ᠴᠢ᠊ ᠪᠠᠲᠤ
ᠨᠡᠶᠢᠲᠡᠯᠡᠭᠰᠡᠨ ᠴᠠᠭ᠄
2023/1/17

6380974198618795504725976.jpg


    ᠳᠡᠳ᠋ ᠲᠡᠷᠢᠭᠦᠯᠡᠭᠴᠢ    ᠴᠢ᠊ ᠪᠠᠲᠤ

    ᠠᠵᠢᠯ ᠤᠨ ᠬᠤᠪᠢᠶᠠᠷᠢ᠄

    ᠲᠡᠷᠢᠭᠦᠯᠡᠭᠴᠢ ᠶᠢ ᠬᠠᠪᠰᠤᠷᠴᠤ ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ   ᠪᠠᠲᠤᠯᠠᠭ᠎ᠠ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠤᠳ ᠢ ᠬᠠᠷᠢᠭᠤᠴᠠᠨ᠎ᠠ᠃

    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ  ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠢᠩᠬᠢᠮ ︵ᠮᠡᠳᠡᠯᠭᠡ ᠶᠢᠨ ᠥᠮᠴᠢ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠢ ᠬᠤᠪᠢᠳᠠᠨ ᠬᠠᠮᠢᠶᠠᠷᠤᠨ᠎ᠠ᠃

    ᠥᠪᠡᠷᠲᠡᠭᠡᠨ ᠵᠠᠰᠠᠬᠤ ᠣᠷᠣᠨ ᠤ ᠱᠠᠰᠢᠨ ᠰᠤᠷᠲᠠᠬᠤᠨ ᠤ ᠶᠠᠪᠤᠳᠠᠯ ᠤᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭᠠᠨ ᠤ ᠥᠪᠥᠷ ᠮᠣᠩᠭᠤᠯ ᠳᠠᠬᠢ ᠶᠡᠷᠦᠩᠬᠡᠢ ᠠᠩᠭᠢ ᠲᠠᠢ ᠬᠠᠷᠢᠴᠠᠨ᠎ᠠ᠃

    ᠲᠡᠷᠢᠭᠦᠯᠡᠭᠴᠢ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃

 

    ᠳᠣᠪᠴᠢ ᠨᠠᠮᠳᠠᠷ᠄

    ᠴᠢ᠊ ᠪᠠᠳᠣ᠂ ᠡᠷᠡᠭᠳᠡᠢ᠂ ᠮᠣᠩᠭᠤᠯ ᠦᠨᠳᠦᠰᠦᠳᠡᠨ᠂ 1971 ᠣᠨ ᠤ 9 ᠰᠠᠷ᠎ᠠ ᠳᠤ ᠲᠦᠷᠦᠪᠡ᠂ ᠲᠦᠪ ᠤᠨ ᠨᠠᠮ ᠤᠨ ᠰᠣᠷᠭᠠᠭᠤᠯᠢ ᠶᠢᠨ ᠶᠡᠭᠡ ᠰᠣᠷᠭᠠᠭᠤᠯᠢ ᠶᠢᠨ ᠰᠣᠷᠣᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃

    ᠣᠳᠣ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠰᠠᠭ ᠤᠨ ᠣᠷᠳᠣᠨ ᠤ ᠨᠠᠮ ᠤᠨ ᠣᠳᠣᠷᠢᠳᠬᠤ ᠳᠣᠭᠤᠢᠢᠯᠠᠩ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map