|
ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠣᠭᠤᠷᠢᠭ | ᠰᠢᠷᠡᠭᠡᠨ ᠤ ᠬᠤᠷᠠᠯ ᠢ ᠡᠷᠬᠢᠯᠡᠨ ᠬᠤᠷᠠᠯᠳᠤᠭᠤᠯᠪᠠ |
|
|
ᠨᠡᠶᠢᠲᠡᠯᠡᠭᠰᠡᠨ ᠴᠠᠭ᠄
2023/2/21
|
|
2 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠣᠭᠤᠷᠢᠭ ᠰᠢᠷᠡᠭᠡᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠰᠢᠨ᠎ᠡ ᠬᠤᠳᠠᠯᠳᠤᠭᠠᠨ ᠤ ᠠᠵᠠ ᠲᠣᠬᠢᠶᠠᠯ ᠤᠨ ᠲᠤᠬᠠᠢ ᠶᠠᠷᠢᠯᠴᠠᠪᠠ᠃ ᠬᠤᠸᠠᠩ ᡁᠢ ᠴᠢᠶᠠᠩ᠂ 2023 ᠣᠨ ᠪᠣᠯ ᠥᠪᠥᠷ ᠮᠣᠩᠭᠤᠯ ᠤᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠶᠡᠭᠡ ᠬᠥᠭᠵᠢᠯᠲᠡ ᠶᠢᠨ ᠠᠩᠬᠠᠨ ᠤ ᠵᠢᠯ ᠪᠣᠯᠣᠨ᠎ᠠ᠂ ᠤᠰᠤᠲᠥ᠋ᠷᠥᠭᠴᠢ ᠡᠨᠧᠷᠭᠢ ᠶᠢᠨ ᠪᠡᠯᠡ ᠣᠷᠤᠭᠤᠯᠤᠯᠲᠠ ᠶᠢᠨ ᠰᠢᠨ᠎ᠡ ᠣᠷᠣᠨ ᠵᠠᠢ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠠᠩᠬᠠᠨ ᠤ ᠳᠦᠷᠰᠦ ᠪᠠᠶᠢᠳᠠᠯ ᠢᠶᠠᠨ ᠢᠯᠡᠷᠡᠭᠦᠯᠪᠡ᠂ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠠᠰᠢᠭᠲᠠᠢ ᠪᠠᠶᠢᠳᠠᠯ ᠢ ᠲᠠᠭᠠᠨ ᠤᠷᠤᠭᠰᠢᠯᠠᠵᠤ᠂ ᠠᠰᠢᠭᠲᠠᠢ ᠪᠠᠶᠢᠳᠠᠯ ᠢ ᠲᠠᠭᠠᠨ ᠬᠦᠴᠦᠷᠬᠡᠭᠵᠢᠬᠦ ᠬᠡᠷᠡᠭᠲᠡᠢ᠃ ᠠᠵᠤ ᠠᠬᠤᠶᠢᠯᠠᠯᠲᠠᠨ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ᠂ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠪᠣᠯᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠢᠲᠡᠭᠡᠯ ᠲᠡᠭᠦᠯᠳᠡᠷ ᠪᠠᠶᠢᠵᠤ᠂ ᠥᠪᠥᠷ ᠮᠣᠩᠭᠤᠯ ᠢ ᠠᠵᠤ ᠠᠬᠤᠶᠢᠯᠠᠯ ᠤᠨ ᠠᠩᠬᠠᠨ ᠤ ᠡᠭᠦᠳᠦᠯᠲᠡ ᠶᠢᠨ ᠭᠠᠵᠠᠷ ᠪᠣᠯᠭᠠᠵᠤ᠂ ᠠᠳᠡ ᠪᠠᠶᠢᠭᠤᠯᠤᠭᠳᠠᠵᠤ ᠬᠦᠴᠦᠷᠬᠡᠭᠵᠢᠬᠦ ᠬᠡᠷᠡᠭᠲᠡᠢ᠃ ᠬᠠᠮᠢᠶ᠎ᠠ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠢᠨ ︽ᠦᠢᠯᠡᠴᠢᠯᠡᠭᠴᠢ︾᠂ ︽ᠳᠡᠯᠭᠡᠭᠦᠷ ᠤᠨ ᠬᠤᠳᠠᠯᠳᠤᠭᠴᠢ︾ ᠪᠣᠯᠵᠤ᠂ ᠠᠵᠤ ᠠᠬᠤᠶᠢᠯᠠᠯ ᠤᠨ ᠬᠢᠨ ᠤ ᠠᠳᠡ ᠰᠡᠳᠬᠢᠯ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠵᠡᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|