠢᠲᠡᠶ ᠪᠣᠶᠢᠵᠢᠭᠤᠯᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠶᠢ ᠭᠦᠨᠵᠡᠭᠡᠶ ᠠᠬᠢᠭᠤᠯᠵᠤ᠂ ᠬᠢᠯᠢ ᠪᠠᠷ ᠣᠷᠣᠭᠤᠯᠬᠤ ᠤᠷᠭᠤᠮᠠᠯ ᠤᠨ ᠢᠷᠡᠯᠲᠡ ᠶᠢᠨ ᠴᠢᠨᠠᠷᠲᠠᠶ ᠢᠳᠡᠭᠡᠨ ᠢ ᠭᠤᠶᠤᠴᠢᠯᠠᠨ ᠮᠡᠳᠡᠭᠦᠯᠬᠦ᠂ ᠪᠠᠶᠢᠴᠠᠭᠠᠨ ᠰᠢᠯᠭᠠᠬᠤ ᠵᠢᠴᠢ ᠲᠠᠯᠪᠢᠵᠤ ᠶᠠᠪᠤᠭᠤᠯᠬᠤ ᠴᠤᠪᠤᠷᠠᠯ ᠢ ᠰᠢᠯᠢᠳᠡᠭᠵᠢᠭᠦᠯᠵᠦ᠂ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠬᠢᠭᠡᠳ ᠲᠡᠮᠦᠷ ᠵᠠᠮ ᠤᠨ ᠠᠵᠢᠯᠯᠠᠭᠠᠨ ᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠦ᠂ 2020 ᠣᠨ ᠳᠤ ᠪᠥᠬᠦ ᠵᠢᠯ ᠳᠤ 10 ᠴᠤᠪᠤᠭ᠎ᠠ᠂ 1.31 ᠲᠦᠮᠡᠨ ᠲᠣᠨ ᠣᠷᠣᠰ ᠤᠨ ᠬᠤᠰᠢᠭᠤ ᠪᠤᠳᠠᠭ᠎ᠠ᠂ ᠶᠠᠮᠠ ᠶᠢᠨ ᠦᠷ᠎ᠡ ᠶᠢ ᠬᠢᠯᠢ ᠪᠠᠷ ᠣᠷᠣᠭᠤᠯᠵᠤ᠂ ᠠᠳᠠᠯᠢ ᠲᠥᠷᠥᠯ ᠤᠨ ᠦᠶᠯᠡᠳᠬᠦᠨ ᠢ ᠭᠠᠳᠠᠭᠠᠳᠤ ᠠᠴᠠ ᠣᠷᠣᠭᠤᠯᠬᠤ ᠶᠡᠷᠦᠩᠬᠡᠶ ᠬᠡᠮᠵᠢᠶ᠎ᠡ ᠶᠢᠨ 14.64% ᠶᠢ ᠡᠵᠡᠯᠡᠵᠦ᠂ ᠲᠣᠰ ᠬᠦᠷᠢᠶᠡᠨ ᠤ ᠴᠣ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃

ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
Baidu
map