2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠲᠥᠯᠥᠭᠡᠯᠡᠭᠴᠢᠳ ᠠ᠋ ᠄
ᠤᠳᠤ ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠥᠪᠯᠡᠬᠦ ᠪᠣᠯᠪᠠᠤ ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ ᠃
ᠨᠢᠭᠡ ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠠᠴᠠ ᠨᠠᠭᠠᠰᠢᠬᠢ ᠲᠠᠪᠤᠨ ᠵᠢᠯ ᠪᠣᠯ ᠲᠤᠩ ᠶᠡᠷᠦ ᠪᠤᠰᠤ ᠶᠢᠨ ᠲᠠᠪᠤᠨ ᠵᠢᠯ ᠪᠣᠯᠣᠨ᠎ᠠ ᠃ ᠶᠡᠷᠦᠩᠬᠡᠢ ᠱᠦᠵᠢ ᠰᠢ ᠶᠢᠨ ᠫᠢᠩ ᠲᠠᠪᠤᠨ ᠵᠢᠯ ᠳᠠᠷᠠᠭᠠᠯᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠨ ᠂ 2019 ᠣᠨ ᠳᠤ ᠮᠠᠨ ᠤ ᠣᠷᠣᠨ ᠳᠤ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠤ ᠬᠠᠮᠲᠤ ᠴᠢᠬᠤᠯᠠ ᠶᠠᠷᠢᠶ᠎ᠠ ᠲᠠᠯᠪᠢᠵᠤ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠵᠢᠭᠠᠨ ᠥᠭᠴᠦ ᠂ ᠦᠨᠳᠦᠰᠦᠨ ᠵᠢᠷᠤᠮᠯᠠᠯ ᠢ ᠬᠠᠩᠭᠠᠵᠤ ᠥᠭᠪᠡ ᠃ ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠤᠨ ᠠᠴᠢ ᠳᠤ ᠲᠠᠯᠠᠷᠬᠠᠨ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠨ ᠤᠷᠤᠭᠰᠢᠯᠠᠨ ᠂ ᠣᠷᠣᠨ ᠳᠠᠶᠠᠭᠠᠷ ᠰᠡᠳᠬᠢᠯ ᠨᠢᠭᠡᠳᠴᠦ ᠬᠦᠴᠦ ᠪᠠᠨ ᠬᠠᠮᠲᠤᠳᠬᠠᠨ ᠬᠥᠭᠵᠢᠯᠲᠡ ᠶᠢ ᠠᠳᠬᠤᠵᠤ ᠂ ᠥᠭᠡᠷᠡᠴᠢᠯᠡᠯᠲᠡ ᠶᠢ ᠠᠬᠢᠭᠤᠯᠤᠨ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ ᠂ ᠪᠦᠯᠬᠦᠮᠳᠡᠯ ᠢ ᠴᠢᠩᠭᠠᠷᠠᠭᠤᠯᠤᠨ ᠂ ᠠᠮᠤᠷ ᠲᠦᠪᠰᠢᠨ ᠢ ᠬᠠᠮᠠᠭᠠᠯᠠᠵᠤ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠠᠮᠵᠢᠯᠲᠠ ᠪᠦᠲᠦᠭᠡᠯ ᠣᠯᠬᠤ ᠶᠢ ᠠᠬᠢᠭᠤᠯᠤᠭᠰᠠᠨ ᠪᠠᠶᠢᠨ᠎ᠠ ᠃
— ᠪᠦᠬᠦ ᠲᠠᠯ᠎ᠠ ᠪᠠᠷ ᠴᠢᠨᠡᠭᠡᠯᠢᠭᠵᠢᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠪᠡ ᠃ ᠣᠷᠣᠨ ᠳᠠᠶᠠᠭᠠᠷ ᠢᠶᠠᠨ ᠬᠦᠴᠦᠯᠡᠨ ᠴᠢᠷᠮᠠᠶᠢᠵᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ ᠂ 157 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢᠶᠠᠷ ᠢᠶᠠᠨ ᠶᠠᠳᠠᠭᠤ ᠨᠡᠷ᠎ᠡ ᠪᠠᠨ ᠬᠠᠰᠤᠭᠤᠯᠵᠤ ᠂ 3681 ᠶᠠᠳᠠᠭᠤ ᠬᠦᠴᠢᠷᠳᠡᠯᠲᠡᠢ ᠭᠠᠴᠠᠭ᠎ᠠ ᠲᠤᠰᠬᠤᠨ ᠪᠦᠬᠦᠨ ᠢᠶᠠᠷ ᠢᠶᠠᠨ ᠶᠠᠳᠠᠭᠤ ᠶᠢᠨ ᠵᠢᠭᠰᠠᠭᠠᠯᠲᠠ ᠠᠴᠠ ᠭᠠᠷᠴᠤ ᠂ ᠬᠠᠷᠢᠴᠠᠯᠠᠰᠢ ᠦᠭᠡᠢ ᠶᠠᠳᠠᠭᠤ ᠬᠦᠴᠢᠷᠳᠡᠯᠲᠡᠢ ᠪᠠᠶᠢᠬᠤ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠨ ᠂ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭᠵᠢᠬᠦ ᠵᠡᠭᠦᠳᠦ ᠪᠠᠨ ᠲᠡᠷᠭᠡᠯᠰᠢᠭᠦᠯᠬᠦ ᠪᠠᠷ ᠰᠢᠨ᠎ᠡ ᠠᠶᠠᠨ ᠳᠤ ᠮᠣᠷᠳᠠᠭᠰᠠᠨ ᠪᠠᠶᠢᠨ᠎ᠠ ᠃
— ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠶᠡᠭᠡ ᠬᠡᠮᠵᠢᠶ᠎ᠡ ᠪᠠᠷ ᠳᠡᠭᠡᠭᠰᠢᠯᠡᠪᠡ ᠃ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 1.5 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2.2 ᠲᠦᠮᠡᠨ ᠳ᠋ᠦᠩᠰᠢᠭᠤᠷ ᠲᠥᠭᠦᠷᠢᠭ ᠪᠣᠯᠵᠤ ᠨᠡᠮᠡᠭᠳᠡᠨ ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 6.1 ᠲᠦᠮᠡᠨ ᠲᠥᠭᠦᠷᠢᠭ ᠪᠠᠶᠢᠭᠰᠠᠨ ᠠᠴᠠ ᠪᠠᠨ 9.2 ᠲᠦᠮᠡᠨ ᠲᠥᠭᠦᠷᠢᠭ ᠪᠣᠯᠵᠤ ᠨᠡᠮᠡᠭᠳᠡᠪᠡ ᠃ ᠠᠮᠤ ᠪᠤᠳᠠᠭᠠᠨ ᠤ ᠶᠡᠷᠦᠩᠬᠡᠢ ᠤᠨᠠᠯᠲᠠ ᠪᠦᠬᠦ ᠤᠯᠤᠰ ᠤᠨ ᠠᠷᠪᠠᠳᠤᠭᠠᠷ ᠲᠤ ᠪᠠᠶᠢᠭᠰᠠᠨ ᠠᠴᠠ ᠪᠠᠨ ᠳᠡᠭᠡᠭᠰᠢᠯᠡᠨ ᠵᠢᠷᠭᠤᠳᠤᠭᠠᠷ ᠪᠠᠶᠢᠷᠢᠨ ᠳᠤ ᠵᠢᠭᠰᠠᠭᠠᠭᠳᠠᠵᠤ ᠂ ᠦᠨᠢᠶᠡᠨ ᠰᠦ ᠂ ᠬᠤᠨᠢᠨ ᠮᠢᠬ᠎ᠠ ᠂ ᠦᠬᠡᠷ ᠤᠨ ᠮᠢᠬ᠎ᠠ ᠪᠠ ᠢᠮᠠᠭᠠᠨ ᠨᠣᠣᠯᠣᠭᠤᠷ ᠂ ᠲᠡᠵᠢᠭᠡᠯ ᠡᠪᠡᠰᠦᠨ ᠤ ᠭᠠᠷᠤᠯᠲᠠ ᠪᠦᠬᠦ ᠤᠯᠤᠰ ᠲᠤ ᠲᠦᠷᠦᠭᠦᠯᠡᠪᠡ ᠃ ᠨᠡᠶᠢᠲᠡ 53 ᠳ᠋ᠦᠩᠰᠢᠭᠤᠷ ᠭᠠᠷᠤᠢ ᠲᠤᠨ ᠨᠡᠭᠦᠷᠡᠰᠦ ᠦᠢᠯᠡᠳᠪᠦᠷᠢᠯᠡᠨ ᠂ 2.9 ᠲᠦᠮᠡᠨ ᠳ᠋ᠦᠩᠰᠢᠭᠤᠷ ᠭᠷᠡᠳᠦ᠋ᠰ ᠣᠷᠴᠢᠮ ᠴᠠᠬᠢᠯᠭᠠᠨ ᠭᠠᠷᠭᠠᠵᠤ ᠂ ᠨᠡᠭᠦᠷᠡᠰᠦ ᠂ ᠴᠠᠬᠢᠯᠭᠠᠨ ᠤ ᠬᠠᠩᠭᠠᠯᠭ᠎ᠠ ᠶᠢ ᠪᠠᠲᠤᠯᠠᠭᠰᠠᠨ ᠬᠡᠮᠵᠢᠶ᠎ᠡ ᠴᠥᠮ ᠪᠦᠬᠦ ᠤᠯᠤᠰ ᠲᠤ ᠲᠦᠷᠦᠭᠦᠯᠡᠪᠡ ᠃
— ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠪᠠ ᠃ ᠬᠤᠳᠠ ᠪᠠᠯᠭᠠᠰᠤᠵᠢᠯᠲᠠ ᠶᠢᠨ ᠨᠤᠷᠮ᠎ᠠ 64.6% ᠪᠠᠶᠢᠭᠰᠠᠨ ᠠᠴᠠ ᠪᠠᠨ 69% ᠰᠢᠬᠠᠮ ᠪᠣᠯᠵᠤ ᠳᠡᠭᠡᠭᠰᠢᠯᠡᠨ ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠪᠦᠬᠦ ᠲᠠᠯ᠎ᠠ ᠪᠠᠷ ᠠᠬᠢᠵᠤ ᠂ ᠵᠡᠭᠦᠨ ᠳᠤᠮᠳᠠᠳᠤ ᠪᠠᠷᠠᠭᠤᠨ ᠬᠡᠰᠡᠭ ᠤᠨ ᠵᠦᠷᠢᠶᠡᠵᠢᠭᠰᠡᠨ ᠵᠣᠬᠢᠴᠠᠩᠭᠤᠢ ᠬᠥᠭᠵᠢᠬᠦ ᠪᠠᠶᠢᠷᠢᠰᠢᠯ ᠠᠩᠬ᠎ᠠ ᠠᠯᠬᠤᠮ ᠪᠦᠷᠢᠯᠳᠦᠪᠡ ᠃ ᠴᠢᠭᠤᠯᠤᠯᠲᠤ ᠬᠠᠭᠠᠯᠭ᠎ᠠ ᠠᠴᠠ ᠬᠦᠬᠡᠬᠤᠳᠠ ᠂ ᠲᠦᠩᠯᠢᠶᠣᠣ ᠠᠴᠠ ᠰᠢᠨ ᠮᠢᠨ ᠂ ᠬᠠᠷᠠᠴᠢᠨ ᠠᠴᠠ ᠤᠯᠠᠭᠠᠨᠬᠠᠳᠠ ᠬᠦᠷᠬᠦ ᠲᠦᠷᠭᠡᠨ ᠤ ᠲᠡᠮᠦᠷ ᠵᠠᠮ ᠵᠠᠯᠭᠠᠭ᠎ᠠ ᠪᠠᠷ ᠲᠡᠷᠭᠡ ᠨᠡᠪᠳᠡᠷᠡᠵᠦ ᠂ ᠵᠠᠰᠠᠮᠠᠯ ᠵᠠᠮ ᠤᠨ ᠤᠷᠲᠤ 1.7 ᠲᠦᠮᠡᠨ ᠺᠢᠯᠣᠮᠧᠲᠷ ᠨᠡᠮᠡᠭᠳᠡᠨ ᠂ ᠬᠦᠬᠡᠬᠤᠳᠠ ᠰᠢᠨ᠎ᠡ ᠨᠢᠰᠬᠡᠯ ᠤᠨ ᠪᠠᠭᠤᠳᠠᠯ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠴᠤ ᠂ 21 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ ᠂ ᠤᠰᠤᠨ ᠠᠰᠢᠭᠯᠠᠯᠲᠠ ᠂ ᠡᠨᠧᠷᠬᠢ ᠂ ᠮᠡᠳᠡᠭᠡ ᠵᠠᠩᠭᠢ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ ᠃
— ᠬᠥᠭᠵᠢᠯᠲᠡ ᠶᠢᠨ ᠬᠥᠳᠡᠯᠭᠡᠬᠦ ᠬᠦᠴᠦᠨ ᠠᠮᠢᠳᠤᠯᠢᠭ ᠬᠦᠴᠦᠨ ᠢᠯᠡᠳᠲᠡ ᠨᠡᠮᠡᠭᠳᠡᠪᠡ ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠳᠤ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ 71% ᠬᠠᠰᠤᠵᠤ ᠂ ᠠᠵᠤ ᠠᠬᠤᠶᠢᠯᠠᠯ ᠳᠤ ᠬᠤᠯᠪᠣᠭᠳᠠᠬᠤ ᠡᠵᠡᠩᠨᠡᠯᠲᠡ ᠶᠢᠨ ᠵᠥᠪᠰᠢᠶᠡᠷᠡᠯ ᠤᠨ ᠵᠦᠢᠯᠡᠰ ᠪᠦᠬᠦᠨ ᠳᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠪᠡ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠠᠮᠵᠢᠯᠲᠠ ᠲᠠᠢ ᠳᠠᠭᠤᠰᠴᠤ ᠂ ᠪᠦᠬᠦ ᠣᠷᠣᠨ ᠤ ᠡᠯ᠎ᠡ ᠱᠠᠲᠤᠨ ᠤ 244 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠬᠢᠨᠲᠠ ᠵᠣᠬᠢᠶᠠᠨ ᠪᠠᠶᠢᠭᠤᠯᠵᠤ ᠨᠡᠶᠢᠯᠡᠭᠦᠯᠦᠨ ᠂ ︽ᠭᠤᠷᠪᠠᠨ ᠬᠠᠩᠭᠠᠯᠭ᠎ᠠ ᠨᠢᠭᠡ ᠠᠳᠠᠯ ᠠᠬᠤᠢ︾ ᠶᠢᠨ ᠬᠠᠮᠢᠶᠠᠷᠤᠯᠲᠠ ᠶᠢ ᠰᠠᠯᠭᠠᠨ ᠰᠢᠯᠵᠢᠭᠦᠯᠵᠦ ᠲᠤᠰᠢᠶᠠᠬᠤ ᠵᠡᠷᠭᠡ ᠲᠡᠦᠬᠡᠲᠦ ᠴᠢᠨᠠᠷᠲᠠᠢ ᠬᠦᠴᠢᠷ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ ᠃ 2021 ᠣᠨ ᠠᠴᠠ ᠨᠠᠭᠠᠰᠢ ᠳ᠋ᠠ ᠵᠦᠩ ᠠᠭᠤᠷᠬᠠᠢ ᠶᠢᠨ ᠦᠢᠯᠡᠰ ᠂ ᠶᠢᠦ ᠷᠠᠨ ᠮᠠᠯ ᠠᠵᠤ ᠠᠬᠤᠢ ᠂ ᠳ᠋ᠠ ᠲᠠᠩ ᠡᠮ ᠤᠨ ᠦᠢᠯᠡᠰ ᠂ ᠰᠢᠨᠬᠤᠸᠠ ᠲᠠᠷᠬᠠᠭᠠᠬᠤ ᠪᠦᠯᠦᠭᠯᠡᠯ ᠂ ᠧᠦ ᠵᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠮᠵᠢᠯᠲᠠ ᠲᠠᠢ ᠪᠠᠷ ᠰᠲ᠋ᠣᠺ ᠤᠨ ᠵᠠᠬ᠎ᠠ ᠳᠤ ᠭᠠᠷᠴᠤ ᠂ ᠮᠠᠨ ᠤ ᠣᠷᠣᠨ ᠤ ᠠᠵᠤ ᠠᠬᠤᠶᠢᠯᠠᠯ 9 ᠵᠢᠯ A ᠰᠲ᠋ᠣᠺ ᠤᠨ ᠵᠠᠬ᠎ᠠ ᠳᠤ ᠭᠠᠷᠤᠭᠰᠠᠨ ᠦᠭᠡᠢ ᠪᠠᠶᠢᠳᠠᠯ ᠢ ᠡᠴᠦᠰᠯᠡᠭᠦᠯᠪᠡ ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ ᠵᠢᠯ ᠳᠤᠮᠳᠠᠴᠢ ᠪᠠᠷ 8% ᠠᠴᠠ ᠳᠡᠭᠡᠭᠰᠢ ᠨᠡᠮᠡᠭᠳᠡᠨ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠪᠡᠯᠡ ᠮᠥᠩᠭᠦ ᠨᠡᠶᠢᠳᠡ ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ ᠃
— ᠠᠷᠠᠳ ᠤᠨ ᠠᠮᠢᠳᠤᠷᠠᠯ ᠤᠨ ᠬᠢᠷᠢ ᠲᠦᠪᠰᠢᠨ ᠯᠠᠪᠳᠠᠭᠤᠨ ᠢᠶᠠᠷ ᠳᠡᠭᠡᠭᠰᠢᠯᠡᠪᠡ ᠃ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠡᠷᠦᠩᠬᠡᠢ ᠳᠤ ᠪᠠᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠠᠶᠢᠵᠤ ᠂ ᠪᠦᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ 2.6 ᠲᠦᠮᠡᠨ ᠲᠥᠭᠦᠷᠢᠭ ᠪᠠᠶᠢᠭᠰᠠᠨ ᠠᠴᠠ ᠪᠠᠨ 3.6 ᠲᠦᠮᠡᠨ ᠲᠥᠭᠦᠷᠢᠭ ᠰᠢᠬᠠᠮ ᠪᠣᠯᠵᠤ ᠨᠡᠮᠡᠭᠳᠡᠪᠡ ᠃ ᠬᠤᠳᠠ ᠪᠠᠯᠭᠠᠰᠤᠨ ᠤ ᠠᠵᠢᠯ ᠣᠯᠣᠭᠰᠠᠳ ᠢ ᠵᠢᠯ ᠳᠤᠮᠳᠠᠴᠢ ᠪᠠᠷ 20 ᠲᠦᠮᠡᠨ ᠬᠥᠮᠥᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠰᠤᠷᠭᠠᠨ ᠬᠥᠮᠦᠵᠢᠯ ᠤᠨ ᠲᠦᠭᠡᠮᠡᠯᠵᠢᠯ ᠂ ᠡᠮᠴᠢᠯᠡᠭᠡ ᠡᠷᠡᠭᠦᠯ ᠬᠠᠮᠠᠭᠠᠯᠠᠯ ᠂ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠨ ᠲᠦᠷᠦᠯ ᠵᠦᠢᠯ ᠢ ᠨᠡᠶᠢᠲᠡ 2970 ᠂ 140 ᠲᠦᠮᠡᠨ ᠢᠵᠢ ᠂ 1.55 ᠳ᠋ᠦᠩᠰᠢᠭᠤᠷ ᠲᠡᠭᠰᠢ ᠳᠥᠷᠪᠡᠯᠵᠢᠨ ᠮᠧᠲᠷ ᠰᠢᠢᠳᠪᠦᠷᠢᠯᠡᠵᠦ ᠂ ᠬᠠᠭᠤᠴᠢᠨ ᠰᠠᠭᠤᠭᠠᠯᠢ ᠲᠣᠭᠤᠷᠢᠭ ᠢ 5108 ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 26 ᠲᠦᠮᠡᠨ ᠢᠵᠢ ᠣᠷᠴᠢᠮ ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ 9.6 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 2 ᠲᠦᠮᠡᠨ ᠢᠵᠢ ᠪᠠᠶᠢᠭᠤᠯᠤᠨ ᠂ 600 ᠭᠠᠷᠤᠢ ᠲᠦᠮᠡᠨ ᠤᠯᠠᠨ ᠲᠦᠮᠡᠨ ᠤ ᠠᠮᠤᠭᠤᠯᠠᠩ ᠰᠠᠭᠤᠷᠢᠰᠢᠬᠤ ᠵᠡᠭᠦᠳᠦ ᠶᠢ ᠨᠢ ᠲᠡᠷᠭᠡᠯᠰᠢᠭᠦᠯᠦᠭᠰᠡᠨ ᠪᠠᠶᠢᠨ᠎ᠠ ᠃
— ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ ᠰᠠᠶᠢᠵᠢᠷᠠᠪᠠ ᠃ ᠲᠥᠪ ᠤᠨ ᠨᠢᠭᠡᠳᠦᠭᠡᠷ ᠡᠭᠡᠯᠵᠢ ᠶᠢᠨ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠭᠰᠠᠨ ᠪᠠ ︽ᠪᠤᠴᠠᠵᠤ ᠪᠠᠶᠢᠴᠠᠭᠠᠨ ᠦᠵᠡᠬᠦ︾ ᠳᠤ ᠴᠡᠭᠴᠡᠯᠡᠨ ᠰᠠᠶᠢᠵᠢᠷᠠᠭᠤᠯᠬᠤ ᠪᠠᠷ ᠲᠤᠰᠬᠠᠭᠰᠠᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ ᠂ ᠬᠠᠲᠤᠨ ᠭᠤᠣᠯ ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠂ ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠤᠨ ᠰᠠᠪᠠ ᠭᠠᠵᠠᠷ ᠤᠨ ᠵᠠᠰᠠᠯᠲᠠ ᠶᠢᠨ ᠦᠷ᠎ᠡ ᠪᠦᠲᠦᠮᠵᠢ ᠢᠯᠡᠷᠬᠡᠢ ᠪᠠᠶᠢᠵᠤ ᠂ ᠲᠣᠭᠲᠠᠭᠠᠯ ᠪᠠ ᠬᠠᠤᠯᠢ ᠠᠴᠠ ᠵᠥᠷᠢᠴᠡᠵᠦ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠠᠰᠠᠭᠤᠳᠠᠯ ᠤᠳ ᠢ ᠪᠦᠲᠦᠮᠵᠢᠳᠠᠢ ᠴᠡᠭᠴᠡᠯᠡᠨ ᠵᠠᠰᠠᠪᠠ ᠃ ᠨᠡᠶᠢᠲᠡ 3700 ᠭᠠᠷᠤᠢ ᠲᠦᠮᠡᠨ ᠮᠦ ᠣᠶᠢᠵᠢᠭᠤᠯᠵᠤ ᠂ 1.2 ᠳ᠋ᠦᠩᠰᠢᠭᠤᠷ ᠭᠠᠷᠤᠢ ᠮᠦ ᠡᠪᠡᠰᠦ ᠲᠠᠷᠢᠵᠤ ᠂ 5400 ᠭᠠᠷᠤᠢ ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠵᠤ ᠂ ᠴᠥᠮ ᠪᠦᠭᠦ ᠤᠯᠤᠰ ᠤᠨ ᠲᠡᠷᠢᠭᠦᠨ ᠳᠤ ᠣᠷᠣᠵᠤ ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ 10 ᠪᠠ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢ 8 ᠡᠭᠦᠳᠦᠨ ᠪᠠᠶᠢᠭᠤᠯᠪᠠ ᠃
— ᠬᠦᠨᠳᠦ ᠬᠡᠴᠡᠭᠦᠦ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠳᠠᠢ ᠰᠡᠷᠭᠡᠶᠢᠯᠡᠪᠡ ᠃ ᠨᠠᠮ ᠤᠨ ᠲᠥᠪ ᠬᠤᠷᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠡᠵᠡᠨ᠎ᠡ ᠂ ᠮᠠᠨᠵᠤᠤᠷ ᠂ ᠡᠷᠢᠶᠡᠨ ᠬᠤᠳᠠ ᠂ ᠬᠦᠬᠡᠬᠤᠳᠠ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ ᠃ ᠵᠠᠰᠠᠭ ᠤᠨ ᠣᠷᠳᠣᠨ ᠤ ᠬᠡᠲᠦᠷᠬᠡᠢ ᠥᠷᠢ ᠲᠠᠯᠪᠢᠵᠤ ᠪᠠᠶᠢᠭᠰᠠᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠡᠷᠡᠰ ᠴᠡᠭᠴᠡᠯᠡᠨ ᠵᠠᠰᠠᠵᠤ ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠤᠳ ᠢ ᠴᠢᠩᠭ᠎ᠠ ᠬᠦᠴᠦᠲᠡᠢ ᠴᠡᠭᠴᠡᠯᠡᠨ ᠵᠠᠰᠠᠵᠤ ᠂ ᠮᠥᠩᠭᠦᠨ ᠭᠦᠢᠯᠭᠡᠭᠡᠨ ᠤ ᠬᠦᠷᠢᠶᠡᠨ ᠳᠤ ᠥᠭᠡᠷᠡᠴᠢᠯᠡᠯᠲᠡ ᠬᠢᠵᠦ ᠲᠦᠭᠰᠢᠭᠦᠷᠢ ᠶᠢ ᠨᠢ ᠠᠷᠢᠯᠭᠠᠬᠤ ᠶᠢ ᠭᠦᠨᠵᠡᠭᠡᠢ ᠠᠬᠢᠭᠤᠯᠵᠤ ᠂ ᠤᠤᠯ ᠤᠨ ᠪᠤᠤ ᠱᠠᠩ ᠪᠠᠩᠬᠢ ᠂ ᠰᠢᠨ᠎ᠡ ᠴᠠᠭ ᠦᠶ᠎ᠡ ᠢᠲᠡᠭᠡᠮᠵᠢᠲᠦ ᠨᠠᠶᠢᠳᠠᠯᠭ᠎ᠠ ᠶᠢᠨ ᠲᠦᠭᠰᠢᠭᠦᠷᠢ ᠶᠢ ᠲᠣᠬᠢᠲᠠᠢ ᠰᠢᠢᠳᠪᠦᠷᠢᠯᠡᠪᠡ ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ ᠠᠮᠵᠢᠯᠲᠠ ᠲᠠᠢ ᠪᠠᠷ ᠳᠠᠭᠤᠰᠴᠤ ᠂ ᠨᠡᠶᠢᠭᠡᠮ ᠤᠨ ᠠᠮᠤᠷ ᠲᠦᠪᠰᠢᠨ ᠂ ᠠᠶᠤᠯ ᠦᠭᠡᠢ ᠦᠢᠯᠡᠳᠪᠦᠷᠢᠯᠡᠯ ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ ᠂ ᠨᠡᠶᠢᠭᠡᠮ ᠤᠨ ᠶᠡᠭᠡ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠪᠠ ᠃
— ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠪᠠᠬᠢᠵᠢᠨ ᠬᠥᠭᠵᠢᠪᠡ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠲᠦᠭᠡᠮᠡᠯᠵᠢᠭᠦᠯᠦᠨ ᠳᠡᠯᠭᠡᠷᠡᠭᠦᠯᠵᠦ ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠬᠡᠷᠡᠭᠵᠢᠭᠦᠯᠦᠨ ᠬᠡᠷᠡᠭᠯᠡᠵᠦ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠡᠭᠦᠯᠳᠡᠷᠵᠢᠭᠦᠯᠦᠨ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠎ᠠ ᠶᠢ ᠥᠷᠭᠡᠨ ᠳᠡᠯᠭᠡᠷᠡᠩᠭᠦᠢ ᠠᠬᠢᠭᠤᠯᠤᠨ ᠂ ᠦᠨᠳᠦᠰᠦᠲᠡᠨ ᠨᠦᠭᠦᠳ ᠤᠨ ᠠᠷᠠᠳ ᠲᠦᠮᠡᠨ ᠶᠡᠭᠡ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠨᠡᠩ ᠢᠯᠡᠭᠦᠦ ᠨᠠᠨᠳᠢᠩᠨᠠᠨ ᠡᠷᠬᠢᠮᠯᠡᠵᠦ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠶᠢᠷᠠᠯᠠᠨ ᠬᠠᠮᠠᠭᠠᠯᠠᠪᠠ ᠃
ᠲᠠᠪᠤᠨ ᠵᠢᠯ ᠤᠨ ᠲᠤᠷᠰᠢ ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ ᠂ ᠴᠢᠬᠤᠯᠠ ᠶᠡᠭᠡ ᠵᠦᠢᠯᠡᠰ ᠂ ᠴᠢᠬᠤᠯᠠ ᠠᠰᠠᠭᠤᠳᠠᠯ ᠳᠤ ᠵᠢᠭᠠᠪᠤᠷᠢ ᠠᠪᠬᠤ ᠪᠠ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠦᠨ ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 2953 ᠬᠤᠪᠢ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ 3329 ᠬᠤᠪᠢ ᠰᠠᠨᠠᠯ ᠳᠤᠷᠠᠳᠤᠯᠭ᠎ᠠ ᠶᠢ ᠭᠦᠢᠴᠡᠳᠬᠡᠪᠡ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠠᠯ᠎ᠠ ᠶᠢᠨ ᠰᠠᠨᠠᠯ ᠵᠥᠪᠯᠡᠯᠭᠡ 141 ᠵᠦᠢᠯ ᠪᠠᠶᠢᠵᠤ ᠂ ᠵᠠᠰᠠᠭ ᠤᠨ ᠣᠷᠳᠣᠨ ᠤ 87 ᠳᠦᠷᠢᠮ ᠲᠣᠭᠲᠠᠭᠠᠯ ᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠨ ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠂ ᠴᠡᠷᠢᠭ ᠠᠩᠭᠢ ᠪᠠ ᠣᠷᠣᠨ ᠨᠤᠲᠤᠭ ᠤᠨ ᠵᠣᠬᠢᠴᠠᠭᠤᠯᠭ᠎ᠠ ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ ᠂ ᠴᠡᠷᠢᠭ ᠤᠨ ᠠᠯᠪᠠ ᠠᠴᠠ ᠬᠠᠯᠠᠭᠳᠠᠭᠰᠠᠳ ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠴᠥᠮ ᠰᠢᠨ᠎ᠡ ᠠᠮᠵᠢᠯᠲᠠ ᠣᠯᠵᠤ ᠂ ᠭᠠᠳᠠᠭᠠᠳᠤ ᠶᠠᠪᠤᠳᠠᠯ ᠪᠠ ᠬᠠᠷᠢᠶᠠᠲᠤ ᠶᠢᠨ ᠶᠠᠪᠤᠳᠠᠯ ᠂ ᠲᠤᠭ᠎ᠠ ᠪᠦᠷᠢᠳᠬᠡᠯ ᠪᠠᠶᠢᠴᠠᠭᠠᠯᠲᠠ ᠂ ᠰᠣᠨᠢᠨ ᠮᠡᠳᠡᠭᠡ ᠷᠠᠳᠢᠣ᠋ ᠲᠧᠯᠸᠢᠰ ᠂ ᠨᠡᠶᠢᠭᠡᠮ ᠤᠨ ᠰᠢᠨᠵᠢᠯᠡᠬᠦ ᠤᠬᠠᠭᠠᠨ ᠂ ᠳᠠᠩᠰᠠ ᠡᠪᠬᠡᠮᠡᠯ ᠪᠠ ᠨᠢᠭᠤᠴᠠ ᠶᠢ ᠬᠠᠮᠠᠭᠠᠯᠠᠬᠤ ᠂ ᠵᠥᠪᠳᠡᠭᠴᠢ ᠪᠠ ᠰᠣᠶᠣᠯ ᠲᠡᠦᠬᠡ ᠂ ᠭᠠᠵᠠᠷ ᠬᠥᠳᠡᠯᠦᠯᠲᠡ ᠪᠠ ᠴᠠᠭ ᠠᠭᠤᠷ ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ ᠠᠵᠢᠯ ᠦᠢᠯᠡᠰ ᠴᠥᠮ ᠰᠢᠨ᠎ᠡ ᠳᠠᠪᠰᠢᠯᠲᠠ ᠲᠠᠢ ᠪᠣᠯᠵᠤ ᠂ ᠠᠵᠢᠯᠴᠢᠨ ᠤ ᠡᠪᠯᠡᠯ ᠂ ᠡᠪ ᠬᠠᠮᠲᠤ ᠵᠠᠯᠠᠭᠤᠴᠤᠳ ᠤᠨ ᠡᠪᠯᠡᠯ ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠂ ᠵᠡᠮᠳᠡᠭᠴᠦᠳ ᠤᠨ ᠬᠤᠯᠪᠣᠭᠠᠲᠤ ᠬᠤᠷᠠᠯ ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠂ ᠨᠠᠰᠤᠲᠠᠶᠢᠴᠤᠳ ᠤᠨ ᠠᠵᠢᠯ ᠤᠨ ᠵᠥᠪᠯᠡᠯ ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠳᠤ ᠴᠥᠮ ᠰᠢᠨ᠎ᠡ ᠳᠦᠷᠰᠦ ᠪᠠᠶᠢᠳᠠᠯ ᠢᠯᠡᠷᠡᠪᠡ ᠃
ᠲᠥᠯᠥᠭᠡᠯᠡᠭᠴᠢᠳ ᠠ᠋ ︕ ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠠ ᠤᠯᠤᠰ ᠤᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ ᠃ ᠪᠢᠳᠡ ᠨᠠᠮ ᠤᠨ ᠲᠥᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠂ ᠠᠵᠤ ᠠᠬᠤᠢ ᠶᠢ ᠲᠣᠭᠲᠠᠭᠤᠨ ᠪᠠᠶᠢᠯᠭᠠᠵᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ ᠤᠷᠤᠭᠰᠢᠯᠠᠨ ᠂ ᠬᠦᠴᠢᠷ ᠤᠨ ᠳᠤᠮᠳᠠ ᠪᠦᠲᠦᠭᠡᠬᠦ ᠪᠠᠷ ᠴᠢᠷᠮᠠᠶᠢᠵᠤ ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 4% ᠠᠴᠠ ᠳᠡᠭᠡᠭᠰᠢ ᠨᠡᠮᠡᠭᠳᠡᠨ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 8% ᠠᠴᠠ ᠳᠡᠭᠡᠭᠰᠢ ᠨᠡᠮᠡᠭᠳᠡᠵᠦ ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠯᠠᠵᠤ ᠂ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 15% ᠠᠴᠠ ᠳᠡᠭᠡᠭᠰᠢ ᠨᠡᠮᠡᠭᠳᠡᠨ ᠂ ᠪᠦᠭᠦ ᠤᠯᠤᠰ ᠤᠨ ᠲᠡᠷᠢᠭᠦᠨ ᠳᠤ ᠪᠠᠶᠢᠷᠢᠯᠠᠵᠤ ᠂ ᠡᠩ ᠤᠨ ᠤᠯᠠᠨ ᠨᠡᠶᠢᠲᠡ ᠶᠢᠨ ᠲᠥᠰᠥᠪ ᠤᠨ ᠤᠷᠤᠯᠭ᠎ᠠ 20.2% ᠨᠡᠮᠡᠭᠳᠡᠵᠦ ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠯᠠᠪᠠ ᠃
ᠨᠢᠭᠡ ᠵᠢᠯ ᠤᠨ ᠲᠤᠷᠰᠢ ᠂ ᠪᠢᠳᠡ ᠡᠷᠲᠡ ᠠᠴᠠ ᠭᠠᠷᠳᠠᠵᠤ ᠠᠵᠢᠯᠯᠠᠬᠤ ᠶᠢ ᠪᠠᠷᠢᠮᠲᠠᠯᠠᠪᠠ ᠂ ᠵᠢᠯ ᠤᠨ ᠡᠬᠢᠨ ᠠᠴᠠ ᠡᠬᠢᠯᠡᠨ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠲᠠ ᠦᠭᠡᠢ ᠨᠡᠶᠢᠲᠡᠯᠡᠨ ᠭᠠᠷᠭᠠᠵᠤ ᠂ ᠠᠵᠤ ᠠᠬᠤᠢ ᠶᠢ ᠲᠣᠭᠲᠠᠭᠤᠨ ᠪᠠᠶᠢᠯᠭᠠᠬᠤ 40 ᠵᠤᠷᠪᠤᠰ ᠲᠥᠬᠦᠷ ᠲᠦᠷᠦ ᠶᠢᠨ ᠪᠣᠳᠣᠯᠭ᠎ᠠ ᠂ 21 ᠵᠤᠷᠪᠤᠰ ᠦᠷᠭᠦᠯᠵᠢᠯᠡᠭᠰᠡᠨ ᠲᠦᠷᠦ ᠶᠢᠨ ᠪᠣᠳᠣᠯᠭ᠎ᠠ ᠶᠢ ᠤᠷᠢᠳ ᠬᠤᠵᠢᠳ ᠲᠣᠭᠲᠠᠭᠠᠨ ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 181 ᠵᠤᠷᠪᠤᠰ ᠂ ᠠᠵᠤ ᠦᠢᠯᠡᠰ ᠢ ᠴᠢᠨᠠᠷ ᠰᠠᠶᠢᠲᠠᠢ ᠬᠥᠭᠵᠢᠭᠦᠯᠬᠦ 130 ᠵᠤᠷᠪᠤᠰ ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ 9 ᠵᠤᠷᠪᠤᠰ ᠂ ᠵᠠᠰᠠᠮᠠᠯ ᠵᠠᠮ ᠤᠨ ᠪᠡᠯᠡ ᠤᠷᠤᠭᠤᠯᠤᠯᠲᠠ ᠶᠢᠨ 6 ᠵᠤᠷᠪᠤᠰ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠠᠶᠢᠭᠤᠯᠤᠯᠲᠠ ᠶᠢᠨ 11 ᠵᠤᠷᠪᠤᠰ ᠪᠠ ᠠᠵᠤ ᠦᠢᠯᠡᠳᠪᠦᠷᠢ ᠂ ᠦᠢᠯᠡᠴᠢᠯᠡᠭᠡᠨ ᠤ ᠦᠢᠯᠡᠰ ᠂ ᠪᠠᠷᠢᠯᠭ᠎ᠠ ᠶᠢᠨ ᠦᠢᠯᠡᠰ ᠂ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠣᠳᠣᠯᠭ᠎ᠠ ᠨᠤᠭᠤᠳ ᠢ ᠨᠡᠶᠢᠲᠡᠯᠡᠵᠦ ᠂ ᠠᠵᠤ ᠠᠬᠤᠢ ᠶᠢᠨ ᠨᠡᠮᠡᠭᠳᠡᠯ ᠳᠤ ︽ᠪᠠᠲᠤ ᠳᠡᠭᠡᠭᠰᠢᠯᠡᠭᠦᠯᠬᠦ ᠠᠷᠭ᠎ᠠ︾ ᠶᠢ ᠬᠡᠷᠡᠭᠯᠡᠨ ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ︽ᠰᠡᠳᠬᠢᠯ ᠠᠮᠤᠷ ᠬᠥᠭᠵᠢᠬᠦ ᠪᠣᠳᠣᠯᠭ᠎ᠠ︾ ᠲᠣᠭᠲᠠᠭᠠᠵᠤ ᠥᠭᠪᠡ ᠃ 3343 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠦᠨ ᠂ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ 6000 ᠳ᠋ᠦᠩᠰᠢᠭᠤᠷ ᠲᠥᠭᠦᠷᠢᠭ ᠢ ᠳᠠᠪᠠᠵᠤ ᠂ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ 40% ᠠᠴᠠ ᠳᠡᠭᠡᠭᠰᠢ ᠨᠡᠮᠡᠭᠳᠡᠵᠦ ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 85% ᠠᠴᠠ ᠳᠡᠭᠡᠭᠰᠢ ᠨᠡᠮᠡᠭᠳᠡᠨ ᠂ ᠰᠢᠨ᠎ᠡ ᠡᠨᠧᠷᠬᠢ ᠶᠢᠨ ᠪᠡᠯᠡ ᠤᠷᠤᠭᠤᠯᠤᠯᠲᠠ 5 ᠳᠠᠬᠢᠨ ᠠᠴᠠ ᠳᠡᠭᠡᠭᠰᠢ ᠨᠡᠮᠡᠭᠳᠡᠵᠦ ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠣᠳᠠᠲᠠᠶᠢᠵᠢᠭᠤᠯᠤᠨ ᠂ ᠨᠡᠮᠡᠭᠳᠡᠯ ᠢ ᠲᠣᠭᠲᠠᠭᠤᠨ ᠪᠠᠶᠢᠯᠭᠠᠬᠤ ᠂ ᠪᠦᠲᠦᠴᠡ ᠶᠢ ᠲᠣᠬᠢᠷᠠᠭᠤᠯᠬᠤ ᠂ ᠰᠠᠭᠤᠷᠢ ᠶᠢ ᠪᠠᠬᠢᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ ᠃
ᠨᠢᠭᠡ ᠵᠢᠯ ᠤᠨ ᠲᠤᠷᠰᠢ ᠂ ᠪᠢᠳᠡ ᠶᠡᠭᠡ ᠪᠠᠶᠢᠳᠠᠯ ᠢ ᠪᠠᠲᠤᠯᠠᠵᠤ ᠂ ᠶᠡᠭᠡ ᠪᠠᠶᠢᠳᠠᠯ ᠳᠤ ᠦᠢᠯᠡᠴᠢᠯᠡᠬᠦ ᠶᠢ ᠪᠠᠷᠢᠮᠲᠠᠯᠠᠪᠠ ᠂ ᠤᠯᠤᠰ ᠤᠨ ᠡᠨᠧᠷᠬᠢ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ ᠂ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠤᠨ ᠂ ᠴᠠᠬᠢᠯᠭᠠᠨ ᠭᠠᠷᠭᠠᠭᠰᠠᠨ ᠬᠡᠮᠵᠢᠶ᠎ᠡ 6465 ᠳ᠋ᠦᠩᠰᠢᠭᠤᠷ ᠭᠷᠡᠳᠦ᠋ᠰ ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠤᠨ ᠂ ᠭᠠᠳᠠᠭᠰᠢ ᠴᠠᠬᠢᠯᠭᠠᠨ ᠳᠠᠮᠵᠢᠭᠤᠯᠤᠭᠰᠠᠨ ᠬᠡᠮᠵᠢᠶ᠎ᠡ 2640 ᠳ᠋ᠦᠩᠰᠢᠭᠤᠷ ᠭᠷᠡᠳᠦ᠋ᠰ ᠢ ᠪᠡᠶᠡᠯᠡᠭᠦᠯᠦᠨ ᠂ ᠴᠥᠮ ᠪᠦᠬᠦ ᠤᠯᠤᠰ ᠤᠨ ᠲᠡᠷᠢᠭᠦᠨ ᠳᠤ ᠪᠠᠶᠢᠷᠢᠯᠠᠪᠠ ︔ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠰᠢᠷ᠎ᠠ ᠪᠤᠷᠴᠠᠭ ᠂ ᠲᠣᠰᠣᠯᠢᠭ ᠲᠠᠷᠢᠮᠠᠯ ᠢ ᠥᠷᠭᠡᠳᠬᠡᠨ ᠲᠠᠷᠢᠬᠤ ᠡᠭᠦᠷᠭᠡ ᠪᠠᠨ ᠪᠡᠶᠡᠯᠡᠭᠦᠯᠵᠦ ᠂ ᠠᠮᠤ ᠪᠤᠳᠠᠭᠠᠨ ᠤ ᠤᠨᠠᠯᠲᠠ 780 ᠳ᠋ᠦᠩᠰᠢᠭᠤᠷ ᠵᠢᠩ ᠂ ᠦᠨᠢᠶᠡᠨ ᠰᠦ ᠶᠢᠨ ᠭᠠᠷᠤᠯᠲᠠ 720 ᠲᠦᠮᠡᠨ ᠲᠣᠨ ᠂ ᠮᠢᠬᠠᠨ ᠤ ᠲᠦᠷᠦᠯ ᠤᠨ ᠭᠠᠷᠤᠯᠲᠠ 282 ᠲᠦᠮᠡᠨ ᠲᠣᠨ ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠢᠯᠢᠳᠡᠭᠵᠢᠭᠦᠯᠵᠦ ᠂ ᠣᠯᠠᠨ ᠡᠭᠡᠯᠵᠢ ᠶᠢᠨ ᠬᠢᠵᠢᠭ ᠤᠨ ᠪᠠᠶᠢᠳᠠᠯ ᠢ ᠦᠳᠲᠡᠷ ᠲᠦᠷᠭᠡᠨ ᠰᠢᠢᠳᠪᠦᠷᠢᠯᠡᠪᠡ ᠂ ᠣᠨᠴᠠᠭᠠᠶᠢᠯᠠᠨ ᠣᠷᠣᠨ ᠳᠠᠶᠠᠭᠠᠷ ᠨᠢᠭᠡ ᠬᠥᠯᠭᠡ ᠰᠢᠲᠠᠷ᠎ᠠ ᠲᠠᠢ ᠠᠳᠠᠯᠢ ᠪᠠᠷ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠢᠶᠠᠷ ᠬᠦᠬᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠢ ᠡᠬᠢᠯᠡᠭᠦᠯᠵᠦ ᠂ 23.74 ᠲᠦᠮᠡᠨ ᠣᠶᠤᠲᠠᠳ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ ᠨᠤᠲᠤᠭ ᠲᠤ ᠨᠢ ᠬᠠᠷᠢᠭᠤᠯᠵᠤ ᠂ ︽ᠰᠢᠨ᠎ᠡ ᠠᠷᠪᠠᠨ ᠵᠤᠷᠪᠤᠰ︾ ᠤᠨ ᠳᠠᠷᠠᠭ᠎ᠠ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠯᠠᠪᠳᠠᠭᠤᠨ ᠲᠣᠭᠲᠠᠭᠤᠨ ᠢᠶᠠᠷ ᠰᠢᠯᠵᠢᠨ ᠬᠤᠪᠢᠷᠠᠬᠤ ᠶᠢ ᠪᠡᠶᠡᠯᠡᠭᠦᠯᠪᠡ ᠃ ᠨᠠᠮ ᠤᠨ ᠬᠤᠷᠢᠳᠤᠭᠠᠷ ᠶᠡᠭᠡ ᠬᠤᠷᠠᠯ ᠪᠠ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠳᠤ ᠦᠢᠯᠡᠴᠢᠯᠡᠭᠡ ᠪᠠᠲᠤᠯᠠᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠣᠶᠢᠷ᠎ᠠ ᠶᠢᠨ ᠵᠢᠯ ᠤᠳ ᠲᠠᠬᠢ ᠲᠣᠮᠣ ᠬᠡᠯᠪᠡᠷᠢ ᠶᠢᠨ ᠠᠮᠤᠷ ᠢ ᠬᠠᠮᠠᠭᠠᠯᠠᠨ ᠲᠣᠭᠲᠠᠭᠤᠨ ᠢ ᠪᠠᠲᠤᠯᠠᠬᠤ ᠠᠵᠢᠯ ᠳᠤ ᠬᠠᠮᠤᠭ ᠤᠨ ᠰᠠᠶᠢᠨ ᠦᠷ᠎ᠡ ᠪᠦᠲᠦᠮᠵᠢ ᠣᠯᠪᠠ ᠃
ᠨᠢᠭᠡ ᠵᠢᠯ ᠤᠨ ᠲᠤᠷᠰᠢ ᠂ ᠪᠢᠳᠠ ᠠᠵᠤ ᠦᠢᠯᠡᠰ ᠢ ᠪᠣᠶᠢᠵᠢᠭᠤᠯᠬᠤ ᠂ ᠬᠥᠳᠡᠯᠭᠡᠭᠴᠢ ᠴᠢᠳᠠᠪᠤᠷᠢ ᠪᠠᠨ ᠰᠣᠯᠢᠬᠤ ᠶᠢ ᠪᠠᠷᠢᠮᠲᠠᠯᠠᠪᠠ ᠂ 8 ᠲᠣᠮᠣ ᠠᠵᠤ ᠦᠢᠯᠡᠰ ᠤᠨ ᠪᠦᠯᠦᠭᠵᠢᠯ ᠪᠠ 12 ᠵᠤᠷᠪᠤᠰ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢ ᠨᠠᠷᠢᠨ ᠨᠢᠮᠪᠠᠢ ᠰᠡᠳᠦᠨ ᠲᠥᠯᠥᠪᠯᠡᠵᠦ ᠂ ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾ ᠶᠢᠨ ᠠᠬᠢᠭᠤᠯᠬᠤ ᠲᠣᠭᠲᠠᠴᠠ ᠶᠢ ᠬᠡᠷᠡᠭᠵᠢᠭᠦᠯᠵᠦ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ 140 ᠪᠠᠶᠢᠭᠤᠯᠵᠤ ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ ᠵᠠᠭᠤ ᠰᠢᠬᠠᠮ ᠪᠣᠳᠠᠲᠠᠶᠢᠵᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠨᠡᠮᠡᠭᠳᠡᠯ ᠦᠷᠲᠡᠭ ᠢ 15% ᠠᠴᠠ ᠳᠡᠭᠡᠭᠰᠢ ᠨᠡᠮᠡᠭᠳᠡᠭᠦᠯᠵᠦ ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠢ 30% ᠠᠴᠠ ᠳᠡᠭᠡᠭᠰᠢ ᠨᠡᠮᠡᠭᠳᠡᠭᠦᠯᠵᠦ ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠢ 40% ᠠᠴᠠ ᠳᠡᠭᠡᠭᠰᠢ ᠨᠡᠮᠡᠭᠳᠡᠭᠦᠯᠪᠡ ᠃ ᠣᠨᠴᠠᠭᠠᠶᠢᠯᠠᠨ ᠰᠢᠨ᠎ᠡ ᠣᠨᠣᠯᠵᠢᠬᠤᠨ ᠢᠶᠠᠷ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ ᠂ ᠨᠡᠭᠡᠭᠡᠨ ᠠᠰᠢᠭᠯᠠᠬᠤ ᠶᠢ ᠠᠳᠬᠤᠭᠰᠠᠨ ᠮᠥᠷᠲᠡᠭᠡᠨ ᠪᠠᠰᠠ ᠲᠤᠨᠤᠭ ᠲᠥᠬᠦᠭᠡᠷᠦᠮᠵᠢ ᠦᠢᠯᠡᠳᠬᠦ ᠶᠢ ᠠᠳᠬᠤᠵᠤ ᠂ ᠲᠥᠪ ᠤᠨ ᠠᠵᠤ ᠠᠬᠤᠶᠢᠯᠠᠯ ᠯᠤᠭ᠎ᠠ ᠬᠠᠮᠲᠤᠷᠠᠯᠴᠠᠬᠤ ᠶᠢ ᠠᠬᠢᠭᠤᠯᠤᠭᠰᠠᠨ ᠮᠥᠷᠲᠡᠭᠡᠨ ᠪᠠᠰᠠ ᠣᠷᠣᠨ ᠨᠤᠲᠤᠭ ᠤᠨ ᠠᠵᠤ ᠠᠬᠤᠶᠢᠯᠠᠯ ᠤᠨ ᠣᠷᠤᠯᠴᠠᠬᠤ ᠶᠢ ᠠᠬᠢᠭᠤᠯᠤᠨ ᠂ ᠮᠠᠰᠢᠨ ᠴᠣᠭᠴᠠᠯᠠᠪᠤᠷᠢ ᠶᠢ 2000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ ᠂ ᠪᠠᠷᠤᠭ 1 ᠳ᠋ᠦᠩᠰᠢᠭᠤᠷ ᠺᠢᠯᠣᠸᠠᠲ ᠢ ᠴᠣᠬᠤᠯᠠᠪᠤᠷᠢᠯᠠᠨ ᠵᠥᠪᠰᠢᠶᠡᠷᠡᠭᠦᠯᠵᠦ ᠬᠡᠷᠡᠭᠵᠢᠭᠦᠯᠦᠨ ᠂ ᠵᠠᠬ᠎ᠠ ᠳᠡᠯᠭᠡᠭᠦᠷᠴᠢᠯᠡᠭᠰᠡᠨ 6 ᠲᠦᠷᠦᠯ ᠤᠨ ᠬᠡᠷᠡᠭᠯᠡᠭᠡᠨ ᠤ ᠠᠬᠤᠢ ᠲᠠᠯᠠᠪᠠᠢ ᠶᠢᠨ ᠲᠦᠷᠦᠯ ᠵᠦᠢᠯ ᠢ 3000 ᠭᠠᠷᠤᠢ ᠲᠦᠮᠡᠨ ᠺᠢᠯᠣᠸᠠᠲ ᠪᠠᠶᠢᠭᠤᠯᠵᠤ ᠂ 1300 ᠭᠠᠷᠤᠢ ᠳ᠋ᠦᠩᠰᠢᠭᠤᠷ ᠭᠷᠡᠳᠦ᠋ᠰ ᠤᠨ ᠴᠠᠬᠢᠯᠭᠠᠨ ᠭᠠᠷᠭᠠᠵᠤ ᠂ ᠭᠤᠷᠪᠠᠨ ᠬᠠᠪᠴᠢᠯ ᠤᠨ ᠢᠨᠵᠧᠨᠧᠷᠢᠩ ᠤᠨ ᠨᠢᠭᠡ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠠᠴᠠ ᠳᠠᠪᠠᠪᠠ ᠂ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠠᠵᠤ ᠦᠢᠯᠡᠰ ᠤᠨ ᠪᠦᠯᠦᠭᠵᠢᠯ ᠪᠠ ᠬᠦᠬᠡᠬᠤᠲᠠ ᠪᠤᠭᠤᠲᠤ ᠣᠷᠳᠣᠰ ᠲᠦᠩᠯᠢᠶᠣᠣ ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ ᠡᠬᠢᠯᠡᠪᠡ ᠃
ᠨᠢᠭᠡ ᠵᠢᠯ ᠤᠨ ᠲᠤᠷᠰᠢ ᠂ ᠪᠢᠳᠡ ᠥᠭᠡᠷᠡᠴᠢᠯᠡᠯᠲᠡ ᠶᠢ ᠠᠳᠬᠤᠵᠤ ᠨᠡᠭᠡᠭᠡᠯᠲᠡ ᠪᠠᠨ ᠥᠷᠭᠡᠳᠬᠡᠬᠦ ᠶᠢ ᠪᠠᠷᠢᠮᠲᠠᠯᠠᠪᠠ ᠂ ᠪᠦᠬᠦ ᠣᠷᠣᠨ ᠳᠤ ᠬᠠᠯᠠᠮᠰᠢᠯ ᠤᠲᠠᠰᠤ ︽12345︾ ᠶᠢ ᠳᠡᠯᠭᠡᠷᠡᠭᠦᠯᠦᠨ ᠬᠡᠷᠡᠭᠯᠡᠵᠦ ᠂ ᠴᠤᠤᠷᠢᠶᠠᠲᠤᠨ ᠳᠠᠭᠠᠭᠰᠠᠨ ᠨᠤᠷᠮ᠎ᠠ ᠂ ᠭᠦᠢᠴᠡᠳᠬᠡᠵᠦ ᠳᠠᠭᠤᠰᠬᠠᠭᠰᠠᠨ ᠨᠣᠷᠮ᠎ᠠ ᠂ ᠬᠠᠨᠤᠮᠵᠢ ᠶᠢᠨ ᠨᠣᠷᠮ᠎ᠠ ᠳᠤ ᠰᠠᠷ᠎ᠠ ᠪᠠᠷ ᠨᠡᠷᠡᠰ ᠤᠨ ᠵᠢᠭᠰᠠᠭᠠᠯᠲᠠ ᠬᠢᠵᠦ ᠂ ᠨᠡᠷᠡᠰ ᠲᠤ ᠬᠤᠶᠢᠭᠤᠷ ᠵᠢᠭᠰᠠᠭᠠᠭᠳᠠᠵᠤ ᠪᠠᠶᠢᠭ᠎ᠠ ᠶᠢ ᠨᠢ ᠭᠤᠣᠯᠳᠠᠯᠭ᠎ᠠ ᠲᠠᠢ ᠠᠩᠬᠠᠷᠤᠨ ᠰᠢᠮᠳᠠᠭᠤᠯᠪᠠ ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠂ ᠢᠨᠵᠧᠨᠧᠷᠢᠩ ᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭᠠᠨ ᠢ ᠥᠷᠨᠢᠭᠦᠯᠦᠨ ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠲᠤ ᠵᠠᠰᠠᠭ ᠵᠠᠬᠢᠷᠭᠠᠨ ᠤ ᠡᠷᠬᠡ ᠶᠢᠨ 38 ᠵᠦᠢᠯᠡᠰ ᠢ ᠪᠠᠭᠤᠯᠭᠠᠨ ᠥᠭᠴᠦ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠤᠨ 72 ᠢ ᠬᠦᠴᠦᠨ ᠦᠭᠡᠢ ᠪᠣᠯᠭᠠᠵᠦ ᠂ 679 ᠶᠢ ᠨᠢ ᠳᠣᠷᠣᠭᠰᠢ ᠪᠠᠭᠤᠯᠭᠠᠨ ᠂ ᠠᠵᠢᠯ ᠶᠠᠪᠤᠳᠠᠯ ᠭᠦᠢᠴᠡᠳᠬᠡᠬᠦ ᠴᠠᠭ ᠤᠨ ᠬᠢᠵᠠᠭᠠᠷ ᠢ 49.4% ᠂ ᠭᠤᠭᠴᠤᠭ᠎ᠠ ᠶᠢ 20.8% ᠂ ᠮᠠᠲ᠋ᠧᠷᠢᠶᠠᠯ ᠢ 26.5% ᠪᠠᠭᠠᠰᠬᠠᠪᠠ ᠂ ᠬᠢᠯᠢ ᠶᠢᠨ ᠪᠣᠭᠤᠮᠲᠠ ᠶᠢᠨ ︽ᠥᠩᠭᠡᠷᠡᠭᠦᠯᠬᠦ︾ ᠪᠠ ︽ᠰᠡᠷᠭᠡᠶᠢᠯᠡᠬᠦ︾ ᠶᠢ ᠨᠢᠭᠡᠳᠦᠯᠲᠡᠢ ᠲᠥᠯᠥᠪᠯᠡᠨ ᠂ ︽ᠲᠤᠯᠤᠭᠠᠨ ᠠᠵᠢᠯ ᠢ ᠡᠬᠢᠯᠡᠭᠦᠯᠬᠦ︾ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ ᠂ ᠬᠢᠯᠢ ᠪᠠᠷ ᠳᠠᠮᠵᠢᠵᠤ ᠥᠩᠭᠡᠷᠡᠭᠰᠡᠨ ᠳᠤᠮᠳᠠᠳᠦ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 7337 ᠴᠤᠪᠤᠭ᠎ᠠ ᠪᠠᠶᠢᠵᠤ ᠂ 19% ᠨᠡᠮᠡᠭᠳᠡᠨ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 15%15 ᠠᠴᠠ ᠳᠡᠭᠡᠭᠰᠢ ᠨᠡᠮᠡᠭᠳᠡᠪᠡ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠭᠰᠠᠨ ᠵᠠᠰᠠᠭ ᠪᠠ ᠠᠵᠤ ᠠᠬᠤᠶᠢᠯᠠᠯ ᠤᠨ ᠬᠠᠷᠢᠯᠴᠠᠭ᠎ᠠ ᠵᠥᠪᠳᠡᠯᠴᠡᠭᠡ 66 ᠤᠳᠠᠭ᠎ᠠ ᠪᠠᠶᠢᠵᠤ ᠂ 257 ᠠᠵᠤ ᠠᠬᠤᠶᠢᠯᠠᠯ ᠢ ᠬᠠᠷᠢᠯᠴᠠᠭᠤᠯᠵᠤ ᠂ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠤᠳᠠᠯᠳᠤᠭᠠᠴᠢᠨ ᠤᠷᠢᠬᠤ ᠠᠵᠢᠯᠯᠠᠭ᠎ᠠ ᠶᠢ 217 ᠤᠳᠠᠭ᠎ᠠ ᠥᠷᠨᠢᠭᠦᠯᠵᠦ ᠂ ᠪᠦᠬᠦ ᠣᠷᠣᠨ ᠳᠤ 3300 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠤᠨ ᠠᠪᠴᠢᠷᠠᠪᠠ ᠃
ᠨᠢᠭᠡ ᠵᠢᠯ ᠤᠨ ᠲᠤᠷᠰᠢ ᠂ ᠪᠢᠳᠡ ᠣᠷᠤᠭᠤᠯᠤᠯᠲᠠ ᠪᠠᠨ ᠨᠡᠮᠡᠭᠳᠡᠭᠦᠯᠦᠨ ᠰᠢᠨ᠎ᠡ ᠶᠢ ᠡᠭᠦᠳᠬᠦ ᠪᠠᠨ ᠠᠬᠢᠭᠤᠯᠬᠤ ᠶᠢ ᠪᠠᠷᠢᠮᠲᠠᠯᠠᠪᠠ ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠤᠭᠤᠯᠤᠯᠲᠠ ᠪᠠᠨ 36.9% ᠨᠡᠮᠡᠭᠳᠡᠭᠦᠯᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠲᠦᠪᠰᠢᠨ ᠤ ᠶᠡᠷᠦᠩᠬᠡᠶᠢᠯᠡᠭᠰᠡᠨ ᠵᠢᠭᠠᠯᠲᠠ ᠲᠤᠭ᠎ᠠ ᠪᠦᠬᠦ ᠤᠯᠤᠰ ᠤᠨ ᠳᠤᠮᠳᠠ ᠵᠡᠷᠭᠡ ᠶᠢᠨ ᠰᠢᠨ᠎ᠡ ᠶᠢ ᠡᠭᠦᠳᠬᠦ ᠭᠠᠵᠠᠷ ᠣᠷᠣᠨ ᠤ ᠡᠩᠨᠡᠭᠡᠨ ᠳᠤ ᠠᠩᠬᠠᠳᠤᠭᠠᠷ ᠤᠳᠠᠭ᠎ᠠ ᠵᠢᠭᠰᠠᠭᠠᠭᠳᠠᠪᠠ ᠃ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠂ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠂ ᠣᠷᠳᠣᠰ ᠲᠠᠬᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠵᠥᠪᠰᠢᠶᠡᠷᠡᠯ ᠣᠯᠵᠤ ᠂ 2 ᠲᠤᠷᠰᠢᠯᠲᠠ ᠶᠢᠨ ᠲᠠᠰᠤᠭ ᠢ ᠪᠦᠬᠦ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠴᠤᠪᠤᠷᠠᠯ ᠳᠤ ᠣᠷᠣᠭᠤᠯᠤᠨ ᠂ ᠤᠯᠤᠰ ᠤᠨ ᠳᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠰᠢᠨ᠎ᠡ ᠡᠭᠦᠳᠦᠯᠲᠡ ᠶᠢᠨ 5 ᠲᠠᠪᠴᠠᠩ ᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠪᠠᠶᠢᠭᠤᠯᠵᠤ ᠂ 8 ᠠᠵᠤ ᠠᠬᠤᠶᠢᠯᠠᠯ ᠤᠯᠤᠰ ᠤᠨ ᠦᠷ᠎ᠡ ᠡᠭᠦᠯᠳᠡᠷ ᠤᠨ ᠦᠢᠯᠡᠰ ᠤᠨ ᠡᠩᠨᠡᠭᠡᠨ ᠤ ᠬᠡᠯᠪᠡᠷᠢ ᠪᠦᠬᠦᠢ ᠠᠵᠤ ᠠᠬᠤᠶᠢᠯᠠᠯ ᠪᠣᠯᠵᠤ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ ᠪᠠᠶᠢᠭᠤᠯᠵᠤ ᠡᠵᠡᠩᠨᠡᠨ ᠠᠵᠢᠯᠯᠠᠭᠤᠯᠵᠤ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 300 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 760 ᠰᠢᠨ᠎ᠡ ᠪᠠᠷ ᠨᠡᠮᠡᠭᠳᠡᠪᠡ ᠃ 5 ᠠᠺᠠᠳᠧᠮᠢᠴᠢ ᠶᠢ ᠣᠷᠣᠭᠤᠯᠤᠨ ᠠᠪᠴᠢᠷᠠᠵᠤ ᠂ ᠠᠺᠠᠳᠧᠮᠢᠴᠢ ᠦᠭᠡᠢ ᠪᠠᠶᠢᠳᠠᠯ ᠢ ᠡᠴᠦᠰᠯᠡᠭᠦᠯᠪᠡ ᠃ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ 26 ᠲᠦᠷᠦᠯ ᠵᠦᠢᠯ ᠢ ᠬᠡᠷᠡᠭᠵᠢᠭᠦᠯᠵᠦ ᠂ ᠨᠢᠭᠡ ᠪᠦᠯᠦᠭ ᠮᠡᠷᠭᠡᠵᠢᠯ ᠳᠤ ᠪᠣᠭᠤᠮᠲᠠ ᠰᠢᠪᠲᠤᠯᠤᠭᠰᠠᠨ ᠪᠠ ᠠᠵᠤ ᠦᠢᠯᠡᠰᠵᠢᠭᠦᠯᠦᠭᠰᠡᠨ ᠬᠡᠷᠡᠭᠯᠡᠭᠡᠨ ᠤ ᠦᠷ᠎ᠡ ᠪᠦᠲᠦᠭᠡᠯ ᠢ ᠣᠯᠪᠠ ᠃
ᠨᠢᠭᠡ ᠵᠢᠯ ᠤᠨ ᠲᠤᠷᠰᠢ ᠂ ᠪᠢᠳᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠂ ᠠᠷᠠᠳ ᠢ ᠪᠠᠶᠠᠰᠬᠠᠬᠤ ᠶᠢ ᠪᠠᠷᠢᠮᠲᠠᠯᠠᠪᠠ ᠂ ᠠᠵᠢᠯ ᠣᠯᠭᠤᠯᠲᠠ ᠂ ᠡᠮᠴᠢᠯᠡᠭᠡ ᠂ ᠨᠡᠶᠢᠭᠡᠮ ᠤᠨ ᠪᠠᠲᠤᠯᠠᠭ᠎ᠠ ᠵᠡᠷᠭᠡ ᠵᠠᠷᠤᠯᠭ᠎ᠠ ᠳᠤ ᠬᠤᠶᠠᠷ ᠣᠷᠣᠨᠲᠤ ᠨᠡᠮᠡᠭᠳᠡᠯ ᠲᠠᠢ ᠪᠣᠯᠬᠤ ᠶᠢ ᠪᠠᠲᠤᠯᠠᠵᠤ ᠂ ᠬᠤᠲᠠ ᠪᠠᠯᠭᠠᠰᠤᠨ ᠤ ᠠᠵᠢᠯ ᠣᠯᠣᠭᠰᠠᠳ ᠢ ᠰᠢᠨ᠎ᠡ ᠪᠠᠷ ᠨᠡᠮᠡᠭᠳᠡᠭᠦᠯᠬᠦ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠰᠡᠷᠭᠡᠶᠢᠯᠡᠨ ᠠᠵᠢᠭᠯᠠᠬᠤ ᠳᠤ ᠪᠠᠶᠢᠭᠰᠠᠳ ᠤᠨ ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ ᠣᠷᠣᠬᠤ ᠲᠦᠭᠰᠢᠭᠦᠷᠢ ᠶᠢ ᠬᠥᠳᠡᠯᠦᠩᠭᠦᠢ ᠪᠠᠷ ᠦᠭᠡᠶᠢᠰᠬᠡᠪᠡ ᠃ ᠤᠯᠤᠰ ᠤᠨ ᠲᠡᠷᠢᠭᠦᠨ ᠳᠡᠰ ᠤᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠴᠡᠭ ᠢ 146 ᠡᠭᠦᠳᠦᠨ ᠪᠠᠶᠢᠭᠤᠯᠵᠤ ᠂ ᠶᠡᠭᠡ ᠳᠡᠭᠡᠳᠦ ᠰᠤᠷᠭᠠᠭᠤᠯᠢ ᠶᠢᠨ A ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠪᠠᠶᠢᠭᠰᠠᠨ ᠦᠭᠡᠢ ᠪᠠᠶᠢᠳᠠᠯ ᠳᠤ ᠰᠢᠪᠲᠤᠯᠤᠯᠲᠠ ᠲᠠᠢ ᠪᠣᠯᠵᠤ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠠᠢ ᠲᠤᠰᠬᠠᠢ ᠮᠡᠷᠭᠡᠵᠢᠯ ᠤᠨ ᠲᠤᠷᠰᠢᠯᠲᠠ ᠶᠢᠨ ᠴᠡᠭ ᠪᠠ ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠶᠢ ᠬᠡᠷᠡᠭᠵᠢᠭᠦᠯᠵᠦ ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠳ᠋ᠡ ᠶᠠᠩ ᠱᠦ ᠪᠠᠯᠭᠠᠰᠤᠨ ᠳᠤ ᠶᠡᠭᠡ ᠰᠤᠷᠭᠠᠭᠤᠯᠢ ᠳᠤ ᠰᠢᠯᠭᠠᠭᠤᠯᠬᠤ ᠴᠡᠭ ᠲᠣᠬᠢᠷᠠᠭᠤᠯᠵᠤ ᠂ ᠲᠤᠬᠠᠢ ᠶᠢᠨ ᠭᠠᠵᠠᠷ ᠤᠨ ᠰᠢᠯᠭᠠᠭᠤᠯᠬᠤ ᠰᠣᠷᠣᠭᠴᠢ 34 ᠵᠢᠯ ︽ᠣᠨᠳᠣᠣ ᠭᠠᠵᠠᠷ ᠲᠤ ᠶᠡᠭᠡ ᠰᠤᠷᠭᠠᠭᠤᠯᠢ ᠳᠤ ᠰᠢᠯᠭᠠᠬᠤ ᠰᠢᠯᠭᠠᠯᠲᠠ ᠳᠤ ᠣᠷᠣᠯᠴᠠᠵᠣ︾ ᠪᠠᠶᠢᠭᠰᠠᠨ ᠲᠡᠦᠬᠡ ᠶᠢ ᠡᠴᠦᠰᠯᠡᠭᠦᠯᠪᠡ ᠃ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ 885 ᠪᠠᠶᠢᠭᠤᠯᠪᠠ ᠃ ᠤᠷᠠᠨ ᠰᠠᠶᠢᠬᠠᠨ ᠤ ᠰᠣᠳᠣᠨ ᠪᠦᠲᠦᠭᠡᠯ ᠵᠠᠯᠭᠠᠭ᠎ᠠ ᠪᠠᠷ ᠭᠠᠷᠴᠤ ᠂ ᠪᠥᠵᠢᠭᠲᠦ ᠵᠦᠴᠦᠭᠡ ︽ᠮᠣᠷᠢᠲᠤ ᠴᠡᠷᠢᠭ︾ ᠸᠧᠨ ᠬᠤᠸᠠ ᠱᠠᠩᠨᠠᠯ ᠬᠦᠷᠲᠡᠵᠦ ᠂ ᠪᠥᠵᠢᠭ ︽ᠣᠢ ᠰᠢᠭᠤᠢ ᠳᠠᠬᠢ ᠪᠡᠭᠡᠯᠡᠢ︾ ᠣᠯᠠᠨ ᠲᠦᠮᠡᠨ ᠤ ᠤᠷᠠᠯᠢᠭ ᠤᠨ ᠣᠳᠣᠨ ᠱᠠᠩᠨᠠᠯ ᠬᠦᠷᠲᠡᠵᠦ ᠂ ᠣᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1571 ᠂ ᠬᠠᠭᠤᠴᠢᠨ ᠬᠤᠭᠤᠯᠠᠢ ᠭᠤᠤᠷᠰᠤ ᠶᠢᠨ ᠲᠣᠣᠷ ᠢ 2170 ᠺᠢᠯᠣᠮᠧᠲᠷ ᠥᠭᠡᠷᠡᠴᠢᠯᠡᠨ ᠰᠢᠨᠡᠳᠬᠡᠵᠦ ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 6261 ᠺᠢᠯᠣᠮᠧᠲᠷ ᠳᠡᠪᠢᠰᠴᠦ ᠂ ᠡᠷᠦᠬᠡ ᠶᠢᠨ ᠵᠣᠷᠯᠤᠩ ᠢ 10 ᠲᠦᠮᠡ ᠭᠠᠷᠤᠢ ᠥᠭᠡᠷᠡᠴᠢᠯᠡᠨ ᠰᠢᠨᠡᠳᠬᠡᠵᠦ ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠤᠨ ᠲᠣᠬᠢᠷᠠᠮᠵᠢᠲᠤ ᠴᠢᠨᠠᠷ ᠪᠠ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠪᠡ ᠃
ᠨᠢᠭᠡ ᠵᠢᠯ ᠤᠨ ᠲᠤᠷᠰᠢ ᠂ ᠪᠢᠳᠡ ᠦᠨᠳᠦᠰᠦᠨ ᠱᠠᠲᠤ ᠶᠢ ᠪᠠᠲᠤᠯᠠᠬᠤ ᠂ ᠭᠤᠣᠯ ᠴᠣᠭᠴᠠ ᠪᠠᠨ ᠪᠠᠲᠤᠯᠠᠬᠤ ᠶᠢ ᠪᠠᠷᠢᠮᠲᠠᠯᠠᠪᠠ ᠂ ᠡᠳ᠋ ᠤᠨ ᠬᠦᠴᠦᠨ ᠤ ᠴᠢᠨᠠᠷᠲᠠᠢ ᠰᠢᠯᠵᠢᠭᠦᠯᠦᠨ ᠲᠥᠯᠥᠬᠦ ᠵᠠᠷᠤᠯᠭ᠎ᠠ ᠶᠢ 1484 ᠳ᠋ᠦᠩᠰᠢᠭᠤᠷ ᠲᠥᠭᠦᠷᠢᠭ ᠪᠠᠭᠤᠯᠭᠠᠵᠤ ᠂ ︽ᠳᠦᠷᠪᠡᠨ ᠨᠢᠭᠡ ᠪᠦᠯᠦᠭ︾ ᠢ ᠬᠡᠷᠡᠭᠵᠢᠭᠦᠯᠦᠨ ᠦᠨᠳᠦᠰᠦᠨ ᠱᠠᠲᠤ ᠶᠢ ᠬᠠᠪᠰᠤᠷᠴᠤ ᠪᠠᠶᠢᠭᠠᠳ 300 ᠳ᠋ᠦᠩᠰᠢᠭᠤᠷ ᠲᠥᠭᠦᠷᠢᠭ ᠰᠢᠬᠠᠮ ᠤᠨ ᠥᠷᠢ ᠥᠭᠴᠡᠭᠡ ᠶᠢ ᠨᠢ ᠠᠷᠢᠯᠭᠠᠵᠤ ᠥᠭᠪᠡ ᠃ ᠰᠣᠶᠣᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠪᠦᠯᠦᠭᠯᠡᠯ ᠪᠠ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠺᠣᠮᠫᠠᠨᠢ ᠶᠢ ᠰᠢᠨ᠎ᠡ ᠪᠠᠷ ᠪᠠᠶᠢᠭᠤᠯᠵᠤ ᠂ ᠡᠨᠧᠷᠬᠢ ᠶᠢᠨ ᠪᠦᠯᠦᠭᠯᠡᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ ᠂ ᠠᠯᠳᠠᠪᠤᠷᠢ ᠲᠠᠢ ᠪᠠᠶᠢᠭᠰᠠᠨ ᠠᠴᠠ ᠣᠯᠵᠠᠪᠤᠷᠢ ᠲᠠᠢ ᠪᠣᠯᠬᠤ ᠶᠢ ᠨᠢᠭᠡ ᠵᠢᠯ ᠤᠨ ᠳᠣᠲᠣᠷ᠎ᠠ ᠪᠡᠶᠡᠯᠡᠭᠦᠯᠪᠡ ᠃ ᠰᠢᠨ᠎ᠡ ᠨᠡᠮᠡᠭᠳᠡᠭᠰᠡᠨ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠬᠤ ᠂ ᠲᠤᠯᠭᠠᠨ ᠰᠠᠭᠤᠯᠭᠠᠵᠤ ᠦᠯᠡᠳᠡᠪᠦᠷᠢ ᠭᠠᠶᠢᠯᠢ ᠶᠢ ᠪᠤᠴᠠᠭᠠᠬᠤ ᠂ ᠭᠠᠶᠢᠯᠢ ᠶᠢ ᠬᠤᠶᠢᠰᠢᠯᠠᠭᠤᠯᠤᠨ ᠲᠤᠰᠢᠶᠠᠬᠤ ᠵᠠᠷᠤᠳᠠᠯ ᠨᠢ 600 600ᠳ᠋ᠦᠩᠰᠢᠭᠤᠷ ᠲᠥᠭᠦᠷᠢᠭ ᠢ ᠳᠠᠪᠠᠵᠤ ᠂ ᠵᠠᠬ᠎ᠠ ᠳᠡᠯᠭᠡᠭᠦᠷ ᠤᠨ ᠭᠤᠣᠯ ᠴᠣᠭᠴᠠ 36.84 ᠲᠦᠮᠡᠨ ᠡᠷᠦᠬᠡ ᠰᠢᠨ᠎ᠡ ᠪᠠᠷ ᠨᠡᠮᠡᠭᠳᠡᠪᠡ ᠃ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠢ 1.05 ᠲᠦᠮᠡᠨ ᠢᠵᠢ ᠪᠠᠶᠢᠭᠤᠯᠤᠨ ᠳᠠᠭᠤᠰᠬᠠᠵᠤ ᠂ ᠤᠷᠢᠳᠴᠢᠯᠠᠨ ᠬᠤᠳᠠᠯᠳᠤᠵᠤ ᠠᠪᠬᠤ ᠪᠡᠯᠡ ᠮᠥᠩᠭᠦ ᠳᠤ ᠬᠢᠨᠠᠯᠲᠠ ᠬᠠᠮᠢᠶᠠᠷᠤᠯᠲᠠ ᠶᠢ ᠪᠦᠷᠢᠨ ᠪᠦᠷᠬᠦᠭᠦᠯᠪᠡ ᠃
ᠨᠢᠭᠡ ᠵᠢᠯ ᠤᠨ ᠲᠤᠷᠰᠢ ᠂ ᠪᠢᠳᠡ ᠠᠮᠢ ᠠᠬᠤᠢ ᠶᠢ ᠬᠠᠮᠠᠭᠠᠯᠠᠬᠤ ᠂ ᠠᠷᠪᠢᠯᠠᠨ ᠭᠠᠮᠨᠠᠬᠤ ᠪᠠᠨ ᠠᠬᠢᠭᠤᠯᠬᠤ ᠶᠢ ᠪᠠᠷᠢᠮᠲᠠᠯᠠᠪᠠ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ︽ᠭᠤᠷᠪᠠᠨ ᠲᠦᠷᠦᠯ ᠤᠨ ᠣᠷᠣᠨ ᠵᠠᠢ ᠶᠢᠨ ᠲᠣᠭᠤᠷᠢᠭ ᠪᠠ ᠭᠤᠷᠪᠠᠨ ᠵᠤᠷᠪᠤᠰ ᠬᠢᠵᠠᠭᠠᠷᠯᠠᠬᠤ ᠱᠤᠭᠤᠮ︾ ᠢ ᠬᠤᠪᠢᠶᠠᠷᠢᠯᠠᠨ ᠲᠣᠭᠲᠠᠭᠠᠬᠤ ᠪᠠᠨ ᠪᠡᠶᠡᠯᠡᠭᠦᠯᠵᠦ ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ ᠴᠡᠭᠴᠡᠯᠡᠨ ᠰᠠᠶᠢᠵᠢᠷᠠᠭᠤᠯᠬᠤ ᠵᠦᠢᠯ ᠢ ᠨᠠᠶᠢᠳᠠᠪᠤᠷᠢᠵᠢᠭᠤᠯᠬᠤ ᠪᠠᠨ ᠭᠦᠨᠵᠡᠭᠡᠶᠢᠷᠡᠭᠦᠯᠵᠦ ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠪᠠ ᠃ ︽ᠬᠤᠣᠰ ᠨᠡᠭᠦᠷᠡᠰᠦᠳᠦ᠋ᠷᠦᠭᠴᠢ︾ ᠶᠢᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ ᠂ ᠨᠡᠭᠦᠷᠡᠰᠦ ᠴᠠᠬᠢᠯᠭᠠᠨ ᠤ ︽ᠭᠤᠷᠪᠠ ᠶᠢ ᠥᠭᠡᠷᠡᠴᠢᠯᠡᠨ ᠰᠢᠨᠡᠳᠬᠡᠬᠦ ᠪᠠᠨ ᠬᠤᠯᠪᠤᠭᠠᠯᠠᠨ ᠬᠥᠳᠡᠯᠦᠯᠴᠡᠭᠦᠯᠬᠦ︾ ᠪᠠ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠂ ︽ᠰᠤᠯᠠ ᠠᠴᠠ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠠᠬᠢᠭᠤᠯᠵᠤ ᠂ ᠣᠶᠤᠨᠯᠢᠭ ᠬᠦᠷᠢᠶᠡᠯᠡᠩ ᠲᠣᠭᠤᠷᠢᠭ ᠢ 55 ᠂ ᠳᠣᠣᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠢ 4 ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ 2 ᠡᠭᠦᠳᠦᠨ ᠪᠠᠶᠢᠭᠤᠯᠪᠠ ᠃ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ ᠂ ᠲᠦᠮᠡ ᠰᠢᠬᠠᠮ ᠲᠦᠷᠦᠯ ᠵᠦᠢᠯ ᠂ 64 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠮᠥᠩᠭᠦ ᠂ 13 ᠲᠦᠮᠡ ᠭᠠᠷᠤᠢ ᠮᠦ ᠭᠠᠵᠠᠷ ᠰᠢᠷᠣᠢ ᠶᠢ ᠠᠮᠢᠵᠢᠷᠠᠭᠤᠯᠪᠠ ᠃
ᠲᠥᠯᠥᠭᠡᠯᠡᠭᠴᠢᠳ ᠠ᠋ ︕ ᠨᠢᠭᠡ ᠵᠢᠯ ᠤᠨ ᠠᠵᠢᠯ ᠢᠶᠠᠨ ᠡᠷᠭᠢᠴᠡᠭᠦᠯᠵᠦ ᠂ ᠥᠩᠭᠡᠷᠡᠭᠰᠡᠨ ᠲᠠᠪᠤᠨ ᠵᠢᠯ ᠢᠶᠠᠨ ᠬᠠᠷᠠᠬᠤᠶ᠎ᠠ ᠂ ᠠᠮᠵᠢᠯᠲᠠ ᠪᠦᠬᠦᠨ ᠂ ᠳᠠᠪᠰᠢᠯᠲᠠ ᠪᠣᠯᠭᠠᠨ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠵᠢᠭᠠᠨ ᠤᠳᠤᠷᠢᠳᠤᠭᠰᠠᠨ ᠤ ᠦᠷ᠎ᠡ ᠳ᠋ᠦᠩ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ ᠳᠠᠭᠠᠭᠤᠯᠤᠭᠰᠠᠨ ᠤ ᠦᠷ᠎ᠡ ᠳ᠋ᠦᠩ ᠪᠣᠯᠣᠨ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠠᠮᠲᠤ ᠪᠠᠷ ᠲᠡᠮᠡᠴᠡᠵᠦ ᠂ ᠪᠣᠳᠠᠲᠠᠢ ᠪᠠᠷ ᠠᠵᠢᠯᠯᠠᠵᠤ ᠂ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠥᠭᠡᠳ ᠨᠡᠶᠢᠭᠡᠮ ᠤᠨ ᠡᠯ᠎ᠡ ᠡᠲᠡᠭᠡᠳ ᠪᠠ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠪᠣᠯᠣᠨ᠎ᠠ ︕ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ ︕
ᠬᠤᠶᠠᠷ ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠲᠤᠬᠠᠢ
