3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ 2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠣᠭᠤᠯᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢᠦ ᠬᠠᠶ ᠪᠥᠸᠧ ᠭᠤᠤᠯ ᠰᠡᠳᠦᠪᠲᠦ ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠪᠠ ᠭᠠᠮᠰᠢᠭ ᠢ ᠪᠠᠭᠠᠰᠬᠠᠬᠤ ᠭᠠᠵᠠᠷ ᠤᠨ ᠳᠠᠷᠤᠭ᠎ᠠ ᠨᠢᠦ ᠪᠦᠦ ᠯᠢᠶᠠᠩ᠂ ᠥᠪᠡᠷᠲᠡᠭᠡᠨ ᠵᠠᠰᠠᠬᠤ ᠣᠷᠣᠨ ᠤ ᠠᠭᠤᠷ ᠠᠮᠢᠰᠬᠤᠯ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠶᠠᠩ ᠵᠢᠩ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠲᠥᠪ ᠤᠨ ᠳᠡᠭᠡᠳᠦ ᠵᠡᠷᠭᠡ ᠶᠢᠨ ᠢᠨᠵᠧᠨᠧᠷ ᠦ᠋ ᠿᠦᠩ ᠱᠧᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃
2021 ᠣᠨ ᠤ ᠥᠪᠥᠷ ᠮᠣᠩᠭᠤᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠦᠬᠦᠴᠡᠯ ᠤᠨ ᠰᠣᠨᠢᠨ ᠮᠡᠳᠡᠭᠡ ᠨᠡᠶᠢᠳᠡᠯᠡᠬᠦ ᠬᠤᠷᠠᠯ ᠤᠨ ᠨᠡᠶᠢᠳᠡᠯᠡᠬᠦ ᠦᠬᠡ
ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶᠠᠨ ᠤ ᠳᠡᠳ᠋ ᠳᠠᠷᠤᠭ᠎ᠠ᠂ ᠰᠣᠨᠢᠨ ᠮᠡᠳᠡᠭᠡᠨ ᠤ ᠥᠭᠦᠯᠡᠭᠴᠢ ᠯᠢᠦ ᠬᠠᠶ ᠪᠥᠸᠧ
ᠬᠠᠪᠤᠷ ᠤᠨ ᠤᠯᠠᠷᠢᠯ ᠪᠣᠯ ᠮᠠᠨ ᠤ ᠣᠷᠣᠨ ᠤ ᠭᠠᠩ ᠬᠠᠭᠤᠷᠠᠶ᠂ ᠬᠦᠢᠳᠡᠨ ᠤᠷᠤᠰᠬᠠᠯ᠂ ᠬᠢᠷᠠᠭᠤ ᠬᠥᠯᠳᠡᠭᠦᠦ᠂ ᠶᠡᠭᠡ ᠰᠠᠯᠬᠢ᠂ ᠡᠯᠡᠰᠦ ᠲᠣᠭᠤᠰᠣ ᠵᠡᠷᠭᠡ ᠴᠠᠭ ᠠᠭᠤᠷ ᠤᠨ ᠭᠠᠮᠰᠢᠭ ᠵᠢᠴᠢ ᠬᠠᠳᠤᠨ ᠭᠤᠣᠯ ᠤᠨ ᠬᠠᠯᠢᠶ᠎ᠠ ᠦᠶᠡᠷ᠂ ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠵᠡᠷᠭᠡ ᠠᠴᠠ ᠡᠭᠦᠰᠦᠭᠰᠡᠨ ᠭᠠᠮᠰᠢᠭ ᠤᠯᠠᠨ ᠭᠠᠷᠬᠤ᠂ ᠣᠯᠠᠨᠲᠠ ᠡᠭᠦᠰᠬᠦ ᠤᠯᠠᠷᠢᠯ ᠪᠣᠯᠤᠨ᠎ᠠ᠃ ᠣᠳᠣᠬᠠᠨ ᠳᠤ᠂ ᠲᠠᠷᠢᠶᠠᠯᠠᠬᠤ ᠣᠷᠣᠨ ᠪᠠᠷᠠᠭᠤᠨ ᠠᠴᠠ ᠵᠡᠭᠦᠨᠰᠢ ᠪᠠᠨ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠣᠷᠣᠵᠤ᠂ ᠮᠠᠯᠵᠢᠬᠤ ᠣᠷᠣᠨ ᠲᠥᠯ ᠲᠤᠰᠴᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠬᠠᠪᠤᠷ ᠤᠨ ᠤᠯᠠᠷᠢᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠬᠦ ᠨᠢ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠡᠳᠦᠭᠡ 2020 ᠣᠨ ᠤ ᠪᠥᠬᠦ ᠣᠷᠣᠨ ᠤ ᠭᠤᠤᠯ ᠪᠣᠯᠬᠤ ᠴᠠᠭ ᠠᠭᠤᠷ ᠤᠨ ᠭᠠᠮᠰᠢᠭ᠂ ᠴᠠᠭ ᠠᠭᠤᠷ ᠤᠨ ᠦᠢᠯᠡᠴᠢᠯᠡᠭᠡᠨ ᠤ ᠪᠠᠶᠢᠳᠠᠯ ᠵᠢᠴᠢ ᠡᠨᠡ ᠵᠢᠯ ᠤᠨ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ ᠵᠢᠴᠢ ᠭᠤᠤᠯ ᠪᠣᠯᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠠᠨᠠᠭᠤᠯᠭ᠎ᠠ ᠶᠢ ᠳᠣᠤᠷᠠᠬᠢ ᠮᠡᠲᠦ ᠵᠠᠷᠯᠠᠶ᠎ᠠ᠄
ᠨᠢᠭᠡ᠂ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠵᠢᠴᠢ ᠴᠠᠭ ᠠᠭᠤᠷ ᠤᠨ ᠦᠢᠯᠡᠴᠢᠯᠡᠭᠡᠨ ᠤ ᠠᠵᠢᠯ ᠤᠨ ᠪᠠᠶᠢᠳᠠᠯ
︵ᠨᠢᠭᠡ︶ 2020 ᠣᠨ ᠤ ᠥᠪᠥᠷ ᠮᠣᠩᠭᠤᠯ ᠤᠨ ᠭᠤᠤᠯ ᠪᠣᠯᠬᠤ ᠴᠠᠭ ᠠᠭᠤᠷ ᠤᠨ ᠭᠠᠮᠰᠢᠭ
2020 ᠣᠨ ᠳᠤ᠂ ᠪᠥᠬᠦ ᠣᠷᠣᠨ ᠤ ᠣᠯᠠᠨ ᠭᠠᠵᠠᠷ ᠲᠤ ᠭᠠᠩ ᠬᠠᠭᠰᠠᠷᠠᠭᠠᠨ᠂ ᠰᠢᠷᠦᠭᠦᠨ ᠪᠣᠷᠣᠭᠠᠨ ᠦᠶᠡᠷ ᠤᠰᠤᠲᠤᠯ᠂ ᠮᠥᠨᠳᠥᠷ᠂ ᠶᠡᠭᠡ ᠰᠠᠯᠬᠢ ᠵᠡᠷᠭᠡ ᠴᠠᠭ ᠠᠭᠤᠷ ᠤᠨ ᠭᠠᠮᠰᠢᠭ ᠵᠢᠴᠢ ᠣᠯᠠᠷᠢᠮᠠᠯ ᠪᠤᠶᠤ ᠡᠭᠦᠰᠦᠮᠡᠯ ᠭᠠᠮᠰᠢᠭ ᠭᠠᠷᠴᠤ᠂ 415.96 ᠲᠦᠮᠡᠨ ᠬᠥᠮᠦᠨ ᠭᠠᠮᠰᠢᠭᠳᠠᠨ᠂ 7 ᠬᠥᠮᠦᠨ ᠠᠳᠡᠵᠦ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ ᠨᠢ 235.7 ᠲᠦᠮᠡᠨ ᠾᠧᠺᠲ᠋ᠠᠷ᠂ ᠬᠤᠷᠢᠶᠠᠯᠲᠠ ᠠᠯᠳᠠᠭᠰᠠᠨ ᠲᠠᠯᠠᠪᠠᠶ 23.9 ᠲᠦᠮᠡᠨ ᠾᠧᠺᠲ᠋ᠠᠷ᠂ 111.04 ᠳ᠋ᠦᠩᠰᠢᠭᠤᠷ ᠲᠥᠭᠦᠷᠢᠭ ᠤᠨ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠠᠶᠢᠨ᠎ᠠ᠃ ᠴᠠᠭ ᠠᠭᠤᠷ ᠤᠨ ᠭᠠᠮᠰᠢᠭ ᠠᠴᠠ ᠪᠣᠯᠵᠣ ᠠᠳᠡᠭᠰᠡᠨ ᠬᠥᠮᠦᠨ ᠤ ᠲᠤᠭ᠎ᠠ 2019 ᠣᠨ ᠤ ᠬᠢ ᠲᠠᠢ ᠠᠳᠠᠯᠢ ᠪᠠᠶᠢᠵᠤ᠂ ᠭᠠᠮᠰᠢᠭᠳᠠᠭᠰᠠᠨ ᠬᠥᠮᠦᠨ ᠠᠮᠠ᠂ ᠲᠠᠷᠢᠮᠠᠯ ᠤᠨ ᠭᠠᠮᠰᠢᠭᠳᠠᠭᠰᠠᠨ ᠲᠠᠯᠠᠪᠠᠶ᠂ ᠬᠤᠷᠢᠶᠠᠯᠲᠠ ᠠᠯᠳᠠᠭᠰᠠᠨ ᠲᠠᠯᠠᠪᠠᠶ ᠵᠢᠴᠢ ᠠᠵᠤ ᠠᠬᠤᠶ ᠶᠢᠨ ᠬᠤᠬᠢᠷᠠᠯ ᠨᠢ ᠲᠣᠰ ᠲᠣᠰ 2019 ᠣᠨ ᠤ ᠬᠢ ᠠᠴᠠ 88.5%᠂ 59.5%᠂ 117.8%᠂ 137.8% ᠪᠠᠷ ᠨᠡᠮᠡᠭᠳᠡᠵᠡᠶ᠃
