ᠰᠤᠷᠪᠤᠯᠵᠢᠯᠠᠭᠰᠠᠨ ᠴᠠᠭ᠄
2021 — 02 — 09
ᠰᠤᠷᠪᠤᠯᠵᠢᠯᠠᠭᠰᠠᠨ ᠵᠣᠴᠢᠨ᠄
ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠯᠸᠢ ᠵᠢᠶ ᠫᠧᠩ
ᠰᠤᠷᠪᠤᠯᠵᠢᠯᠠᠭ᠎ᠠ ᠶᠢᠨ ᠲᠣᠪᠴᠢ᠄
ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃
ᠰᠤᠷᠪᠤᠯᠵᠢᠯᠠᠭᠰᠠᠨ ᠲᠡᠮᠳᠡᠭᠯᠡᠯ
ᠬᠥᠲᠥᠯᠥᠭᠴᠢ᠄
ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠣᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠵᠢᠯ ᠪᠦᠷᠢ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠩᠬᠠᠷᠤᠯ ᠢ ᠥᠷᠭᠡᠨ ᠢᠶᠠᠷ ᠲᠠᠲᠠᠵᠤ᠂ ᠢᠯᠠᠩᠭᠤᠶ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠨᠠᠩ ᠴᠤ ᠣᠯᠠᠨ ᠤ ᠠᠩᠬᠠᠷᠬᠤ ᠲᠥᠪᠯᠡᠷᠡᠯ ᠴᠡᠭ ᠪᠣᠯᠵᠣ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠲᠠ ᠪᠦᠬᠦᠨ ᠳᠤ ᠨᠡᠩ ᠪᠦᠬᠦ ᠲᠠᠯ᠎ᠠ ᠪᠠᠷ᠂ ᠨᠡᠩ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ ᠯᠸᠢ ᠵᠢᠢ ᠫᠧᠩ ᠳᠡᠳ᠋ ᠡᠷᠬᠢᠯᠡᠭᠴᠢ ᠶᠢ ᠤᠷᠢᠵᠤ᠂ ᠲᠡᠭᠦᠨ ᠢᠶᠠᠷ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠤᠯᠠᠨ ᠲᠠᠢ ᠰᠦᠯᠵᠢᠶᠡᠨ ᠳᠡᠭᠡᠷ᠎ᠡ ᠰᠠᠨᠠᠯ ᠰᠣᠯᠢᠯᠴᠠᠭᠤᠯᠬᠤ ᠪᠣᠯᠤᠨ᠎ᠠ᠃ ᠯᠧᠢ ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕
ᠯᠸᠢ ᠵᠢᠶ ᠫᠧᠩ᠄
ᠬᠥᠲᠥᠯᠥᠭᠴᠢ ᠰᠠᠶᠢᠨ ᠦᠦ᠂ ᠰᠦᠯᠵᠢᠶᠡᠨ ᠤ ᠠᠨᠳᠠ ᠨᠠᠷ ᠰᠠᠶᠢᠨ ᠦᠦ︕
ᠬᠥᠲᠥᠯᠥᠭᠴᠢ᠄
ᠣᠯᠠᠨ ᠤ ᠮᠡᠳᠡᠭᠡᠵᠢ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠲᠠ ᠪᠢᠳᠡᠨ ᠳᠤ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠭᠰᠠᠨ ᠶᠠᠪᠤᠴᠠ ᠵᠢᠴᠢ ᠢᠯᠡᠳᠬᠡᠯ ᠤᠨ ᠪᠣᠷᠣ ᠲᠥᠰᠥᠪ ᠢ ᠲᠠᠨᠢᠯᠴᠠᠭᠤᠯᠤᠭᠠᠳ ᠥᠭᠭᠦᠨ᠎ᠡ ᠦᠦ︖ ᠭᠤᠣᠯ ᠠᠭᠤᠯᠭ᠎ᠠ ᠨᠢ ᠶᠠᠮᠠᠷ ᠣᠨᠴᠠᠯᠢᠭ ᠲᠠᠢ ᠪᠤᠶ︖
ᠯᠸᠢ ᠵᠢᠶ ᠫᠧᠩ᠄
ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠡᠴᠠᠪᠦ᠋ ᠰᠢᠶᠤᠤ ᠯᠢᠨ ᠤ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠵᠦ ᠪᠠᠲᠤᠯᠠᠪᠠ᠃ ᠡᠨᠡ ᠬᠦ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠩᠭᠡᠷᠡᠭᠰᠡᠨ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠭᠰᠡᠨ ᠢᠶᠠᠷ ᠪᠠᠷᠠᠬᠤ ᠥᠬᠡᠶ᠂ ︽13 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠤ ᠬᠠᠮᠲᠤ ︽14 · 5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠤᠯ ᠬᠠᠷᠠᠯᠲᠠ ᠡᠭᠦᠷᠭᠡ ᠪᠠ 2021 ᠣᠨ ᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠡᠨᠡ ᠨᠢ ᠡᠨᠡ ᠵᠢᠯ ᠴᠢᠨᠠᠭᠰᠢᠯᠠᠪᠠᠯ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦ᠋ ᠰᠢᠶᠤᠤ ᠯᠢᠨ ᠲᠡᠷᠢᠭᠦᠯᠡᠭᠴᠢ ᠶᠢᠨ ᠱᠠᠭᠠᠷᠳᠠᠯᠭ᠎ᠠ ᠶᠣᠰᠣᠭᠠᠷ᠂ ᠨᠢᠳᠤᠨᠤᠨ ᠤ 10 ᠰᠠᠷ᠎ᠠ ᠶᠢᠨ ᠳᠤᠮᠳᠠᠴᠢ ᠪᠠᠷ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠰᠤᠳᠤᠯᠭᠠᠨ ᠤ ᠲᠠᠰᠤᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠠᠷᠢᠭᠤᠴᠠᠯᠭᠠᠲᠠᠨ ᠢᠶᠠᠷ ᠭᠡᠰᠢᠭᠦᠨ ᠪᠣᠯᠭᠠᠭᠰᠠᠨ ᠢᠯᠡᠳᠬᠡᠯ ᠲᠤᠭᠤᠷᠪᠢᠬᠤ ᠳᠤᠭᠤᠶᠢᠯᠠᠩ ᠢ ᠪᠠᠶᠢᠭᠤᠯᠵᠤ᠂ ᠲᠤᠭᠤᠷᠪᠢᠬᠤ ᠠᠵᠢᠯ ᠤᠨ ᠨᠠᠷᠢᠨ ᠲᠥᠰᠦᠯ ᠢ ᠲᠣᠭᠲᠠᠭᠠᠭᠰᠠᠨ ᠪᠠᠶᠢᠨ᠎ᠠ᠃ ᠲᠤᠭᠤᠷᠪᠢᠨ ᠪᠢᠴᠢᠬᠦ ᠶᠠᠪᠤᠴᠠ ᠳᠤ᠂ ᠪᠦ᠋ ᠰᠢᠶᠤᠤ ᠯᠢᠨ ᠲᠡᠷᠢᠭᠦᠯᠡᠭᠴᠢ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠵᠤ᠂ ᠢᠯᠡᠳᠬᠡᠯ ᠢ ᠲᠤᠭᠤᠷᠪᠢᠨ ᠪᠢᠴᠢᠬᠦ ᠠᠵᠢᠯ ᠳᠤ ᠮᠠᠰᠢ ᠤᠯᠠᠨ ᠪᠣᠳᠠᠲᠠᠢ ᠱᠠᠭᠠᠷᠳᠠᠯᠭ᠎ᠠ ᠳᠤᠷᠠᠳᠴᠤ᠂ ᠬᠠᠮᠤᠭ ᠤᠨ ᠡᠴᠦᠰ ᠲᠤ ᠥᠪᠡᠷ ᠢᠶᠠᠨ ᠢᠯᠡᠳᠭᠡᠯ ᠢ ᠬᠢᠨᠠᠨ ᠲᠣᠭᠲᠠᠭᠠᠪᠠ᠃ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠱᠤᠤ ᠴᠦᠨ ᠤᠯᠠᠨ ᠤᠳᠠᠭ᠎ᠠ ᠲᠤᠭᠤᠷᠪᠢᠨ ᠪᠢᠴᠢᠬᠦ ᠳᠤᠭᠤᠶᠢᠯᠠᠩ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠨᠥᠬᠦᠳ ᠢ ᠵᠣᠬᠢᠶᠠᠨ ᠪᠠᠶᠢᠭᠤᠯᠤᠨ ᠢᠯᠡᠳᠬᠡᠯ ᠢ ᠨᠠᠷᠢᠨ ᠬᠢᠨᠠᠮᠠᠭᠠᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠳᠡᠳ᠋ ᠲᠡᠷᠢᠭᠦᠯᠡᠭᠴᠢ ᠴᠥᠮ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠲᠠᠢ ᠪᠠᠨ ᠤᠶᠠᠯᠳᠤᠭᠤᠯᠤᠨ ᠲᠤᠰᠬᠠᠢ ᠰᠡᠳᠦᠪᠲᠦ ᠮᠠᠲ᠋ᠧᠷᠢᠶᠠᠯ ᠬᠠᠩᠭᠠᠪᠠ᠃ ᠢᠯᠡᠳᠬᠡᠯ ᠢ ᠲᠤᠭᠤᠷᠪᠢᠬᠤ ᠨᠢ ᠳᠥᠭᠦᠮᠬᠡᠨ ᠡᠬᠡ ᠪᠢᠴᠢᠭ ᠢ ᠲᠤᠭᠤᠷᠪᠢᠬᠤ ᠪᠠ ᠲᠠᠬᠢᠨ ᠳᠠᠪᠲᠠᠨ ᠲᠤᠩᠭᠠᠨ ᠪᠣᠳᠣᠯᠬᠢᠯᠠᠬᠤ ᠶᠠᠪᠤᠴᠠ ᠲᠡᠳᠦᠢ ᠪᠢᠰᠢ᠂ ᠬᠠᠷᠢᠨ ᠠᠷᠠᠳ ᠤᠨ ᠰᠡᠳᠬᠢᠯ ᠳᠤ ᠣᠶᠢᠷᠠᠲᠤᠭᠰᠠᠨ᠂ ᠠᠷᠠᠳ ᠤᠨ ᠰᠠᠨᠠᠭ᠎ᠠ ᠶᠢ ᠨᠢᠭᠲᠠᠷᠠᠭᠤᠯᠤᠭᠰᠠᠨ᠂ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠡᠳᠬᠡᠭᠰᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠶᠢᠨ ᠬᠦᠰᠡᠯ ᠰᠠᠨᠠᠭ᠎ᠠ ᠶᠢ ᠢᠯᠡᠷᠡᠭᠦᠯᠦᠭᠰᠡᠨ ᠴᠢᠬᠤᠯᠠ ᠠᠵᠢᠯ ᠪᠣᠯᠤᠨ᠎ᠠ᠂ ᠲᠡᠷᠡ ᠨᠢ ᠦᠨᠡᠨ ᠳᠤ ᠪᠠᠨ ᠵᠠᠰᠠᠭ ᠤᠨ ᠣᠷᠳᠣᠨ ᠤ ᠠᠵᠢᠯ ᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠲᠥᠪᠯᠡᠷᠡᠩᠭᠦᠢ ᠢᠯᠡᠷᠡᠯ ᠪᠣᠯᠤᠨ᠎ᠠ᠃ ᠢᠯᠡᠳᠬᠡᠯ ᠢ ᠲᠤᠭᠤᠷᠪᠢᠨ ᠪᠢᠴᠢᠬᠦ ᠶᠠᠪᠤᠴᠠ ᠳᠤ᠂ ᠪᠢᠳᠡ ᠤᠷᠢᠳ ᠬᠤᠵᠢᠳ 9 ᠠᠶᠢᠮᠠᠭ ᠬᠤᠳᠠ᠂ 20 ᠰᠠᠯᠠᠭ᠎ᠠ ᠮᠥᠴᠢᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠶᠠᠷᠢᠯᠴᠠᠬᠤ ᠬᠤᠷᠠᠯ ᠢ 40 ᠰᠢᠬᠠᠮ ᠤᠳᠠᠭ᠎ᠠ ᠬᠤᠷᠠᠯᠳᠤᠭᠤᠯᠵᠤ᠂ ᠡᠯ᠎ᠡ ᠭᠠᠵᠠᠷ ᠣᠷᠣᠨ᠂ ᠡᠯ᠎ᠡ ᠹᠷᠣᠨᠲ ᠤᠨ ᠨᠥᠬᠦᠳ ᠲᠠᠢ ᠰᠠᠨᠠᠯ ᠢᠶᠠᠨ ᠭᠦᠢᠴᠡᠳ ᠰᠣᠯᠢᠯᠴᠠᠵᠤ᠂ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ᠂ ᠬᠠᠮᠤᠭ ᠤᠨ ᠠᠩᠬᠠᠨ ᠤ ᠪᠠᠶᠢᠳᠠᠯ ᠢ ᠭᠦᠢᠴᠡᠳ ᠡᠵᠡᠮᠰᠢᠵᠦ᠂ ᠦᠨᠳᠦᠰᠦᠨ ᠱᠠᠳᠤ ᠪᠠ ᠤᠯᠠᠨ ᠲᠦᠮᠡᠨ ᠤ ᠬᠦᠰᠡᠯ ᠰᠠᠨᠠᠭ᠎ᠠ ᠶᠢ ᠢᠯᠡᠳᠬᠡᠯ ᠳᠤ ᠦᠨᠡᠨ ᠪᠣᠳᠠᠲᠠᠢ ᠢᠯᠡᠷᠡᠭᠦᠯᠬᠦ ᠪᠠᠷ ᠴᠢᠷᠮᠠᠶᠢᠪᠠ᠃ ᠢᠯᠡᠳᠬᠡᠯ ᠤᠨ ᠡᠭᠡ ᠨᠤᠤᠷᠠᠭ ᠪᠦᠷᠢᠯᠳᠦᠭᠰᠡᠨ ᠤ ᠲᠠᠷᠠᠭ᠎ᠠ᠂ ᠪᠢᠳᠡ ᠤᠷᠢᠳ ᠬᠤᠵᠢᠳ ᠡᠯ᠎ᠡ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠵᠠᠰᠠᠭ ᠤᠨ ᠣᠷᠳᠣᠨ ᠤ ᠤᠳᠤᠷᠢᠳᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠵᠢᠴᠢ ᠵᠠᠰᠠᠭ ᠤᠨ ᠣᠷᠳᠣᠨ ᠤ ᠵᠥᠪᠯᠡᠭᠴᠢ᠂ ᠰᠣᠶᠣᠯ ᠲᠡᠦᠬᠡ ᠶᠢᠨ ᠣᠷᠳᠣᠨ ᠤ ᠠᠵᠢᠯᠳᠠᠨ ᠤ ᠰᠠᠨᠠᠯ ᠢ ᠬᠤᠷᠢᠶᠠᠵᠤ᠂ ᠨᠡᠶᠢᠳᠡ 449 ᠵᠤᠷᠪᠤᠰ ᠰᠠᠨᠠᠯ ᠰᠠᠨᠠᠭᠤᠯᠭ᠎ᠠ ᠶᠢ ᠲᠣᠰᠴᠤ᠂ ᠲᠤᠭᠤᠷᠪᠢᠨ ᠪᠢᠴᠢᠬᠦ ᠳᠤᠭᠤᠶᠢᠯᠠᠩ ᠤᠨ ᠬᠢᠨ ᠭᠦᠢᠴᠡᠳ ᠰᠢᠩᠭᠡᠭᠡᠨ ᠠᠪᠤᠪᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠬᠤᠷᠠᠯᠳᠤᠭᠰᠠᠨ ᠤ ᠳᠠᠷᠠᠭ᠎ᠠ᠂ ᠪᠢᠳᠡ ᠪᠠᠰᠠ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠢᠯᠡᠳᠬᠡᠯ ᠳᠤ ᠵᠠᠰᠠᠪᠤᠷᠢ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ ᠬᠤᠷᠠᠯ ᠬᠤᠷᠠᠯᠳᠤᠭᠤᠯᠵᠤ᠂ ᠢᠯᠡᠳᠬᠡᠯ ᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠬᠤᠭᠤᠴᠠᠭᠠᠨ ᠳᠤ᠂ ᠪᠢᠳᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠢᠨᠠᠨ ᠵᠥᠪᠯᠡᠭᠰᠡᠨ ᠰᠠᠨᠠᠯ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭᠰᠠᠨ ᠰᠠᠨᠠᠯ ᠢ ᠥᠷᠭᠡᠨ ᠢᠶᠠᠷ ᠰᠣᠨᠣᠰᠴᠤ᠂ ᠢᠯᠡᠳᠬᠡᠯ ᠳᠤ ᠬᠠᠮᠤᠭ ᠤᠨ ᠡᠴᠦᠰ ᠤᠨ ᠵᠠᠰᠠᠪᠤᠷᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠯᠲᠠ ᠬᠢᠯᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠪᠠᠲᠤᠯᠠᠭᠤᠯᠤᠭᠰᠠᠨ ᠤ ᠳᠠᠷᠠᠭ᠎ᠠ᠂ ᠣᠲᠣ ᠶᠢᠨ ᠢᠯᠡᠳᠬᠡᠯ ᠤᠨ ᠨᠣᠤᠷᠠᠭ ᠢ ᠪᠦᠷᠢᠯᠳᠦᠭᠦᠯᠦᠭᠰᠡᠨ ᠪᠥᠭᠡᠳ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠪᠡ᠃ ᠭᠤᠣᠯ ᠠᠭᠤᠯᠭ᠎ᠠ ᠠᠴᠠ ᠨᠢ ᠠᠪᠴᠤ ᠦᠵᠡᠪᠡᠯ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠭᠤᠣᠯᠳᠠᠭᠤ ᠲᠦᠷᠪᠡᠨ ᠬᠡᠰᠡᠭ ᠲᠤ ᠬᠤᠪᠢᠶᠠᠨ᠎ᠠ᠃ ᠨᠢᠭᠡᠳᠦᠭᠡᠷ ᠬᠡᠰᠡᠭ᠄ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ᠂ ᠨᠡᠮᠡᠭᠳᠡᠯ ᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠪᠠᠲᠤᠯᠠᠬᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ᠂ ᠥᠭᠡᠷᠡᠴᠢᠯᠡᠯᠲᠡ ᠨᠡᠭᠡᠭᠡᠯᠳᠡ ᠬᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠨᠠᠢᠮᠠᠨ ᠲᠠᠯ᠎ᠠ ᠠᠴᠠ ᠥᠩᠭᠡᠷᠡᠭᠰᠡᠨ ᠨᠢᠭᠡ ᠵᠢᠯ ᠤᠨ ᠠᠵᠢᠯ ᠢ ᠡᠮᠬᠢᠯᠡᠪᠡ᠃ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠦᠭᠰᠡᠨ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠯᠲᠠ ᠳᠤ ᠲᠡᠤᠬᠡᠲᠦ ᠴᠢᠨᠠᠷᠲᠠᠶ ᠠᠮᠵᠢᠯᠲᠠ ᠪᠦᠲᠦᠮᠵᠢ ᠣᠯᠣᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠣᠯᠣᠭᠰᠠᠨ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠤᠭᠰᠠᠨ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠭᠰᠡᠨ ᠵᠡᠷᠭᠡ ᠲᠠᠪᠤᠨ ᠲᠠᠯ᠎ᠠ ᠠᠴᠠ ᠥᠩᠭᠡᠷᠡᠭᠰᠡᠨ ᠲᠠᠪᠤᠨ ᠵᠢᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠲᠣᠪᠤᠶᠢᠮ᠎ᠠ ᠠᠮᠵᠢᠯᠲᠠ ᠪᠦᠲᠦᠮᠵᠢ ᠶᠢ ᠰᠢᠰᠲ᠋ᠧᠮ ᠲᠠᠢ ᠳ᠋ᠦᠩᠨᠡᠭᠰᠡᠨ ᠪᠠᠶᠢᠨ᠎ᠠ᠃ ᠡᠭᠦᠨ ᠤ ᠵᠡᠷᠭᠡᠴᠡᠭᠡ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠵᠢᠴᠢ ᠵᠠᠰᠠᠭ ᠤᠨ ᠣᠷᠳᠣᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠤᠨ ᠵᠢᠭᠠᠵᠤ ᠭᠠᠷᠭᠠᠵᠠᠶ᠃ ᠬᠤᠶᠠᠳᠤᠭᠠᠷ ᠬᠡᠰᠡᠭ᠄ ︽14·5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠡᠭᠦᠷᠭᠡ᠃ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠬᠤᠶᠢᠰᠢᠳᠠ ᠶᠢᠨ ᠲᠠᠪᠤᠨ ᠵᠢᠯ ᠤᠨ ᠭᠤᠣᠯ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ᠃ ᠭᠤᠷᠪᠠᠳᠤᠭᠠᠷ ᠬᠡᠰᠡᠭ᠄ 2021 ᠣᠨ ᠤ ᠠᠵᠢᠯ ᠤᠨ ᠲᠣᠬᠢᠷᠠᠭᠤᠯᠤᠯᠲᠠ᠃ ᠨᠢᠭᠡ ᠳᠤ᠂ 2021 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠃ ᠬᠤᠶᠠᠷ ᠲᠤ᠂ ᠶᠢᠰᠦᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ᠡᠭᠦᠨ ᠳᠤ ᠭᠤᠣᠯᠳᠠᠭᠤ᠄ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠨᠠᠩ ᠶᠡᠭᠡ ᠡᠷᠴᠢᠮ ᠲᠠᠢ ᠪᠠᠷ ᠠᠬᠢᠭᠤᠯᠤᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠳᠥᠷᠪᠡᠳᠦᠭᠡᠷ ᠬᠡᠰᠡᠭ᠄ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠦᠷᠭᠦᠯᠵᠢᠯᠡᠨ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠪᠣᠯᠭᠠᠨ ᠲᠣᠭᠠᠴᠢᠨ ᠥᠭᠦᠯᠡᠵᠦ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠬᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠡᠰᠡᠷᠭᠦᠴᠡᠨ ᠲᠡᠪᠴᠢᠬᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠭᠠᠮᠨᠠᠵᠤ ᠠᠮᠢᠳᠤᠷᠠᠬᠤ ᠶᠢ ᠪᠠᠷᠢᠮᠲᠠᠯᠠᠬᠤ ᠵᠡᠷᠭᠡ ᠲᠠᠯ᠎ᠠ ᠠᠴᠠ ᠰᠢᠨ᠎ᠡ ᠨᠢᠭᠡ ᠵᠢᠯ ᠳᠤ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠬᠤ ᠵᠡᠷᠭᠡ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃
ᠬᠥᠲᠥᠯᠥᠭᠴᠢ᠄
ᠥᠩᠭᠡᠷᠡᠭᠰᠡᠨ ᠨᠢᠭᠡ ᠵᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠳᠤ ᠶᠠᠮᠠᠷ ᠶᠠᠮᠠᠷ ᠭᠤᠤᠯ ᠠᠮᠵᠢᠯᠲᠠ ᠣᠯᠤᠭᠰᠠᠨ ᠢ ᠰᠦᠯᠵᠢᠶᠡᠨ ᠤ ᠠᠨᠳᠠ ᠨᠠᠷ ᠲᠠᠢ ᠬᠤᠪᠢᠶᠠᠯᠴᠠᠨ᠎ᠠ ᠦᠦ︖ ᠡᠭᠦᠨ ᠤ ᠬᠠᠮᠲᠤ 2020 ᠣᠨ ᠪᠣᠯ ︽13 · 5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠂ ᠮᠠᠨ ᠤ ᠣᠷᠣᠨ ᠤ ᠥᠩᠭᠡᠷᠡᠭᠰᠡᠨ ᠲᠠᠪᠤᠨ ᠵᠢᠯ ᠤᠨ ᠬᠥᠭᠵᠢᠯᠲᠡ ᠶᠢᠨ ᠳᠤᠮᠳᠠᠬᠢ ᠬᠢᠯᠠᠰ ᠴᠡᠭ ᠢ ᠲᠠᠨᠢᠯᠴᠠᠭᠤᠯᠤᠨ᠎ᠠ ᠦᠦ︖
ᠯᠸᠢ ᠵᠢᠶ ᠫᠧᠩ᠄
2020 ᠣᠨ ᠳᠤ᠂ ᠲᠦᠢᠯ ᠤᠨ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠡᠮᠦᠨ᠎ᠡ᠂ ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠲᠠᠭᠠᠷᠢᠯᠲᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠥᠬᠦ ᠣᠷᠣᠨ ᠤ ᠠᠵᠤ ᠠᠬᠤᠶ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠳᠤ ᠣᠷᠣᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠪᠥᠭᠡᠳ ᠠᠮᠤᠷ ᠲᠣᠭᠲᠠᠭᠤᠨ ᠪᠠᠶᠢᠯᠭᠠᠵᠤ᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ 2020 ᠣᠨ ᠤ ᠠᠮᠵᠢᠯᠲᠠ ᠪᠦᠲᠦᠮᠵᠢ ᠨᠢ ᠭᠤᠤᠯᠳᠠᠭᠤ ᠨᠠᠢᠮᠠᠨ ᠲᠠᠯ᠎ᠠ ᠪᠠᠷ ᠢᠯᠡᠷᠡᠵᠦ ᠪᠣᠶ᠄ ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠲᠠᠯ᠎ᠠ ᠪᠠᠷ ᠴᠢᠬᠤᠯᠠ ᠶᠡᠭᠡ ᠦᠷ᠎ᠡ ᠪᠦᠲᠦᠭᠡᠯ ᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ ᠤᠨ ᠤᠷᠢᠶᠠᠯᠠᠭ᠎ᠠ ᠶᠢ ᠴᠠᠭ ᠲᠤᠬᠠᠢ ᠳᠤ ᠨᠢ ᠡᠬᠢᠯᠡᠭᠦᠯᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢ ᠦᠳᠲᠡᠷ ᠲᠦᠷᠭᠡᠨ ᠪᠠᠶᠢᠭᠤᠯᠵᠤ᠂ 55 ᠡᠳᠦᠷ ᠤᠨ ᠴᠠᠭ ᠵᠠᠷᠤᠴᠠᠭᠤᠯᠵᠤ ᠪᠠᠶᠢᠭᠠᠳ ᠲᠤᠬᠠᠢ ᠶᠢᠨ ᠭᠠᠵᠠᠷ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠠᠩᠬ᠎ᠠ ᠤᠳᠠᠭ᠎ᠠ ᠲᠡᠭ ᠪᠣᠯᠭᠠᠬᠤ ᠶᠢ ᠪᠡᠶᠡᠯᠡᠭᠦᠯᠵᠦ᠂ ᠪᠦᠬᠦ ᠤᠯᠤᠰ ᠤᠨ ᠬᠡᠪᠴᠢᠶ᠎ᠡ ᠠᠴᠠ ᠠᠪᠴᠤ ᠦᠵᠡᠪᠡᠯ ᠬᠡᠷᠡᠭᠯᠡᠭᠰᠡᠨ ᠴᠠᠭ ᠨᠢ ᠨᠡᠯᠢᠶᠡᠳ ᠣᠬᠤᠷ ᠶᠤᠮ᠃ ᠡᠭᠦᠨ ᠤ ᠬᠠᠮᠲᠤ᠂ ᠨᠡᠶᠢᠰᠯᠡᠯ ᠤᠨ ᠨᠢᠰᠬᠡᠯ ᠤᠨ ᠪᠠᠭᠤᠳᠠᠯ ᠠᠴᠠ ᠬᠤᠪᠢᠶᠠᠷᠢᠯᠠᠨ ᠶᠠᠪᠤᠭᠤᠯᠤᠭᠰᠠᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠭᠤᠷᠠᠶ ᠵᠠᠮ ᠤᠨ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠬᠢᠯᠢ ᠶᠢᠨ ᠭᠠᠳᠠᠨ᠎ᠠ ᠠᠴᠠ ᠥᠷᠥᠵᠤ ᠢᠷᠡᠭᠰᠡᠨ ᠡᠪᠡᠳᠴᠢᠨ ᠤ ᠵᠢᠱᠢᠶ᠎ᠡ ᠶᠢᠨ ︽ᠡᠪᠡᠳᠴᠢᠨ ᠢᠶᠠᠷ ᠨᠠᠰᠤ ᠪᠠᠷᠠᠭᠰᠠᠨ ᠬᠥᠮᠦᠨ ᠥᠬᠡᠶ︾
︽ᠲᠠᠷᠬᠠᠭᠠᠭᠰᠠᠨ ᠬᠥᠮᠦᠨ ᠥᠬᠡᠶ︾ ︽ᠭᠠᠳᠠᠭᠰᠢ ᠭᠠᠷᠭᠠᠭᠰᠠᠨ ᠬᠥᠮᠦᠨ ᠥᠬᠡᠶ︾ ᠪᠠᠶᠢᠬᠤ ᠶᠢ ᠪᠡᠶᠡᠯᠡᠭᠦᠯᠵᠠᠢ᠃ ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ 11 ᠳ᠋ᠦ᠋ᠭᠡᠷ ᠰᠠᠷ᠎ᠠ ᠳᠤ ᠮᠠᠨᠵᠤᠤᠷ ᠬᠤᠲᠠ ᠳᠠᠬᠢ ᠭᠠᠳᠠᠨ᠎ᠠ ᠠᠴᠠ ᠣᠷᠣᠵᠤ ᠢᠷᠡᠭᠰᠡᠨ ᠬᠢᠵᠢᠭ ᠤᠨ ᠪᠠᠶᠢᠳᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠷ ᠰᠢᠢᠳᠪᠦᠷᠢᠯᠡᠪᠡ᠃ ᠣᠳᠣᠬᠠᠨ ᠳᠤ᠂ ᠡᠷᠬᠢᠨ ᠲᠣᠭᠤᠷᠢᠨ ᠤ ᠬᠡᠰᠡᠭ ᠮᠤᠵᠢ ᠣᠷᠣᠨ ᠤ ᠬᠢᠵᠢᠭ ᠤᠨ ᠪᠠᠶᠢᠳᠠᠯ ᠲᠠᠰᠤᠷᠠᠯᠲᠠ ᠥᠬᠡᠶ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠮᠠᠨ ᠤ ᠣᠷᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ ᠪᠠᠶᠢᠨ᠎ᠠ᠂ ᠡᠨᠡ ᠪᠣᠯ ᠮᠠᠰᠢ ᠬᠢᠯᠪᠠᠷ ᠪᠤᠰᠤ ᠶᠠᠪᠤᠳᠠᠯ ᠶᠤᠮ᠃ ᠬᠤᠶᠠᠷ ᠲᠤ᠂ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠬᠢᠵᠢᠭ ᠤᠨ ᠪᠠᠶᠢᠳᠠᠯ ᠢ ᠡᠵᠡᠮᠳᠡᠭᠰᠡᠨ ᠤ ᠳᠠᠷᠠᠭ᠎ᠠ᠂ ᠮᠠᠨ ᠤ ᠣᠷᠣᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠪᠠᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠨ᠂ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠡᠯ᠎ᠡ ᠵᠦᠢᠯ ᠤᠨ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠬᠠᠮᠲᠤ᠂ ᠠᠯᠢ ᠣᠯᠠᠨ ᠢᠵᠢ ᠪᠦᠷᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠪᠦᠲᠦᠮᠵᠢᠲᠡᠶ ᠨᠠᠮᠳᠠᠭᠤᠯᠤᠭᠰᠠᠨ ᠠᠴᠠ᠂ ᠪᠥᠬᠦ ᠵᠢᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠤᠭ᠎ᠠ ᠬᠡᠮᠵᠢᠶ᠎ᠡ 7.2% ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠂ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠵᠦ᠂ ᠪᠦᠬᠦ ᠵᠢᠯ ᠤᠨ ᠬᠤᠳᠠ ᠪᠠᠯᠭᠠᠰᠤᠨ ᠤ ᠠᠵᠢᠯ ᠣᠯᠭᠤᠯᠲᠠ ᠳᠤ 23.2 ᠲᠦᠮᠡᠨ ᠬᠥᠮᠦᠨ ᠰᠢᠨ᠎ᠡ ᠪᠠᠷ ᠨᠡᠮᠡᠭᠳᠡᠭᠦᠯᠵᠦ᠂ ᠵᠢᠯ ᠤᠨ ᠡᠬᠢᠨ ᠳᠤ ᠲᠣᠭᠲᠠᠭᠠᠭᠰᠠᠨ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠡᠯ᠎ᠡ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠤᠯᠠᠷᠢᠯ ᠳᠠᠷᠠᠭᠠᠯᠠᠨ ᠳᠡᠭᠡᠭᠰᠢᠯᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠰᠥᠭᠡᠷᠭᠦ ᠪᠠᠶᠢᠭᠰᠠᠨ ᠠᠴᠠ ᠪᠠᠨ ᠡᠶᠡᠷᠭᠦ ᠪᠣᠯᠵᠤ᠂ ᠠᠵᠤ ᠠᠬᠤᠶ ᠶᠢᠨ ᠰᠡᠷᠭᠦᠯᠲᠡ ᠶᠢᠨ ᠪᠠᠶᠢᠳᠠᠯ ᠦᠷᠭᠦᠯᠵᠢᠯᠡᠨ ᠪᠠᠬᠢᠵᠢᠪᠡ᠃ ᠭᠤᠷᠪᠠ ᠳᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠵᠢᠯ ᠰᠢᠨ᠎ᠡ ᠠᠯᠬᠤᠮ ᠢ ᠠᠯᠬᠤᠪᠠ᠃ ᠥᠩᠭᠡᠷᠡᠭᠰᠡᠨ ᠨᠢᠭᠡ ᠵᠢᠯ ᠳᠤ᠂ ᠪᠢᠳᠡ ᠨᠡᠮᠡᠭᠳᠡᠯ ᠢ ᠲᠣᠭᠲᠠᠪᠤᠷᠢᠵᠢᠭᠤᠯᠬᠤ ᠶᠢᠨ ᠬᠠᠮᠲᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠵᠤ ᠠᠬᠤᠢ ᠤᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠰᠢᠨ᠎ᠡ ᠬᠥᠳᠡᠯᠭᠡᠬᠦ ᠬᠦᠴᠦᠨ ᠲᠦᠷᠭᠡᠨ ᠢᠶᠠᠷ ᠪᠤᠶᠢᠵᠢᠪᠠ᠃ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠢ 63.6% ᠳᠤ ᠬᠦᠷᠦᠭᠦᠯᠵᠦ᠂ ᠬᠤᠪᠣᠷ ᠰᠢᠷᠣᠶ ᠶᠢᠨ ᠲᠦᠭᠦᠬᠡᠶ ᠮᠠᠲ᠋ᠧᠷᠢᠶᠠᠯ ᠢ ᠲᠤᠬᠠᠶ ᠶᠢᠨ ᠭᠠᠵᠠᠷ ᠲᠤ ᠨᠢ ᠪᠣᠯᠪᠠᠰᠤᠷᠠᠭᠤᠯᠬᠤ ᠨᠣᠷᠮ᠎ᠠ 70% ᠳᠤ ᠬᠦᠷᠪᠡ᠃ ᠡᠭᠦᠰᠦᠮᠡᠯ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠨᠢ ᠪᠥᠬᠦ ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 36% ᠶᠢ ᠡᠵᠡᠯᠡᠵᠦ᠂ ᠰᠢᠨ᠎ᠡ ᠡᠨᠧᠷᠭᠢ ᠶᠢᠨ ᠬᠡᠷᠡᠭᠯᠡᠭᠡᠨ ᠤ ᠬᠠᠷᠢᠴᠠᠯ ᠨᠢ 17% ᠳᠤ ᠬᠥᠷᠪᠡ᠃ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ 120 ᠲᠦᠮᠡᠨ ᠮᠠᠰᠢᠨ ᠢ ᠳᠠᠪᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 1 ᠮᠢᠩᠭ᠎ᠠ ᠶᠢ ᠳᠠᠪᠠᠪᠠ᠃ ᠳᠥᠷᠪᠡ ᠳᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠰᠢᠢᠳᠪᠦᠷᠢᠯᠡᠬᠦ ᠴᠢᠨᠠᠷᠲᠠᠶ ᠦᠷ᠎ᠡ ᠪᠦᠲᠦᠮᠵᠢ ᠤᠯᠪᠠ᠃ ᠣᠨᠣᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠲᠠᠯ᠎ᠠ ᠪᠠᠷ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠵᠢᠯ ᠳᠤ 112.3 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠣᠷᠣᠭᠤᠯᠵᠤ᠂ 