ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠶᠢᠨ ᠠᠯᠪᠠᠨ ᠭᠡᠷ ᠲᠤ᠄
︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠲᠣᠪᠴᠢᠶ᠎ᠠ ᠶᠢᠨ ᠮᠡᠳᠡᠭᠳᠡᠯ︾ ︵ᠲᠥᠷᠥ ᠠᠯᠪᠠᠨ ᠨᠢᠭᠤᠴᠠ ᠵᠠᠬᠢᠳᠠᠯ ﹇2019﹈ 19 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ︽ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2022 ᠣᠨ ᠤ ᠨᠢᠭᠡᠳᠦᠭᠡᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠶᠡᠷᠦᠩᠬᠡᠢ ᠪᠠᠶᠢᠳᠠᠯ
︵ᠨᠢᠭᠡ︶ 2021 ᠣᠨ ᠤ ᠳᠥᠷᠪᠡᠳᠦᠭᠡᠷ ᠤᠯᠠᠷᠢᠯ ᠳᠤ ᠮᠡᠳᠡᠭᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠃ 2021 ᠣᠨ ᠤ ᠳᠥᠷᠪᠡᠳᠦᠭᠡᠷ ᠤᠯᠠᠷᠢᠯ ᠤᠨ ᠪᠠᠶᠢᠴᠠᠭᠠᠯᠲᠠ ᠳᠤ 13 ᠵᠠᠰᠠᠭ ᠤᠨ ᠣᠷᠳᠣᠨ ᠤ ᠰᠦᠯᠵᠢᠶ᠎ᠡ ᠪᠠ 152 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠬᠢᠷᠢ ᠲᠡᠩᠴᠡᠭᠰᠡᠨ ᠦᠭᠡᠢ ᠪᠠᠶᠢᠬᠤ ᠶᠢ ᠣᠯᠵᠤ ᠮᠡᠳᠡᠵᠦ᠂ ᠳᠠᠬᠢᠨ ᠪᠠᠶᠢᠴᠠᠭᠠᠬᠤ ᠪᠠᠷ ᠳᠡᠮᠵᠢᠨ᠂ ᠣᠯᠠᠩᠬᠢ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠪᠣᠯᠪᠠᠴᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠰᠦᠯᠵᠢᠶ᠎ᠡ︾ ᠪᠠ ︽ᠦᠬᠠᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠦᠯᠵᠢᠶ᠎ᠡ︾ ᠨᠢ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠭᠰᠠᠭᠠᠷ ᠪᠠᠶᠢᠨ᠎ᠠ᠃
︵ᠬᠤᠶᠠᠷ︶ 2022 ᠣᠨ ᠤ ᠨᠢᠭᠡᠳᠦᠭᠡᠷ ᠤᠯᠠᠷᠢᠯ ᠳᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢᠭᠡᠳᠦᠭᠡᠷ ᠤᠯᠠᠷᠢᠯ ᠳᠤ 289 ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠪᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ 43 ᠰᠦᠯᠵᠢᠶ᠎ᠡ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ 115 ᠫᠤᠷᠲ᠋ᠧᠯ ᠰᠦᠯᠵᠢᠶ᠎ᠡ ᠶᠢ ᠪᠦᠬᠦᠨ ᠢ ᠪᠠᠶᠢᠴᠠᠭᠠᠪᠠ︔ ᠡᠭᠦᠨ ᠠᠴᠠ ᠭᠠᠳᠠᠨ᠎ᠠ᠂ ᠡᠯ᠎ᠡ ᠠᠶᠢᠮᠠᠭ ᠬᠤᠲᠠ ᠶᠢᠨ ᠰᠠᠯᠠᠭ᠎ᠠ ᠮᠥᠴᠢᠷ ᠤᠨ 131 ᠰᠦᠯᠵᠢᠶ᠎ᠡ ᠶᠢ ᠰᠤᠭᠤᠴᠢᠨ ᠪᠠᠶᠢᠴᠠᠭᠠᠵᠤ᠂ ᠶᠡᠷᠦᠩᠬᠡᠢ ᠲᠣᠭᠠᠨ ᠤ 34.11% ᠶᠢ ᠡᠵᠡᠯᠡᠪᠡ᠃ ᠪᠤᠭᠤᠲᠤ ᠬᠤᠲᠠ᠂ ᠠᠯᠠᠱᠠ ᠠᠶᠢᠮᠠᠭ᠂ ᠤᠯᠠᠭᠠᠨᠬᠠᠳᠠ ᠬᠤᠲᠠ᠂ ᠣᠷᠳᠣᠰ ᠬᠤᠲᠠ᠂ ᠰᠢᠯᠢ ᠶᠢᠨ ᠭᠤᠣᠯ ᠠᠶᠢᠮᠠᠭ ᠤᠨ ᠰᠦᠯᠵᠢᠶ᠎ᠡ ᠶᠢᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠳᠤ ᠬᠥᠷᠪᠡ︔ ᠦᠬᠠᠢ ᠬᠤᠲᠠ᠂ ᠬᠢᠩᠭᠠᠨ ᠠᠶᠢᠮᠠᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠣᠷ᠎ᠠ ᠪᠠᠶᠢᠨ᠎ᠠ᠃ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 15 ᠪᠠᠶᠢᠵᠤ᠂ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 94.81% ᠳᠤ ᠬᠦᠷᠴᠦ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠬᠤᠶᠠᠷ ᠤᠯᠠᠷᠢᠯ ᠳᠠᠷᠠᠭᠠᠯᠠᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ᠃ ᠰᠤᠭᠤᠴᠢᠨ ᠪᠠᠶᠢᠴᠠᠭᠠᠭᠠᠳ ᠣᠯᠵᠤ ᠮᠡᠳᠡᠭᠰᠡᠨ ᠨᠢ᠂ ᠮᠠᠨ ᠤ ᠣᠷᠣᠨ ᠤ 47.41% ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠪᠠᠶᠢᠩᠭᠤ ᠲᠣᠬᠢᠶᠠᠯᠳᠤᠳᠠᠭ ᠯᠠᠪᠯᠠᠭ᠎ᠠ ᠳᠤ 5 ᠠᠵᠢᠯᠯᠠᠬᠤ ᠡᠳᠦᠷ ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ 2021 ᠣᠨ ᠤ ᠳᠥᠷᠪᠡᠳᠦᠭᠡᠷ ᠤᠯᠠᠷᠢᠯ ᠤᠨ ᠬᠢ ᠠᠴᠠ 5.17 ᠵᠠᠭᠤᠨ ᠤ ᠨᠢᠭᠡᠴᠢ ᠳᠡᠭᠡᠭᠰᠢᠯᠡᠵᠦ᠂ ᠡᠭᠦᠨ ᠳᠤ 24 ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ 1 ᠠᠵᠢᠯᠯᠠᠬᠤ ᠡᠳᠦᠷ ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ ᠴᠢᠳᠠᠪᠠ᠃
︵ᠭᠤᠷᠪᠠ︶ 2022 ᠣᠨ ᠤ ᠨᠢᠭᠡᠳᠦᠭᠡᠷ ᠤᠯᠠᠷᠢᠯ ᠳᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠠᠴᠠ ᠨᠡᠶᠢᠲᠡ 2706 ᠶᠢ ᠰᠤᠭᠤᠴᠢᠨ ᠪᠠᠶᠢᠴᠠᠭᠠᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ 384 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠤ ᠴᠥᠮ ᠪᠠᠶᠢᠴᠠᠭᠠᠯᠲᠠ ᠬᠢᠵᠦ᠂ ᠡᠯ᠎ᠡ ᠠᠶᠢᠮᠠᠭ ᠤᠨ ᠬᠤᠲᠠ ᠶᠢᠨ ᠶᠠᠪᠤᠳᠠᠯ ᠤᠨ ᠰᠢᠨ᠎ᠡ ᠵᠠᠭᠤᠴᠢᠯᠠᠭᠤᠷ ᠢ 2322 ᠰᠤᠭᠤᠴᠢᠨ ᠪᠠᠶᠢᠴᠠᠭᠠᠵᠤ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 97.56% ᠳᠤ ᠬᠥᠷᠪᠡ︔ ᠬᠢᠷᠢ ᠲᠡᠩᠴᠡᠭᠰᠡᠨ ᠦᠭᠡᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ 66 ᠪᠠᠶᠢᠬᠤ ᠶᠢ ᠢᠯᠡᠷᠡᠭᠦᠯᠵᠦ᠂ ᠨᠢᠳᠤᠨᠤᠨ ᠤ ᠳᠥᠷᠪᠡᠳᠦᠭᠡᠷ ᠤᠯᠠᠷᠢᠯ ᠤᠨ ᠬᠢ ᠠᠴᠠ 4.14% ᠪᠠᠷ ᠳᠡᠭᠡᠭᠰᠢᠯᠡᠵᠡᠢ᠃ ᠪᠤᠭᠤᠲᠤ ᠬᠤᠳᠠ᠂ ᠬᠥᠯᠥᠨ ᠪᠤᠶᠢᠷ ᠬᠤᠳᠠ᠂ ᠬᠢᠩᠭᠠᠨ ᠠᠶᠢᠮᠠᠭ᠂ ᠤᠯᠠᠭᠠᠨᠬᠠᠳᠠ ᠬᠤᠳᠠ᠂ ᠣᠷᠳᠣᠰ ᠬᠤᠳᠠ᠂ ᠦᠬᠠᠢ ᠬᠤᠳᠠ᠂ ᠠᠯᠠᠱᠠ ᠠᠶᠢᠮᠠᠭ ᠵᠡᠷᠭᠡ ᠠᠶᠢᠮᠠᠭ ᠬᠤᠳᠠ ᠶᠢᠨ ᠬᠢᠷᠢ ᠲᠡᠩᠴᠡᠭᠰᠡᠨ ᠨᠤᠷᠮ᠎ᠠ ᠨᠢ ᠳᠤᠮᠳᠠᠴᠢ ᠲᠦᠪᠰᠢᠨ ᠠᠴᠠ ᠥᠨᠳᠥᠷ ᠪᠠᠶᠢᠵᠤ᠂ ᠬᠥᠬᠡᠬᠤᠲᠠ᠂ ᠪᠠᠶᠠᠨᠨᠠᠭᠤᠷ ᠬᠤᠳᠠ ᠶᠢᠨ ᠬᠢᠷᠢ ᠲᠡᠩᠴᠡᠭᠰᠡᠨ ᠨᠤᠷᠮ᠎ᠠ ᠨᠡᠯᠢᠶᠡᠳ ᠳᠣᠣᠷ᠎ᠠ ᠪᠠᠶᠢᠨ᠎ᠠ᠃
ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ
︵ᠨᠢᠭᠡ︶ ᠠᠵᠢᠯᠯᠠᠭᠤᠯᠬᠤ ᠪᠠᠲᠤᠯᠠᠬᠤ ᠴᠢᠳᠠᠪᠤᠷᠢ ᠵᠢᠴᠢ ᠴᠢᠳᠠᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠶᠢᠨ ᠡᠳᠦᠷ ᠲᠤᠲᠤᠮ ᠤᠨ ᠠᠵᠢᠯᠯᠠᠭᠤᠯᠵᠤ ᠪᠠᠲᠤᠯᠠᠬᠤ ᠬᠢᠨᠠᠯᠲᠠ ᠬᠠᠮᠢᠶᠠᠷᠤᠯᠲᠠ ᠨᠢ ᠬᠦᠷᠦᠯᠴᠡᠬᠦ ᠦᠭᠡᠢ᠂ ᠮᠡᠳᠡᠭᠡ ᠵᠠᠩᠭᠢ ᠨᠡᠶᠢᠲᠡᠯᠡᠵᠦ ᠬᠢᠨᠠᠨ ᠬᠠᠷᠭᠤᠭᠤᠯᠬᠤ ᠪᠠᠨ ᠴᠢᠩᠭ᠎ᠠ ᠠᠳᠬᠤᠭᠰᠠᠨ ᠦᠭᠡᠢ ᠪᠠᠶᠢᠳᠠᠭ᠂ ᠵᠢᠱᠢᠶᠡᠯᠡᠪᠡᠯ ︽ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︾ ︽ᠤᠳᠠ ᠶᠢᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶᠡᠨ ᠳᠤ ᠬᠦᠨᠳᠦ ᠨᠣᠴᠢᠲᠠᠢ ᠪᠤᠷᠤᠭᠤ ᠲᠣᠭᠠᠴᠢᠯᠲᠠ ᠣᠷᠣᠰᠢᠵᠤ ᠪᠠᠶᠢᠨ᠎ᠠ᠃ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠰᠢᠨᠡᠳᠬᠡᠭᠰᠡᠨ ᠦᠭᠡᠢ᠂ ᠬᠤᠭᠤᠰᠤᠨ ᠪᠣᠯᠤᠩ ᠦᠯᠡᠳᠡᠭᠡᠬᠦ ᠪᠠ ᠬᠤᠯᠪᠣᠭᠠᠰᠤ ᠨᠢ ᠬᠡᠷᠡᠭᠯᠡᠭᠳᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ︾ ︽ᠵᠦᠸᠧᠽᠢ ᠰᠢᠶᠠᠨ ᠤ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶᠡᠨ ᠳᠤ ᠣᠯᠠᠨ ᠬᠤᠭᠤᠰᠤᠨ ᠪᠤᠯᠤᠩ ᠣᠷᠣᠰᠢᠵᠤ ᠪᠠᠶᠢᠨ᠎ᠠ᠃ ᠵᠠᠰᠠᠭ ᠤᠨ ᠣᠷᠳᠣᠨ ᠤ ᠬᠡᠰᠡᠭ ᠰᠦᠯᠵᠢᠶ᠎ᠡ ᠨᠢ ᠰᠦᠯᠵᠢᠶᠡᠴᠢᠳ ᠤᠨ ᠬᠠᠯᠠᠮᠵᠢᠯᠠᠯ ᠳᠤ ᠴᠠᠭ ᠲᠤᠬᠠᠢ ᠳᠤ ᠨᠢ ᠬᠠᠷᠢᠭᠤ ᠥᠭᠭᠦᠭᠰᠡᠨ ᠦᠭᠡᠢ ᠪᠠᠶᠢᠳᠠᠭ᠂ ᠵᠢᠱᠢᠶᠡᠯᠡᠪᠡᠯ ︽ᠬᠤᠤᠯᠢᠩᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ︾ ᠰᠦᠯᠵᠢᠶ᠎ᠡ ᠨᠢ ᠰᠦᠯᠵᠢᠶᠡᠴᠢᠳ ᠤᠨ ᠦᠯᠡᠳᠡᠭᠡᠭᠰᠡᠨ ᠦᠭᠡᠨ ᠳᠤ ᠬᠠᠷᠢᠭᠤ ᠥᠭᠭᠦᠭᠰᠡᠨ ᠦᠭᠡᠢ 3 ᠰᠠᠷ᠎ᠠ ᠬᠡᠲᠦᠷᠡᠪᠡ᠃ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶᠡᠨ ᠳᠤ ᠲᠠᠪᠴᠠᠩ ᠤᠨ ᠦᠢᠯᠡᠴᠢᠯᠡᠭᠡᠨ ᠤ ᠡᠬᠢ ᠪᠠᠶᠠᠯᠢᠭ ᠢ ᠨᠡᠶᠢᠳᠬᠡᠬᠦ ᠡᠷᠴᠢᠮ ᠰᠤᠯᠠ᠂ ᠡᠷᠴᠢᠮᠵᠢᠭᠦᠯᠦᠭᠰᠡᠨ ᠬᠡᠮᠵᠢᠶ᠎ᠡ ᠨᠡᠯᠢᠶᠡᠳ ᠳᠣᠣᠷ᠎ᠠ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ︽ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶᠡᠨ ᠳᠠᠬᠢ ᠬᠠᠶᠢᠬᠤ ᠴᠢᠳᠠᠮᠵᠢ ᠶᠢᠨ ᠪᠦᠷᠬᠦᠴᠡ ᠨᠢ ᠪᠦᠷᠢᠨ ᠪᠤᠰᠤ᠂ ᠨᠢᠭᠡᠨᠲᠡ ᠨᠡᠶᠢᠲᠡᠯᠡᠭᠰᠡᠨ ᠬᠡᠰᠡᠭ ᠬᠠᠷᠢᠯᠴᠠᠨ ᠦᠢᠯᠡᠳᠦᠯᠴᠡᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠵᠡᠷᠭᠡ ᠮᠡᠳᠡᠭᠡ ᠵᠠᠩᠭᠢ ᠪᠤᠶᠤ ᠦᠢᠯᠡᠴᠢᠯᠡᠭᠡᠨ ᠤ ᠭᠠᠷᠴᠠᠭ ᠢ ᠪᠥᠬᠦ ᠥᠷᠲᠡᠭᠡ ᠶᠢᠨ ᠬᠠᠶᠢᠬᠤ ᠴᠢᠳᠠᠮᠵᠢ ᠪᠠᠷ ᠬᠠᠶᠢᠭᠠᠳ ᠣᠯᠣᠭᠰᠠᠨ ᠦᠭᠡᠢ᠃ ᠣᠨᠴᠠ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠰᠦᠯᠵᠢᠶᠡᠨ ᠤ ᠢᠯᠡᠳᠬᠡᠮᠵᠢ ᠶᠢ ᠵᠢᠷᠤᠮᠵᠢᠭᠤᠯᠤᠨ ᠪᠠᠶᠢᠷᠢᠯᠠᠭᠤᠯᠤᠭᠰᠠᠨ ᠦᠭᠡᠢ ᠪᠠᠶᠢᠳᠠᠭ᠂ ᠵᠢᠱᠢᠶᠡᠯᠡᠪᠡᠯ ︽ᠢᠦᠶᠢᠴᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠰᠦᠯᠵᠢᠶᠡᠨ ᠤ ᠬᠡᠰᠡᠭ ᠲᠤᠰᠬᠠᠢ ᠰᠡᠳᠦᠪᠲᠦ ᠨᠢᠭᠤᠷ ᠤᠨ ᠲᠡᠷᠢᠭᠦᠨ ᠬᠡᠰᠡᠭ ᠤᠨ ᠣᠷᠣᠨ ᠪᠠᠶᠢᠷᠢ ᠨᠢ ᠢᠯᠡᠷᠬᠡᠢ ᠪᠤᠰᠤ᠂ ᠰᠦᠯᠵᠢᠶᠡᠨ ᠤ ᠨᠡᠷᠡᠶᠢᠳᠦᠯ ᠢᠶᠠᠨ ᠵᠢᠷᠤᠮᠵᠢᠭᠤᠯᠤᠨ ᠢᠯᠡᠷᠡᠭᠦᠯᠦᠭᠰᠡᠨ ᠦᠭᠡᠢ᠂ ᠨᠢᠭᠤᠷ ᠤᠨ ᠳᠣᠣᠷ᠎ᠠ ᠬᠡᠰᠡᠭ ᠤᠨ ᠴᠢᠳᠠᠮᠵᠢᠲᠤ ᠣᠷᠣᠨ ᠳᠤ ᠰᠦᠯᠵᠢᠶᠡᠨ ᠤ ᠢᠯᠡᠳᠬᠡᠮᠵᠢ ᠶᠢ ᠵᠢᠷᠤᠮᠵᠢᠭᠤᠯᠤᠨ ᠨᠡᠮᠡᠭᠰᠡᠨ ᠦᠭᠡᠢ ᠪᠠ ︽ᠵᠠᠰᠠᠭ ᠤᠨ ᠣᠷᠳᠣᠨ ᠤ ᠰᠦᠯᠵᠢᠶᠡᠨ ᠤ ᠪᠤᠷᠤᠭᠤ ᠶᠢ ᠪᠢ ᠣᠯᠵᠤ ᠥᠭᠬᠦ︾ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠤᠨ ᠣᠷᠤᠴᠠ ᠶᠢ ᠵᠢᠷᠤᠮᠵᠢᠭᠤᠯᠤᠨ ᠨᠡᠮᠡᠭᠰᠡᠨ ᠦᠭᠡᠢ ᠪᠠᠶᠢᠨ᠎ᠠ᠃
︵ᠬᠤᠶᠠᠷ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠡᠶᠢᠲᠡᠯᠡᠬᠦ ᠳᠤ ᠵᠢᠷᠤᠮᠵᠢᠯ ᠤᠨ ᠴᠢᠨᠠᠷ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠬᠡᠰᠡᠭ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠶᠢ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠭᠰᠡᠨ ᠦᠭᠡᠢ᠂ ᠣᠨᠣᠪᠴᠢᠲᠠᠶ ᠨᠡᠶᠢᠲᠡᠯᠡᠭᠰᠡᠨ ᠦᠭᠡᠢ᠂ ᠣᠨ ᠤ ᠮᠡᠳᠡᠭᠦᠯᠦᠯᠲᠡ ᠶᠢᠨ ᠠᠭᠤᠯᠭ᠎ᠠ ᠨᠢ ᠪᠦᠷ ᠠᠳᠠᠯᠢ ᠪᠠᠶᠢᠨ᠎ᠠ᠂ ᠵᠢᠱᠢᠶᠡᠯᠡᠪᠡᠯ ︽ᠰᠢᠯᠢ ᠶᠢᠨ ᠭᠤᠣᠯ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ︾ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠪᠠᠨ ᠨᠡᠶᠢᠲᠡᠯᠡᠭᠰᠡᠨ ᠬᠤᠭᠤᠴᠠᠭ᠎ᠠ ᠨᠢ ᠬᠡᠲᠦᠷᠡᠪᠡ︔ ︽ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ︾ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠳᠠᠬᠢ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ︾ ᠨᠢ ᠳᠡᠭᠡᠷ᠎ᠡ ᠨᠢᠭᠡ ᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠲᠠᠢ ᠵᠣᠯᠭᠠᠭᠤᠯᠤᠭᠰᠠᠨ ᠨᠢ ᠣᠨᠣᠪᠴᠢ ᠦᠭᠡᠢ ᠪᠠᠶᠢᠨ᠎ᠠ᠃ ᠬᠡᠰᠡᠭ ᠨᠢᠭᠡᠴᠢ ᠶᠢᠨ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠠᠭᠤᠯᠭ᠎ᠠ ᠨᠢ ᠵᠢᠷᠤᠮᠵᠢᠯ ᠦᠭᠡᠢ ᠪᠠᠶᠢᠨ᠎ᠠ᠂ ᠵᠢᠱᠢᠶᠡᠯᠡᠪᠡᠯ ︽ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ︽ᠪᠠᠶᠠᠨᠨᠠᠭᠤᠷ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︾ ᠶᠢᠨ ᠣᠨ ᠤ ᠮᠡᠳᠡᠭᠦᠯᠦᠯᠲᠡ ᠳᠠᠬᠢ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠢᠳᠪᠦᠷᠢᠯᠡᠭᠰᠡᠨ ᠪᠠᠶᠢᠳᠠᠯ︾ ᠪᠠ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠪᠠᠶᠢᠳᠠᠯ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ︾ ᠤᠨ ᠬᠦᠰᠦᠨᠦᠭᠲᠦ ᠳᠤ ᠶᠡᠭᠡ ᠬᠡᠮᠵᠢᠶᠡᠨ ᠤ ᠬᠤᠭᠤᠰᠤᠨ ᠵᠠᠢ ᠦᠯᠡᠳᠡᠭᠡᠵᠦ᠃ ᠲᠤᠭ᠎ᠠ ᠬᠡᠮᠵᠢᠶ᠎ᠡ ᠨᠢ ᠲᠡᠭ ᠪᠠᠶᠢᠬᠤ ᠵᠦᠢᠯᠡᠰ ᠢ ᠲᠠᠭᠯᠠᠭᠰᠠᠨ ᠦᠭᠡᠢ ᠪᠠᠶᠢᠳᠠᠭ᠂ ᠬᠡᠰᠡᠭ ᠨᠢᠭᠡᠴᠢ ᠶᠢᠨ ᠣᠨ ᠤ ᠮᠡᠳᠡᠭᠦᠯᠦᠯᠲᠡ ᠳᠤ ᠵᠢᠭᠰᠠᠭᠠᠭᠰᠠᠨ ︽ᠮᠡᠳᠡᠭᠦᠯᠬᠦ ᠴᠢᠬᠤᠯᠠᠲᠠᠢ ᠪᠤᠰᠤᠳ ᠵᠦᠢᠯᠡᠰ︾ ᠲᠤ ᠮᠡᠳᠡᠭᠡ ᠵᠠᠩᠭᠢ ᠰᠢᠢᠳᠪᠦᠷᠢᠯᠡᠬᠦ ᠰᠦᠢᠳᠬᠡᠯ ᠬᠤᠷᠢᠶᠠᠭᠰᠠᠨ ᠪᠠᠶᠢᠳᠠᠯ ᠢᠶᠠᠨ ᠬᠠᠩᠭᠠᠭᠰᠠᠨ ᠦᠭᠡᠢ ᠪᠠᠶᠢᠳᠠᠭ᠃ ᠣᠨᠴᠠ ᠵᠠᠷᠢᠮ ᠰᠠᠯᠠᠭ᠎ᠠ ᠮᠥᠴᠢᠷ ᠤᠨ ᠨᠡᠶᠢᠲᠡᠯᠡᠭᠰᠡᠨ ᠣᠨ ᠤ ᠮᠡᠳᠡᠭᠦᠯᠦᠯᠲᠡ ᠨᠢ ᠳᠡᠭᠡᠷ᠎ᠡ ᠵᠢᠯ ᠤᠨ ᠮᠡᠳᠡᠭᠦᠯᠦᠯᠲᠡ ᠯᠦᠭᠡ ᠨᠡᠯᠢᠶᠡᠳ ᠠᠳᠠᠯᠢ ᠪᠠᠶᠢᠨ᠎ᠠ᠂ ᠵᠢᠱᠢᠶᠡᠯᠡᠪᠡᠯ ︽ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ 2021 ᠣᠨ ᠤ ᠮᠡᠳᠡᠭᠦᠯᠦᠯᠲᠡ ᠳᠤ᠂ ᠲᠠᠪᠤᠳᠤᠭᠠᠷ ᠬᠡᠰᠡᠭ ᠤᠨ ᠠᠭᠤᠯᠭ᠎ᠠ ᠨᠢ ᠳᠡᠭᠡᠷ᠎ᠡ ᠵᠢᠯ ᠤᠨ ᠮᠡᠳᠡᠭᠦᠯᠦᠯᠲᠡ ᠶᠢᠨ ᠠᠭᠤᠯᠭ᠎ᠠ ᠶᠢ ᠲᠡᠷᠡ ᠬᠡᠪ ᠢᠶᠠᠷ ᠨᠢ ᠬᠠᠭᠤᠯᠤᠭᠰᠠᠨ ᠠᠰᠠᠭᠤᠳᠠᠯ ᠣᠷᠣᠰᠢᠵᠤ᠂ ᠨᠡᠶᠢᠲᠡᠯᠡᠵᠦ ᠬᠢᠨᠠᠨ ᠬᠠᠷᠭᠤᠭᠤᠯᠬᠤ ᠶᠢ ᠴᠢᠩᠭ᠎ᠠ ᠠᠳᠬᠤᠭᠰᠠᠨ ᠦᠭᠡᠢ ᠪᠠᠶᠢᠳᠠᠭ᠃
︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠰᠤᠭᠤᠴᠢᠨ ᠪᠠᠶᠢᠴᠠᠭᠠᠯᠲᠠ ᠪᠠᠷ ᠣᠯᠵᠤ ᠮᠡᠳᠡᠭᠰᠡᠨ ᠢᠶᠠᠷ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠤᠨ ᠠᠭᠤᠯᠭ᠎ᠠ ᠪᠠᠨ ᠣᠷᠳᠣ ᠬᠤᠭᠤᠴᠠᠭ᠎ᠠ ᠪᠠᠷ ᠰᠢᠨᠡᠳᠬᠡᠭᠰᠡᠨ ᠦᠭᠡᠢ᠂ ᠶᠡᠭᠡ ᠬᠡᠮᠵᠢᠶᠡᠨ ᠤ ︽ᠦᠬᠦᠮᠡᠯ︾ ᠲᠠᠩᠰᠠᠨ ᠳ᠋ᠤᠭᠠᠷ ᠣᠷᠣᠰᠢᠵᠤ ᠪᠠᠶᠢᠨ᠎ᠠ᠃ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽ᠬᠠᠩᠭᠢᠨ ᠬᠤᠶᠢᠲᠤ ᠬᠤᠰᠢᠭᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ︾᠂ ᠰᠢᠨ ᠯᠠᠩ ᠪᠢᠴᠢᠯ ᠪᠯᠤᠭ ᠤᠨ ︽ᠲᠣᠭᠲᠠᠬᠤ ᠶᠢᠨ ᠴᠠᠭᠳᠠᠭᠠᠨ ᠤ ᠶᠠᠪᠤᠳᠠᠯ︾᠂ ᠥᠨᠥᠳᠥᠷ ᠤᠨ ᠲᠡᠷᠢᠭᠦᠨ ᠵᠤᠷᠪᠤᠰ ︽ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠲᠠᠩᠰᠠᠨ ᠳ᠋ᠤᠭᠠᠷ ᠢᠶᠠᠨ ᠴᠥᠮ ᠣᠷᠳᠣ ᠬᠤᠭᠤᠴᠠᠭ᠎ᠠ ᠪᠠᠷ ᠰᠢᠨᠡᠳᠬᠡᠭᠰᠡᠨ ᠦᠭᠡᠢ ᠪᠠᠶᠢᠨ᠎ᠠ᠃ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠣᠳᠠᠲᠠᠶᠢᠵᠢᠭᠤᠯᠤᠭᠰᠠᠨ ᠦᠭᠡᠢ᠂ ᠦᠢᠯᠡᠳᠦᠯᠴᠡᠯ ᠤᠨ ᠴᠢᠳᠠᠮᠵᠢ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ ᠪᠠᠶᠢᠨ᠎ᠠ᠂ ᠵᠢᠱᠢᠶᠡᠯᠡᠪᠡᠯ ᠸᠢᠴᠠᠲ ᠤᠨ ᠨᠡᠶᠢᠲᠡ ᠶᠢᠨ ᠳ᠋ᠤᠭᠠᠷ ︽WLHD ᠦᠢᠯᠡᠴᠢᠯᠡᠭᠡᠨ ᠤ ᠲᠠᠪᠴᠠᠩ︾᠂ ︽ᠥᠨᠥᠳᠥᠷ ᠤᠨ ᠭᠠᠭ᠋ᠠᠶᠢᠲᠤ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠪᠦᠲᠦᠮᠵᠢᠲᠡᠶ ᠦᠢᠯᠡᠳᠦᠯᠴᠡᠬᠦ ᠴᠢᠳᠠᠮᠵᠢ ᠬᠠᠩᠭᠠᠭᠰᠠᠨ ᠦᠭᠡᠢ ᠪᠠᠶᠢᠳᠠᠭ᠃
ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠰᠠᠨᠠᠭᠤᠯᠭ᠎ᠠ
︵ᠨᠢᠭᠡ︶ ᠡᠳᠦᠷ ᠲᠤᠲᠤᠮ ᠤᠨ ᠠᠵᠢᠯᠯᠠᠭᠤᠯᠬᠤ ᠪᠠᠲᠤᠯᠠᠬᠤ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠳ ︽ᠱᠠᠲᠤ ᠬᠤᠪᠢᠶᠠᠨ ᠬᠢᠨᠠᠨ ᠬᠠᠷᠭᠤᠭᠤᠯᠬᠤ᠂ ᠤᠷᠢᠳ ᠢᠶᠠᠷ ᠬᠢᠨᠠᠵᠤ ᠳᠠᠷᠠᠭ᠎ᠠ ᠨᠢ ᠲᠠᠷᠬᠠᠭᠠᠬᠤ︾ ᠵᠠᠷᠴᠢᠮ ᠢ ᠴᠢᠩᠭ᠎ᠠ ᠵᠢᠷᠤᠮᠯᠠᠨ᠂ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠠᠵᠢᠯ ᠢᠶᠠᠨ ᠦᠨᠡᠨ ᠬᠦ ᠰᠠᠶᠢᠲᠤᠷ ᠬᠢᠵᠦ᠂ ᠮᠡᠳᠡᠭᠡ ᠵᠠᠩᠭᠢ ᠨᠡᠶᠢᠲᠡᠯᠡᠬᠦ ᠶᠢᠨ ᠠᠮᠤᠷ ᠲᠦᠪᠰᠢᠨ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠴᠠᠭᠴᠢ ᠴᠢᠨᠠᠷ ᠪᠠ ᠡᠷᠬᠡ ᠰᠦᠷᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠨᠲᠡ ᠵᠠᠷᠯᠠᠨ ᠮᠡᠳᠡᠭᠳᠡᠭᠰᠡᠨ ᠭᠤᠣᠯᠳᠠᠯᠭ᠎ᠠ ᠲᠠᠢ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠪᠡᠷᠲᠡᠭᠡᠨ ᠪᠠᠶᠢᠴᠠᠭᠠᠵᠤ᠂ ᠪᠤᠷᠤᠭᠤᠳᠠᠭᠰᠠᠨ ᠪᠠ ᠣᠷᠬᠢᠭᠳᠠᠭᠤᠯᠤᠭᠰᠠᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠣᠯᠵᠤ ᠮᠡᠳᠡᠨ ᠵᠠᠯᠠᠷᠠᠭᠤᠯᠵᠤ᠂ ᠴᠠᠭ ᠲᠤᠬᠠᠢ ᠳᠤ ᠨᠢ ᠰᠢᠨᠡᠳᠬᠡᠭᠰᠡᠨ ᠦᠭᠡᠢ᠂ ᠬᠤᠭᠤᠰᠤᠨ ᠪᠤᠯᠤᠩ ᠦᠯᠡᠳᠡᠭᠡᠬᠦ ᠪᠠ ᠬᠦᠨᠳᠦ ᠨᠣᠴᠢᠲᠠᠢ ᠪᠤᠷᠤᠭᠤ ᠲᠣᠭᠠᠴᠢᠬᠤ ᠵᠡᠷᠭᠡ ᠠᠰᠠᠭᠤᠳᠠᠯ ᠭᠠᠷᠬᠤ ᠠᠴᠠ ᠡᠷᠡᠰ ᠵᠠᠶᠢᠯᠠᠰᠬᠢᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠡᠭᠡᠭᠡᠬᠦ᠂ ᠡᠮᠬᠢᠯᠡᠨ ᠨᠡᠶᠢᠯᠡᠭᠦᠯᠬᠦ᠂ ᠬᠠᠭᠠᠵᠤ ᠵᠣᠭᠰᠤᠭᠠᠬᠤ ᠵᠡᠷᠭᠡ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯᠢ ᠨᠢᠭᠡᠨ ᠨᠢᠭᠡᠴᠢ ᠠᠳᠠᠯᠢ ᠨᠢ ᠨᠢᠭᠡᠨ ᠲᠠᠪᠴᠠᠩ ᠳᠤ ᠣᠯᠠᠨ ᠲᠠᠩᠰᠠᠨ ᠳ᠋ᠤᠭᠠᠷ ᠭᠠᠷᠭᠠᠬᠤ ᠦᠭᠡᠢ᠂ ᠡᠰᠡᠬᠦᠯ᠎ᠡ ᠠᠳᠠᠯᠢ ᠪᠤᠰᠤ ᠲᠠᠪᠴᠠᠩ ᠳᠤ ᠴᠢᠳᠠᠮᠵᠢ ᠪᠠᠷ ᠠᠳᠠᠯᠢᠪᠲᠤᠷ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠨᠡᠭᠡᠭᠡᠬᠦ ᠪᠠᠶᠢᠵᠤ᠂ ᠬᠡᠷᠡᠭᠯᠡᠭᠴᠢ ᠶᠢᠨ ᠠᠩᠬᠠᠷᠬᠤ ᠬᠡᠮᠵᠢᠶ᠎ᠡ ᠪᠠᠷ ᠳᠣᠣᠷ᠎ᠠ ᠪᠠ ᠠᠰᠢᠭᠯᠠᠯᠲᠠ ᠶᠢᠨ ᠨᠣᠷᠮ᠎ᠠ ᠪᠠᠷ ᠥᠨᠳᠥᠷ ᠪᠤᠰᠤ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠦᠨᠡᠨ ᠬᠦ ᠬᠠᠮᠠᠭᠠᠯᠠᠬᠤ ᠴᠢᠳᠠᠯ ᠦᠭᠡᠢ ᠪᠣᠯ ᠡᠷᠡᠰ ᠬᠦᠴᠦᠨ ᠦᠭᠡᠢ ᠪᠣᠯᠭᠠᠵᠤ ᠬᠠᠭᠠᠵᠤ ᠵᠣᠭᠰᠤᠭᠠᠬᠤ ᠬᠡᠷᠡᠭᠲᠡᠢ᠃
︵ᠬᠤᠶᠠᠷ︶ ᠠᠭᠤᠯᠭ᠎ᠠ ᠵᠢᠴᠢ ᠴᠢᠳᠠᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠰᠦᠯᠵᠢᠶᠡᠨ ᠤ ᠡᠷᠴᠢᠮᠵᠢᠭᠦᠯᠬᠦ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ᠰᠦᠯᠵᠢᠶᠡᠨ ᠤ ᠪᠤᠯᠤᠩ ᠪᠠᠶᠢᠷᠢᠯᠠᠭᠤᠯᠬᠤ ᠵᠢᠴᠢ ᠰᠦᠯᠵᠢᠶᠡᠨ ᠤ ᠨᠢᠭᠤᠷ ᠢ ᠵᠢᠷᠤᠵᠤ ᠲᠥᠯᠥᠪᠯᠡᠬᠦ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠨᠢᠭᠡᠳᠦᠯᠲᠡᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠳᠤ ᠲᠦᠰᠢᠭᠯᠡᠨ᠂ ᠨᠢᠭᠡᠳᠦᠯᠲᠡᠢ ᠵᠠᠰᠠᠭ ᠤᠨ ᠣᠷᠳᠣᠨ ᠤ ᠰᠦᠯᠵᠢᠶᠡᠨ ᠤ ᠴᠢᠳᠠᠮᠵᠢ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠪᠠᠶᠢᠭᠤᠯᠵᠤ᠂ ᠪᠠᠷᠢᠮᠵᠢᠶ᠎ᠠ ᠨᠢ ᠨᠢᠭᠡᠳᠦᠯᠲᠡᠢ᠂ ᠲᠤᠭ᠎ᠠ ᠪᠠᠷᠢᠮᠲᠠ ᠨᠢ ᠢᠵᠢᠯᠢ ᠢᠷᠡᠯᠲᠡ ᠲᠠᠢ ᠬᠡᠷᠡᠭᠯᠡᠭᠡᠨ ᠤ ᠦᠢᠯᠡᠴᠢᠯᠡᠭᠡ ᠶᠢ ᠬᠠᠩᠭᠠᠵᠤ᠂ ᠮᠡᠳᠡᠭᠡ ᠵᠠᠩᠭᠢ ᠨᠡᠶᠢᠲᠡᠯᠡᠬᠦ᠂ ᠲᠠᠶᠢᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ᠂ ᠰᠣᠯᠢᠯᠴᠠᠬᠤ ᠵᠡᠷᠭᠡ ᠴᠢᠳᠠᠮᠵᠢ ᠶᠢᠨ ᠡᠷᠴᠢᠮᠵᠢᠭᠦᠯᠦᠯᠲᠡ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠳ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠤᠨ ᠬᠦᠴᠦᠨ ᠤ ᠲᠣᠬᠢᠷᠠᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠰᠡᠷᠭᠡᠭ ᠮᠡᠳᠡᠭᠡ ᠵᠠᠩᠭᠢ ᠶᠢ ᠡᠳᠦᠷ ᠪᠦᠷᠢ ᠰᠢᠷᠪᠢᠵᠦ ᠰᠤᠭᠤᠴᠢᠨ ᠪᠠᠶᠢᠴᠠᠭᠠᠵᠤ᠂ ᠠᠰᠠᠭᠤᠳᠠᠯ ᠪᠠᠶᠢᠪᠠᠯ ᠴᠠᠭ ᠲᠤᠬᠠᠢ ᠳᠤ ᠨᠢ ᠰᠢᠢᠳᠪᠦᠷᠢᠯᠡᠬᠦ ᠬᠡᠷᠡᠭᠲᠡᠢ᠃