2020 ᠣᠨ ᠳᠤ᠂ ᠪᠦᠬᠦ ᠣᠷᠣᠨ ᠳᠤ ᠭᠠᠩ ᠬᠠᠭᠰᠠᠷᠠᠭᠠᠨ ᠠᠴᠠ ᠪᠤᠯᠵᠤ 210.6 ᠲᠦᠮᠡᠨ ᠬᠥᠮᠦᠨ ᠭᠠᠮᠰᠢᠭᠳᠠᠪᠠ᠃ ᠡᠭᠦᠨ ᠳᠤ᠂ ᠮᠠᠯᠵᠢᠬᠤ ᠣᠷᠣᠨ ᠨᠢ ᠬᠦᠨᠳᠦ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 6 ᠳ᠋ᠤᠭᠠᠷ ᠰᠠᠷ᠎ᠠ ᠶᠢᠨ ᠳᠤᠮᠳᠠᠴᠢ ᠠᠴᠠ 7 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ ᠡᠭᠦᠰᠴᠦ᠂ ᠬᠥᠯᠥᠨ ᠪᠤᠶᠢᠷ ᠤᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ ᠤᠨ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠤᠨ ᠳᠤᠮᠳᠠ ᠬᠡᠰᠡᠭ᠂ ᠬᠥᠬᠡᠬᠤᠲᠠ᠂ ᠪᠠᠶᠠᠨᠨᠠᠭᠤᠷ ᠤᠨ ᠶᠡᠬᠡᠩᠬᠢ ᠬᠡᠰᠡᠭ᠂ ᠣᠷᠳᠣᠰ ᠤᠨ ᠡᠮᠦᠨᠡᠲᠦ ᠬᠡᠰᠡᠭ ᠵᠢᠴᠢ ᠠᠯᠠᠱᠠ ᠠᠶᠢᠮᠠᠭ ᠤᠨ ᠶᠡᠬᠡᠩᠬᠢ ᠬᠡᠰᠡᠭ ᠭᠠᠵᠠᠷ ᠣᠷᠣᠨ ᠳᠤ ᠢᠯᠡᠷᠡᠪᠡ︔ ᠲᠠᠷᠢᠶᠠᠯᠠᠬᠤ ᠣᠷᠣᠨ ᠨᠢ ᠳᠤᠮᠳᠠ ᠵᠡᠷᠭᠡ ᠶᠢᠨ ᠭᠠᠩ ᠬᠠᠭᠰᠠᠷᠠᠭᠠᠨ ᠢᠶᠠᠷ ᠭᠤᠤᠯᠯᠠᠵᠤ᠂ ᠭᠤᠤᠯᠳᠠᠭᠤ 5 ᠳ᠋ᠤᠭᠠᠷ ᠰᠠᠷ᠎ᠠ᠂ 6 ᠳ᠋ᠤᠭᠠᠷ ᠰᠠᠷ᠎ᠠ ᠶᠢᠨ ᠳᠤᠮᠳᠠᠴᠢ ᠪᠠ 7 ᠳ᠋ᠤᠭᠠᠷ ᠰᠠᠷ᠎ᠠ ᠶᠢᠨ ᠰᠡᠭᠦᠯᠴᠢ ᠪᠠᠷ ᠡᠭᠦᠰᠴᠦ᠂ ᠲᠦᠩᠯᠢᠶᠣᠤ ᠶᠢᠨ ᠵᠡᠭᠦᠨ ᠡᠮᠦᠨᠡᠲᠦ ᠬᠡᠰᠡᠭ᠂ ᠤᠯᠠᠭᠠᠨᠬᠠᠳᠠ ᠶᠢᠨ ᠳᠤᠮᠳᠠ ᠬᠡᠰᠡᠭ᠂ ᠤᠯᠠᠭᠠᠨᠴᠠᠪ ᠤᠨ ᠶᠡᠬᠡᠩᠬᠢ ᠬᠡᠰᠡᠭ᠂ ᠬᠥᠬᠡᠬᠤᠲᠠ ᠶᠢᠨ ᠳᠤᠮᠳᠠ ᠬᠡᠰᠡᠭ᠂ ᠪᠤᠭᠤᠲᠤ ᠶᠢᠨ ᠬᠤᠶᠢᠲᠤ ᠬᠡᠰᠡᠭ ᠢᠶᠠᠷ ᠢᠯᠡᠷᠡᠪᠡ᠃
ᠪᠥᠬᠦ ᠣᠷᠣᠨ ᠳᠤ ᠰᠢᠷᠦᠭᠦᠨ ᠪᠣᠷᠣᠭᠠᠨ ᠦᠶᠡᠷ ᠤᠰᠤᠲᠤᠯ 73 ᠬᠤᠰᠢᠭᠤ ᠰᠢᠶᠠᠨ ᠤᠳᠠᠭ᠎ᠠ ᠡᠬᠦᠰᠴᠦ᠂ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠦᠶᠤᠸᠠᠨ ᠰᠢᠶᠠᠨ᠂ ᠠᠷᠤᠨ ᠬᠤᠰᠢᠭᠤ᠂ ᠳᠥᠷᠪᠡᠳ ᠬᠤᠰᠢᠭᠤ ᠵᠡᠷᠭᠡ 49 ᠬᠤᠰᠢᠭᠤ ᠰᠢᠶᠠᠨ ᠳᠤ ᠬᠤᠯᠪᠣᠭᠳᠠᠵᠤ᠂ 47.2 ᠲᠦᠮᠡᠨ ᠬᠥᠮᠦᠨ ᠠᠮᠠ ᠭᠠᠮᠰᠢᠭᠳᠠᠵᠤ᠂ 44.7 ᠲᠦᠮᠡᠨ ᠾᠧᠺᠲ᠋ᠠᠷ ᠲᠠᠷᠢᠶᠠᠨ ᠭᠠᠵᠠᠷ ᠭᠠᠮᠰᠢᠭᠳᠠᠵᠠᠶ᠃
ᠪᠥᠬᠦ ᠣᠷᠣᠨ ᠳᠤ ᠮᠥᠨᠳᠥᠷ ᠤᠨ ᠭᠠᠮᠰᠢᠭ 106 ᠬᠤᠰᠢᠭᠤ ᠰᠢᠶᠠᠨ ᠤᠳᠠᠭ᠎ᠠ ᠡᠭᠦᠰᠴᠦ᠂ ᠯᠢᠨᠾᠧ ᠲᠣᠭᠤᠷᠢᠭ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠨᠢᠩᠴᠧᠩ ᠰᠢᠶᠠᠨ᠂ ᠤᠷᠠᠳ ᠤᠨ ᠡᠮᠦᠨᠡᠲᠦ ᠬᠤᠰᠢᠭᠤ ᠵᠡᠷᠭᠡ 47 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 51.5 ᠲᠦᠮᠡ᠂ ᠲᠠᠷᠢᠶᠠᠨ ᠭᠠᠵᠠᠷ 28.0 ᠲᠦᠮᠡᠨ ᠾᠧᠺᠲ᠋ᠠᠷ ᠲᠤ ᠬᠦᠷᠴᠦ᠂ ᠡᠭᠦᠨ ᠳᠤ ᠭᠠᠮᠰᠢᠭᠳᠠᠭᠰᠠᠨ ᠲᠠᠯᠠᠪᠠᠶ 13.7 ᠲᠦᠮᠡᠨ ᠾᠧᠺᠲ᠋ᠠᠷ ᠲᠤ ᠬᠦᠷᠪᠡ᠃ ᠪᠥᠬᠦ ᠣᠷᠣᠨ ᠳᠤ ᠶᠡᠭᠡ ᠰᠠᠯᠬᠢᠨ ᠤ ᠭᠠᠮᠰᠢᠭ 32 ᠬᠤᠰᠢᠭᠤ ᠰᠢᠶᠠᠨ ᠤᠳᠠᠭ᠎ᠠ ᠡᠭᠦᠰᠴᠦ᠂ ᠺᠠᠶᠢᠯᠦ ᠰᠢᠶᠠᠨ᠂ ᠳᠠᠯᠠᠳ ᠬᠤᠰᠢᠭᠤ᠂ ᠣᠲᠤᠭ ᠬᠤᠰᠢᠭᠤ᠂ ᠦᠶᠤᠸᠠᠨ ᠰᠢᠶᠠᠨ᠂ ᠣᠲᠤᠭ ᠤᠨ ᠡᠮᠦᠨᠡᠲᠦ ᠬᠤᠰᠢᠭᠤ ᠵᠡᠷᠭᠡ 19 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 36.3 ᠲᠦᠮᠡ᠂ ᠲᠠᠷᠢᠶᠠᠨ ᠭᠠᠵᠠᠷ 16.8 ᠲᠦᠮᠡᠨ ᠾᠧᠺᠲ᠋ᠠᠷ ᠬᠦᠷᠴᠡᠢ᠃ ᠪᠥᠬᠦ ᠣᠷᠣᠨ ᠳᠤ ᠶᠡᠭᠡ ᠴᠠᠰᠤᠨ ᠤ ᠭᠠᠮᠰᠢᠭ 23 ᠬᠤᠰᠢᠭᠤ ᠰᠢᠶᠠᠨ ᠤᠳᠠᠭ᠎ᠠ ᠡᠭᠦᠰᠴᠦ᠂ ᠠᠤᠬᠠᠨ ᠬᠤᠰᠢᠭᠤ᠂ ᠰᠦᠩᠱᠠᠨ ᠲᠣᠭᠤᠷᠢᠭ᠂ ᠠᠷᠤ ᠬᠤᠷᠴᠢᠨ ᠬᠤᠰᠢᠭᠤ᠂ ᠣᠩᠨᠢᠭᠤᠳ ᠬᠤᠰᠢᠭᠤ᠂ ᠺᠠᠶᠢᠯᠦ ᠰᠢᠶᠠᠨ ᠵᠡᠷᠭᠡ 22 ᠬᠤᠰᠢᠭᠤ ᠰᠢᠶᠠᠨ ᠳᠤ ᠬᠤᠯᠪᠣᠭᠳᠠᠵᠤ᠂ ᠵᠠᠮ ᠤᠨ ᠭᠠᠳᠠᠷᠭᠤ ᠳᠤ ᠴᠠᠰᠤ ᠬᠤᠷᠠᠵᠤ᠂ ᠴᠠᠬᠢᠯᠭᠠᠨ ᠬᠠᠩᠭᠠᠬᠤ ᠱᠤᠭᠤᠮ᠂ ᠰᠠᠭᠤᠭᠠᠯᠢ ᠠᠷᠠᠳ ᠤᠨ ᠣᠷᠣᠨ ᠰᠠᠭᠤᠴᠠ᠂ ᠪᠡᠯᠡᠳᠭᠡᠮᠵᠢᠳᠤ ᠲᠠᠷᠢᠶᠠᠯᠠᠩ ᠪᠠ ᠲᠡᠵᠢᠭᠡᠨ ᠦᠷᠡᠵᠢᠭᠦᠯᠬᠦ ᠦᠢᠯᠡᠰ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ 3.5 ᠲᠦᠮᠡᠨ ᠬᠥᠮᠦᠨ ᠭᠠᠮᠰᠢᠭᠳᠠᠵᠤ᠂ 251 ᠾᠧᠺᠲ᠋ᠠᠷ ᠲᠠᠷᠢᠶᠠᠨ ᠭᠠᠵᠠᠷ᠂ 4312 ᠲᠠᠰᠤᠯᠭ᠎ᠠ ᠲᠣᠮᠣ ᠬᠦᠯᠦᠮᠵᠢ ᠬᠤᠬᠢᠷᠠᠵᠠᠶ᠃ ᠪᠥᠬᠦ ᠣᠷᠣᠨ ᠳᠤ ᠬᠦᠯᠳᠡᠬᠦᠦ ᠶᠢᠨ ᠭᠠᠮᠰᠢᠭ 7 ᠬᠤᠰᠢᠭᠤ ᠰᠢᠶᠠᠨ ᠤᠳᠠᠭ᠎ᠠ ᠡᠭᠦᠰᠴᠦ᠂ ᠬᠠᠩᠭᠢᠨ ᠬᠤᠶᠢᠲᠤ ᠬᠤᠰᠢᠭᠤ᠂ ᠳ᠋ᠧᠩᠺᠸᠣ ᠰᠢᠶᠠᠨ᠂ ᠦᠶᠤᠸᠠᠨ ᠰᠢᠶᠠᠨ᠂ ᠯᠢᠨᠾᠧ ᠲᠣᠭᠤᠷᠢᠭ᠂ ᠳᠠᠯᠠᠳ ᠬᠤᠰᠢᠭᠤ ᠵᠡᠷᠭᠡ 7 ᠬᠤᠰᠢᠭᠤ ᠰᠢᠶᠠᠨ ᠳᠤ ᠬᠤᠯᠪᠣᠭᠳᠠᠵᠤ᠂ ᠭᠠᠮᠰᠢᠭᠳᠠᠭᠰᠠᠨ ᠬᠥᠮᠦᠨ ᠠᠮᠠ 1.5 ᠲᠦᠮᠡ᠂ ᠲᠠᠷᠢᠶᠠᠨ ᠭᠠᠵᠠᠷ 1876 ᠾᠧᠺᠲ᠋ᠠᠷ ᠲᠤ ᠬᠦᠷᠪᠡ᠃
︵ᠬᠤᠶᠠᠷ︶ 2020 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠭᠰᠠᠨ ᠦᠢᠯᠡᠴᠢᠯᠡᠭᠡᠨ ᠤ ᠪᠠᠶᠢᠳᠠᠯ
ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠲᠠᠰᠤᠷᠠᠯᠲᠠ ᠦᠭᠡᠢ ᠴᠢᠩᠭᠠᠷᠠᠪᠠ᠃ ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠰᠢᠷᠢᠰ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ ᠤ ᠬᠤᠯᠪᠣᠭᠳᠠᠯ ᠪᠦᠬᠦᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠴᠠᠭ ᠠᠭᠤᠷ ᠤᠨ ᠦᠢᠯᠡᠴᠢᠯᠡᠭᠡᠨ ᠤ ᠤᠳᠤᠷᠢᠳᠬᠤ ᠳᠤᠭᠤᠶᠢᠯᠠᠩ ᠤᠨ ᠬᠤᠷᠠᠯ᠂ ᠦᠶᠡᠷ ᠤᠨ ᠬᠤᠭᠤᠴᠠᠭᠠᠨ ᠤ ᠲᠠᠶᠢᠴᠢᠯᠠᠯᠳᠠ ᠶᠢᠨ ᠬᠤᠷᠠᠯ᠂ ᠲᠣᠪᠴᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠬᠤᠷᠠᠯ ᠢ ᠬᠤᠷᠠᠯᠳᠤᠭᠤᠯᠬᠤ ᠪᠠᠷ ᠳᠠᠮᠵᠢᠭᠤᠯᠤᠨ᠂ ᠴᠠᠭ ᠠᠭᠤᠷ ᠤᠨ ᠦᠢᠯᠡᠴᠢᠯᠡᠭᠡᠨ ᠳᠤ ᠪᠣᠳᠠᠲᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠪᠠᠭᠤᠷᠠᠢ ᠭᠤᠭᠴᠤᠭ᠎ᠠ ᠶᠢ ᠨᠠᠷᠢᠨ ᠬᠢᠨᠠᠮᠠᠭᠠᠢ ᠡᠷᠢᠵᠦ ᠴᠡᠭᠴᠡᠯᠡᠨ ᠰᠠᠶᠢᠵᠢᠷᠠᠭᠤᠯᠪᠡ᠃
ᠬᠤᠶᠠᠷ ᠲᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠤᠢᠢᠷ᠎ᠠ ᠶᠢᠨ ᠵᠢᠯ ᠠᠴᠠ ᠨᠠᠰᠢ᠂ ᠥᠪᠥᠷ ᠮᠣᠩᠭᠤᠯ ᠤᠨ ᠴᠠᠭ ᠠᠭᠤᠷ ᠤᠨ ᠲᠤᠪᠴᠢᠶ᠎ᠠ ᠤᠷᠢᠳ ᠬᠤᠵᠢᠳ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠠᠮᠢ ᠠᠬᠤᠢ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠡᠬᠢ ᠪᠠᠶᠠᠯᠢᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠬᠠᠮᠲᠤᠷᠠᠯᠴᠠᠭᠠᠨ ᠤ ᠲᠣᠭᠲᠠᠴᠠ ᠶᠢ ᠭᠦᠨᠵᠡᠭᠡᠶᠢᠷᠡᠭᠦᠯᠪᠡ᠃ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠯᠦᠭᠡ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠴᠠᠭ ᠠᠭᠤᠷ ᠤᠨ ᠠᠶᠤᠯ ᠤᠨ ᠤᠷᠢᠳᠴᠢᠯᠠᠨ ᠰᠡᠷᠡᠮᠵᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠯᠦᠭᠡ ᠬᠠᠮᠵᠢᠯᠴᠠᠨ ᠮᠠᠯᠵᠢᠬᠤ ᠲᠠᠷᠢᠶᠠᠯᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠯᠦᠭᠡ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢ ᠠᠬᠢᠭᠤᠯᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠮᠡᠷᠭᠡᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠵᠤ᠂ 8 ᠵᠦᠢᠯ ᠤᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠨᠠᠷᠢᠨ ᠲᠦᠷᠢᠮ ᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠪᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ 30 ᠰᠠᠯᠠᠭ᠎ᠠ ᠮᠥᠴᠢᠷ ᠲᠠᠢ ᠶᠠᠷᠢᠯᠴᠠᠨ ᠰᠣᠯᠢᠯᠴᠠᠵᠤ᠂ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠡᠯ᠎ᠡ ᠵᠦᠢᠯ ᠤᠨ ᠠᠵᠢᠯ ᠢ ᠲᠥᠯᠬᠢᠨ ᠠᠬᠢᠭᠤᠯᠬᠤ ᠶᠢ ᠬᠠᠮᠲᠤᠪᠠᠷ ᠵᠥᠪᠳᠡᠯᠴᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠬᠢᠨᠠᠨ ᠰᠢᠯᠭᠠᠬᠤ ᠰᠢᠰᠲ᠋ᠧᠮᠵᠢ᠂ ᠪᠡᠯᠡᠳᠬᠡᠯ ᠲᠥᠰᠦᠯ ᠤᠨ ᠰᠢᠰᠲ᠋ᠧᠮᠵᠢ ᠪᠣᠯᠤᠨ ᠲᠦᠭᠰᠢᠭᠦᠷᠢ ᠶᠢᠨ ᠬᠠᠮᠢᠶᠠᠷᠤᠯᠲᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃
ᠭᠤᠷᠪᠠ ᠳᠤ᠂ ᠴᠠᠭ ᠠᠭᠤᠷ ᠤᠨ ᠭᠠᠶ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃ 2020 ᠣᠨ ᠳᠤ᠂ ᠪᠥᠬᠦ ᠣᠷᠣᠨ ᠳᠤ ᠰᠢᠨ᠎ᠡ ᠨᠢᠭᠡ ᠦᠶ᠎ᠡ ᠶᠢᠨ ᠴᠠᠭ ᠠᠭᠤᠷ ᠤᠨ 5 ᠷᠠᠳᠠᠷ ᠢ ᠲᠠᠰ ᠳᠡᠪᠰᠢᠭᠦᠯᠦᠨ ᠥᠭᠡᠷᠡᠴᠢᠯᠡᠵᠦ᠂ ᠪᠥᠬᠦ ᠤᠯᠤᠰ ᠤᠨ ᠠᠩᠬᠠᠨ ᠤ ᠪᠦᠯᠦᠭ ᠤᠨ ᠳᠣᠬᠢᠭᠤᠷ ᠲᠤᠯᠤᠭᠠᠨ ᠣᠲᠣ ᠠᠦ᠋ᠲ᠋ᠣ᠋ ᠠᠭᠠᠷ ᠬᠠᠶᠢᠬᠤ ᠰᠢᠰᠲ᠋ᠧᠮ ᠢ ᠪᠠᠶᠢᠭᠤᠯᠵᠦ᠂ ᠭᠠᠵᠠᠷ ᠳᠡᠭᠡᠷᠡᠬᠢ ᠴᠠᠭ ᠠᠭᠤᠷ ᠤᠨ ᠠᠵᠢᠭᠯᠠᠯᠲᠠ ᠶᠢ ᠠᠦ᠋ᠲ᠋ᠣᠴᠢᠯᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠴᠠᠭ ᠠᠭᠤᠷ ᠤᠨ ᠠᠵᠢᠭᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ISO9001 ᠭᠡᠷᠡᠴᠢᠯᠡᠯᠲᠡ ᠶᠢ ᠥᠩᠭᠡᠷᠡᠭᠡᠪᠡ᠃ ᠡᠯ᠎ᠡ ᠲᠦᠷᠦᠯ ᠤᠨ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠪᠡ᠂ ᠡᠭᠦᠨ ᠳᠤ ᠰᠢᠷᠦᠭᠦᠨ ᠪᠣᠷᠣᠭᠠᠨ ᠤ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ ᠬᠡᠮᠵᠢᠶ᠎ᠡ 86.9% ᠳᠤ ᠬᠦᠷᠴᠦ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠤᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ ᠨᠢ 55 ᠮᠢᠨᠦ᠋ᠲ ᠲᠤ ᠬᠦᠷᠴᠡᠢ᠃ ᠦᠶᠡᠷ ᠤᠨ ᠬᠤᠭᠤᠴᠠᠭᠠᠨ ᠤ 12 ᠤᠳᠠᠭᠠᠨ ᠤ ᠣᠷᠣᠨ ᠪᠦᠰᠡ ᠶᠢᠨ ᠰᠢᠷᠦᠭᠦᠨ ᠪᠣᠷᠣᠭᠠᠨ ᠤ ᠴᠠᠭ ᠠᠭᠤᠷ ᠤᠨ ᠶᠠᠪᠤᠴᠠ ᠶᠢ ᠠᠮᠵᠢᠯᠲᠠ ᠲᠠᠢ ᠪᠠᠷ ᠤᠷᠢᠳᠴᠢᠯᠠᠨ ᠮᠡᠳᠡᠭᠡᠯᠡᠵᠦ᠂ 9 ᠳ᠋ᠣᠭᠡᠷ ᠰᠠᠷ᠎ᠠ ᠳᠤ ᠵᠡᠭᠦᠨ ᠬᠤᠶᠢᠲᠤ ᠣᠷᠣᠨ ᠤ ᠬᠠᠭᠠᠰ ᠰᠠᠷ᠎ᠠ ᠶᠢᠨ ᠳᠣᠲᠣᠷ᠎ᠠ 3 ᠲᠠᠶᠢᠹᠤᠩ ᠰᠠᠯᠬᠢᠨ ᠤ ᠬᠠᠭᠤᠷᠠᠶ ᠳᠤ ᠭᠠᠷᠬᠤ ᠨᠥᠯᠥᠭᠡ᠂ 11 ᠳ᠋ᠣᠭᠡᠷ ᠰᠠᠷ᠎ᠠ ᠳᠤ ᠶᠡᠭᠡ ᠬᠡᠪᠴᠢᠶᠡᠨ ᠤ ᠲᠦᠢᠯ ᠤᠨ ᠶᠡᠭᠡ ᠴᠠᠰᠤ ᠤᠷᠤᠭᠰᠠᠨ ᠵᠡᠷᠭᠡ ᠲᠡᠦᠬᠡᠨ ᠳᠤ ᠬᠤᠪᠣᠷ ᠲᠣᠬᠢᠶᠠᠯᠳᠤᠬᠤ ᠭᠠᠮᠰᠢᠭᠲᠤ ᠴᠠᠭ ᠠᠭᠤᠷ ᠢ ᠪᠦᠲᠦᠮᠵᠢᠲᠡᠶ ᠠᠷᠭᠠᠴᠠᠭᠠᠪᠠ᠃ ᠢᠯᠠᠩᠭᠤᠶ᠎ᠠ ᠲᠠᠶᠢᠹᠤᠩ ᠰᠠᠯᠬᠢ ︽ᠮᠠᠶ᠋ᠢᠰᠠᠺ︾ ᠶᠢᠨ ᠨᠥᠯᠥᠭᠡ ᠪᠠᠷ᠂ ᠮᠠᠨ ᠤ ᠣᠷᠣᠨ ᠤ ᠵᠡᠭᠦᠨ ᠬᠡᠰᠡᠭ ᠤᠨ ᠭᠠᠵᠠᠷ ᠣᠷᠣᠨ ᠳᠤ 143.9mm ᠤᠨ ᠬᠠᠮᠤᠭ ᠤᠨ ᠶᠡᠭᠡ ᠪᠣᠷᠣᠭᠠᠨ ᠣᠷᠣᠵᠤ᠂ 12 ᠲᠠᠰ ᠠᠴᠠ ᠳᠡᠭᠡᠭᠰᠢᠬᠢ ᠬᠦᠴᠦᠲᠡᠶ ᠰᠠᠯᠬᠢ ᠰᠠᠯᠬᠢᠯᠠᠵᠤ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ 2 ᠡᠳᠦᠷ ᠤᠨ ᠡᠮᠦᠨ᠎ᠡ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠲᠤ ᠰᠢᠢᠳᠪᠦᠷᠢᠲᠦ ᠪᠣᠳᠣᠯᠭ᠎ᠠ ᠶᠢᠨ ᠦᠢᠯᠡᠴᠢᠯᠡᠭᠡᠨ ᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠳᠣᠭᠰᠢᠨ ᠪᠣᠷᠣᠭᠠᠨ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠣᠬᠢᠶ᠎ᠠ ᠶᠢ ᠨᠡᠶᠢᠲᠡ 75 ᠬᠤᠭᠤᠴᠠᠭ᠎ᠠ ᠨᠡᠶᠢᠲᠡᠯᠡᠵᠦ᠂ ᠰᠡᠷᠡᠮᠵᠢ ᠶᠢᠨ ᠣᠨᠣᠪᠴᠢ ᠶᠢᠨ ᠬᠡᠮᠵᠢᠶ᠎ᠡ 91.3% ᠬᠦᠷᠴᠦ᠂ ᠶᠡᠷᠦᠩᠬᠡᠶᠢᠯᠡᠭᠰᠡᠨ ᠰᠡᠷᠡᠮᠵᠢ ᠶᠢᠨ ᠤᠷᠢᠳᠴᠢᠯᠠᠭᠰᠠᠨ ᠬᠡᠮᠵᠢᠶ᠎ᠡ 2 ᠴᠠᠭ ᠠᠴᠠ ᠲᠠᠪᠠᠪᠠ᠃
ᠳᠥᠷᠪᠡ ᠳᠤ᠂ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠳᠡᠯᠡᠭᠰᠡᠨ ᠬᠠᠮᠤᠷᠬᠤ ᠬᠡᠪᠴᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠯᠤᠭ᠎ᠠ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ ᠶᠢᠨ ︽ᠲᠣᠰᠬᠤᠨ ᠪᠣᠯᠭᠠᠨ ᠳᠤ ᠨᠡᠪᠲᠡᠷᠡᠭᠦᠯᠬᠦ︾ ᠰᠢᠰᠲ᠋ᠧᠮ ᠬᠢᠭᠡᠳ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠷᠭ᠎ᠠ ᠵᠠᠮ ᠢᠶᠠᠨ ᠤᠯᠠᠮ ᠨᠢᠭᠡ ᠠᠯᠬᠤᠮ ᠥᠷᠭᠡᠳᠬᠡᠨ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠬᠠᠮᠤᠷᠬᠤ ᠬᠡᠪᠴᠢᠶ᠎ᠡ ᠶᠢ ᠳᠡᠭᠡᠭᠰᠢᠯᠡᠭᠦᠯᠪᠡ᠃ ᠪᠥᠬᠦ ᠣᠷᠣᠨ ᠤ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠳ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠵᠢᠴᠢ ᠲᠧᠯᠸᠢᠰ᠂ ᠷᠠᠳᠢᠣ᠋᠂ ᠭᠠᠷ ᠤᠲᠠᠰᠤᠨ ᠤ ᠣᠬᠤᠷ ᠮᠡᠳᠡᠭᠡ ᠵᠢᠴᠢ ᠸᠢᠴᠠᠲ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠲᠤ ᠲᠦᠰᠢᠭᠯᠡᠨ ᠡᠯ᠎ᠡ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠬᠠᠷᠢᠭᠤᠴᠠᠯᠭᠠᠲᠠᠨ ᠪᠠ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠨᠡᠶᠢᠲᠡᠯᠡᠪᠡ᠃ ᠪᠥᠬᠦ ᠣᠷᠣᠨ ᠳᠤ ᠴᠠᠭ ᠠᠭᠤᠷ ᠤᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 9190 ᠵᠤᠷᠪᠤᠰ ᠨᠡᠶᠢᠲᠡᠯᠡᠵᠦ᠂ 12379 ᠪᠠᠷ ᠳᠠᠮᠵᠢᠭᠤᠯᠤᠨ ᠡᠯ᠎ᠡ ᠱᠠᠲᠤᠨ ᠤ ᠬᠠᠷᠢᠭᠤᠴᠠᠯᠭᠠᠲᠠᠨ ᠳᠤ ᠤᠷᠢᠳᠴᠢᠯᠠᠨ ᠰᠡᠷᠡᠮᠵᠢᠯᠡᠭᠦᠯᠬᠦ ᠣᠬᠤᠷ ᠮᠡᠳᠡᠭᠡ ᠶᠢ 1002 ᠲᠦᠮᠡᠨ ᠬᠥᠮᠦᠨ ᠤᠳᠠᠭ᠎ᠠ ᠨᠡᠶᠢᠲᠡᠯᠡᠪᠡ᠃
ᠲᠠᠪᠤ ᠳᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ᠰᠢᠷᠦᠭᠦᠨ ᠪᠣᠷᠣᠭᠠᠨ ᠦᠶᠡᠷ ᠤᠰᠤᠲᠤᠯ᠂ ᠭᠠᠩ ᠬᠠᠭᠤᠷᠠᠶ᠂ ᠴᠠᠰᠤ ᠰᠢᠭᠤᠷᠭ᠎ᠠ᠂ ᠶᠡᠭᠡ ᠰᠠᠯᠬᠢ᠂ ᠬᠢᠷᠠᠭᠤ ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠵᠢᠴᠢ ᠬᠠᠲᠤᠨ ᠭᠤᠣᠯ ᠤᠨ ᠬᠠᠯᠢᠶ᠎ᠠ ᠦᠶᠡᠷ᠂ ᠣᠶ ᠰᠢᠭᠤᠶ ᠶᠢᠨ ᠲᠦᠢᠮᠡᠷ ᠤᠨ ᠭᠠᠮᠰᠢᠭ ᠵᠡᠷᠭᠡ ᠠᠴᠠ ᠡᠭᠦᠰᠦᠭᠰᠡᠨ ᠭᠠᠮᠰᠢᠭ ᠲᠤ ᠴᠢᠭᠯᠡᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠳ ᠨᠠᠷᠢᠨ ᠨᠢᠮᠪᠠᠶ ᠬᠢᠨᠠᠨ ᠬᠡᠮᠵᠢᠵᠦ᠂ ᠦᠷᠭᠦᠯᠵᠢᠯᠡᠨ ᠤᠷᠢᠳᠴᠢᠯᠠᠨ ᠮᠡᠳᠡᠭᠡᠯᠡᠵᠦ᠂ ᠬᠤᠯᠪᠣᠭᠠᠯᠠᠨ ᠵᠥᠪᠳᠡᠯᠴᠡᠵᠦ᠂ ᠮᠥᠷᠳᠡᠨ ᠦᠢᠯᠡᠴᠢᠯᠡᠵᠦ᠂ ᠣᠨᠣᠪᠴᠢᠲᠠᠶ ᠪᠠᠷ ᠤᠷᠢᠳᠴᠢᠯᠠᠨ ᠮᠡᠳᠡᠭᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠳᠤ ᠬᠠᠮᠵᠢᠯᠴᠠᠬᠤ ᠪᠠᠨ ᠡᠬᠢᠯᠡᠭᠦᠯᠵᠦ᠂ ᠨᠠᠮ ᠵᠠᠰᠠᠭ ᠤᠨ ᠤᠳᠤᠷᠢᠳᠤᠯᠭ᠎ᠠ ᠶᠢᠨ ᠳᠠᠭᠤᠳᠠᠯᠭ᠎ᠠ ᠶᠢᠨ ᠦᠢᠯᠡᠴᠢᠯᠡᠭᠡ ᠶᠢ ᠥᠷᠨᠢᠭᠦᠯᠵᠦ᠂ ᠬᠤᠯᠪᠤᠭᠳᠠᠯ ᠪᠥᠬᠦᠶ ᠭᠠᠵᠠᠷ ᠣᠷᠣᠨ ᠨᠤᠭᠤᠳ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠤᠨ ᠶᠣᠰᠣᠭᠠᠷ ᠲᠡᠭᠡᠭᠡᠪᠦᠷᠢᠯᠡᠬᠦ ᠶᠢ ᠵᠣᠭᠰᠣᠭᠠᠬᠤ᠂ ᠬᠢᠴᠢᠶᠡᠯ ᠵᠣᠭᠰᠣᠭᠠᠬᠤ᠂ ᠠᠵᠢᠯ ᠵᠣᠭᠰᠣᠭᠠᠬᠤ ᠲᠣᠭᠲᠠᠴᠠ ᠶᠢ ᠡᠬᠢᠯᠡᠭᠦᠯᠵᠦ᠂ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠡ᠃ ᠡᠭᠦᠨ ᠳᠤ᠂ 2020 ᠣᠨ ᠤ 11 ᠰᠠᠷ᠎ᠠ ᠶᠢᠨ 17 ᠤ ᠡᠳᠦᠷ ᠠᠴᠠ 19 ᠤ ᠡᠳᠦᠷ ᠪᠣᠯᠲᠠᠯᠠᠬᠢ ᠮᠠᠨ ᠤ ᠣᠷᠣᠨ ᠤ ᠳᠤᠮᠳᠠ ᠵᠡᠭᠦᠨ ᠬᠡᠰᠡᠭ ᠤᠨ ᠣᠨᠴᠠ ᠶᠡᠭᠡ ᠴᠠᠰᠤ ᠰᠢᠭᠤᠷᠭᠠᠨ ᠤ ᠶᠠᠪᠤᠴᠠ ᠳᠤ ᠴᠢᠭᠯᠡᠭᠦᠯᠦᠨ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠪᠠᠨ ᠴᠢᠩᠭᠠᠳᠬᠠᠵᠤ᠂ 72 ᠴᠠᠭ ᠤᠨ ᠡᠮᠦᠨ᠎ᠡ ᠰᠢᠷᠦᠭᠦᠨ ᠴᠠᠰᠤ᠂ ᠶᠡᠭᠡ ᠰᠠᠯᠬᠢ ᠪᠠ ᠳᠤᠯᠠᠭᠠᠨ ᠤ ᠬᠡᠮᠵᠢᠶ᠎ᠡ ᠶᠡᠭᠡ ᠪᠠᠷ ᠲᠤᠷᠤᠭᠰᠢᠯᠠᠬᠤ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠡᠶᠢᠳᠡᠯᠡᠵᠦ᠂ ᠤᠷᠢᠳᠴᠢᠯᠠᠨ ᠮᠡᠳᠡᠭᠡᠯᠡᠬᠦ ᠪᠠᠨ ᠴᠠᠭ ᠲᠤᠬᠠᠶ ᠳᠤᠨᠢ ᠦᠷᠭᠦᠯᠵᠢᠯᠡᠨ ᠰᠢᠨᠡᠳᠬᠡᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡ 229 ᠨᠡᠶᠢᠲᠡᠯᠡᠵᠦ᠂ ᠬᠠᠮᠤᠭ ᠤᠨ ᠲᠡᠷᠢᠭᠦᠨ ᠳᠤ ᠰᠢᠢᠳᠪᠦᠷᠢᠲᠦ ᠪᠣᠳᠣᠯᠭ᠎ᠠ ᠶᠢᠨ ᠰᠠᠯᠠᠭ᠎ᠠ ᠮᠥᠴᠢᠷ ᠲᠤ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠰᠡᠷᠭᠡᠶᠢᠯᠡᠬᠦ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠂ ᠡᠯ᠎ᠡ ᠰᠠᠯᠠᠭ᠎ᠠ ᠮᠥᠴᠢᠷ ᠤᠨ ᠰᠡᠷᠭᠡᠶᠢᠯᠡᠯᠲᠡ ᠶᠢᠨ ᠠᠵᠢᠯ ᠢ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ ᠲᠣᠬᠢᠷᠠᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠪᠠ᠃ ᠡᠨᠡ ᠤᠳᠠᠭᠠᠨ ᠤ ᠴᠠᠭ ᠠᠭᠤᠷ ᠤᠨ ᠶᠠᠪᠤᠴᠠ ᠳᠤ ᠴᠠᠭ ᠠᠭᠤᠷ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠲᠠᠪᠴᠠᠩ ᠢᠶᠠᠷ ᠡᠯ᠎ᠡ ᠱᠠᠲᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠷᠢᠭᠤᠴᠠᠯᠭᠠᠲᠠᠨ ᠳᠤ ᠣᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ 30.86 ᠲᠦᠮᠡᠨ ᠬᠥᠮᠦᠨ ᠤᠳᠠᠭ᠎ᠠ ᠨᠡᠶᠢᠲᠡᠯᠡᠵᠦ᠂ ᠡᠭᠦᠨ ᠤ ᠬᠠᠮᠲᠤ᠂ ᠷᠠᠳᠢᠣ᠋ ᠨᠡᠪᠲᠡᠷᠡᠭᠦᠯᠭᠡ᠂ ᠲᠧᠯᠸᠢᠰ ᠵᠢᠴᠢ ᠸᠢᠴᠠᠲ ᠤᠨ ᠣᠯᠠᠨ ᠨᠡᠶᠢᠲᠡ ᠶᠢᠨ ᠲᠡᠪᠴᠠᠩ᠂ ᠲᠢᠺ ᠲᠤᠺ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠨᠡᠶᠢᠲᠡ ᠳᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠣᠨᠣᠪᠴᠢᠲᠠᠶ ᠪᠥᠭᠡᠳ ᠴᠠᠭ ᠲᠤᠬᠠᠶ ᠳᠤᠨᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠨᠢ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠵᠢᠯᠣᠭᠤᠳᠣᠯᠭ᠎ᠠ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠳᠤ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠴᠠᠭ ᠠᠭᠤᠷ ᠤᠨ ᠲᠤᠪᠴᠢᠶᠠᠨ ᠤ ᠬᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃
ᠬᠤᠶᠠᠷ᠂ 2021 ᠣᠨ ᠤ ᠬᠠᠪᠤᠷ ᠤᠨ ᠤᠯᠠᠷᠢᠯ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠠᠭ ᠠᠭᠤᠷ ᠤᠨ ᠨᠥᠬᠦᠴᠡᠯ
︵ᠨᠢᠭᠡ︶ ᠡᠮᠦᠨᠡᠬᠢ ᠬᠤᠭᠤᠴᠠᠭᠠᠨ ᠤ ᠪᠥᠬᠦ ᠣᠷᠣᠨ ᠤ ᠴᠠᠭ ᠠᠭᠤᠷ ᠤᠨ ᠠᠭᠤᠷ ᠠᠮᠢᠰᠬᠤᠯ ᠤᠨ ᠣᠨᠴᠠᠯᠢᠭ ᠵᠢᠴᠢ ᠲᠠᠷᠢᠶᠠᠯᠠᠩ ᠮᠠᠯ ᠠᠵᠤ ᠠᠬᠤᠶ ᠳᠤ ᠦᠵᠡᠭᠦᠯᠬᠦ ᠨᠥᠯᠥᠭᠡ
ᠨᠢᠳᠤᠨᠤᠨ ᠡᠪᠦᠯ ︵2020 ᠣᠨ ᠤ 12 ᠰᠠᠷ᠎ᠠ ᠠᠴᠠ 2021 ᠣᠨ ᠤ 2 ᠰᠠᠷ᠎ᠠ ᠪᠣᠯᠲᠠᠯ᠎ᠠ︶ ᠬᠥᠯᠥᠨ ᠪᠤᠶᠢᠷ ᠬᠤᠲᠠ ᠶᠢᠨ ᠳᠤᠮᠳᠠ ᠪᠠᠷᠠᠭᠤᠨ ᠬᠡᠰᠡᠭ᠂ ᠤᠯᠠᠭᠠᠨᠴᠠᠪ ᠬᠤᠲᠠ ᠠᠴᠠ ᠪᠠᠷᠠᠭᠤᠨᠰᠢᠬᠢ ᠭᠠᠵᠠᠷ ᠣᠷᠣᠨ ᠤ ᠠᠭᠠᠷ ᠤᠨ ᠳᠤᠯᠠᠭᠠᠨ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ 0.1~ 4.1℃ ᠥᠨᠳᠥᠷ ᠪᠠᠶᠢᠵᠤ᠂ ᠪᠤᠰᠤᠳ ᠭᠠᠵᠠᠷ ᠣᠷᠣᠨ ᠳᠣᠤᠷ᠎ᠠ ᠰᠢᠭ᠋ ᠪᠠᠶᠢᠨ᠎ᠠ︔ 2 ᠳ᠋ᠤᠭᠠᠷ ᠰᠠᠷ᠎ᠠ ᠠᠴᠠ ᠨᠠᠰᠢ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 3.4℃ ᠥᠨᠳᠥᠷ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.0℃ ᠥᠨᠳᠥᠷ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 3 ᠳ᠋ᠤᠭᠠᠷ ᠥᠨᠳᠥᠷ ᠲᠤ ᠬᠦᠷᠪᠡ᠃
ᠨᠢᠳᠤᠨᠤᠨ ᠡᠪᠦᠯ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠣ ᠡᠩ ᠤᠨ ᠵᠢᠯ ᠤᠨ ᠠᠳᠠᠯᠢ ᠬᠤᠭᠤᠴᠠᠭᠠᠨ ᠳᠤ ᠣᠶᠢᠷᠠᠳᠴᠤ᠂ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠤᠨ ᠬᠤᠷ᠎ᠠ ᠲᠤᠨᠳᠠᠰᠣ ᠶᠢᠨ ᠬᠡᠮᠵᠢᠶ᠎ᠡ ᠳᠤᠮᠳᠠᠴᠢ ᠪᠠᠷ 2.6 ᠮᠢᠯᠢᠮᠧᠲᠷ ᠢᠯᠡᠭᠦᠤ ᠪᠣᠯᠵᠣ᠂ 1961 ᠣᠨ ᠠᠴᠠ ᠨᠠᠰᠢᠬᠢ ᠠᠳᠠᠯᠢ ᠬᠤᠭᠤᠴᠠᠭᠠᠨ ᠤ 4 ᠳ᠋ᠤᠭᠡᠷ ᠲᠤ ᠬᠦᠷᠴᠡᠶ᠃ ᠣᠳᠣᠬᠠᠨ ᠳᠤ᠂ ᠮᠠᠨ ᠤ ᠣᠷᠣᠨ ᠤ ᠬᠥᠯᠥᠨ ᠪᠤᠶᠢᠷ ᠬᠤᠲᠠ ᠶᠢᠨ ᠶᠡᠬᠡᠩᠬᠢ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠲᠦᠩᠯᠢᠶᠣᠤ ᠬᠤᠲᠠ ᠶᠢᠨ ᠵᠡᠭᠦᠨ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠵᠡᠭᠦᠨ ᠬᠡᠰᠡᠭ᠂ ᠪᠠᠶᠠᠨᠨᠠᠭᠤᠷ ᠬᠤᠲᠠ ᠶᠢᠨ ᠬᠡᠰᠡᠭ ᠭᠠᠵᠠᠷ ᠲᠤ ᠬᠤᠷᠠᠭᠰᠠᠨ ᠴᠠᠰᠤ ᠲᠠᠢ᠂ ᠬᠤᠷᠠᠭᠰᠠᠨ ᠴᠠᠰᠤᠨ ᠤ ᠲᠠᠯᠠᠪᠠᠶ ᠨᠢ ᠪᠠᠷᠤᠭ 40.49 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠪᠥᠬᠦ ᠣᠷᠣᠨ ᠤ ᠶᠡᠷᠦᠩᠬᠡᠶ ᠲᠠᠯᠠᠪᠠᠶ ᠶᠢᠨ 34.22% ᠢ ᠡᠵᠡᠯᠡᠵᠦ᠂ ᠬᠤᠷᠠᠭᠰᠠᠨ ᠴᠠᠰᠤᠨ ᠤ ᠬᠠᠮᠤᠭ ᠤᠨ ᠭᠦᠨ ᠨᠢ 30.0 ᠰᠠᠨᠲ᠋ᠢᠮᠧᠲᠷ ᠬᠦᠷᠴᠦ᠂ ᠬᠥᠯᠥᠨ ᠪᠤᠶᠢᠷ ᠬᠤᠲᠠ ᠶᠢᠨ ᠭᠡᠭᠡᠨ ᠭᠤᠤᠯ ᠬᠤᠲᠠ ᠳᠤ ᠢᠯᠡᠷᠡᠪᠡ᠃ ᠨᠢᠳᠤᠨᠤᠨ ᠤ 11 ᠳ᠋ᠤᠭᠡᠷ ᠰᠠᠷ᠎ᠠ ᠶᠢᠨ ᠡᠬᠢ ᠪᠠᠷ ᠬᠥᠯᠳᠡᠬᠦ ᠠᠴᠠ ᠡᠮᠦᠨ᠎ᠡ᠂ ᠪᠥᠬᠦ ᠣᠷᠣᠨ ᠤ ᠬᠥᠷᠥᠰᠥᠨ ᠤ ᠢᠷᠣᠭᠠᠷ ᠤᠨ ᠴᠢᠬᠢᠭ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠴᠤ᠂ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠣᠯᠵᠠᠶ᠃ 1 — 2 ᠳ᠋ᠤᠭᠠᠷ ᠰᠠᠷ᠎ᠠ ᠳᠤ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠳᠤ ᠬᠤᠷ᠎ᠠ ᠲᠤᠨᠳᠠᠰᠣ ᠨᠡᠯᠢᠶᠡᠳ ᠣᠯᠠᠰᠢᠷᠠᠵᠤ᠂ ᠢᠯᠠᠩᠭᠤᠶ᠎ᠠ 2 ᠳ᠋ᠤᠭᠠᠷ ᠰᠠᠷ᠎ᠠ ᠳᠤ ᠪᠥᠬᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠣ ᠢᠯᠡᠷᠭᠡᠢ ᠣᠯᠠᠰᠢᠷᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠷᠥᠰᠥ ᠰᠢᠷᠣᠶ ᠶᠢᠨ ᠴᠢᠬᠢᠭ ᠢ ᠬᠠᠮᠠᠭᠠᠯᠠᠨ ᠴᠢᠬᠢᠭ ᠢ ᠨᠡᠮᠡᠭᠳᠡᠭᠦᠯᠬᠦ ᠳᠤ ᠲᠦᠢᠯ ᠤᠨ ᠠᠰᠢᠭᠲᠠᠶ ᠪᠤᠯᠵᠤ᠂ ᠣᠳᠣᠬᠠᠨ ᠳᠤ ᠲᠠᠷᠢᠶᠠᠯᠠᠬᠤ ᠣᠷᠣᠨ ᠤ ᠨᠡᠯᠢᠶᠡᠳ ᠰᠠᠶᠢᠨ ᠴᠢᠬᠢᠭ ᠤᠨ ᠪᠠᠶᠢᠳᠠᠯ ᠠᠷᠪᠠᠨ ᠤ ᠲᠤᠯᠤᠭᠠᠨ ᠬᠤᠪᠢ ᠶᠢ ᠳᠠᠪᠠᠵᠤ᠂ ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠠᠴᠠ ᠢᠯᠡᠳᠲᠡ ᠰᠠᠶᠢᠨ ᠪᠠᠶᠢᠨ᠎ᠠ᠃ ᠭᠡᠪᠡᠴᠦ ᠠᠭᠠᠷ ᠤᠨ ᠳᠤᠯᠠᠭᠠᠨ ᠥᠨᠳᠥᠷ᠂ ᠢᠯᠠᠩᠭᠤᠶ᠎ᠠ 2 ᠳ᠋ᠤᠭᠠᠷ ᠰᠠᠷ᠎ᠠ ᠳᠤ ᠢᠯᠡᠷᠬᠡᠶ ᠥᠨᠳᠥᠷ ᠪᠠᠶᠢᠳᠠᠭ ᠠᠴᠠ ᠬᠤᠤᠷᠲᠤ ᠬᠤᠷᠣᠬᠠᠶ ᠶᠢᠨ ᠥᠨᠳᠡᠭᠡ ᠪᠠ ᠡᠪᠡᠳᠴᠢᠨ ᠤ ᠪᠠᠺᠲ᠋ᠧᠷᠢ ᠶᠢᠨ ᠡᠪᠦᠯᠵᠢᠬᠦ ᠳᠤ ᠠᠰᠢᠭᠲᠠᠶ ᠨᠥᠬᠦᠴᠡᠯ ᠢ ᠬᠠᠩᠭᠠᠵᠤ᠂ ᠬᠠᠪᠤᠷ ᠵᠣᠨ ᠤ ᠤᠯᠠᠷᠢᠯ ᠤᠨ ᠡᠪᠡᠳᠴᠢᠨ ᠬᠤᠷᠣᠬᠠᠶ ᠶᠢᠨ ᠭᠠᠮᠰᠢᠭ ᠠᠮᠠᠷᠬᠠᠨ ᠡᠭᠦᠰᠴᠦ ᠲᠡᠯᠭᠡᠷᠡᠳᠡᠭ᠃ ᠡᠪᠦᠯ ᠤᠨ ᠤᠯᠠᠷᠢᠯ ᠤᠨ ᠠᠭᠠᠷ ᠤᠨ ᠳᠤᠯᠠᠭᠠᠨ ᠥᠨᠳᠥᠷ ᠪᠠᠶᠢᠬᠤ ᠨᠢ ᠡᠪᠦᠯ ᠬᠠᠪᠤᠷ ᠤᠨ ᠤᠯᠠᠷᠢᠯ ᠳᠤ ᠮᠠᠯ ᠬᠠᠷᠢᠭᠤᠯᠬᠤ ᠪᠠ ᠲᠥᠯ ᠲᠤᠰᠴᠤ ᠪᠤᠶᠢᠵᠢᠭᠤᠯᠬᠤ ᠵᠡᠷᠭᠡ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠦᠢᠯ ᠤᠨ ᠠᠰᠢᠭᠲᠠᠶ
ᠪᠠᠶᠢᠳᠠᠭ᠃
︵ᠬᠤᠶᠠᠷ︶ ᠬᠠᠪᠤᠷ ᠤᠨ ᠤᠯᠠᠷᠢᠯ ᠤᠨ ᠠᠭᠤᠷ ᠠᠮᠢᠰᠬᠤᠯ ᠤᠨ ᠬᠠᠨᠳᠤᠰᠢ ᠶᠢᠨ ᠲᠦᠰᠦᠭᠡᠯᠡᠯᠳᠡ
ᠵᠢᠱᠢᠯᠲᠡ ᠪᠠᠷ 2021 ᠣᠨ ᠤ ᠬᠠᠪᠤᠷ ᠤᠨ ᠤᠯᠠᠷᠢᠯ ᠳᠤ ᠪᠥᠬᠦ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ 3.6 ~ 92.3 ᠮᠢᠯᠢᠮᠧᠲᠷ ᠪᠣᠯᠤᠨ᠎ᠠ᠃ ᠡᠭᠦᠨ ᠳᠤ ᠬᠥᠯᠥᠨ ᠪᠤᠶᠢᠷ ᠬᠤᠲᠠ ᠶᠢᠨ ᠡᠮᠦᠨ᠎ᠡ ᠬᠡᠰᠡᠭ᠂ ᠬᠢᠩᠭᠠᠨ ᠠᠶᠢᠮᠠᠭ ᠤᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ ᠪᠠ ᠪᠠᠷᠠᠭᠤᠨ ᠬᠤᠶᠢᠲᠤ ᠬᠡᠰᠡᠭ᠂ ᠤᠯᠠᠭᠠᠨᠴᠠᠪ ᠬᠤᠲᠠ᠂ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠶᠢᠨ ᠵᠡᠭᠦᠨ ᠬᠡᠰᠡᠭ ᠤᠨ ᠬᠤᠷ᠎ᠠ ᠲᠤᠨᠳᠠᠰᠤᠨ ᠤ ᠬᠡᠮᠵᠢᠶ᠎ᠡ ᠨᠢ 19.0 ~ 92.3 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠢᠯᠡᠭᠦᠤ ᠪᠠᠶᠢᠳᠠᠭ︔ ᠪᠤᠰᠤᠳ ᠭᠠᠵᠠᠷ ᠣᠷᠣᠨ ᠤ ᠬᠤᠷ᠎ᠠ ᠲᠤᠨᠳᠠᠰᠤᠨ ᠤ ᠬᠡᠮᠵᠢᠶ᠎ᠡ ᠨᠢ 3.6 ~ 75.1 ᠮᠢᠯᠢᠮᠧᠲᠷ ᠤᠨ ᠬᠤᠭᠤᠷᠣᠨᠳᠣ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 0 ~ 2 ᠬᠤᠪᠢ ᠳᠤᠲᠠᠭᠤ ᠪᠠᠶᠢᠳᠠᠭ᠃
