2022 ᠣᠨ ᠤ ᠬᠤᠶᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠪᠴᠢᠶᠠᠨ ᠤ ᠵᠠᠷᠯᠠᠯ
ᠨᠡᠶᠢᠲᠡᠯᠡᠭᠰᠡᠨ ᠴᠠᠭ᠄
2022/7/6

      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠶᠢᠨ ᠠᠯᠪᠠᠨ ᠭᠡᠷ ᠲᠤ᠄

      ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠪᠠᠶᠢᠴᠠᠭᠠᠬᠤ ᠭᠦᠢᠴᠡᠳᠬᠡᠯ ᠲᠤᠭ᠎ᠠ᠂ ᠬᠢᠨᠠᠨ ᠬᠠᠮᠢᠶᠠᠷᠬᠤ ᠠᠵᠢᠯ ᠤᠨ ᠣᠨ ᠤ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠨᠠᠷᠢᠨ ᠪᠢᠴᠢᠭ ᠤᠨ ᠲᠣᠪᠴᠢᠶ᠎ᠠ ᠶᠢᠨ ᠮᠡᠳᠡᠭᠳᠡᠯ︾ ︵ᠲᠥᠷᠥ ᠠᠯᠪᠠᠨ ᠲᠢᠩᠬᠢᠮ ᠤᠨ ᠨᠢᠭᠤᠴᠠ ᠵᠠᠬᠢᠳᠠᠯ ﹇2019﹈ 19 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ︽ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2021﹈ 45 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ 2022 ᠣᠨ ᠤ ᠬᠤᠶᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠂ ᠡᠳᠦᠭᠡ ᠬᠤᠯᠪᠣᠭᠳᠠᠯ ᠪᠦᠬᠦᠢ ᠪᠠᠶᠢᠳᠠᠯ ᠢ ᠳᠣᠣᠷᠠᠬᠢ ᠮᠡᠲᠦ ᠮᠡᠳᠡᠭᠳᠡᠪᠡ᠄

      ᠨᠢᠭᠡ᠂ ᠶᠡᠷᠦᠩᠬᠡᠢ ᠪᠠᠶᠢᠳᠠᠯ

      2022 ᠣᠨ ᠤ ᠬᠤᠶᠠᠳᠤᠭᠠᠷ ᠤᠯᠠᠷᠢᠯ ᠳᠤ᠂ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ ᠪᠣᠯᠣᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠢᠯ ᠤᠨ ᠬᠢᠷᠢ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠨᠢᠭᠡᠳᠦᠭᠡᠷ ᠤᠯᠠᠷᠢᠯ ᠳᠤ ᠵᠠᠷᠯᠠᠨ ᠮᠡᠳᠡᠭᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠵᠦ᠂ 48.28% ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠨᠢ ᠪᠠᠶᠢᠩᠭᠤ ᠲᠣᠬᠢᠶᠠᠯᠳᠤᠬᠤ ᠠᠰᠠᠭᠤᠨ ᠯᠠᠪᠯᠠᠭ᠎ᠠ ᠳᠤ 5 ᠠᠵᠢᠯᠯᠠᠬᠤ ᠡᠳᠦᠷ ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ ᠡᠭᠦᠨ ᠳᠤ ᠵᠠᠰᠠᠭ ᠤᠨ ᠣᠷᠳᠣᠨ ᠤ 25 ᠫᠤᠷᠲ᠋ᠧᠯ ᠰᠦᠯᠵᠢᠶ᠎ᠡ ᠨᠢ 1 ᠠᠵᠢᠯᠯᠠᠬᠤ ᠡᠳᠦᠷ ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠬᠦ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃

      ︵ᠨᠢᠭᠡ︶ 2022 ᠣᠨ ᠤ ᠨᠢᠭᠡᠳᠦᠭᠡᠷ ᠤᠯᠠᠷᠢᠯ ᠳᠤ ᠵᠠᠷᠯᠠᠨ ᠮᠡᠳᠡᠭᠡᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ᠃ ᠳᠠᠬᠢᠨ ᠪᠠᠶᠢᠴᠠᠭᠠᠬᠤ ᠪᠠᠷ ᠳᠠᠮᠵᠢᠭᠠᠳ᠂ 2022 ᠣᠨ ᠤ ᠨᠢᠭᠡᠳᠦᠭᠡᠷ ᠤᠯᠠᠷᠢᠯ ᠤᠨ ᠪᠠᠶᠢᠴᠠᠭᠠᠯᠲᠠ ᠳᠤ ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠢ 15 ᠵᠠᠰᠠᠭ ᠤᠨ ᠣᠷᠳᠣᠨ ᠤ ᠰᠦᠯᠵᠢᠶ᠎ᠡ ᠪᠠ ᠬᠢᠷᠢ ᠲᠡᠩᠴᠡᠭᠰᠡᠨ ᠦᠭᠡᠢ 66 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷ᠎ᠠ᠂ ︽ᠬᠤᠩᠭᠤᠷ ᠪᠠᠯᠭᠠᠰᠤ︾᠂ ︽ᠬᠤᠩᠮᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︾᠂ ︽ᠰᠥᠨᠢᠳ ᠵᠡᠭᠦᠨ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ︾ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ᠃

      ︵ᠬᠤᠶᠠᠷ︶ 2022 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠣᠷᠳᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠥᠬᠦ ᠣᠷᠣᠨ ᠤ ᠠᠵᠢᠯᠯᠠᠭᠤᠯᠵᠤ ᠪᠠᠶᠢᠭ᠎ᠠ 546 ᠵᠠᠰᠠᠭ ᠤᠨ ᠣᠷᠳᠣᠨ ᠤ ᠰᠦᠯᠵᠢᠶ᠎ᠡ ᠠᠴᠠ 294 ᠶᠢ ᠰᠤᠭᠤᠴᠢᠨ ᠪᠠᠶᠢᠴᠠᠭᠠᠪᠠ᠃ ᠰᠤᠭᠤᠴᠢᠨ ᠪᠠᠶᠢᠴᠠᠭᠠᠭᠰᠠᠨ ᠳ᠋ᠦᠩ ᠠᠴᠠ ᠦᠵᠡᠪᠡᠯ᠂ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠭ᠎ᠠ ᠵᠠᠰᠠᠭ ᠤᠨ ᠣᠷᠳᠣᠨ ᠤ ᠰᠦᠯᠵᠢᠶ᠎ᠡ 17 ᠪᠠᠶᠢᠵᠤ᠂ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 94.22% ᠲᠤ ᠬᠦᠷᠴᠦ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠰᠦᠯᠵᠢᠶ᠎ᠡ ᠶᠢᠨ ᠰᠤᠭᠤᠴᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠨᠣᠷᠮ᠎ᠠ ᠨᠢ 100% ᠳᠤ ᠬᠥᠷᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ︾ ᠪᠣᠯᠣᠨ ︽ᠤᠳᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠭᠡᠬᠦ ᠬᠤᠶᠠᠷ ᠰᠦᠯᠵᠢᠶ᠎ᠡ ᠶᠢ ᠬᠤᠶᠠᠷ ᠤᠯᠠᠷᠢᠯ ᠳᠠᠷᠠᠭᠠᠯᠠᠨ ᠰᠤᠭᠤᠴᠢᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ᠃

      ︵ᠭᠤᠷᠪᠠ︶ 2022 ᠣᠨ ᠤ ᠬᠤᠶᠠᠳᠤᠭᠠᠷ ᠤᠯᠠᠷᠢᠯ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠥᠬᠦ ᠣᠷᠣᠨ ᠤ 5928 ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠳᠣᠲᠣᠷ᠎ᠠ ᠠᠴᠠ 2681 ᠶᠢ ᠰᠤᠭᠤᠴᠢᠨ ᠪᠠᠶᠢᠴᠠᠭᠠᠪᠠ᠃ ᠰᠤᠭᠤᠴᠢᠨ ᠪᠠᠶᠢᠴᠠᠭᠠᠭᠰᠠᠨ ᠳ᠋ᠦᠩ ᠤᠨ ᠢᠯᠡᠷᠡᠭᠦᠯᠦᠭᠰᠡᠨ ᠢᠶᠠᠷ᠂ ᠬᠢᠷᠢ ᠲᠡᠩᠴᠡᠭᠰᠡᠨ ᠦᠭᠡᠢ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ 28 ᠪᠠᠶᠢᠵᠤ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ ᠨᠢ 98.96% ᠳᠤ ᠬᠦᠷᠴᠦ᠂ ᠨᠢᠭᠡᠳᠦᠭᠡᠷ ᠤᠯᠠᠷᠢᠯ ᠤᠨ ᠬᠢ ᠠᠴᠠ 1.4% ᠪᠠᠷ ᠳᠡᠭᠡᠭᠰᠢᠯᠡᠵᠡᠢ᠃ ᠡᠭᠦᠨ ᠳᠤ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠣᠷᠳᠣᠰ ᠬᠤᠲᠠ᠂ ᠦᠬᠠᠢ ᠬᠤᠲᠠ᠂ ᠠᠯᠠᠱᠠ ᠠᠶᠢᠮᠠᠭ᠂ ᠪᠠᠶᠠᠨᠨᠠᠭᠤᠷ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠠᠶᠢᠮᠠᠭ ᠬᠤᠲᠠ ᠶᠢᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠢᠷᠢ ᠲᠡᠩᠴᠡᠭᠰᠡᠨ ᠨᠣᠷᠮ᠎ᠠ ᠨᠢ ᠶᠡᠷᠦᠩᠬᠡᠢ ᠬᠢᠷᠢ ᠲᠡᠩᠴᠡᠭᠰᠡᠨ ᠨᠣᠷᠮ᠎ᠠ ᠠᠴᠠ ᠥᠨᠳᠥᠷ ᠪᠠᠶᠢᠨ᠎ᠠ᠃

