︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ  ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ︾  ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/2/6

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ

ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧ‌ᠷᠢᠶᠠᠯ

            ᠥᠪᠥᠷ ᠵᠠᠰᠠᠭ ᠠᠯᠪᠠᠨ ᠲᠠᠷᠬᠠᠭᠠᠭᠰᠠᠨ〔 2022 〕 17 ᠳ᠋ᠤᠭᠠᠷ ᠲᠣᠭᠠᠲᠤ

 

            ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ

            ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︾  ᠶᠢ

            ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

            ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ︾  ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃

                  2022 ᠣᠨ ᠤ 2 ᠳ᠋ᠤᠭᠠᠷ ᠰᠠᠷ᠎ᠠ ᠶᠢᠨ 24  ᠤ ᠡᠳᠦᠷ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ

            ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ

                  ᠨᠢᠭᠡᠳᠦᠭᠡᠷ ᠪᠦᠯᠦᠭ  ᠶᠡᠷᠦᠩᠬᠡᠢ ᠳᠦᠷᠢᠮ

      ᠨᠢᠭᠡᠳᠦᠭᠡᠷ ᠵᠦᠢᠯ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ︾ ︵ ᠲᠥᠷᠥ ᠲᠠᠷᠬᠠᠭᠠᠭᠰᠠᠨ 〔 2020 〕 7 ᠳ᠋ᠤᠭᠠᠷ ᠲᠣᠭᠠᠲᠤ︶  ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ︵ᠳᠣᠷᠣᠭᠰᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠭᠡᠵᠦ ᠲᠣᠪᠴᠢᠯᠠᠨ᠎ᠠ ︶  ᠢ ᠪᠠᠶᠢᠭᠤᠯᠬᠤ ᠪᠠ ᠬᠠᠮᠢᠶᠠᠷᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠪᠥᠬᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︾ ︽ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠭᠦᠢᠴᠡᠳᠬᠡᠯ ᠲᠣᠭᠠᠨ ᠤ ᠲᠣᠭᠲᠠᠯᠴᠠᠭ᠎ᠠ ︾  ᠪᠠᠷ ᠯᠠᠪᠯᠠᠯᠲᠠ ᠪᠣᠯᠭᠠᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠂ ᠲᠣᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ ᠲᠣᠰ ᠠᠷᠭ᠎ᠠ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠮᠠᠭᠠᠳᠯᠠᠨ ᠲᠣᠭᠲᠠᠭᠠᠬᠤ ᠂ ᠦᠨᠡᠯᠡᠬᠦ ᠂ ᠬᠠᠮᠢᠶᠠᠷᠬᠤ ᠳᠤ ᠬᠡᠷᠡᠭᠯᠡᠭᠳᠡᠨ᠎ᠡ ᠃

      ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ ︾ ᠠᠵᠢᠯᠯᠠᠭ᠎ᠠ ᠪᠠᠷ ᠳᠠᠭᠠᠭᠤᠯᠤᠭᠴᠢ ᠪᠣᠯᠭᠠᠵᠦ ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠨ ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠠᠬᠤᠢ ᠶᠢ ᠢᠳᠡᠪᠬᠢᠲᠡᠢ ᠪᠣᠶ ᠪᠣᠯᠭᠠᠵᠤ ᠂ ᠣᠲᠣ ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠪᠠ ᠴᠢᠨᠠᠷ ᠰᠠᠶᠢᠲᠠᠢ ᠬᠥᠭᠵᠢᠯᠲᠡ ᠶᠢᠨ ᠤᠷᠢᠳᠠᠴᠢ ᠣᠷᠣᠨ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠃

                  ᠬᠤᠶᠠᠳᠤᠭᠠᠷ ᠪᠦᠯᠦᠭ  ᠮᠠᠭᠠᠳᠯᠠᠨ ᠲᠣᠭᠲᠠᠭᠠᠬᠤ 

      ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ ᠨᠥᠬᠦᠴᠡᠯ ᠳᠤ ᠨᠡᠶᠢᠴᠡᠭᠦ ᠬᠡᠷᠡᠭᠲᠡᠢ᠄

      ︵ ᠨᠢᠭᠡ︶ ᠰᠠᠭᠤᠷᠢ ᠨᠥᠬᠦᠴᠡᠯ ᠨᠢ ᠪᠦᠷᠢᠨ ᠲᠡᠭᠦᠯᠳᠡᠷ ᠪᠠᠶᠢᠬᠤ ᠬᠡᠷᠡᠭᠲᠡᠢ ᠃

      1. ᠠᠶᠢᠮᠠᠭ ᠬᠤᠲᠠ ᠶᠢᠨ ᠬᠡᠪᠴᠢᠶᠡᠨ ᠳᠠᠬᠢ ᠰᠢᠨ᠎ᠡ ᠶᠢ ᠡᠭᠦᠳᠬᠦ ᠡᠬᠢ ᠪᠠᠶᠠᠯᠢᠭ ᠂ ᠠᠵᠤ ᠦᠢᠯᠡᠰ ᠤᠨ ᠬᠥᠭᠵᠢᠯᠲᠡ ᠪᠠᠷ ᠬᠠᠮᠤᠭ ᠤᠨ ᠰᠠᠶᠢᠨ ᠪᠣᠯᠬᠤ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠠᠷᠢᠶᠠᠯᠠᠭᠳᠠᠭᠰᠠᠨ ᠪᠠᠶᠢᠬᠤ︔

      2. ᠪᠠᠶᠢᠭ᠎ᠠ ᠠᠶᠢᠮᠠᠭ ᠬᠤᠲᠠ ᠶᠢᠨ ᠢᠶᠠᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ︔

      3. ᠭᠠᠵᠠᠷ ᠰᠢᠷᠣᠢ ᠶᠢ ᠠᠷᠪᠢᠲᠠᠢ ᠪᠥᠭᠡᠳ ᠡᠷᠴᠢᠮᠯᠢᠭ ᠠᠰᠢᠭᠯᠠᠬᠤ ᠵᠡᠷᠭᠡ ᠶᠢᠨ ᠲᠤᠬᠠᠢ ᠤᠯᠤᠰ ᠤᠨ ᠱᠠᠭᠠᠷᠳᠠᠯᠭ᠎ᠠ ᠳᠤ ᠨᠡᠶᠢᠴᠡᠵᠦ ᠂ ᠭᠠᠵᠠᠷ ᠬᠡᠷᠡᠭᠯᠡᠬᠦ ᠪᠠᠶᠢᠷᠢᠰᠢᠭᠤᠯᠤᠯ ᠨᠢ ᠲᠥᠪᠯᠡᠷᠡᠩᠭᠦᠢ ᠂ ᠬᠡᠪᠴᠢᠶ᠎ᠡ ᠪᠠ ᠭᠠᠵᠠᠷ ᠰᠢᠷᠣᠢ ᠠᠰᠢᠭᠯᠠᠬᠤ ᠪᠦᠲᠦᠴᠡ ᠨᠢ ᠵᠦᠢ ᠵᠣᠬᠢᠰᠲᠠᠢ ᠂ ᠳᠥᠷᠪᠡᠨ ᠵᠠᠬ᠎ᠠ ᠶᠢᠨ ᠬᠡᠪᠴᠢᠶ᠎ᠡ ᠨᠢ ᠲᠣᠳᠣᠷᠬᠠᠢ ᠂ ᠬᠥᠭᠵᠢᠯᠲᠡ ᠶᠢᠨ ᠣᠷᠣᠨ ᠵᠠᠢ ᠨᠢ ᠬᠠᠩᠭᠠᠯᠲᠠ ᠲᠠᠢ ᠂ ᠰᠠᠭᠤᠷᠢ ᠪᠡᠯᠡᠳᠬᠡᠮᠵᠢ ᠶᠢᠨ ᠲᠦᠬᠦᠷᠵᠢᠭᠦᠯᠦᠯᠲᠡ ᠨᠢ ᠲᠡᠭᠦᠯᠳᠡᠷ ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠲᠥᠯᠦᠪᠵᠢᠭᠦᠯᠭᠡ ᠨᠢ ᠰᠢᠨᠵᠢᠯᠡᠬᠦ ᠤᠬᠠᠭᠠᠨᠴᠢ ᠪᠠᠶᠢᠵᠤ ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠦᠭᠡᠢ ᠪᠠᠶᠢᠬᠤ︔      4. ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯ ᠦᠭᠡᠢ ᠦᠢᠯᠡᠳᠪᠦᠷᠢᠯᠡᠯ ᠵᠡᠷᠭᠡ ᠶᠢᠨ ᠱᠠᠭᠠᠷᠳᠠᠯᠭ᠎ᠠ ᠳᠤ ᠨᠡᠶᠢᠴᠡᠵᠦ ᠂ ᠣᠶᠢᠷ᠎ᠠ ᠶᠢᠨ ᠭᠤᠷᠪᠠᠨ ᠵᠢᠯ ᠳᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠂ ᠦᠢᠯᠡᠳᠪᠦᠷᠢᠯᠡᠯ ᠤᠨ ᠠᠮᠤᠷ ᠲᠦᠪᠰᠢᠨ ᠤ ᠲᠠᠯ᠎ᠠ ᠪᠠᠷ ᠬᠦᠨᠳᠦ ᠣᠨᠴᠠ ᠶᠡᠭᠡ ᠠᠳᠡᠯ ᠭᠠᠷᠤᠭᠰᠠᠨ ᠦᠭᠡᠢ ᠪᠠᠶᠢᠬᠤ ᠃

      ︵ ᠬᠤᠶᠠᠷ︶ ᠠᠵᠤ ᠦᠢᠯᠡᠰ ᠤᠨ ᠳᠠᠪᠠᠭᠤᠯᠢᠭ ᠢᠶᠠᠷ ᠲᠣᠪᠣᠶᠢᠮ᠎ᠠ ᠪᠠᠶᠢᠬᠤ ᠬᠡᠷᠡᠭᠲᠡᠢ ᠃

      1. ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠳᠡᠭᠡᠭᠦᠷ ᠪᠠᠶᠢᠬᠤ︔

      2. ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠳᠠᠬᠢ ᠭᠤᠣᠯᠯᠠᠬᠤ ᠠᠵᠤ ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ ᠡᠵᠡᠯᠡᠬᠦ ᠬᠠᠷᠢᠴᠠᠯ ᠨᠢ 70 % ᠠᠴᠠ ᠳᠣᠣᠷ᠎ᠠ ᠪᠢᠰᠢ ︔

      3. ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠨᠢ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ ᠶᠢᠨ 30 % ᠠᠴᠠ ᠳᠡᠭᠡᠭᠰᠢᠬᠢ ᠶᠢ ᠡᠵᠡᠯᠡᠭᠰᠡᠨ ᠪᠥᠭᠡᠳ ᠵᠢᠯ ᠳᠠᠷᠠᠭᠠᠯᠠᠨ ᠨᠡᠮᠡᠭᠳᠡᠭᠰᠡᠨ ᠪᠠᠶᠢᠬᠤ ᠃

      ︵ ᠭᠤᠷᠪᠠ︶ ᠰᠢᠨ᠎ᠡ ᠶᠢ ᠡᠭᠦᠳᠬᠦ ᠲᠣᠭᠲᠠᠯᠴᠠᠭ᠎ᠠ ᠨᠢ ᠲᠡᠭᠦᠯᠳᠡᠷᠵᠢᠭᠰᠡᠨ ᠪᠠᠶᠢᠬᠤ ᠬᠡᠷᠡᠭᠲᠡᠢ ᠃

      1.ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠠᠶᠢᠭ᠎ᠠ ᠠᠶᠢᠮᠠᠭ ᠬᠤᠲᠠ ᠶᠢᠨ ᠨᠡᠮᠡᠭᠳᠡᠯ ᠤᠨ ᠬᠢᠷᠢ ᠲᠦᠪᠰᠢᠨ ᠠᠴᠠ ᠳᠡᠭᠡᠭᠦᠷ ᠪᠠᠶᠢᠬᠤ ︔

      2. ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠶᠡᠷᠦᠩᠬᠡᠢ ᠲᠣᠭᠠᠨ ᠤ 30 % ᠠᠴᠠ ᠳᠡᠭᠡᠭᠰᠢᠬᠢ ᠶᠢ ᠡᠵᠡᠯᠡᠭᠰᠡᠨ ᠪᠠᠶᠢᠬᠤ︔

      3. ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠴᠢ ᠲᠡᠭᠦᠨ ᠠᠴᠠ ᠳᠡᠭᠡᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠤᠶᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ 20  ᠠᠴᠠ ᠢᠯᠡᠭᠦᠦ ᠪᠣᠯᠵᠤ ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠲᠠᠢ ᠂ ᠤᠯᠤᠰ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠳᠠᠭᠠᠭᠠᠨ ᠡᠭᠦᠷᠭᠡᠯᠡᠬᠦ ᠴᠢᠳᠠᠪᠤᠷᠢ ᠲᠠᠢ ᠪᠠᠶᠢᠬᠤ ︔

      4. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠣᠷᠣᠨ ᠵᠠᠢ ᠵᠡᠷᠭᠡ ᠰᠢᠨ᠎ᠡ ᠶᠢ ᠡᠭᠦᠳᠦᠨ ᠦᠢᠯᠡᠰ ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠦᠢᠯᠡᠴᠢᠯᠡᠬᠦ ᠪᠡᠯᠡ ᠣᠷᠣᠭᠤᠯᠵᠤ ᠲᠣᠬᠢᠷᠠᠭᠤᠯᠬᠤ ᠪᠠᠶᠢᠭᠤᠯᠤᠮᠵᠢ ᠪᠠᠶᠢᠭᠤᠯᠤᠭᠰᠠᠨ ᠪᠠᠶᠢᠬᠤ︔