ᠬᠠᠪᠤᠷ ᠤᠨ ᠤᠯᠠᠷᠢᠯ ᠳᠤ ᠪᠥᠬᠦ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ —1.5 ~ 13.7℃ ᠪᠠᠶᠢᠳᠠᠭ᠃ ᠡᠭᠦᠨ ᠳᠤ ᠬᠥᠯᠥᠨ ᠪᠤᠶᠢᠷ ᠬᠤᠲᠠ ᠪᠣᠯᠤᠨ ᠬᠢᠩᠭᠠᠨ ᠠᠶᠢᠮᠠᠭ ᠤᠨ ᠳᠤᠮᠳᠠᠴᠢ ᠠᠭᠠᠷ ᠤᠨ ᠳᠤᠯᠠᠭᠠᠨ ᠨᠢ —1.5 ~ 9.1℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ
0 ~1℃ ᠥᠨᠳᠥᠷ ᠪᠠᠶᠢᠳᠠᠭ︔ ᠪᠤᠰᠤᠳ ᠭᠠᠵᠠᠷ ᠣᠷᠣᠨ ᠤ ᠳᠤᠮᠳᠠᠴᠢ ᠠᠭᠠᠷ ᠤᠨ ᠳᠤᠯᠠᠭᠠᠨ ᠨᠢ 2.8 ~ 13.7℃ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 1 ~ 2℃ ᠥᠨᠳᠥᠷ ᠪᠠᠶᠢᠳᠠᠭ᠃
ᠪᠥᠬᠦ ᠣᠷᠣᠨ ᠤ ᠬᠠᠪᠤᠷ ᠤᠨ ᠤᠯᠠᠷᠢᠯ ᠤᠨ ᠶᠡᠭᠡ ᠰᠠᠯᠬᠢᠨ ᠤ ᠡᠳᠦᠷ ᠤᠨ ᠲᠤᠭ᠎ᠠ ᠨᠢ 5~25 ᠡᠳᠦᠷ ᠤᠨ ᠬᠤᠭᠤᠷᠣᠨᠳᠣ ᠪᠠᠶᠢᠵᠤ᠂ ᠶᠡᠬᠡᠩᠬᠢ ᠭᠠᠵᠠᠷ ᠣᠷᠣᠨ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠰᠢᠭ᠋ ᠪᠠᠶᠢᠳᠠᠭ᠃ ᠪᠥᠬᠦ ᠣᠷᠣᠨ ᠳᠤ ᠶᠡᠭᠡ ᠬᠡᠪᠴᠢᠶᠡᠨ ᠤ ᠡᠯᠡᠰᠦᠨ ᠰᠢᠭᠤᠷᠭ᠎ᠠ ᠡᠭᠦᠰᠬᠦ ᠴᠠᠭ ᠠᠭᠤᠷ ᠤᠨ ᠶᠠᠪᠤᠴᠠ ᠨᠢ 3~4 ᠤᠳᠠᠭ᠎ᠠ ᠪᠠᠶᠢᠵᠤ᠂ ᠡᠩ ᠤᠨ ᠵᠢᠯ ᠤᠨ ᠠᠳᠠᠯᠢ ᠬᠤᠭᠤᠴᠠᠭᠠᠨ ᠤ 7.6 ᠤᠳᠠᠭ᠎ᠠ ᠠᠴᠠ ᠪᠠᠭ᠎ᠠ ᠰᠢᠭ᠋ ᠪᠠᠶᠢᠳᠠᠭ᠃
ᠵᠢᠱᠢᠯᠲᠡ ᠪᠠᠷ ᠪᠥᠬᠦ ᠣᠷᠣᠨ ᠳᠤ ᠡᠴᠦᠰ ᠤᠨ ᠬᠢᠷᠠᠭᠤ ᠤᠨᠠᠬᠤ ᠴᠠᠭ ᠨᠢ 4 ᠰᠠᠷ᠎ᠠ ᠶᠢᠨ 8 ᠤ ᠡᠳᠦᠷ ᠠᠴᠠ 5 ᠰᠠᠷ᠎ᠠ ᠶᠢᠨ 29 ᠤ ᠡᠳᠦᠷ ᠤᠨ ᠬᠤᠭᠤᠷᠣᠨᠳᠣ ᠢᠯᠡᠷᠡᠵᠦ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠡᠩ ᠤᠨ ᠵᠢᠯ ᠤᠨ ᠬᠢ ᠠᠴᠠ 10 — 15 ᠡᠳᠦᠷ ᠡᠷᠲᠡ ᠰᠢᠭ ᠪᠣᠯᠤᠨ᠎ᠠ᠃ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠠᠩᠬ᠎ᠠ ᠤᠳᠠᠭ᠎ᠠ ᠪᠣᠷᠣᠭᠠᠨ ᠣᠷᠣᠬᠤ ᠨᠢ ᠡᠷᠲᠡ ᠰᠢᠭ ᠪᠠᠶᠢᠨ᠎ᠠ᠃ ᠡᠭᠦᠨ ᠳᠤ᠂ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠨᠢ 4 ᠰᠠᠷ᠎ᠠ ᠶᠢᠨ ᠳᠤᠮᠳᠠᠴᠢ ᠠᠴᠠ ᠰᠡᠭᠦᠯᠴᠢ ᠪᠣᠯᠲᠠᠯ᠎ᠠ᠂ ᠵᠡᠭᠦᠨ ᠬᠡᠰᠡᠭ ᠤᠨ ᠭᠠᠵᠠᠷ ᠣᠷᠣᠨ ᠨᠢ 5 ᠰᠠᠷ᠎ᠠ ᠶᠢᠨ ᠳᠤᠮᠳᠠᠴᠢ ᠶᠢᠨ ᠣᠷᠴᠢᠮ ᠢᠶᠠᠷ ᠲᠤᠭᠢᠶᠠᠯᠳᠣᠨᠠ᠃
ᠠᠭᠤᠷ ᠠᠮᠢᠰᠬᠤᠯ ᠤᠨ ᠵᠢᠱᠢᠯᠲᠡ ᠶᠢᠨ ᠴᠠᠭ ᠨᠢ ᠨᠡᠯᠢᠶᠡᠳ ᠣᠷᠳᠣ᠂ ᠪᠠᠰᠠ ᠵᠣᠬᠢᠬᠤ ᠬᠡᠮᠵᠢᠶᠡᠨ ᠤ ᠲᠣᠭᠲᠠᠪᠤᠷᠢ ᠥᠬᠡᠶ ᠴᠢᠨᠠᠷ ᠲᠠᠢ ᠤᠴᠢᠷ ᠠᠴᠠ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠠᠮᠤᠭ ᠤᠨ ᠰᠢᠨ᠎ᠡ ᠴᠠᠭ ᠠᠭᠤᠷ ᠤᠨ ᠮᠠᠲ᠋ᠧᠷᠢᠶᠠᠯ ᠢ ᠦᠨᠳᠦᠰᠦᠯᠡᠨ ᠦᠷᠭᠦᠯᠵᠢᠯᠡᠨ ᠵᠠᠰᠠᠵᠤ᠂ ᠣᠯᠠᠨ ᠨᠡᠶᠢᠳᠡ ᠪᠠᠷ ᠢᠶᠠᠨ ᠴᠠᠭ ᠠᠭᠤᠷ ᠤᠨ ᠰᠠᠯᠠᠭ᠎ᠠ ᠮᠥᠴᠢᠷ ᠤᠨ ᠬᠠᠮᠤᠭ ᠤᠨ ᠰᠢᠨ᠎ᠡ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠶᠢ ᠠᠩᠬᠠᠷᠬᠤ ᠶᠢ ᠬᠦᠰᠡᠵᠦ ᠪᠠᠶᠢᠨ᠎ᠠ᠃
ᠭᠤᠷᠪᠠ᠂ ᠬᠠᠪᠤᠷ ᠤᠨ ᠤᠯᠠᠷᠢᠯ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠲᠤᠬᠠᠶ ᠰᠠᠨᠠᠭᠤᠯᠭ᠎ᠠ
1. ᠲᠠᠷᠢᠶᠠᠯᠠᠬᠤ ᠣᠷᠣᠨ ᠬᠠᠪᠤᠷ ᠤᠨ ᠤᠯᠠᠷᠢᠯ ᠤᠨ ᠭᠠᠩ ᠬᠠᠭᠰᠠᠷᠭᠠᠨ᠂ ᠶᠡᠭᠡ ᠰᠠᠯᠬᠢᠨ ᠬᠦᠢᠳᠡᠨ ᠤᠷᠤᠰᠬᠠᠯ᠂ ᠬᠢᠷᠠᠭᠤ ᠬᠥᠯᠳᠡᠭᠦᠦ ᠵᠡᠷᠭᠡ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠨᠢᠭᠡ ᠳᠤ᠂ ᠱᠠᠲᠤ ᠦᠶ᠎ᠡ ᠶᠢᠨ ᠴᠢᠨᠠᠷᠲᠠᠶ ᠭᠠᠩ ᠬᠠᠭᠰᠠᠷᠠᠭᠠᠨ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠴᠢᠬᠢᠭ ᠢ ᠬᠠᠮᠠᠭᠠᠯᠠᠬᠤ᠂ ᠴᠢᠬᠢᠭ ᠢ ᠨᠡᠮᠡᠭᠳᠡᠭᠦᠯᠬᠦ ᠠᠵᠢᠯ ᠢ ᠡᠷᠲᠡᠬᠡᠨ ᠰᠠᠶᠢᠲᠤᠷ ᠬᠢᠵᠦ᠂ ᠪᠥᠬᠦ ᠴᠢᠬᠢ ᠢᠳᠡᠷᠡᠭᠦᠨ ᠴᠢᠬᠢ ᠶᠢ ᠠᠳᠬᠤᠬᠤ ᠳᠤ ᠰᠠᠭᠤᠷᠢ ᠲᠠᠯᠪᠢᠬᠤ ᠬᠡᠷᠡᠭᠲᠡᠶ᠃ ᠬᠤᠶᠠᠷ ᠲᠤ᠂ ᠶᠡᠭᠡ ᠰᠠᠯᠬᠢᠨ ᠬᠦᠢᠳᠡᠨ ᠤᠷᠤᠰᠬᠠᠯ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠨᠢᠭᠲᠠ ᠠᠩᠬᠠᠷᠬᠤ ᠬᠡᠷᠡᠭᠲᠡᠶ᠃ ᠬᠦᠢᠲᠡᠨ ᠤᠷᠤᠰᠬᠠᠯ ᠤᠨ ᠶᠠᠪᠤᠴᠠ ᠳᠤ ᠳᠤᠯᠠᠭᠠᠨ ᠤ ᠬᠦᠴᠦᠲᠡᠶ ᠪᠠᠭᠤᠷᠠᠯᠲᠠ ᠪᠠ ᠶᠡᠭᠡ ᠰᠠᠯᠬᠢᠨ ᠤ ᠠᠭᠤᠷ ᠠᠮᠢᠰᠬᠤᠯ ᠢ ᠠᠪᠴᠢᠷᠠᠳᠠᠭ᠃ ᠲᠦᠬᠦᠭᠡᠷᠦᠮᠵᠢᠲᠦ ᠲᠠᠷᠢᠶᠠᠯᠠᠩ ᠤᠨ ᠲᠤᠤᠷ᠎ᠠ ᠲᠤᠯᠠᠭᠠᠨ ᠬᠦᠢᠳᠡᠨ ᠤ ᠭᠠᠮᠰᠢᠭ ᠪᠠ ᠰᠠᠯᠬᠢᠨ ᠤ ᠭᠠᠮᠰᠢᠭ ᠢ ᠡᠭᠦᠰᠭᠡᠵᠦ ᠮᠡᠳᠡᠨ᠎ᠠ᠂ ᠲᠤᠤᠷ᠎ᠠ ᠲᠤᠯᠠᠭᠠᠨ ᠬᠦᠢᠳᠡᠨ ᠤ ᠭᠠᠮᠰᠢᠭ ᠨᠢ ᠲᠦᠬᠦᠭᠡᠷᠦᠮᠵᠢᠲᠦ ᠢᠳᠡᠰᠢᠨ ᠨᠣᠭᠤᠭ᠎ᠠ ᠵᠢᠮᠢᠰ ᠤᠨ ᠬᠡᠪ ᠤᠨ ᠥᠰᠥᠯᠲᠡ ᠳᠤ ᠠᠰᠢᠭ ᠦᠭᠡᠢ ᠨᠥᠯᠥᠭᠡ ᠦᠵᠡᠭᠦᠯᠵᠦ᠂ ᠰᠠᠯᠬᠢᠨ ᠤ ᠭᠠᠮᠰᠢᠭ ᠨᠢ ᠬᠦᠯᠡᠮᠵᠢ ᠶᠢᠨ ᠪᠦᠲᠦᠴᠡ ᠳᠤ ᠠᠮᠠᠷᠬᠠᠨ ᠬᠤᠬᠢᠷᠠᠯ ᠤᠴᠠᠷᠠᠭᠤᠯᠳᠠᠭ᠂ ᠡᠶᠢᠮᠦ ᠠᠴᠠ ᠲᠠᠷᠢᠶᠠᠴᠢᠨ ᠡᠷᠦᠭᠡ ᠳᠤ ᠰᠥᠨᠢ ᠶᠢᠨ ᠳᠤᠯᠠᠭᠠᠨ ᠢ ᠬᠠᠮᠠᠭᠠᠯᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠪᠡᠰᠦᠨ ᠪᠦᠷᠬᠦᠪᠴᠢ᠂ ᠬᠥᠪᠥᠩ ᠬᠥᠨᠵᠢᠯᠡ ᠵᠡᠷᠭᠡ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠢ ᠬᠡᠷᠡᠭᠯᠡᠵᠦ᠂ ᠴᠢᠬᠤᠯᠠ ᠲᠠᠢ ᠦᠶ᠎ᠡ ᠳᠤ ᠳᠤᠯᠠᠭᠠᠯᠠᠬᠤ ᠠᠷᠭ᠎ᠠ ᠬᠡᠮᠵᠢᠶ᠎ᠡ ᠠᠪᠴᠤ᠂ ᠳᠣᠣᠷ᠎ᠠ ᠳᠤᠯᠠᠭᠠᠨ ᠤ ᠲᠠᠷᠢᠮᠠᠯ ᠳᠤ ᠤᠴᠠᠷᠠᠭᠤᠯᠬᠤ ᠬᠤᠬᠢᠷᠠᠯ ᠢ ᠰᠡᠷᠭᠡᠶᠢᠯᠡᠬᠦ ᠶᠢ ᠰᠠᠨᠠᠭᠤᠯᠤᠶ᠎ᠠ︔ ᠶᠡᠭᠡ ᠰᠠᠯᠬᠢ ᠭᠠᠷᠤᠭᠰᠠᠨ ᠣᠷᠣᠨ ᠪᠦᠰᠡ ᠳᠤ ᠪᠡᠯᠡᠳᠬᠡᠮᠵᠢ ᠶᠢᠨ ᠪᠦᠲᠦᠴᠡ ᠪᠠᠨ ᠴᠠᠭ ᠲᠤᠬᠠᠶ ᠳᠤᠨᠢ ᠪᠠᠬᠢᠵᠢᠭᠦᠯᠵᠦ᠂ ᠬᠥᠰᠢᠭᠡ ᠰᠡᠬᠦᠬᠦ ᠴᠠᠭ ᠬᠤᠭᠤᠴᠠᠭ᠎ᠠ ᠪᠠᠨ ᠵᠦᠶ ᠵᠣᠬᠢᠰᠲᠠᠶ ᠳᠣᠭᠢᠷᠠᠭᠤᠯᠤᠨ᠂ ᠬᠦᠢᠳᠡᠨ ᠰᠠᠯᠬᠢ ᠣᠷᠣᠵᠤ᠂ ᠬᠦᠯᠦᠮᠵᠢ ᠶᠢᠨ ᠳᠣᠲᠣᠷᠠᠬᠢ ᠢᠳᠡᠰᠢᠨ ᠨᠣᠭᠤᠭ᠎ᠠ ᠵᠢᠮᠢᠰ ᠤᠨ ᠬᠡᠪ ᠤᠨ ᠥᠰᠥᠯᠲᠡ ᠪᠤᠶᠢᠵᠢᠯᠲᠠ ᠶᠢ ᠨᠥᠯᠥᠭᠡᠯᠡᠬᠦ ᠶᠢ ᠰᠡᠷᠭᠡᠶᠢᠯᠡᠬᠦ ᠬᠡᠷᠡᠭᠲᠡᠶ᠃ ᠲᠠᠷᠢᠶᠠᠨ ᠭᠠᠵᠠᠷ ᠤᠨ ᠲᠠᠷᠢᠮᠠᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ᠂ ᠬᠦᠢᠲᠡᠨ ᠤᠷᠤᠰᠬᠠᠯ ᠤᠨ ᠠᠭᠤᠷ ᠠᠮᠢᠰᠬᠤᠯ ᠠᠴᠠ ᠪᠣᠯᠤᠭᠰᠠᠨ ᠬᠦᠢᠲᠡᠨ ᠠᠭᠤᠷ ᠠᠮᠢᠰᠬᠤᠯ ᠪᠠ ᠶᠡᠭᠡ ᠰᠠᠯᠬᠢ ᠨᠢ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠬᠦᠴᠢᠷᠳᠡᠯ ᠢ ᠨᠡᠮᠡᠭᠳᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠠᠬᠢᠴᠠ ᠶᠢ ᠤᠳᠠᠭᠠᠰᠢᠷᠠᠭᠤᠯᠵᠤ᠂ ᠨᠢᠭᠡᠨᠲᠡ ᠲᠠᠷᠢᠭᠰᠠᠨ ᠲᠠᠷᠢᠮᠠᠯ ᠤᠨ ᠴᠢᠬᠢ ᠶᠢᠨ ᠤᠷᠭᠤᠯᠲᠠ ᠳᠤ ᠠᠰᠢᠭ ᠦᠭᠡᠶ ᠪᠣᠯᠬᠤᠷ ᠥᠷᠭᠡᠨ ᠣᠯᠠᠨ ᠲᠠᠷᠢᠶᠠᠴᠢᠨ ᠡᠷᠦᠬᠡ ᠳᠤ ᠰᠠᠨᠠᠭᠤᠯᠬᠤ ᠨᠢ᠂ ᠬᠦᠢᠲᠡᠨ ᠤᠷᠤᠰᠬᠠᠯ ᠤᠨ ᠰᠡᠷᠡᠮᠵᠢ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠬᠦᠢᠲᠡᠨ ᠤᠷᠤᠰᠬᠠᠯ ᠬᠦᠢᠲᠡᠨ ᠠᠭᠤᠷ ᠠᠮᠢᠰᠬᠤᠯ ᠡᠭᠦᠰᠬᠦ ᠦᠶ᠎ᠡ ᠳᠤ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠴᠠᠭ ᠢᠶᠠᠨ ᠵᠣᠬᠢᠰᠲᠠᠶ ᠬᠤᠶᠢᠰᠢᠯᠠᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠭᠤᠷᠪᠠ ᠳᠤ᠂ ᠬᠠᠪᠤᠷ ᠤᠨ ᠤᠯᠠᠷᠢᠯ ᠤᠨ ᠬᠢᠷᠠᠭᠤ ᠶᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠠᠩᠬᠠᠷᠴᠤ᠂ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠠᠪᠤᠷ ᠤᠨ ᠬᠢᠷᠠᠭᠤ ᠬᠥᠯᠳᠡᠭᠦᠤ ᠠᠴᠠ ᠪᠣᠯᠵᠣ ᠨᠢᠭᠡᠨᠲᠡ ᠨᠠᠬᠢᠶᠠᠯᠠᠭᠰᠠᠨ ᠲᠠᠷᠢᠮᠠᠯ ᠤᠨ ᠨᠠᠪᠴᠢ ᠪᠠ ᠤᠷᠭᠤᠮᠠᠯ ᠤᠨ ᠡᠰᠢ ᠠᠳᠠᠯᠢ ᠪᠤᠰᠤ ᠬᠡᠮᠵᠢᠶ᠎ᠡ ᠪᠠᠷ ᠬᠥᠯᠳᠡᠳᠡᠭ᠃ ᠨᠢᠯᠬ᠎ᠠ ᠴᠢᠬᠢ ᠶᠢᠨ ᠬᠡᠪ ᠤᠨ ᠥᠰᠥᠯᠲᠡ ᠳᠤ ᠠᠰᠢᠭ ᠥᠬᠡᠶ ᠪᠣᠯᠬᠤᠷ ᠡᠯ᠎ᠡ ᠭᠠᠵᠠᠷ ᠤᠨ ᠬᠢᠨ ᠠᠭᠠᠷ ᠤᠨ ᠳᠤᠯᠠᠭᠠᠨ ᠤ ᠬᠤᠪᠢᠷᠠᠯᠲᠠ ᠪᠠ ᠬᠢᠷᠠᠭᠤ ᠶᠢᠨ ᠰᠡᠷᠡᠮᠵᠢ ᠶᠢᠨ ᠳᠣᠬᠢᠶ᠎ᠠ ᠶᠢ ᠨᠢᠭᠲᠠ ᠠᠩᠬᠠᠷᠴᠤ᠂ ᠳᠣᠤᠷ᠎ᠠ ᠳᠤᠯᠠᠭᠠᠨ ᠪᠣᠯᠬᠤ ᠠᠴᠠ ᠡᠮᠦᠨ᠎ᠡ ᠤᠰᠤᠯᠠᠬᠤ᠂ ᠤᠳᠤᠬᠤ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠭᠠᠵᠠᠷ ᠤᠨ ᠳᠤᠯᠠᠭᠠᠨ ᠢ ᠳᠡᠭᠡᠭᠰᠢᠯᠡᠭᠦᠯᠵᠦ᠂ ᠬᠥᠯᠳᠡᠬᠦ ᠬᠥᠨᠥᠭᠡᠯ ᠢ ᠪᠠᠭᠠᠰᠬᠠᠨ᠂ ᠠᠭᠠᠷ ᠤᠨ ᠳᠤᠯᠠᠭᠠᠨ ᠲᠣᠭᠲᠠᠭᠤᠨ ᠪᠣᠯᠤᠭᠰᠠᠨ ᠤ ᠳᠠᠷᠠᠭ᠎ᠠ ᠲᠠᠷᠢᠶᠠᠨ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠵᠣᠬᠢᠬᠤ ᠬᠡᠮᠵᠢᠶᠡᠨ ᠤ ᠴᠢᠬᠢ ᠶᠢ ᠬᠠᠮᠠᠭᠠᠯᠠᠨ ᠴᠢᠬᠢ ᠶᠢ ᠨᠥᠬᠦᠪᠥᠷᠢᠯᠡᠬᠦ ᠠᠷᠭ᠎ᠠ ᠬᠡᠮᠵᠢᠶ᠎ᠡ ᠠᠪᠬᠤ ᠪᠤᠶᠤ ᠨᠠᠪᠴᠢᠨ ᠤ ᠭᠠᠳᠠᠷᠭᠤ ᠳᠤ ᠤᠷᠭᠤᠯᠲᠠ ᠶᠢ ᠲᠣᠬᠢᠷᠠᠭᠤᠯᠬᠤ ᠡᠳ᠋ ᠰᠦᠷᠴᠢᠵᠦ᠂ ᠨᠢᠯᠬ᠎ᠠ ᠴᠢᠬᠢ ᠶᠢᠨ ᠲᠡᠩᠴᠡᠭᠦᠷᠢᠲᠡᠶ ᠤᠷᠭᠤᠯᠲᠠ ᠶᠢ ᠠᠬᠢᠭᠤᠯᠬᠤ ᠶᠢ ᠰᠠᠨᠠᠭᠤᠯᠵᠤ ᠪᠠᠶᠢᠨ᠎ᠠ᠃
2. ᠮᠠᠯᠵᠢᠬᠤ ᠣᠷᠣᠨ ᠶᠡᠭᠡ ᠰᠠᠯᠬᠢ ᠬᠦᠢᠲᠡᠨ ᠤᠷᠤᠰᠬᠠᠯ᠂ ᠰᠢᠷᠦᠭᠦᠨ ᠴᠠᠰᠤ᠂ ᠬᠥᠢᠳᠡᠨ ᠪᠣᠷᠣᠭᠠᠨ ᠴᠢᠭᠢᠭᠯᠢᠭ ᠴᠠᠰᠤ ᠶᠢ ᠰᠡᠷᠭᠡᠶᠢᠯᠡᠨ ᠬᠤᠷᠢᠭᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠳᠡᠢ᠃ ᠬᠠᠪᠤᠷ ᠤᠨ ᠤᠯᠠᠷᠢᠯ ᠪᠣᠯ ᠮᠠᠯ ᠤᠨ ᠬᠢᠵᠢᠭ ᠡᠪᠡᠳᠴᠢᠨ ᠪᠠ ᠰᠢᠮᠡᠭᠦᠷ ᠬᠤᠷᠣᠬᠠᠶ ᠶᠢᠨ ᠡᠪᠡᠳᠴᠢᠨ ᠣᠯᠠᠨ ᠡᠭᠦᠰᠳᠡᠭ ᠬᠤᠭᠤᠴᠠᠭ᠎ᠠ ᠪᠣᠯᠬᠤᠷ ︽ᠰᠡᠷᠭᠡᠶᠢᠯᠡᠬᠦ ᠪᠠᠷ ᠭᠤᠤᠯ ᠪᠣᠯᠭᠠᠬᠤ︾ ︽ᠰᠡᠷᠭᠡᠶᠢᠯᠡᠬᠦ ᠶᠢ ᠵᠠᠰᠠᠬᠤ ᠠᠴᠠ ᠴᠢᠬᠤᠯᠠ ᠪᠣᠯᠭᠠᠬᠤ︾ ᠪᠠ ︽ᠰᠡᠷᠭᠡᠶᠢᠯᠡᠬᠦ ᠵᠠᠰᠠ