ᠬᠤᠶᠢᠰᠢᠳᠠ ᠶᠢᠨ ᠲᠠᠪᠤᠨ ᠵᠢᠯ ᠪᠣᠯ ᠮᠠᠨ ᠤ ᠤᠯᠤᠰ ᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠂ ᠮᠥᠨ ᠴᠦ ᠥᠪᠥᠷ ᠮᠣᠩᠭᠤᠯ ᠤᠨ ᠰᠢᠨ᠎ᠡ ᠡᠬᠢᠯᠡᠯᠲᠠ ᠶᠢᠨ ᠴᠡᠭ ᠳᠡᠭᠡᠷ᠎ᠡ ᠲᠦᠷᠭᠡᠨ ᠬᠥᠭᠵᠢᠬᠦ ᠪᠠ ᠴᠢᠨᠠᠷ ᠰᠠᠶᠢᠲᠠᠢ ᠬᠥᠭᠵᠢᠬᠦ ᠴᠢᠬᠤᠯᠠ ᠬᠤᠭᠤᠴᠠᠭ᠎ᠠ ᠪᠣᠯᠣᠨ᠎ᠠ ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠂ ︽ᠬᠤᠶᠠᠷ ᠢ ᠲᠣᠭᠲᠠᠭᠠᠭᠰᠠᠨ︾ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠬᠠᠵᠤ ᠂ ᠨᠡᠩ ᠡᠷᠡᠰ ᠰᠢᠭᠤᠷᠬᠠᠢ ᠪᠠᠷ ᠰᠠᠨᠠᠭᠠᠴᠢᠯᠠᠭ᠎ᠠ ᠠᠴᠠ ᠪᠠᠨ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠂ ᠵᠥᠪ ᠣᠨᠤᠪᠴᠢᠲᠠᠢ ᠂ ᠪᠦᠬᠦ ᠲᠠᠯ᠎ᠠ ᠪᠠᠷ ᠲᠤᠭᠤᠰᠢᠯᠠᠭᠤᠯᠤᠨ ᠂ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠰᠤᠷᠲᠠᠯᠴᠢᠯᠠᠵᠤ ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠦᠵᠡᠮᠵᠢ ᠶᠢᠨ ᠣᠷᠣᠨ ᠢ ᠨᠡᠩ ᠦᠵᠡᠰᠭᠦᠯᠡᠩ ᠰᠠᠶᠢᠬᠠᠨ ᠪᠣᠯᠭᠠᠵᠣ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠲᠣᠮᠳᠠᠳᠣ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠡᠨᠳᠣᠯᠳᠡ ᠶᠢ ᠪᠦᠭᠦ ᠲᠠᠯ᠎ᠠ ᠪᠠᠷ ᠠᠬᠢᠭᠤᠯᠬᠤ ᠳᠤ ᠥᠪᠥᠷ ᠮᠣᠩᠭᠤᠯ ᠤᠨ ᠢᠶᠠᠨ ᠬᠤᠪᠢ ᠨᠡᠮᠡᠷᠢ ᠶᠢ ᠦᠵᠡᠭᠦᠯᠦᠨ᠎ᠡ ᠃
ᠪᠠᠶᠢᠳᠠᠯ ᠢ ᠶᠡᠷᠦᠩᠬᠡᠶᠢᠯᠡᠨ ᠵᠠᠳᠠᠯᠪᠠᠯ ᠂ ᠮᠠᠨ ᠤ ᠣᠷᠣᠨ ᠤ ᠬᠥᠭᠵᠢᠯᠲᠡ ᠳᠤ ᠠᠵᠠ ᠲᠣᠬᠢᠶᠠᠯ ᠪᠠᠶᠢᠬᠤ ᠮᠥᠷᠲᠡᠭᠡᠨ ᠥᠷᠢᠰᠦᠯᠳᠦᠭᠡᠨ ᠴᠦ ᠲᠤᠯᠭᠠᠷᠠᠵᠤ ᠪᠠᠶᠢᠨ᠎ᠠ ᠃ ᠣᠳᠣᠬᠠᠨ ᠳᠠᠬᠢ ᠮᠠᠨ ᠤ ᠤᠯᠤᠰ ᠤᠨ ᠭᠠᠳᠠᠷ ᠲᠠᠯ᠎ᠠ ᠶᠢᠨ ᠣᠷᠴᠢᠨ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠵᠤ ᠂ ᠬᠥᠭᠵᠢᠯᠲᠡ ᠳᠤ ᠲᠣᠬᠲᠠᠭᠠᠯᠲᠦ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠨ᠎ᠠ ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠂ ᠡᠨᠧᠷᠬᠢ ᠶᠢᠨ ᠠᠮᠤᠷ ᠲᠦᠪᠰᠢᠨ ᠂ ᠠᠮᠤ ᠪᠤᠳᠠᠭᠠᠨ ᠤ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠠᠵᠢᠯ ᠳᠠᠬᠢ ᠥᠪᠥᠷ ᠮᠣᠩᠭᠤᠯ ᠤᠨ ᠬᠠᠷᠢᠭᠤᠴᠠᠯᠭ᠎ᠠ ᠨᠡᠩ ᠲᠣᠪᠣᠶᠢᠮ᠎ᠠ ᠪᠣᠯᠵᠤ ᠂ ︽ᠬᠤᠣᠰ ᠨᠡᠭᠦᠷᠡᠰᠦᠳᠦ᠋ᠷᠦᠭᠴᠢ︾ ᠶᠢᠨ ᠠᠬᠤᠢ ᠪᠠᠶᠢᠳᠠᠯ ᠳᠠᠬᠢ ᠠᠵᠤ ᠦᠢᠯᠡᠳᠪᠦᠷᠢ ᠲᠠᠷᠢᠶᠠᠯᠠᠩ ᠤᠨ ᠥᠷᠭᠡᠨ ᠬᠡᠷᠡᠭᠴᠡᠭᠡᠨ ᠤ ᠦᠢᠯᠡᠳᠬᠦᠨ ᠪᠦᠲᠦᠭᠡᠭᠳᠡᠬᠦᠨ ᠤ ᠪᠦᠬᠦ ᠤᠯᠤᠰ ᠤᠨ ᠬᠥᠭᠵᠢᠯᠲᠡ ᠶᠢ ᠰᠠᠭᠤᠷᠢ ᠠᠴᠠ ᠨᠢ ᠪᠠᠲᠤᠯᠠᠬᠤ ᠳᠤ ᠦᠵᠡᠭᠦᠯᠬᠦ ᠦᠢᠯᠡᠳᠦᠯ ᠂ ᠠᠵᠤ ᠠᠬᠤᠢ ᠶᠢᠨ ᠲᠣᠮᠣ ᠮᠤᠵᠢ ᠶᠢᠨ ᠬᠥᠭᠵᠢᠯᠲᠡ ᠳᠤ ᠲᠤᠯᠭᠠᠭᠤᠷᠢᠯᠠᠬᠤ ᠦᠢᠯᠡᠳᠦᠯ ᠦᠵᠡᠭᠦᠯᠬᠦ ᠶᠠᠪᠤᠳᠠᠯ ᠨᠡᠩ ᠲᠣᠪᠣᠶᠢᠮ᠎ᠠ ᠪᠣᠯᠵᠤ ᠂ ᠡᠨᠧᠷᠬᠢ ᠂ ᠡᠬᠢ ᠪᠠᠶᠠᠯᠢᠭ ᠂ ᠭᠠᠵᠠᠷ ᠣᠷᠣᠨ ᠂ ᠨᠤᠲᠤᠭ ᠳᠡᠪᠢᠰᠬᠡᠷ ᠵᠡᠷᠭᠡ ᠲᠠᠯ᠎ᠠ ᠪᠠᠷ ᠬᠢ ᠶᠡᠷᠦᠩᠬᠡᠶᠢᠯᠡᠭᠰᠡᠨ ᠳᠠᠪᠠᠭᠤᠯᠢᠭ ᠲᠠᠯ᠎ᠠ ᠨᠡᠩ ᠲᠣᠪᠣᠶᠢᠮ᠎ᠠ ᠪᠣᠯᠵᠤ ᠪᠠᠶᠢᠨ᠎ᠠ ᠃ ᠡᠭᠦᠨ ᠤ ᠬᠠᠮᠲᠤ ᠂ ᠮᠠᠨ ᠤ ᠣᠷᠣᠨ ᠤ ᠬᠥᠭᠵᠢᠯᠲᠡ ᠳᠤ ᠪᠠᠰᠠ ᠮᠠᠰᠢ ᠣᠯᠠᠨ ᠬᠥᠭᠵᠢᠨ ᠪᠣᠶᠢᠵᠢᠬᠤ ᠶᠠᠪᠤᠴᠠ ᠳᠠᠬᠢ ︽ᠪᠤᠬᠢᠨᠢᠳᠤᠯ︾ ᠪᠠ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ ᠬᠦᠴᠢᠷᠳᠡᠯ ᠲᠤᠯᠭᠠᠷᠠᠵᠤ ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ ᠃ ᠨᠢᠭᠡ ᠳᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ ᠪᠠᠶᠢᠨ᠎ᠠ ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠰᠠᠶ᠋ᠢᠬᠠᠨ 2 ᠲᠦᠮᠡᠨ ᠳ᠋ᠦᠩᠰᠢᠭᠤᠷ ᠲᠥᠭᠦᠷᠢᠭ ᠢ ᠳᠠᠪᠠᠭᠠᠳ ᠪᠦᠬᠦ ᠤᠯᠤᠰ ᠤᠨ 21 ᠳᠤ ᠣᠷᠣᠵᠤ ᠂ ᠮᠠᠨ ᠤ ᠣᠷᠣᠨ ᠤ ᠡᠨᠧᠷᠬᠢ ᠡᠬᠢ ᠪᠠᠶᠠᠯᠢᠭ ᠵᠡᠷᠭᠡ ᠶᠢᠨ ᠳᠠᠪᠠᠭᠤᠯᠢᠭ ᠲᠠᠢ ᠵᠣᠬᠢᠴᠠᠯᠳᠤᠬᠤ ᠦᠭᠡᠢ ᠪᠠᠶᠢᠵᠤ ᠂ ᠬᠥᠭᠵᠢᠯᠲᠡ ᠪᠠᠨ ᠲᠦᠷᠭᠡᠳᠬᠡᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠣᠢ ᠃ ᠬᠤᠶᠠᠷ ᠲᠤ ᠠᠵᠤ ᠦᠢᠯᠡᠰ ᠤᠨ ᠪᠦᠲᠦᠴᠡ ᠶᠢᠨ ᠲᠠᠯ᠎ᠠ ᠪᠠᠷ ᠰᠠᠶᠢᠨ ᠪᠢᠰᠢ ᠪᠠᠶᠢᠨ᠎ᠠ ᠂ ᠠᠵᠤ ᠦᠢᠯᠡᠳᠪᠦᠷᠢ ᠳᠤ ᠮᠢᠩᠭᠠᠨ ᠳ᠋ᠦᠩᠰᠢᠭᠤᠷ ᠢ ᠳᠠᠪᠠᠭᠰᠠᠨ ᠨᠡᠮᠡᠭᠳᠡᠯ ᠦᠷᠲᠡᠭ ᠲᠠᠢ ᠨᠢ ᠵᠦᠪᠬᠡᠨ ᠨᠡᠭᠦᠷᠡᠰᠦ ᠂ ᠴᠠᠬᠢᠯᠭᠠᠨ ᠬᠤᠶᠠᠷ ᠠᠵᠢᠯ ᠲᠦᠷᠦᠯ ᠪᠠᠶᠢᠵᠤ ᠂ ᠦᠢᠯᠡᠳᠬᠦ ᠦᠢᠯᠡᠰ ᠤᠨ ᠡᠵᠡᠯᠡᠬᠦ ᠬᠤᠪᠢ ᠶᠢᠨ ᠵᠢᠩ ᠵᠦᠪᠬᠡᠨ 17% ᠪᠠᠶᠢᠵᠤ ᠂ ᠪᠦᠬᠦ ᠤᠯᠤᠰ ᠤᠨ 28% ᠶᠢᠨ ᠲᠦᠪᠰᠢᠨ ᠠᠴᠠ ᠬᠤᠯᠡ ᠳᠣᠣᠷ᠎ᠠ ᠪᠠᠶᠢᠵᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠂ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠲᠡᠭ ᠤᠨ ᠬᠤᠪᠢ ᠶᠢᠨ ᠵᠢᠩ ᠴᠥᠮ 3% ᠬᠦᠷᠬᠦ ᠦᠭᠡᠢ ᠪᠠᠶᠢᠨ᠎ᠠ ᠃ ᠭᠤᠷᠪᠠ ᠳᠤ ᠬᠦᠴᠦᠨ ᠵᠦᠢᠯ ᠤᠨ ᠲᠤᠯᠭᠠᠭᠤᠷᠢᠯᠠᠯ ᠪᠠᠲᠤ ᠪᠠᠬᠢ ᠪᠢᠰᠢ ᠪᠠᠶᠢᠨ᠎ᠠ ᠂ ᠰᠠᠭᠤᠷᠢ ᠪᠡᠯᠡᠳᠬᠡᠮᠵᠢ ᠪᠠ ᠤᠯᠠᠨ ᠨᠡᠶᠢᠳᠠ ᠶᠢᠨ ᠦᠨᠳᠦᠰᠦᠨ ᠦᠢᠯᠡᠴᠢᠯᠡᠭᠡ ᠶᠢᠨ ᠥᠷᠢ ᠲᠥᠯᠥᠭᠡᠰᠦ ᠨᠡᠯᠢᠶᠡᠳ ᠠᠷᠪᠢᠨ ᠂ ᠡᠬᠢ ᠪᠠᠶᠠᠯᠢᠭ ᠣᠷᠴᠢᠨ ᠲᠣᠭᠤᠷᠢᠨ ᠤ ᠬᠦᠯᠢᠶᠡᠰᠦᠯᠡᠯ ᠴᠢᠩᠭᠠᠷᠠᠬᠤ ᠬᠠᠨᠳᠤᠰᠢ ᠲᠠᠢ ᠂ ᠮᠥᠩᠭᠦᠨ ᠭᠦᠢᠯᠭᠡᠭᠡᠨ ᠤ ᠲᠤᠯᠭᠠᠭᠤᠷᠢᠯᠠᠬᠤ ᠴᠢᠳᠠᠪᠤᠷᠢ ᠨᠡᠯᠢᠶᠡᠳ ᠪᠠᠭᠤᠷᠠᠢ ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠮᠥᠷᠲᠡᠭᠡᠨ ᠭᠠᠳᠠᠭᠰᠢ ᠶᠠᠪᠤᠭᠰᠠᠨ ᠪᠠᠶᠢᠳᠠᠯ ᠬᠦᠨᠳᠦ ᠨᠣᠴᠢᠲᠠᠢ ᠪᠠᠶᠢᠵᠤ ᠂ ᠰᠤᠳᠤᠯᠤᠨ ᠨᠡᠭᠡᠭᠡᠬᠦ ᠵᠠᠷᠤᠳᠠᠯ ᠤᠨ ᠤᠷᠤᠭᠤᠯᠤᠯᠳᠠ ᠶᠢᠨ ᠡᠷᠴᠢᠮ ᠤᠷᠳᠤ ᠬᠤᠭᠤᠴᠠᠭ᠎ᠠ ᠪᠠᠷ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠨ᠎ᠠ ᠃ ᠳᠥᠷᠪᠡ ᠳᠤ ᠬᠥᠭᠵᠢᠯᠲᠡ ᠶᠢᠨ ᠠᠷᠭ᠎ᠠ ᠬᠡᠯᠪᠡᠷᠢ ᠪᠦᠳᠦᠭᠦᠯᠢᠭ ᠪᠠᠶᠢᠨ᠎ᠠ ᠂ ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠬᠢᠷᠢ ᠲᠦᠪᠰᠢᠨ ᠥᠨᠳᠥᠷ ᠪᠢᠰᠢ ᠂ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢᠨ ᠬᠦᠴᠦᠯᠡᠴᠡ ᠂ ᠡᠨᠧᠷᠬᠢ ᠶᠢᠨ ᠬᠤᠷᠣᠭᠳᠠᠯ ᠤᠨ ᠬᠦᠴᠦᠯᠡᠴᠡ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠬᠤᠯᠡ ᠥᠨᠳᠥᠷ ᠪᠠᠶᠢᠵᠤ ᠂ ᠨᠢᠭᠡᠴᠢ GDP ᠤᠰᠤᠨ ᠤ ᠬᠤᠷᠣᠭᠳᠠᠯ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠤ 1.6 ᠳᠠᠬᠢᠨ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠮᠦ ᠪᠦᠷᠢ ᠶᠢᠨ ᠠᠰᠢᠭᠯᠠᠮᠵᠢ ᠪᠠ ᠦᠢᠯᠡᠳᠬᠦᠨ ᠤ ᠥᠷᠲᠡᠭ ᠨᠢ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ ᠃ ᠲᠠᠪᠤ ᠳᠤ ᠲᠦᠭᠰᠢᠭᠦᠷᠢ ᠶᠢᠨ ᠳᠠᠯᠳᠠ ᠭᠡᠮ ᠤᠯᠠᠨ ᠪᠠᠶᠢᠨ᠎ᠠ ᠂ ᠢᠯᠠᠩᠭᠤᠶ᠎ᠠ ᠣᠷᠣᠨ ᠨᠤᠲᠤᠭ ᠤᠨ ᠥᠷᠢ ᠥᠭᠴᠡᠭᠡ ᠂ ᠮᠥᠩᠭᠦᠨ ᠭᠦᠢᠯᠭᠡᠭᠡ ᠂ ᠭᠡᠷ ᠪᠠᠶᠢᠰᠢᠩ ᠭᠠᠵᠠᠷ ᠬᠥᠷᠥᠩᠭᠡ ᠵᠡᠷᠭᠡ ᠬᠦᠷᠢᠶᠡᠨ ᠳᠤ ᠡᠳᠦᠢ ᠲᠡᠳᠦᠢ ᠬᠠᠭᠤᠴᠢᠨ ᠠᠰᠠᠭᠤᠳᠠᠯ ᠣᠷᠣᠰᠢᠵᠤ ᠂ ᠡᠳᠦᠢ ᠲᠡᠳᠦᠢ ᠰᠢᠨ᠎ᠡ ᠪᠠᠶᠢᠳᠠᠯ ᠲᠤᠯᠭᠠᠷᠠᠵᠤ ᠪᠠᠶᠢᠭ᠎ᠠ ᠮᠥᠷᠲᠡᠭᠡᠨ ᠳᠠᠪᠬᠤᠴᠠᠯ ᠲᠦᠭᠰᠢᠭᠦᠷᠢ ᠪᠠ ᠬᠤᠯᠪᠣᠭᠳᠠᠯ ᠨᠥᠯᠥᠭᠡ ᠲᠠᠢ ᠪᠠᠶᠢᠬᠤ ᠶᠢ ᠣᠮᠲᠣᠭᠠᠶᠢᠯᠠᠵᠤ ᠪᠣᠯᠣᠰᠢ ᠦᠭᠡᠢ ᠃ ᠬᠥᠭᠵᠢᠯᠲᠡ ᠶᠢᠨ ᠠᠵᠠ ᠲᠣᠬᠢᠶᠠᠯ ᠢ ᠬᠢᠴᠢᠶᠡᠬᠦ ᠦᠭᠡᠢ ᠪᠣᠯ ᠬᠤᠷᠤᠮᠬᠠᠨ ᠵᠠᠭᠤᠷ᠎ᠠ ᠠᠯᠳᠠᠨ᠎ᠠ ᠂ ᠱᠠᠯᠠᠪᠳᠠᠨ ᠠᠳᠬᠤᠪᠠᠯ ᠰᠢᠨ᠎ᠡ ᠪᠠᠶᠢᠳᠠᠯ ᠢ ᠨᠡᠭᠡᠭᠡᠵᠦ ᠳᠡᠶᠢᠯᠦᠨ᠎ᠡ ︔ ᠠᠰᠠᠭᠤᠳᠠᠯ ᠪᠠ ᠥᠷᠢᠰᠦᠯᠳᠦᠭᠡᠨ ᠠᠴᠠ ᠵᠠᠶᠢᠯᠠᠵᠤ ᠬᠤᠯᠠᠳᠴᠤ ᠳᠡᠶᠢᠯᠬᠦ ᠦᠭᠡᠢ ᠂ ᠰᠠᠶᠢᠲᠤᠷ ᠰᠢᠢᠳᠪᠦᠷᠢᠯᠡᠵᠦ ᠰᠠᠶᠢᠨ ᠠᠷᠭᠠᠴᠠᠭᠠᠵᠤ ᠳᠡᠶᠢᠯᠪᠡᠯ ᠰᠢᠨ᠎ᠡ ᠠᠵᠠ ᠲᠣᠬᠢᠶᠠᠯ ᠲᠠᠢ ᠪᠣᠯᠣᠨ᠎ᠠ ᠃ ᠪᠢᠳᠡ ᠵᠠᠪᠠᠯ ᠠᠵᠠ ᠳᠤᠬᠢᠶᠠᠯ ᠢ ᠵᠠᠪᠳᠤᠨ ᠠᠳᠬᠤᠬᠤ ᠳᠤᠮᠳᠠ ᠳᠠᠪᠠᠭᠤᠯᠢᠭ ᠢᠶᠠᠨ ᠪᠠᠳᠠᠷᠠᠭᠤᠯᠵᠤ ᠂ ᠳᠠᠪᠠᠭᠤᠯᠢᠭ ᠲᠠᠯ᠎ᠠ ᠪᠠᠨ ᠳᠠᠪᠲᠠᠵᠤ ᠂ ᠥᠷᠢᠰᠦᠯᠳᠦᠭᠡᠨ ᠢ ᠠᠷᠭᠠᠴᠠᠭᠠᠬᠤ ᠳᠤᠮᠳᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ ᠂ ᠳᠤᠲᠠᠭᠤᠳᠠᠯ ᠢᠶᠠᠨ ᠨᠥᠬᠦᠪᠦᠷᠢᠯᠡᠵᠦ ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠶᠡᠬᠡᠰᠬᠡᠵᠦ ᠂ ᠠᠵᠤ ᠠᠬᠤᠢ ᠶᠢᠨ ᠪᠠᠶᠢᠷᠢᠰᠢᠯ ᠢᠶᠠᠨ ᠰᠢᠯᠢᠳᠡᠭᠵᠢᠭᠦᠯᠵᠦ ᠂ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠤᠨ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠃
ᠢᠷᠡᠭᠡᠳᠦᠢ ᠶᠢᠨ ᠲᠠᠪᠤᠨ ᠵᠢᠯ ᠳᠠᠬᠢ ᠮᠠᠨ ᠤ ᠣᠷᠣᠨ ᠤ ᠬᠥᠭᠵᠢᠯᠲᠡ ᠶᠢᠨ ᠲᠠᠯ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠂ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠤᠳᠠᠭ᠎ᠠ ᠪᠦᠷᠢ ᠶᠢᠨ ᠪᠦᠬᠦᠳᠠ ᠬᠤᠷᠠᠯ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠳᠤ ᠨᠢᠭᠡᠨᠲᠡ ᠲᠣᠳᠣᠷᠬᠠᠢ ᠪᠠᠶᠢᠷᠢᠯᠠᠭᠤᠯᠤᠯᠲᠠ ᠬᠢᠪᠡ ᠂ ᠵᠠᠰᠠᠭ ᠤᠨ ᠣᠷᠳᠣᠨ ᠤ ᠠᠵᠢᠯ ᠤᠨ ᠲᠡᠷᠢᠭᠦᠨ ᠴᠢᠬᠤᠯᠠ ᠡᠭᠦᠷᠭᠡ ᠬᠠᠷᠢᠭᠤᠴᠠᠯᠭ᠎ᠠ ᠪᠣᠯ ᠡᠳᠡᠭᠡᠷ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ ᠂ ᠪᠣᠳᠠᠲᠠᠢ ᠪᠦᠲᠦᠮᠵᠢ ᠭᠠᠷᠭᠠᠨ᠎ᠠ ᠂ ᠴᠢᠬᠤᠯᠠ ᠠᠴᠠ ᠴᠢᠬᠤᠯᠠ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠵᠤ ᠥᠭᠭᠦᠭᠰᠡᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠦᠨ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠰᠠᠶᠢᠲᠤᠷ ᠪᠦᠲᠦᠭᠡᠨ ᠪᠠᠶᠢᠭᠤᠯᠬᠤ ᠳᠤ ᠪᠣᠢ ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠵᠢᠯᠣᠭᠤᠳᠤᠯᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠲᠦᠮᠡ ᠭᠠᠷᠤᠢ ᠠᠷᠠᠳ ᠲᠦᠮᠡᠨ ᠯᠠᠪᠲᠠᠶᠢᠶ᠎ᠠ ᠪᠠᠲᠤ ᠴᠢᠩᠭ᠎ᠠ ᠢᠲᠡᠭᠡᠯ ᠵᠣᠷᠢᠭ ᠪᠠ ᠡᠷᠬᠢᠮ ᠳᠡᠭᠡᠳᠦ ᠡᠭᠦᠷᠭᠡᠲᠦ ᠰᠡᠳᠬᠢᠯᠭᠡ ᠶᠢ ᠡᠪᠦᠷᠯᠡᠨ ᠂ ᠲᠠᠪᠤᠨ ᠵᠢᠯ ᠤᠨ ᠴᠢᠷᠮᠠᠶᠢᠯᠭ᠎ᠠ ᠪᠠᠷ ᠳᠠᠮᠵᠢᠨ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ 3 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭᠤᠯᠵᠤ ᠂ ᠬᠥᠭᠵᠢᠯᠲᠡ ᠶᠢᠨ ᠶᠠᠰᠤ ᠴᠢᠨᠠᠷ ᠢᠶᠠᠨ ᠲᠡᠦᠬᠡᠲᠦ ᠴᠢᠨᠠᠷᠲᠠᠢ ᠱᠠᠲᠤᠨ ᠳᠤ ᠣᠷᠣᠭᠤᠯᠤᠨ ᠂ ︽ᠬᠤᠶᠠᠷ ᠬᠠᠯᠬᠠᠪᠴᠢ︾ ᠶᠢ ᠨᠡᠩ ᠪᠠᠲᠤ ᠪᠠᠬᠢᠵᠢᠭᠦᠯᠵᠦ ᠂ ︽ᠬᠤᠶᠠᠷ ᠰᠠᠭᠤᠷᠢᠨ︾ ᠤ ᠬᠡᠮᠵᠢᠶ᠎ᠡ ᠴᠢᠨᠠᠷ ᠢ ᠵᠡᠷᠭᠡ ᠳᠤ ᠨᠢ ᠳᠡᠭᠡᠭᠰᠢᠯᠡᠭᠦᠯᠦᠨ ᠂ ︽ᠬᠥᠭᠦᠷᠭᠡᠨ ᠪᠠᠬᠢᠯᠡᠯᠲᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠡᠨᠡ ᠬᠦ ᠲᠤᠭ ᠤᠨ ᠢᠷᠠᠭᠤ ᠠᠯᠳᠠᠷ ᠢ ᠨᠡᠩ ᠥᠨᠳᠥᠷ ᠮᠠᠨᠳᠤᠭᠤᠯᠤᠨ᠎ᠠ ᠭᠡᠳᠡᠭ ᠲᠤ ᠪᠢᠳᠠ ᠪᠠᠲᠤ ᠢᠲᠡᠭᠡᠯ ᠲᠠᠢ ᠪᠠᠶᠢᠨ᠎ᠠ ᠃
ᠭᠤᠷᠪᠠ ᠂ 2023 ᠣᠨ ᠤ ᠭᠤᠣᠯᠳᠠᠯᠭ᠎ᠠ ᠪᠣᠯᠬᠤ ᠠᠵᠢᠯ ᠤᠨ ᠡᠭᠦᠷᠭᠡ
ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠠ ᠶᠢᠨ ᠵᠢᠯ ᠪᠣᠯᠣᠨ᠎ᠠ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 6% ᠣᠷᠴᠢᠮ ᠨᠡᠮᠡᠭᠳᠡᠭᠦᠯᠵᠦ ᠂ ᠪᠣᠳᠠᠲᠠᠢ ᠠᠵᠢᠯ ᠤᠨ ᠶᠠᠪᠤᠴᠠ ᠳᠤ ᠤᠯᠠᠮ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠨ᠎ᠠ ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 7% ᠠᠴᠠ ᠳᠡᠭᠡᠭᠰᠢ ᠨᠡᠮᠡᠭᠳᠡᠭᠦᠯᠦᠨ᠎ᠡ ︔ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢ 10% ᠠᠴᠠ ᠳᠡᠭᠡᠭᠰᠢ ᠨᠡᠮᠡᠭᠳᠡᠭᠦᠯᠦᠨ᠎ᠡ ︔ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠪᠠᠶᠢᠯᠭᠠᠵᠤ ᠂ ᠬᠤᠳᠠ ᠪᠠᠯᠭᠠᠰᠤᠨ ᠤ ᠠᠵᠢᠯ ᠣᠯᠣᠭᠰᠠᠳ ᠢ 20 ᠲᠦᠮᠡ ᠭᠠᠷᠤᠢ ᠰᠢᠨ᠎ᠡ ᠪᠠᠷ ᠨᠡᠮᠡᠭᠳᠡᠭᠦᠯᠦᠨ᠎ᠡ ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ ︔ ᠡᠨᠧᠷᠬᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠬᠤ ᠭᠦᠢᠴᠡᠳᠬᠡᠯ ᠲᠤᠭ᠎ᠠ ᠶᠢ ᠤᠯᠤᠰ ᠤᠨ ᠱᠠᠭᠠᠷᠳᠠᠯᠭ᠎ᠠ ᠶᠣᠰᠣᠭᠠᠷ ᠲᠣᠬᠢᠷᠠᠭᠤᠯᠤᠨ᠎ᠠ ᠃ ᠡᠳᠡᠭᠡᠷ ᠬᠠᠷᠠᠯᠲᠠ ᠳᠤ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠠᠵᠢᠯᠯᠠᠭᠠᠨ ᠢᠶᠠᠨ ᠪᠦᠬᠦᠯᠢ ᠴᠣᠭᠴᠠ ᠪᠠᠷ ᠰᠠᠶᠢᠵᠢᠷᠠᠭᠤᠯᠵᠤ ᠠᠬᠢᠭᠤᠯᠬᠤ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ ᠂ ᠥᠪᠥᠷ ᠮᠣᠩᠭᠤᠯ ᠤᠨ ᠲᠦᠷᠭᠡᠨ ᠬᠥᠭᠵᠢᠯᠲᠡ ᠂ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠪᠣᠳᠣᠯᠬᠢᠯᠠᠪᠠ ᠃ ᠡᠨᠡ ᠵᠢᠯ ᠤᠨ ᠬᠥᠭᠵᠢᠯᠲᠡ ᠶᠢᠨ ᠣᠷᠴᠢᠨ ᠨᠥᠬᠦᠴᠡᠯ ᠪᠠᠰᠠ ᠮᠠᠰᠢ ᠶᠡᠭᠡ ᠲᠣᠭᠲᠠᠪᠤᠷᠢ ᠦᠭᠡᠢ ᠴᠢᠨᠠᠷ ᠲᠠᠢ ᠪᠠᠶᠢᠨ᠎ᠠ ᠂ ᠮᠠᠨ ᠤ ᠣᠷᠣᠨ ᠤ ᠠᠵᠤ ᠠᠬᠤᠢ ᠮᠥᠨ ᠯᠠ ᠨᠡᠯᠢᠶᠡᠳ ᠶᠡᠭᠡ ᠪᠠᠭᠤᠷᠠᠯᠲᠠ ᠶᠢᠨ ᠳᠠᠷᠤᠯᠲᠠ ᠳᠤ ᠲᠤᠯᠭᠠᠷᠠᠵᠤ ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠳᠠᠷᠤᠯᠲᠠ ᠪᠠ ᠳᠠᠷᠤᠭᠠᠰᠤ ᠶᠢ ᠳᠠᠭᠠᠭᠠᠵᠤ ᠡᠭᠦᠷᠭᠡᠯᠡᠨ ᠂ ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠬᠤ ᠴᠢᠬᠤᠯᠠᠲᠠᠢ ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠨ ᠂ ᠡᠷᠴᠢ ᠵᠣᠷᠢᠭ ᠢᠶᠠᠨ ᠴᠢᠩᠭᠠᠯᠠᠨ ᠬᠥᠪᠴᠢᠯᠡᠵᠦ ᠂ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠨ ᠂ ᠬᠥᠭᠵᠢᠯᠲᠡ ᠶᠢ ᠴᠠᠯᠠᠭᠠᠶᠢᠷᠠᠯ ᠦᠭᠡᠢ ᠲᠦᠷᠭᠡᠳᠬᠡᠵᠦ ᠂ ᠶᠡᠷᠦᠩᠬᠡᠢ ᠬᠡᠮᠵᠢᠶ᠎ᠡ ᠶᠢ ᠶᠡᠬᠡᠰᠬᠡᠬᠦ ᠠᠤᠭ᠎ᠠ ᠬᠦᠰᠡᠯ ᠡᠷᠡᠯᠬᠡᠭ ᠵᠣᠷᠢᠭ ᠲᠠᠢ ᠪᠠᠶᠢᠵᠤ ᠂ ᠰᠠᠭᠤᠷᠢ ᠪᠠᠨ ᠪᠠᠬᠢᠵᠢᠭᠦᠯᠦᠨ᠎ᠡ ᠃ ᠡᠭᠦᠨ ᠳᠤ ᠭᠤᠣᠯᠳᠠᠭᠤ ᠳᠣᠣᠷᠠᠬᠢ ᠠᠵᠢᠯ ᠢ ᠰᠠᠶᠢᠲᠤᠷ ᠠᠳᠬᠤᠨ᠎ᠠ ᠃
︵ᠨᠢᠭᠡ︶ ︽ᠲᠣᠭᠲᠠᠭᠤᠨ ᠡᠬᠢᠯᠡᠭᠦᠯᠵᠦ ᠂ ᠤᠷᠤᠭᠰᠢᠲᠠᠢ ᠡᠬᠢᠯᠡᠭᠦᠯᠬᠦ︾ ᠶᠢ ᠴᠢᠷᠮᠠᠶᠢᠨ ᠪᠡᠶᠡᠯᠡᠭᠦᠯᠵᠦ ᠂ ᠲᠣᠭᠲᠠᠭᠤᠨ ᠪᠠᠶᠢᠯᠭᠠᠬᠤ ᠶᠢᠨ ᠳᠠᠭᠠᠤ ᠠᠬᠢᠯᠲᠠ ᠲᠠᠢ ᠪᠣᠯᠭᠠᠵᠦ ᠂ ᠪᠦᠬᠦᠯᠢ ᠴᠣᠭᠴᠠ ᠪᠠᠷ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠪᠠᠲᠤᠯᠠᠨ᠎ᠠ ᠃ ᠨᠢᠳᠤᠨᠤᠨ ᠤ ᠨᠢᠭᠡᠳᠦᠭᠡᠷ ᠤᠯᠠᠷᠢᠯ ᠳᠤ ᠪᠦᠬᠦ ᠣᠷᠣᠨ ᠤ ᠠᠵᠤ ᠠᠬᠤᠢ 5.8% ᠨᠡᠮᠡᠭᠳᠡᠵᠦ ᠂ ᠡᠨᠡ ᠵᠢᠯ ᠳᠤ ᠡᠨᠡ ᠬᠦ ᠥᠨᠳᠥᠷ ᠰᠠᠭᠤᠷᠢ ᠲᠣᠭᠠᠨ ᠤ ᠳᠡᠭᠡᠷ᠎ᠡ ᠰᠠᠶᠢᠨ ᠡᠬᠢᠯᠡᠯᠳᠠ ᠲᠠᠢ ᠪᠣᠯᠭᠠᠬᠤ ᠨᠢ ᠲᠡᠶᠢᠮᠦ ᠬᠢᠯᠪᠠᠷ ᠶᠠᠪᠤᠳᠠᠯ ᠪᠢᠰᠢ ᠃ ᠡᠷᠬᠡᠪᠰᠢ ᠡᠬᠢᠯᠡᠮᠡᠭᠴᠡ ᠪᠠᠨ 6% ᠣᠷᠴᠢᠮ ᠤᠨ ᠨᠡᠮᠡᠭᠳᠡᠯ ᠤᠨ ᠬᠠᠷᠠᠯᠲᠠ ᠶᠢ ᠲᠣᠭᠲᠠᠭᠠᠵᠤ ᠂ ᠢᠳᠡ ᠲᠠᠢ ᠡᠬᠢᠯᠡᠭᠦᠯᠵᠦ ᠢᠳᠡᠷᠡᠭᠦᠨ ᠤᠷᠤᠭᠰᠢᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃
ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠎ᠠ ᠃ ︽ᠪᠡᠯᠡ ᠣᠷᠤᠭᠤᠯᠤᠯᠲᠠ ᠂ ᠬᠡᠷᠡᠭᠯᠡᠭᠡ ᠂ ᠭᠠᠳᠠᠭᠰᠢ ᠭᠠᠷᠭᠠᠯᠲᠠ︾ ᠶᠢᠨ ᠳᠣᠲᠣᠷ᠎ᠠ ᠂ ᠮᠠᠨ ᠤ ᠣᠷᠣᠨ ᠤ ᠬᠡᠷᠡᠭᠯᠡᠭᠡ ᠶᠢᠨ ᠬᠡᠮᠵᠢᠶ᠎ᠡ ᠠᠨᠠᠢ ᠂ ᠭᠠᠳᠠᠭᠰᠢ ᠭᠠᠷᠭᠠᠯᠲᠠ ᠪᠠᠭ᠎ᠠ ᠪᠣᠯᠬᠤᠷ ᠂ ᠬᠠᠮᠤᠭ ᠤᠨ ᠪᠣᠳᠠᠲᠠᠢ ᠰᠣᠩᠭᠤᠯᠲᠠ ᠪᠣᠯ ᠪᠡᠯᠡ ᠤᠷᠤᠭᠤᠯᠤᠯᠳᠠ ᠳᠤ ᠲᠦᠰᠢᠭᠯᠡᠨ ᠬᠡᠮᠵᠢᠶ᠎ᠡ ᠶᠢ ᠨᠡᠮᠡᠭᠳᠡᠭᠦᠯᠵᠦ ᠂ ᠪᠦᠲᠦᠴᠡ ᠶᠢ ᠰᠢᠯᠢᠳᠡᠭᠵᠢᠭᠦᠯᠬᠦ ᠪᠣᠯᠣᠨ᠎ᠠ ᠃ ᠦᠨᠳᠦᠰᠦᠨ ᠪᠠᠶᠢᠳᠠᠯ ᠪᠣᠯ 6300 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠨ᠎ᠡ ᠂ ᠭᠤᠣᠯᠳᠠᠯᠭ᠎ᠠ ᠨᠢ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠂ ᠲᠡᠷᠢᠭᠦᠨ ᠤ ᠦᠢᠯᠡᠳᠬᠦ ᠦᠢᠯᠡᠰ ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠣᠷᠣᠨ ᠪᠦᠰᠡ ᠶᠢᠨ ᠭᠤᠣᠯ ᠲᠥᠪ ᠪᠣᠯᠬᠤ ᠬᠤᠳᠠ ᠂ ᠰᠠᠭᠤᠷᠢ ᠪᠡᠯᠡᠳᠬᠡᠮᠵᠢ ᠶᠢᠨ ᠪᠣᠷᠣ ᠲᠥᠯᠥᠪ ᠂ ᠤᠯᠠᠨ ᠨᠡᠶᠢᠳᠠ ᠶᠢᠨ ᠦᠢᠯᠡᠴᠢᠯᠡᠭᠡᠨ ᠤ ᠳᠤᠲᠠᠭᠤᠳᠠᠯ ᠤᠨ ᠬᠦᠷᠢᠶᠡᠨ ᠳᠤ ᠡᠳᠦᠢ ᠲᠡᠳᠦᠢ ᠶᠡᠭᠡ ᠲᠦᠷᠦᠯ ᠵᠦᠢᠯ ᠂ ᠰᠠᠶᠢᠨ ᠲᠦᠷᠦᠯ ᠵᠦᠢᠯ ᠢ ᠠᠳᠬᠤᠨ᠎ᠠ ᠃ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠢ ᠠᠬᠢᠭᠤᠯᠤᠨ ᠂ ᠵᠢᠨᠢᠩ ᠳ᠋ᠠᠲ᠋ᠦ᠋ᠩ ᠶᠤᠸᠠᠨᠫᠢᠩ ᠂ ᠪᠤᠭᠤᠲᠤ ᠢᠷᠭᠠᠢ ᠂ ᠲᠠᠶᠢᠽᠢ ᠰᠢᠯᠢ ᠶᠢᠨ ᠬᠤᠲᠠ ᠵᠡᠷᠭᠡ ᠲᠦᠷᠦᠯ ᠵᠦᠢᠯ ᠤᠨ ᠠᠬᠢᠴᠠ ᠶᠢ ᠲᠦᠷᠭᠡᠳᠬᠡᠨ ᠂ ᠣᠷᠳᠣᠰ ᠲᠡᠮᠡᠭᠡᠲᠦ ᠶᠠᠨ ᠠᠨ ᠤ ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢ ᠡᠬᠢᠯᠡᠭᠦᠯᠦᠨ ᠪᠠᠶᠢᠭᠤᠯᠵᠤ ᠂ ᠪᠤᠭᠤᠲᠤ ᠣᠷᠳᠣᠰ ᠂ ᠵᠢᠨᠢᠩ ᠲᠦᠩᠯᠢᠶᠣᠣ ᠴᠠᠩ ᠴᠦᠨ ᠂ ᠴᠢᠴᠢᠬᠠᠷ ᠤᠯᠠᠭᠠᠨᠬᠤᠲᠠ ᠲᠦᠩᠯᠢᠶᠣᠣ ᠂ ᠴᠢᠴᠢᠬᠠᠷ ᠬᠠᠶᠢᠯᠠᠷ ᠮᠠᠨᠵᠤᠤᠷ ᠤᠨ ᠲᠦᠷᠭᠡᠨ ᠤ ᠲᠡᠮᠦᠷ ᠵᠠᠮ ᠵᠢᠴᠢ ᠢᠮᠢᠨ ᠢᠷᠱᠢ ᠂ ᠯᠢᠨᠾᠧ ᠬᠠᠮᠢ ᠶᠢᠨ ᠲᠡᠮᠦᠷ ᠵᠠᠮ ᠢ ᠥᠭᠡᠷᠡᠴᠢᠯᠡᠨ ᠰᠢᠨᠡᠳᠬᠡᠬᠦ ᠵᠡᠷᠭᠡ ᠡᠬᠢᠨ ᠤ ᠬᠤᠭᠤᠴᠠᠭᠠᠨ ᠳᠠᠬᠢ ᠠᠵᠢᠯ ᠢ ᠱᠠᠯᠠᠪᠳᠠᠨ ᠠᠬᠢᠭᠤᠯᠵᠤ ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1700 ᠺᠢᠯᠣᠮᠧᠲᠷ ᠂ ᠲᠦᠷᠭᠡᠨ ᠤ ᠲᠡᠮᠦᠷ ᠵᠠᠮ ᠢ 470 ᠺᠢᠯᠣᠮᠧᠲᠷ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ ︔ G5511 ᠶᠡᠭᠡ ᠨᠡᠪᠳᠡᠷᠡᠯ ᠵᠠᠮ ᠂ G331 ᠬᠢᠯᠢ ᠳᠠᠭᠠᠤ ᠶᠢᠨ ᠵᠠᠰᠠᠮᠠᠯ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠤᠯᠤᠰ ᠮᠤᠵᠢ ᠶᠢᠨ ᠭᠤᠣᠯ ᠱᠤᠭᠤᠮ ᠤᠨ 15 ︽ᠮᠤᠬᠤᠷ ᠵᠠᠮ︾ ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ ᠂ ᠲᠦᠮᠡᠨ ᠺᠢᠯᠣᠮᠧᠲᠷ ᠤᠷᠳᠤ ᠵᠠᠰᠠᠮᠠᠯ ᠵᠠᠮ ᠢ ᠪᠠᠷᠢᠯᠭ᠎ᠠ ᠡᠬᠢᠯᠡᠭᠦᠯᠦᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ ︔ ᠬᠦᠬᠡᠬᠤᠳᠠ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ ᠲᠣᠭᠤᠷᠢᠭ ᠂ ᠨᠢᠰᠦᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠂ 11 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ ᠃ ᠪᠢᠳᠡ ᠲᠦᠷᠭᠡᠨ ᠤ ᠲᠡᠮᠦᠷ ᠵᠠᠮ ᠂ ᠲᠦᠷᠭᠡᠨ ᠤ ᠵᠠᠰᠠᠮᠠᠯ ᠵᠠᠮ ᠢ ᠠᠳᠬᠤᠬᠤ ᠪᠠᠷ ᠪᠠᠷᠠᠬᠤ ᠦᠭᠡᠢ ᠂ ᠪᠠᠰᠠ ᠨᠢᠭᠡ ᠪᠦᠯᠦᠭ ᠲᠡᠮᠦᠷ ᠵᠠᠮ ᠂ ᠵᠠᠰᠠᠮᠠᠯ ᠵᠠᠮ ᠤᠨ ︽ᠮᠤᠬᠤᠷ ᠵᠠᠮ︾ ᠢ ᠨᠡᠪᠲᠡᠷᠡᠭᠦᠯᠬᠦ ᠠᠵᠢᠯ ᠢ ᠴᠤ ᠠᠳᠬᠤᠨ ᠂ ᠵᠡᠭᠦᠨ ᠪᠠᠷᠠᠭᠤᠨ ᠢ ᠰᠤᠨᠳᠠᠯᠠᠭᠰᠠᠨ ᠂ ᠡᠮᠦᠨ᠎ᠡ ᠤᠮᠠᠷ᠎ᠠ ᠶᠢ ᠬᠤᠯᠪᠣᠭᠰᠠᠨ ᠂ ᠪᠡᠭᠡᠵᠢᠩ ᠤᠷᠤᠭᠤ ᠨᠡᠪᠲᠡᠷᠡᠭᠰᠡᠨ ᠂ ᠨᠠᠢᠮᠠᠨ ᠮᠤᠵᠢ ᠲᠠᠢ ᠬᠤᠯᠪᠣᠭᠰᠠᠨ ᠂ ᠬᠢᠯᠢ ᠬᠢᠵᠠᠭᠠᠷ ᠪᠠ ᠳᠠᠯᠠᠢ ᠳᠠᠭᠠᠤ ᠬᠦᠷᠬᠦ ᠂ ᠬᠤᠳᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠵᠠᠮ ᠬᠠᠷᠢᠯᠴᠠᠭᠠᠨ ᠤ ᠪᠣᠰᠤᠭ᠎ᠠ ᠵᠥᠷᠢᠯᠢᠭ ᠵᠠᠮ ᠢ ᠪᠦᠬᠦ ᠬᠦᠴᠦ ᠪᠠᠷ ᠢᠶᠠᠨ ᠪᠠᠶᠢᠭᠤᠯᠤᠨ᠎ᠠ ᠃ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ ᠰᠠᠭᠤᠷᠢ ᠪᠡᠯᠡᠳᠬᠡᠮᠵᠢ ᠶᠢᠨ ᠪᠠᠶᠢᠷᠢᠰᠢᠭᠤᠯᠤᠯ ᠢ ᠰᠢᠯᠢᠳᠡᠭᠵᠢᠭᠦᠯᠦᠨ ᠂ ᠨᠢᠭᠡ ᠪᠦᠯᠦᠭ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠱᠤᠭᠤᠮ ᠪᠠ ᠵᠢᠭᠤᠯᠴᠢᠯᠠᠯ ᠤᠨ ᠵᠠᠮ ᠂ ᠠᠵᠤ ᠦᠢᠯᠡᠰ ᠤᠨ ᠵᠠᠮ ᠢ ᠲᠥᠯᠥᠪᠵᠢᠭᠦᠯᠦᠨ ᠪᠠᠶᠢᠭᠤᠯᠵᠤ ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠲᠥᠬᠦᠷ ᠦᠢᠯᠡᠴᠢᠯᠡᠭᠡᠨ ᠤ ᠴᠢᠳᠠᠮᠵᠢ ᠶᠢ ᠴᠢᠩᠭᠠᠷᠠᠭᠤᠯᠤᠨ᠎ᠠ ᠃ ᠵᠡᠭᠦᠨ ᠲᠠᠶᠢᠰᠠ ᠤᠰᠤᠨ ᠴᠦᠬᠦᠷᠦᠮ ᠢ ᠪᠠᠶᠢᠭᠤᠯᠵᠤ ᠂ ᠴᠤᠤᠯ ᠭᠤᠣᠯ ᠤᠨ ᠤᠰᠤ ᠶᠢ ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠥᠭᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ ᠢ ᠠᠬᠢᠭᠤᠯᠤᠨ ᠂ ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ ᠂ ᠨᠤᠨ ᠭᠤᠣᠯ ᠤᠨ ᠤᠰᠤ ᠶᠢ ᠲᠠᠲᠠᠵᠤ ᠰᠢᠯᠢ ᠶᠢᠨ ᠭᠤᠣᠯ ᠢ ᠲᠤᠰᠠᠯᠠᠬᠤ ᠂ ᠤᠯᠠᠭᠠᠨᠴᠠᠪ ᠤᠨ ᠬᠤᠳᠠ ᠶᠢᠨ ᠲᠣᠭᠤᠷᠢᠭ ᠲᠤ ᠤᠰᠤ ᠬᠠᠩᠭᠠᠬᠤ ᠵᠡᠷᠭᠡ ᠶᠢᠨ ᠡᠬᠢᠨ ᠤ ᠬᠤᠭᠤᠴᠠᠭᠠᠨ ᠤ ᠠᠵᠢᠯ ᠢ ᠥᠷᠨᠢᠭᠦᠯᠵᠦ ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠦᠶᠡᠷ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠂ ᠤᠰᠤᠨ ᠤ ᠡᠬᠢ ᠰᠣᠷᠪᠤᠯᠵᠢ ᠶᠢ ᠲᠣᠬᠢᠷᠠᠭᠤᠯᠬᠤ ᠂ ᠤᠰᠤᠨ ᠤ ᠡᠬᠢ ᠰᠣᠷᠪᠤᠯᠵᠢ ᠶᠢ ᠬᠠᠮᠠᠭᠠᠯᠠᠬᠤ ᠵᠡᠷᠭᠡ ᠴᠢᠳᠠᠮᠵᠢ ᠶᠢ ᠨᠢ ᠨᠢᠭᠡ ᠴᠣᠭᠴᠠᠵᠢᠭᠤᠯᠤᠭᠰᠠᠨ ᠤᠰᠤᠨ ᠤ ᠶᠡᠷᠦᠩᠬᠡᠶᠢᠯᠡᠭᠰᠡᠨ ᠲᠣᠣᠷ ᠢ ᠬᠦᠴᠦᠯᠡᠨ ᠪᠠᠶᠢᠭᠤᠯᠤᠨ᠎ᠠ ᠃ ᠥᠪᠥᠷ ᠮᠣᠩᠭᠤᠯ ᠤᠨ ᠪᠠᠷᠠᠭᠤᠨ ᠬᠡᠰᠡᠭ ᠲᠠᠬᠢ ︽ᠳᠦᠷᠪᠡᠨ ᠬᠥᠨᠳᠡᠯᠡᠨ ᠲᠠᠪᠤᠨ ᠭᠤᠯᠳᠤ︾ ᠂ ᠥᠪᠥᠷ ᠮᠣᠩᠭᠤᠯ ᠤᠨ ᠵᠡᠭᠦᠨ ᠬᠡᠰᠡᠭ ᠲᠠᠬᠢ ︽ᠨᠠᠢᠮᠠᠨ ᠬᠥᠨᠳᠡᠯᠡᠨ ᠬᠤᠶᠠᠷ ᠭᠤᠯᠳᠤ︾ ᠴᠠᠬᠢᠯᠭᠠᠨ ᠬᠦᠴᠦᠨ ᠤ ᠭᠤᠣᠯ ᠲᠣᠣᠷᠵᠢᠯ ᠢ ᠪᠦᠲᠦᠭᠡᠨ ᠪᠠᠶᠢᠭᠤᠯᠵᠤ ᠂ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠤᠨ ᠲᠥᠪᠯᠡᠷᠡᠭᠦᠯᠦᠨ ᠭᠠᠳᠠᠭᠰᠢ ᠬᠦᠷᠭᠡᠬᠦ ᠢᠨᠵᠧᠨᠧᠷᠢᠩ ᠪᠠ ᠪᠣᠬᠢᠷᠳᠤᠯ ᠦᠭᠡᠢ ᠴᠠᠬᠢᠯᠭᠠᠨ ᠂ ᠪᠣᠬᠢᠷᠳᠤᠯ ᠦᠭᠡᠢ ᠤᠰᠤᠳᠥ᠋ᠷᠦᠭᠴᠢ ᠶᠢ ᠪᠡᠭᠡᠵᠢᠩ ᠳᠤ ᠬᠦᠷᠭᠡᠬᠦ ᠰᠢᠨ᠎ᠡ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠨᠢᠭᠡ ᠪᠦᠯᠦᠭ ᠴᠠᠬᠢᠯᠭᠠᠨ ᠴᠡᠨᠡᠭᠯᠡᠬᠦ ᠱᠣᠩ ᠂ ᠤᠰᠤᠳᠥ᠋ᠷᠦᠭᠴᠢ ᠨᠡᠮᠡᠬᠦ ᠥᠷᠲᠡᠭᠡ ᠶᠢ ᠪᠠᠶᠢᠷᠢᠰᠢᠭᠤᠯᠤᠨ᠎ᠠ ᠃ ᠳ᠋ᠠᠶᠢᠲ᠋ᠠ ᠶᠢᠨ ᠲᠥᠪ ᠲᠤ 50 ᠲᠦᠮᠡᠨ ᠮᠠᠰᠢᠨ ᠴᠣᠭᠴᠠᠯᠠᠪᠤᠷᠢ ᠶᠢ ᠰᠢᠨ᠎ᠡ ᠪᠠᠷ ᠤᠭᠰᠠᠷᠠᠵᠤ ᠂ 5G ᠰᠠᠭᠤᠷᠢ ᠦᠷᠲᠡᠭᠡ ᠶᠢ 2 ᠲᠦᠮᠡ ᠰᠢᠨ᠎ᠡ ᠪᠠᠷ ᠪᠠᠶᠢᠭᠤᠯᠤᠨ᠎ᠠ ᠃
ᠬᠤᠳᠠᠯᠳᠤᠭᠠᠴᠢᠨ ᠤᠷᠢᠬᠤ ᠶᠢ ᠪᠦᠬᠦ ᠬᠦᠴᠦ ᠪᠠᠷ ᠠᠳᠬᠤᠨ᠎ᠠ ᠃ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠭᠤᠷᠪᠠᠨ ᠵᠢᠯ ᠤᠨ ᠠᠵᠢᠯᠯᠠᠭᠠᠨ ᠢ ᠨᠠᠷᠢᠯᠢᠭ ᠰᠡᠳᠬᠢᠨ ᠨᠢᠮᠪᠠᠢ ᠰᠡᠳᠦᠵᠦ ᠂ ᠠᠵᠤ ᠦᠢᠯᠡᠰ ᠤᠨ ᠪᠦᠯᠦᠭᠵᠢᠯ ᠪᠠ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠳᠤ ᠲᠥᠪᠯᠡᠷᠡᠭᠦᠯᠦᠨ ᠂ ᠳᠡᠯᠡᠬᠡᠢ ᠶᠢᠨ 500 ᠬᠦᠴᠦᠷᠬᠡᠭ ᠂ ᠳᠤᠮᠳᠠᠳᠤ ᠤᠯᠤᠰ ᠤᠨ 500 ᠬᠦᠴᠦᠷᠬᠡᠭ ᠂ ᠠᠷᠠᠳ ᠠᠴᠠ ᠡᠵᠡᠩᠨᠡᠭᠰᠡᠨ 500 ᠬᠦᠴᠦᠷᠬᠡᠭ ᠂ ᠦᠢᠯᠡᠳᠬᠦ ᠦᠢᠯᠡᠰ ᠤᠨ 500 ᠬᠦᠴᠦᠷᠬᠡᠭ ᠢ ᠴᠢᠩᠭ᠎ᠠ ᠠᠩᠬᠠᠷᠴᠤ ᠂ ᠲᠣᠯᠣᠭᠠᠶᠢᠯᠠᠭᠴᠢ ᠠᠵᠤ ᠠᠬᠤᠶᠢᠯᠠᠯ ᠂ ᠪᠦᠯᠦᠭᠯᠡᠯ ᠤᠨ ᠭᠤᠣᠯ ᠠᠵᠤ ᠠᠬᠤᠶᠢᠯᠠᠯ ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠴᠢᠩᠭ᠎ᠠ ᠠᠳᠬᠤᠨ ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠵᠤ ᠂ ᠠᠯᠬᠤᠮ ᠠᠯᠬᠤᠮ ᠢᠶᠠᠷ ᠠᠬᠢᠭᠤᠯᠤᠨ ᠂ 3800 ᠳ᠋ᠦᠩᠰᠢᠭᠤᠷ ᠲᠥᠭᠦᠷᠢᠭ ᠠᠴᠠ ᠢᠯᠡᠭᠦᠦ ᠪᠡᠯᠡ ᠮᠥᠩᠭᠦ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ ᠃ ᠲᠤᠰᠬᠠᠶᠢᠵᠢᠭᠰᠠᠨ ᠪᠦᠯᠬᠦᠮ ᠨᠡᠶᠢᠳᠠ ᠪᠠ ᠪᠡᠯᠡ ᠣᠷᠣᠭᠤᠯᠵᠤ ᠲᠣᠬᠢᠷᠠᠭᠤᠯᠬᠤ ᠲᠠᠪᠴᠠᠩ ᠢ ᠪᠤᠢ ᠪᠤᠯᠭᠠᠵᠤ ᠂ ︽ᠣᠷᠣᠨ ᠠᠯᠤᠰᠯᠠᠨ︾ ᠬᠤᠳᠠᠯᠳᠤᠭᠠᠴᠢᠨ ᠤᠷᠢᠬᠤ ᠂ ︽ᠪᠦᠬᠦᠯᠢ ᠬᠡᠯᠬᠢᠶ᠎ᠡ︾ ᠪᠠᠷ ᠬᠤᠳᠠᠯᠳᠤᠭᠠᠴᠢᠨ ᠤᠷᠢᠬᠤ ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠭᠤᠯᠬᠤ ᠵᠡᠷᠭᠡ ᠵᠠᠭᠪᠤᠷ ᠢ ᠠᠬᠢᠭᠤᠯᠤᠨ ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠪᠠᠶᠢᠷᠢᠰᠢᠭᠤᠯᠬᠤ ᠂ ᠠᠵᠤ ᠦᠢᠯᠡᠰ ᠢ ᠲᠦᠭᠦᠷᠵᠢᠬᠦᠯᠬᠦ ᠂ ᠬᠦᠴᠦᠨ ᠵᠦᠢᠯ ᠢ ᠪᠠᠲᠤᠯᠠᠬᠤ ᠵᠡᠷᠭᠡ ᠳᠠᠪᠠᠭᠤᠯᠢᠭ ᠢ ᠲᠥᠪᠯᠡᠷᠡᠭᠦᠯᠦᠨ ᠂ ᠤᠯᠠᠮ ᠤᠯᠠᠨ ᠰᠢᠯᠢᠳᠡᠭ ᠰᠠᠶᠢᠨ ᠠᠵᠤ ᠠᠬᠤᠶᠢᠯᠠᠯ ᠢ ᠲᠠᠲᠠᠨ ᠣᠷᠣᠭᠤᠯᠵᠤ ᠨᠤᠲᠤᠭᠰᠢᠭᠤᠯᠤᠨ ᠂ ᠣᠬᠢ ᠰᠠᠶᠢᠨ ᠲᠦᠷᠦᠯ ᠵᠦᠢᠯ ᠢ ᠪᠣᠳᠠᠲᠠᠢ ᠨᠠᠶᠢᠳᠠᠪᠤᠷᠢᠵᠢᠭᠤᠯᠤᠨ᠎ᠠ ᠃ ᠠᠵᠢᠯ ᠲᠦᠷᠦᠯ ᠢ ᠬᠠᠮᠢᠶᠠᠷᠬᠤ ᠂ ᠬᠦᠷᠢᠶᠡᠯᠡᠩ ᠲᠣᠭᠤᠷᠢᠭ ᠢ ᠬᠠᠮᠢᠶᠠᠷᠬᠤ ᠂ ᠣᠷᠣᠨ ᠨᠤᠲᠤᠭ ᠢ ᠬᠠᠮᠢᠶᠠᠷᠬᠤ ᠳᠤ ᠴᠥᠮ ᠬᠤᠳᠠᠯᠳᠤᠭᠠᠴᠢᠨ ᠤᠷᠢᠬᠤ ᠶᠢ ᠨᠢ ᠬᠠᠮᠢᠶᠠᠷᠬᠤ ᠪᠠᠶᠢᠳᠠᠯ ᠢ ᠪᠦᠷᠢᠯᠳᠦᠭᠦᠯᠵᠦ ᠂ ᠡᠨᠡ ᠵᠢᠯ ᠳᠤ ᠦᠷᠭᠦᠯᠵᠢᠯᠡᠨ 8100 ᠲᠦᠮᠡᠨ ᠲᠥᠭᠦᠷᠢᠭ ᠭᠠᠷᠭᠠᠵᠤ ᠪᠠᠶᠢᠭᠠᠳ ᠬᠥᠬᠢᠭᠦᠯᠦᠨ ᠱᠠᠩᠨᠠᠬᠤ ᠲᠦᠷᠦ ᠶᠢᠨ ᠪᠣᠳᠣᠯᠭ᠎ᠠ ᠶᠢ ᠪᠡᠶᠡᠯᠡᠭᠦᠯᠦᠨ ᠂ ᠳᠡᠭᠡᠳᠦ ᠱᠠᠲᠤ ᠪᠠ ᠳᠣᠣᠷᠠᠳᠤ ᠱᠠᠲᠤ ᠂ ᠰᠢᠰᠲ᠋ᠧᠮ ᠪᠠ ᠬᠡᠰᠡᠭ ᠂ ᠰᠠᠯᠠᠭ᠎ᠠ ᠮᠥᠴᠢᠷ ᠪᠠ ᠣᠷᠣᠨ ᠨᠤᠲᠤᠭ ᠢ ᠬᠤᠯᠪᠣᠭᠳᠠᠭᠤᠯᠵᠤ ᠪᠠᠶᠢᠭᠠᠳ ᠲᠡᠳᠡᠨ ᠤ ᠬᠤᠳᠠᠯᠳᠤᠭᠠᠴᠢᠨ ᠤᠷᠢᠬᠤ ᠢᠳᠡᠪᠬᠢᠵᠢᠯ ᠢ ᠨᠢ ᠳᠠᠶᠢᠴᠢᠯᠠᠵᠤ ᠂ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠠᠵᠢᠯ ᠢ ᠭᠤᠷᠤᠬ᠎ᠠ ᠨᠡᠶᠢᠯᠡᠵᠦ ᠭᠤᠣᠯ ᠪᠣᠯᠵᠤ ᠤᠷᠤᠰᠬᠠᠯ ᠨᠡᠶᠢᠯᠡᠵᠦ ᠳᠠᠯᠠᠢ ᠪᠦᠲᠦᠭᠰᠡᠨ ᠮᠡᠲᠦ ᠥᠷᠨᠢᠯᠲᠡ ᠲᠠᠢ ᠪᠣᠯᠭᠠᠨ᠎ᠠ ᠃