      5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ ᠂ ᠲᠦᠮᠡᠨ ᠬᠥᠮᠥᠨ ᠪᠦᠷᠢ ᠶᠢᠨ ᠪᠦᠲᠦᠮᠵᠢᠲᠡᠶ ᠡᠭᠦᠳᠦᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ ᠨᠢ ᠪᠠᠶᠢᠭ᠎ᠠ ᠠᠶᠢᠮᠠᠭ ᠬᠤᠲᠠ ᠶᠢᠨ ᠳᠤᠮᠳᠠᠴᠢ ᠬᠡᠮᠵᠢᠭᠳᠡᠯ ᠠᠴᠠ ᠥᠨᠳᠥᠷ ᠪᠠᠶᠢᠬᠤ ︔

      6. ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠂ ᠶᠡᠭᠡ ᠳᠡᠭᠡᠳᠦ ᠰᠤᠷᠭᠠᠭᠤᠯᠢ ᠯᠤᠭ᠎ᠠ ᠤᠷᠳᠤ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ ᠂ ᠭᠠᠳᠠᠨᠠᠬᠢ ᠯᠤᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠪᠠ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠤᠨ ᠬᠠᠮᠲᠤᠷᠠᠯᠴᠠᠭ᠎ᠠ ᠬᠥᠭᠵᠢᠶᠡᠨᠲᠡᠢ ᠪᠠᠶᠢᠬᠤ ᠃

      ︵ ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠬᠦᠴᠦᠨ ᠲᠡᠭᠦᠯᠳᠡᠷ ᠪᠠᠶᠢᠬᠤ ᠬᠡᠷᠡᠭᠲᠡᠢ ᠃ 

      1. ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ  ᠳᠤ ᠣᠷᠣᠭᠤᠯᠤᠭᠰᠠᠨ ᠪᠠᠶᠢᠬᠤ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ ᠂ ᠵᠠᠰᠠᠭ ᠤᠨ ᠣᠷᠳᠣᠨ ᠲᠦᠷᠦᠭᠦᠯᠡᠨ ᠬᠠᠷᠢᠭᠤᠴᠠᠵᠤ ᠂ ᠰᠠᠯᠠᠭ᠎ᠠ ᠮᠥᠴᠢᠷ ᠤᠳ ᠬᠠᠷᠢᠯᠴᠠᠨ ᠬᠠᠮᠵᠢᠯᠴᠠᠭᠰᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠡᠭᠦᠳᠦᠯᠲᠡ ᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠰᠢᠨ᠎ᠡ ᠶᠢ ᠡᠭᠦᠳᠬᠦ ᠡᠬᠢ ᠪᠠᠶᠠᠯᠢᠭ ᠢ ᠪᠥᠭᠡᠮᠨᠡᠷᠡᠭᠦᠯᠦᠨ ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠤᠷᠢᠳ ᠢᠶᠠᠷ ᠪᠠᠶᠢᠷᠢᠰᠢᠭᠤᠯᠵᠤ ᠬᠥᠭᠵᠢᠭᠦᠯᠦᠭᠰᠡᠨ ᠪᠠᠶᠢᠬᠤ︔

      2. ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠪᠦᠷᠢᠨ ᠲᠥᠬᠦᠷ ᠂ ᠲᠣᠬᠢᠷᠠᠭᠤᠯᠤᠯᠲᠠ ᠨᠢ ᠰᠢᠨᠵᠢᠯᠡᠬᠦ ᠤᠬᠠᠭᠠᠨᠴᠢ ᠂ ᠴᠣᠮᠬᠠᠳᠬᠠᠭᠰᠠᠨ ᠪᠠ ᠥᠨᠳᠥᠷ ᠪᠦᠲᠦᠮᠵᠢᠲᠡᠶ ᠂ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠨᠢ ᠲᠣᠳᠣᠷᠬᠠᠢ ᠂ ᠥᠨᠳᠥᠷ ᠬᠡᠪ ᠪᠣᠯᠪᠠᠰᠤᠷᠠᠯ ᠲᠠᠢ ᠂ ᠲᠤᠰᠬᠠᠶᠢᠵᠢᠭᠰᠠᠨ ᠬᠠᠮᠢᠶᠠᠷᠤᠯᠲᠠ ᠶᠢᠨ ᠡᠩᠨᠡᠭᠡ ᠲᠠᠢ ᠪᠠᠶᠢᠬᠤ ᠃ ᠬᠠᠮᠢᠶᠠᠷᠤᠯᠲᠠ ᠶᠢᠨ ᠳᠦᠷᠢᠮ ᠨᠢ ᠪᠦᠷᠢᠨ ᠲᠥᠬᠦᠷ ᠂ ᠤᠷᠮᠠᠰᠢᠭᠤᠯᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠪᠣᠳᠠᠲᠠᠶᠢᠵᠢᠭᠰᠠᠨ ᠂ ᠬᠠᠮᠢᠶᠠᠷᠤᠯᠲᠠ ᠶᠢᠨ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠶᠢᠵᠤ ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ ᠴᠢᠳᠠᠭᠰᠠᠨ ᠪᠠᠶᠢᠬᠤ︔

      3. ︽ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ︾ ︵ ᠥᠪᠥᠷ ᠵᠠᠰᠠᠭ ᠲᠠᠷᠬᠠᠭᠠᠭᠰᠠᠨ 〔 2021 〕 13 ᠳ᠋ᠤᠭᠠᠷ ᠲᠣᠭᠠᠲᠤ︶  ᠤᠨ ᠱᠠᠭᠠᠷᠳᠠᠯᠭ᠎ᠠ ᠶᠣᠰᠣᠭᠠᠷ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠵᠣᠬᠢᠬᠤ ᠬᠠᠮᠢᠶᠠᠷᠤᠯᠲᠠ ᠶᠢᠨ ᠡᠷᠬᠡ ᠮᠡᠳᠡᠯ ᠢᠶᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠲᠠᠯᠪᠢᠨ ᠥᠭᠴᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠡᠶ᠎ᠡ ᠪᠠᠨ ᠳᠠᠭᠠᠭᠠᠭᠰᠠᠨ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠤᠨ ᠂ ᠰᠢᠨ᠎ᠡ ᠶᠢ ᠡᠭᠦᠳᠬᠦ ᠪᠠ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ ︾ ᠠᠵᠢᠯ ᠢ ᠪᠣᠳᠠᠲᠠᠶᠢᠵᠢᠭᠤᠯᠤᠭᠰᠠᠨ ᠪᠠᠶᠢᠬᠤ ᠃

      ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠶᠠᠷ ᠭᠤᠶᠤᠴᠢᠯᠠᠨ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ 

      ︵ ᠨᠢᠭᠡ︶ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠠᠶᠢᠭᠤᠯᠬᠤ ᠪᠠᠷ ᠭᠤᠶᠤᠴᠢᠯᠠᠭᠰᠠᠨ ᠪᠢᠴᠢᠭ ᠮᠠᠲ᠋ᠧᠷᠢᠶᠠᠯ ᠃

      ︵ ᠬᠤᠶᠠᠷ︶ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠦᠨᠳᠦᠰᠦᠨ ᠪᠠᠶᠢᠳᠠᠯ ᠂ ᠡᠭᠦᠨ ᠳᠤ ᠦᠨᠳᠦᠰᠦᠨ ᠨᠥᠬᠦᠴᠡᠯ ᠂ ᠠᠵᠤ ᠦᠢᠯᠡᠰ ᠤᠨ ᠳᠠᠪᠠᠭᠤᠯᠢᠭ ᠂ ᠰᠢᠨ᠎ᠡ ᠶᠢ ᠡᠭᠦᠳᠬᠦ ᠲᠣᠭᠲᠠᠯᠴᠠᠭ᠎ᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃

      ︵ ᠭᠤᠷᠪᠠ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ︵ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠᠭᠲᠠᠨ᠎ᠠ︶᠂ ᠡᠭᠦᠨ ᠳᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠂ ᠶᠡᠷᠦᠩᠬᠡᠢ ᠰᠡᠳᠬᠢᠴᠡ ᠪᠠ ᠬᠠᠷᠠᠯᠲᠠ ᠶᠢᠨ ᠪᠠᠶᠢᠷᠢ ᠲᠣᠭᠲᠠᠭᠠᠯᠲᠠ ᠂ ᠭᠤᠣᠯᠳᠠᠯᠭ᠎ᠠ ᠲᠠᠢ ᠡᠭᠦᠷᠭᠡ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠪᠠᠭᠲᠠᠨ᠎ᠠ ᠃

      ︵ ᠳᠥᠷᠪᠡ︶ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠳᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠂ ᠭᠤᠣᠯ ᠬᠠᠷᠠᠯᠲᠠ ᠂ ᠪᠦᠲᠦᠭᠡᠨ ᠪᠠᠶᠢᠭᠤᠯᠤᠯᠲᠠ ᠶᠢᠨ ᠰᠡᠳᠬᠢᠮᠵᠢ ᠂ ᠪᠣᠳᠠᠲᠠᠢ ᠠᠷᠭ᠎ᠠ ᠬᠡᠮᠵᠢᠶ᠎ᠡ ᠂ ᠬᠠᠮᠢᠶᠠᠷᠤᠯᠲᠠ ᠶᠢᠨ ᠪᠠᠶᠢᠭᠤᠯᠤᠯ ᠂ ᠠᠵᠢᠯᠯᠠᠭᠠᠨ ᠤ ᠲᠣᠭᠲᠠᠴᠠ ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠵᠡᠷᠭᠡ ᠪᠠᠭᠲᠠᠨ᠎ᠠ ᠃

      ︵ ᠲᠠᠪᠤ︶ ᠪᠤᠰᠤᠳ ᠬᠠᠮᠢᠶ᠎ᠠ ᠪᠦᠬᠦᠢ ᠳᠠᠭᠠᠯᠳᠤᠭᠤᠯᠤᠯ᠄

      1. ᠬᠦᠷᠢᠶᠡᠯᠡᠩ ᠲᠣᠭᠤᠷᠢᠭ ᠪᠠᠶᠢᠭᠤᠯᠬᠤ ᠲᠠᠯ᠎ᠠ ᠶᠢᠨ ᠬᠤᠯᠪᠣᠭᠳᠠᠯ ᠪᠦᠬᠦᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ︔

      2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ ᠪᠠ ᠬᠤᠲᠠ ᠶᠢᠨ ᠶᠡᠷᠦᠩᠬᠡᠢ ᠲᠥᠯᠦᠪᠵᠢᠭᠦᠯᠭᠡ︶᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠦᠪᠵᠢᠭᠦᠯᠭᠡ ᠳᠤ ᠨᠡᠶᠢᠴᠡᠭᠰᠡᠨ ᠭᠡᠷᠡᠴᠢ ᠮᠠᠲ᠋ᠧᠷᠢᠶᠠᠯ ᠢ ᠭᠠᠷᠭᠠᠵᠤ ᠦᠵᠡᠭᠦᠯᠭᠦ︔

      3. ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶᠡᠨ ᠤ ᠪᠢᠴᠢᠭ ᠮᠠᠲ᠋ᠧᠷᠢᠶᠠᠯ ︔

      4. ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠂ ᠰᠢᠨ᠎ᠡ ᠶᠢ ᠡᠭᠦᠳᠬᠦ ᠲᠠᠪᠴᠠᠩ ᠂ ᠰᠤᠳᠤᠯᠤᠨ ᠨᠡᠭᠡᠭᠡᠬᠦ ᠪᠠᠶᠢᠭᠤᠯᠤᠮᠵᠢ ᠂ ᠰᠢᠨ᠎ᠡ ᠶᠢ ᠡᠭᠦᠳᠬᠦ ᠨᠡᠪᠴᠢᠭᠦᠯᠦᠭᠡ ᠶᠢᠨ ᠠᠴᠢᠶᠠᠯᠠᠪᠤᠷᠢ ᠂ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠶᠢᠨ ᠲᠣᠳᠣᠷᠬᠠᠢ ᠬᠠᠭᠤᠳᠠᠰᠤ ︔       5. ᠬᠦᠷᠢᠶᠡᠯᠡᠩ ᠲᠣᠭᠤᠷᠢᠭ ᠤᠨ ᠣᠶᠢᠷ᠎ᠠ ᠶᠢᠨ ᠭᠤᠷᠪᠠᠨ ᠵᠢᠯ ᠳᠠᠬᠢ ᠭᠤᠣᠯ ᠪᠣᠯᠬᠤ ᠠᠵᠤ ᠠᠬᠤᠢ ᠶᠢᠨ ᠬᠥᠭᠵᠢᠯᠲᠡ ᠪᠠ ᠰᠢᠨ᠎ᠡ ᠶᠢ ᠡᠭᠦᠳᠦᠭᠰᠡᠨ ᠭᠦᠢᠴᠡᠳᠬᠡᠯ ᠲᠤᠭ᠎ᠠ ︔