      ᠬᠤᠶᠠᠷ᠂ ᠣᠷᠣᠰᠢᠵᠤ ᠪᠠᠶᠢᠭ᠎ᠠ ᠭᠤᠣᠯ ᠠᠰᠠᠭᠤᠳᠠᠯ

      ︵ᠨᠢᠭᠡ︶ ᠠᠭᠤᠯᠭ᠎ᠠ ᠶᠢ ᠪᠠᠲᠤᠯᠠᠬᠤ ᠴᠢᠳᠠᠪᠤᠷᠢ ᠪᠠ ᠴᠢᠳᠠᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢᠶᠠᠨ ᠮᠥᠨ ᠬᠦ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠣᠯᠠᠨᠲᠠ ᠴᠢᠬᠤᠯᠠᠴᠢᠯᠠᠭᠰᠠᠨ ᠪᠠᠶᠢᠳᠠᠯ ᠳᠣᠣᠷ᠎ᠠ᠂ ᠲᠣᠰ ᠤᠯᠠᠷᠢᠯ ᠳᠤ ᠣᠨᠴᠠ ᠵᠠᠷᠢᠮ ᠵᠠᠰᠠᠭ ᠤᠨ ᠣᠷᠳᠣᠨ ᠤ ᠰᠦᠯᠵᠢᠶ᠎ᠡ ᠨᠢ ᠮᠡᠳᠡᠭᠡ ᠵᠠᠩᠭᠢ ᠶᠢ ᠨᠡᠶᠢᠲᠡᠯᠡᠵᠦ ᠬᠢᠨᠠᠨ ᠬᠠᠷᠭᠤᠭᠤᠯᠬᠤ ᠠᠵᠢᠯ ᠢ ᠮᠥᠨ ᠯᠡ ᠴᠢᠩᠭ᠎ᠠ ᠠᠳᠬᠤᠭᠰᠠᠨ ᠦᠭᠡᠢ᠂ ᠰᠦᠯᠵᠢᠶᠡᠨ ᠳᠤ ᠵᠢᠵᠢᠭᠦᠷᠯᠡᠬᠦ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠤᠭᠰᠠᠨ ᠦᠭᠡᠢ᠂ ᠪᠤᠷᠤᠭᠤ ᠢᠯᠡᠳᠬᠡᠯᠲᠡ ᠬᠦᠨᠳᠦ ᠨᠣᠴᠢᠲᠠᠢ ᠣᠷᠣᠰᠢᠵᠤ ᠪᠠᠶᠢᠨ᠎ᠠ᠂ ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︾᠂ ︽ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶ᠎ᠡ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠨᠢ ᠮᠡᠳᠡᠭᠡ ᠵᠠᠩᠭᠢ ᠪᠠᠨ ᠴᠠᠭ ᠲᠤᠬᠠᠢ ᠳᠤ ᠨᠢ ᠰᠢᠨᠡᠳᠬᠡᠭᠰᠡᠨ ᠦᠭᠡᠢ᠂ ᠬᠤᠭᠤᠰᠤᠨ ᠪᠣᠯᠣᠩ ᠢᠯᠡᠷᠡᠵᠦ ᠪᠠᠶᠢᠨ᠎ᠠ᠂ ᠵᠢᠱᠢᠶᠡᠯᠡᠪᠡᠯ ︽ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾᠂ ︽ᠠᠷᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶ᠎ᠡ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠨᠢ ᠰᠦᠯᠵᠢᠶᠡᠨ ᠤ ᠢᠯᠡᠳᠬᠡᠮᠵᠢ ᠪᠠᠨ ᠪᠥᠬᠦ ᠲᠠᠯ᠎ᠠ ᠪᠠᠷ ᠪᠠᠶᠢᠷᠢᠯᠠᠭᠤᠯᠤᠭᠰᠠᠨ ᠦᠭᠡᠢ᠂ ᠨᠢᠭᠤᠷ ᠤᠨ ᠱᠣᠰᠢᠭ᠎ᠠ ᠳᠤ ᠬᠡᠮᠵᠢᠭᠳᠡᠯ ᠣᠯᠭᠤᠭᠰᠠᠨ ᠨᠢ ᠣᠨᠣᠪᠴᠢ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ︽ᠬᠦᠷᠢᠶ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ︾᠂ ︽ᠪᠠᠶᠠᠨ᠋ᠣ᠋ᠪᠣᠭ᠎ᠠ ᠠᠭᠤᠷᠬᠠᠢ ᠶᠢᠨ ᠣᠷᠣᠨ ᠤ ᠠᠷᠠᠳ ᠤᠨ ᠵᠠᠰᠠᠭ ᠤᠨ ᠣᠷᠳᠣᠨ︾ ᠵᠡᠷᠭᠡ ᠰᠦᠯᠵᠢᠶ᠎ᠡ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠶᠢᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠪᠤᠯᠤᠩ ᠤᠨ ᠲᠥᠷᠥᠯ ᠵᠦᠢᠯ ᠨᠢ ᠨᠠᠷᠢᠯᠢᠭ ᠪᠤᠰᠤ᠂ ᠵᠦᠭᠯᠡᠭᠦᠷ ᠤᠨ ᠡᠯᠧᠮᠧᠨ᠋ᠲ ᠤᠨ ᠠᠭᠤᠯᠭ᠎ᠠ ᠨᠢ ᠵᠢᠷᠤᠮᠵᠢᠯ ᠦᠭᠡᠢ᠂ ᠣᠨᠣᠪᠴᠢ ᠦᠭᠡᠢ᠂ ᠵᠢᠱᠢᠶᠡᠯᠡᠪᠡᠯ ︽ᠳ᠋ᠧᠩᠺᠸᠤ ᠰᠢᠶᠠᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ᠃

      ︵ᠬᠤᠶᠠᠷ︶ ᠬᠠᠷᠢᠯᠴᠠᠨ ᠦᠢᠯᠡᠳᠦᠯᠴᠡᠬᠦ ᠴᠢᠳᠠᠮᠵᠢ ᠶᠢᠨ ᠪᠠᠶᠢᠭᠤᠯᠤᠯᠲᠠ ᠵᠢᠴᠢ ᠬᠦᠰᠡᠯ ᠱᠠᠭᠠᠷᠳᠠᠯᠭ᠎ᠠ ᠶᠢ ᠳᠠᠭᠠᠵᠤ ᠰᠢᠢᠳᠪᠦᠷᠢᠯᠡᠬᠦ ᠠᠵᠢᠯ ᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠲᠣᠰ ᠤᠳᠠᠭᠠᠨ ᠤ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ ︽ᠭᠦᠶᠠᠩ ᠰᠢᠶᠠᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ ᠨᠢ ᠰᠦᠯᠵᠢᠶᠡᠴᠢᠳ ᠤᠨ ᠦᠯᠡᠳᠡᠭᠡᠭᠰᠡᠨ ᠦᠭᠡ ᠶᠢ ᠴᠠᠭ ᠲᠤᠬᠠᠢ ᠳᠤ ᠨᠢ ᠨᠡᠶᠢᠲᠡᠯᠡᠭᠰᠡᠨ ᠦᠭᠡᠢ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ ᠨᠢ ᠦᠯᠡᠳᠡᠭᠡᠭᠰᠡᠨ ᠦᠭᠡ ᠶᠢ ᠭᠥᠯᠢᠶᠡᠨ ᠠᠪᠴᠤ ᠬᠠᠷᠢᠭᠤ ᠲᠤᠰᠬᠠᠭᠰᠠᠨ ᠪᠠᠶᠢᠳᠠᠯ ᠢ ᠲᠣᠭᠠᠯᠠᠨ ᠪᠦᠷᠢᠳᠬᠡᠭᠰᠡᠨ ᠲᠤᠭ᠎ᠠ ᠪᠠᠷᠢᠮᠲᠠ ᠶᠢ ᠨᠡᠶᠢᠲᠡᠯᠡᠭᠰᠡᠨ ᠦᠭᠡᠢ᠃ ᠬᠡᠰᠡᠭ ᠵᠠᠰᠠᠭ ᠤᠨ ᠣᠷᠳᠣᠨ ᠤ ᠰᠦᠯᠵᠢᠶ᠎ᠡ ᠨᠢ ᠬᠠᠷᠢᠯᠴᠠᠨ ᠦᠢᠯᠡᠳᠦᠯᠴᠡᠬᠦ ᠠᠷᠭ᠎ᠠ ᠵᠠᠮ ᠢ ᠬᠡᠷᠡᠭᠯᠡᠭᠰᠡᠨ ᠢᠶᠠᠷ ᠠᠨᠠᠢ᠂ ᠵᠢᠱᠢᠶᠡᠯᠡᠪᠡᠯ ︽ᠪᠤᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ ᠶᠢᠨ ᠬᠠᠷᠢᠯᠴᠠᠨ ᠦᠢᠯᠡᠳᠦᠯᠴᠡᠬᠦ ᠪᠤᠯᠤᠩ ᠨᠢ ᠵᠠᠬᠢᠳᠠᠯ ᠴᠢᠮᠡᠭᠡ ᠶᠢ ᠬᠡᠪ ᠤᠨ ᠪᠠᠶᠢᠳᠠᠯ ᠢᠶᠠᠷ ᠲᠤᠰᠢᠶᠠᠵᠤ ᠪᠣᠯᠬᠤ ᠪᠣᠯᠪᠠᠴᠤ ᠵᠠᠬᠢᠳᠠᠯ ᠴᠢᠮᠡᠭᠡ ᠶᠢ ᠠᠰᠠᠭᠤᠨ ᠯᠠᠪᠯᠠᠬᠤ ᠠᠷᠭ᠎ᠠ ᠵᠠᠮ ᠦᠭᠡᠢ᠂ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ ᠶᠢᠨ ᠬᠠᠷᠢᠯᠴᠠᠨ ᠦᠢᠯᠡᠳᠦᠯᠴᠡᠬᠦ ᠪᠤᠯᠤᠩ ᠳᠤ ᠵᠠᠬᠢᠳᠠᠯ ᠢ ᠲᠤᠰᠢᠶᠠᠭᠰᠠᠨ ᠤ ᠳᠠᠷᠠᠭ᠎ᠠ᠂ ᠵᠠᠬᠢᠳᠠᠯ ᠤᠨ ᠳ᠋ᠤᠭᠠᠷ ᠵᠡᠷᠭᠡ ᠮᠡᠳᠡᠭᠡ ᠵᠠᠩᠭᠢ ᠶᠢ ᠢᠯᠡᠷᠡᠭᠦᠯᠦᠭᠰᠡᠨ ᠦᠭᠡᠢ᠂ ᠵᠠᠬᠢᠳᠠᠯ ᠤᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠶᠢᠨ ᠠᠷᠭ᠎ᠠ ᠦᠭᠡᠢ᠃ ᠬᠡᠰᠡᠭ ᠵᠠᠰᠠᠭ ᠤᠨ ᠣᠷᠳᠣᠨ ᠤ ᠰᠦᠯᠵᠢᠶᠡᠴᠢᠳ ᠤᠨ ᠦᠯᠡᠳᠡᠭᠡᠭᠰᠡᠨ ᠦᠭᠡ ᠶᠢ ᠴᠠᠭ ᠲᠤᠬᠠᠢ ᠳᠤ ᠨᠢ ᠬᠠᠷᠢᠭᠤ ᠲᠤᠰᠬᠠᠭᠰᠠᠨ ᠦᠭᠡᠢ᠂ ᠵᠢᠱᠢᠶᠡᠯᠡᠪᠡᠯ ︽ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︾ ᠤ ᠰᠦᠯᠵᠢᠶ᠎ᠡ ᠨᠢ ᠰᠦᠯᠵᠢᠶᠡᠴᠢᠳ ᠤᠨ ᠦᠯᠡᠳᠡᠭᠡᠭᠰᠡᠨ ᠦᠭᠡ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ ᠬᠡᠲᠦ ᠣᠷᠳᠣ ᠪᠠᠶᠢᠵᠤ᠂ ᠦᠯᠡᠳᠡᠭᠡᠭᠰᠡᠨ ᠦᠭᠡ ᠶᠢ ᠬᠠᠷᠢᠭᠤᠯᠬᠤ ᠴᠠᠭ ᠨᠢ 5 ᠠᠵᠢᠯᠯᠠᠬᠤ ᠡᠳᠦᠷ ᠠᠴᠠ ᠬᠡᠲᠦᠷᠡᠵᠡᠢ᠃

      ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠰᠤᠭᠤᠴᠢᠨ ᠪᠠᠶᠢᠴᠠᠭᠠᠭᠰᠠᠨ ᠤ ᠳ᠋ᠦᠩ ᠳᠤ᠂ ᠬᠡᠰᠡᠭ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠠᠩᠰᠠᠨ ᠳ᠋ᠤᠭᠠᠷ ᠨᠢ ᠠᠭᠤᠯᠭ᠎ᠠ ᠪᠠᠨ ᠰᠢᠨᠡᠳᠬᠡᠭᠰᠡᠨ ᠦᠭᠡᠢ᠂ ᠵᠢᠱᠢᠶᠡᠯᠡᠪᠡᠯ ᠪᠢᠴᠢᠯ ᠪᠯᠤᠭ ︽ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︾᠂ ᠳ᠋ᠧᠦ ᠶᠢᠨ ᠣᠬᠤᠷ ᠸᠢᠳᠢᠣ᠋ ︽ᠲᠦᠩᠯᠢᠶᠣᠣ ᠬᠤᠲᠠ ᠶᠢᠨ ᠴᠠᠬᠢᠮ ᠮᠡᠬᠡᠯᠡᠯ ᠢ ᠡᠰᠡᠷᠭᠦᠴᠡᠬᠦ ᠲᠥᠪ︾ ᠭᠡᠬᠦ ᠮᠡᠲᠦ︔ ᠸᠢᠴᠠᠲ ᠤᠨ ᠨᠡᠶᠢᠲᠡ ᠶᠢᠨ ᠳ᠋ᠤᠭᠠᠷ ︽ᠵᠠᠮᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︾ ᠵᠡᠷᠭᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠳ ᠪᠦᠲᠦᠮᠵᠢᠲᠡᠶ ᠬᠠᠷᠢᠯᠴᠠᠨ ᠦᠢᠯᠡᠳᠦᠯᠴᠡᠬᠦ ᠴᠢᠳᠠᠮᠵᠢ ᠬᠠᠩᠭᠠᠭᠰᠠᠨ ᠦᠭᠡᠢ᠃

      ᠭᠤᠷᠪᠠ᠂ ᠠᠵᠢᠯ ᠤᠨ ᠱᠠᠭᠠᠷᠳᠠᠯᠭ᠎ᠠ

      ︵ᠨᠢᠭᠡ︶ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠵᠣᠬᠢᠶᠠᠨ ᠪᠠᠶᠢᠭᠤᠯᠵᠤ ᠨᠢᠭᠡᠳᠦᠯᠲᠡᠢ ᠲᠥᠯᠥᠪᠯᠡᠬᠦ ᠪᠠᠨ ᠴᠢᠩᠭᠠᠳᠬᠠᠵᠤ᠂ ᠭᠤᠣᠯᠯᠠᠨ ᠬᠠᠮᠢᠶᠠᠷᠴᠤ ᠭᠤᠣᠯᠯᠠᠨ ᠡᠷᠭᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠵᠢᠷᠤᠮᠵᠢᠭᠰᠠᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠮᠡᠳᠡᠭᠡ ᠵᠠᠩᠭᠢ ᠨᠡᠶᠢᠲᠡᠯᠡᠬᠦ ᠶᠢ ᠬᠢᠨᠠᠨ ᠬᠠᠷᠭᠤᠭᠤᠯᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠭᠡ ᠵᠠᠩᠭᠢ ᠨᠡᠶᠢᠲᠡᠯᠡᠬᠦ ᠴᠤᠪᠤᠷᠠᠯ ᠢ ᠨᠠᠷᠢᠯᠢᠭᠵᠢᠭᠤᠯᠤᠨ᠂ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠭᠤᠯᠭ᠎ᠠ ᠶᠢ ᠬᠢᠨᠠᠨ ᠬᠠᠷᠭᠤᠭᠤᠯᠬᠤ ᠪᠠ ᠨᠢᠭᠤᠴᠠ ᠶᠢ ᠬᠠᠮᠠᠭᠠᠯᠠᠬᠤ ᠶᠢ ᠴᠢᠩᠭᠠᠳᠬᠠᠨ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢᠨ ᠠᠭᠤᠯᠭ᠎ᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠳᠦᠷ ᠲᠤᠲᠤᠮ ᠤᠨ ᠬᠢᠨᠠᠨ ᠰᠢᠨᠵᠢᠯᠡᠯᠲᠡ ᠶᠢ ᠦᠷᠭᠦᠯᠵᠢᠯᠡᠨ ᠴᠢᠩᠭᠠᠳᠬᠠᠵᠤ᠂ ᠮᠠᠰᠢᠨ ᠢᠶᠠᠷ ᠰᠢᠷᠪᠢᠬᠦ᠂ ᠬᠥᠮᠥᠨ ᠤ ᠬᠦᠴᠦ ᠪᠠᠷ ᠪᠠᠶᠢᠴᠠᠭᠠᠬᠤ ᠵᠡᠷᠭᠡ ᠠᠷᠭ᠎ᠠ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠰᠦᠯᠵᠢᠶ᠎ᠡ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ᠂ ᠬᠤᠯᠪᠣᠭᠠᠰᠤ ᠶᠢᠨ ᠬᠡᠷᠡᠭᠯᠡᠵᠦ ᠪᠣᠯᠬᠤᠶᠢᠴᠠ ᠪᠠᠶᠢᠳᠠᠯ᠂ ᠪᠤᠯᠤᠩ ᠢ ᠰᠢᠨᠡᠳᠬᠡᠭᠰᠡᠨ ᠪᠠᠶᠢᠳᠠᠯ᠂ ᠮᠡᠳᠡᠭᠡ ᠵᠠᠩᠭᠢ ᠶᠢᠨ ᠠᠭᠤᠯᠭ᠎ᠠ ᠶᠢᠨ ᠶᠠᠰᠤ ᠴᠢᠨᠠᠷ ᠵᠡᠷᠭᠡ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠢᠯᠡᠷᠡᠭᠦᠯᠪᠡᠯ ᠳᠠᠷᠤᠢ ᠳᠤ ᠨᠢ ᠬᠡᠷᠡᠭᠵᠢᠭᠦᠯᠵᠦ ᠳᠠᠷᠤᠢ ᠳᠤ ᠨᠢ ᠵᠠᠰᠠᠵᠤ᠂ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠶᠢᠨ ᠠᠮᠤᠷ ᠲᠦᠪᠰᠢᠨ ᠪᠥᠭᠡᠳ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ᠃

