ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ
ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ 〔2022〕 56 ᠳ᠋ᠤᠭᠠᠷ ᠲᠣᠭᠠᠲᠤ
ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠠᠵᠢᠯ ᠦᠢᠯᠡᠰ ᠤᠨ ᠨᠢᠭᠡᠴᠢ ᠳᠤ᠄
︽ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ ᠲᠥᠪ ᠲᠠᠷᠬᠠᠭᠠᠭᠰᠠᠨ〔2018〕 34 ᠳ᠋ᠦ᠋ᠭᠡᠷ ᠲᠣᠭᠠᠲᠤ ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ ᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ 〔2019〕 27 ᠳ᠋ᠤᠭᠠᠷ ᠲᠣᠭᠠᠲᠤ︶ ᠂ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠲᠤ ᠣᠷᠣᠭᠤᠯᠤᠭᠰᠠᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢᠣᠨ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠤ ᠰᠠᠨᠠᠯ︾ ︵ᠡᠳ᠋ ᠤᠨ ᠵᠠᠰᠠᠭ ᠰᠤᠷᠭᠠᠨ ᠬᠥᠮᠦᠵᠢᠯ 〔2016〕 292 ᠳ᠋ᠤᠭᠠᠷ ᠲᠣᠭᠠᠲᠤ ︶ ᠂ ︽ ︿ ᠰᠤᠷᠤᠨᠨᠴᠢ ᠶᠢ ᠮᠥᠩᠭᠦ ᠪᠠᠷ ᠲᠤᠰᠠᠯᠠᠬᠤ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠮᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠤ ᠮᠡᠳᠡᠭᠳᠡᠯ︾ ︵ ᠡᠳ᠋ ᠤᠨ ᠵᠠᠰᠠᠭ ᠰᠤᠷᠭᠠᠨ ᠬᠥᠮᠦᠵᠢᠯ 〔2021〕 310 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠳ ᠤᠨ ᠱᠠᠭᠠᠷᠳᠠᠯᠭ᠎ᠠ ᠶᠣᠰᠣᠭᠠᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ ᠃
ᠨᠢᠭᠡ ᠂ ᠶᠡᠷᠦᠩᠬᠡᠢ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤ ᠴᠣᠭᠴᠠᠯᠠᠵᠤ ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠂ ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠬᠦ ᠂ ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠡᠭᠦᠰᠴᠡ ᠪᠠ ᠲᠤᠰᠤᠯᠲᠠ ᠪᠣᠯᠭᠠᠵᠤ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠦᠷᠦ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ ᠂ ᠬᠤᠳᠠ ᠬᠥᠳᠡᠭᠡ ᠶᠢᠨ ᠵᠣᠩᠬᠢᠯᠠᠬᠤ ᠲᠣᠭᠠᠨ ᠤ ᠰᠢᠨ᠎ᠡ ᠪᠠᠷ ᠨᠡᠮᠡᠭᠳᠡᠭᠰᠡᠨ ᠬᠥᠳᠡᠯᠮᠦᠷᠢ ᠬᠦᠴᠦᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠬᠥᠷᠳᠡᠬᠦ ᠶᠢ ᠪᠡᠶᠡᠯᠡᠭᠦᠯᠵᠦ ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡᠨ ᠤ ᠠᠳᠠᠯᠢ ᠲᠡᠭᠰᠢ ᠪᠣᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ ᠃
ᠬᠤᠶᠠᠷ ᠂ ᠭᠤᠣᠯ ᠠᠭᠤᠯᠭ᠎ᠠ
︵ᠨᠢᠭᠡ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠃
1.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃
ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠠᠴᠠ ᠰᠤᠷᠤᠯᠭ᠎ᠠ ᠶᠢᠨ ᠰᠤᠯᠠ ᠵᠠᠷᠤᠳᠠᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃
ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠰᠣᠷᠣᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ ᠂ ᠬᠤᠷᠢᠶᠠᠬᠤ ᠰᠤᠷᠤᠯᠭ᠎ᠠ ᠶᠢᠨ ᠰᠤᠯᠠ ᠵᠠᠷᠤᠳᠠᠯ ᠨᠢ ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶᠡᠲᠦ ᠲᠣᠭᠠᠨ ᠤ ᠬᠡᠰᠡᠭ ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ ᠂ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠦᠨ ᠂ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ ᠃
ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠶᠢᠨ ᠨᠢᠭᠡᠳᠦᠭᠡᠷ ᠣᠨ ᠂ ᠥᠨᠳᠥᠷ ᠳᠤᠮᠳᠠᠳᠤ ᠶᠢᠨ ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 ᠲᠥᠭᠦᠷᠢᠭ ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 100 ᠲᠥᠭᠦᠷᠢᠭ ᠪᠣᠯᠣᠨ᠎ᠠ ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ ᠵᠠᠷᠤᠳᠠᠯ ᠳᠠᠬᠢ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠂ ᠤᠤᠯ ᠨᠢ ᠮᠣᠩᠭᠤᠯ ᠬᠡᠯᠡ ᠪᠠᠷ ᠬᠢᠴᠢᠶᠡᠯᠯᠡᠵᠦ ᠪᠠᠶᠢᠭᠰᠠᠨ ᠪᠠ ᠰᠣᠯᠣᠩᠭᠤᠰ ᠬᠡᠯᠡ ᠪᠠᠷ ᠬᠢᠴᠢᠶᠡᠯᠯᠡᠵᠦ ᠪᠠᠶᠢᠭᠰᠠᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ ᠃
2.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ ᠃
ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ ᠪᠠᠶᠢᠭᠤᠯᠵᠤ ᠂ ᠮᠥᠩᠭᠦ ᠪᠠᠷ ᠲᠤᠰᠠᠯᠠᠬᠤ ᠶᠢᠨ ᠳᠤᠮᠳᠠᠴᠢ ᠪᠠᠷᠢᠮᠵᠢᠶ᠎ᠠ ᠨᠢ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠂ ᠪᠣᠳᠠᠲᠠᠢ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠵᠤ 1000 ᠲᠥᠭᠦᠷᠢᠭ — 3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ ᠂ 2 — 3 ᠲᠠᠰ ᠬᠤᠪᠢᠶᠠᠵᠤ ᠪᠣᠯᠣᠨ᠎ᠠ ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠥᠪᠡᠷᠲᠡᠭᠡᠨ ᠵᠠᠰᠠᠬᠤ ᠣᠷᠣᠨ ᠰᠤᠷᠭᠠᠭᠤᠯᠢ ᠳᠤ ᠪᠠᠶᠢᠭ᠎ᠠ ᠰᠤᠷᠤᠨᠨᠴᠢ ᠶᠢᠨ 30% ᠪᠠᠷ ᠲᠥᠰᠥᠭᠡᠯᠡᠨ ᠪᠤᠳᠤᠵᠤ ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ ︵ᠬᠤᠲᠠ ᠂ ᠲᠣᠭᠤᠷᠢᠭ︶ ᠢᠶᠠᠷ ᠂ ᠰᠤᠷᠭᠠᠭᠤᠯᠢ ᠪᠠᠷ ᠲᠥᠰᠥᠭᠡᠯᠡᠨ ᠪᠣᠳᠣᠨ᠎ᠡ ᠃ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃
︵ᠬᠤᠶᠠᠷ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠃
1.ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠨᠨᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃
ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ ᠂ ᠳᠣᠷᠣᠭᠰᠢ ᠠᠳᠠᠯᠢ ︶ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ ᠃
ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ ᠰᠣᠷᠣᠭᠴᠢᠣᠨ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ ᠂ ᠰᠤᠷᠤᠯᠭ᠎ᠠ ᠶᠢᠨ ᠰᠦᠢᠳᠬᠡᠯ ᠨᠢ ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠨᠨᠴᠢ ᠠᠴᠠ ᠵᠥᠷᠢᠶᠡᠲᠦ ᠲᠣᠭᠠᠨ ᠤ ᠬᠡᠰᠡᠭ ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠨᠴᠠᠭᠠᠢ ᠲᠥᠷᠥᠯ ᠤᠨ ᠲᠤᠰᠬᠠᠢ ᠮᠡᠷᠭᠡᠵᠢᠯ ᠤᠨ ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ ᠪᠠᠷᠢᠮᠵᠢᠶ᠎ᠠ ᠠᠴᠠ ᠳᠡᠭᠡᠭᠦᠷ ᠭᠠᠷᠤᠭᠰᠠᠨ ᠬᠡᠰᠡᠭ ᠢ ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ ᠃ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ ᠂ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ ᠂ ᠲᠥᠪ ᠬᠢᠭᠡᠳ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃
ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠨᠢᠭᠡ ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 ᠲᠥᠭᠦᠷᠢᠭ ᠂ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 100 ᠲᠥᠭᠦᠷᠢᠭ ᠪᠣᠯᠣᠨ᠎ᠠ ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ ᠵᠠᠷᠤᠳᠠᠯ ᠳᠤ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠨᠨᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃
2.ᠤᠯᠤᠰ ᠤᠨ ᠰᠤᠷᠤᠯᠭ᠎ᠠ ᠶᠢᠨ ᠬᠦᠬᠢᠭᠦᠯᠬᠦ ᠮᠥᠩᠭᠦ ᠃
ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠠᠬᠢ ᠰᠣᠷᠣᠭᠴᠢ ᠶᠢᠨ ᠰᠤᠷᠤᠯᠭ᠎ᠠ ᠶᠢᠨ ᠬᠢᠷᠢ ᠪᠦᠲᠦᠮᠵᠢ ᠂ ᠮᠡᠷᠭᠡᠵᠢᠯ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠳᠤ ᠣᠨᠴᠠ ᠰᠢᠯᠢᠳᠡᠭ ᠪᠠᠶᠢᠭ᠎ᠠ ᠰᠤᠷᠤᠨᠨᠴᠢ ᠶᠢ ᠱᠠᠩᠨᠠᠨ ᠬᠥᠬᠢᠭᠦᠯᠵᠦ ᠂ ᠱᠠᠩᠨᠠᠨ ᠬᠥᠬᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 6000 ᠲᠥᠭᠦᠷᠢᠭ ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠨ᠎ᠡ ᠃
3.ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ ᠃
ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠨᠢᠭᠡ ᠬᠤᠶᠠᠳᠤᠭᠠᠷ ᠣᠨ ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠳᠦᠷᠢᠮ ᠢ ᠪᠠᠶᠢᠭᠤᠯᠵᠤ ᠂ ᠮᠥᠩᠭᠦ ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠂ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠪᠠ ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠢ ᠶᠢᠨ ᠠᠭᠤᠯᠠᠷᠬᠠᠭ ᠣᠷᠣᠨ ︵ ᠷᠠᠰᠢᠶᠠᠨ ᠬᠤᠲᠠ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠵᠠᠯᠠᠶᠢᠳ ᠬᠤᠰᠢᠭᠤ ᠂ ᠲᠦᠴᠢᠦᠸᠠᠨ ᠰᠢᠶᠠᠨ︶ ᠂ ᠶᠠᠨ ᠱᠠᠨ ︱ ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ ᠂ ᠱᠠᠩᠳᠤ ᠰᠢᠶᠠᠨ ᠂ ᠰᠢᠩᠾᠧ ᠰᠢᠶᠠᠨ︶ ᠤ ᠲᠠᠷᠢᠶᠠᠯᠠᠬᠤ ᠮᠠᠯᠵᠢᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠢ︶ ᠤ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠂ ᠪᠤᠰᠤᠳ ᠰᠣᠷᠣᠭᠴᠢ ᠳᠤ ᠬᠥᠮᠥᠨ ᠪᠣᠯᠭᠠᠨ ᠳᠤ ᠵᠢᠯ ᠪᠦᠷᠢ 1500 ᠲᠥᠭᠦᠷᠢᠭ ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ ᠂ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠲᠥᠷᠥ ᠶᠢᠨ ᠪᠣᠳᠣᠯᠭ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ ᠃
4.ᠪᠠᠶᠢᠷᠢ ᠳᠤ ᠰᠠᠭᠤᠭ᠎ᠠ ᠰᠤᠷᠤᠨᠨᠴᠢ ᠳᠤ ᠬᠤᠨᠤᠭ ᠤᠨ ᠵᠠᠷᠤᠳᠠᠯ ᠤᠨ ᠲᠡᠳᠬᠦᠮᠵᠢ ᠦᠭᠭᠦ ᠃
ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ︵ᠠᠵᠢᠯᠯᠠᠵᠤ ᠰᠤᠷᠤᠯᠴᠠᠬᠤ ᠶᠢᠨ ᠰᠣᠯᠪᠢᠴᠠᠬᠤ ᠶᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ︶ ᠳᠤ ᠬᠤᠨᠤᠭ ᠤᠨ ᠵᠠᠷᠤᠳᠠᠯ ᠤᠨ ᠲᠡᠳᠬᠦᠮᠵᠢ ᠥᠭᠴᠦ ᠂ ᠲᠡᠳᠬᠦᠮᠵᠢ ᠶᠢᠨ ᠪᠠᠷᠢᠮᠵᠢᠶ᠎ᠠ ᠪᠣᠯ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠠᠬᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ ᠵᠢᠯ ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ ᠵᠢᠯ ᠪᠦᠷᠢ 500 ᠲᠥᠭᠦᠷᠢᠭ ᠪᠣᠯᠣᠨ᠎ᠠ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠭᠴᠢ ᠳᠤ ᠣᠯᠭᠤᠬᠤ ᠬᠤᠨᠤᠭ ᠤᠨ ᠵᠠᠷᠤᠳᠠᠯ ᠤᠨ ᠲᠡᠳᠬᠦᠮᠵᠢ ᠶᠢᠨ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ ᠃
ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ
︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠃ ᠡᠯ᠎ᠡ ᠱᠠᠲᠤᠨ ᠤ ᠡᠳ᠋ ᠤᠨ ᠵᠠᠰᠠᠭ ᠂ ᠰᠤᠷᠭᠠᠨ ᠬᠥᠮᠦᠵᠢᠯ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠂ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃
︵ᠬᠤᠶᠠᠷ︶ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ ᠂ ᠰᠠᠭᠤᠷᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠃ ᠠᠯᠪᠠᠨ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠦᠭᠰᠡᠨ ᠠᠴᠠ ᠪᠣᠯᠵᠤ ᠪᠤᠰᠤᠳ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠭᠠᠷᠭᠠᠵᠤ ᠪᠣᠯᠬᠤ ᠦᠭᠡᠢ ᠃ ᠡᠯ᠎ᠡ ᠭᠠᠵᠠᠷ ᠣᠷᠣᠨ ᠨᠢ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ︾ ᠵᠢᠴᠢ ᠬᠡᠷᠡᠭᠵᠢᠭᠦᠯᠬᠦ ᠳᠦᠷᠢᠮ ᠤᠨ ᠱᠠᠭᠠᠷᠳᠠᠯᠭ᠎ᠠ ᠶᠣᠰᠣᠭᠠᠷ ᠂ ᠠᠷᠠᠳ ᠠᠴᠠ ᠡᠷᠭᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠬᠤᠷᠢᠶᠠᠬᠤ ᠡᠯ᠎ᠡ ᠵᠦᠢᠯ ᠤᠨ ᠰᠦᠢᠳᠬᠡᠯ ᠳᠠᠬᠢ ᠬᠠᠮᠢᠶᠠᠷᠤᠯᠲᠠ ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ ᠂ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠪᠠ ᠮᠥᠩᠭᠦ ᠪᠠᠷ ᠲᠤᠰᠠᠯᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ︽ ᠰᠤᠷᠭᠠᠭᠤᠯᠢ ᠶᠢᠨ ᠳᠠᠪᠬᠤᠷ ᠬᠠᠷᠢᠶ᠎ᠠ︾ ᠲᠠᠢ ᠪᠠᠶᠢᠬᠤ ᠦᠵᠡᠭᠳᠡᠯ ᠢ ᠡᠷᠡᠰ ᠬᠤᠷᠢᠭᠯᠠᠵᠤ ᠂ ᠰᠣᠷᠣᠭᠴᠢᠣᠨ ᠤᠨ ᠦᠨᠳᠦᠰᠦᠨ ᠮᠡᠳᠡᠭᠡ ᠵᠠᠩᠭᠢ ᠶᠢᠨ ᠪᠦᠷᠢᠨ ᠪᠦᠲᠦᠨ ᠪᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ ᠃ ᠠᠷᠠᠳ ᠤᠨ ᠶᠠᠪᠤᠳᠠᠯ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠵᠡᠮᠳᠡᠭᠴᠦᠳ ᠤᠨ ᠬᠤᠯᠪᠣᠭᠠᠲᠤ ᠬᠤᠷᠠᠯ ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠯᠦᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠯᠭᠠᠭᠤᠯᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ ᠃
︵ᠭᠤᠷᠪᠠ︶ ᠵᠠᠷᠤᠳᠠᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠪ ᠂ ᠥᠪᠡᠷᠲᠡᠭᠡᠨ ᠵᠠᠰᠠᠬᠤ ᠣᠷᠣᠨ ᠤ ᠲᠡᠳᠬᠦᠮᠵᠢ ᠶᠢᠨ ᠪᠡᠯᠡ ᠮᠥᠩᠭᠦ ᠪᠠ ᠣᠷᠣᠨ ᠨᠤᠲᠤᠭ ᠤᠨ ᠳᠠᠭᠠᠭᠠᠨ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ ᠂ ᠴᠠᠭ ᠲᠤᠬᠠᠢ ᠳᠤ ᠨᠢ ᠲᠤᠭ᠎ᠠ ᠶᠣᠰᠣᠭᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠪᠡᠯᠡ ᠮᠥᠩᠭᠦᠨ ᠤ ᠲᠥᠰᠥᠪ ᠤᠨ ᠬᠠᠮᠢᠶᠠᠷᠤᠯᠲᠠ ᠪᠠᠨ ᠴᠢᠩᠭᠠᠳᠬᠠᠵᠤ ᠂ ᠲᠥᠰᠥᠪ ᠢ ᠨᠠᠷᠢᠯᠢᠬᠵᠢᠭᠤᠨ ᠨᠠᠶᠢᠷᠠᠭᠤᠯᠤᠨ ᠵᠣᠬᠢᠶᠠᠵᠤ ᠂ ᠲᠥᠰᠥᠪ ᠤᠨ ᠬᠡᠷᠡᠭᠵᠢᠭᠦᠯᠦᠯᠲᠡ ᠶᠢ ᠴᠢᠩᠳᠠᠯᠠᠵᠤ ᠂ ᠲᠥᠰᠥᠪ ᠲᠤ ᠬᠢᠨᠠᠯᠲᠠ ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠢ ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠰᠠᠭᠤᠷᠢᠯᠠᠬᠤ ᠴᠢᠨᠠᠷᠲᠠᠢ ᠠᠵᠢᠯ ᠢᠶᠠᠨ ᠴᠢᠩᠭᠠᠳᠬᠠᠵᠤ ᠂ ᠨᠢᠭᠲᠠᠯᠠᠨ ᠪᠤᠳᠤᠵᠦ ᠲᠣᠭᠠᠴᠠᠭ᠎ᠠ ᠬᠢᠬᠦ ᠪᠠᠨ ᠵᠢᠷᠤᠮᠵᠢᠭᠤᠯᠤᠨ ᠂ ᠲᠣᠭᠲᠠᠭᠠᠭᠰᠠᠨ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠣᠷᠣᠭᠴᠢ ᠶᠢ ᠮᠥᠩᠭᠦ ᠪᠠᠷ ᠲᠤᠰᠠᠯᠠᠬᠤ ᠡᠯ᠎ᠡ ᠵᠦᠢᠯ ᠤᠨ ᠪᠡᠯᠡ ᠮᠥᠩᠭᠦᠨ ᠤ ᠬᠡᠷᠡᠭᠯᠡᠯᠲᠡ ᠶᠢᠨ ᠠᠮᠤᠷ ᠲᠦᠪᠰᠢᠨ ᠂ ᠵᠢᠷᠤᠮᠵᠢᠯ ᠲᠠᠢ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃
︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ ᠃ ᠡᠯ᠎ᠡ ᠭᠠᠵᠠᠷ ᠣᠷᠣᠨ ᠨᠢ ᠬᠢᠨᠠᠯᠲᠠ ᠲᠠᠯᠪᠢᠵᠤ ᠪᠠᠶᠢᠴᠠᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢᠶᠠᠨ ᠴᠢᠩᠭᠠᠳᠬᠠᠵᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠨᠡᠶᠢᠲᠡᠯᠡᠬᠦ ᠶᠢᠨ ᠬᠠᠮᠲᠤ ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠃ ᠰᠣᠷᠣᠭᠴᠢ ᠶᠢᠨ ᠲᠤᠭ᠎ᠠ ᠶᠢ ᠬᠤᠳᠠᠯ ᠢᠶᠠᠷ ᠮᠡᠳᠡᠭᠦᠯᠭᠦ ᠂ ᠲᠡᠳᠬᠦᠮᠵᠢ ᠶᠢᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ ︾ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ ︾ ︽ ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢᠶᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠲᠡᠳᠬᠦᠮᠵᠢ ᠶᠢᠨ ᠪᠡᠯᠡ ᠮᠥᠩᠭᠦ ᠶᠢ ᠲᠤᠰᠬᠠᠢ ᠵᠦᠢᠯ ᠢᠶᠠᠷ ᠬᠢᠨᠠᠨ ᠪᠤᠳᠤᠬᠤ ᠪᠠ ᠣᠨ ᠤ ᠬᠢᠨᠠᠨ ᠪᠤᠳᠤᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠵᠦ ᠂ ᠪᠡᠯᠡ ᠮᠥᠩᠭᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ ᠃
︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ ᠃ ᠡᠯ᠎ᠡ ᠭᠠᠵᠠᠷ ᠣᠷᠣᠨ ᠂ ᠡᠯ᠎ᠡ ᠰᠤᠷᠭᠠᠭᠤᠯᠢ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠥᠷᠭᠡᠨ ᠢᠶᠠᠷ ᠠᠰᠢᠭᠯᠠᠨ ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠳᠤ ᠭᠦᠨᠵᠡᠭᠡᠢ ᠤᠬᠠᠭᠤᠯᠵᠤ ᠂ ᠨᠠᠮ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠥᠨ ᠪᠦᠬᠦᠨ ᠳᠤ ᠮᠡᠳᠡᠭᠦᠯᠵᠦ ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃
ᠲᠣᠰ ᠮᠡᠳᠡᠭᠳᠡᠯ ᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ ᠃ ᠤᠤᠯ ᠳᠤ ᠪᠠᠨ ᠬᠡᠷᠡᠭᠵᠢᠭᠦᠯᠵᠦ ᠪᠠᠶᠢᠭᠰᠠᠨ ︽ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠮᠣᠩᠭᠤᠯ ᠬᠡᠯᠡ ︵ ᠰᠣᠯᠣᠩᠭᠤᠰ ᠬᠡᠯᠡ ︶ ᠪᠠᠷ ᠬᠢᠴᠢᠶᠡᠯᠯᠡᠵᠦ ᠪᠠᠶᠢᠭ᠎ᠠ ᠰᠤᠷᠤᠨᠨᠴᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ︿ ᠬᠤᠶᠠᠷ ᠢ ᠬᠡᠯᠲᠦᠷᠢᠭᠦᠯᠬᠦ ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ 〔2011〕 23 ᠳ᠋ᠤᠭᠠᠷ ᠲᠣᠭᠠᠲᠤ︶ ᠂ ︽ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ︿ ᠬᠤᠶᠠᠷ ᠢ ᠬᠡᠯᠲᠦᠷᠢᠭᠦᠯᠬᠦ ﹀ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2012〕 147 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ ᠃
2022 ᠣᠨ ᠤ 8 ᠳ᠋ᠤᠭᠠᠷ ᠰᠠᠷ᠎ᠠ ᠶᠢᠨ 1 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠬᠠᠭᠤᠯᠤᠨ ᠢᠯᠡᠭᠡᠬᠦ ᠨᠢ ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠪᠠᠶᠢᠴᠠᠭᠠᠬᠤ ᠬᠤᠷᠢᠶ᠎ᠠ ᠃
ᠡᠯ᠎ᠡ ᠠᠷᠠᠳ ᠤᠨ ᠪᠦᠯᠬᠦᠮ ᠂ ᠰᠣᠨᠢᠨ ᠮᠡᠳᠡᠭᠡᠨ ᠤ ᠨᠢᠭᠡᠴᠢ ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