  •       6. ᠪᠤᠰᠤᠳ ᠬᠠᠮᠢᠶ᠎ᠠ ᠪᠦᠬᠦᠢ ᠮᠠᠲ᠋ᠧᠷᠢᠶᠠᠯ ᠃

          ᠵᠢᠷᠭᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ᠄

          ︵ᠨᠢᠭᠡ︶ ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ  ᠠᠴᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠂ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠢ ᠨᠡᠯᠢᠶᠡᠳ ᠪᠦᠷᠢᠨ ᠲᠡᠭᠦᠯᠳᠡᠷ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠳᠤ ᠨᠡᠶᠢᠴᠡᠭᠰᠡᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠪᠦᠲᠦᠭᠡᠨ ᠪᠠᠶᠢᠭᠤᠯᠬᠤ ᠰᠠᠨᠠᠮᠵᠢ ᠪᠠᠨ ᠳᠤᠷᠠᠳᠤᠨ᠎ᠠ ᠃

          ︵ ᠬᠤᠶᠠᠷ︶ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ ᠪᠠᠶᠢᠭᠠᠳ ᠪᠦᠲᠦᠭᠡᠨ ᠪᠠᠶᠢᠭᠤᠯᠬᠤ ᠰᠠᠨᠠᠮᠵᠢ ᠳᠤᠷᠠᠳᠤᠭᠰᠠᠨ ᠬᠦᠷᠢᠶᠡᠯᠡᠩ ᠲᠣᠭᠤᠷᠢᠭ ᠲᠤ ᠬᠦᠷᠴᠦ ᠰᠢᠨᠵᠢᠯᠡᠨ ᠪᠠᠶᠢᠴᠠᠭᠠᠯᠲᠠ ᠪᠠ ᠨᠤᠲᠠᠯᠠᠯᠲᠠ ᠬᠢᠵᠦ ᠂ ᠪᠦᠲᠦᠭᠡᠨ ᠪᠠᠶᠢᠭᠤᠯᠬᠤ ᠰᠠᠨᠠᠭᠤᠯᠭ᠎ᠠ ᠳᠤᠷᠠᠳᠤᠨ᠎ᠠ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠨ ᠪᠠᠶᠢᠴᠠᠭᠠᠵᠤ ᠨᠤᠲᠠᠯᠠᠯᠲᠠ ᠬᠢᠭᠰᠡᠨ ᠰᠠᠨᠠᠯ ᠤᠨ ᠶᠣᠰᠣᠭᠠᠷ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠡᠷᠡᠭᠵᠢᠭᠦᠯᠬᠦ ᠲᠥᠰᠥᠯ ᠳᠤ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠳᠤ ᠮᠡᠳᠡᠭᠦᠯᠦᠨ᠎ᠡ ᠃

          ︵ ᠭᠤᠷᠪᠠ︶ ᠪᠠᠶᠢᠭᠤᠯᠬᠤ ᠪᠠᠷ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ ᠂ ᠬᠡᠷᠡᠭᠵᠢᠭᠦᠯᠬᠦ ᠲᠥᠰᠥᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠂ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠪᠦᠲᠦᠭᠡᠨ ᠪᠠᠶᠢᠭᠤᠯᠬᠤ ᠭᠤᠶᠤᠴᠢᠯᠠᠯ ᠳᠤᠷᠠᠳᠴᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠪᠠᠲᠤᠯᠠᠬᠤ ᠶᠢᠨ ᠬᠠᠮᠲᠤ ᠴᠣᠬᠤᠯᠠᠪᠤᠷᠢᠯᠠᠨ᠎ᠠ ᠃

                      ᠭᠤᠷᠪᠠᠳᠤᠭᠠᠷ ᠪᠦᠯᠦᠭ  ᠦᠨᠡᠯᠡᠯᠲᠡ ᠬᠢᠬᠦ

          ᠳᠣᠯᠣᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠢ ᠬᠥᠭᠵᠢᠯᠲᠡ ᠶᠢᠨ ᠪᠠᠶᠢᠳᠠᠯ ᠤᠨ ᠣᠨ ᠤ ᠶᠡᠷᠦᠩᠬᠡᠶᠢᠯᠡᠭᠰᠡᠨ ᠦᠨᠡᠯᠡᠯᠲᠡ ᠶᠢᠨ ᠳᠦᠷᠢᠮ ᠪᠠ ᠰᠢᠯᠢᠳᠡᠭ ᠢ ᠠᠬᠢᠭᠤᠯᠤᠨ ᠪᠣᠶᠢᠵᠢᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ ᠃

          ᠨᠠᠢᠮᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠬᠠᠮᠲᠤ ᠪᠠᠷ ᠬᠠᠷᠢᠭᠤᠴᠠᠵᠤ ᠂ ᠲᠣᠰ ᠲᠣᠰ ᠲᠤ ᠪᠠᠨ ᠬᠡᠷᠡᠭᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠦᠨᠡᠯᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠢᠶᠠᠷ ᠲᠦᠷᠦᠭᠦᠯᠡᠭᠦᠯᠦᠨ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠦᠨᠡᠯᠡᠯᠲᠡ ᠬᠢᠯᠬᠡᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠦᠨᠡᠯᠡᠬᠦ ᠠᠵᠢᠯ  ᠳᠠᠬᠢ ᠠᠶᠢᠮᠠᠭ ᠬᠤᠲᠠ ᠶᠢᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ᠠᠶᠢᠮᠠᠭ ᠬᠤᠲᠠ ᠠᠴᠠ ᠲᠣᠭᠲᠠᠮᠠᠯ ᠬᠤᠭᠤᠴᠠᠭ᠎ᠠ ᠲᠠᠢ ᠪᠠᠷ ᠲᠣᠰ ᠵᠠᠰᠠᠭ ᠵᠠᠬᠢᠷᠭᠠᠨ ᠤ ᠣᠷᠣᠨ ᠳᠠᠬᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠦᠨᠡᠯᠡᠯᠲᠡ ᠬᠢᠬᠦ ᠬᠡᠷᠡᠭᠲᠡᠢ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠵᠢᠭᠠᠯᠲᠠ ᠲᠣᠭᠠᠨ ᠤ ᠣᠨ ᠤ ᠨᠡᠮᠡᠭᠳᠡᠯ ᠤᠨ ᠪᠠᠶᠢᠳᠠᠯ ᠪᠠ ᠪᠠᠶᠢᠭ᠎ᠠ ᠠᠶᠢᠮᠠᠭ ᠬᠤᠲᠠ ᠶᠢᠨ ᠢᠶᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠣᠷᠣᠰᠢᠵᠤ ᠪᠠᠶᠢᠭ᠎ᠠ ᠣᠷᠣᠨ ᠪᠠᠶᠢᠷᠢ ᠶᠢᠨ ᠬᠤᠪᠢᠷᠠᠯᠲᠠ ᠶᠢᠨ ᠲᠤᠬᠠᠢ ᠦᠨᠡᠯᠡᠯᠲᠡ ᠶᠢ ᠴᠢᠬᠤᠯᠠᠴᠢᠯᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠲᠤᠬᠠᠢ ᠶᠢᠨ ᠭᠠᠵᠠᠷ ᠤᠨ ᠬᠦᠷᠢᠶᠡᠯᠡᠩ ᠲᠣᠭᠤᠷᠢᠭ ᠤᠨ ᠢᠶᠠᠨ ᠡᠮᠦᠨᠡᠭᠦᠷ ᠨᠢ ᠵᠢᠭᠰᠠᠵᠤ ᠂ ᠥᠯᠢᠭᠡᠷ ᠳᠠᠭᠤᠷᠢᠶᠠᠯ ᠪᠣᠯᠬᠤ ᠶᠢ ᠠᠬᠢᠭᠤᠯᠬᠤ ᠬᠡᠷᠡᠭᠲᠡᠢ ᠃

          ᠶᠢᠰᠦᠳᠦᠭᠡᠷ ᠵᠦᠢᠯ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ ᠳᠤ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠂ ᠪᠦᠲᠦᠴᠡ ᠶᠢ ᠰᠢᠯᠢᠳᠡᠭᠵᠢᠭᠦᠯᠬᠦ ᠴᠢᠳᠠᠪᠤᠷᠢ ᠬᠢᠭᠡᠳ ᠪᠣᠬᠢᠷᠳᠤᠯ ᠦᠭᠡᠢ ᠪᠠᠷ ᠬᠥᠭᠵᠢᠭᠦᠯᠬᠦ ᠬᠢᠷᠢ ᠲᠦᠪᠰᠢᠨ ᠂ ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠶᠢ ᠡᠭᠦᠳᠬᠦ ᠴᠢᠳᠠᠪᠤᠷᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠬᠡᠮᠡᠬᠦ ᠳᠥᠷᠪᠡᠨ ᠲᠠᠯ᠎ᠠ ᠪᠠᠭᠲᠠᠨ᠎ᠠ ᠂ ᠦᠨᠡᠯᠡᠬᠦ ᠭᠦᠢᠴᠡᠳᠬᠡᠯ ᠲᠣᠭᠠᠨ ᠤ ᠶᠡᠷᠦᠩᠬᠡᠢ ᠡᠵᠡᠯᠡᠬᠦ ᠬᠤᠪᠢᠳᠠᠯ ᠨᠢ 100 ᠂ ᠵᠣᠬᠢᠴᠠᠯᠳᠤᠬᠤ ᠶᠡᠷᠦᠩᠬᠡᠢ ᠬᠤᠪᠢ ᠨᠢ 100 ᠬᠤᠪᠢ ᠪᠣᠯᠣᠨ᠎ᠠ ᠃

          ᠠᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠳᠠᠬᠢ ᠡᠳᠦᠷ ᠲᠤᠲᠤᠮ ᠤᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ ᠂ ᠪᠦᠷᠢᠳᠬᠡᠬᠦ ᠣᠷᠣᠨ ᠪᠦᠰᠡ ᠶᠢᠨ ᠬᠡᠪᠴᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠣᠳᠠᠲᠠᠢ ᠬᠠᠷᠢᠶ᠎ᠠ ᠲᠠᠯᠠᠪᠠᠶ ᠪᠣᠯᠣᠨ᠎ᠠ ᠃ 

          ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠶᠢ ᠴᠤᠭᠯᠠᠭᠤᠯᠬᠤ ᠂ ᠬᠤᠷᠢᠶᠠᠩᠭᠤᠶᠢᠯᠠᠬᠤ ᠂ ᠲᠥᠰᠥᠭᠡᠯᠡᠨ ᠪᠣᠳᠣᠬᠤ ᠶᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠨ ᠦᠨᠡᠯᠡᠨ ᠵᠢᠱᠢᠯᠲᠡ ᠬᠢᠯᠭᠡᠬᠦ ᠶᠢ ᠬᠠᠷᠢᠭᠤᠴᠠᠬᠤ ᠬᠡᠷᠡᠭᠲᠡᠢ ᠃ ᠡᠯ᠎ᠡ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠱᠠᠭᠠᠷᠳᠠᠯᠭ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠦᠢᠴᠡᠳᠬᠡᠯ ᠲᠣᠭᠠᠨ ᠤ ᠲᠤᠭ᠎ᠠ ᠪᠠᠷᠢᠮᠲᠠ ᠶᠢ ᠬᠠᠩᠭᠠᠬᠤ ᠶᠢᠨ ᠬᠠᠮᠲᠤ ᠂ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠬᠠᠷᠢᠭᠤᠴᠠᠬᠤ ᠬᠡᠷᠡᠭᠲᠡᠢ ᠃

          ᠠᠷᠪᠠᠨ ᠨᠢᠭᠡᠳᠦᠭᠡᠷ ᠵᠦᠢᠯ ᠦᠨᠡᠯᠡᠭᠰᠡᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠲᠠᠢ ᠬᠠᠮᠲᠤᠷᠠᠨ ᠬᠢᠨᠠᠨ ᠬᠠᠷᠭᠤᠭᠤᠯᠬᠤ ᠶᠢᠨ ᠬᠠᠮᠲᠤ ᠨᠡᠶᠢᠲᠡᠯᠡᠬᠦ ᠬᠡᠷᠡᠭᠲᠡᠢ ᠃

                      ᠳᠥᠷᠪᠡᠳᠦᠭᠡᠷ ᠪᠦᠯᠦᠭ  ᠬᠠᠮᠢᠶᠠᠷᠤᠯᠲᠠ

          ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠰᠲ᠋ᠧᠮᠵᠢᠭᠦᠯᠦᠨ ᠬᠠᠮᠢᠶᠠᠷᠬᠤ ᠪᠠ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠢᠯᠣᠭᠤᠳᠤᠯᠭ᠎ᠠ ᠬᠢᠬᠦ ᠪᠠ ᠳᠡᠮᠵᠢᠯᠭᠡ ᠦᠵᠡᠬᠦᠯᠬᠦ ᠬᠡᠷᠡᠭᠲᠡᠢ ᠃