      ︵ᠬᠤᠶᠠᠷ︶ ᠰᠦᠯᠵᠢᠶ᠎ᠡ ᠶᠢᠨ ᠴᠢᠳᠠᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ ᠰᠦᠯᠵᠢᠶ᠎ᠡ ᠶᠢᠨ ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠬᠡᠷᠡᠭᠯᠡᠭᠴᠢᠳ ᠲᠤ ᠬᠡᠷᠡᠭᠯᠡᠬᠦ ᠳᠤ ᠬᠢᠯᠪᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠦᠢᠯᠡᠴᠢᠯᠡᠭᠡ ᠶᠢ ᠬᠠᠩᠭᠠᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢ ᠭᠤᠣᠯᠯᠠᠨ ᠡᠷᠭᠢᠯᠡᠬᠦ ᠨᠢᠭᠡᠴᠢ ᠨᠢ ︽ᠵᠠᠰᠠᠭ ᠤᠨ ᠣᠷᠳᠣᠨ ᠤ ᠰᠦᠯᠵᠢᠶ᠎ᠡ ᠶᠢᠨ ᠬᠥᠭᠵᠢᠯᠲᠡ ᠶᠢᠨ ᠵᠢᠯᠣᠭᠤᠳᠤᠮᠵᠢ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠦᠯᠵᠢᠶ᠎ᠡ ᠶᠢᠨ ᠪᠦᠲᠦᠴᠡ ᠪᠠ ᠪᠤᠯᠤᠩ ᠤᠨ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠥᠯᠥᠪᠵᠢᠭᠦᠯᠵᠦ᠂ ᠭᠤᠣᠯᠳᠠᠯᠭ᠎ᠠ ᠲᠠᠢ ᠠᠭᠤᠯᠭ᠎ᠠ ᠶᠢ ᠲᠣᠳᠣᠷᠬᠠᠢ ᠬᠠᠷᠠᠭᠤᠯᠵᠤ᠂ ᠬᠡᠷᠡᠭᠯᠡᠭᠴᠢ ᠶᠢᠨ ᠰᠤᠷᠪᠤᠯᠵᠢᠯᠠᠬᠤ ᠲᠠᠰ ᠳᠠᠪᠬᠤᠷᠭ᠎ᠠ ᠶᠢ ᠪᠠᠭᠠᠰᠬᠠᠨ᠂ ᠬᠡᠷᠡᠭᠯᠡᠭᠴᠢ ᠶᠢᠨ ᠦᠵᠡᠬᠦ ᠳᠤ ᠲᠣᠳᠣ᠂ ᠬᠡᠷᠡᠭᠯᠡᠬᠦ ᠳᠤ ᠲᠥᠬᠦᠮ ᠪᠠᠶᠢᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠰᠦᠯᠵᠢᠶ᠎ᠡ ᠶᠢᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠵᠦᠢᠯᠡᠰ ᠢ ᠴᠠᠭ ᠲᠤᠬᠠᠢ ᠳᠤ ᠨᠢ ᠲᠣᠬᠢᠷᠠᠭᠤᠯᠬᠤ ᠪᠠ ᠰᠢᠨᠡᠳᠬᠡᠵᠦ᠂ ᠦᠢᠯᠡᠴᠢᠯᠡᠭᠡᠨ ᠤ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃

      ︵ᠭᠤᠷᠪᠠ︶ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠥᠭᠵᠢᠯᠲᠡ ᠶᠢ ᠴᠢᠩᠭᠠᠳᠬᠠᠵᠤ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠭᠤᠣᠯᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠴᠢᠩᠭ᠎ᠠ ᠰᠢᠮᠳᠠᠭᠤᠯᠵᠤ ᠪᠠᠶᠢᠭᠠᠳ ᠡᠳᠦᠷ ᠲᠤᠲᠤᠮ ᠤᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠶᠢᠨ ᠠᠵᠢᠯ ᠢ ᠬᠢᠯᠭᠡᠬᠦ ᠬᠡᠷᠡᠭᠲᠡᠢ᠃ ᠮᠡᠳᠡᠭᠡ ᠵᠠᠩᠭᠢ ᠶᠢ ᠨᠠᠶᠢᠷᠠᠭᠤᠯᠤᠨ ᠨᠡᠶᠢᠲᠡᠯᠡᠬᠦ᠂ ᠬᠠᠷᠢᠭᠤ ᠥᠭᠴᠦ ᠬᠥᠲᠥᠯᠥᠨ ᠵᠢᠯᠤᠭᠤᠳᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ᠃

      2022 ᠣᠨ ᠤ ᠬᠤᠶᠠᠳᠤᠭᠠᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠰᠤᠭᠤᠴᠢᠨ ᠪᠠᠶᠢᠴᠠᠭᠠᠭᠠᠳ ᠠᠰᠠᠭᠤᠳᠠᠯ ᠢ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ ᠤᠨ ᠣᠷᠳᠣᠨ ᠤ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠰ ᠵᠠᠷᠯᠠᠯ ᠢ ᠳᠣᠷᠣᠭᠰᠢ ᠲᠠᠷᠬᠠᠭᠠᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠪᠢᠴᠢᠭ ᠤᠨ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠢ᠃

      ᠳᠠᠭᠠᠯᠳᠤᠭᠤᠯᠤᠯ᠄

      1.ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠭᠰᠠᠨ ᠪᠠᠶᠢᠳᠠᠯ

      2.ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠶᠢ ᠰᠤᠭᠤᠴᠢᠨ ᠪᠠᠶᠢᠴᠠᠭᠠᠳ ᠬᠢᠷᠢ ᠲᠡᠩᠴᠡᠭᠰᠡᠨ ᠦᠭᠡᠢ ᠪᠠᠶᠢᠳᠠᠯ

      3.ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠤᠭᠤᠴᠢᠨ ᠪᠠᠶᠢᠴᠠᠭᠠᠭᠰᠠᠨ ᠪᠠᠶᠢᠳᠠᠯ

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map