ᠣᠨᠣᠴᠠᠲᠠᠢ ᠪᠠᠷ ᠬᠦᠴᠦᠯᠡᠵᠦ ᠬᠡᠷᠡᠭᠯᠡᠭᠡ ᠶᠢ ᠠᠳᠬᠤᠨ᠎ᠠ ᠃ ᠮᠠᠨ ᠤ ᠣᠷᠣᠨ ᠤ ᠬᠡᠷᠡᠭᠯᠡᠭᠡ ᠤᠷᠳᠤ ᠬᠤᠭᠤᠴᠠᠭ᠎ᠠ ᠪᠠᠷ ᠬᠤᠶᠠᠷ ᠤᠨ ᠬᠤᠭᠤᠷᠣᠨᠳᠤ ᠭᠤᠷᠪᠠ ᠶᠢᠨ ᠳᠤᠮᠳᠠ ᠪᠠᠶᠢᠵᠤ ᠂ ᠣᠨᠴᠠᠭᠠᠶᠢᠯᠠᠨ ᠬᠢᠵᠢᠭ ᠲᠤ ᠨᠥᠯᠥᠭᠡᠯᠡᠭᠳᠡᠵᠦ ᠤᠯᠠᠮ ᠠᠨᠠᠶᠢᠬᠠᠨ ᠪᠣᠯᠪᠠ ᠃ ᠡᠷᠬᠡᠪᠰᠢ ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠢ ᠲᠡᠷᠢᠭᠦᠨ ᠪᠠᠶᠢᠷᠢᠨ ᠳᠤ ᠲᠠᠯᠪᠢᠵᠤ ᠂ ᠬᠤᠳᠠᠯᠳᠤᠭᠠᠨ ᠤ ᠵᠡᠭᠡᠯᠢ ᠂ ᠶᠠᠪᠠᠭᠠᠨ ᠵᠡᠭᠡᠯᠢ ᠂ ᠲᠣᠮᠣ ᠬᠤᠳᠠᠯᠳᠤᠭ᠎ᠠ ᠳᠡᠯᠭᠡᠭᠦᠷ ᠂ ᠵᠢᠵᠢᠭ ᠬᠤᠷᠰᠢᠶ᠎ᠠ ᠳᠡᠯᠭᠡᠭᠦᠷ ᠪᠦᠭᠦᠨ ᠢ ᠨᠡᠭᠡᠭᠡᠵᠦ ᠬᠥᠭᠵᠢᠶᠡᠨ ᠲᠠᠢ ᠪᠣᠯᠭᠠᠨ ᠂ ᠲᠠᠮᠢᠷᠵᠢᠭᠤᠯᠤᠨ ᠲᠡᠩᠬᠡᠷᠡᠭᠦᠯᠵᠦ ᠂ ᠨᠠᠷᠭᠢᠶ᠎ᠠ ᠳᠠᠷᠭᠢᠶᠠ ᠲᠠᠢ ᠪᠣᠯᠭᠠᠬᠤ ᠨᠢ ᠣᠳᠣᠬᠠᠨ ᠤ ᠪᠠᠷᠢᠨ ᠭᠦᠢᠴᠡᠳᠬᠡᠬᠦ ᠪᠠᠴᠢᠮ ᠡᠭᠦᠷᠭᠡ ᠪᠣᠯᠪᠠ ᠃ ᠨᠢᠭᠡ ᠪᠦᠯᠦᠭ ᠬᠡᠷᠡᠭᠯᠡᠭᠡ ᠶᠢᠨ ᠪᠥᠭᠡᠮᠨᠡᠷᠡᠯ ᠤᠨ ᠣᠷᠣᠨ ᠂ ᠪᠡᠶᠡᠴᠢᠯᠡᠨ ᠣᠶᠢᠯᠠᠭᠠᠬᠤ ᠲᠥᠪ ᠪᠠ ᠬᠤᠳᠠ ᠶᠢᠨ ᠳᠡᠭᠦᠷᠭᠡ ᠶᠢᠨ ᠲᠣᠮᠣ ᠬᠥᠮᠥᠷᠭᠡ ᠶᠢ ᠲᠥᠯᠥᠪᠵᠢᠭᠦᠯᠦᠨ ᠪᠠᠶᠢᠭᠤᠯᠵᠤ ᠂ ᠬᠦᠬᠡᠬᠤᠳᠡ ᠂ ᠪᠤᠭᠤᠲᠤ ᠂ ᠣᠷᠳᠣᠰ ᠂ ᠤᠯᠠᠭᠠᠨᠬᠠᠳᠠ ᠂ ᠲᠦᠩᠯᠢᠶᠣᠣ ᠶᠢ ᠬᠡᠷᠡᠭᠯᠡᠭᠡᠨ ᠤ ᠭᠤᠣᠯ ᠲᠥᠪ ᠪᠣᠯᠬᠤ ᠬᠤᠳᠠ ᠪᠠᠷ ᠪᠦᠲᠦᠭᠡᠨ ᠪᠠᠶᠢᠭᠤᠯᠬᠤ ᠶᠢ ᠳᠡᠮᠵᠢᠵᠤ ᠂ ᠠᠶᠢᠮᠠᠭ ᠬᠤᠳᠠ ᠶᠢᠨ ᠭᠤᠣᠯ ᠲᠥᠪ ᠪᠣᠯᠬᠤ ᠬᠤᠳᠠ ᠲᠣᠭᠤᠷᠢᠭ ᠲᠤ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠡᠯᠭᠡᠨ ᠦᠵᠡᠭᠦᠯᠬᠦ ᠳᠡᠯᠭᠡᠭᠦᠷ ᠢ ᠪᠠᠶᠢᠭᠤᠯᠵᠤ ᠂ ᠴᠠᠭ ᠤᠨ ᠤᠷᠤᠰᠬᠠᠯ ᠳᠠᠭᠠᠨᠨᠰᠠᠨ ᠰᠥᠨᠢ ᠶᠢᠨ ᠵᠠᠬ᠎ᠠ ᠂ ᠠᠷᠠᠳ ᠤᠨ ᠠᠮᠢᠳᠤᠷᠠᠯ ᠤᠨ ᠥᠷᠯᠥᠭᠡ ᠶᠢᠨ ᠵᠠᠬ᠎ᠠ ᠂ ᠬᠤᠳᠠ ᠬᠥᠳᠡᠭᠡ ᠶᠢᠨ ᠴᠤᠭᠯᠠᠭ᠎ᠠ ᠮᠠᠶᠢᠮᠠᠢ ᠶᠢᠨ ᠬᠡᠷᠡᠭᠯᠡᠭᠡ ᠶᠢᠨ ᠪᠠᠶᠢᠳᠠᠯ ᠢ ᠶᠡᠭᠡ ᠪᠠᠷ ᠬᠥᠭᠵᠢᠭᠦᠯᠵᠦ ᠂ ᠮᠤᠵᠢ ᠶᠢᠨ ᠬᠤᠭᠤᠷᠤᠨᠳᠤᠬᠢ ᠵᠢᠭᠤᠯᠴᠢᠯᠠᠨ ᠰᠠᠭᠤᠷᠢᠰᠢᠬᠤ ᠨᠠᠰᠤᠵᠢᠯ ᠤᠨ ᠬᠠᠮᠲᠤᠷᠠᠯᠴᠠᠭ᠎ᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ ᠂ ︽ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ · ᠪᠠᠶᠠᠰᠤᠯᠳᠤ ᠬᠡᠷᠡᠭᠯᠡᠭᠡ︾ ᠶᠢᠨ ᠭᠤᠣᠯ ᠰᠡᠳᠦᠪᠲᠦ ᠠᠵᠢᠯᠯᠠᠭ᠎ᠠ ᠶᠢ ᠰᠠᠶᠢᠲᠤᠷ ᠡᠷᠬᠢᠯᠡᠨ ᠂ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ ᠨᠡᠷᠡᠳᠤ ᠲᠡᠮᠳᠡᠭ ᠢ ᠢᠳᠡᠪᠬᠢᠲᠡᠢ ᠲᠠᠲᠠᠨ ᠣᠷᠣᠭᠤᠯᠵᠤ ᠲᠦᠷᠦᠭᠦᠴᠢ ᠳᠡᠯᠭᠡᠭᠦᠷ ᠨᠡᠭᠡᠭᠡᠯᠭᠡᠨ ᠂ ᠠᠩᠬ᠎ᠠ ᠲᠠᠷᠬᠠᠭᠠᠬᠤ ᠠᠵᠢᠯᠯᠠᠭ᠎ᠠ ᠡᠷᠬᠢᠯᠡᠭᠦᠯᠵᠤ ᠂ ᠰᠢᠨ᠎ᠡ ᠪᠠᠷ ᠲᠠᠲᠠᠨ ᠣᠷᠣᠭᠤᠯᠤᠭᠰᠠᠨ ᠨᠡᠷᠡᠳᠤ ᠲᠡᠮᠳᠡᠭ ᠤᠨ ᠲᠦᠷᠦᠭᠦᠴᠢ ᠳᠡᠯᠭᠡᠭᠦᠷ ᠢ 100 ᠡᠷᠦᠬᠡ ᠪᠣᠯᠭᠠᠬᠤ ᠪᠠᠷ ᠴᠢᠷᠮᠠᠶᠢᠨ᠎ᠠ ︔ ︽ᠬᠠᠭᠤᠴᠢᠨ ᠨᠡᠷᠡᠮᠵᠢᠳᠣ︾ ᠶᠢ ᠵᠠᠯᠭᠠᠮᠵᠢᠯᠠᠨ ᠬᠠᠮᠠᠭᠠᠯᠠᠵᠤ ᠂ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠤᠨ ᠳᠡᠮᠵᠢᠵᠦ ᠂ ᠲᠡᠳᠡᠭᠡᠷ ᠵᠠᠭᠤᠨ ᠵᠢᠯ ᠤᠨ ᠬᠠᠭᠤᠴᠢᠨ ᠳᠡᠯᠭᠡᠭᠦᠷ ᠂ ︽ᠬᠠᠭᠤᠴᠢᠨ ᠨᠡᠷᠡᠮᠵᠢᠳᠣ︾ ᠶᠢᠨ ᠰᠢᠨ᠎ᠡ ᠠᠮᠢᠵᠢᠷᠠᠯ ᠤᠨ ᠬᠦᠴᠦᠨ ᠢ ᠨᠢ ᠬᠥᠭᠵᠢᠭᠡᠨ ᠪᠠᠳᠠᠷᠠᠭᠤᠯᠤᠨ᠎ᠠ ︔ ︽ᠢᠨᠲ᠋ᠧᠷ ᠰᠦᠯᠵᠢᠶ᠎ᠡ +︾ ᠬᠡᠷᠡᠭᠯᠡᠭᠡ ᠶᠢᠨ ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ ᠂ ᠰᠦᠯᠵᠢᠶᠡᠨ ᠳᠡᠭᠡᠷᠡᠬᠢ ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠂ ᠨᠡᠷᠡᠳᠤ ᠲᠡᠮᠳᠡᠭ ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ ᠵᠡᠷᠭᠡ ᠠᠵᠢᠯᠯᠠᠭ᠎ᠠ ᠶᠢ ᠡᠷᠬᠢᠯᠡᠵᠤ ᠂ ᠰᠦ ᠪᠠ ᠮᠢᠬᠠᠨ ᠤ ᠭᠠᠷᠤᠯᠲᠠ ᠶᠢ ᠰᠦᠯᠵᠢᠶ᠎ᠡ ᠪᠠᠷ ᠪᠣᠷᠣᠯᠠᠭᠤᠯᠬᠤ ᠬᠤᠣᠰ ᠵᠠᠭᠤᠨ ᠳ᠋ᠦᠩᠰᠢᠭᠤᠷ ᠤᠨ ᠲᠤᠰᠬᠠᠢ ᠠᠵᠢᠯᠯᠠᠭᠠᠨ ᠢ ᠠᠬᠢᠭᠤᠯᠵᠤ ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠶᠢ 600 600ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠣᠷᠣᠯᠭ᠎ᠠ ᠪᠣᠯ ᠬᠡᠷᠡᠭᠯᠡᠭᠡ ᠶᠢ ᠨᠥᠯᠥᠭᠡᠯᠡᠬᠦ ᠬᠠᠮᠤᠭ ᠤᠨ ᠦᠨᠳᠦᠰᠦᠨ ᠬᠦᠴᠦᠨ ᠵᠦᠢᠯ ᠪᠣᠯᠣᠨ᠎ᠠ ᠂ ᠠᠷᠭ᠎ᠠ ᠪᠦᠬᠦᠨ ᠢ ᠰᠦᠪᠡᠭᠴᠢᠯᠡᠵᠦ ᠤᠯᠠᠨ ᠲᠦᠮᠡᠨ ᠢ ᠵᠣᠭᠤᠰ ᠮᠥᠩᠭᠦ ᠲᠠᠢ ᠪᠣᠯᠬᠤ ᠳᠤ ᠪᠠᠨ ᠢᠲᠡᠭᠡᠯ ᠲᠠᠢ ᠂ ᠵᠣᠭᠤᠰ ᠮᠥᠩᠭᠦ ᠪᠠᠨ ᠵᠠᠷᠤᠬᠤ ᠳᠤ ᠵᠣᠷᠢᠭᠲᠠᠢ ᠂ ᠬᠡᠷᠡᠭᠯᠡᠭᠡ ᠳᠤ ᠵᠠᠷᠤᠬᠤ ᠵᠣᠭᠤᠰ ᠮᠥᠩᠭᠦ ᠲᠠᠢ ᠪᠣᠯᠭᠠᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ᠠᠵᠢᠯ ᠣᠯᠭᠤᠯᠲᠠ ᠶᠢ ᠳᠠᠶᠢᠴᠢᠯᠠᠬᠤ ᠪᠠᠷ ᠴᠢᠩᠭ᠎ᠠ ᠪᠠᠶᠢᠳᠠᠭ ᠲᠦᠷᠦᠯ ᠵᠦᠢᠯ ᠢ ᠤᠯᠠᠨ ᠬᠡᠷᠡᠭᠵᠢᠭᠦᠯᠵᠦ ᠂ ᠠᠵᠢᠯ ᠣᠯᠭᠤᠯᠲᠠ ᠶᠢ ᠭᠦᠨᠵᠡᠭᠡᠶᠢᠷᠡᠭᠦᠯᠬᠦ ᠪᠠᠷ ︽ᠲᠠᠪᠤᠨ ᠶᠡᠭᠡ ᠠᠵᠢᠯᠯᠠᠭᠠᠨ︾ ᠢ ᠠᠬᠢᠭᠤᠯᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠨᠢᠭᠡ ᠪᠦᠯᠦᠭ ᠢ ᠰᠢᠨ᠎ᠡ ᠪᠠᠷ ᠨᠡᠮᠡᠭᠳᠡᠭᠦᠯᠦᠨ ᠂ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠪᠠᠷ ᠨᠢᠭᠡ ᠪᠦᠯᠦᠭ ᠢ ᠰᠢᠩᠭᠡᠬᠡᠨ ᠠᠪᠴᠤ ᠂ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠪᠠᠶᠢᠳᠠᠯ ᠢᠶᠠᠷ ᠨᠢᠭᠡ ᠪᠦᠯᠦᠭ ᠢ ᠬᠥᠭᠵᠢᠭᠡᠨ ᠂ ᠰᠢᠨ᠎ᠡ ᠶᠢ ᠡᠭᠦᠳᠦᠨ ᠦᠢᠯᠡᠰ ᠪᠣᠰᠬᠠᠬᠤ ᠪᠠᠷ ᠨᠢᠭᠡ ᠪᠦᠯᠦᠭ ᠢ ᠳᠠᠶᠢᠴᠢᠯᠠᠵᠤ ᠂ ᠤᠷ᠎ᠠ ᠮᠡᠷᠭᠡᠰᠢᠯ ᠪᠤᠯᠪᠠᠰᠤᠷᠠᠭᠤᠯᠬᠤ ᠪᠠᠷ ᠨᠢᠭᠡ ᠪᠦᠯᠦᠭ ᠢ ᠳᠡᠭᠡᠭᠰᠢᠯᠡᠭᠦᠯᠵᠦ ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤ ᠨᠢ ᠬᠡᠷᠡᠭᠯᠡᠵᠦ ᠪᠠᠶᠢᠭᠠᠳ ᠠᠵᠢᠯ ᠣᠯᠭᠤᠯᠲᠠ ᠶᠢ ᠥᠷᠭᠡᠳᠬᠡᠨ ᠣᠷᠣᠯᠭ᠎ᠠ ᠶᠢ ᠨᠡᠮᠡᠭᠳᠡᠭᠦᠯᠦᠨ᠎ᠡ ᠃ ᠵᠢᠭᠤᠯᠴᠢᠯᠠᠯ ᠪᠣᠯ ᠥᠨᠢᠳᠡ ᠶᠢᠨ ᠥᠭᠡᠳᠡᠷᠬᠡᠭ ᠠᠵᠤ ᠦᠢᠯᠡᠰ ᠪᠣᠯᠣᠨ᠎ᠠ ᠂ ᠪᠠᠰᠠ ᠴᠤ ᠨᠡᠶᠢᠲᠡᠯᠢᠭ ᠬᠡᠷᠡᠭᠯᠡᠭᠡ ᠶᠢᠨ ᠠᠵᠤ ᠠᠬᠤᠢ ᠮᠥᠨ ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠵᠦ ᠂ ᠨᠡᠷ᠎ᠡ ᠴᠤᠤ ᠶᠢ ᠨᠢ ᠮᠠᠨᠳᠤᠭᠤᠯᠵᠤ ᠂ ᠤᠯᠠᠨ ᠤ ᠲᠠᠭᠠᠰᠢᠶᠠᠯ ᠢ ᠣᠯᠬᠤ ᠪᠣᠯ ᠵᠠᠩᠭᠢᠯᠠᠭ᠎ᠠ ᠪᠣᠯᠣᠨ᠎ᠠ ᠃ ᠷᠠᠰᠢᠶᠠᠨ ᠢ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠪᠣᠯᠭᠠᠬᠤ ᠵᠥᠪᠰᠢᠶᠡᠷᠡᠯ ᠣᠯᠬᠤ ᠳᠤ ᠪᠥᠬᠦ ᠬᠦᠴᠦᠨ ᠢᠶᠠᠷ ᠢᠶᠠᠨ ᠴᠢᠷᠮᠠᠶᠢᠵᠤ ᠂ ᠮᠡᠷᠭᠡᠯ ᠭᠤᠣᠯ ᠂ ᠳᠠᠭᠤᠲᠤ ᠨᠠᠭᠤᠷ ᠵᠡᠷᠭᠡ 5A ᠲᠠᠰ ᠤᠨ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ ᠂ ᠴᠡᠯᠡᠭᠡᠷ ᠲᠠᠯ᠎ᠠ ᠂ ᠬᠢᠶ᠎ᠡ ᠪᠠᠭᠰᠢ ᠂ ᠡᠵᠡᠨ᠎ᠡ ᠵᠡᠷᠭᠡ 8 ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠵᠤ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠲᠣᠭᠤᠷᠢᠭ ᠢ ᠪᠣᠢ ᠪᠣᠯᠭᠠᠨ ᠂ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠲᠠᠢ ᠰᠣᠳᠣᠨ ᠵᠢᠭᠤᠯᠴᠢᠯᠠᠯ ᠤᠨ 10 ᠵᠤᠷᠪᠤᠰ ᠵᠠᠮ ᠱᠤᠭᠤᠮ ᠪᠠ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭ ᠲᠠᠢ ᠨᠢᠭᠡ ᠪᠦᠯᠦᠭ ᠲᠣᠰᠬᠤᠨ ᠪᠠᠯᠭᠠᠰᠤ ᠵᠡᠭᠡᠯᠢ ᠭᠤᠳᠤᠮᠵᠢ ᠶᠢ ᠪᠠᠶᠢᠭᠤᠯᠵᠤ ᠂ ᠪᠥᠬᠦ ᠤᠯᠤᠰ ᠤᠨ ᠴᠢᠨᠠᠷᠲᠠᠢ ᠦᠵᠡᠰᠬᠦᠯᠡᠩ ᠴᠤᠭᠯᠠᠭᠠᠨ ᠦᠵᠡᠭᠦᠯᠭᠡ ᠲᠣᠭᠯᠠᠯᠲᠠ ᠶᠢᠨ ᠰᠣᠳᠣᠨ ᠪᠦᠲᠦᠭᠡᠯ ᠢ ᠪᠣᠶ ᠪᠣᠯᠭᠠᠵᠤ ᠂ ᠬᠠᠲᠤᠨ ᠭᠤᠣᠯ ᠤᠨ ᠲᠣᠬᠤᠢ ᠶᠢᠨ ᠰᠣᠶᠣᠯ ᠵᠢᠭᠤᠯᠴᠢᠯᠠᠯ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠡᠷᠬᠢᠯᠡᠨ ᠂ ᠵᠢᠭᠤᠯᠴᠢᠯᠠᠯ ᠤᠨ ᠲᠤᠰᠬᠠᠢ ᠴᠤᠪᠤᠭ᠎ᠠ ᠲᠡᠷᠭᠡ ᠂ ᠵᠢᠭᠤᠯᠴᠢᠯᠠᠯ ᠤᠨ ᠲᠦᠷᠢᠶᠡᠰᠦᠨ ᠨᠢᠰᠬᠡᠯ ᠵᠡᠷᠭᠡ ᠲᠣᠭᠲᠠᠭᠰᠠᠨ ᠪᠠᠷᠢᠮᠵᠢᠶ᠎ᠠ ᠲᠠᠢ ᠦᠢᠯᠡᠴᠢᠯᠡᠬᠦ ᠪᠠ ᠮᠠᠰᠢᠨ ᠲᠡᠷᠭᠡ ᠲᠦᠷᠢᠶᠡᠰᠦᠯᠡᠬᠦ ᠵᠡᠷᠭᠡ ᠲᠤᠬᠠᠢ ᠶᠢᠨ ᠭᠠᠵᠠᠷ ᠢᠶᠠᠷ ᠨᠢ ᠵᠢᠭᠤᠯᠴᠢᠯᠠᠬᠤ ᠳᠤ ᠦᠢᠯᠡᠴᠢᠯᠡᠬᠦ ᠠᠵᠢᠯ ᠢ ᠥᠷᠨᠢᠭᠦᠯᠦᠨ᠎ᠡ ᠃ ᠢᠯᠠᠩᠭᠤᠶ᠎ᠠ ᠨᠠᠶᠢᠷ ᠨᠠᠭᠠᠳᠤᠮ ᠤᠨ ᠠᠵᠢᠯᠯᠠᠭ᠎ᠠ ᠶᠢ ᠬᠥᠷ ᠬᠥᠭᠵᠢᠶᠡᠨ ᠲᠠᠢ ᠥᠷᠨᠢᠭᠦᠯᠵᠦ ᠂ ᠳᠠᠭᠤᠤ ᠪᠥᠵᠢᠭ ᠤᠨ ᠭᠦᠭ ᠠᠶᠠᠰ ᠂ ᠰᠦ ᠮᠢᠬᠠᠨ ᠤ ᠦᠨᠦᠷ ᠠᠮᠲᠠ ᠂ ᠰᠦᠷᠯᠢᠭ ᠰᠠᠶᠢᠬᠠᠨ ᠥᠩᠭᠡ ᠦᠵᠡᠮᠵᠢ ᠪᠠᠷ ᠢᠶᠠᠨ ᠬᠤᠯᠠ ᠣᠶᠢᠷ᠎ᠠ ᠶᠢᠨ ᠵᠢᠭᠤᠯᠴᠢᠯᠠᠭᠴᠢ ᠶᠢ ᠲᠡᠳᠡᠨ ᠠᠪᠴᠢᠷᠠᠵᠤ ᠂ ᠥᠪᠥᠷ ᠮᠣᠩᠭᠤᠯ ᠢᠶᠠᠨ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠳᠤ ᠤᠷᠢᠳ ᠢᠶᠠᠷ ᠢᠷᠡᠬᠦ ᠭᠠᠵᠠᠷ ᠂ ᠬᠡᠭᠡᠷᠡᠯᠡᠨ ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ ᠂ ᠠᠮᠠᠷᠠᠯᠲᠠ ᠪᠠᠷ ᠵᠠᠪᠠᠯ ᠵᠤᠭᠠᠯᠠᠬᠤ ᠭᠠᠵᠠᠷ ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠪᠣᠯᠭᠠᠨ᠎ᠠ ᠃ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠂ ᠣᠷᠣᠨ ᠪᠦᠰᠡ ᠶᠢ ᠵᠣᠬᠢᠴᠠᠭᠤᠯᠬᠤ ᠪᠠ ᠨᠡᠷᠡᠲᠦ ᠲᠡᠮᠳᠡᠭ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠷᠠᠭᠤᠯᠵᠤ ᠪᠠᠶᠢᠭᠠᠳ ᠪᠦᠬᠦ ᠤᠯᠤᠰ ᠲᠤ ᠠᠯᠳᠠᠷᠰᠢᠭᠰᠠᠨ ᠂ ᠵᠠᠬ᠎ᠠ ᠳᠡᠯᠭᠡᠭᠦᠷ ᠲᠤ ᠲᠣᠭᠲᠠᠵᠤ ᠳᠡᠶᠢᠯᠬᠦ ᠬᠡᠳᠦᠨ ᠦᠵᠡᠮᠵᠢ ᠶᠢᠨ ᠣᠷᠣᠨ ᠢ ᠲᠥᠪᠯᠡᠷᠡᠭᠦᠯᠦᠨ ᠪᠠᠶᠢᠭᠤᠯᠵᠤ ᠂ ᠬᠠᠮᠤᠭ ᠤᠨ ᠭᠤᠶᠤ ᠲᠠᠯ᠎ᠠ ᠨᠤᠲᠤᠭ ᠤᠢ ᠰᠢᠭᠤᠢ ᠂ ᠨᠡᠯᠦᠭᠡᠷ ᠶᠡᠭᠡ ᠡᠯᠡᠰᠦ ᠮᠠᠩᠬ᠎ᠠ ᠂ ᠰᠤᠨᠤᠯᠵᠠᠬᠤ ᠭᠤᠣᠯ ᠲᠤᠨᠤᠯᠵᠠᠬᠤ ᠨᠠᠭᠤᠷ ᠂ ᠮᠥᠰᠥᠲᠦ ᠳᠡᠯᠡᠬᠡᠢ ᠴᠠᠰᠤᠲᠤ ᠶᠢᠷᠲᠢᠨᠴᠦ ᠪᠠᠷ ᠢᠶᠠᠨ ᠡᠯᠳᠡᠪ ᠵᠦᠢᠯ ᠤᠨ ᠦᠢᠯᠡᠳᠬᠦᠨ ᠪᠠ ᠰᠣᠳᠣᠨ ᠪᠦᠲᠦᠭᠡᠭᠳᠡᠬᠦᠨ ᠵᠣᠬᠢᠶᠠᠨ ᠦᠢᠯᠡᠳᠴᠦ ᠂ ᠰᠣᠶᠣᠯ ᠵᠢᠭᠤᠯᠴᠢᠯᠠᠯ ᠠᠭᠤᠰᠤᠯᠴᠠᠭᠰᠠᠨ ᠦᠵᠡᠮᠦᠷᠢ ᠲᠠᠢ ᠂ ᠨᠡᠷ᠎ᠡ ᠴᠤᠤ ᠲᠠᠢ ᠂ ᠬᠤᠳᠠᠯᠳᠤᠨ ᠠᠪᠬᠤ ᠳᠤᠷᠠᠰᠢᠯ ᠲᠠᠢ ᠪᠣᠯᠬᠤ ᠵᠦᠢᠯ ᠢ ᠮᠠᠰᠢ ᠤᠯᠠᠨ ᠵᠣᠬᠢᠶᠠᠨ ᠭᠠᠷᠭᠠᠵᠤ ᠂ ᠵᠡᠭᠦᠨ ᠦᠵᠦᠭᠦᠷ ᠠᠴᠠ ᠪᠠᠷᠠᠭᠤᠨ ᠵᠠᠬ᠎ᠠ ᠬᠦᠷᠲᠡᠯᠡᠬᠢ ᠪᠦᠬᠦ ᠣᠷᠣᠨ ᠪᠦᠰᠡ ᠪᠠᠷ ᠵᠢᠭᠤᠯᠴᠢᠯᠠᠵᠤ ᠪᠣᠯᠬᠤ ᠂ ᠳᠦᠷᠪᠡᠨ ᠤᠯᠠᠷᠢᠯ ᠢᠯᠭᠠᠯ ᠦᠭᠡᠢ ᠪᠦᠬᠦ ᠵᠢᠯ ᠢᠶᠠᠷ ᠨᠢ ᠬᠥᠭᠵᠢᠶᠡᠨ ᠲᠠᠢ ᠪᠣᠯᠭᠠᠨ᠎ᠠ ᠃
︵ᠬᠤᠶᠠᠷ︶ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠡᠳᠦᠪ ᠢ ᠪᠠᠲᠤ ᠡᠵᠡᠮᠳᠡᠵᠦ ᠂ ᠪᠦᠲᠦᠴᠡ ᠶᠢ ᠲᠣᠬᠢᠷᠠᠭᠤᠯᠬᠤ ᠂ ᠴᠢᠳᠠᠮᠵᠢ ᠶᠢ ᠬᠤᠪᠢᠷᠠᠭᠤᠯᠬᠤ ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ ᠃ ︽ᠬᠤᠶᠠᠷ ᠰᠠᠭᠤᠷᠢᠨ ᠭᠠᠵᠠᠷ︾ ᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠂ ᠤᠯᠠᠮᠵᠢᠯᠠᠯᠲᠤ ᠠᠵᠤ ᠦᠢᠯᠡᠰ ᠢ ᠲᠤᠶᠢᠯᠪᠤᠷᠢᠲᠠᠢ ᠥᠭᠡᠷᠡᠴᠢᠯᠡᠵᠦ ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ ᠂ ᠲᠤᠯᠭᠠᠭᠤᠷᠢ ᠠᠵᠤ ᠦᠢᠯᠡᠰ ᠤᠨ ᠬᠡᠯᠬᠢᠶᠡᠵᠢᠨ ᠪᠥᠭᠡᠮᠨᠡᠷᠡᠬᠦ ᠶᠢ ᠠᠬᠢᠭᠤᠯᠤᠨ᠎ᠠ ᠃
ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠬᠦ ᠂ ᠠᠵᠤ ᠦᠢᠯᠡᠰᠵᠢᠬᠦ ᠂ ᠲᠥᠷᠥᠯ ᠲᠡᠮᠳᠡᠭᠵᠢᠬᠦ ᠶᠢ ᠲᠦᠷᠭᠡᠳᠬᠡᠨ ᠠᠬᠢᠭᠤᠯᠤᠨ᠎ᠠ ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠮᠣ ᠣᠷᠣᠨ ᠪᠠᠶᠢᠭᠰᠠᠨ ᠢᠶᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠬᠠᠷᠠᠯᠲᠠ ᠳᠤ ᠬᠠᠨᠳᠤᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠨᠡᠮᠡᠯᠲᠡ ᠥᠷᠲᠡᠭ ᠢ ᠳᠡᠭᠡᠭᠰᠢᠯᠡᠭᠦᠯᠬᠦ ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠲᠠᠯ᠎ᠠ ᠪᠠᠷ ᠭᠤᠣᠯᠳᠠᠯᠭ᠎ᠠ ᠲᠠᠢ ᠬᠦᠴᠦᠯᠡᠨ᠎ᠡ ᠃ ᠡᠨᠡ ᠵᠢᠯ ᠲᠦᠷᠪᠡᠨ ᠵᠦᠢᠯ ᠤᠨ ᠠᠵᠢᠯ ᠢ ᠰᠠᠶᠢᠲᠤᠷ ᠠᠳᠬᠤᠨ᠎ᠠ ᠃ ᠨᠢᠭᠡ ᠳᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠵᠤ ᠂ ᠠᠮᠤ ᠪᠤᠳᠠᠭ᠎ᠠ ᠂ ᠮᠠᠯ ᠲᠡᠵᠢᠭᠡᠪᠦᠷᠢ ᠶᠢᠨ ᠤᠨᠠᠯᠲᠠ ᠥᠰᠦᠯᠲᠡ ᠶᠢ ᠲᠣᠭᠲᠠᠭᠤᠨ ᠪᠠᠶᠢᠯᠭᠠᠨ᠎ᠠ ᠂ ᠪᠤᠷᠴᠠᠭ ᠂ ᠰᠦ ᠂ ᠮᠢᠬ᠎ᠠ ᠶᠢᠨ ᠣᠨᠠᠯᠲᠠ ᠭᠠᠷᠤᠯᠲᠠ ᠶᠢ ᠨᠡᠮᠡᠭᠳᠡᠭᠦᠯᠦᠨ ᠂ ᠠᠮᠤ ᠪᠤᠳᠠᠭᠠᠨ ᠤ ᠤᠨᠠᠯᠲᠠ ᠶᠢ 780 ᠳ᠋ᠦᠩᠰᠢᠭᠤᠷ ᠵᠢᠩ ᠣᠷᠴᠢᠮ ᠳᠤ ᠲᠣᠭᠲᠠᠪᠤᠷᠢᠵᠢᠭᠤᠯᠤᠨ ᠂ ᠦᠨᠢᠶᠡᠨ ᠰᠦ ᠶᠢᠨ ᠭᠠᠷᠤᠯᠲᠠ ᠶᠢ 785 ᠲᠦᠮᠡᠨ ᠲᠣᠨ ᠬᠦᠷᠲᠡᠯ᠎ᠡ ᠳᠡᠭᠡᠭᠰᠢᠯᠡᠭᠦᠯᠵᠦ ᠂ ᠮᠢᠬᠠᠨ ᠤ ᠵᠦᠢᠯ ᠤᠨ ᠭᠠᠷᠤᠯᠲᠠ ᠶᠢ 300 ᠲᠦᠮᠡᠨ ᠲᠣᠨ ᠬᠦᠷᠲᠡᠯ᠎ᠡ ᠨᠡᠮᠡᠭᠳᠡᠭᠦᠯᠦᠨ ᠂ ︽ᠳᠤᠮᠳᠠᠳᠤ ᠤᠯᠤᠰ ᠤᠨ ᠪᠤᠳᠠᠭᠠᠨ ᠠᠶᠠᠭᠠᠨ︾ ᠳᠤ ᠠᠮᠤ ᠪᠤᠳᠠᠭ᠎ᠠ ᠢᠯᠡᠭᠦᠬᠡᠨ ᠰᠠᠪᠠᠯᠠᠵᠤ ᠂ ᠠᠮᠲᠠ ᠰᠢᠮᠲᠡ ᠲᠠᠢ ᠪᠤᠳᠠᠭ᠎ᠠ ᠂ ᠰᠦ ᠂ ᠮᠢᠬ᠎ᠠ ᠳᠦᠭᠦᠷᠡᠩ ᠰᠠᠪᠠᠯᠠᠨ᠎ᠠ ᠃ ᠬᠤᠶᠠᠷ ᠲᠤ ᠰᠠᠭᠤᠷᠢ ᠪᠠᠨ ᠪᠠᠬᠢᠵᠢᠭᠦᠯᠵᠦ ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠨ᠎ᠠ ᠂ ᠠᠮᠢᠲᠠᠨ ᠤᠷᠭᠤᠮᠠᠯ ᠤᠨ ᠭᠡᠮ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠬᠢᠩᠭᠠᠨ ᠠᠶᠢᠮᠠᠭ ᠲᠠᠬᠢ ᠤᠯᠤᠰ ᠤᠨ ᠳᠡᠰ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠲᠣᠭᠤᠷᠢᠭ ᠢ ᠪᠦᠲᠦᠭᠡᠨ ᠪᠠᠶᠢᠭᠤᠯᠬᠤ ᠂ ᠪᠠᠶᠠᠨᠨᠠᠭᠤᠷ ᠤᠨ ᠪᠦᠭᠦ ᠣᠷᠣᠨ ᠪᠦᠰᠡ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠶᠢᠭᠤᠯᠬᠤ ᠶᠢ ᠲᠡᠮᠵᠢᠵᠣ ᠂ ᠪᠦᠭᠦ ᠣᠷᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 395 ᠲᠦᠮᠡᠨ ᠮᠦ ᠰᠢᠨ᠎ᠡ ᠪᠠᠷ ᠪᠠᠶᠢᠭᠤᠯᠵᠤ ᠂ ᠴᠢᠨᠠᠷ ᠰᠠᠶᠢᠲᠠᠢ ᠲᠡᠵᠢᠭᠡᠯ ᠡᠪᠡᠰᠦ ᠶᠢ 300 ᠲᠦᠮᠡᠨ ᠮᠦ ᠲᠠᠷᠢᠵᠤ ᠂ ᠪᠡᠯᠡᠳᠭᠡᠮᠵᠢᠲᠦ ᠲᠠᠷᠢᠶᠠᠯᠠᠩ ᠢ 20 ᠲᠦᠮᠡᠨ ᠮᠦ ᠰᠢᠨ᠎ᠡ ᠪᠠᠷ ᠨᠡᠮᠡᠭᠳᠡᠭᠦᠯᠵᠦ ᠂ ᠰᠠᠭᠠᠯᠢ ᠶᠢᠨ ᠦᠨᠢᠶᠡᠨ ᠤ ᠬᠡᠪᠴᠢᠶᠡᠵᠢᠭᠦᠯᠦᠨ ᠲᠡᠵᠢᠭᠡᠵᠦ ᠦᠷᠡᠵᠢᠭᠦᠯᠬᠦ ᠲᠠᠯᠠᠪᠠᠢ ᠶᠢ 58 ᠪᠠᠶᠢᠭᠤᠯᠵᠤ ᠂ ᠠᠯᠠᠰᠢᠨ ᠦᠬᠡᠷ ᠬᠤᠨᠢ ᠲᠡᠵᠢᠭᠡᠨ ᠦᠷᠡᠵᠢᠭᠦᠯᠬᠦ ᠪᠠᠷᠢᠮᠵᠢᠶᠠᠵᠢᠭᠰᠠᠨ ᠵᠢᠱᠢᠶ᠎ᠡ ᠦᠵᠡᠭᠦᠯᠬᠦ ᠲᠠᠯᠠᠪᠠᠢ ᠶᠢ 800 ᠡᠷᠦᠬᠡ ᠡᠭᠦᠳᠦᠨ ᠪᠠᠶᠢᠭᠤᠯᠵᠤ ᠂ ᠮᠦ ᠪᠦᠷᠢ ᠶᠢᠨ ᠤᠨᠠᠯᠲᠠ ᠶᠢ ᠳᠡᠭᠡᠭᠰᠢᠯᠡᠭᠦᠯᠬᠦ ᠪᠠ ᠦᠷ᠎ᠡ ᠠᠰᠢᠭ ᠢ ᠲᠡᠭᠡᠭᠰᠢᠯᠡᠬᠦᠯᠬᠦ ᠪᠠᠷ ᠬᠦᠴᠦᠯᠡᠨ᠎ᠡ ᠃ ᠭᠤᠷᠪᠠ ᠳᠤ ᠂ ᠠᠵᠤ ᠠᠬᠤᠶᠢᠯᠠᠯ ᠢ ᠪᠣᠶᠢᠵᠢᠭᠤᠯᠵᠤ ᠬᠡᠯᠬᠢᠶ᠎ᠡ ᠶᠢ ᠨᠢ ᠤᠷᠲᠤᠳᠬᠠᠵᠤ ᠂ ᠲᠠᠷᠢᠶᠠᠯᠠᠩ ᠮᠠᠯ ᠠᠵᠤ ᠠᠬᠤᠢ ᠶᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠦᠯᠦᠨ ᠡᠵᠡᠩᠨᠡᠭᠦᠯᠬᠦ ᠶᠢ ᠠᠬᠢᠭᠤᠯᠤᠨ᠎ᠠ ᠂ ᠠᠷᠭ᠎ᠠ ᠪᠦᠬᠦᠨ ᠢ ᠰᠦᠪᠡᠭᠴᠢᠯᠡᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠵᠤ ᠂ ᠢᠯᠢ ᠂ ᠮᠧᠩ ᠨᠢᠦ ᠮᠡᠲᠦ ᠶᠢᠨ ᠲᠣᠮᠣ ᠠᠵᠤ ᠠᠬᠤᠶᠢᠯᠠᠯ ᠢ ︽ᠰᠦ ᠰᠠᠭᠠᠯᠢ ᠶᠢᠨ ᠬᠤᠶᠠᠷ ᠲᠤᠯᠭᠠᠭᠤᠷᠢ ᠬᠦᠴᠦᠨ︾ ᠪᠣᠯᠭᠠᠨ ᠳᠡᠮᠵᠢᠬᠦ ᠪᠠᠷ ᠪᠠᠷᠠᠬᠤ ᠦᠭᠡᠢ ᠂ ᠪᠠᠰᠠ ᠤᠯᠠᠮ ᠤᠯᠠᠨ ᠴᠠᠭᠠᠨ ᠢᠳᠡᠭᠡᠨ ᠤ ᠠᠵᠤ ᠠᠬᠤᠶᠢᠯᠠᠯ ᠂ ᠤᠯᠠᠭᠠᠨ ᠢᠳᠡᠭᠡᠨ ᠤ ᠠᠵᠤ ᠠᠬᠤᠶᠢᠯᠠᠯ ᠂ ᠲᠥᠮᠥᠰᠥᠨ ᠤ ᠠᠵᠤ ᠠᠬᠤᠶᠢᠯᠠᠯ ᠂ ᠨᠣᠣᠯᠣᠭᠤᠷ ᠤᠨ ᠠᠵᠤ ᠠᠬᠤᠶᠢᠯᠠᠯ ᠢ ᠳᠡᠮᠵᠢᠵᠦ ᠪᠠᠶᠢᠭᠠᠳ ᠥᠷᠭᠡᠨ ᠲᠡᠨᠢᠭᠡᠷ ᠲᠠᠯ᠎ᠠ ᠨᠤᠲᠤᠭ ᠲᠤ ᠪᠠᠨ ︽ᠥᠩᠭᠡ ᠪᠦᠷᠢ ᠶᠢᠨ ᠴᠡᠴᠡᠭ ᠵᠡᠷᠭᠡ ᠪᠠᠷ ᠳᠡᠯᠭᠡᠷᠡᠭᠰᠡᠨ︾ ᠪᠠᠶᠢᠳᠠᠯ ᠢ ᠪᠣᠢ ᠪᠣᠯᠭᠠᠨ᠎ᠠ ᠂ ᠴᠠᠭᠠᠨ ᠢᠳᠡᠭᠡ ᠤᠯᠠᠭᠠᠨ ᠢᠳᠡᠭᠡ ᠲᠥᠮᠥᠰᠥ ᠨᠣᠣᠯᠣᠭᠤᠷ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠲᠡᠰ ᠤᠨ ᠠᠵᠤ ᠦᠢᠯᠡᠰ ᠢ ᠨᠠᠷᠢᠯᠢᠭᠵᠢᠭᠤᠯᠤᠨ ᠬᠦᠴᠦᠷᠬᠡᠭᠵᠢᠭᠦᠯᠦᠨ᠎ᠡ ᠃ ᠳᠥᠷᠪᠡ ᠳᠤ ᠨᠠᠷᠠᠲᠤ ᠲᠡᠮᠳᠡᠭ ᠤᠳ ᠢ ᠪᠣᠢ ᠪᠣᠯᠭᠠᠨ᠎ᠠ ᠂ ︽ᠥᠪᠥᠷ ᠮᠣᠩᠭᠤᠯ︾ ᠨᠡᠷᠡᠮᠵᠢᠲᠦ ᠨᠡᠷᠡᠳᠣ ᠲᠡᠮᠳᠡᠭ ᠢ ᠪᠣᠢ ᠪᠣᠯᠭᠠᠵᠣ ᠂ ᠨᠡᠩ ᠣᠯᠠᠨ ᠰᠠᠶᠢᠨ ᠦᠢᠯᠡᠳᠬᠦᠨ ᠢ ᠰᠠᠶᠢᠨ ᠨᠡᠷᠡᠳᠣ ᠲᠡᠮᠳᠡᠭ ᠪᠣᠯᠭᠠᠨ ᠂ ᠨᠡᠷ᠎ᠡ ᠴᠣᠣ ᠶᠢ ᠨᠢ ᠮᠠᠨᠳᠤᠭᠤᠯᠵᠤ ᠂ ᠶᠡᠭᠡ ᠵᠠᠬ᠎ᠠ ᠳᠡᠯᠭᠡᠭᠦᠷ ᠢ ᠡᠵᠡᠯᠡᠭᠦᠯᠵᠦ ᠪᠠᠶᠢᠭᠠᠳ ︽ᠥᠷᠭᠡᠨ ᠲᠡᠨᠢᠭᠡᠷ ᠲᠠᠯ᠎ᠠ ᠨᠤᠲᠤᠭ ᠂ ᠥᠩ ᠰᠢᠮᠡᠯᠢᠭ ᠮᠠᠯᠵᠢᠯ ᠤᠨ ᠲᠠᠯᠠᠪᠠᠶ ᠂ ᠠᠮᠢ ᠠᠬᠤᠢ ᠶᠢᠨ ᠥᠪᠥᠷ ᠮᠣᠩᠭᠤᠯ ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ︾ ᠢᠶᠠᠨ ᠤᠯᠠᠮ ᠠᠴᠠ ᠤᠯᠠᠮ ᠠᠯᠳᠠᠷᠰᠢᠭᠤᠯᠤᠨ ᠴᠤᠤᠷᠢᠶᠠᠲᠤᠭᠤᠯᠤᠨ᠎ᠠ ᠃