          ᠠᠷᠪᠠᠨ ᠭᠤᠷᠪᠠᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭᠠᠲᠤ ᠭᠤᠣᠯ ᠴᠣᠭᠴᠠ ᠪᠣᠯᠣᠨ᠎ᠠ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠂ ᠪᠦᠲᠦᠭᠡᠨ ᠪᠠᠶᠢᠭᠤᠯᠤᠯᠲᠠ ᠂ ᠬᠠᠮᠢᠶᠠᠷᠤᠯᠲᠠ ᠵᠡᠷᠭᠡ ᠠᠵᠢᠯ ᠢ ᠪᠣᠳᠠᠲᠠᠢ ᠬᠠᠷᠢᠭᠤᠴᠠᠵᠤ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠠᠬᠢᠭᠤᠯᠬᠤ ᠪᠣᠳᠠᠲᠠᠢ ᠬᠡᠷᠡᠭᠵᠢᠭᠦᠯᠬᠦ ᠲᠥᠰᠥᠯ ᠪᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ ᠃

          ᠥᠪᠡᠷᠲᠡᠭᠡᠨ ᠵᠠᠰᠠᠬᠤ ᠣᠷᠣᠨ ᠨᠢ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ︽ᠨᠢᠭᠡ ᠲᠣᠭᠤᠷᠢᠭ ᠣᠯᠠᠨ ᠬᠦᠷᠢᠶᠡᠯᠡᠩ︾ ᠵᠡᠷᠭᠡ ᠵᠠᠭᠪᠤᠷ ᠢᠶᠠᠷ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠷᠢᠶ᠎ᠠ ᠬᠡᠪᠴᠢᠶ᠎ᠡ ᠪᠠ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ ᠂ ᠬᠤᠯᠪᠤᠭᠠᠯᠠᠨ ᠬᠥᠳᠡᠯᠦᠯᠴᠡᠵᠦ ᠬᠥᠭᠵᠢᠬᠦ ᠲᠣᠭᠲᠠᠴᠠ ᠶᠢ ᠪᠠᠶᠢᠭᠤᠯᠬᠤ ᠳᠤ ᠳᠡᠮᠵᠢᠯᠭᠡ ᠦᠵᠡᠬᠦᠯᠬᠦ ᠬᠡᠷᠡᠭᠲᠡᠢ ᠃ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠬᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠥᠷᠥ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠬᠤ ᠬᠡᠷᠡᠭᠲᠡᠢ ᠃

          ᠠᠷᠪᠠᠨ ᠳᠥᠷᠪᠡᠳᠦᠭᠡᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠢᠯ ᠪᠦᠷᠢ ᠶᠢᠨ ᠰᠡᠭᠦᠯᠴᠢ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠣᠨ ᠤ ᠠᠵᠢᠯ ᠤᠨ ᠮᠡᠳᠡᠭᠦᠯᠦᠯᠲᠡ ᠪᠠᠨ ᠨᠠᠶᠢᠷᠠᠭᠤᠯᠤᠨ ᠵᠣᠬᠢᠶᠠᠵᠤ ᠂ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠨ ᠤ ᠲᠤᠭ᠎ᠠ ᠪᠦᠷᠢᠳᠬᠡᠯ ᠤᠨ ᠴᠢᠬᠤᠯᠠ ᠲᠤᠭ᠎ᠠ ᠪᠠᠷᠢᠮᠲᠠ ᠲᠠᠢ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠢ ᠃ ᠣᠨ ᠤ ᠠᠵᠢᠯ ᠤᠨ ᠮᠡᠳᠡᠭᠦᠯᠦᠯᠲᠡ ᠳᠤ ᠶᠡᠷᠦᠩᠬᠡᠢ ᠠᠬᠢᠴᠠ ᠂ ᠴᠢᠬᠤᠯᠠ ᠶᠡᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠂ ᠠᠵᠢᠯᠯᠠᠭᠠᠨ ᠤ ᠠᠮᠵᠢᠯᠲᠠ ᠪᠦᠲᠦᠮᠵᠢ ᠂ ᠲᠤᠷᠰᠢᠯᠭ᠎ᠠ ᠬᠢᠭᠡᠳ ᠠᠰᠠᠭᠤᠳᠠᠯ ᠵᠢᠴᠢ ᠢᠷᠡᠬᠦ ᠵᠢᠯ ᠤᠨ ᠭᠤᠣᠯᠳᠠᠯᠭ᠎ᠠ ᠪᠣᠯᠬᠤ ᠠᠵᠢᠯ ᠵᠡᠷᠭᠡ ᠪᠠᠭᠲᠠᠨ᠎ᠠ ᠃

          ᠠᠷᠪᠠᠨ ᠲᠠᠪᠤᠳᠤᠭᠠᠷ ᠵᠦᠢᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠡᠯᠡᠯᠲᠡ ᠶᠢᠨ ᠦᠷ᠎ᠡ ᠳ᠋ᠦᠩ ᠶᠣᠰᠣᠭᠠᠷ ᠂ ᠨᠡᠷᠡᠰ ᠤᠨ ᠵᠢᠭᠰᠠᠭᠠᠯᠲᠠ ᠳᠤ ᠡᠮᠦᠨᠡᠭᠦᠷ ᠵᠢᠭᠰᠠᠭᠠᠭᠳᠠᠭᠰᠠᠨ ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠂ ᠬᠥᠭᠵᠢᠯᠲᠡ ᠶᠢᠨ ᠶᠠᠰᠤ ᠴᠢᠨᠠᠷ ᠥᠨᠳᠥᠷ ᠂ ᠠᠵᠤ ᠦᠢᠯᠡᠰ ᠤᠨ ᠣᠨᠴᠠᠯᠢᠭ ᠢᠯᠡᠷᠬᠡᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠭᠠᠨ ᠲᠠᠰ ᠲᠡᠪᠰᠢᠬᠦᠯᠬᠦ ᠬᠡᠷᠡᠭᠲᠡᠢ ᠃ ᠦᠨᠡᠯᠡᠭᠰᠡᠨ ᠦᠷ᠎ᠡ ᠳ᠋ᠦᠩ ᠨᠢ ᠪᠥᠬᠦ ᠣᠷᠣᠨ ᠤ ᠨᠡᠷᠡᠰ ᠤᠨ ᠵᠢᠭᠰᠠᠭᠠᠯᠲᠠ ᠳᠤ ᠬᠤᠶᠢᠭᠤᠷ ᠵᠢᠭᠰᠠᠭᠠᠭᠳᠠᠭᠰᠠᠨ ᠪᠥᠭᠡᠳ ᠬᠤᠪᠢ ᠨᠢ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠦᠨᠡᠯᠡᠭᠰᠡᠨ ᠦᠷ᠎ᠡ ᠳ᠋ᠦᠩ ᠨᠢ ᠵᠠᠯᠭᠠᠭ᠎ᠠ ᠪᠠᠷ ᠬᠤᠶᠠᠷ ᠤᠳᠠᠭ᠎ᠠ ᠪᠥᠬᠦ ᠣᠷᠣᠨ ᠤ ᠬᠠᠮᠤᠭ ᠤᠨ ᠰᠡᠭᠦᠯ ᠳᠤ ᠵᠢᠭᠰᠠᠭᠠᠭᠳᠠᠭᠰᠠᠨ ᠪᠥᠭᠡᠳ ᠬᠤᠪᠢ ᠪᠠᠷ ᠨᠡᠯᠢᠶᠡᠳ ᠳᠣᠣᠷ᠎ᠠ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠪᠣᠯ ᠬᠤᠯᠪᠣᠭᠳᠠᠯ ᠪᠦᠬᠦᠢ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠲᠡᠭᠦᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠪᠠᠷ ᠮᠡᠳᠡᠭᠦᠯᠬᠦ ᠬᠡᠷᠡᠭᠲᠡᠢ ᠃

                      ᠲᠠᠪᠤᠳᠤᠭᠠᠷ ᠪᠦᠯᠦᠭ  ᠳᠠᠭᠠᠯᠳᠤᠭᠤᠯᠤᠯ ᠳᠦᠷᠢᠮ

          ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ ᠃ ᠤᠤᠯ ᠤᠨ ︽ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠥᠰᠥᠭ ﹇2003﹈ 114 ᠳ᠋ᠦ᠋ᠭᠡᠷ ᠲᠣᠭᠠᠲᠤ︶  ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃

      

ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ

2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠠᠶᠢᠯᠪᠤᠷᠢ

 

ᠳᠠᠭᠠᠯᠳᠤᠭᠤᠯᠤᠯ 1

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ

            ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠣᠭᠲᠠᠯᠴᠠᠭ᠎ᠠ

 

1.jpg

 

2.jpg

3.jpg

4.jpg

     

 

ᠳᠠᠭᠠᠯᠳᠤᠭᠤᠯᠤᠯ 2

            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ

            ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠢ ᠦᠨᠡᠯᠡᠬᠦ ᠭᠦᠢᠴᠡᠳᠬᠡᠯ ᠲᠣᠭᠠᠨ ᠤ ᠲᠠᠶᠢᠯᠪᠤᠷᠢ

 

 

      1.1 ᠡᠵᠡᠩᠨᠡᠯᠲᠡ ᠶᠢᠨ ᠣᠷᠣᠯᠭ᠎ᠠ ᠳᠠᠬᠢ ᠰᠤᠳᠤᠯᠤᠨ ᠨᠡᠭᠡᠭᠡᠬᠦ ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ ᠡᠵᠡᠯᠡᠬᠦ ᠬᠠᠷᠢᠴᠠᠯ

      ᠪᠤᠳᠤᠬᠤ ᠲᠣᠮᠢᠶ᠎ᠠ᠄ ᠠᠵᠤ ᠠᠬᠤᠶᠢᠯᠠᠯ ᠤᠨ R& D ᠵᠠᠷᠤᠳᠠᠯ ᠤᠨ ᠳᠣᠲᠣᠭᠠᠳᠤ ᠵᠠᠷᠤᠯᠭ᠎ᠠ ᠶᠢᠨ ᠲᠣᠭᠠᠴᠠᠭ᠎ᠠ ᠬᠢᠭᠰᠡᠨ ᠥᠷᠲᠡᠭ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠳᠤ ᠣᠷᠣᠭᠤᠯᠤᠯᠲᠠ ᠬᠢᠬᠦ ᠬᠦᠴᠦᠯᠡᠴᠡ ᠶᠢ ᠬᠡᠮᠵᠢᠬᠦ ᠨᠡᠶᠢᠳᠡᠮ ᠬᠡᠷᠡᠭᠯᠡᠬᠦ ᠭᠦᠢᠴᠡᠳᠬᠡᠯ ᠲᠤᠭ᠎ᠠ ᠂ ᠡᠨᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠵᠢᠴᠢ ᠣᠷᠣᠭᠤᠯᠤᠯᠲᠠ ᠶᠢᠨ ᠴᠢᠳᠠᠪᠤᠷᠢ ᠶᠢ ᠲᠤᠰᠬᠠᠵᠤ ᠪᠠᠶᠢᠭ᠎ᠠ ᠶᠤᠮ ᠃

      1.2 ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠠᠷᠢᠴᠠᠯ

      ᠪᠣᠳᠣᠬᠤ ᠲᠣᠮᠢᠶ᠎ᠠ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ / ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ × 100 %

      ᠭᠦᠢᠴᠡᠳᠬᠡᠯ ᠲᠣᠭᠠᠨ ᠤ ᠲᠠᠶᠢᠯᠪᠤᠷᠢ᠄ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠭᠡᠳᠡᠭ ᠨᠢ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢ ᠳᠡᠮᠵᠢᠬᠦ ᠳᠤ ᠬᠡᠷᠡᠭᠯᠡᠭᠰᠡᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠶᠢ ᠵᠢᠭᠠᠵᠤ ᠪᠤᠢ﹔ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠭᠡᠳᠡᠭ ᠨᠢ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠯᠠᠨ ᠨᠡᠶᠢᠲᠡ ᠶᠢᠨ ᠦᠢᠯᠡᠳᠬᠦᠨ ᠪᠠ ᠦᠢᠯᠡᠴᠢᠯᠡᠭᠡ ᠬᠠᠩᠭᠠᠵᠤ ᠂ ᠨᠡᠶᠢᠭᠡᠮ ᠤᠨ ᠬᠠᠮᠲᠤ ᠶᠢᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠬᠢᠭᠰᠡᠨ ᠡᠳ᠋ ᠤᠨ ᠵᠠᠰᠠᠭ ᠤᠨ ᠪᠡᠯᠡ ᠮᠥᠩᠭᠦᠨ ᠤ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ〔 ᠲᠤᠰᠠᠭᠠᠷ ᠨᠢᠭᠡ ᠱᠠᠲᠤᠨ ᠤ ᠡᠳ᠋ ᠤᠨ ᠵᠠᠰᠠᠭ ᠲᠤ ᠥᠯᠥ ᠬᠠᠷᠢᠶᠠᠯᠠᠭᠳᠠᠬᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠲᠡᠭᠦᠨ ᠤ ᠪᠠᠶᠢᠭ᠎ᠠ ᠬᠤᠰᠢᠭᠤ ᠰᠢᠶᠠᠨ ︵ ᠬᠤᠲᠠ ᠂ ᠲᠣᠭᠤᠷᠢᠭ︶  ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ ᠪᠠ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠲᠥᠰᠥᠪ ᠤᠨ ᠭᠦᠢᠴᠡᠳᠬᠡᠯ ᠲᠤᠭ᠎ᠠ 〕 ᠶᠢ ᠵᠢᠭᠠᠵᠤ ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠬᠤᠯᠠᠴᠢᠯᠠᠵᠤ ᠪᠠᠶᠢᠭ᠎ᠠ ᠬᠡᠮᠵᠢᠶ᠎ᠡ ᠪᠠ ᠣᠷᠣᠭᠤᠯᠤᠯᠲᠠ ᠶᠢᠨ ᠡᠷᠴᠢᠮ ᠢ ᠲᠤᠰᠬᠠᠵᠤ ᠪᠠᠶᠢᠭ᠎ᠠ ᠶᠤᠮ ᠃ 