︵ᠭᠤᠷᠪᠠ︶ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ ᠪᠣᠳᠠᠲᠤ ᠴᠣᠭᠴᠠᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠮᠡᠳᠡᠭᠡ ᠵᠠᠩᠭᠢ ᠲᠤᠭ᠎ᠠ ᠪᠠᠷᠢᠮᠲᠠ ᠶᠢ ᠬᠠᠷᠢᠯᠴᠠᠨ ᠬᠤᠯᠪᠣᠭᠠᠯᠠᠵᠤ ᠬᠠᠮᠲᠤ ᠳᠤ ᠪᠠᠨ ᠬᠦᠷᠲᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠩ ᠣᠯᠠᠨ ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠪᠣᠯᠭᠠᠬᠤ ᠶᠢ ᠠᠬᠢᠭᠤᠯᠬᠤ ᠬᠡᠷᠡᠭᠲᠡᠢ᠃ ᠵᠠᠰᠠᠭ ᠠᠷᠠᠳ ᠤᠨ ᠬᠠᠷᠢᠯᠴᠠᠨ ᠦᠢᠯᠡᠳᠦᠯᠴᠡᠬᠦ ᠴᠢᠳᠠᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠬᠦᠴᠦ ᠪᠠᠨ ᠬᠠᠮᠲᠤᠳᠬᠠᠵᠤ᠂ ᠬᠠᠷᠢᠯᠴᠠᠨ ᠦᠢᠯᠡᠳᠦᠯᠴᠡᠵᠦ ᠬᠠᠷᠢᠭᠤ ᠥᠭᠬᠦ ᠠᠷᠭ᠎ᠠ ᠵᠠᠮ ᠢ ᠤᠯᠠᠮ ᠨᠢᠭᠡ ᠠᠯᠬᠤᠮ ᠴᠢᠯᠦᠭᠡᠲᠡᠢ ᠨᠡᠭᠡᠭᠡᠵᠦ᠂ ᠰᠦᠯᠵᠢᠶᠡᠴᠢᠳ ᠤᠨ ᠦᠯᠡᠳᠡᠭᠡᠭᠰᠡᠨ ᠦᠭᠡ ᠶᠢ ᠬᠢᠨᠠᠨ ᠦᠵᠡᠬᠦ᠂ ᠰᠢᠢᠳᠪᠦᠷᠢᠯᠡᠬᠦ ᠪᠠ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠰᠠᠭᠤᠵᠤ ᠯᠠᠪᠯᠠᠬᠤ ᠳᠤ ᠬᠠᠷᠢᠭᠤᠯᠲᠠ ᠥᠭᠬᠦ ᠬᠥᠮᠥᠷᠭᠡ ᠶᠢ ᠨᠢᠭᠡᠳᠦᠯᠲᠡᠢ᠂ ᠡᠷᠬᠡ ᠰᠦᠷ ᠲᠠᠢ᠂ ᠪᠥᠬᠦ ᠲᠠᠯ᠎ᠠ ᠪᠠᠷ ᠪᠠᠶᠢᠭᠤᠯᠤᠨ᠂ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠷᠢᠯᠴᠠᠨ ᠦᠢᠯᠡᠳᠦᠯᠴᠡᠵᠦ ᠬᠠᠷᠢᠭᠤ ᠥᠭᠬᠦ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃
2022 ᠣᠨ ᠤ ᠨᠢᠭᠡᠳᠦᠭᠡᠷ ᠤᠯᠠᠷᠢᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠭᠤᠴᠢᠨ ᠪᠠᠶᠢᠴᠠᠭᠠᠯᠲᠠ ᠳᠤ ᠠᠰᠠᠭᠤᠳᠠᠯ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ ᠤᠨ ᠣᠷᠳᠣᠨ ᠤ ᠰᠦᠯᠵᠢᠶ᠎ᠡ ᠵᠢᠴᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠲᠣᠰ ᠮᠡᠳᠡᠭᠡᠯᠡᠯ ᠢ ᠳᠣᠷᠣᠭᠰᠢ ᠲᠠᠷᠬᠠᠭᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠮᠡᠳᠡᠭᠦᠯᠦᠭᠡᠷᠡᠢ᠃
ᠳᠠᠭᠠᠯᠳᠤᠭᠤᠯᠤᠯ᠄1. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ
2. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠳᠠᠯ
3. ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