6751 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠦᠯᠡᠳᠡᠭᠰᠡᠨ 1.6 ᠲᠦᠮᠡᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠪᠠ᠃ ᠬᠦᠨᠳᠦ ᠶᠡᠭᠡ ᠲᠦᠭᠰᠢᠭᠦᠷᠢ ᠶᠢ ᠨᠠᠮᠳᠠᠭᠠᠨ ᠰᠢᠢᠳᠪᠦᠷᠢᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠨᠠᠮᠳᠠᠭᠠᠬᠤ ᠣᠨ ᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠳᠤᠮᠳᠠ ᠵᠢᠵᠢᠭ ᠪᠠᠩᠬᠢ ᠶᠢᠨ ᠬᠥᠷᠥᠩᠭᠡ ᠶᠢᠨ ᠨᠥᠬᠦᠪᠥᠷᠢ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 85 ᠳ᠋ᠦᠩᠰᠢᠭᠤᠷ ᠲᠥᠭᠦᠷᠢᠭ ᠲᠠᠷᠬᠠᠭᠠᠵᠤ᠂ ᠪᠥᠬᠦ ᠣᠷᠣᠨ ᠤ ᠡᠷᠡᠭᠦᠯ ᠪᠤᠰᠤ ᠵᠢᠭᠡᠯᠡᠯᠭᠡ ᠶᠢᠨ ᠦᠯᠡᠳᠡᠪᠦᠷᠢ ᠪᠠ ᠡᠷᠡᠭᠦᠯ ᠪᠤᠰᠤ ᠨᠣᠷᠮ᠎ᠠ ᠶᠢ ᠵᠡᠷᠭᠡᠪᠡᠷ ᠪᠠᠭᠤᠷᠠᠭᠤᠯᠬᠤ ᠶᠢ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠦᠨᠳᠦᠰᠦᠨ ᠳᠤ ᠪᠠᠨ ᠪᠡᠶᠡᠯᠡᠭᠦᠯᠵᠦ᠂ ᠪᠥᠬᠦ ᠣᠷᠣᠨ ᠤ ᠠᠭᠠᠷ ᠤᠨ ᠪᠠᠶᠢᠳᠠᠯ ᠰᠠᠶᠢᠨ ᠡᠳᠦᠷ ᠤᠨ ᠲᠤᠭ᠎ᠠ ᠶᠢᠨ ᠬᠠᠷᠢᠴᠠᠯ 90.8% ᠳᠤ ᠬᠦᠷᠴᠦ᠂ ᠤᠯᠤᠰ ᠤᠨ ᠰᠢᠯᠭᠠᠨ ᠬᠢᠨᠠᠬᠤ ᠬᠠᠷᠠᠯᠲᠠ ᠶᠢᠨ 1.7 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ᠭᠠᠵᠠᠷ ᠳᠡᠭᠡᠷᠡᠬᠢ ᠤᠰᠤᠨ ᠤ ᠰᠢᠯᠢᠳᠡᠭ ᠤᠰᠤᠨ ᠴᠣᠭᠴᠠ ᠶᠢᠨ ᠬᠠᠷᠢᠴᠠᠯ 69.2% ᠲᠤ ᠬᠦᠷᠴᠦ᠂ ᠤᠯᠤᠰ ᠤᠨ ᠬᠢᠨᠠᠨ ᠰᠢᠯᠭᠠᠬᠤ ᠬᠠᠷᠠᠯᠲᠠ ᠶᠢᠨ 9.6 ᠵᠠᠭᠤᠨ ᠤ ᠴᠡᠭ ᠠᠴᠠ ᠳᠠᠪᠠᠭᠤᠯᠢᠭ ᠪᠣᠯᠪᠠ᠃ ︽ᠬᠦᠯᠦᠨ ᠨᠠᠭᠤᠷ ᠤᠯᠠᠭᠠᠨᠰᠤᠬᠠᠢ ᠨᠠᠭᠤᠷ ᠲᠠᠶᠢᠭ᠎ᠠ ᠨᠠᠭᠤᠷ︾ ᠤᠨ ᠤᠰᠤᠨ ᠤ ᠴᠢᠨᠠᠷ ᠪᠠ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃ ᠲᠠᠪᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠪᠠ᠃ 356 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂
12.2 ᠲᠦᠮᠡᠨ ᠮᠥ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠪᠠ᠃ ᠪᠦᠬᠦ ᠣᠷᠣᠨ ᠤ ᠠᠮᠤ ᠪᠤᠳᠠᠭᠠᠨ ᠤ ᠤᠨᠠᠯᠲᠠ 732.8 ᠳ᠋ᠦᠩᠰᠢᠭᠤᠷ ᠵᠢᠩ ᠳᠤ ᠬᠦᠷᠴᠦ᠂ ︽ᠠᠷᠪᠠᠨ ᠳᠣᠯᠣᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃᠃ ᠮᠢᠬᠠᠨ ᠤ ᠲᠥᠷᠥᠯ ᠤᠨ ᠭᠠᠷᠤᠯᠲᠠ 260.7 ᠲᠦᠮᠡᠨ ᠲᠣᠨ ᠳᠤ ᠬᠦᠷᠴᠦ᠂ ︽ᠠᠷᠪᠠᠨ ᠵᠢᠷᠭᠤᠭ᠎ᠠ ᠵᠢᠯ ᠳᠠᠷᠠᠭᠠᠯᠠᠨ ᠲᠣᠭᠲᠠᠭᠤᠨ ᠪᠠᠶᠢᠬᠤ︾ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠯ᠎ᠠ ᠨᠤᠲᠤᠭ ᠤᠨ ᠢᠳᠡᠰᠢᠨ ᠤ ᠬᠤᠨᠢ ᠪᠠ ᠨᠡᠷᠡᠨ ᠬᠤᠸᠠᠷ ᠤᠯᠤᠰ ᠤᠨ ᠲᠠᠰ ᠤᠨ ᠳᠠᠪᠠᠭᠤᠯᠢᠭ ᠤᠨᠴᠠᠯᠢᠭᠳᠤ ᠬᠤᠶᠠᠷ ᠠᠵᠤ ᠦᠢᠯᠡᠰ ᠤᠨ ᠰᠦᠷᠦᠭᠵᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠦᠷ᠎ᠡ ᠶᠢᠨ ᠦᠢᠯᠡᠰ ᠢ ᠬᠥᠭᠵᠢᠭᠦᠯᠬᠦ ᠵᠡᠷᠭᠡ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ︽ᠲᠡᠭᠷᠢ ᠶᠢᠨ ᠬᠡᠰᠢᠭᠲᠦ ᠪᠣᠷᠣᠲᠣᠬᠤᠶ︾ ᠨᠢ ᠳᠤᠮᠳᠠᠳᠤ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠢ ᠲᠥᠷᠬᠦ ᠶᠢᠨ ᠨᠠᠷᠠᠲᠤ ᠲᠥᠷᠥᠯ ᠲᠡᠮᠳᠡᠭᠲᠦ ᠶᠢᠨ ᠲᠡᠷᠢᠭᠦᠨ ᠪᠠᠶᠢᠷᠢ ᠳᠤ ᠣᠷᠣᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢᠳᠡᠪᠬᠢᠲᠡᠶ ᠠᠬᠢᠴᠠ ᠲᠠᠢ ᠪᠣᠯᠪᠠ᠃ ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠴᠤ ᠢᠳᠡᠪᠬᠢᠲᠡᠶ ᠦᠷ᠎ᠡ ᠪᠦᠲᠦᠮᠵᠢ ᠤᠯᠪᠠ᠃ ᠵᠢᠠᠷᠭᠤᠭᠠ ᠳᠤ᠂ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ︽ᠭᠤᠷᠪᠠᠨ ᠱᠤᠭᠤᠮ ᠨᠢᠭᠡ ᠬᠠᠭᠤᠳᠠᠰᠤ︾ ᠶᠢ ᠨᠠᠶᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠪᠥᠬᠦ ᠣᠷᠣᠨ ᠤ 50% ᠠᠴᠠ ᠳᠡᠭᠡᠭᠰᠢᠬᠢ ᠤᠯᠤᠰ ᠤᠨ ᠭᠠᠵᠠᠷ ᠰᠢᠷᠣᠶ ᠶᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠠᠩᠬ᠎ᠠ ᠠᠯᠬᠤᠮ ᠬᠤᠪᠢᠶᠠᠷᠢᠯᠠᠨ ᠣᠷᠣᠭᠤᠯᠪᠠ᠃ ᠪᠥᠬᠦ ᠵᠢᠯ ᠤᠨ ᠣᠶᠢᠵᠢᠭᠤᠯᠤᠯᠲᠠ ᠬᠢᠬᠦ᠂ ᠡᠪᠡᠰᠦ ᠳᠠᠷᠢᠬᠤ᠂ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠣᠨ ᠤ ᠡᠭᠦᠷᠭᠡ ᠶᠢ ᠲᠣᠰ ᠲᠣᠰ 101.6%᠂ 112.5% ᠪᠠ 106.8% ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 5 ᠨᠤᠭᠤ ᠭᠠᠵᠠᠷ ᠤᠨ ᠴᠡᠴᠡᠷᠯᠢᠭ ᠪᠠ 5 ᠡᠯᠡᠰᠦᠷᠬᠡᠭᠵᠢᠭᠰᠡᠨ ᠭᠠᠵᠠᠷ ᠰᠢᠷᠣᠶ ᠶᠢ ᠪᠢᠲᠡᠭᠦᠮᠵᠢᠯᠡᠨ ᠬᠢᠵᠠᠭᠠᠷᠯᠠᠬᠤ ᠬᠠᠮᠠᠭᠠᠯᠠᠯᠲᠠ ᠶᠢᠨ ᠣᠷᠣᠨ ᠢ ᠰᠢᠨ᠎ᠡ ᠪᠠᠷ ᠪᠠᠶᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ᠂ ᠨᠤᠭᠤ ᠭᠠᠵᠠᠷ ᠤᠨ ᠠᠮᠢ ᠠᠬᠤᠶ ᠶᠢ ᠰᠡᠷᠭᠦᠭᠡᠬᠦ ᠪᠠ ᠤᠰᠤᠨ ᠤ ᠰᠤᠷᠪᠤᠯᠵᠢ ᠶᠢ ᠬᠠᠳᠠᠭᠠᠯᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠳᠣᠯᠤᠭ᠎ᠠ ᠳᠤ᠂ ᠥᠭᠡᠷᠡᠴᠢᠯᠡᠯᠲᠡ ᠨᠡᠭᠡᠭᠡᠯᠳᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠨᠢᠳᠤᠨᠤᠨ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯᠳᠠᠯᠭ᠎ᠠ ᠪᠣᠯᠭᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠠᠵᠤ ᠠᠬᠤᠶᠢᠯᠠᠯ ᠤᠨ ᠪᠠᠶᠢᠭᠤᠯᠤᠨ ᠡᠷᠭᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 75 ᠠᠵᠢᠯᠯᠠᠬᠤ ᠡᠳᠦᠷ ᠤᠨ ᠳᠣᠲᠣᠷ᠎ᠠ ᠪᠣᠯᠭᠠᠨ ᠪᠣᠭᠤᠨᠢᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ 24 ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠯᠡᠬᠦ ᠬᠠᠷᠢᠴᠠᠯ ᠢ 97.4% ᠳᠤ ᠬᠦᠷᠦᠭᠦᠯᠪᠡ᠃ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠭᠤᠮᠲᠠ ᠪᠠᠷ ᠥᠩᠭᠡᠷᠡᠬᠦ ᠴᠠᠭ ᠢ ᠪᠠᠭᠠᠰᠬᠠᠨ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠪᠠ᠃ ᠮᠠᠨ ᠤ ᠣᠷᠣᠨ ᠠᠴᠠ ᠡᠬᠢᠯᠡᠨ ᠮᠣᠷᠳᠠᠵᠤ ᠳᠤᠮᠳᠠᠳᠤ ᠧᠦ᠋ᠷᠣᠫᠠ ᠬᠦᠷᠬᠦ ᠵᠢᠰᠢᠶᠠᠨ ᠤ ᠭᠠᠯᠲᠤ ᠲᠡᠷᠭᠡ 15.4% ᠪᠠᠷ ᠨᠡᠮᠡᠭᠳᠡᠵᠦ᠂ ᠪᠤᠴᠠᠬᠤ ᠡᠭᠡᠯᠵᠢ ᠶᠢᠨ ᠪᠠᠷᠠᠭᠠᠨ ᠤ ᠲᠥᠷᠥᠯ ᠵᠦᠢᠯ ᠲᠠᠰᠤᠷᠠᠯᠲᠠ ᠥᠬᠡᠶ ᠨᠡᠮᠡᠭᠳᠡᠪᠡ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠵᠡᠷᠭᠡ ᠨᠢᠭᠡ ᠪᠦᠯᠦᠭ ᠨᠡᠭᠡᠭᠡᠯᠲᠡᠲᠦ ᠲᠠᠪᠴᠠᠩ ᠤᠨ ᠠᠴᠢᠶᠠᠯᠠᠪᠤᠷᠢ ᠶᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠪᠠ᠃ ᠨᠠᠢᠮᠠ ᠳᠤ᠂ ᠠᠷᠠᠳ ᠤᠨ ᠠᠮᠢᠳᠤᠷᠠᠯ ᠬᠦᠴᠦᠨ ᠪᠦᠬᠦᠢ ᠪᠠᠲᠤᠯᠠᠭ᠎ᠠ ᠲᠠᠢ ᠪᠣᠯᠪᠠ᠃ ᠤᠯᠡᠠ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠠᠳᠬᠤᠵᠤ᠂ ᠤᠴᠢᠷ ᠶᠠᠪᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠵᠢᠯ ᠳᠠᠷᠠᠭᠠᠯᠠᠨ ᠬᠢᠪᠡ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠣᠯᠭᠤᠮᠵᠢ ᠶᠢ ᠬᠥᠮᠦᠨ ᠳᠤᠮᠳᠠᠴᠢ ᠪᠠᠷ 147.3 ᠲᠥᠭᠦᠷᠢᠭ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 3.9% ᠪᠠᠷ ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢ ᠬᠥᠮᠥᠨ ᠳᠤᠮᠳᠠᠴᠢ ᠪᠠᠷ 30 ᠲᠥᠭᠦᠷᠢᠭ ᠨᠡᠮᠡᠭᠳᠡᠭᠦᠯᠪᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85.5% ᠳᠤ ᠬᠦᠷᠭᠡᠵᠦ᠂ ᠬᠡᠤᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠶ ᠠᠰᠠᠭᠤᠳᠠᠯ ᠢ ᠠᠩᠬ᠎ᠠ ᠠᠯᠬᠤᠮ ᠨᠠᠮᠳᠠᠭᠤᠯᠪᠠ᠃ ᠡᠮᠴᠢᠯᠡᠭᠡ ᠡᠷᠡᠭᠦᠯ ᠬᠠᠮᠠᠭᠠᠯᠠᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠵᠠᠶ ᠶᠢᠨ ᠡᠮᠴᠢᠯᠡᠭᠡ ᠶᠢᠨ ᠰᠢᠰᠲ᠋ᠧᠮ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠪᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ 2776 ᠲᠥᠷᠥᠯ ᠵᠦᠢᠯ᠂ 133.4 ᠲᠦᠮᠡᠨ ᠭᠡᠷ ᠪᠠᠶᠢᠰᠢᠩ ᠤᠨ ᠠᠰᠠᠭᠤᠳᠠᠯ ᠢ ᠰᠢᠢᠳᠪᠦᠷᠢᠯᠡᠪᠡ᠃ ᠠᠷᠠᠳ ᠤᠨ ᠠᠮᠢᠳᠤᠷᠠᠯ ᠤᠨ ᠡᠲᠡᠭᠡᠷ ᠠᠷᠭ᠎ᠠ ᠬᠡᠮᠵᠢᠶ᠎ᠡ ᠨᠢ ᠣᠯᠠᠨ ᠲᠦᠮᠡᠨ ᠳᠤ ᠬᠤᠪᠢᠷᠠᠯᠲᠠ ᠶᠢ ᠮᠡᠳᠡᠭᠦᠯᠵᠦ᠂ ᠪᠣᠳᠠᠲᠤ ᠠᠰᠢᠭ ᠲᠤᠰᠠ ᠬᠦᠷᠲᠡᠭᠡᠭᠰᠡᠨ ᠪᠠᠶᠢᠨ᠎ᠠ᠃ 2020 ᠣᠨ ᠪᠣᠯ ︽13·5︾ ᠤᠨ ᠲᠥᠯᠥᠪᠵᠢᠭᠦᠯᠭᠡ ᠶᠢᠨ ᠰᠢᠪᠲᠤᠷᠠᠭᠠᠨ ᠤ ᠵᠢᠯ ᠪᠣᠯᠤᠨ᠎ᠠ᠃ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ︽13·5︾ ᠤᠨ ᠲᠥᠯᠥᠪᠵᠢᠭᠦᠯᠭᠡ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠯᠡᠬᠦ ᠴᠢᠨᠠᠷᠲᠠᠢ ᠠᠮᠵᠢᠯᠲᠠ ᠪᠦᠲᠦᠮᠵᠢ ᠤᠯᠪᠠ᠃ ᠡᠨᠡ ᠨᠢ ᠭᠤᠣᠯᠳᠠᠭᠤ ᠲᠠᠪᠤᠨ ᠲᠠᠯ᠎ᠠ ᠪᠠᠷ ᠢᠯᠡᠷᠡᠵᠦ ᠪᠠᠶᠢᠨ᠎ᠠ᠄ ᠨᠢᠭᠡ ᠳᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠬᠥᠮᠦᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 1 ᠲᠦᠮᠡᠨ ᠳ᠋ᠣᠯᠯᠠᠷ ᠢ ᠳᠠᠪᠠᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢ 64.1% ᠳᠤ ᠬᠦᠷᠪᠡ᠃ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠮᠡᠳᠡᠭᠳᠡᠬᠦ᠋ᠢᠴᠡ ᠳᠡᠭᠡᠭᠰᠢᠯᠡᠵᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠪᠠ᠃ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠨᠡᠭᠦᠷᠡᠰᠦ᠂ ᠪᠤᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠦᠭᠡᠶᠢᠰᠬᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ᠂ ᠬᠤᠷᠠᠯ ᠦᠵᠡᠰᠬᠦᠯᠡᠩ ᠤᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠤᠳᠤ ᠦᠶ᠎ᠡ ᠶᠢᠨ ᠮᠥᠩᠭᠦᠨ ᠭᠦᠢᠯᠭᠡᠭᠡ ᠵᠡᠷᠭᠡ ᠲᠦᠷᠭᠡᠪᠴᠢᠯᠡᠨ ᠬᠥᠭᠵᠢᠪᠡ᠃ ᠬᠤᠶᠠᠷ ᠲᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠲᠡᠦᠬᠡᠲᠦ ᠴᠢᠨᠠᠷᠲᠠᠶ ᠠᠮᠵᠢᠯᠲᠠ ᠤᠯᠪᠠ᠃ ᠲᠠᠪᠤᠨ ᠵᠢᠯ ᠤᠨ ᠲᠤᠷᠰᠢ᠂ ᠨᠡᠶᠢᠳᠡ 80.2 ᠲᠦᠮᠡᠨ ᠬᠥᠮᠦᠨ ᠢ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠪᠠᠷ ᠢᠶᠠᠨ ᠶᠠᠳᠠᠭᠤ ᠬᠦᠴᠢᠷᠳᠡᠯᠲᠡᠢ ᠪᠠᠶᠢᠭᠰᠠᠨ ᠠᠰᠠᠭᠤᠳᠠᠯ ᠲᠡᠦᠬᠡᠲᠦ ᠴᠢᠨᠠᠷᠲᠠᠢ ᠰᠢᠢᠳᠪᠦᠷᠢᠯᠡᠯᠲᠡ ᠣᠯᠪᠠ᠃ ᠭᠤᠷᠪᠠ ᠳᠤ᠂ ᠠᠮᠢ ᠠᠬᠤᠶ ᠶᠢᠨ ᠣᠷᠴᠢ᠊ ᠲᠣᠭᠤᠷᠢᠨ ᠤ ᠬᠠᠮᠠᠭᠠᠯᠠᠯᠲᠠ ᠪᠠ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠣᠶ ᠰᠢᠭᠤᠶ ᠶᠢᠨ ᠪᠥᠲᠥᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠪᠥᠲᠥᠭᠡᠨ ᠪᠠᠶᠢᠭᠤᠯᠤᠯᠲᠠ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠭᠰᠠᠨ ᠲᠠᠯᠠᠪᠠᠶ ᠨᠢ ᠴᠥᠮ ᠪᠥᠬᠦ ᠤᠯᠤᠰ ᠤᠨ ᠲᠡᠷᠢᠭᠦᠨ ᠳᠤ ᠣᠷᠣᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠨᠢ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠵᠦ᠂ ᠴᠦᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ︽ᠬᠤᠤᠰ ᠬᠠᠰᠤᠭᠳᠠᠯ︾ ᠢ ᠪᠡᠶᠡᠯᠡᠭᠦᠯᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠷᠭᠤᠭᠤᠯᠤᠨ ᠪᠣᠳᠣᠭᠰᠠᠨ ᠢᠶᠠᠷ᠂ 2019 ᠣᠨ ᠤ ᠪᠥᠬᠦ ᠣᠷᠣᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ︵GEP︶ 4.48 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ GDP ᠶᠢᠨ 2.6 ᠳᠠᠬᠢᠨ ᠪᠠᠶᠢᠵᠤ᠂ 2015 ᠣᠨ ᠤ ᠬᠢ ᠠᠴᠠ 13.75% ᠪᠠᠷ ᠨᠡᠮᠡᠭᠳᠡᠵᠡᠶ᠂ ᠡᠨᠡ ᠨᠢ ᠮᠠᠨ ᠤ ᠣᠷᠣᠨ ᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠣᠭᠰᠠᠨ ᠢ ᠬᠠᠷᠠᠭᠤᠯᠵᠤ ᠪᠠᠶᠢᠨ᠎ᠠ᠃ ᠲᠦᠷᠪᠡ ᠳᠤ᠂ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃ 404 ᠺᠢᠯᠣᠮᠧᠲᠷ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠤᠨ ᠳᠠᠭᠤᠰᠬᠠᠵᠤ᠂ ᠪᠦᠬᠦ ᠤᠯᠤᠰ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠲᠤ ᠵᠠᠯᠭᠠᠨ ᠣᠷᠣᠭᠤᠯᠪᠠ᠃ ᠪᠥᠬᠦ ᠣᠷᠣᠨ ᠤ ᠪᠣᠶ ᠪᠥᠬᠦᠶ ᠬᠤᠰᠢᠭᠤ ᠰᠢᠶᠠᠨ ︵ᠬᠤᠲᠠ ᠲᠣᠭᠤᠷᠢᠭ︶ ᠳᠤ ᠳᠡᠭᠡᠳᠦ ᠵᠡᠷᠭᠡᠯᠡᠯ ᠤᠨ ᠵᠠᠰᠠᠮᠠᠯ ᠵᠠᠮ ᠢ ᠨᠡᠪᠲᠡᠷᠡᠭᠦᠯᠵᠦ᠂ ᠪᠣᠶ ᠪᠥᠬᠦᠶ ᠰᠤᠮᠤ ᠰᠢᠶᠠᠩ ᠪᠠᠯᠭᠠᠰᠤ ᠪᠣᠯᠤᠨ ᠨᠥᠬᠦᠴᠡᠯ ᠲᠠᠢ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠪᠡ᠃ 40 ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠲᠠᠢ ᠪᠣᠯᠵᠤ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠲᠡᠭᠡᠭᠡᠪᠦᠷᠢ ᠶᠢᠨ ᠲᠣᠣᠷ ᠰᠦᠯᠵᠢᠶ᠎ᠡ ᠦᠨᠳᠦᠰᠦᠨ ᠳᠤ ᠪᠠᠨ ᠪᠦᠷᠢᠯᠳᠦᠪᠡ᠃ ᠬᠠᠲᠤᠨ ᠭᠤᠣᠯ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠢᠨᠵᠧᠨᠧᠷᠢᠩ᠂ ᠯᠢᠶᠣᠤᠾᠧ ᠭᠤᠣᠯ᠂ ᠨᠤᠨ ᠮᠥᠷᠡᠨ ᠤ ᠭᠤᠣᠯ ᠤᠷᠤᠰᠬᠠᠯ ᠢ ᠵᠠᠰᠠᠬᠤ ᠢᠨᠵᠧᠨᠧᠷᠢᠩ ᠵᠡᠷᠭᠡ ᠤᠰᠤᠨ ᠠᠰᠢᠭᠯᠠᠯᠲᠠ ᠶᠢᠨ ᠴᠢᠬᠤᠯᠠ ᠶᠡᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ ᠳᠠᠭᠤᠰᠬᠠᠭᠰᠠᠨ ᠪᠥᠭᠡᠳ ᠦᠷ᠎ᠡ ᠠᠰᠢᠭ ᠢ ᠨᠢ ᠪᠠᠳᠠᠷᠠᠭᠤᠯᠪᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ 5 ᠨᠡᠪᠲᠡᠷᠡᠬᠦ ᠵᠠᠮ ᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠭᠠᠷᠭᠠᠬᠤ ᠬᠡᠮᠵᠢᠶ᠎ᠡ ᠪᠠ ᠴᠠᠬᠢᠯᠭᠠᠨ ᠢ ᠭᠠᠳᠠᠭᠰᠢ ᠳᠠᠮᠵᠢᠭᠤᠯᠬᠤ ᠬᠡᠮᠵᠢᠶ᠎ᠡ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ ᠲᠠᠪᠤ ᠳᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠨ᠂ ᠬᠤᠳᠠ ᠪᠠᠯᠭᠠᠰᠤᠨ ᠤ ᠠᠵᠢᠯ ᠣᠯᠭᠤᠯᠲᠠ ᠲᠣᠭᠲᠠᠭᠤᠨ ᠢᠶᠠᠷ ᠨᠡᠮᠡᠭᠳᠡᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠠᠯᠬᠤᠮ ᠠᠯᠬᠤᠮ ᠢᠶᠠᠷ ᠳᠡᠭᠡᠭᠰᠢᠯᠡᠨ᠂ ᠬᠤᠳᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠦᠨᠳᠦᠰᠦᠨ ᠳᠤ ᠪᠠᠨ ᠪᠦᠷᠢᠯᠳᠦᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠲᠠᠰᠤᠷᠠᠯᠳᠠ ᠦᠭᠡᠢ ᠲᠡᠭᠦᠯᠳᠡᠷᠵᠢᠨ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ᠂ ᠪᠡᠶ᠎ᠡ ᠶᠢᠨ ᠲᠠᠮᠢᠷ ᠵᠡᠷᠭᠡ ᠦᠢᠯᠡᠰ ᠰᠢᠨ᠎ᠡ ᠲᠠᠪᠰᠢᠯᠳᠠ ᠲᠠᠢ ᠪᠣᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠶᠡᠭᠡ ᠬᠡᠮᠵᠢᠶ᠎ᠡ ᠪᠠᠷ ᠰᠠᠶᠢᠵᠢᠷᠠᠵᠤ᠂ ᠠᠷᠠᠳ ᠤᠯᠠᠨ ᠤ ᠬᠦᠷᠲᠡᠭᠡᠮᠵᠢᠲᠦ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠤᠯᠠᠮ ᠨᠢᠭᠡ ᠠᠯᠬᠤᠮ ᠨᠡᠮᠡᠭᠳᠡᠪᠡ᠃
ᠬᠥᠲᠥᠯᠥᠭᠴᠢ᠄
ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ ᠪᠢᠳᠡᠨ ᠳᠤ ︽ᠭᠤᠤᠯᠳᠠᠯᠭ᠎ᠠ︾ ᠶᠢ ᠨᠢ ᠶᠠᠷᠢᠭᠠᠳ ᠥᠭᠭᠦᠨ᠎ᠡ ᠦᠦ︖
ᠯᠸᠢ ᠵᠢᠶ ᠫᠧᠩ᠄
2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠪᠠᠰᠠ ᠴᠤ ︽14·5︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠵᠢᠯ ᠮᠥᠨ᠂ ᠰᠠᠶᠢᠲᠤᠷ ᠡᠬᠢᠯᠡᠭᠦᠯᠵᠦ᠂ ᠲᠦᠷᠦᠭᠦᠴᠢ ᠶᠢᠨ ᠠᠯᠬᠤᠮ ᠢᠶᠠᠨ ᠰᠠᠶᠢᠨ ᠠᠯᠬᠤᠬᠤ ᠨᠢ ᠲᠦᠢᠯ ᠤᠨ ᠴᠢᠬᠤᠯᠠ ᠶᠤᠮ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 6% ᠣᠷᠴᠢᠮ ᠢᠶᠠᠷ ᠲᠣᠭᠲᠠᠭᠠᠨ᠂ ᠬᠤᠳᠠ ᠪᠠᠯᠭᠠᠰᠤᠨ ᠤ ᠪᠠᠶᠢᠴᠠᠭᠠᠯᠲᠠ ᠬᠢᠭᠰᠡᠨ ᠠᠵᠢᠯ ᠠᠯᠳᠠᠯᠲᠠ ᠶᠢᠨ ᠨᠤᠷᠮ᠎ᠠ ᠶᠢ 6% ᠣᠷᠴᠢᠮ ᠢᠶᠠᠷ ᠲᠣᠭᠲᠠᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠥᠯᠲᠡ ᠶᠢᠨ ᠬᠡᠮᠵᠢᠶ᠎ᠡ ᠶᠢ 3% ᠣᠷᠴᠢᠮ ᠢᠶᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠨᠧᠷᠭᠢ ᠶᠢᠨ ᠬᠤᠷᠣᠭᠳᠠᠯ ᠢ 3% ᠪᠠᠷ ᠪᠠᠭᠤᠷᠠᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠠᠮᠤ ᠪᠤᠳᠠᠭᠠᠨ ᠤ ᠤᠨᠠᠯᠲᠠ ᠶᠢ 700 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠲᠡᠭᠡᠷ ᠬᠠᠷᠠᠯᠲᠠ ᠶᠢ ᠲᠣᠭᠲᠠᠭᠠᠬᠤ ᠳᠤ ᠪᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠭᠦᠢᠴᠡᠳ ᠲᠤᠭᠤᠰᠢᠯᠠᠭᠤᠯᠵᠤ᠂ ᠴᠢᠨᠠᠷᠯᠢᠭ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠦᠭᠰᠡᠨ ᠤ ᠬᠠᠮᠲᠤ ︽14·5︾ ᠤᠨ ᠲᠥᠯᠥᠪᠵᠢᠭᠦᠯᠭᠡ ᠲᠠᠢ ᠵᠣᠯᠭᠠᠭᠤᠯᠵᠤ᠂ ᠬᠡᠷᠡᠭᠴᠡᠭᠡ ᠪᠠ ᠪᠣᠯᠤᠯᠴᠠᠭ᠎ᠠ ᠶᠢ ᠬᠠᠮᠲᠤ ᠳᠤ ᠨᠢ ᠬᠠᠷᠠᠭᠠᠯᠵᠠᠵᠤ᠂ ᠢᠳᠡᠪᠬᠢᠲᠡᠶ ᠪᠥᠭᠡᠳ ᠯᠠᠪᠳᠠᠭᠤᠨ ᠪᠠᠲᠤᠲᠠᠶ ᠪᠠᠶᠢᠳᠠᠭ᠃ 6% ᠣᠷᠴᠢᠮ ᠤᠨ ᠠᠵᠤ ᠠᠬᠤᠶ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠨᠢᠳᠤᠨᠤᠨ ᠤ ᠰᠠᠭᠤᠷᠢ ᠲᠤᠭ᠎ᠠ ᠨᠡᠯᠢᠶᠡᠳ ᠳᠣᠣᠷ᠎ᠠ ᠪᠠᠶᠢᠬᠤ ᠶᠢ ᠪᠣᠳᠣᠯᠬᠢᠯᠠᠵᠤ᠂ ᠡᠨᠡ ᠵᠢᠯ ᠪᠢᠳᠡ ᠠᠵᠤ ᠠᠬᠤᠶ ᠶᠢᠨ ᠰᠡᠷᠭᠦᠯᠲᠡ ᠶᠢᠨ ᠴᠢᠨᠠᠷᠲᠠᠶ ᠨᠡᠮᠡᠭᠳᠡᠯ ᠤᠨ ᠬᠠᠨᠳᠤᠰᠢ ᠶᠢ ᠦᠷᠭᠦᠯᠵᠢᠯᠡᠨ ᠪᠠᠬᠢᠵᠢᠭᠦᠯᠵᠦ᠂ 6% ᠶᠢᠨ ᠨᠡᠮᠡᠭᠳᠡᠯ ᠤᠨ ᠬᠤᠷᠳᠤᠴᠠ ᠳᠤ ᠨᠡᠯᠢᠶᠡᠳ ᠰᠠᠶᠢᠨ ᠲᠤᠯᠭᠠᠭᠤᠷᠢᠯᠠᠬᠤ ᠨᠥᠬᠦᠴᠡᠯ ᠲᠠᠢ ᠪᠣᠯᠭᠠᠨ᠎ᠠ᠃ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠭᠤᠣᠯᠳᠠᠭᠤ ᠶᠢᠰᠦᠨ ᠵᠦᠢᠯ ᠤᠨ ᠠᠵᠢᠯ ᠢ ᠪᠠᠶᠢᠷᠢᠯᠠᠭᠤᠯᠵᠠᠶ᠄ ᠨᠢᠭᠡᠳᠦᠭᠡᠷ ᠭᠤᠣᠯᠳᠠᠯᠭ᠎ᠠ ᠲᠠᠢ ᠠᠵᠢᠯ ᠪᠣᠯ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠠᠬᠢᠭᠤᠯᠬᠤ ᠶᠠᠪᠤᠳᠠᠯ ᠪᠣᠯᠤᠨ᠎ᠠ᠃ ᠣᠳᠣᠬᠠᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠨᠠᠵᠠᠭᠠᠶ ᠨᠥᠯᠥᠭᠡ ᠮᠥᠨ ᠴᠦ ᠪᠦᠷᠢᠮᠦᠰᠦᠨ ᠠᠷᠢᠯᠭᠠᠭᠠᠳᠤᠶ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠡᠯ᠎ᠡ ᠵᠦᠢᠯ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠪᠣᠳᠠᠲᠤ ᠴᠣᠭᠴᠠᠲᠤ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠪᠠ ᠪᠦᠲᠦᠮᠵᠢᠲᠡᠶ ᠪᠠᠯᠠ ᠲᠣᠬᠢᠷᠠᠭᠤᠯᠤᠯᠲᠠ ᠶᠢ ᠢᠳᠡᠪᠬᠢᠲᠡᠶ ᠥᠷᠭᠡᠳᠬᠡᠨ᠂ ᠣᠯᠠᠨ ᠳᠠᠪᠬᠤᠷ ᠳᠠᠶᠢᠴᠢᠯᠠᠯᠲᠠ ᠶᠢ ᠪᠣᠶ ᠪᠣᠯᠭᠠᠨ᠎ᠠ᠃ ᠵᠢᠱᠢᠶᠡᠯᠡᠪᠡᠯ᠂ ᠬᠡᠷᠡᠭᠯᠡᠭᠡ ᠶᠢ ᠥᠷᠭᠡᠳᠬᠡᠬᠦ ᠶᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠪᠣᠳᠠᠲᠤ ᠴᠣᠭᠴᠠᠲᠤ ᠬᠤᠳᠠᠯᠳᠤᠭᠠᠨ ᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠮᠡᠳᠡᠭᠡ ᠵᠠᠩᠭᠢ ᠶᠢᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ ᠶᠢ ᠪᠤᠶᠢᠵᠢᠭᠤᠯᠵᠤ᠂ ᠤᠯᠠᠨ ᠨᠡᠶᠢᠲᠡ ᠶᠢᠨ ᠬᠡᠷᠡᠭᠯᠡᠭᠡ ᠶᠢ ᠵᠦᠢ ᠵᠣᠬᠢᠰᠲᠠᠶ ᠪᠠᠷ ᠨᠡᠮᠡᠭᠳᠡᠭᠦᠯᠦᠨ᠎ᠡ᠃ ᠡᠭᠦᠨ ᠤ ᠬᠠᠮᠲᠤ᠂ ᠵᠠᠮ ᠬᠠᠷᠢᠯᠴᠠᠭ᠎ᠠ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ 5G ᠰᠠᠭᠤᠷᠢ ᠥᠷᠲᠡᠭᠡ᠂ ᠴᠠᠬᠢᠯᠭᠠᠨ ᠴᠡᠨᠡᠭᠯᠡᠬᠦ ᠪᠠᠭᠠᠨ᠎ᠠ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠰᠢᠨ᠎ᠡ ᠪᠠᠷ ᠪᠣᠶ ᠪᠣᠯᠤᠭᠰᠠᠨ ᠰᠠᠭᠤᠷᠢ ᠲᠥᠬᠦᠭᠡᠷᠦᠮᠵᠢ ᠶᠢ ᠰᠢᠰᠲ᠋ᠧᠮ ᠲᠠᠢ ᠪᠠᠶᠢᠷᠢᠰᠢᠭᠤᠯᠵᠤ᠂ ᠬᠤᠲᠠ ᠶᠢ ᠰᠢᠨᠡᠳᠬᠡᠬᠦ ᠠᠵᠢᠯᠯᠠᠭ᠎ᠠ ᠵᠡᠷᠭᠡ ᠶᠢ ᠬᠡᠷᠡᠭᠵᠢᠭᠦᠯᠦᠨ᠎ᠡ᠃ ᠬᠤᠶᠠᠳᠤᠭᠠᠷ ᠭᠤᠤᠯᠳᠠᠯᠭ᠎ᠠ ᠲᠠᠢ ᠠᠵᠢᠯ ᠪᠣᠯ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠰᠢ ᠶᠢᠨ ᠫᠢᠩ ᠶᠡᠷᠦᠩᠬᠡᠶ ᠱᠦᠵᠢ ᠴᠢᠬᠤᠯᠠᠴᠢᠯᠠᠬᠤ ᠳᠤ ᠪᠠᠨ᠂ ᠬᠡᠳᠦᠢ ᠬᠥᠭᠵᠢᠯᠲᠡ ᠪᠠᠷ ᠠᠨᠠᠶ ᠭᠠᠵᠠᠷ ᠣᠷᠣᠨ ᠨᠢ ᠲᠡᠳᠦᠢ ᠢᠯᠡᠭᠦᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠨᠢ ᠴᠢᠬᠤᠯᠠᠲᠠᠢ ᠶᠤᠮ ᠭᠡᠵᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠨᠢᠮᠭᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠥᠬᠡᠶ ᠪᠠᠶᠢᠭ᠎ᠠ ᠣᠳᠣᠬᠢ ᠪᠠᠶᠢᠳᠠᠯ ᠳᠤ ᠴᠢᠭᠯᠡᠭᠦᠯᠦᠨ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠢᠯᠡᠳᠬᠡᠯ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠶᠡᠭᠡ ᠬᠡᠪᠴᠢᠶᠡᠨ ᠤ ᠡᠨᠧᠷᠭᠢ ᠬᠠᠳᠠᠭᠠᠯᠠᠭᠳᠠᠴᠠ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠤᠯᠤᠰ ᠤᠨ ᠲᠡᠰ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠢᠨᠵᠧᠨᠧᠷᠢᠩ ᠤᠨ ᠰᠤᠳᠤᠯᠭᠠᠨ ᠤ ᠲᠥᠪ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠪᠠ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠡᠭᠦᠳᠦᠨ ᠪᠠᠶᠢᠭᠤᠯᠤᠨ᠎ᠠ ᠭᠡᠵᠦ ᠳᠤᠷᠠᠳᠴᠠᠢ᠃ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠣᠷᠣᠭᠤᠯᠤᠯᠲᠠ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠭᠤᠣᠯ ᠬᠦᠴᠦᠨ ᠮᠥᠨ᠃ ᠪᠢᠳᠡ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠢ ᠠᠵᠤ ᠠᠬᠤᠶᠢᠯᠠᠯ ᠵᠦᠭ ᠲᠥᠪᠯᠡᠷᠡᠭᠦᠯᠬᠦ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠮᠳᠠ ᠳᠤᠤᠷᠠᠳᠤ ᠬᠡᠰᠡᠭ᠂ ᠲᠤᠮᠤ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠲᠦᠷᠭᠡᠳᠬᠡᠨ᠎ᠡ᠃ ᠭᠤᠷᠪᠠᠳᠤᠭᠠᠷ ᠭᠤᠣᠯᠳᠠᠯᠭ᠎ᠠ ᠲᠠᠢ ᠠᠵᠢᠯ ᠪᠣᠯ ᠠᠵᠤ ᠦᠢᠯᠡᠰ ᠤᠨ ᠬᠡᠯᠬᠢᠶ᠎ᠡ ᠪᠠ ᠦᠷᠳᠡᠭ ᠤᠨ ᠬᠡᠯᠬᠢᠶ᠎ᠡ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠤᠨ ᠪᠠᠶᠢᠴᠠᠭᠠᠯᠲᠠ ᠬᠢᠬᠦ ᠳᠤ ᠪᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠲᠡᠶᠢᠰᠢ ᠪᠠᠨ ᠲᠡᠯᠡᠵᠦ᠂ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠪᠠᠨ ᠳᠡᠭᠡᠭᠰᠢᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠨᠡ ᠵᠢᠯ᠂ ᠪᠢᠳᠡ ᠤᠯᠠᠮᠵᠢᠯᠠᠯᠲᠤ ᠠᠵᠤ ᠦᠢᠯᠡᠰ ᠢ ᠳᠡᠭᠡᠳᠦ ᠲᠠᠰ᠂ ᠤᠶᠤᠨᠴᠢᠯᠠᠯᠲᠠ᠂ ᠪᠣᠬᠢᠷᠲᠤᠯ ᠥᠬᠡᠶ ᠪᠣᠯᠭᠠᠨ ᠥᠭᠡᠷᠡᠴᠢᠯᠡᠨ ᠲᠠᠰ ᠳᠡᠪᠰᠢᠭᠦᠯᠬᠦ ᠶᠢ ᠲᠦᠷᠭᠡᠳᠬᠡᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠵᠢᠱᠢᠶᠡᠯᠡᠪᠡᠯ᠂ ᠤᠳᠤ ᠦᠶ᠎ᠡ ᠶᠢᠨ ᠡᠨᠧᠷᠭᠢ ᠶᠢᠨ ᠰᠤᠷᠪᠤᠯᠵᠢ ᠶᠢᠨ ᠠᠵᠤ ᠠᠬᠤᠶ ᠶᠢᠨ ᠲᠠᠯ᠎ᠠ ᠪᠠᠷ᠂ ᠨᠡᠭᠦᠷᠡᠰᠦ ᠶᠢ ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ ᠮᠠᠯᠲᠠᠬᠤ ᠪᠠ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠬᠦᠴᠦᠯᠡᠨ ᠠᠬᠢᠭᠤᠯᠵᠤ᠂ ︽ᠴᠠᠬᠢᠯᠭᠠᠨ ᠴᠤᠷᠪᠤᠯᠵᠢ᠂ ᠴᠠᠬᠢᠯᠭᠠᠨ ᠲᠣᠣᠷ᠂ ᠴᠠᠬᠢᠯᠭᠠᠨ ᠳᠠᠭᠠᠭᠠᠴᠠ᠂ ᠴᠠᠬᠢᠯᠭᠠᠨ ᠬᠠᠳᠠᠭᠠᠭᠯᠠᠭᠳᠠᠴᠠ︾᠂ ︽ᠭᠠᠯ ᠰᠠᠯᠬᠢ ᠭᠡᠷᠡᠯ ᠢ ᠨᠥᠭᠡᠴᠡᠯᠡᠬᠦ︾ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠠᠵᠤ ᠠᠬᠤᠶ ᠶᠢ ᠬᠥᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠢ ᠶᠢᠨ ᠲᠠᠯ᠎ᠠ ᠪᠠᠷ᠂ ᠪᠢᠳᠠ ᠲᠣᠭᠠᠴᠢᠯᠠᠭᠰᠠᠨ ᠠᠵᠤ ᠠᠬᠤᠢ ᠪᠣᠯᠤᠨ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠮᠠᠨ ᠤ ᠣᠷᠣᠨ ᠤ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠦᠬᠦ ᠤᠯᠤᠰ ᠲᠤ ᠲᠡᠷᠢᠭᠦᠯᠡᠵᠦ ᠪᠠᠶᠢᠭ᠎ᠠ ᠪᠣᠯᠪᠠᠴᠤ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠬᠠᠷᠢᠴᠠᠩᠭᠤᠢ ᠪᠠᠷ ᠬᠤᠴᠣᠷᠤᠩᠭᠤᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠡᠭᠦᠨ ᠤ ᠵᠡᠷᠭᠡᠴᠡᠭᠡ ᠪᠠᠷ᠂ ᠪᠢᠳᠠ ᠪᠦᠬᠦ ᠠᠵᠤ ᠦᠢᠯᠡᠰ ᠤᠨ ᠬᠡᠯᠬᠢᠶ᠎ᠡ ᠪᠠᠷ ᠬᠤᠪᠣᠷ ᠰᠢᠷᠣᠢ ᠶᠢᠨ ᠠᠵᠤ ᠦᠢᠯᠡᠰ ᠢ ᠳᠡᠮᠵᠢᠨ ᠪᠣᠰᠬᠠᠵᠤ᠂ ᠳᠡᠭᠡᠳᠦ ᠵᠡᠷᠭᠡᠯᠡᠯ ᠤᠨ ᠲᠡᠮᠦᠷᠯᠢᠭ᠂ ᠪᠠᠯ ᠴᠢᠯᠠᠭᠤᠨ ᠠᠯᠺᠧᠨ᠂ ᠳᠡᠭᠡᠳᠦ ᠴᠢᠳᠠᠪᠬᠢᠳᠦ ᠰᠢᠷᠬᠡᠭᠯᠢᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠰᠢᠯᠭᠠᠨ ᠪᠠᠶᠢᠴᠠᠭᠠᠵᠤ ᠭᠡᠷᠡᠴᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠡᠷᠭᠡ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠳᠥᠷᠪᠡᠳᠦᠭᠡᠷ ᠭᠤᠣᠯᠳᠠᠯᠭ᠎ᠠ ᠲᠠᠢ ᠠᠵᠢᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠳᠠᠯ ᠪᠣᠯᠤᠨ᠎ᠠ᠃ ᠮᠠᠨ ᠤ ᠣᠷᠣᠨ ᠪᠣᠯ ᠪᠥᠬᠦ ᠤᠯᠤᠰ ᠤᠨ ᠠᠮᠤ ᠪᠤᠳᠠᠭᠠᠨ ᠤ ᠭᠤᠤᠯ ᠭᠠᠷᠤᠯᠲᠠ ᠶᠢᠨ 13 ᠮᠤᠵᠢ ᠣᠷᠣᠨ ᠪᠠ ᠠᠮᠤ ᠪᠤᠳᠠᠭ᠎ᠠ ᠶᠢ ᠭᠠᠳᠠᠭᠰᠢ ᠭᠠᠷᠭᠠᠬᠤ 6 ᠮᠤᠵᠢ ᠣᠷᠣᠨ ᠤ ᠨᠢᠭᠡ ᠪᠣᠯᠤᠨ᠎ᠠ᠃ 2018 ᠣᠨ ᠠᠴᠠ ᠡᠬᠢᠯᠡᠨ᠂ ᠠᠮᠤ ᠪᠤᠳᠠᠭᠠᠨ ᠤ ᠵᠢᠯ ᠤᠨ ᠤᠨᠠᠯᠲᠠ 700 ᠳ᠋ᠦᠩᠰᠢᠭᠤᠷ ᠵᠢᠩ ᠢ ᠳᠠᠪᠠᠵᠤ᠂ ᠵᠢᠯ ᠪᠦᠷᠢ ᠪᠠᠷᠤᠭ 450 ᠳ᠋ᠦᠩᠰᠢᠭᠤᠷ ᠵᠢᠩ ᠠᠮᠤ ᠪᠤᠳᠠᠭ᠎ᠠ ᠵᠢᠴᠢ ᠪᠦᠲᠦᠭᠡᠭᠳᠡᠬᠦᠨ ᠢ ᠣᠷᠣᠨ ᠤ ᠭᠠᠳᠠᠨ᠎ᠠ ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠪᠡ᠃ ᠡᠨᠡ ᠵᠢᠯ ᠮᠠᠨ ᠤ ᠣᠷᠣᠨ 459 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠦᠷᠭᠦᠯᠵᠢᠯᠡᠨ ᠰᠢᠨ᠎ᠡ ᠪᠠᠷ ᠪᠠᠶᠢᠭᠤᠯᠵᠤ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠪᠠ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ ᠶᠢ ᠥᠷᠨᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ︾ ᠪᠣᠯᠭᠠᠬᠤ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ︾ ᠪᠣᠯᠭᠠᠬᠤ ᠶᠢ ᠰᠡᠷᠭᠡᠶᠢᠯᠡᠨ᠎ᠡ᠃ ᠰᠦ ᠰᠠᠭᠠᠯᠢ ᠶᠢᠨ ᠦᠢᠯᠡᠰ ᠪᠣᠯ ᠥᠪᠥᠷ ᠮᠣᠩᠭᠤᠯ ᠤᠨ ᠳᠠᠪᠠᠭᠤᠯᠢᠭ ᠠᠵᠤ ᠦᠢᠯᠡᠰ ᠮᠥᠨ᠂ ᠰᠠᠭᠠᠯᠢ ᠶᠢᠨ ᠦᠨᠢᠶ᠎ᠡ ᠶᠢᠨ ᠲᠤᠭ᠎ᠠ ᠬᠡᠮᠵᠢᠶ᠎ᠡ᠂ ᠲᠦᠭᠦᠬᠡᠶ ᠰᠦ ᠶᠢᠨ ᠭᠠᠷᠤᠯᠲᠠ ᠪᠠ ᠴᠠᠭᠠᠨ ᠢᠳᠡᠭᠡᠨ ᠤ ᠭᠠᠷᠤᠯᠲᠠ ᠨᠢ ᠴᠥᠮ ᠪᠥᠬᠦ ᠤᠯᠤᠰ ᠲᠤ ᠲᠡᠷᠢᠭᠦᠯᠡᠵᠦ ᠪᠠᠶᠢᠨ᠎ᠠ᠃ ᠮᠠᠨ ᠤ ᠣᠷᠣᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶ ᠠᠬᠢᠭᠤᠯᠵᠤ᠂ ᠬᠤᠯᠢᠮᠠᠭ ᠥᠮᠴᠢᠯᠡᠯ ᠤᠨ ᠲᠦᠷᠢᠮ ᠤᠨ ᠬᠡᠯᠪᠡᠷᠢ ᠪᠠᠷ ᠰᠦ ᠶᠢᠨ ᠢᠷᠡᠯᠲᠡ ᠶᠢᠨ ᠰᠠᠭᠤᠷᠢᠨ ᠭᠠᠵᠠᠷ ᠪᠠ ᠮᠠᠯᠵᠢᠯ ᠤᠨ ᠲᠠᠯᠠᠪᠠᠶ ᠪᠠᠶᠢᠭᠤᠯᠬᠤ ᠶᠢ ᠵᠣᠷᠢᠭᠵᠢᠭᠤᠯᠤᠨ᠂ ᠤᠯᠠᠮᠵᠢᠯᠠᠯᠲᠤ ᠴᠠᠭᠠᠨ ᠢᠳᠡᠭᠡᠨ ᠤ ᠠᠵᠤ ᠦᠶᠢᠯᠡᠰᠵᠢᠭᠰᠡᠨ᠂ ᠨᠠᠷᠠᠲᠤ ᠲᠥᠷᠥᠯ ᠲᠡᠮᠳᠡᠭᠵᠢᠭᠰᠡᠨ ᠬᠥᠭᠵᠢᠯᠲᠡ ᠶᠢ ᠳᠡᠮᠵᠢᠨ᠎ᠡ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠥᠬᠦ ᠶᠠᠪᠤᠴᠠ ᠶᠢᠨ ᠮᠠᠰᠢᠨᠴᠢᠯᠠᠯᠲᠠ ᠶᠢ ᠠᠬᠢᠭᠤᠯᠤᠨ᠂ ᠡᠭᠦᠯᠳᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠡᠭᠦᠯᠳᠡᠷ ᠪᠤᠶᠢᠵᠢᠭᠤᠯᠬᠤ ᠶᠢᠨ ᠰᠢᠨ᠎ᠡ ᠡᠭᠦᠳᠦᠯᠲᠡ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠪᠢᠳᠡ ᠲᠠᠷᠢᠶᠠᠯᠠᠩ ᠮᠠᠯ ᠠᠵᠤ ᠠᠬᠤᠶ ᠪᠠ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠯᠤᠭ᠎ᠠ ᠪᠦᠲᠦᠮᠵᠢᠲᠡᠶ ᠵᠣᠯᠭᠠᠭᠤᠯᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠴᠡᠭ ᠢ ᠦᠷᠭᠦᠯᠵᠢᠯᠡᠨ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃ ᠲᠠᠪᠤᠳᠤᠭᠠᠷ ᠭᠤᠣᠯᠳᠠᠯᠭ᠎ᠠ ᠲᠠᠢ ᠠᠵᠢᠯ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠶᠠᠪᠤᠳᠠᠯ ᠪᠣᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠥᠪᠡᠷ ᠢᠶᠠᠨ ᠲᠥᠯᠥᠪᠵᠢᠭᠦᠯᠵᠦ ᠥᠪᠡᠷ ᠢᠶᠠᠨ ᠪᠠᠶᠢᠷᠢᠯᠠᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠣᠯᠤᠨ᠎ᠠ᠃ ᠮᠠᠨ ᠤ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠪᠥᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠡᠷᠬᠡᠪᠰᠢ ᠰᠠᠶᠢᠲᠤᠷ ᠡᠭᠦᠷᠭᠡᠯᠡᠬᠦ ᠬᠡᠷᠡᠭᠲᠡᠶ ᠤᠯᠤᠰ ᠲᠥᠷᠥ ᠶᠢᠨ ᠬᠠᠷᠢᠭᠤᠴᠠᠯᠭ᠎ᠠ ᠪᠣᠯᠬᠤ ᠪᠠᠷ ᠪᠠᠷᠠᠬᠤ ᠥᠬᠡᠶ᠂ ᠴᠢᠨᠠᠷᠯᠢᠭ ᠬᠥᠭᠵᠢᠯᠲᠡ ᠶᠢ ᠳᠥᠯᠭᠢᠨ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠮᠥᠨ᠃ ᠡᠶᠢᠮᠦ ᠠᠴᠠ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠲᠠᠯ᠎ᠠ ᠶᠢᠨ ᠠᠭᠤᠯᠭ᠎ᠠ ᠶᠢ ᠠᠰ ᠲᠤ ᠨᠢ ᠨᠢᠭᠡ ᠬᠡᠰᠡᠭ ᠲᠤ ᠵᠢᠭᠰᠠᠭᠠᠵᠤ ᠪᠠᠶᠢᠷᠢᠯᠠᠭᠤᠯᠪᠠ᠃ ᠮᠠᠨ ᠤ ᠣᠷᠣᠨ ᠬᠠᠲᠤᠨ ᠭᠤᠤᠯ ᠤᠨ ᠳᠡᠭᠡᠳᠦ ᠳᠣᠤᠷᠠᠳᠤ ᠤᠷᠤᠰᠬᠠᠯ᠂ ᠭᠤᠤᠯ ᠰᠠᠯᠪᠤᠷᠢ ᠤᠷᠤᠰᠬᠠᠯ᠂ ᠵᠡᠭᠦᠨ ᠪᠠᠷᠠᠭᠤᠨ ᠡᠷᠭᠢ ᠶᠢ ᠵᠣᠬᠢᠴᠠᠭᠤᠯᠤᠨ ᠵᠠᠰᠠᠬᠤ ᠶᠢ ᠴᠢᠩᠭᠠᠳᠬᠠᠵᠤ᠂ ᠭᠤᠤᠯ ᠤᠨ ᠵᠠᠮ ᠪᠠ ᠡᠷᠭᠢ ᠶᠢᠨ ᠱᠤᠭᠤᠮ ᠢ ︽ᠳᠤᠷ᠎ᠠ ᠪᠠᠷ ᠡᠵᠡᠯᠡᠬᠦ︾ ︽ᠳᠤᠷ᠎ᠠ ᠪᠠᠷ ᠪᠠᠶᠢᠭᠤᠯᠬᠤ︾ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠬᠥᠷᠥᠰᠥ ᠰᠢᠷᠣᠶ ᠶᠢᠨ ᠤᠷᠤᠰᠬᠠᠭᠳᠠᠯ ᠢ ᠶᠡᠷᠦᠩᠬᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠬᠠᠲᠤᠨ ᠭᠤᠤᠯ ᠳᠠᠭᠠᠤ ᠭᠠᠵᠠᠷ ᠣᠷᠣᠨ ᠤ ᠣᠷᠴᠢᠨ ᠲᠣᠭᠤᠷᠢᠨ ᠤ ᠪᠣᠬᠢᠷᠲᠤᠯ ᠢ ᠰᠢᠰᠲ᠋ᠧᠮ ᠲᠠᠢ ᠵᠠᠰᠠᠬᠤ ᠪᠠ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠤᠨ᠎ᠠ᠃ ᠮᠠᠨ ᠤ ᠣᠷᠣᠨ ᠤ ᠬᠠᠲᠤᠨ ᠭᠤᠤᠯ ᠳᠠᠭᠠᠤ ᠭᠠᠵᠠᠷ ᠣᠷᠣᠨ ᠤ ᠤᠰᠤᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠲᠣᠪᠤᠶᠢᠮ᠎ᠠ ᠪᠠᠶᠢᠵᠤ᠂ ᠠᠵᠤ ᠠᠬᠤᠶ ᠶᠢ ᠬᠥᠭᠵᠢᠭᠦᠯᠬᠦ ᠳᠤ ᠡᠷᠬᠡᠪᠰᠢ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠡᠨᠡ ᠬᠦ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠤᠰᠤ ᠶᠢ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠡᠷᠡᠭᠯᠡᠬᠦ ᠠᠷᠭ᠎ᠠ ᠮᠠᠶ᠋ᠢᠭ ᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠤᠷ᠎ᠠ ᠪᠠᠶᠢᠭᠰᠠᠨ ᠠᠴᠠ ᠠᠷᠪᠢᠯᠠᠨ ᠡᠷᠴᠢᠮᠵᠢᠭᠦᠯᠬᠦ ᠲᠡᠶᠢᠰᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠨᠡᠭᠦᠷᠡᠰᠦᠨ ᠤ ᠪᠤᠰᠤ ᠠᠵᠤ ᠦᠢᠯᠡᠰ᠂ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠬᠦᠴᠦᠯᠡᠨ ᠪᠤᠶᠢᠵᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠭᠤᠣᠯᠯᠠᠬᠤ ᠬᠤᠳᠠ ᠪᠠ ᠬᠤᠳᠠ ᠶᠢᠨ ᠰᠥᠷᠥᠭᠵᠢᠯ ᠤᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠡᠭᠦᠨ ᠤ ᠬᠠᠮᠲᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠬᠤ ᠪᠠ ᠪᠠᠳᠠᠷᠠᠭᠤᠯᠬᠤ ᠴᠢᠬᠤᠯᠠ ᠶᠡᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ︽ᠬᠠᠲᠤᠨ ᠭᠤᠤᠯ ᠤᠨ ᠥᠯᠢᠭᠡᠷ︾ ᠢ ᠰᠠᠶᠢᠲᠤᠷ ᠶᠠᠷᠢᠵᠤ᠂ ᠰᠣᠶᠣᠯ ᠤᠨ ᠡᠬᠢ ᠪᠠᠶᠠᠯᠢᠭ ᠪᠠ ᠪᠠᠶᠢᠭᠠᠯᠢ ᠶᠢᠨ ᠡᠬᠢ ᠪᠠᠶᠠᠯᠢᠭ ᠤᠨ ᠣᠷᠭᠠᠨᠢᠭ ᠠᠭᠤᠰᠤᠯᠴᠠᠯ ᠢ ᠠᠬᠢᠭᠤᠯᠤᠨ᠂ ᠣᠯᠠᠨ ᠤᠯᠤᠰ ᠲᠤ ᠨᠥᠯᠥᠭᠡᠯᠡᠬᠦ ᠬᠦᠴᠦᠨ ᠪᠥᠬᠦᠶ ᠬᠠᠲᠤᠨ ᠭᠤᠤᠯ ᠤᠨ ︽几︾ ᠥᠰᠥᠭ ᠤᠨ ᠮᠣᠷᠣᠶᠢᠯᠲᠠ ᠶᠢᠨ ᠰᠣᠶᠣᠯ ᠤᠨ ᠵᠢᠭᠤᠯᠴᠢᠯᠠᠯ ᠤᠨ ᠪᠦᠰᠡ ᠶᠢ ᠪᠣᠶ ᠪᠣᠯᠭᠠᠨ᠎ᠠ᠃ ᠵᠢᠷᠭᠤᠳᠤᠭᠠᠷ ᠭᠤᠣᠯᠳᠠᠯᠭ᠎ᠠ ᠲᠠᠢ ᠠᠵᠢᠯ ᠪᠣᠯ ᠥᠭᠡᠷᠡᠴᠢᠯᠡᠯᠲᠡ ᠨᠡᠭᠡᠭᠡᠯᠳᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠬᠤ ᠶᠠᠪᠤᠳᠠᠯ ᠪᠣᠯᠤᠨ᠎ᠠ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠷᠭᠦᠯᠵᠢᠯᠡᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ ᠥᠭᠡᠷᠡᠴᠢᠯᠡᠯᠲᠡ ᠬᠢᠬᠦ ᠲᠠᠯ᠎ᠠ ᠪᠠᠷ᠂ ᠭᠤᠣᠯᠳᠠᠭᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠤᠳᠠᠭᠠᠰᠢᠷᠠᠭᠤᠯᠬᠤ ᠠᠴᠠ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠶ ᠶᠢ ᠪᠦᠲᠦᠮᠵᠢᠲᠡᠶ ᠳᠡᠮᠵᠢᠬᠦ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠰᠲ᠋ᠧᠮᠲᠦᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠭᠡᠭᠡᠯᠳᠡ ᠬᠢᠬᠦ ᠲᠠᠯ᠎ᠠ ᠪᠠᠷ᠂ ᠪᠦᠬᠦ ᠲᠠᠯ᠎ᠠ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠨᠡᠪᠲᠡᠷᠡᠬᠦ ᠵᠠᠮ ᠤᠨ ᠠᠵᠤ ᠠᠬᠤᠢ ᠶᠢ ᠪᠣᠳᠠᠲᠠᠶᠢᠵᠢᠭᠰᠠᠨ ᠠᠵᠤ ᠠᠬᠤᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠮᠠᠨᠵᠤᠤᠷ ᠵᠡᠷᠭᠡ ᠤᠯᠤᠰ ᠤᠨ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠬᠦᠴᠦᠯᠡᠨ ᠠᠬᠢᠭᠤᠯᠵᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠳᠣᠯᠣᠳᠤᠭᠠᠷ ᠭᠤᠣᠯᠳᠠᠯᠭ᠎ᠠ ᠲᠠᠢ ᠠᠵᠢᠯ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠠᠪᠤᠳᠠᠯ ᠪᠣᠯᠤᠨ᠎ᠠ᠃ ︽13 · 5︾ ᠤᠨ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠪᠠᠶᠢᠳᠠᠯ ᠢᠯᠡᠷᠡᠪᠡ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠪᠠᠷ ᠪᠣᠢ᠃ ᠡᠭᠦᠨ ᠳᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠤᠢ ᠰᠢᠭᠤᠢ ᠶᠢᠨ ᠳᠠᠷᠤᠭ᠎ᠠ ᠨᠤᠲᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠠᠬᠢᠭᠤᠯᠬᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠵᠡᠷᠭᠡ ᠪᠠᠭᠲᠠᠨ᠎ᠠ᠃ ᠪᠠᠰᠠ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠨᠠᠷᠢᠯᠢᠭᠵᠢᠭᠤᠯᠤᠭᠰᠠᠨ ᠵᠥᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠦᠬᠡ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠠᠴᠠ ᠳᠣᠷᠣᠭᠰᠢᠯᠠᠭᠤᠯᠬᠤ ᠬᠠᠷᠠᠯᠲᠠ ᠪᠣᠯᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠯᠥ ᠭᠠᠳᠠᠭᠰᠢᠯᠠᠭᠤᠯᠬᠤ ᠬᠦᠰᠡᠯ ᠪᠣᠳᠣᠯ ᠪᠣᠯ ᠮᠠᠨ ᠤ ᠤᠯᠤᠰ ᠤᠨ ᠳᠡᠯᠡᠬᠡᠢ ᠨᠡᠶᠢᠭᠡᠮ ᠳᠤ ᠬᠢᠭᠰᠡᠨ ᠲᠥᠪ ᠴᠢᠩᠭ᠎ᠠ ᠠᠮᠠᠯᠠᠯᠲᠠ ᠪᠣᠯᠤᠨ᠎ᠠ᠃ ᠮᠠᠨ ᠤ ᠣᠷᠣᠨ ᠤ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠡᠭᠦᠷᠭᠡ ᠬᠠᠲᠠᠭᠤ ᠪᠡᠷᠬᠡ ᠪᠠᠶᠢᠨ᠎ᠠ᠂ ᠡᠨᠡ ᠵᠢᠯ ᠡᠨᠧᠷᠭᠢ ᠶᠢ ᠠᠷᠪᠢᠯᠠᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠪᠠᠭᠠᠰᠬᠠᠬᠤ ᠶᠢ ᠵᠣᠬᠢᠴᠠᠭᠤᠯᠤᠨ ᠠᠬᠢᠭᠤᠯᠵᠤ᠂ ᠨᠢᠭᠡᠨᠲᠡ ᠪᠠᠶᠢᠭ᠎ᠠ ᠪᠠ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ ᠢ ᠤᠯᠤᠰ ᠤᠨ ᠡᠨᠧᠷᠭᠢ ᠶᠢᠨ ᠬᠤᠷᠣᠭᠳᠠᠭᠤᠯᠭ᠎ᠠ ᠶᠢᠨ ᠲᠡᠷᠢᠭᠦᠨ ᠤ ᠪᠠᠷᠢᠮᠵᠢᠶ᠎ᠠ ᠳᠤ ᠬᠦᠷᠭᠡᠬᠦ ᠶᠢ ᠠᠬᠢᠭᠤᠯᠵᠤ᠂ ᠠᠵᠤ ᠦᠢᠯᠡᠰ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠳᠦᠯᠥᠨ ᠳᠠᠭᠠᠭᠤᠯᠬᠤ ᠬᠡᠷᠡᠭᠲᠡᠢ᠃ ᠨᠠᠢᠮᠠᠳᠤᠭᠠᠷ ᠭᠤᠣᠯᠳᠠᠯᠭ᠎ᠠ ᠲᠠᠢ ᠠᠵᠢᠯ ᠪᠣᠯ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠶᠠᠪᠤᠳᠠᠯ ᠪᠣᠯᠤᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠡᠭᠡ ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠰᠣᠶᠣᠯ ᠢ ᠵᠠᠯᠭᠠᠮᠵᠢᠯᠠᠨ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠦᠨᠳᠦᠰᠦᠲᠡᠨ ᠤ ᠲᠦᠷᠢ ᠲᠥᠷᠬᠦ ᠶᠢ ᠪᠤᠢ ᠪᠣᠯᠭᠠᠵᠤ ᠲᠤᠪᠤᠶᠢᠯᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠪᠠᠶᠠᠷ ᠪᠡᠯᠭᠡᠯᠡᠬᠦ ᠴᠢᠬᠤᠯᠠ ᠶᠡᠭᠡ ᠴᠠᠭ ᠵᠠᠩᠭᠢᠶᠠᠰᠤ ᠶᠢᠨ ᠲᠣᠭᠤᠷᠢᠨ ᠳᠤ ᠭᠤᠣᠯᠳᠠᠯᠭ᠎ᠠ ᠲᠠᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠥᠷᠨᠢᠭᠦᠯᠵᠦ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠶᠢᠰᠦᠳᠦᠭᠡᠷ ᠭᠤᠣᠯᠳᠠᠯᠭ᠎ᠠ ᠲᠠᠢ ᠠᠵᠢᠯ ᠪᠣᠯ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠬᠦ ᠪᠣᠯ ᠬᠥᠭᠵᠢᠯᠲᠡ ᠶᠢᠨ ᠦᠨᠳᠦᠰᠦᠨ ᠵᠣᠷᠢᠯᠭ᠎ᠠ ᠮᠥᠨ᠃ ᠡᠨᠡ ᠵᠢᠯ ᠮᠠᠨ ᠤ ᠣᠷᠣᠨ ᠤ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ᠂ ᠰᠤᠷᠭᠠᠨ ᠬᠥᠮᠦᠵᠢᠯ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠠᠴᠠ ᠡᠭᠦᠰᠦᠨ᠂ ᠪᠥᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠨ᠎ᠠ᠃ ᠤᠢᠢᠷ᠎ᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠤᠯᠠᠨ ᠭᠠᠵᠠᠷ ᠲᠤ ᠵᠠᠯᠭᠠᠭ᠎ᠠ ᠪᠠᠷ ᠲᠥᠪᠯᠡᠷᠡᠯ ᠤᠨ ᠴᠢᠨᠠᠷᠲᠠᠢ ᠬᠢᠵᠢᠭ ᠤᠨ ᠪᠠᠶᠢᠳᠠᠯ ᠡᠭᠦᠰᠴᠦ᠂ ᠶᠡᠷᠦᠩᠬᠡᠢ ᠳᠤ ᠨᠢ ᠠᠪᠴᠤ ᠦᠵᠡᠪᠡᠯ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠴᠦ ᠬᠦᠨᠳᠦ ᠬᠡᠴᠡᠭᠦᠦ ᠪᠠᠶᠢᠨ᠎ᠠ᠃ 2021 ᠣᠨ ᠳᠤ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠨᠠᠶᠢᠳᠠᠪᠤᠷᠢᠵᠢᠭᠤᠯᠵᠤ᠂ ᠬᠥᠮᠦᠨ᠂ ᠪᠣᠳᠠᠰ᠂ ᠣᠷᠴᠢᠨ ᠲᠣᠭᠤᠷᠢᠨ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠲᠠᠬᠢᠨ ᠰᠡᠷᠭᠦᠬᠦ ᠶᠢ ᠰᠡᠷᠭᠡᠶᠢᠯᠡᠬᠦ︾ ᠶᠢ ᠰᠠᠶᠢᠲᠤᠷ ᠠᠳᠬᠤᠬᠤ ᠬᠡᠷᠡᠭᠲᠡᠢ᠃ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠤᠪᠢᠶᠠᠷᠢᠯᠠᠨ ᠰᠢᠢᠳᠪᠦᠷᠢᠯᠡᠬᠦ᠂ ᠬᠢᠯᠢ ᠶᠢᠨ ᠪᠣᠭᠤᠮᠲᠠ ᠶᠢ ᠰᠡᠷᠭᠡᠶᠢᠯᠡᠨ ᠡᠵᠡᠮᠳᠡᠬᠦ᠂ ᠨᠡᠶᠢᠭᠡᠮ ᠲᠣᠭᠤᠷᠢᠭ ᠢ ᠲᠣᠤᠷᠵᠢᠭᠤᠯᠤᠨ ᠬᠠᠮᠢᠶᠠᠷᠬᠤ ᠪᠠ ᠸᠠᠺᠼᠢᠨ ᠤ ᠲᠠᠷᠢᠯᠭ᠎ᠠ ᠳᠠᠷᠢᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃
ᠬᠥᠲᠥᠯᠥᠭᠴᠢ᠄
2021 ᠣᠨ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠡᠨᠡ ᠵᠢᠯ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠤᠨ ᠶᠠᠮᠠᠷ ᠶᠠᠮᠠᠷ ᠪᠣᠳᠠᠲᠠᠢ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠪᠠᠷ ᠪᠡᠯᠡᠳᠬᠡᠵᠦ ᠪᠠᠶᠢᠬᠤ ᠪᠤᠢ︖
ᠯᠸᠢ ᠵᠢᠶ ᠫᠧᠩ᠄
ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠠᠷᠠᠳ ᠤᠨ ᠠᠮᠢᠳᠤᠷᠠᠯ ᠲᠠᠢ ᠬᠤᠯᠪᠣᠭᠳᠠᠬᠤ ᠠᠭᠤᠯᠭ᠎ᠠ ᠨᠢ ᠮᠥᠨ ᠯᠡ ᠬᠠᠮᠤᠭ ᠤᠨ ᠶᠡᠭᠡ ᠬᠠᠭᠤᠳᠠᠰᠤ ᠬᠡᠮᠵᠢᠶ᠎ᠡ ᠶᠢ ᠡᠵᠡᠯᠡᠭᠰᠡᠨ ᠶᠤᠮ᠂ ᠡᠨᠡ ᠨᠢ ᠵᠠᠰᠠᠭ ᠤᠨ ᠣᠷᠳᠣᠨ ᠠᠴᠠ ᠠᠷᠠᠳ ᠤᠨ ᠠᠮᠢᠳᠤᠷᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠤᠯᠠᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠳᠤ ᠨᠡᠩ ᠢᠯᠡᠭᠦᠦ ᠠᠩᠬᠠᠷᠤᠯ ᠢᠶᠠᠨ ᠬᠠᠨᠳᠤᠭᠤᠯᠵᠤ ᠪᠠ ᠬᠠᠷᠢᠭᠤᠯᠲᠠ ᠥᠭᠭᠦᠭᠰᠡᠨ ᠢ ᠭᠦᠢᠴᠡᠳ ᠬᠠᠷᠠᠭᠤᠯᠵᠤ ᠪᠠᠶᠢᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ ᠬᠥᠭᠵᠢᠯᠲᠡ ᠶᠢᠨ ᠦᠵᠡᠯ ᠰᠠᠨᠠᠭ᠎ᠠ ᠨᠢ ᠴᠤ ᠮᠠᠨ ᠤ ᠣᠷᠣᠨ ᠤ ︽14·5︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠳᠠᠬᠤ ᠪᠣᠯᠤᠨ᠎ᠠ᠃ ᠡᠩ ᠲᠡᠷᠢᠭᠦᠨ ᠳᠤ ᠠᠵᠢᠯ ᠣᠯᠭᠤᠯᠲᠠ ᠶᠢᠨ ᠲᠤᠬᠠᠶ ᠶᠠᠷᠢᠶ᠎ᠠ᠃ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠂ ᠡᠲᠡᠭᠡᠷ ᠬᠦᠮᠦᠰ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠴᠢᠬᠡᠪᠡᠯ᠂ ᠪᠥᠬᠦ ᠣᠷᠣᠨ ᠤ ᠠᠵᠢᠯ ᠣᠯᠭᠤᠯᠲᠠ ᠶᠢᠨ ᠦᠨᠳᠦᠰᠦᠨ ᠪᠠᠶᠢᠳᠠᠯ ᠴᠤ ᠬᠠᠷᠢᠴᠠᠩᠭᠤᠶ ᠪᠠᠷ ᠲᠣᠭᠲᠠᠭᠤᠨ ᠪᠣᠯᠤᠨ᠎ᠠ᠃ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠪᠠ ᠲᠤᠬᠠᠶᠢᠯᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠂ ᠡᠨᠡ ᠪᠣᠯ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠨᠥᠯᠥᠭᠡ ᠶᠢ ᠠᠷᠢᠯᠭᠠᠬᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠪᠠᠰᠠ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠰᠦᠯᠵᠢᠶᠡᠨ ᠤ ᠭᠠᠳᠠᠨᠠᠬᠢ ᠪᠠ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠶᠢ ᠠᠬᠢᠭᠤᠯᠵᠤ᠂ ᠨᠡᠶᠢᠭᠡᠮ ᠤᠨ ᠠᠵᠢᠯ ᠡᠷᠢᠬᠦ᠂ ᠠᠵᠢᠯᠲᠠᠨ ᠤᠷᠢᠬᠤ᠂ ᠦᠢᠯᠡᠰ ᠪᠤᠰᠬᠠᠬᠤ ᠵᠡᠷᠭᠡ ᠤᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠡᠷᠡᠭᠦᠯ ᠡᠩᠬᠡ ᠥᠪᠥᠷ ᠮᠣᠩᠭᠤᠯ ᠢ ᠪᠥᠲᠥᠭᠡᠨ ᠪᠠᠶᠢᠭᠤᠯᠬᠤ ᠲᠠᠯ᠎ᠠ ᠪᠠᠷ᠃ ᠡᠨᠡ ᠵᠢᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠢᠯᠡᠷᠡᠭᠰᠡᠨ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠰᠢᠢᠳᠪᠦᠷᠢᠯᠡᠬᠦ ᠠᠴᠠ ᠭᠠᠷᠳᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠨᠡᠶᠢᠭᠡᠮ ᠤᠨ ᠬᠦᠴᠦᠨ ᠠᠴᠠ ᠡᠮᠨᠡᠯᠭᠡ ᠶᠢᠨ ᠬᠤᠷᠢᠶ᠎ᠠ ᠡᠷᠭᠢᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠲᠠᠳ ᠡᠮ ᠡᠮᠨᠡᠯᠭᠡ᠂ ᠮᠣᠩᠭᠤᠯ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠠᠬᠢᠭᠤᠯᠤᠨ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ᠂ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠵᠠᠯᠠᠭᠤᠴᠤᠳ ᠪᠠᠭᠠᠴᠤᠳ ᠤᠨ ᠨᠢᠳᠦᠨ ᠬᠠᠷᠠᠭᠠᠶ ᠶᠢᠨ ᠡᠷᠡᠭᠦᠯ ᠮᠡᠨᠳᠦ ᠳᠠᠬᠢ ᠠᠩᠬᠠᠷᠤᠯ ᠢᠶᠠᠨ ᠴᠢᠩᠭᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠠ ᠪᠥᠬᠦ ᠠᠷᠠᠳ ᠤᠨ ᠡᠷᠡᠭᠦᠯ ᠮᠡᠨᠳᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠃ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠪᠠ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠵᠢᠯ ᠠᠯᠳᠠᠭᠰᠠᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠰᠢᠨ᠎ᠡ ᠴᠠᠭ ᠤᠨ ᠪᠠᠶᠢᠳᠠᠯ ᠳᠣᠤᠷᠠᠬᠢ ᠠᠮᠢᠳᠤᠯᠢᠭ ᠢᠶᠠᠷ ᠠᠵᠢᠯ ᠣᠯᠤᠭᠰᠠᠳ᠂ ᠰᠢᠨ᠎ᠡ ᠡᠵᠡᠩᠨᠡᠯᠲᠡ ᠶᠢᠨ ᠪᠠᠶᠢᠳᠠᠯ ᠤᠨ ᠠᠵᠢᠯ ᠬᠢᠭᠰᠡᠳ᠂ ᠡᠷᠦᠬᠡ ᠠᠴᠠ ᠪᠠᠨ ᠰᠠᠯᠵᠤ ᠭᠠᠳᠠᠨ᠎ᠠ ᠬᠦᠴᠦ ᠶᠠᠪᠤᠭᠰᠠᠳ ᠵᠡᠷᠭᠡ ᠬᠦᠮᠦᠰ ᠤᠨ ᠳᠠᠭᠠᠳᠬᠠᠯ ᠳᠤ ᠣᠷᠣᠯᠴᠠᠬᠤ ᠠᠰᠠᠭᠤᠳᠠᠯ ᠢ ᠭᠤᠤᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠬᠦᠨᠳᠦ ᠡᠪᠡᠳᠴᠢᠨ᠂ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠪᠦᠷᠢᠨᠰᠢᠬᠦᠯᠵᠤ᠂ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠵᠤ᠂ ᠠᠷᠠᠳ ᠤᠯᠠᠨ ᠳᠤ ᠨᠡᠩ ᠤᠯᠠᠨ ᠪᠣᠳᠠᠲᠤ ᠠᠰᠢᠭ ᠪᠠ ᠲᠦᠬᠦᠮ ᠦᠵᠡᠭᠦᠯᠦᠨ᠎ᠡ᠃ ᠠᠮᠢᠳᠤᠷᠠᠯ ᠨᠢ ᠬᠦᠴᠢᠷᠳᠡᠯᠲᠡᠶ ᠠᠵᠢᠯ ᠠᠯᠳᠠᠭᠰᠠᠳ ᠵᠢᠴᠢ ᠬᠡᠷ ᠪᠦᠯᠢ ᠶᠢᠨ ᠬᠢᠨ ᠴᠠᠭ ᠲᠤᠬᠠᠶ ᠳᠤ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠶᠢᠨ ᠬᠡᠪᠴᠢᠶᠡᠨ ᠳᠤ ᠣᠷᠣᠭᠤᠯᠵᠤ᠂ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ ᠴᠢᠨᠠᠷᠲᠠᠶ᠂ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯ ᠢ ᠰᠠᠶᠢᠲᠤᠷ ᠰᠢᠢᠳᠪᠦᠷᠢᠯᠡᠨ᠎ᠡ᠃ ᠨᠠᠰᠤᠵᠢᠯ ᠤᠨ ᠠᠰᠠᠷᠠᠮᠵᠢ᠂ ᠬᠡᠤᠬᠡᠳ ᠰᠠᠭᠠᠲᠠᠭᠤᠯᠤᠨ ᠬᠦᠮᠦᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠨᠢᠭᠡ ᠨᠠᠰᠤᠲᠠᠨ ᠨᠢᠭᠡ ᠨᠢᠯᠬ᠎ᠠ︾ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠰᠤᠷᠭᠠᠨ ᠬᠥᠮᠦᠵᠢᠯ ᠤᠨ ᠲᠠᠯ᠎ᠠ ᠪᠠᠷ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠤᠨ ᠴᠡᠴᠡᠷᠯᠢᠭ ᠢ ᠦᠷᠭᠦᠯᠵᠢᠯᠡᠨ ᠶᠡᠭᠡ ᠪᠠᠷ ᠬᠥᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ ᠪᠠ ᠲᠦᠭᠡᠮᠡᠯ ᠬᠠᠷᠠᠭᠠᠯᠵᠠᠯ ᠤᠨ ᠴᠢᠨᠠᠷ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠠᠷ ᠲᠡᠩᠴᠡᠭᠦᠷᠢᠰᠢᠭᠦᠯᠬᠦ ᠪᠠ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠦᠷᠭᠡᠳᠬᠡᠨ ᠲᠡᠭᠦᠯᠳᠡᠷᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ︽ᠶᠠᠮᠤᠨ ᠣᠷᠣᠨ ᠬᠠᠮᠲᠤᠷᠠᠨ ᠪᠠᠶᠢᠭᠤᠯᠬᠤ︾ ᠬᠡᠯᠡᠯᠴᠡᠭᠡᠷ ᠢ ᠨᠠᠶᠢᠳᠠᠪᠤᠷᠢᠵᠢᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ︽ᠬᠤᠤᠰ ᠲᠡᠷᠢᠭᠦᠨ︾ ᠤ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠥᠪᠡᠷ ᠤᠨ ᠴᠢᠳᠠᠪᠤᠷᠢᠲᠠᠨ ᠢᠶᠠᠨ ᠰᠠᠶᠢᠲᠤᠷ ᠬᠥᠮᠦᠵᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ᠃ ᠦᠷᠭᠦᠯᠵᠢᠯᠡᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠵᠠᠰᠠᠬᠤ ᠪᠠᠷ ᠭᠠᠷᠳᠠᠴᠠ ᠪᠣᠯᠭᠠᠨ ᠬᠤᠳᠠ ᠶᠢᠨ ᠰᠢᠨᠡᠴᠢᠯᠡᠯᠲᠡ ᠶᠢ ᠠᠬᠢᠭᠤᠯᠤᠨ ᠥᠷᠨᠢᠭᠦᠯᠵᠦ᠂ ᠬᠤᠳᠠ ᠶᠢᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠠᠰᠤᠷᠠᠯᠳᠠ ᠦᠬᠡᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠰᠡᠶᠢᠮᠡᠬᠡᠢ ᠬᠤᠲᠠ᠂ ᠤᠶᠤᠨᠲᠤ ᠬᠤᠲᠠ ᠶᠢ ᠪᠥᠲᠥᠭᠡᠨ ᠪᠠᠶᠢᠭᠤᠯᠤᠨ᠎ᠠ᠃ ᠬᠦᠴᠢᠷᠳᠡᠯᠲᠡᠶ ᠤᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠦᠷᠦ ᠶᠢᠨ ᠪᠤᠳᠤᠯᠭ᠎ᠠ ᠶᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠵᠣᠷᠢᠭᠵᠢᠭᠤᠯᠵᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠩᠭᠠᠯᠭ᠎ᠠ ᠶᠢ ᠥᠷᠭᠡᠳᠬᠡᠨ᠎ᠡ᠃
ᠬᠥᠲᠥᠯᠥᠭᠴᠢ᠄
ᠣᠳᠣᠬᠠᠨ ᠳᠤ᠂ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠶᠠᠮᠠᠷ ᠪᠠᠶᠢᠳᠠᠯ ᠲᠤᠯᠭᠠᠷᠠᠵᠤ ᠪᠠᠶᠢᠬᠤ ᠪᠣᠶ︖ ᠶᠠᠮᠠᠷ ᠶᠠᠮᠠᠷ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠤᠢ︖ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠮᠠᠭᠠᠳᠯᠠᠯᠲᠠ ᠭᠠᠷᠭᠠᠭᠰᠠᠨ ᠪᠣᠶ︖
ᠯᠸᠢ ᠵᠢᠶ ᠫᠧᠩ᠄
ᠡᠨᠡ ᠵᠢᠯ ᠤᠨ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠨ᠎ᠠ᠃ ᠳᠡᠯᠡᠬᠡᠢ ᠳ᠋ᠠᠬᠢᠨ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠠᠵᠤ ᠠᠬᠤᠢ ᠶᠢᠨ ᠳᠡᠯᠡᠬᠡᠶᠢᠵᠢᠯᠲᠡ ᠰᠥᠷᠭᠡᠦ ᠤᠷᠤᠰᠬᠠᠯ ᠳᠤ ᠤᠴᠠᠷᠠᠵᠤ᠂ ᠰᠡᠷᠭᠦᠯᠲᠡ ᠲᠣᠭᠲᠠᠭᠤᠨ ᠪᠤᠰᠤ ᠪᠥᠭᠡᠳ ᠲᠡᠩᠴᠡᠭᠦᠷᠢ ᠦᠭᠡᠢ ᠪᠠᠶᠢᠵᠤ᠂ ᠬᠢᠵᠢᠭ ᠤᠨ ᠪᠠᠶᠢᠳᠠᠯ ᠤᠨ ᠬᠤᠪᠢᠷᠠᠯᠲᠠ ᠪᠣᠯᠤᠨ ᠭᠠᠳᠠᠭᠠᠳᠤ ᠣᠷᠴᠢᠨ ᠲᠣᠭᠤᠷᠢᠨ ᠳᠤ ᠮᠠᠰᠢ ᠤᠯᠠᠨ ᠲᠣᠭᠲᠠᠪᠤᠷᠢ ᠦᠭᠡᠢ ᠰᠢᠨᠵᠢ ᠴᠢᠨᠠᠷ ᠣᠷᠣᠰᠢᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ ᠪᠠᠬᠢ ᠪᠣᠯᠣᠭᠠᠳᠤᠢ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠮᠥᠨ ᠯᠡ ᠲᠤᠪᠤᠶᠢᠮ᠎ᠠ ᠪᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠪᠠᠶᠢᠨ᠎ᠠ᠃ ᠮᠠᠨ ᠤ ᠣᠷᠣᠨ ᠤ ᠠᠵᠤ ᠠᠬᠤᠶ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠨᠡᠯᠢᠶᠡᠳ ᠪᠠᠭᠤᠷᠠᠶ ᠪᠠᠶᠢᠵᠤ᠂ ᠰᠡᠷᠭᠦᠯᠲᠡ ᠶᠢᠨ ᠬᠤᠷᠳᠤᠴᠠ ᠬᠠᠷᠢᠴᠠᠩᠭᠤᠶ ᠪᠠᠷ ᠤᠳᠠᠭᠠᠨ ᠪᠠᠶᠢᠨ᠎ᠠ᠃ ᠵᠠᠷᠢᠮ ᠤᠷᠳᠤ ᠬᠤᠭᠤᠴᠠᠭ᠎ᠠ ᠪᠠᠷ ᠣᠷᠣᠰᠢᠭᠰᠠᠭᠠᠷ ᠢᠷᠡᠭᠰᠡᠨ ᠭᠦᠨ ᠲᠡᠰ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠠᠰᠠᠭᠤᠳᠠᠯ ᠪᠣᠯᠤᠨ ᠪᠠᠶᠢᠭᠤᠯᠤᠮᠵᠢ ᠶᠢᠨ ᠴᠢᠨᠠᠷᠲᠠᠢ ᠵᠥᠷᠢᠴᠡᠯ ᠢ ᠬᠠᠷᠠᠬᠠᠨ ᠰᠢᠢᠳᠪᠦᠷᠢᠯᠡᠭᠡᠳᠦᠢ ᠪᠠᠶᠢᠵᠤ᠂ ᠢᠯᠠᠩᠭᠤᠶ᠎ᠠ ᠤᠯᠠᠮᠵᠢᠯᠠᠯᠲᠤ ᠬᠥᠭᠵᠢᠯᠲᠡ ᠶᠢᠨ ᠠᠷᠭ᠎ᠠ ᠵᠠᠮ ᠳᠠᠬᠢ ᠲᠦᠰᠢᠭᠯᠡᠯ᠂ ᠠᠵᠤ ᠦᠢᠯᠡᠰ ᠤᠨ ᠪᠦᠲᠦᠴᠡ ᠳᠠᠬᠢ ᠲᠦᠰᠢᠭᠯᠡᠯ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ᠂ ᠡᠬᠢ ᠪᠠᠶᠠᠯᠢᠭ ᠣᠷᠴᠢᠨ ᠲᠣᠭᠤᠷᠢᠨ ᠤ ᠬᠢᠵᠠᠭᠠᠷᠯᠠᠯ ᠵᠡᠷᠭᠡ ᠨᠢ ᠲᠥᠪᠯᠡᠷᠡᠨ ᠮᠦᠷᠭᠦᠯᠳᠦᠵᠦ᠂ ᠮᠠᠨ ᠤ ᠣᠷᠣᠨ ᠤ ᠠᠵᠤ ᠠᠬᠤᠢ ᠶᠢᠨ ᠦᠷᠭᠦᠯᠵᠢᠯᠡᠨ ᠰᠡᠷᠭᠦᠬᠦ ᠪᠠ ᠴᠢᠨᠠᠷᠯᠢᠭ ᠢᠶᠠᠷ ᠬᠥᠭᠵᠢᠬᠦ ᠶᠢ ᠬᠢᠵᠠᠭᠠᠷᠯᠠᠨ ᠨᠥᠯᠥᠭᠡᠯᠡᠵᠦ ᠪᠠᠶᠢᠨ᠎ᠠ᠃ ᠣᠳᠣᠬᠠᠨ ᠳᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠮᠠᠰᠢ ᠤᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ᠂ ᠪᠦ᠋ ᠰᠢᠶᠤᠤ ᠯᠢᠨ ᠲᠡᠷᠢᠭᠦᠯᠡᠭᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠠᠨ ᠳ᠋ᠦᠩᠨᠡᠯᠲᠡ ᠬᠢᠵᠡᠢ᠃ ᠡᠭᠦᠨ ᠳᠤ ᠭᠤᠣᠯᠳᠠᠭᠤ᠄ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠡᠭᠦᠷᠭᠡ ᠬᠠᠲᠠᠭᠤ ᠪᠡᠷᠬᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠶ᠂ ᠴᠢᠳᠠᠪᠤᠷᠢᠲᠠᠨ ᠳᠤᠲᠠᠭᠳᠠᠬᠤ ᠠᠰᠠᠭᠤᠳᠠᠯ ᠲᠤᠪᠤᠶᠢᠮ᠎ᠠ ᠪᠠᠶᠢᠨ᠎ᠠ︔ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠪᠠ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠨᠢ ᠬᠢᠵᠠᠭᠠᠷᠯᠠᠬᠤ ᠬᠠᠷᠠᠯᠲᠠ ᠪᠠᠨ ᠪᠡᠶᠡᠯᠡᠭᠦᠯᠵᠦ ᠴᠢᠳᠠᠭ᠎ᠠ ᠦᠭᠡᠢ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠳᠤ ᠴᠥᠭᠡᠨ ᠪᠤᠰᠤ ᠠᠰᠠᠭᠤᠳᠠᠯ ᠣᠷᠣᠰᠢᠵᠤ᠂ ᠵᠠᠷᠢᠮ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠬᠡᠰᠡᠭ ᠭᠠᠵᠠᠷ ᠣᠷᠣᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠵᠤ᠂ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠮᠥᠨ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠪᠣᠯᠤᠨ᠎ᠠ᠃ ᠡᠭᠦᠨ ᠤ ᠬᠠᠮᠲᠤ᠂ ᠣᠳᠣᠬᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ᠂ ᠠᠵᠤ ᠠᠬᠤᠢ ᠲᠣᠭᠲᠠᠭᠤᠨ ᠤ ᠳᠤᠮᠳᠠ ᠰᠠᠶᠢᠵᠢᠷᠠᠬᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭ᠎ᠠ ᠦᠭᠡᠢ᠂ 2020 ᠣᠨ ᠳᠤ ᠮᠠᠨ ᠤ ᠤᠯᠤᠰ ᠪᠣᠯ ᠪᠦᠬᠦ ᠪᠥᠮᠪᠥᠷᠴᠡᠭ ᠤᠨ ᠴᠤᠷ ᠤᠨ ᠭᠠᠭᠴᠠ ᠠᠵᠤ ᠠᠬᠤᠢ ᠶᠢᠨ ᠡᠶᠡᠷᠭᠦ ᠨᠡᠮᠡᠭᠳᠡᠯ ᠢ ᠪᠡᠶᠡᠯᠡᠭᠦᠯᠦᠭᠰᠡᠨ ᠭᠤᠣᠯ ᠠᠵᠤ ᠠᠬᠤᠢ ᠶᠢᠨ ᠴᠣᠭᠴᠠ ᠪᠠᠶᠢᠵᠤ᠂ ᠴᠠᠭ ᠪᠠ ᠪᠠᠶᠢᠳᠠᠯ ᠮᠠᠨ ᠤ ᠲᠠᠯ᠎ᠠ ᠳᠤ ᠪᠠᠶᠢᠨ᠎ᠠ᠂ ᠡᠨᠡ ᠪᠣᠯ ᠮᠠᠨ ᠤ ᠲᠣᠭᠲᠠᠯ ᠬᠦᠴᠦᠨ ᠪᠠ ᠢᠳᠡ ᠬᠦᠴᠦᠨ ᠮᠥᠨ᠂ ᠪᠠᠰᠠ ᠴᠤ ᠮᠠᠨ ᠤ ᠡᠷᠡᠰ ᠵᠣᠷᠢᠭ ᠪᠠ ᠢᠲᠡᠭᠡᠯ ᠵᠣᠷᠢᠭ ᠮᠥᠨ ᠭᠡᠳᠡᠭ ᠢ ᠪᠢᠳᠡ ᠪᠠᠰᠠ ᠲᠠᠨᠢᠵᠤ ᠮᠡᠳᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠶ ᠲᠠᠨᠢᠨ ᠡᠵᠡᠮᠳᠡᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠡᠷᠬᠡᠪᠰᠢ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠡᠵᠡᠮᠳᠡᠨ᠂ ᠥᠷᠢᠰᠥᠯᠳᠦᠭᠡᠨ ᠢ ᠠᠷᠭᠠᠴᠠᠭᠠᠵᠤ᠂ ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠪᠥᠬᠦ ᠬᠦᠴᠦᠨ ᠢᠶᠠᠷ ᠢᠶᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃
ᠬᠥᠲᠥᠯᠥᠭᠴᠢ᠄
ᠲᠤᠭᠤᠷᠪᠢᠨ ᠪᠢᠴᠢᠬᠦ ᠳᠤᠭᠤᠶᠢᠯᠠᠩ ᠤᠨ ᠭᠤᠣᠯ ᠭᠡᠰᠢᠭᠦᠨ ᠪᠣᠯᠤᠭᠰᠠᠨ ᠤ ᠬᠤᠪᠢ ᠳᠤ᠂ ᠲᠠᠨ ᠤ ᠦᠵᠡᠬᠦ ᠪᠠᠷ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠣᠶᠢᠯᠠᠭᠠᠵᠤ᠂ 2021 ᠣᠨ ᠤ ᠠᠵᠢᠯ ᠢ ᠰᠠᠶᠢᠲᠤᠷ ᠬᠢᠬᠦ ᠳᠤ ᠡᠵᠡᠮᠳᠡᠬᠦ ᠴᠢᠬᠤᠯᠠᠲᠠᠢ ᠴᠢᠭᠯᠡᠯ ᠪᠣᠯᠤᠨ ᠭᠤᠣᠯᠳᠠᠯᠭ᠎ᠠ ᠨᠢ ᠶᠠᠭᠤ ᠪᠤᠢ︖
ᠯᠸᠢ ᠵᠢᠶ ᠫᠧᠩ᠄
ᠡᠨᠡ ᠵᠢᠯ ᠪᠣᠯ ︽14·5︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠮᠥᠨ ᠴᠤ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠭᠰᠡᠨ ᠠᠩᠬᠠᠨ ᠤ ᠵᠢᠯ ᠪᠣᠯᠬᠤ ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠪᠣᠯᠤᠨ᠎ᠠ ᠭᠡᠵᠦ ᠪᠢ ᠳᠡᠭᠡᠷ᠎ᠡ ᠳᠤᠷᠠᠳᠴᠤ ᠥᠩᠭᠡᠷᠡᠭᠰᠡᠨ ᠪᠢᠯᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠡᠭᠦᠨ ᠳᠤ ᠭᠤᠣᠯᠳᠠᠭᠤ ᠳᠣᠣᠷᠠᠬᠢ ᠲᠠᠪᠤᠨ ᠲᠠᠯ᠎ᠠ ᠶᠢ ᠰᠠᠶᠢᠲᠤᠷ ᠡᠵᠡᠮᠳᠡᠬᠦ ᠬᠡᠷᠡᠭᠲᠡᠶ᠄ ᠨᠢᠭᠡ ᠳᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠣᠨᠣᠪᠴᠢᠲᠠᠶ ᠡᠵᠡᠮᠳᠡᠨ᠎ᠡ᠃ ᠬᠤᠪᠢᠰᠤᠩᠭᠤᠢ ᠰᠡᠳᠬᠢᠬᠦᠢ ᠪᠠᠷ ᠰᠢᠨ᠎ᠡ ᠬᠥᠭᠵᠢᠯᠲᠡ ᠶᠢᠨ ᠱᠠᠲᠤᠨ ᠳᠠᠬᠢ ᠰᠢᠨ᠎ᠡ ᠠᠵᠠ ᠲᠣᠬᠢᠶᠠᠯ ᠰᠢᠨ᠎ᠡ ᠥᠷᠢᠰᠥᠯᠳᠦᠭᠡᠨ ᠳᠤ ᠬᠠᠨᠳᠤᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠬᠤ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠬᠤ ᠪᠠ ᠰᠠᠨᠠᠭᠠᠴᠢᠯᠠᠭ᠎ᠠ ᠠᠴᠠ ᠪᠠᠨ ᠰᠢᠨᠡᠴᠢᠯᠡᠯᠲᠡ ᠬᠢᠵᠦ᠂ ᠬᠢᠮᠤᠷᠠᠯ ᠤᠨ ᠳᠤᠮᠳᠠ ᠠᠵᠠ ᠲᠣᠬᠢᠶᠠᠯ ᠢ ᠲᠠᠨᠢᠨ ᠮᠡᠳᠡᠵᠦ᠂ ᠬᠤᠪᠢᠷᠠᠯᠲᠠ ᠶᠢᠨ ᠳᠤᠮᠳᠠ ᠴᠢᠳᠠᠮᠠᠭᠠᠢ ᠪᠠᠷ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠪᠦᠬᠦᠯᠢ ᠴᠣᠭᠴᠠ ᠪᠠ ᠭᠤᠤᠯᠳᠠᠯᠭ᠎ᠠ ᠶᠢ ᠨᠢᠭᠡᠳᠦᠯᠲᠡᠶ ᠲᠥᠯᠥᠪᠯᠡᠨ᠂ ᠣᠳᠣᠬᠠᠨ ᠤ ᠪᠠᠶᠢᠳᠠᠯ ᠪᠠ ᠠᠯᠤᠰ ᠬᠡᠲᠦ ᠶᠢᠨ ᠲᠥᠯᠥᠪᠯᠡᠭᠡ ᠶᠢ ᠬᠠᠮᠲᠤ ᠳᠤ ᠨᠢ ᠬᠠᠷᠠᠭᠠᠯᠵᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠪᠥᠬᠦ ᠣᠷᠣᠨ ᠤ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠬᠦᠴᠦᠯᠡᠨ ᠠᠬᠢᠭᠤᠯᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ︽14·5︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠤᠨ᠎ᠠ᠃
ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠬᠥᠭᠵᠢᠯᠲᠡ ᠶᠢᠨ ᠣᠨᠣᠯᠵᠢᠬᠤᠨ᠂ ᠬᠥᠭᠵᠢᠯᠲᠡ ᠶᠢᠨ ᠠᠷᠭ᠎ᠠ ᠵᠠᠮ᠂ ᠬᠥᠭᠵᠢᠯᠲᠡ ᠶᠢᠨ ᠠᠷᠭ᠎ᠠ ᠬᠡᠯᠪᠡᠷᠢ᠂ ᠬᠥᠭᠵᠢᠯᠲᠡ ᠶᠢᠨ ᠬᠠᠷᠠᠯᠲᠠ ᠠᠴᠠ ᠶᠡᠷᠦᠩᠬᠡᠢ ᠱᠦᠵᠢ ᠶᠢᠨ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠤᠯᠲᠠ ᠬᠠᠷᠢᠴᠠᠭᠤᠯᠤᠯ ᠬᠢᠵᠦ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃ ᠭᠤᠷᠪᠠ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠨ ᠠᠵᠢᠯ ᠢᠶᠠᠨ ᠥᠷᠨᠢᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠢ ᠪᠠᠷᠢᠮᠲᠠᠯᠠᠵᠤ᠂ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠬᠠᠮᠢᠶᠠᠷᠤᠯᠲᠠ ᠶᠢ ᠴᠢᠬᠤᠯᠠᠴᠢᠯᠠᠨ ᠴᠢᠩᠭᠠᠳᠬᠠᠵᠤ᠂ ᠲᠦᠭᠵᠢᠷᠡᠯ ᠢ ᠨᠡᠪᠲᠡᠷᠡᠭᠦᠯᠦᠨ᠂ ᠳᠤᠲᠠᠭᠤᠳᠠᠯ ᠢ ᠨᠥᠬᠦᠪᠥᠷᠢᠯᠡᠵᠦ᠂ ᠦᠢᠯᠡᠳᠪᠦᠷᠢᠯᠡᠯ᠂ ᠬᠤᠪᠢᠶᠠᠷᠢᠯᠠᠯᠲᠠ᠂ ᠭᠦᠢᠯᠭᠡᠭᠡ᠂ ᠬᠡᠷᠡᠭᠯᠡᠭᠡᠨ ᠵᠡᠷᠭᠡ ᠡᠯ᠎ᠡ ᠭᠤᠭᠴᠤᠭ᠎ᠠ ᠶᠢ ᠨᠡᠪᠲᠡᠷᠡᠭᠦᠯᠵᠦ᠂ ᠴᠢᠨᠠᠷ ᠰᠠᠶᠢᠲᠠᠢ ᠦᠢᠯᠡᠳᠬᠦᠨ ᠤ ᠬᠠᠩᠭᠠᠯᠭ᠎ᠠ ᠶᠢ ᠨᠡᠮᠡᠭᠳᠡᠭᠦᠯᠬᠦ᠂ ᠤᠳᠤ ᠦᠶ᠎ᠡ ᠶᠢᠨ ᠭᠦᠢᠯᠭᠡᠭᠡᠨ ᠤ ᠲᠣᠭᠲᠠᠯᠴᠠᠭ᠎ᠠ ᠶᠢ ᠪᠠᠶᠢᠭᠤᠯᠬᠤ᠂ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠣᠷᠣᠨ ᠵᠠᠢ ᠶᠢ ᠥᠷᠭᠡᠳᠬᠡᠬᠦ ᠵᠡᠷᠭᠡ ᠵᠠᠩᠭᠢᠯᠠᠭ᠎ᠠ ᠶᠢᠨ ᠴᠡᠭ ᠳᠡᠭᠡᠷ᠎ᠡ ᠬᠦᠴᠦᠯᠡᠵᠦ᠂ ᠬᠡᠷᠡᠭᠴᠡᠭᠡ ᠪᠠᠷ ᠬᠠᠩᠭᠠᠯᠭ᠎ᠠ ᠶᠢ ᠳᠠᠶᠢᠴᠢᠯᠠᠬᠤ᠂ ᠬᠠᠩᠭᠠᠯᠭ᠎ᠠ ᠪᠠᠷ ᠬᠡᠷᠡᠭᠴᠡᠭᠡ ᠶᠢ ᠡᠭᠦᠳᠬᠦ ᠥᠨᠳᠥᠷ ᠬᠢᠷᠢ ᠲᠦᠪᠰᠢᠨ ᠤ ᠬᠥᠳᠡᠯᠦᠩᠭᠦᠢ ᠲᠡᠩᠴᠡᠭᠦᠷᠢ ᠶᠢ ᠪᠦᠷᠢᠯᠳᠦᠭᠦᠯᠵᠦ᠂ ᠤᠯᠤᠰ ᠤᠨ ᠳᠣᠲᠣᠭᠠᠳᠤ ᠶᠢᠨ ᠲᠤᠮᠤ ᠵᠠᠬ᠎ᠠ ᠳᠡᠯᠭᠡᠭᠦᠷ ᠪᠠ ᠤᠯᠤᠰ ᠤᠨ ᠳᠣᠲᠣᠭᠠᠳᠤ᠂ ᠤᠯᠠᠨ ᠤᠯᠤᠰ ᠤᠨ ᠬᠤᠣᠰ ᠣᠷᠴᠢᠯ ᠳᠤ ᠨᠡᠩ ᠰᠠᠶᠢᠨ ᠠᠭᠤᠰᠤᠯᠴᠠᠨ᠎ᠠ᠃ ᠲᠦᠷᠪᠡ ᠳᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ ᠠᠷᠠᠳ ᠲᠦᠮᠡᠨ ᠤ ᠪᠤᠶᠠᠨ ᠬᠡᠰᠢᠭ ᠢ ᠨᠡᠮᠡᠭᠳᠡᠭᠦᠯᠬᠦ ᠪᠠ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠪᠠᠷ ᠠᠯᠢᠪᠠ ᠠᠵᠢᠯ ᠤᠨ ᠢᠶᠠᠨ ᠡᠭᠦᠰᠭᠡᠯ ᠲᠡᠭᠦᠰᠬᠡᠯ ᠪᠣᠯᠭᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠪᠠᠲᠤᠯᠠᠨ ᠰᠠᠶᠢᠵᠢᠷᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠠᠵᠢᠯ ᠣᠯᠭᠤᠯᠲᠠ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠢ ᠦᠨᠡᠨ ᠪᠣᠳᠠᠲᠤ ᠬᠦᠷᠲᠡᠭᠡᠮᠵᠢᠲᠦ ᠲᠦᠷᠦᠭᠳᠡᠯ ᠲᠠᠢ ᠪᠣᠯᠭᠠᠨ᠎ᠠ᠃ ᠲᠠᠪᠤ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠎ᠡ᠃ ᠠᠮᠤᠷ ᠲᠦᠪᠰᠢᠨ ᠬᠥᠭᠵᠢᠯᠲᠡ ᠶᠢ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ ᠲᠤᠭᠤᠰᠢᠯᠠᠭᠤᠯᠵᠤ᠂ ᠵᠣᠪᠠᠨᠢᠬᠤᠢ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠢᠷᠡᠯᠲᠡ ᠠᠴᠠ ᠨᠢ ᠰᠡᠷᠭᠡᠶᠢᠯᠡᠨ ᠨᠠᠮᠳᠠᠭᠠᠵᠤ᠂ ᠠᠰᠠᠭᠤᠳᠠᠯ ᠢ ᠰᠣᠶᠣᠭᠠᠯᠠᠯ ᠤᠨ ᠦᠶ᠎ᠡ᠂ ᠭᠠᠮᠰᠢᠭ ᠪᠣᠯᠣᠨ ᠪᠦᠷᠢᠯᠳᠦᠬᠦ ᠠᠴᠠ ᠡᠮᠦᠨ᠎ᠡ ᠦᠨᠡᠨ ᠬᠦ ᠰᠢᠢᠳᠪᠦᠷᠢᠯᠡᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃
ᠬᠥᠲᠥᠯᠥᠭᠴᠢ᠄
ᠯᠸᠢ ᠡᠷᠬᠢᠯᠡᠭᠴᠢ ᠶᠢᠨ ᠨᠠᠷᠢᠯᠢᠭ ᠲᠠᠶᠢᠯᠪᠤᠷᠢᠯᠠᠭᠰᠠᠨ ᠳᠤ ᠪᠠᠶᠠᠷᠯᠠᠯ᠎ᠠ᠂ 2021 ᠣᠨ ᠤ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠶ ᠬᠠᠮᠢᠶ᠎ᠠ ᠪᠥᠬᠦᠶ ᠶᠠᠷᠢᠶᠠᠨ ᠤ ᠰᠡᠳᠦᠪ ᠮᠥᠨ ᠬᠦ ᠮᠠᠰᠢ ᠣᠯᠠᠨ ᠪᠠᠶᠢᠨ᠎ᠠ᠂ ᠭᠡᠪᠡᠴᠦ ᠴᠠᠭ ᠤᠨ ᠬᠠᠷᠠᠭ᠎ᠠ ᠠᠴᠠ ᠪᠣᠯᠵᠣ᠂ ᠥᠨᠥᠳᠦᠷ ᠤᠨ ᠰᠤᠷᠪᠤᠯᠵᠢᠯᠠᠭ᠎ᠠ ᠠᠳᠡ ᠬᠥᠷᠥᠭᠡᠳ ᠥᠨᠳᠥᠷᠯᠡᠯ᠎ᠡ᠃ ᠳᠠᠷᠠᠭ᠎ᠠ ᠤᠳᠠᠭ᠎ᠠ ᠪᠠᠰᠠ ᠰᠦᠯᠵᠢᠶᠡᠨ ᠤ ᠠᠨᠳᠠ ᠨᠠᠷ ᠲᠠᠢ ᠪᠠᠨ ᠶᠠᠷᠢᠯᠴᠠᠬᠤ ᠵᠠᠪᠰᠢᠶᠠᠨ ᠲᠠᠢ ᠪᠣᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠲᠤᠰ ᠤᠳᠠᠭᠠᠨ ᠤ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ︕ ᠪᠠᠶᠠᠷᠲᠠᠢ︕
ᠯᠸᠢ ᠵᠢᠶ ᠫᠧᠩ᠄
ᠪᠠᠶᠠᠷᠲᠠᠶ︕