      1.3 ᠨᠡᠪᠴᠢᠭᠦᠯᠬᠦ ᠲᠠᠯᠠᠪᠠᠶ ᠬᠢᠭᠡᠳ ᠮᠢᠩᠭᠠᠨ ᠲᠡᠭᠰᠢ ᠳᠥᠷᠪᠡᠯᠵᠢᠨ ᠮᠧᠲᠷ ᠪᠦᠷᠢ ᠶᠢᠨ ᠨᠡᠪᠴᠢᠭᠦᠯᠬᠦ ᠲᠠᠯᠠᠪᠠᠶ ᠳᠠᠬᠢ ᠨᠡᠪᠴᠢᠭᠦᠯᠬᠦ ᠠᠵᠤ ᠠᠬᠤᠶᠢᠯᠠᠯ ᠤᠨ ᠲᠤᠭ᠎ᠠ

      ᠪᠣᠳᠣᠬᠤ ᠲᠣᠮᠢᠶ᠎ᠠ᠄ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ / ︵ ᠨᠡᠪᠴᠢᠭᠦᠯᠬᠦ ᠲᠠᠯᠠᠪᠠᠶ / 1000︶

      ᠭᠦᠢᠴᠡᠳᠬᠡᠯ ᠲᠣᠭᠠᠨ ᠤ ᠲᠠᠶᠢᠯᠪᠤᠷᠢ᠄ ᠨᠡᠪᠴᠢᠭᠦᠯᠬᠦ ᠲᠠᠯᠠᠪᠠᠶ ᠭᠡᠳᠡᠭ ᠨᠢ ᠮᠠᠭᠠᠳᠯᠠᠨ ᠲᠣᠭᠲᠠᠭᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠪᠠᠷᠢᠯᠭ᠎ᠠ ᠶᠢᠨ ᠲᠠᠯᠠᠪᠠᠶ ᠶᠢ ᠵᠢᠭᠠᠵᠤ ᠪᠤᠢ ᠃ ᠨᠡᠪᠴᠢᠭᠦᠯᠵᠦ ᠪᠠᠶᠢᠭ᠎ᠠ ᠠᠵᠤ ᠠᠬᠤᠶᠢᠯᠠᠯ ᠤᠨ ᠲᠤᠭ᠎ᠠ ᠭᠡᠳᠡᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠤᠨ ᠳᠣᠲᠣᠭᠠᠳᠤ ᠳᠤ ᠨᠢ ᠡᠵᠡᠩᠨᠡᠬᠦ ᠶᠢᠨ ᠬᠠᠮᠲᠤ ᠲᠣᠰ ᠨᠡᠪᠴᠢᠭᠦᠯᠦᠭᠦᠷ ᠤᠨ ᠬᠠᠩᠭᠠᠭᠰᠠᠨ ᠨᠡᠪᠴᠢᠭᠦᠯᠬᠦ ᠦᠢᠯᠡᠴᠢᠯᠡᠭᠡ ᠶᠢ ᠭᠥᠯᠢᠶᠡᠨ ᠠᠪᠬᠤ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ᠵᠢᠭᠠᠵᠤ ᠪᠣᠶ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠲᠠᠯ᠎ᠠ ᠪᠠᠷ ᠬᠢ ᠨᠡᠪᠴᠢᠭᠦᠯᠬᠦ ᠴᠢᠳᠠᠪᠤᠷᠢ ᠵᠢᠴᠢ ᠨᠡᠪᠴᠢᠭᠦᠯᠬᠦ ᠬᠦᠴᠦᠯᠡᠴᠡ ᠶᠢ ᠲᠤᠰᠬᠠᠵᠤ ᠪᠠᠶᠢᠭ᠎ᠠ ᠶᠤᠮ ᠃      1.4 ᠠᠵᠢᠯ ᠡᠷᠬᠢᠯᠡᠭᠰᠡᠳ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ ᠠᠵᠢᠯᠯᠠᠭᠰᠠᠨ ᠴᠠᠭ ᠢᠶᠠᠷ ᠨᠤᠭᠤᠯᠤᠨ ᠪᠤᠳᠤᠨᠨᠰᠠᠨ ᠠᠵᠢᠯ ᠤᠨ ᠬᠡᠮᠵᠢᠶᠡᠨ ᠤ ᠡᠵᠡᠯᠡᠬᠦ ᠬᠠᠷᠢᠴᠠᠯ 

      ᠪᠤᠳᠤᠬᠤ ᠲᠣᠮᠢᠶ᠎ᠠ᠄ ᠠᠵᠤ ᠠᠬᠤᠶᠢᠯᠠᠯ ᠤᠨ R & D ᠠᠵᠢᠯᠲᠠᠨ  ᠤ ᠪᠣᠳᠠᠲᠠᠢ ᠠᠵᠢᠯᠯᠠᠭᠰᠠᠨ ᠴᠠᠭ ᠢᠶᠠᠷ ᠨᠤᠭᠤᠯᠤᠨ ᠪᠤᠳᠤᠭᠰᠠᠨ ᠠᠵᠢᠯ ᠤᠨ ᠬᠡᠮᠵᠢᠶ᠎ᠡ ᠪᠠᠷ ᠲᠣᠭᠠᠴᠠᠭᠠᠯᠠᠭᠰᠠᠨ ᠬᠡᠮᠵᠢᠭᠳᠡᠯ / ᠠᠵᠢᠯ ᠡᠷᠬᠢᠯᠡᠭᠰᠡᠳ ᠤᠨ ᠬᠤᠭᠤᠴᠠᠭᠠᠨ ᠡᠴᠦᠰ ᠤᠨ ᠲᠤᠭ᠎ᠠ ᠃

      ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠨᠢ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠲᠠᠨ ᠤ ᠪᠣᠳᠠᠲᠠᠢ ᠣᠷᠣᠭᠤᠯᠤᠯᠲᠠ ᠶᠢᠨ ᠡᠷᠴᠢᠮ ᠢ ᠬᠡᠮᠵᠢᠶᠡᠯᠡᠵᠦ ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠮᠥᠨ ᠤ ᠬᠦᠴᠦᠨ ᠤ ᠣᠷᠣᠭᠤᠯᠤᠯᠲᠠ ᠪᠠᠨ ᠴᠢᠩᠭᠠᠳᠬᠠᠬᠤ ᠶᠢ ᠵᠣᠷᠢᠭᠵᠢᠭᠤᠯᠬᠤ ᠳᠤ ᠪᠤᠢ ᠃

      1.5 ᠵᠠᠭᠤᠨ ᠡᠷᠦᠬᠡ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠪᠦᠷᠢ ᠳᠤ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠰᠢᠨ᠎ᠡ ᠶᠢ ᠡᠭᠦᠳᠬᠦ ᠲᠠᠪᠴᠠᠩ ᠲᠠᠢ ᠪᠠᠶᠢᠬᠤ ᠲᠤᠭ᠎ᠠ ᠬᠡᠮᠵᠢᠶ᠎ᠡ

      ᠪᠤᠳᠤᠬᠤ ᠲᠣᠮᠢᠶ᠎ᠠ᠄ ᠥᠪᠡᠷᠲᠡᠭᠡᠨ ᠵᠠᠰᠠᠬᠤ ᠣᠷᠣᠨ ᠤ ᠳᠡᠰ ᠠᠴᠠ ᠳᠡᠭᠡᠭᠰᠢᠬᠢ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠶᠡᠷᠦᠩᠬᠡᠢ ᠲᠤᠭ᠎ᠠ / ︵ ᠬᠦᠷᠢᠶᠡᠯᠡᠩ ᠲᠣᠭᠤᠷᠢᠭ ᠲᠠᠬᠢ ᠬᠠᠤᠯᠢ ᠶᠢᠨ ᠡᠷᠬᠡᠲᠡᠨ  ᠤ ᠠᠵᠤ ᠠᠬᠤᠶᠢᠯᠠᠯ ᠤᠨ ᠲᠤᠭ᠎ᠠ /100︶

      ᠭᠦᠢᠴᠡᠳᠬᠡᠯ ᠲᠣᠭᠠᠨ ᠤ ᠲᠠᠶᠢᠯᠪᠤᠷᠢ᠄ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠬᠡᠮᠵᠢᠶ᠎ᠡ ᠭᠡᠳᠡᠭ ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠂ ᠬᠠᠮᠲᠤᠷᠠᠭᠰᠠᠨ ᠲᠤᠷᠰᠢᠯᠲᠠ ᠶᠢᠨ ᠲᠠᠰᠤᠭ ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠂ ᠢᠨᠵᠧᠨᠧᠷᠢᠩ ︵ ᠮᠡᠷᠭᠡᠵᠢᠯ︶  ᠤᠨ ᠰᠤᠳᠤᠯᠭᠠᠨ ᠤ ᠲᠥᠪ ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠂ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠂ ᠬᠠᠮᠵᠢᠯᠴᠠᠨ ᠰᠢᠨ᠎ᠡ ᠶᠢ ᠡᠭᠦᠳᠬᠦ ᠲᠥᠪ ᠂ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠂ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠂ ᠠᠵᠤ ᠠᠬᠤᠶᠢᠯᠠᠯ ᠤᠨ ᠮᠡᠷᠭᠡᠵᠢᠯ ᠤᠨ ᠲᠥᠪ ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡᠨ ᠤ ᠲᠥᠪ ᠂ ᠶᠠᠰᠤ ᠴᠢᠨᠠᠷ ᠢ ᠪᠠᠶᠢᠴᠠᠭᠠᠬᠤ ᠲᠥᠪ ᠂ ᠮᠡᠷᠭᠡᠵᠢᠯ ᠤᠨ ᠪᠠᠷᠢᠮᠵᠢᠶᠠᠨ ᠤ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ᠶᠢᠨ ᠲᠤᠭ᠎ᠠ ᠬᠡᠮᠵᠢᠶ᠎ᠡ ᠶᠢ ᠵᠢᠭᠠᠵᠤ ᠪᠣᠶ ᠃ ᠲᠣᠰ ᠭᠦᠢᠴᠡᠳᠬᠡᠯ ᠲᠤᠭ᠎ᠠ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠲᠤᠰᠬᠠᠵᠤ ᠪᠠᠶᠢᠭ᠎ᠠ ᠶᠤᠮ ᠃     1.6 ᠲᠦᠮᠡᠨ ᠠᠵᠢᠯ ᠡᠷᠬᠢᠯᠡᠭᠰᠡᠳ ᠪᠦᠷᠢ ᠶᠢᠨ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ

      ᠪᠣᠳᠣᠬᠤ ᠲᠣᠮᠢᠶ᠎ᠠ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ / ︵ ᠠᠵᠤ ᠠᠬᠤᠶᠢᠯᠠᠯ  ᠤᠨ ᠠᠵᠢᠯ ᠡᠷᠬᠢᠯᠡᠭᠰᠡᠳ ᠤᠨ ᠲᠤᠭ᠎ᠠ / 10000︶

      ᠭᠦᠢᠴᠡᠳᠬᠡᠯ ᠲᠣᠭᠠᠨ ᠤ ᠲᠠᠶᠢᠯᠪᠤᠷᠢ ᠄ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠲᠠᠢ ᠪᠠᠶᠢᠬᠤ ᠬᠡᠮᠵᠢᠶ᠎ᠡ ᠭᠡᠳᠡᠭ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠡᠪᠴᠢᠶᠡᠨ ᠳᠤ ᠪᠠᠶᠢᠭ᠎ᠠ ᠬᠦᠴᠦᠨ ᠪᠦᠬᠦᠢ ᠡᠭᠦᠳᠦᠨ ᠪᠦᠲᠦᠭᠡᠯᠲᠡ ᠶᠢᠨ ᠲᠤᠰᠬᠠᠢ ᠠᠰᠢᠭ ᠤᠨ ᠲᠤᠭ᠎ᠠ ᠬᠡᠮᠵᠢᠶ᠎ᠡ ᠶᠢ ᠵᠢᠭᠠᠵᠤ ᠪᠤᠢ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠴᠢᠳᠠᠪᠤᠷᠢ ᠶᠢ ᠲᠤᠰᠬᠠᠵᠤ ᠪᠠᠶᠢᠭ᠎ᠠ ᠶᠤᠮ ᠃

      1.7 ᠬᠥᠮᠥᠨ ᠳᠤᠮᠳᠠᠴᠢ ᠶᠢᠨ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ

      ᠪᠤᠳᠤᠬᠤ ᠲᠣᠮᠢᠶ᠎ᠠ᠄ ᠮᠡᠷᠭᠡᠵᠢᠯ ᠤᠨ ᠭᠡᠷ᠎ᠡ ᠶᠢᠨ ᠠᠷᠠᠯᠵᠢᠶᠠᠨ ᠤ ᠲᠤᠭ᠎ᠠ / ᠠᠵᠢᠯ ᠡᠷᠬᠢᠯᠡᠭᠰᠡᠳ  ᠤᠨ ᠬᠤᠭᠤᠴᠠᠭᠠᠨ ᠡᠴᠦᠰ ᠤᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠮᠡᠷᠭᠡᠵᠢᠯ ᠤᠨ ᠠᠷᠠᠯᠵᠢᠶᠠᠨ ᠤ ᠬᠥᠭᠵᠢᠶᠡᠨᠲᠦ ᠪᠠᠶᠢᠳᠠᠯ ᠢ ᠬᠡᠮᠵᠢᠶᠡᠯᠡᠵᠦ ᠂ ᠡᠨᠡ ᠨᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠦᠢᠯᠡᠴᠢᠯᠡᠭᠡᠨ ᠤ ᠦᠢᠯᠡᠰ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠭᠰᠠᠨ ᠬᠥᠭᠵᠢᠯᠲᠡ ᠶᠢᠨ ᠪᠠᠶᠢᠳᠠᠯ ᠢ ᠬᠠᠷᠠᠭᠤᠯᠵᠤ ᠪᠠᠶᠢᠭ᠎ᠠ ᠶᠤᠮ ᠃

      2.1 ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ ᠲᠤᠭ᠎ᠠ

      ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ - ᠳᠡᠭᠡᠷ᠎ᠡ ᠵᠢᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠳ ᠢ ᠬᠥᠲᠥᠯᠥᠨ ᠵᠢᠯᠤᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠡᠳᠡᠬᠦᠯᠦᠬᠦᠯᠵᠦ ᠂ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠭᠰᠠᠨ ᠪᠠᠶᠢᠳᠠᠯ ᠢ ᠬᠡᠮᠵᠢᠵᠦ ᠂ ᠠᠵᠤ ᠦᠢᠯᠡᠰ ᠤᠨ ᠥᠷᠲᠡᠭ ᠤᠨ ᠬᠡᠮᠵᠢᠶᠡᠨ ᠤ ᠳᠡᠭᠡᠭᠰᠢᠯᠡᠯᠲᠡ ᠶᠢ ᠠᠬᠢᠭᠤᠯᠬᠤ ᠳᠤ ᠪᠤᠢ ᠃

      2.2 ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠴᠡᠪᠡᠷ ᠨᠡᠮᠡᠭᠳᠡᠯ ᠤᠨ ᠲᠤᠭ᠎ᠠ

      ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ - ᠳᠡᠭᠡᠷ᠎ᠡ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ  ᠢᠶᠠᠷ ᠬᠥᠮᠥᠷᠭᠡᠯᠡᠨ ᠳᠠᠩᠰᠠᠯᠠᠭᠤᠯᠵᠤ ᠂ ᠡᠨᠡ ᠨᠢ ᠬᠦᠷᠢᠶᠡᠯᠡᠩ ᠲᠣᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠲᠠᠯ᠎ᠠ ᠪᠠᠷ ᠬᠢ ᠰᠢᠨ᠎ᠡ ᠬᠦᠴᠦᠨ ᠢ ᠪᠣᠶᠢᠵᠢᠭᠤᠯᠤᠭᠰᠠᠨ ᠪᠠᠶᠢᠳᠠᠯ ᠢ ᠲᠤᠰᠬᠠᠵᠤ ᠪᠠᠶᠢᠭ᠎ᠠ ᠶᠤᠮ ᠃

      2.3 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠤᠪᠢ ᠶᠢᠨ ᠵᠢᠩ ᠵᠢᠴᠢ ᠵᠢᠯ ᠤᠨ ᠨᠡᠮᠡᠭᠳᠡᠯ ᠤᠨ ᠬᠡᠮᠵᠢᠶ᠎ᠡ

      ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦ ᠣᠷᠣᠯᠭ᠎ᠠ / ᠨᠢᠭᠡᠳᠦᠯᠲᠡᠢ ᠲᠥᠯᠥᠪᠯᠡᠭᠡ ᠳᠤ ᠣᠷᠣᠭᠤᠯᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠬᠦ ᠣᠷᠣᠯᠭ᠎ᠠ × 100 % ×ᠵᠢᠴᠢ ᠲᠣᠰ ᠵᠢᠯ ᠤᠨ ᠬᠤᠪᠢ ᠶᠢᠨ ᠵᠢᠩ - ᠳᠡᠭᠡᠷ᠎ᠡ ᠵᠢᠯ ᠤᠨ ᠬᠤᠪᠢ ᠶᠢᠨ ᠵᠢᠩ

      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠮᠡᠷᠭᠡᠵᠢᠯ ᠤᠨ ᠦᠶᠯᠡᠳᠬᠦ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠭᠡᠳᠡᠭ ᠨᠢ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠳᠠᠬᠢ R & D ᠣᠷᠣᠭᠤᠯᠤᠯᠲᠠ ᠶᠢᠨ ᠡᠷᠴᠢᠮ ᠢᠶᠠᠷ ᠬᠠᠷᠢᠴᠠᠩᠭᠤᠢ ᠥᠨᠳᠥᠷ ᠦᠶᠯᠡᠳᠬᠦ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠬᠡᠮᠵᠢᠭᠳᠡᠯ ᠢ ᠵᠢᠭᠠᠵᠤ ᠪᠤᠢ ᠃ ᠡᠨᠡ ᠨᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠤᠰᠬᠠᠵᠤ ᠪᠠᠶᠢᠭ᠎ᠠ ᠶᠤᠮ ᠃

      2.4 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠵᠢᠴᠢ ᠵᠢᠯ ᠤᠨ ᠨᠡᠮᠡᠭᠳᠡᠯ ᠤᠨ ᠬᠡᠮᠵᠢᠶ᠎ᠡ

      ᠪᠤᠳᠤᠬᠤ ᠲᠣᠮᠢᠶ᠎ᠠ᠄ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ ᠣᠷᠣᠯᠭ᠎ᠠ / ᠠᠯᠢᠪᠠ ᠨᠢᠭᠡᠳᠦᠯᠲᠡᠢ ᠲᠥᠯᠥᠪᠯᠡᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠵᠢᠴᠢ ᠲᠣᠰ ᠵᠢᠯ ᠤᠨ ᠡᠵᠡᠯᠡᠬᠦ ᠬᠠᠷᠢᠴᠠᠯ ᠬᠡᠮᠵᠢᠭᠳᠡᠯ - ᠳᠡᠭᠡᠷ᠎ᠡ ᠵᠢᠯ ᠤᠨ ᠡᠵᠡᠯᠡᠬᠦ ᠬᠠᠷᠢᠴᠠᠯ ᠬᠡᠮᠵᠢᠭᠳᠡᠯ

      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠪᠠᠶᠢᠳᠠᠯ ᠢ ᠲᠤᠰᠬᠠᠬᠤ ᠶᠢᠨ ᠬᠠᠮᠲᠤ ᠂ ᠮᠡᠳᠡᠯᠭᠡ ᠬᠤᠷᠠᠭᠰᠠᠨ ᠬᠡᠯᠪᠡᠷᠢ ᠶᠢᠨ ᠦᠢᠯᠡᠴᠢᠯᠡᠭᠡᠨ ᠤ ᠦᠢᠯᠡᠰ ᠬᠥᠭᠵᠢᠭᠦᠯᠬᠦ ᠶᠢ ᠴᠢᠬᠤᠯᠠᠴᠢᠯᠠᠨ ᠵᠣᠷᠢᠭᠵᠢᠭᠤᠯᠬᠤ ᠳᠤ ᠪᠤᠢ ᠃

      2.5 ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ

      ᠪᠤᠳᠤᠬᠤ ᠲᠣᠮᠢᠶ᠎ᠠ᠄ ᠲᠤᠬᠠᠢ ᠶᠢᠨ ᠵᠢᠯ ᠤᠨ ᠬᠦᠷᠢᠶᠡᠯᠡᠩ ᠲᠣᠭᠤᠷᠢᠭ ᠲᠠᠬᠢ ᠲᠦᠭᠰᠢᠭᠦᠷᠢᠲᠦ ᠪᠡᠯᠡ ᠣᠷᠣᠭᠤᠯᠤᠯᠲᠠ ᠣᠯᠣᠭᠰᠠᠨ ᠠᠵᠤ ᠠᠬᠤᠶᠢᠯᠠᠯ ᠤᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠮᠥᠩᠭᠦᠨ ᠭᠦᠢᠯᠭᠡᠭᠡ ᠪᠠ ᠲᠦᠭᠰᠢᠭᠦᠷᠢᠳᠦ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠲᠤᠰᠬᠠᠵᠤ ᠂ ︽ᠡᠬᠢᠯᠡᠬᠦ ᠳᠤ ᠮᠡᠷᠭᠡᠵᠢᠯ ᠂ ᠪᠦᠳᠦᠬᠦ ᠳᠤ ᠬᠥᠷᠥᠩᠭᠡ︾ ᠭᠡᠳᠡᠭ ᠢ ᠬᠠᠷᠠᠭᠤᠯᠤᠨ ᠂ ᠰᠢᠨ᠎ᠡ ᠠᠵᠤ ᠦᠢᠯᠡᠰ ᠤᠨ ᠪᠦᠷᠢᠯᠳᠦᠬᠦ ᠶᠢ ᠠᠬᠢᠭᠤᠯᠵᠤ ᠂ ᠰᠲ᠋ᠣᠺ ᠤᠨ ᠵᠠᠬ᠎ᠠ ᠳᠤ ᠭᠠᠷᠤᠭᠠᠳᠤᠢ ᠠᠩᠬ᠎ᠠ ᠡᠭᠦᠳᠦᠭᠰᠡᠨ ᠠᠵᠤ ᠠᠬᠤᠶᠢᠯᠠᠯ ᠢᠯᠡᠷᠡᠬᠦ ᠨᠢᠭᠤᠭᠳᠠᠮᠠᠯ ᠬᠦᠴᠦᠨ ᠢ ᠳᠡᠭᠡᠭᠰᠢᠯᠡᠬᠦᠯᠬᠦ ᠳᠤ ᠪᠤᠢ ᠃

      2.6 ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ ᠵᠢᠴᠢ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠬᠠᠷᠢᠴᠠᠯ

      ᠪᠤᠳᠤᠬᠤ ᠲᠣᠮᠢᠶ᠎ᠠ᠄ ᠨᠢᠭᠡᠴᠢ ᠭᠠᠵᠠᠷ ᠰᠢᠷᠣᠢ ᠶᠢᠨ ᠭᠠᠷᠭᠠᠯᠲᠠ ᠶᠢᠨ ᠬᠦᠴᠦᠯᠡᠴᠡ = ᠠᠵᠤ ᠦᠢᠯᠡᠳᠪᠦᠷᠢ ᠶᠢᠨ ᠶᠡᠷᠦᠩᠬᠡᠢ ᠥᠷᠲᠡᠭ / ᠬᠦᠷᠢᠶᠡᠯᠡᠩ ᠲᠣᠭᠤᠷᠢᠭ ᠤᠨ ᠪᠣᠳᠠᠲᠠᠢ ᠨᠡᠭᠡᠭᠡᠨ ᠠᠰᠢᠭᠯᠠᠭᠰᠠᠨ ᠲᠠᠯᠠᠪᠠᠶ﹔ ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠬᠦ ᠬᠠᠷᠢᠴᠠᠯ = ᠴᠢᠯᠦᠭᠡᠲᠡᠢ ᠭᠦᠢᠯᠭᠡᠭᠡᠬᠦ ᠦᠯᠡᠳᠡᠭᠡᠯ ᠭᠠᠵᠠᠷ ᠰᠢᠷᠣᠢ ᠶᠢᠨ ᠲᠠᠯᠠᠪᠠᠶ / ᠦᠯᠡᠳᠡᠭᠡᠯ ᠭᠠᠵᠠᠷ ᠰᠢᠷᠣᠢ ᠶᠢᠨ ᠶᠡᠷᠦᠩᠬᠡᠢ ᠲᠠᠯᠠᠪᠠᠶ

      ᠭᠦᠢᠴᠡᠳᠬᠡᠯ ᠲᠣᠭᠠᠨ ᠤ ᠲᠠᠶᠢᠯᠪᠤᠷᠢ᠄ ᠡᠨᠡ ᠬᠦ ᠭᠦᠢᠴᠡᠳᠬᠡᠯ ᠲᠤᠭ᠎ᠠ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠲᠤᠰᠬᠠᠵᠤ ᠪᠠᠶᠢᠭ᠎ᠠ ᠶᠤᠮ ᠃

      2.7 ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠨᠡᠮᠡᠭᠳᠡᠯ ᠤᠨ ᠨᠣᠷᠮ᠎ᠠ

      ᠪᠤᠳᠤᠬᠤ ᠲᠣᠮᠢᠶ᠎ᠠ᠄ ︵ ᠲᠤᠰ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ - ᠳᠡᠭᠡᠷ᠎ᠡ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ︶ / ᠳᠡᠭᠡᠷ᠎ᠡ ᠵᠢᠯ ᠤᠨ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ

      ᠭᠦᠢᠴᠡᠳᠬᠡᠯ ᠲᠤᠭ᠎ᠠ ᠶᠢᠨ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠶᠡᠷᠦᠩᠬᠡᠢ ᠬᠡᠮᠵᠢᠶᠡᠨ ᠤ ᠬᠤᠪᠢᠷᠠᠯᠲᠠ ᠶᠢᠨ ᠬᠠᠨᠳᠤᠰᠢ ᠶᠢ ᠬᠡᠮᠵᠢᠶᠡᠯᠡᠬᠦ ᠮᠥᠷᠲᠡᠭᠡᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠦ ᠲᠤᠰᠬᠠᠵᠤ ᠪᠠᠶᠢᠭ᠎ᠠ ᠶᠤᠮ ᠃

      2.8 ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠂ ᠬᠥᠭᠵᠢᠯᠲᠡ ᠶᠢ ᠬᠠᠮᠲᠤ ᠳᠤ ᠪᠠᠨ ᠭᠥᠷᠳᠡᠬᠦ ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠂ ᠪᠣᠬᠢᠷᠳᠤᠯ ᠦᠭᠡᠢ ᠬᠥᠭᠵᠢᠭᠦᠯᠬᠦ ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠨᠢ ᠪᠠᠳᠠᠷᠠᠭᠤᠯᠬᠤ ᠶᠢ ᠠᠬᠢᠭᠤᠯᠬᠤ

      ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠤᠨ ᠬᠥᠭᠵᠢᠭᠦᠯᠬᠦ᠂ ᠪᠣᠬᠢᠷᠳᠤᠯ ᠦᠭᠡᠢ ᠬᠥᠭᠵᠢᠭᠦᠯᠬᠦ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠣᠷᠣᠰᠢᠨ ᠰᠠᠭᠤᠵᠤ ᠦᠢᠯᠡᠰ ᠪᠣᠰᠬᠠᠬᠤ ᠳᠤ ᠲᠣᠬᠢᠷᠠᠮᠵᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠬᠤᠲᠠ ᠪᠦᠲᠦᠭᠡᠨ ᠪᠠᠶᠢᠭᠤᠯᠬᠤ ᠶᠢ ᠨᠢ ᠬᠡᠮᠵᠢᠶᠡᠯᠡᠵᠦ᠂ ᠬᠥᠮᠥᠨ ᠢᠶᠠᠷ ᠦᠨᠳᠦᠰᠦ ᠪᠣᠯᠭᠠᠭᠰᠠᠨ᠂ ᠬᠥᠭᠵᠢᠯᠲᠡ ᠶᠢ ᠬᠠᠮᠲᠤ ᠳᠤ ᠪᠠᠨ ᠬᠦᠷᠲᠡᠬᠦ ᠵᠠᠰᠠᠭ ᠵᠠᠬᠢᠷᠭᠠᠨ ᠤ ᠦᠷ᠎ᠡ ᠴᠢᠳᠠᠮᠵᠢ ᠶᠢ ᠬᠦᠴᠦᠯᠡᠨ ᠪᠠᠶᠢᠭᠤᠯᠬᠤ ᠳᠤ ᠪᠤᠢ᠃

      3.1 ᠡᠵᠡᠩᠨᠡᠯᠲᠡ ᠶᠢᠨ ᠣᠷᠣᠯᠭ᠎ᠠ ᠳᠠᠬᠢ ᠠᠵᠤ ᠠᠬᠤᠶᠢᠯᠠᠯ ᠤᠨ ᠣᠷᠣᠨ ᠤ ᠳᠣᠲᠣᠷ᠎ᠠ ᠭᠠᠳᠠᠨᠠᠬᠢ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠤᠯ ᠤᠨ ᠲᠠᠯ᠎ᠠ ᠳᠤ ᠬᠠᠮᠲᠤᠷᠠᠯᠴᠠᠬᠤ ᠵᠠᠷᠤᠳᠠᠯ ᠤᠨ ᠵᠠᠷᠤᠯᠭ᠎ᠠ ᠶᠢᠨ ᠶᠡᠷᠦᠩᠬᠡᠢ ᠲᠣᠭᠠᠨ ᠤ ᠡᠵᠡᠯᠡᠬᠦ ᠬᠠᠷᠢᠴᠠᠯ

      ᠪᠤᠳᠤᠬᠤ ᠲᠣᠮᠢᠶ᠎ᠠ᠄ ᠠᠵᠤ ᠠᠬᠤᠶᠢᠯᠠᠯ ᠤᠨ ᠲᠤᠬᠠᠢ ᠶᠢᠨ ᠵᠢᠯ  ︵ᠬᠢᠯᠢ ᠶᠢᠨ ᠳᠣᠲᠣᠷᠠᠬᠢ ᠰᠤᠳᠤᠯᠭᠠᠨ ᠤ ᠬᠦᠷᠢᠶᠡᠯᠡᠩ ᠭᠠᠵᠠᠷ ᠲᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠳᠣᠲᠣᠷᠠᠬᠢ ᠳᠡᠭᠡᠳᠦ ᠵᠡᠷᠭᠡ ᠶᠢᠨ ᠰᠤᠷᠭᠠᠭᠤᠯᠢ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠳᠣᠲᠣᠷᠠᠬᠢ ᠪᠤᠰᠤᠳ ᠠᠵᠤ ᠠᠬᠤᠶᠢᠯᠠᠯ ᠳᠤ ᠨᠠᠶᠢᠳᠠᠵᠤ ᠰᠤᠳᠤᠯᠤᠨ ᠨᠡᠭᠡᠭᠡᠬᠦ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ  ᠳᠤ ᠨᠠᠶᠢᠳᠠᠵᠤ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠵᠠᠷᠤᠳᠠᠯ ᠤᠨ ᠵᠠᠷᠤᠯᠭ᠎ᠠ + ᠬᠢᠯᠢ ᠶᠢᠨ ᠭᠠᠳᠠᠨᠠᠬᠢ ᠮᠡᠷᠭᠡᠵᠢᠯ ᠢ ᠣᠷᠣᠭᠤᠯᠤᠨ ᠠᠪᠴᠢᠷᠠᠭᠠᠳ ᠰᠢᠩᠭᠡᠬᠡᠨ ᠡᠵᠡᠮᠰᠢᠬᠦ ᠵᠠᠷᠤᠳᠠᠯ ᠤᠨ ᠵᠠᠷᠤᠯᠭ᠎ᠠ︶ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠬᠢᠯᠢ ᠶᠢᠨ ᠭᠠᠳᠠᠨᠠᠬᠢ ᠳᠤ ᠨᠠᠶᠢᠳᠠᠵᠤ ᠰᠤᠳᠤᠯᠤᠨ ᠨᠡᠭᠡᠭᠡᠬᠦ᠂ ᠮᠡᠷᠭᠡᠵᠢᠯ ᠢ ᠣᠷᠣᠭᠤᠯᠤᠨ ᠠᠪᠴᠢᠷᠠᠬᠤ᠂ ᠰᠢᠩᠭᠡᠬᠡᠨ ᠡᠵᠡᠮᠰᠢᠵᠦ ᠳᠠᠬᠢᠨ ᠰᠢᠨ᠎ᠡ ᠶᠢ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠨᠡᠭᠡᠭᠡᠯᠲᠡᠲᠤ ᠮᠠᠶ᠋ᠢᠭ ᠤᠨ ᠰᠢᠨ᠎ᠡ ᠡᠭᠦᠳᠦᠯᠲᠡ ᠬᠢᠭᠰᠡᠨ ᠪᠠᠶᠢᠳᠠᠯ ᠢ ᠬᠡᠮᠵᠢᠶᠡᠯᠡᠵᠦ ᠪᠠᠶᠢᠬᠤ ᠮᠥᠷᠲᠡᠭᠡᠨ ᠠᠵᠤ ᠠᠬᠤᠶᠢᠯᠠᠯ ᠤᠨ ᠭᠠᠳᠠᠷ ᠲᠠᠯ᠎ᠠ ᠶᠢᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠤ ᠲᠤᠰᠬᠠᠵᠤ ᠪᠠᠶᠢᠭ᠎ᠠ ᠶᠤᠮ᠃

      3.2 ᠣᠷᠣᠭᠤᠯᠤᠨ ᠠᠪᠴᠢᠷᠠᠬᠤ ᠪᠤᠶᠤ ᠬᠠᠮᠲᠤᠷᠠᠨ ᠪᠦᠲᠦᠭᠡᠨ ᠪᠠᠶᠢᠭᠤᠯᠤᠭᠰᠠᠨ ᠰᠢᠨ᠎ᠡ ᠶᠢ ᠡᠭᠦᠳᠬᠦ ᠲᠠᠪᠴᠠᠩ ᠤᠨ ᠲᠤᠭ᠎ᠠ ᠬᠡᠮᠵᠢᠶ᠎ᠡ

      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠣᠷᠣᠭᠤᠯᠤᠨ ᠠᠪᠴᠢᠷᠠᠭᠰᠠᠨ ᠪᠤᠶᠤ ᠬᠠᠮᠲᠤᠷᠠᠨ ᠪᠠᠶᠢᠭᠤᠯᠤᠭᠰᠠᠨ ᠰᠤᠳᠤᠯᠤᠨ ᠨᠡᠭᠡᠭᠡᠬᠦ ᠂ ᠦᠷ᠎ᠡ ᠪᠦᠲᠦᠭᠡᠯ ᠢ ᠤᠯᠠᠷᠢᠭᠤᠯᠤᠨ ᠬᠤᠪᠢᠷᠠᠭᠤᠯᠬᠤ ᠪᠠᠷ ᠭᠤᠣᠯ ᠴᠢᠳᠠᠮᠵᠢ ᠪᠣᠯᠭᠠᠭᠰᠠᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢ ᠵᠢᠭᠠᠵᠤ ᠪᠤᠢ ᠃

      3.3 ᠣᠷᠣᠭᠤᠯᠤᠨ ᠠᠪᠴᠢᠷᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠵᠤ ᠣᠷᠣᠭᠤᠯᠤᠨ ᠠᠪᠴᠢᠷᠠᠭᠰᠠᠨ ᠪᠤᠰᠤᠳ ᠮᠤᠵᠢ ︵ ᠣᠷᠣᠨ ᠂ ᠬᠤᠲᠠ︶  ᠳᠤ ᠨᠢᠭᠡᠨᠲᠡ ᠮᠠᠭᠠᠳᠯᠠᠨ ᠲᠣᠭᠲᠠᠭᠠᠭᠰᠠ ᠤ ᠬᠠᠮᠲᠤ ᠬᠦᠴᠦᠨ ᠲᠠᠢ ᠬᠤᠭᠤᠴᠠᠭᠠᠨ ᠳᠤ ᠪᠠᠶᠢᠭ᠎ᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ ᠪᠤᠢ ᠃

      3.4 ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ ᠬᠡᠮᠵᠢᠶ᠎ᠡ

      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠰᠤᠳ ᠮᠤᠵᠢ ︵ ᠣᠷᠣᠨ ᠂ ᠬᠤᠲᠠ︶  ᠳᠤ ᠨᠢᠭᠡᠨᠲᠡ ᠮᠠᠭᠠᠳᠯᠠᠨ ᠲᠣᠭᠲᠠᠭᠠᠭᠰᠠᠨ ᠤ ᠬᠠᠮᠲᠤ ᠬᠥᠮᠥᠷᠭᠡᠯᠡᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ ᠶᠢ ᠵᠢᠭᠠᠵᠤ ᠪᠤᠢ ᠃

      3.5 ᠡᠵᠡᠩᠨᠡᠯᠲᠡ ᠶᠢᠨ ᠣᠷᠣᠯᠭ᠎ᠠ ᠳᠠᠬᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠶᠡᠷᠦᠩᠬᠡᠢ ᠲᠣᠭᠠᠨ ᠤ ᠡᠵᠡᠯᠡᠬᠦ ᠬᠠᠷᠢᠴᠠᠯ

      ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠬᠡᠮᠵᠢᠶᠡᠨ ᠤ ᠨᠡᠶᠢᠲᠡ ᠲᠤᠭ᠎ᠠ / ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠪᠠᠷ ᠢᠶᠠᠨ ᠣᠯᠠᠨ ᠤᠯᠤᠰ ᠤᠨ ᠥᠷᠢᠰᠦᠯᠳᠦᠭᠡᠨ ᠳᠤ ᠣᠷᠤᠯᠴᠠᠬᠤ ᠴᠢᠳᠠᠪᠤᠷᠢ ᠶᠢ ᠬᠡᠮᠵᠢᠶᠡᠯᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠳᠠᠭᠠᠳᠤ ᠭᠠᠷᠭᠠᠯᠲᠠ ᠶᠢᠨ ᠬᠡᠮᠵᠢᠶ᠎ᠡ ᠨᠢ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠮᠵᠢᠶ᠎ᠡ ᠠᠴᠠ ᠨᠡᠩ ᠢᠯᠡᠭᠦᠦ ᠨᠤᠲᠤᠭ ᠣᠰᠣᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠣᠯᠠᠨ ᠤᠯᠤᠰ ᠤᠨ ᠬᠤᠭᠤᠷᠣᠨᠳᠤᠬᠢ ᠥᠷᠢᠰᠦᠯᠳᠦᠬᠦ ᠬᠦᠴᠦᠨ ᠢ ᠲᠤᠰᠬᠠᠵᠤ ᠴᠢᠳᠠᠨ᠎ᠠ᠃

      3.6 ᠣᠷᠣᠨ ᠤ ᠭᠠᠳᠠᠨᠠᠬᠢ ᠮᠡᠷᠭᠡᠵᠢᠯ ᠢ ᠰᠢᠩᠭᠡᠬᠡᠨ ᠠᠪᠬᠤ ᠭᠡᠷ᠎ᠡ ᠶᠢᠨ ᠠᠷᠠᠯᠵᠢᠶᠠᠨ ᠤ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠣᠷᠣᠨ ᠤ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠤᠯᠠᠷᠢᠭᠤᠯᠤᠭᠰᠠᠨ ᠠᠷᠠᠯᠵᠢᠶᠠᠨ ᠤ ᠲᠤᠭ᠎ᠠ ᠶᠢ ᠵᠢᠭᠠᠵᠤ ᠪᠣᠶ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠬᠦᠴᠦᠨ ᠴᠢᠳᠠᠪᠤᠷᠢ ᠶᠢ ᠲᠤᠰᠬᠠᠵᠤ ᠪᠠᠶᠢᠭ᠎ᠠ ᠶᠤᠮ᠃

      4.1 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠪᠦᠲᠦᠮᠵᠢᠲᠠᠢ ᠥᠷᠨᠢᠭᠦᠯᠦᠭᠰᠡᠨ ᠪᠠᠶᠢᠭᠤᠯᠤᠮᠵᠢ ᠶᠢᠨ ᠲᠤᠭ᠎ᠠ

      ᠭᠦᠢᠴᠡᠳᠬᠡᠯ ᠲᠣᠭᠠᠨ ᠤ ᠲᠠᠶᠢᠯᠪᠤᠷᠢ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠳᠣᠣᠷᠠᠬᠢ ᠦᠢᠯᠡᠴᠢᠯᠡᠭᠡ ᠶᠢ ᠡᠷᠭᠢᠯᠡᠬᠦ ᠪᠠᠶᠢᠭᠤᠯᠤᠮᠵᠢ ᠶᠢ ᠵᠢᠭᠠᠵᠤ ᠪᠣᠢ᠂ ᠡᠭᠦᠨ ᠳᠤ᠄ 1. ᠰᠢᠨᠵᠢᠯᠡᠬᠦ ᠤᠬᠠᠭᠠᠨ ᠤ ᠰᠤᠳᠤᠯᠤᠯ ᠤᠨ ᠨᠡᠭᠡᠭᠡᠨ ᠬᠥᠭᠵᠢᠭᠦᠯᠦᠯᠲᠡ ᠪᠠ ᠦᠢᠯᠡᠴᠢᠯᠡᠭᠡ︔ 2. ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ︔ 3. ᠦᠢᠯᠡᠰ ᠴᠣᠭᠴᠠᠯᠠᠬᠤ ᠶᠢᠨ ᠨᠡᠪᠴᠢᠭᠦᠯᠬᠦ ᠦᠢᠯᠡᠴᠢᠯᠡᠭᠡᠨ︔ 4. ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠦᠢᠯᠡᠴᠢᠯᠡᠭᠡᠨ︔ 5. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠠᠪᠯᠠᠭ᠎ᠠ ᠶᠢᠨ ᠦᠢᠯᠡᠴᠢᠯᠡᠭᠡᠨ︔ 6. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ︔ 7. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠭᠡᠨ︔

8. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠨᠡᠶᠢᠭᠡᠮᠴᠢᠯᠡᠭᠰᠡᠨ ᠦᠢᠯᠡᠴᠢᠯᠡᠭᠡᠨ︔ 9. ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠵᠡᠷᠭᠡ ᠪᠠᠭᠲᠠᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2014﹈ 49 ᠳ᠋ᠦ᠋ᠭᠡᠷ ᠲᠣᠭᠠᠲᠤ︶ ᠪᠠ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾  ︵ᠥᠪᠥᠷ ᠵᠠᠰᠠᠭ ᠲᠠᠷᠬᠠᠭᠠᠭᠰᠠᠨ ﹇2015﹈ 142 ᠳ᠋ᠤᠭᠠᠷ ᠲᠣᠭᠠᠲᠤ︶  ᠢᠶᠠᠷ ᠪᠣᠳᠠᠲᠠᠢ ᠯᠠᠪᠯᠠᠯᠲᠠ ᠪᠣᠯᠭᠠᠨ᠎ᠠ᠃

      4.2 ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ  ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠡᠷᠬᠡ ᠪᠠᠨ ᠲᠠᠯᠪᠢᠨ ᠥᠭᠴᠦ ᠬᠦᠴᠦᠨ ᠴᠢᠳᠠᠮᠵᠢ ᠶᠢ ᠡᠷᠴᠢᠮᠯᠡᠭᠰᠡᠨ ᠪᠠᠶᠢᠳᠠᠯ

      ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠠᠴᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠵᠣᠬᠢᠴᠠᠩᠭᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠠᠬᠢᠭᠤᠯᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠡᠳ᠋ ᠤᠨ ᠵᠠᠰᠠᠭ ᠮᠥᠩᠭᠦᠨ ᠭᠦᠢᠯᠭᠡᠭᠡ ᠵᠡᠷᠭᠡ ᠠᠶᠢᠮᠠᠭ ᠬᠤᠲᠠ ᠶᠢᠨ ᠱᠠᠲᠤᠨ ᠤ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠣᠯᠭᠤᠭᠰᠠᠨ ᠢ ᠬᠡᠮᠵᠢᠶᠡᠯᠡᠵᠦ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠨᠢᠭᠤᠭᠳᠠᠮᠠᠯ ᠬᠦᠴᠦᠨ ᠢ ᠭᠦᠨ ᠲᠠᠰ ᠳᠠᠪᠬᠤᠷᠭ᠎ᠠ ᠠᠴᠠ ᠬᠥᠭᠵᠢᠭᠡᠬᠦ ᠳᠤ ᠪᠤᠢ᠃

      4.3 ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠪᠠᠶᠢᠳᠠᠯ

      ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ᠃      ᠭᠦᠢᠴᠡᠳᠬᠡᠯ ᠲᠣᠭᠠᠨ ᠤ ᠲᠠᠶᠢᠯᠪᠤᠷᠢ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠦᠷᠦᠭᠦᠯᠡᠨ ᠥᠭᠡᠷᠡᠴᠢᠯᠡᠯᠲᠡ ᠬᠢᠵᠦ ᠰᠦᠪᠡᠭᠴᠢᠯᠡᠨ ᠂ ᠶᠡᠷᠦᠩᠬᠡᠶᠢᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ ᠬᠡᠮᠵᠢᠶᠡᠯᠡᠨ᠎ᠡ ᠃

      4.4 ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠵᠡᠮᠳᠡᠵᠦ ᠪᠣᠯᠬᠤ ᠡᠳ᠋  ᠤᠨ ᠬᠦᠴᠦᠨ ᠤ ᠪᠠᠶᠢᠳᠠᠯ 

      ᠪᠤᠳᠤᠬᠤ ᠲᠣᠮᠢᠶ᠎ᠠ᠄ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠲᠤᠬᠠᠢ ᠶᠢᠨ ᠵᠢᠯ ᠤᠨ ᠡᠵᠡᠮᠳᠡᠵᠦ ᠪᠣᠯᠬᠤ ᠡᠳ᠋ ᠤᠨ ᠬᠦᠴᠦᠨ ︵ᠲᠤᠰᠠᠭᠠᠷ ᠨᠢᠭᠡ ᠱᠠᠲᠤᠨ ᠤ ᠡᠳ᠋  ᠤᠨ ᠵᠠᠰᠠᠭ ᠦᠭᠡᠢ ᠳᠡᠭᠡᠳᠦ ᠰᠢᠨ᠎ᠡ ᠲᠣᠭᠤᠷᠢᠭ ᠨᠢ ︽ᠬᠠᠮᠢᠶᠠᠷᠤᠯᠲᠠ ᠶᠢᠨ ᠵᠥᠪᠯᠡᠯ ᠤᠨ ᠬᠠᠮᠢᠶᠠᠷᠴᠤ ᠪᠠᠶᠢᠭ᠎ᠠ ᠪᠥᠭᠡᠳ ᠵᠠᠷᠤᠴᠠᠭᠤᠯᠤᠭᠰᠠᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ︾  ᠪᠠᠷ ᠣᠷᠣᠯᠠᠭᠤᠯᠤᠨ᠎ᠠ︶

      ᠭᠦᠢᠴᠡᠳᠬᠡᠯ ᠲᠣᠭᠠᠨ ᠤ ᠲᠠᠶᠢᠯᠪᠤᠷᠢ᠄ ᠭᠤᠣᠯ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠪᠦᠬᠦᠯᠢ ᠴᠣᠭᠴᠠ ᠶᠢᠨ ᠡᠳ᠋ ᠤᠨ ᠵᠠᠰᠠᠭ ᠤᠨ ᠪᠣᠳᠠᠲᠤ ᠬᠦᠴᠦᠨ ᠢ ᠬᠡᠮᠵᠢᠶᠡᠯᠡᠵᠦ ᠂ ᠬᠦᠷᠢᠶᠡᠯᠡᠩ ᠲᠣᠭᠤᠷᠢᠭ ᠤᠨ ᠡᠯ᠎ᠡ ᠲᠥᠷᠥᠯ ᠤᠨ ᠡᠬᠢ ᠪᠠᠶᠠᠯᠢᠭ ᠢ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠦᠭᠰᠡᠨ ᠡᠳ᠋ ᠤᠨ ᠵᠠᠰᠠᠭ ᠤᠨ ᠨᠥᠭᠡᠴᠡ ᠶᠢᠨ ᠪᠠᠶᠢᠳᠠᠯ ᠢ ᠢᠯᠡᠷᠡᠭᠦᠯᠵᠦ ᠂ ᠪᠠᠰᠠᠴᠤ ᠬᠦᠷᠢᠶᠡᠯᠡᠩ ᠲᠣᠭᠤᠷᠢᠭ ᠤᠨ ᠦᠷᠭᠦᠯᠵᠢᠯᠡᠨ ᠬᠥᠭᠵᠢᠭᠦᠯᠬᠦ ᠶᠢ ᠪᠥᠬᠦ ᠲᠠᠯ᠎ᠠ ᠪᠠᠷ ᠵᠣᠬᠢᠴᠠᠭᠤᠯᠤᠭᠰᠠᠨ ᠶᠡᠷᠦᠩᠬᠡᠶᠢᠯᠡᠭᠰᠡᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠲᠤᠰᠬᠠᠵᠤ ᠪᠠᠶᠢᠭ᠎ᠠ ᠶᠤᠮ ᠃

      4.5 ᠬᠦᠷᠢᠶᠡᠯᠡᠩ ᠲᠣᠭᠤᠷᠢᠭ ᠤᠨ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ ᠥᠷᠨᠢᠭᠦᠯᠦᠭᠰᠡᠨ ᠪᠠᠶᠢᠳᠠᠯ

      ᠪᠤᠳᠤᠬᠤ ᠠᠷᠭ᠎ᠠ᠄ ᠦᠨᠡᠯᠡᠯᠲᠡ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠶᠢᠨ ᠬᠠᠮᠲᠤ ᠂ ᠲᠤᠰᠬᠠᠢ ᠮᠡᠷᠭᠡᠵᠢᠯᠲᠡᠨ ᠤ ᠬᠤᠪᠢ ᠲᠣᠭᠲᠠᠭᠠᠬᠤ ᠲᠠᠢ ᠤᠶᠠᠯᠳᠤᠭᠤᠯᠤᠨ ᠂ ᠶᠡᠷᠦᠩᠬᠡᠶᠢᠯᠡᠭᠰᠡᠨ ᠮᠠᠭᠠᠳᠯᠠᠯᠲᠠ ᠬᠢᠨ᠎ᠡ ᠃      ᠭᠦᠢᠴᠡᠳᠬᠡᠯ ᠲᠣᠭᠠᠨ ᠤ ᠲᠠᠶᠢᠯᠪᠤᠷᠢ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠵᠤ ᠂ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠡᠩ ᠲᠡᠷᠢᠭᠦᠨ ᠳᠤ ᠥᠭᠡᠷᠡᠴᠢᠯᠡᠯᠲᠡ ᠬᠢᠵᠦ ᠰᠦᠪᠡᠭᠴᠢᠯᠡᠨ ᠂ ᠶᠡᠷᠦᠩᠬᠡᠶᠢᠯᠡᠭᠰᠡᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠦᠢᠯᠡᠴᠢᠯᠡᠭᠡᠨ ᠤ ᠬᠦᠴᠦᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠭᠰᠡᠨ ᠢ ᠬᠡᠮᠵᠢᠶᠡᠯᠡᠨ᠎ᠡ ᠃

 

—— —— —— —— —— —— —— —— —— ——

ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭᠠᠨ ᠤ ᠥᠪᠥᠷ ᠮᠣᠩᠭᠤᠯ ᠤᠨ ᠶᠡᠷᠦᠩᠬᠡᠢ ᠠᠩᠭᠢ ᠃

            ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠥᠷᠥ ᠶᠢᠨ ᠵᠥᠪᠯᠡᠯᠭᠡᠨ  ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃

            ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃

—— —— —— —— —— —— —— —— —— ——

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

            2022 ᠣᠨ ᠤ 3 ᠳ᠋ᠤᠭᠠᠷ ᠰᠠᠷ᠎ᠠ ᠶᠢᠨ 7 ᠤ ᠡᠳᠦᠷ ᠳᠠᠷᠤᠮᠠᠯᠯᠠᠨ ᠲᠠᠷᠬᠠᠭᠠᠪᠠ

—— —— —— —— —— —— —— —— —— ——

 

 

 

 

 

 


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map