ᠡᠨᠧᠷᠭᠢ ᠶᠢᠨ ᠠᠵᠤ ᠠᠬᠤᠢ ᠶᠢᠨ ᠤᠯᠠᠨ ᠡᠰᠢᠵᠢᠬᠦ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠳᠡᠭᠡᠳᠦ ᠲᠡᠰᠵᠢᠬᠦ ᠶᠢ ᠲᠦᠷᠭᠡᠳᠬᠡᠨ ᠠᠬᠢᠭᠤᠯᠤᠨ᠎ᠠ ᠃ ᠡᠨᠧᠷᠭᠢ ᠶᠢᠨ ᠠᠵᠤ ᠦᠢᠯᠡᠰ ᠪᠣᠯ ᠮᠠᠨ ᠤ ᠣᠷᠣᠨ ᠤ ᠲᠦᠰᠢᠭ ᠲᠤᠯᠭᠠᠭᠤᠷᠢ ᠠᠵᠤ ᠦᠢᠯᠡᠰ ᠪᠣᠯᠣᠨ᠎ᠠ ᠂ ᠪᠠᠰᠠ ᠴᠤ ᠭᠤᠣᠯᠯᠠᠬᠤ ᠠᠵᠤ ᠦᠢᠯᠡᠰ ᠮᠥᠨ ᠂ ᠡᠶᠢᠮᠦ ᠠᠴᠠ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠴᠠ ᠪᠢᠰᠢ ᠂ ᠪᠠᠭᠠᠰᠬᠠᠵᠤ ᠬᠠᠶᠠᠭᠳᠠᠭᠤᠯᠵᠤ ᠪᠣᠯᠬᠤ ᠦᠭᠡᠢ ᠃ ᠤᠯᠠᠮᠵᠢᠯᠠᠯᠲᠤ ᠡᠨᠧᠷᠭᠢ ᠪᠠ ᠨᠡᠭᠦᠷᠡᠰᠦᠨ ᠳᠤ ᠰᠠᠭᠤᠷᠢᠯᠠᠭᠰᠠᠨ ᠠᠵᠤ ᠦᠢᠯᠡᠰ ᠤᠨ ᠰᠢᠨ᠎ᠡ ᠪᠠᠷ ᠬᠥᠭᠵᠢᠵᠦ ᠳᠡᠭᠵᠢᠷᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠃ ᠮᠠᠨ ᠤ ᠣᠷᠣᠨ ᠤ ᠨᠡᠭᠦᠷᠡᠰᠦᠨ ᠤ ᠭᠠᠷᠤᠯᠲᠠ ᠪᠠᠷᠤᠭ ᠪᠦᠬᠦ ᠤᠯᠤᠰ ᠤᠨ 1/4 ᠂ ᠪᠦᠬᠦ ᠪᠥᠮᠪᠥᠷᠴᠡᠭ ᠤᠨ 1/8 ᠶᠢ ᠡᠵᠡᠯᠡᠵᠦ ᠪᠠᠶᠢᠨ᠎ᠠ ᠂ ᠬᠡᠷᠪᠡ ᠨᠢᠭᠡ ᠯᠡ ᠬᠥᠭ ᠢᠶᠠᠷ ᠭᠠᠷᠤᠯᠲᠠ ᠶᠢ ᠬᠥᠭᠡᠭᠡᠴᠡᠯᠳᠦᠭᠡᠳ ᠠᠵᠤ ᠦᠢᠯᠡᠰ ᠤᠨ ᠲᠠᠯ᠎ᠠ ᠶᠢ ᠣᠮᠲᠣᠭᠠᠶᠢᠯᠠᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠦᠭᠡᠢ ᠂ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠬᠦ ᠦᠭᠡᠢ ᠶᠤᠮ ᠪᠣᠯ ︽ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ︾ ᠪᠠᠶᠢᠳᠠᠯ ᠢ ᠲᠡᠶᠢᠮᠦ ᠠᠮᠠᠷᠬᠠᠨ ᠢᠶᠠᠷ ᠬᠤᠪᠢᠷᠠᠭᠤᠯᠵᠤ ᠴᠢᠳᠠᠬᠤ ᠦᠭᠡᠢ ᠶᠤᠮ ᠂ ᠨᠡᠭᠦᠷᠡᠰᠦ ᠂ ᠰᠢᠲᠠᠭᠠᠮᠠᠯ ᠬᠡᠢ ᠵᠡᠷᠭᠡ ᠭᠠᠵᠠᠷ ᠳᠣᠣᠷᠠᠬᠢ ᠡᠷᠳᠡᠨᠢᠰ ᠢ ᠮᠠᠯᠲᠠᠵᠤ ᠭᠠᠷᠭᠠᠮᠠᠭᠴᠠ ᠪᠠᠨ ᠬᠤᠳᠠᠯᠳᠤᠨ ᠶᠠᠪᠤᠭᠤᠯᠵᠤ ᠪᠤᠯᠬᠤ ᠦᠭᠡᠢ ᠂ ᠡᠷᠬᠡᠪᠰᠢ ᠥᠪᠥᠷ ᠮᠣᠩᠭᠤᠯ ᠳᠤ ᠪᠠᠨ ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠬᠡᠷᠡᠭᠲᠡᠢ ᠃ ︽ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ ᠳᠤ ᠬᠠᠨᠳᠤᠭᠤᠯᠤᠨ ᠂ ᠣᠷᠳᠣᠰ ᠤᠨ ᠣᠳᠣᠬᠢᠴᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠬᠦᠯᠬᠦ ᠲᠣᠭᠤᠷᠢᠭ ᠪᠠᠶᠢᠭᠤᠯᠬᠤ ᠶᠢ ᠲᠡᠮᠵᠢᠵᠦ ᠂ ᠨᠢᠭᠡ ᠪᠦᠯᠦᠭ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠲᠦᠷᠭᠡᠨ ᠪᠠᠶᠢᠷᠢᠰᠢᠭᠤᠯᠬᠤ ᠪᠠᠷ ᠪᠠᠷᠠᠬᠤ ᠦᠭᠡᠢ ᠂ ᠪᠠᠰᠠ ᠨᠡᠭᠦᠷᠡᠰᠦᠨ ᠬᠡᠦᠷᠡᠰᠦ ᠂ ᠾᠯᠣᠷᠲᠤ ᠱᠦᠯᠲᠦ ᠂ ᠹᠯᠣᠷᠲᠤ ᠴᠠᠬᠢᠭᠤᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠤᠷᠲᠤᠳᠬᠠᠨ ᠠᠭᠤᠰᠤᠯᠴᠠᠭᠤᠯᠬᠤ ᠶᠢ ᠠᠬᠢᠭᠤᠯᠵᠤ ᠂ ᠲᠤᠯᠭᠠᠭᠤᠷᠢ ᠬᠦᠴᠦᠨ ᠪᠣᠯᠤᠭᠰᠠᠨ ᠲᠣᠮᠣ ᠲᠦᠷᠦᠯ ᠵᠦᠢᠯ ᠪᠠ ᠤᠷᠲᠤᠳᠬᠠᠵᠤ ᠨᠠᠷᠢᠯᠢᠭ ᠬᠤᠪᠢᠶᠠᠭᠰᠠᠨ ᠰᠠᠶᠢᠨ ᠲᠦᠷᠦᠯ ᠵᠦᠢᠯ ᠳᠤ ᠲᠦᠰᠢᠭᠯᠡᠨ ᠤᠯᠠᠷᠢᠭᠤᠯᠵᠤ ᠦᠷᠳᠡᠭ ᠢ ᠨᠢ ᠨᠡᠮᠡᠭᠳᠡᠭᠦᠯᠬᠦ ᠰᠢᠨ᠎ᠡ ᠪᠠᠶᠢᠳᠠᠯ ᠢ ᠪᠣᠢ ᠪᠣᠯᠭᠠᠨ᠎ᠠ ᠃ ᠨᠡᠭᠦᠷᠡᠰᠦ ᠶᠢ ᠴᠡᠪᠡᠷᠰᠢᠭᠦᠯᠦᠨ ᠥᠨᠳᠥᠷ ᠦᠷ᠎ᠡ ᠠᠰᠢᠭᠲᠠᠢ ᠪᠠᠷ ᠠᠰᠢᠭᠯᠠᠬᠤ ᠶᠢ ᠴᠢᠩᠭᠠᠳᠬᠠᠵᠤ ᠂ ᠨᠡᠭᠦᠷᠡᠰᠦ ᠴᠠᠬᠢᠯᠭᠠᠨ ᠤ ᠮᠠᠰᠢᠨ ᠪᠦᠯᠦᠭ ᠤᠨ ︽ᠭᠤᠷᠪᠠ ᠶᠢ ᠥᠭᠡᠷᠡᠴᠢᠯᠡᠨ ᠰᠢᠨᠡᠳᠬᠡᠬᠦ ᠪᠠᠨ ᠬᠤᠯᠪᠤᠭᠠᠯᠠᠨ ᠬᠥᠳᠡᠯᠦᠯᠴᠡᠭᠦᠯᠬᠦ︾ ᠶᠢ ᠪᠥᠬᠦ ᠲᠠᠯ᠎ᠠ ᠪᠠᠷ ᠬᠡᠷᠡᠭᠵᠢᠭᠦᠯᠵᠦ ᠂ ᠬᠤᠴᠤᠷᠤᠩᠭᠤᠢ ᠮᠠᠰᠢᠨ ᠪᠦᠯᠦᠭ ᠢ ᠰᠢᠭᠰᠢᠭᠳᠡᠭᠦᠯᠵᠦ ᠪᠠᠶᠢᠭᠰᠠᠨ ᠢᠶᠠᠨ ᠪᠠᠴᠢᠮ ᠪᠠᠶᠢᠳᠠᠯ ᠢ ᠠᠷᠭᠠᠴᠠᠭᠠᠬᠤ ᠪᠠ ᠬᠡᠷᠡᠭᠯᠡᠬᠦ ᠬᠡᠮᠵᠢᠶᠡᠨ ᠤ ᠴᠠᠭ ᠬᠤᠪᠢᠶᠠᠷᠢ ᠶᠢ ᠲᠣᠬᠢᠷᠠᠭᠤᠯᠬᠤ ᠮᠠᠰᠢᠨ ᠪᠦᠯᠦᠭ ᠪᠣᠯᠭᠠᠨ ᠬᠤᠪᠢᠷᠠᠭᠤᠯᠵᠤ ᠂ ᠤᠯᠠᠮᠵᠢᠯᠠᠯᠲᠤ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ ᠶᠢ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠣᠶᠤᠨᠯᠢᠭ ᠴᠠᠬᠢᠯᠭᠠᠨ ᠤ ᠦᠢᠯᠡᠳᠪᠦᠷᠢ ᠪᠣᠯᠭᠠᠨ ᠬᠤᠪᠢᠷᠠᠭᠤᠯᠤᠨ᠎ᠠ ᠃ ᠨᠡᠭᠦᠷᠡᠰᠦᠨ ᠤ ᠬᠠᠷᠢᠮᠠᠬᠠᠢ ᠴᠢᠨᠠᠷᠲᠠᠢ ᠦᠢᠯᠡᠳᠪᠦᠷᠢᠯᠡᠬᠦ ᠴᠢᠳᠠᠮᠵᠢ ᠪᠠ ᠪᠠᠴᠢᠮ ᠪᠠᠶᠢᠳᠠᠯ ᠢ ᠠᠷᠭᠠᠴᠠᠭᠠᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ ᠂ ᠰᠢᠲᠠᠭᠠᠮᠠᠯ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠬᠦ ᠪᠠ ᠨᠡᠮᠡᠵᠦ ᠨᠥᠭᠡᠴᠡᠯᠡᠨ ᠭᠠᠷᠤᠯᠲᠠ ᠶᠢ ᠨᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ ᠂ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠮᠤᠷ ᠲᠦᠪᠰᠢᠨ ᠪᠥᠭᠡᠳ ᠪᠣᠬᠢᠷᠲᠤᠯ ᠦᠭᠡᠢ ᠪᠠᠷ ᠡᠮᠬᠢ ᠵᠢᠷᠤᠮ ᠲᠠᠢ ᠨᠡᠭᠡᠭᠡᠬᠦ ᠶᠢ ᠠᠬᠢᠭᠤᠯᠤᠨ᠎ᠠ ᠃ ᠰᠢᠨ᠎ᠡ ᠡᠨᠧᠷᠭᠢ ᠶᠢ ᠲᠦᠷᠭᠡᠬᠡᠨ ᠨᠡᠭᠡᠭᠡᠨ ᠬᠥᠭᠵᠢᠭᠦᠯᠬᠦ ᠪᠠ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠤᠨ᠎ᠠ ᠃ ᠣᠳᠣᠬᠢ ᠱᠠᠲᠤᠨ ᠳᠤ ᠰᠢᠨ᠎ᠡ ᠡᠨᠧᠷᠭᠢ ᠶᠢᠨ ᠬᠥᠭᠵᠢᠯᠲᠡ ᠨᠢᠭᠡᠨ ᠲᠡᠦᠬᠡᠲᠦ ᠴᠢᠨᠠᠷᠲᠠᠢ ᠱᠠᠲᠤᠨ ᠳᠤ ᠣᠷᠣᠭᠰᠠᠨ ᠪᠠᠶᠢᠨ᠎ᠠ ᠂ ᠡᠷᠬᠡᠪᠰᠢ ᠰᠢᠨ᠎ᠡ ᠬᠥᠭᠵᠢᠯᠲᠡ ᠶᠢᠨ ᠣᠨᠣᠯᠵᠢᠬᠤᠨ ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠣᠰᠣᠭᠠᠷ ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠠᠳᠬᠤᠵᠤ ᠂ ᠨᠦᠬᠦᠭᠡ ᠲᠠᠯ᠎ᠠ ᠪᠠᠷ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠬᠥᠭᠵᠢᠯᠲᠡ ᠶᠢ ᠠᠳᠬᠤᠨ᠎ᠠ ᠃ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠪᠠᠨ ᠳᠠᠶᠢᠴᠢᠯᠠᠬᠤ ᠶᠢ ᠪᠠᠷᠢᠮᠲᠠᠯᠠᠵᠤ ᠂ ︽ᠬᠤᠶᠠᠷ ᠢ ᠤᠷᠢᠳ ᠢᠶᠠᠷ ᠴᠣᠭᠴᠠᠯᠠᠬᠤ︾ ᠂ ︽ᠬᠤᠶᠠᠷ ᠢ ᠳᠠᠪᠠᠭᠤᠯᠬᠤ︾ ᠬᠠᠷᠠᠯᠲᠠ ᠳᠤ ᠴᠢᠭᠯᠡᠭᠦᠯᠦᠨ ᠂ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠪᠣᠯᠣᠨ ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠥᠭᠡᠴᠡ ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠡᠷᠭᠡ ᠠᠬᠤᠢ ᠲᠠᠯᠠᠪᠠᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ 2500 ᠲᠦᠮᠡᠨ ᠬᠢᠯᠦᠸᠠᠲ ᠠᠴᠠ ᠳᠡᠭᠡᠭᠰᠢᠬᠢ ᠮᠠᠰᠢᠨ ᠴᠣᠭᠴᠠᠯᠠᠪᠤᠷᠢ ᠶᠢ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ ᠪᠠᠷ ᠴᠢᠷᠮᠠᠶᠢᠵᠤ ᠂ ᠠᠬᠤᠢ ᠲᠠᠯᠠᠪᠠᠢ ᠶᠢᠨ ᠬᠡᠷᠡᠭᠯᠡᠭᠡᠨ ᠤ ᠬᠡᠪᠴᠢᠶ᠎ᠡ ᠶᠢ 1000 ᠲᠦᠮᠡᠨ ᠺᠢᠯᠣᠸᠠᠲ ᠠᠴᠠ ᠳᠡᠭᠡᠭᠰᠢ ᠥᠷᠭᠡᠳᠬᠡᠵᠦ ᠪᠠᠶᠢᠭᠤᠯᠤᠨ᠎ᠠ ᠃ ᠰᠠᠯᠬᠢ ᠭᠡᠷᠡᠯ ᠤᠰᠤᠲᠥ᠋ᠷᠥᠭᠴᠢ ᠨᠥᠭᠡᠴᠡ ᠡᠨᠧᠷᠬᠢ ᠶᠢᠨ ᠠᠵᠤ ᠦᠢᠯᠡᠰ ᠤᠨ ᠪᠦᠯᠦᠭᠵᠢᠯ ᠪᠠ ᠬᠥᠬᠡᠬᠤᠲᠠ ᠪᠤᠭᠤᠲᠤ ᠣᠷᠳᠣᠰ ᠲᠦᠩᠯᠢᠶᠣᠣ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠲᠥᠪᠯᠡᠷᠡᠭᠦᠯᠦᠨ ᠪᠠᠶᠢᠭᠤᠯᠵᠤ ᠂ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠳᠠᠬᠢᠨᠲᠠ ᠪᠠᠶᠢᠭᠤᠯᠬᠤ ᠪᠠᠷ ᠴᠢᠷᠮᠠᠶᠢᠨ᠎ᠠ ᠃
ᠦᠢᠯᠡᠳᠬᠦ ᠦᠢᠯᠡᠰ ᠤᠨ ᠳᠡᠭᠡᠳᠦ ᠲᠡᠰᠵᠢᠬᠦ ᠂ ᠣᠶᠤᠨᠴᠢᠯᠠᠬᠤ ᠂ ᠪᠣᠬᠢᠷᠲᠤᠯ ᠦᠭᠡᠢ ᠪᠣᠯᠭᠠᠬᠤ ᠶᠢ ᠲᠦᠷᠭᠡᠳᠬᠡᠨ ᠠᠬᠢᠭᠤᠯᠤᠨ᠎ᠠ ᠃ ᠦᠢᠯᠡᠳᠬᠦ ᠦᠢᠯᠡᠰ ᠪᠣᠯ ᠮᠠᠨ ᠤ ᠣᠷᠣᠨ ᠤ ᠠᠵᠤ ᠦᠢᠯᠡᠳᠪᠦᠷᠢ ᠶᠢᠨ ᠳᠤᠲᠠᠭᠤᠳᠠᠯ ᠪᠣᠯᠣᠨ᠎ᠠ ᠂ ᠪᠠᠰᠠ ᠴᠤ ᠪᠦᠲᠦᠴᠡ ᠶᠢ ᠲᠣᠬᠢᠷᠠᠭᠤᠯᠬᠤ ᠶᠢᠨ ᠭᠤᠣᠯᠳᠠᠯᠭ᠎ᠠ ᠮᠥᠨ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠲᠦᠴᠡ ᠶᠢᠨ ᠪᠣᠳᠠᠲᠤ ᠪᠠᠶᠢᠳᠠᠯ ᠳᠤ ᠰᠠᠭᠤᠷᠢᠯᠠᠵᠤ ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠡᠨᠧᠷᠭᠢ ᠶᠡᠭᠡ ᠠᠴᠢᠶᠠᠯᠠᠬᠤ ᠂ ᠨᠡᠭᠦᠷᠡᠰᠦᠲᠥ᠋ᠷᠥᠭᠴᠢ ᠶᠡᠭᠡ ᠭᠠᠳᠠᠭᠰᠢᠯᠠᠭᠤᠯᠬᠤ ᠂ ᠳᠣᠣᠷ᠎ᠠ ᠲᠦᠪᠰᠢᠨ ᠪᠦᠬᠦᠢ ᠠᠵᠤ ᠦᠢᠯᠡᠰ ᠢ ᠡᠨᠧᠷᠭᠢ ᠶᠡᠭᠡ ᠠᠴᠢᠶᠠᠯᠠᠬᠤ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠥᠨᠳᠥᠷ ᠲᠦᠪᠰᠢᠨ ᠪᠦᠬᠦᠢ ᠠᠵᠤ ᠦᠢᠯᠡᠰ ᠪᠣᠯᠭᠠᠨ ᠬᠤᠪᠢᠷᠠᠭᠤᠯᠤᠨ᠎ᠠ ᠃ ᠠᠵᠤ ᠦᠢᠯᠡᠰ ᠤᠨ ᠪᠦᠲᠦᠴᠡ ᠶᠢᠨ ᠳᠡᠰ ᠳᠠᠪᠬᠤᠷᠭ᠎ᠠ ᠶᠢ ᠪᠦᠬᠦ ᠬᠡᠯᠬᠢᠶ᠎ᠡ ᠪᠠᠷ ᠳᠡᠭᠡᠭᠰᠢᠯᠡᠭᠦᠯᠦᠨ᠎ᠡ ᠂ ᠠᠵᠤ ᠦᠢᠯᠡᠰ ᠤᠨ ᠰᠠᠭᠤᠷᠢ ᠶᠢ ᠳᠠᠬᠢᠨᠲᠠ ᠴᠣᠭᠴᠠᠯᠠᠵᠤ ᠂ ᠠᠵᠤ ᠦᠢᠯᠡᠳᠪᠦᠷᠢ ᠶᠢᠨ ᠮᠡᠷᠭᠡᠵᠢᠯ ᠢ ᠥᠭᠡᠷᠡᠴᠢᠯᠡᠨ ᠰᠢᠨᠡᠳᠬᠡᠬᠦ ᠂ ᠠᠵᠤ ᠠᠬᠤᠶᠢᠯᠠᠯ ᠤᠨ ᠵᠢᠭᠰᠠᠭᠠᠯ ᠤᠨ ᠪᠦᠲᠦᠴᠡ ᠪᠠᠨ ᠨᠢᠭᠡ ᠴᠣᠭᠴᠠᠵᠢᠭᠤᠯᠤᠨ ᠠᠬᠢᠭᠤᠯᠵᠤ ᠂ ᠪᠣᠯᠣᠳ ᠲᠡᠮᠦᠷ ᠂ ᠥᠩᠭᠡᠲᠦ ᠲᠡᠮᠦᠷᠯᠢᠭ ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ ᠳᠤᠮᠳᠠ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ ᠂ ᠳᠤᠮᠳᠠ ᠳᠡᠭᠡᠳᠦ ᠦᠵᠦᠭᠦᠷ ᠲᠡᠶᠢᠰᠢ ᠠᠬᠢᠭᠤᠯᠤᠨ ᠂ ᠤᠳᠤ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠂ ᠰᠢᠨ᠎ᠡ ᠮᠠᠲ᠋ᠧᠷᠢᠶᠠᠯ ᠂ ᠡᠯᠧᠺᠲᠷᠣᠨ ᠦᠢᠯᠡᠳᠬᠦ ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠲᠥᠪᠯᠡᠷᠡᠭᠰᠡᠨ ᠲᠣᠭᠤᠷᠢᠭ ᠢ ᠰᠠᠶᠢᠲᠤᠷ ᠲᠥᠯᠥᠪᠵᠢᠭᠦᠯᠵᠦ ᠪᠦᠲᠦᠭᠡᠨ ᠪᠠᠶᠢᠭᠤᠯᠤᠨ᠎ᠠ ᠃ ᠠᠵᠤ ᠦᠢᠯᠡᠰ ᠢ ᠲᠣᠭᠠᠵᠢᠭᠤᠯᠵᠤ ᠡᠷᠴᠢᠮ ᠬᠦᠴᠦᠨ ᠢ ᠨᠢ ᠴᠢᠩᠭᠠᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠶᠡᠷᠦᠩᠬᠡᠶᠢᠯᠡᠭᠰᠡᠨ ᠲᠤᠷᠰᠢᠯᠲᠠ ᠬᠢᠬᠦ ᠲᠣᠭᠤᠷᠢᠭ ᠂ ᠭᠤᠣᠯᠯᠠᠬᠤ ᠰᠢᠭᠤᠳ ᠬᠠᠷᠢᠯᠴᠠᠭᠠᠨ ᠤ ᠴᠡᠭ ᠂ ᠲᠣᠭᠠᠵᠢᠭᠤᠯᠵᠤ ᠪᠤᠳᠤᠬᠤ ᠴᠢᠳᠠᠮᠵᠢ ᠶᠢᠨ ᠵᠠᠩᠭᠢᠯᠠᠭ᠎ᠠ ᠪᠣᠯᠬᠤ ᠴᠡᠭ ᠪᠠ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠲᠣᠭᠠᠵᠢᠭᠤᠯᠤᠨ ᠠᠵᠢᠯᠯᠠᠭᠤᠯᠬᠤ ᠂ ︽ᠮᠢᠩᠭᠠᠨ ᠰᠠᠶ᠎ᠠ ᠰᠦᠯᠵᠢᠶᠡᠨ ᠤ ᠬᠤᠳᠠ︾ ᠳᠤ ᠲᠦᠰᠢᠭᠯᠡᠨ ᠂ ᠠᠵᠤ ᠦᠢᠯᠡᠰ ᠢ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠂ ᠣᠶᠤᠨᠴᠢᠯᠠᠨ ᠳᠡᠰ ᠳᠡᠪᠰᠢᠬᠦ ᠲᠦᠷᠦᠯ ᠵᠦᠢᠯ ᠢ ᠰᠢᠰᠲ᠋ᠧᠮ ᠲᠠᠢ ᠪᠠᠶᠢᠷᠢᠯᠠᠭᠤᠯᠵᠤ ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠠ ᠣᠶᠤᠨᠯᠢᠭ ᠬᠦᠷᠢᠶᠡᠯᠡᠩ ᠲᠣᠭᠤᠷᠢᠭ ᠂ ᠣᠶᠤᠨᠴᠢ ᠦᠢᠯᠡᠳᠪᠦᠷᠢ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠪᠥᠬᠦ ᠠᠵᠢᠯ ᠲᠥᠷᠥᠯ ᠢᠶᠠᠷ ᠢᠶᠠᠨ ᠨᠡᠬᠦᠷᠡᠰᠦᠳᠦ᠋ᠷᠦᠭᠴᠢ ᠪᠠᠭᠠᠲᠠᠢ ᠪᠠᠷ ᠤᠷᠴᠢᠯᠳᠤᠭᠤᠯᠤᠨ ᠬᠥᠭᠵᠢᠭᠦᠯᠬᠦ ᠶᠢ ᠠᠬᠢᠭᠤᠯᠤᠨ ᠂ ᠪᠣᠬᠢᠷᠲᠤᠯ ᠦᠭᠡᠢ ᠦᠢᠯᠡᠳᠬᠦ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ᠡᠨᠧᠷᠭᠢ ᠠᠷᠪᠢᠯᠠᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠬᠡᠬᠦ ᠶᠢ ᠶᠡᠭᠡ ᠪᠠᠷ ᠠᠬᠢᠭᠤᠯᠵᠤ ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠤᠨ ᠪᠣᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠶᠢ ᠬᠡᠷᠡᠭᠵᠢᠭᠦᠯᠬᠦ ᠂ ᠪᠣᠬᠢᠷᠲᠤᠯ ᠦᠭᠡᠢ ᠤᠷᠠᠯᠠᠯ ᠪᠠ ᠪᠣᠬᠢᠷᠲᠤᠯ ᠦᠭᠡᠢ ᠮᠠᠲ᠋ᠧᠷᠢᠶᠠᠯ ᠬᠡᠷᠡᠭᠯᠡᠬᠦ ᠶᠢ ᠵᠣᠷᠢᠭᠵᠢᠭᠤᠯᠤᠨ ᠂ ᠨᠡᠬᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠂ ᠨᠡᠬᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠨᠠᠩ ᠣᠯᠠᠨ ᠪᠠᠶᠢᠭᠤᠯᠵᠤ ᠂ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠪᠠᠨ ᠪᠣᠬᠢᠷᠲᠤᠯ ᠦᠭᠡᠢ ᠪᠤᠯᠭᠠᠬᠤ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ ᠃
ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠪᠠᠨ ᠥᠷᠭᠡᠳᠬᠡᠬᠦ ᠂ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠤᠨ᠎ᠠ ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠪᠣᠯ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠪᠣᠯᠣᠨ᠎ᠠ ᠂ ᠲᠡᠷᠡ ᠨᠢ ᠠᠵᠢᠯ ᠣᠯᠭᠤᠯᠲᠠ ᠶᠢ ᠠᠬᠢᠭᠤᠯᠵᠤ ᠂ ᠠᠵᠢᠯ ᠦᠢᠯᠡᠰ ᠢ ᠳᠠᠶᠢᠴᠢᠯᠠᠬᠤ ᠦᠢᠯᠡᠳᠦᠯ ᠲᠠᠢ ᠶᠤᠮ ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠢᠯ ᠢ ᠰᠠᠶᠢᠲᠤᠷ ᠬᠢᠵᠦ ᠂ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ ᠂ ᠮᠡᠳᠡᠭᠡ ᠵᠠᠩᠭᠢ ᠶᠢᠨ ᠵᠥᠭᠡᠯᠡᠨ ᠲᠣᠨᠤᠭ ᠂ ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠰᠬᠦᠯᠡᠩ ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠶᠢ ᠨᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ ᠂ ᠡᠷᠡᠭᠦᠯ ᠮᠡᠨᠳᠦ ᠂ ᠨᠠᠰᠤᠵᠢᠯ ᠤᠨ ᠠᠰᠠᠷᠠᠮᠵᠢ ᠂ ᠠᠳᠠᠯ ᠠᠬᠤᠢ ᠂ ᠭᠡᠷ ᠠᠬᠤᠢ ᠶᠢᠨ ᠶᠠᠪᠤᠳᠠᠯ ᠵᠡᠷᠭᠡ ᠠᠮᠢᠳᠤᠷᠠᠯ ᠤᠨ ᠬᠡᠷᠡᠭᠴᠡᠭᠡᠨ ᠤ ᠦᠢᠯᠡᠴᠢᠯᠡᠭᠡᠨ ᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠲᠡᠳᠬᠦᠬᠦ ᠠᠷᠭ᠎ᠠ ᠬᠡᠮᠵᠢᠶ᠎ᠡ ᠶᠢ ᠨᠡᠶᠢᠲᠡᠯᠡᠵᠦ ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢᠶᠠᠨ ᠲᠡᠷᠢᠭᠦᠨ ᠤ ᠦᠢᠯᠡᠳᠬᠦ ᠦᠢᠯᠡᠰ ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠭᠦᠨ ᠠᠭᠤᠰᠤᠯᠴᠠᠭᠤᠯᠬᠤ ᠶᠢ ᠠᠬᠢᠭᠤᠯᠤᠨ᠎ᠠ ᠃ ᠮᠥᠩᠭᠦᠨ ᠭᠦᠢᠯᠭᠡᠭᠡᠨ ᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶᠡᠨ ᠤ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠯᠦᠭᠡ ᠢᠵᠢᠯᠢ ᠠᠯᠬᠤᠮ ᠲᠠᠢ ᠪᠠᠶᠢᠯᠭᠠᠬᠤ ᠶᠢ ᠪᠠᠲᠤᠯᠠᠨ᠎ᠠ ᠂ ᠲᠠᠷᠢᠶᠠᠯᠠᠩ ᠤᠨ ᠪᠠᠩᠬᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠠᠭᠪᠤᠷ ᠢ ᠳᠡᠯᠭᠡᠷᠡᠭᠦᠯᠵᠦ ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠂ ᠤᠯᠤᠰ ᠤᠨ ᠥᠮᠴᠢᠯᠡᠯᠲᠦ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠬᠤᠪᠢᠴᠠᠭᠠᠨ ᠤ ᠳᠦᠷᠢᠮᠲᠦ ᠪᠠᠩᠬᠢ ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠬᠤᠯᠠ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠷᠲᠤᠪᠲᠤᠷ ᠪᠠ ᠣᠷᠳᠣ ᠬᠤᠭᠤᠴᠠᠭᠠᠨ ᠤ ᠵᠢᠭᠡᠯᠡᠯᠭᠡ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠪᠣᠳᠠᠲᠤ ᠴᠣᠭᠴᠠ ᠶᠢᠨ ᠠᠵᠤ ᠠᠬᠤᠢ ᠳᠤ ᠨᠠᠩ ᠰᠠᠶᠢᠲᠤᠷ ᠦᠢᠯᠡᠴᠢᠯᠡᠭᠦᠯᠦᠨ᠎ᠡ ︔ ᠲᠤᠰᠬᠠᠢ ᠵᠦᠢᠯ ᠤᠨ ᠥᠷᠢ ᠶᠢᠨ ᠲᠡᠮᠳᠡᠭᠲᠦ ᠪᠠ ᠲᠦᠷᠣ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ ᠂ ︽ᠵᠣᠭᠤᠰ ᠨᠢ ᠲᠦᠷᠣᠯ ᠵᠦᠢᠯ ᠢᠶᠠᠨ ᠬᠦᠯᠢᠶᠡᠬᠦ︾ ᠠᠰᠠᠭᠤᠳᠠᠯ ᠢ ᠲᠣᠪᠣᠶᠢᠮ᠎ᠠ ᠰᠢᠢᠳᠪᠦᠷᠢᠯᠡᠨ᠎ᠡ ︔ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠶᠢ ᠥᠷᠭᠡᠳᠬᠡᠨ ᠂ ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠵᠦ ᠂ ᠠᠵᠤ ᠠᠬᠤᠶᠢᠯᠠᠯ ᠢ ᠵᠠᠬ᠎ᠠ ᠳᠤ ᠭᠠᠷᠭᠠᠬᠤ ᠪᠠᠷ ᠨᠥᠭᠡᠴᠡᠯᠡᠨ ᠪᠣᠶᠢᠵᠢᠭᠤᠯᠬᠤ ᠪᠠᠨ ᠲᠦᠷᠭᠡᠳᠬᠡᠨ ᠂ ᠡᠨᠡ ᠵᠢᠯ 5 ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠠᠩᠬᠠᠨ ᠤ ᠲᠠᠷᠬᠠᠭᠠᠯᠲᠠ ᠶᠢᠨ ᠪᠡᠯᠡ ᠲᠣᠬᠢᠷᠠᠭᠤᠯᠭ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ ︔ ᠬᠥᠷᠥᠩᠭᠡ ᠶᠢᠨ ᠮᠥᠩᠭᠦ ᠨᠥᠬᠦᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ ᠂ ᠬᠤᠲᠠ ᠶᠢᠨ ᠬᠤᠳᠠᠯᠳᠤᠭᠠᠨ ᠤ ᠪᠠᠩᠬᠢ ᠶᠢ ᠰᠢᠯᠢᠳᠡᠭᠵᠢᠭᠦᠯᠦᠨ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠤᠨ ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠪᠠ ᠲᠣᠰᠬᠤᠨ ᠪᠠᠯᠭᠠᠰᠤᠨ ᠤ ᠪᠠᠩᠬᠢ ᠶᠢᠨ ᠥᠮᠴᠢᠯᠡᠯ ᠤᠨ ᠡᠷᠬᠡ ᠶᠢᠨ ᠳᠦᠷᠢᠮ ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠵᠤ ᠂ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠲᠡᠬᠡᠭᠰᠢᠯᠡᠬᠦᠯᠦᠨ᠎ᠡ ᠃ ᠭᠡᠷ ᠪᠠᠶᠢᠰᠢᠩ ᠭᠠᠵᠠᠷ ᠬᠥᠷᠥᠩᠭᠡ ᠶᠢᠨ ᠰᠠᠶᠢᠨ ᠤᠷᠴᠢᠯᠳᠤᠬᠤ ᠶᠢ ᠠᠬᠢᠭᠤᠯᠵᠤ ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠂ ᠭᠠᠵᠠᠷ ᠰᠢᠷᠣᠢ ᠶᠢᠨ ᠦᠨ᠎ᠡ ᠶᠢ ᠲᠣᠭᠲᠠᠪᠤᠷᠢᠵᠢᠭᠤᠯᠤᠨ ᠂ ᠭᠡᠷ ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠵᠤ ᠂ ᠵᠢᠱᠢᠯᠲᠡ ᠶᠢ ᠲᠣᠭᠲᠠᠪᠤᠷᠢᠵᠢᠭᠤᠯᠵᠤ ᠂ ᠬᠥᠮᠥᠨ ᠬᠠᠷ᠎ᠠ ᠂ ᠭᠡᠷ ᠪᠠᠶᠢᠰᠢᠩ ᠂ ᠭᠠᠵᠠᠷ ᠰᠢᠷᠣᠢ ᠂ ᠵᠣᠭᠤᠰ ᠮᠥᠩᠭᠦᠨ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠳᠡᠮᠵᠢᠵᠦ ᠂ ᠪᠠᠲᠤᠯᠠᠭ᠎ᠠ ᠶᠢᠨ ᠣᠷᠣᠨ ᠰᠠᠭᠤᠴᠠ ᠂ ᠣᠷᠳᠣ ᠬᠤᠭᠤᠴᠠᠭ᠎ᠠ ᠪᠠᠷ ᠲᠦᠷᠢᠶᠡᠰᠦᠯᠡᠬᠦ ᠣᠷᠣᠨ ᠰᠠᠭᠤᠴᠠ ᠶᠢ ᠪᠥᠭᠡᠮ ᠢᠶᠠᠷ ᠬᠤᠳᠠᠯᠳᠤᠨ ᠠᠪᠬᠤ ᠪᠤᠶᠤ ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠶᠢᠨ ᠦᠢᠯᠡᠳᠦᠯ ᠢ ᠪᠠᠳᠠᠷᠠᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ ᠃ ᠪᠠᠷᠠᠭᠠᠨ ᠤ ᠭᠦᠢᠯᠭᠡᠭᠡᠨ ᠤ ᠦᠢᠯᠡᠰ ᠢ ᠰᠠᠭᠤᠷᠢᠰᠢᠭᠤᠯᠬᠤ ᠂ ᠲᠠᠪᠴᠠᠩᠵᠢᠭᠤᠯᠬᠤ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ ᠂ ᠬᠦᠬᠡᠬᠤᠳᠡ ᠂ ᠣᠷᠳᠣᠰ ᠂ ᠤᠯᠠᠭᠠᠨᠴᠠᠪ - ᠡᠷᠢᠶᠡᠨ ᠬᠤᠳᠡ ᠂ ᠮᠠᠨᠵᠤᠤᠷ ᠤᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠣᠳᠣᠬᠢᠴᠢᠯᠠᠨ ᠳᠡᠰ ᠳᠡᠪᠰᠢᠬᠦ ᠶᠢ ᠠᠬᠢᠭᠤᠯᠤᠨ᠎ᠠ ᠂ ᠲᠤᠰ ᠨᠤᠲᠤᠭ ᠣᠷᠣᠨ ᠤ ᠲᠣᠣᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠪᠠ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠂ ᠣᠯᠠᠨ ᠬᠡᠯᠪᠡᠷᠢ ᠪᠦᠬᠦᠢ ᠬᠤᠯᠪᠤᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠢᠨᠵᠧᠨᠧᠷᠢᠩ ᠪᠠ ᠣᠨᠴᠠᠯᠢᠭ ᠲᠠᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢᠨ ᠴᠡᠭ ᠤᠨ ᠬᠡᠪᠴᠢᠶ᠎ᠡ ᠶᠢ ᠥᠷᠭᠡᠳᠬᠡᠨ ᠂ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠪᠠᠷ ᠲᠤᠬᠠᠢ ᠶᠢᠨ ᠭᠠᠵᠠᠷ ᠪᠠ ᠠᠷᠠᠳ ᠤᠨ ᠠᠮᠢᠳᠤᠷᠠᠯ ᠳᠤ ᠨᠠᠩ ᠢᠯᠡᠭᠦᠦ ᠠᠰᠢᠭ ᠬᠦᠷᠲᠡᠭᠡᠨ᠎ᠡ ᠃ ᠲᠤᠭᠠᠵᠢᠯᠳᠤ ᠠᠵᠤ ᠠᠬᠤᠢ ᠶᠢ ᠪᠤᠵᠠᠭᠠᠶᠢᠷᠠᠭᠤᠯᠵᠤ ᠂ ᠳ᠋ᠠᠶᠢᠲ᠋ᠠ ᠶᠢᠨ ᠡᠬᠢ ᠪᠠᠶᠠᠯᠢᠭ ᠤᠨ ᠠᠷᠠᠯᠵᠢᠶᠠᠨ ᠤ ᠪᠠᠶᠢᠭᠤᠯᠤᠮᠵᠢ ᠪᠠ ᠳ᠋ᠠᠶᠢᠲ᠋ᠠ ᠶᠢ ᠨᠡᠭᠡᠭᠡᠨ ᠠᠰᠢᠭᠯᠠᠬᠤ ᠲᠠᠪᠴᠠᠩ ᠪᠠᠶᠢᠭᠤᠯᠤᠨ᠎ᠠ ᠂ ᠳ᠋ᠠᠶᠢᠲ᠋ᠠ ᠶᠢᠨ ᠠᠰᠢᠭᠯᠠᠵᠤ ᠰᠢᠢᠳᠪᠦᠷᠢᠯᠡᠬᠦ ᠂ ᠵᠠᠳᠠᠯᠤᠨ ᠬᠡᠷᠡᠭᠯᠡᠬᠦ ᠂ ᠭᠦᠢᠯᠭᠡᠭᠡᠨ ᠠᠷᠠᠯᠵᠢᠶᠠᠯᠠᠬᠤ ᠵᠡᠷᠭᠡ ᠠᠵᠤ ᠦᠢᠯᠡᠰ ᠢ ᠶᠡᠭᠡ ᠪᠠᠷ ᠬᠥᠭᠵᠢᠭᠦᠯᠵᠦ ᠂ ᠬᠤᠷᠢᠨᠭᠡᠷ ᠤᠨ ︽ᠳᠤᠮᠳᠠᠳᠤ ᠤᠯᠤᠰ ᠤᠨ ᠡᠭᠦᠯᠡᠨ ᠵᠢᠯᠠᠭ᠎ᠠ︾ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠪᠥᠭᠡᠮᠨᠡᠷᠡᠯ ᠤᠨ ᠲᠣᠭᠤᠷᠢᠭ ᠢ ᠪᠠᠶᠢᠭᠤᠯᠵᠤ ᠂ ᠲᠤᠭᠠᠵᠢᠯᠳᠤ ᠠᠵᠤ ᠠᠬᠤᠢ ᠪᠠ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ ᠃
︵ᠭᠤᠷᠪᠠ︶ ᠰᠢᠨ᠎ᠡ ᠬᠥᠭᠵᠢᠯᠲᠡ ᠶᠢᠨ ᠣᠨᠣᠯᠵᠢᠬᠤᠨ ᠢᠶᠠᠷ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠣᠢ ᠪᠣᠯᠭᠠᠨ ᠂ ᠠᠵᠤ ᠦᠢᠯᠡᠰ ᠤᠨ ᠪᠦᠯᠦᠭᠵᠢᠯ ᠂ ᠬᠦᠴᠦᠨ ᠵᠦᠢᠯ ᠤᠨ ᠪᠥᠭᠡᠮᠨᠡᠷᠡᠯ ᠂ ᠡᠬᠢ ᠪᠠᠶᠠᠯᠢᠭ ᠢ ᠠᠷᠪᠢᠯᠠᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ ᠃ ᠮᠠᠨ ᠤ ᠣᠷᠣᠨ ᠤ ᠨᠤᠲᠤᠭ ᠳᠡᠪᠢᠰᠬᠡᠷ ᠥᠷᠭᠡᠨ ᠠᠭᠤᠳᠠᠮ ᠂ ᠭᠠᠵᠠᠷ ᠨᠤᠲᠤᠭ ᠰᠢᠮᠡᠯᠢᠭ ᠬᠥᠮᠥᠨ ᠠᠮᠠ ᠰᠡᠶᠢᠷᠡᠭ ᠂ ᠪᠠᠶᠢᠷᠢᠰᠢᠯᠲᠠ ᠲᠠᠷᠠᠬᠠᠢ ᠪᠤᠲᠠᠷᠬᠠᠢ ᠪᠣᠯᠬᠤᠷ ᠂ ᠡᠷᠬᠡᠪᠰᠢ ᠠᠵᠤ ᠦᠢᠯᠡᠰ ᠤᠨ ᠪᠦᠯᠦᠭᠵᠢᠯ ᠂ ᠬᠥᠮᠥᠨ ᠠᠮᠠ ᠶᠢᠨ ᠲᠥᠪᠯᠡᠷᠡᠯ ᠪᠠ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢ ᠳᠡᠭᠡᠭᠰᠢᠯᠡᠭᠦᠯᠵᠦ ᠪᠠᠶᠢᠭᠠᠳ ᠲᠥᠪᠯᠡᠷᠡᠭᠦᠯᠵᠦ ᠬᠤᠷᠠᠭᠤᠯᠵᠤ ᠡᠷᠴᠢᠮᠵᠢᠭᠦᠯᠦᠨ ᠬᠥᠭᠵᠢᠭᠦᠯᠬᠦ ᠵᠠᠮ ᠢᠶᠠᠷ ᠵᠠᠮᠨᠠᠨ᠎ᠠ ᠃
ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠪᠠᠷ ᠠᠵᠤ ᠦᠢᠯᠡᠰ ᠢᠶᠠᠨ ᠠᠳᠬᠤᠬᠤ ᠶᠢ ᠪᠠᠷᠢᠮᠲᠠᠯᠠᠨ᠎ᠠ ᠃ ᠳᠠᠪᠠᠭᠤᠯᠢᠭ ᠠᠵᠤ ᠦᠢᠯᠡᠰ ᠂ ᠣᠨᠴᠠᠯᠢᠭ ᠲᠠᠢ ᠠᠵᠤ ᠦᠢᠯᠡᠰ ᠂ ᠲᠤᠯᠭᠠᠭᠤᠷᠢ ᠪᠣᠯᠬᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠠᠵᠢᠯᠯᠠᠭᠠᠨ ᠢ ᠭᠦᠨᠵᠡᠭᠡᠢ ᠥᠷᠨᠢᠭᠦᠯᠵᠦ ᠂ ᠲᠢᠩᠬᠢᠮ ᠲᠣᠪᠴᠢᠶᠠᠨ ᠤ ᠳᠠᠷᠤᠭ᠎ᠠ ᠂ ᠠᠶᠢᠮᠠᠭ ᠬᠤᠳᠡ ᠶᠢᠨ ᠳᠠᠷᠤᠭ᠎ᠠ ᠂ ᠬᠤᠰᠢᠭᠤ ᠰᠢᠶᠠᠨ ᠤ ᠳᠠᠷᠤᠭ᠎ᠠ ᠨᠠᠷ ᠴᠥᠮ ᠬᠡᠯᠬᠢᠶᠡᠨ ᠳᠠᠷᠤᠭ᠎ᠠ ᠶᠢᠨ ᠠᠵᠢᠯ ᠢᠶᠠᠨ ᠰᠠᠶᠢᠲᠤᠷ ᠬᠢᠵᠦ ᠂ ᠪᠦᠭᠦ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢ ᠨᠢᠭᠡ ᠴᠣᠭᠴᠠᠵᠢᠭᠤᠯᠤᠨ ᠠᠬᠢᠭᠤᠯᠤᠨ᠎ᠠ ᠃ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ᠢᠯᠢ ᠂ ᠮᠧᠩ ᠨᠢᠦ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ ᠂ ᠢᠯᠢ ᠶᠢᠨ ᠣᠳᠣ ᠦᠶ᠎ᠡ ᠶᠢᠨ ᠣᠶᠤᠨᠯᠢᠭ ᠡᠷᠡᠭᠦᠯ ᠮᠠᠡᠳᠣ ᠶᠢᠨ ᠵᠢᠯᠠᠭ᠎ᠠ ᠂ ᠮᠧᠩ ᠨᠢᠦ ᠶᠢᠨ ᠲᠣᠮᠳᠠᠳᠣ ᠤᠯᠤᠰ ᠤᠨ ᠰᠦ ᠰᠠᠭᠠᠯᠢ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠦᠷᠣᠯ ᠵᠦᠢᠯ ᠢᠶᠠᠷ ᠭᠠᠷᠳᠠᠴᠠ ᠪᠣᠯᠭᠠᠵᠣ ᠪᠦᠭᠦ ᠪᠥᠮᠪᠥᠷᠴᠡᠭ ᠤᠨ ᠲᠡᠷᠢᠭᠦᠨ ᠳᠡᠰ ᠤᠨ ᠰᠦ ᠰᠠᠭᠠᠯᠢ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠳᠠᠬᠢ ᠠᠮᠢ ᠠᠬᠤᠢ ᠶᠢᠨ ᠲᠣᠭᠤᠷᠢᠭ ᠢ ᠪᠣᠢ ᠪᠣᠯᠭᠠᠵᠣ ᠂ ᠲᠡᠵᠢᠭᠡᠯ ᠡᠪᠡᠰᠦᠨ ᠤ ᠰᠠᠭᠤᠷᠢᠨ ᠭᠠᠵᠠᠷ ᠂ ᠦᠷ᠎ᠡ ᠡᠭᠦᠯᠳᠡᠷ ᠤᠨ ᠦᠬᠡᠷ ᠤᠨ ᠰᠠᠭᠤᠷᠢᠨ ᠭᠠᠵᠠᠷ ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠡᠪᠡᠰᠦᠨ ᠤ ᠢᠷᠡᠯᠲᠡ ᠂ ᠦᠬᠡᠷ ᠤᠨ ᠢᠷᠡᠯᠲᠡ ᠂ ᠰᠦ ᠶᠢᠨ ᠢᠷᠡᠯᠲᠡ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ︽ᠨᠢᠭᠡ ᠰᠢᠷᠬᠡᠭ ᠡᠪᠡᠰᠦ ᠶᠢ ᠰᠠᠶᠢᠨ ᠲᠠᠷᠢᠬᠤ ᠠᠴᠠ ᠨᠢᠭᠡᠨ ᠠᠶᠠᠭ᠎ᠠ ᠴᠢᠨᠠᠷ ᠰᠠᠶᠢᠲᠠᠢ ᠰᠦ ᠤᠤᠭᠤᠬᠤ ᠬᠦᠷᠲᠡᠯᠡᠬᠢ︾ ᠪᠦᠭᠦ ᠬᠡᠯᠬᠢᠶᠡᠰᠦᠨ ᠳᠤ ᠬᠦᠴᠦ ᠲᠠᠯᠪᠢᠵᠤ ᠂ ᠣᠷᠣᠨ ᠨᠤᠲᠤᠭ ᠤᠨ ᠣᠨᠴᠠᠯᠢᠭ ᠲᠠᠢ ᠴᠢᠨᠠᠷ ᠰᠠᠶᠢᠲᠠᠢ ᠰᠦ ᠴᠠᠭᠠᠨ ᠢᠳᠡᠭᠡᠨ ᠤ ᠵᠦᠢᠯ ᠢᠶᠠᠨ ᠲᠦᠷᠭᠡᠨ ᠬᠥᠭᠵᠢᠭᠦᠯᠬᠦ ᠶᠢ ᠳᠡᠮᠵᠢᠵᠣ ᠂ ᠡᠨᠡ ᠵᠢᠯ ᠤᠨ ᠪᠦᠭᠦ ᠠᠵᠤ ᠦᠢᠯᠡᠰ ᠤᠨ ᠬᠡᠯᠬᠢᠶᠡᠨ ᠳᠠᠬᠢ ᠰᠦ ᠶᠢᠨ ᠦᠢᠯᠡᠰ ᠤᠨ ᠦᠢᠯᠡᠳᠬᠦᠨ ᠤ ᠦᠷᠲᠡᠭ ᠢ 2000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ ᠃ ᠠᠯᠠᠰᠢᠨ ᠦᠬᠡᠷ ᠂ ᠠᠯᠠᠰᠢᠨ ᠬᠤᠨᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ᠡᠬᠢ ᠪᠠᠶᠠᠯᠢᠭ ᠢ ᠨᠡᠶᠢᠯᠡᠭᠦᠯᠬᠦ ᠡᠷᠴᠢᠮ ᠪᠠ ᠬᠥᠭᠵᠢᠯᠲᠡ ᠶᠢ ᠲᠥᠪᠯᠡᠷᠡᠭᠦᠯᠬᠦ ᠡᠷᠴᠢᠮ ᠢᠶᠠᠨ ᠳᠡᠭᠡᠭᠰᠢᠯᠡᠭᠦᠯᠵᠦ ᠂ ᠲᠠᠷᠢᠵᠣ ᠲᠡᠵᠢᠭᠡᠨ ᠡᠳ᠋ᠰᠢᠭᠦᠯᠦᠨ ᠪᠣᠷᠣᠯᠠᠭᠤᠯᠬᠤ ᠪᠦᠭᠦ ᠬᠡᠯᠬᠢᠶᠡᠨ ᠤ ᠬᠥᠭᠵᠢᠯᠲᠡ ᠶᠢ ᠠᠬᠢᠭᠤᠯᠤᠨ ᠂ ᠲᠦᠩᠯᠢᠶᠣᠣ ᠳᠤ ᠪᠦᠭᠦ ᠤᠯᠤᠰ ᠲᠠᠬᠢ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠪᠠᠯᠭᠠᠰᠤ ᠂ ᠰᠢᠯᠢ ᠶᠢᠨ ᠭᠤᠣᠯ ᠳᠤ ᠲᠣᠮᠳᠠᠳᠣ ᠶᠢᠨ ᠰᠢᠮᠧᠨ᠋ᠳᠡᠷ ᠦᠬᠡᠷ ᠤᠨ ᠦᠷ᠎ᠡ ᠡᠭᠦᠯᠳᠡᠷ ᠤᠨ ᠭᠠᠷᠤᠯᠲᠠ ᠶᠢᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ ᠂ ᠠᠯᠠᠰᠢᠨ ᠦᠬᠡᠷ ᠂ ᠠᠯᠠᠰᠢᠨ ᠬᠤᠨᠢᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠳᠦᠢ ᠲᠡᠳᠦᠢ ᠪᠠᠶᠢᠭᠤᠯᠵᠤ ᠂ 3 ᠵᠢᠯ ᠣᠷᠴᠢᠮ ᠤᠨ ᠴᠠᠭ ᠬᠤᠭᠤᠴᠠᠭᠠᠨ ᠳᠤ 2 ᠠᠵᠤ ᠦᠢᠯᠡᠰ ᠤᠨ ᠦᠢᠯᠡᠳᠬᠦᠨ ᠤ ᠦᠷᠲᠡᠭ ᠢ ᠨᠢ ᠮᠢᠩᠭᠠᠨ ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠨ᠎ᠠ ᠃ ᠣᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ᠨᠢᠭᠡ ᠲᠠᠯ᠎ᠠ ᠪᠠᠷ ︽ᠲᠡᠵᠢᠭᠡᠨ ᠦᠷᠡᠵᠢᠭᠦᠯᠬᠦ ᠳᠤ ᠵᠣᠷᠢᠭᠤᠯᠵᠤ ᠲᠠᠷᠢᠬᠤ︾ ᠶᠢ ᠠᠳᠬᠤᠵᠤ ᠂ ᠲᠡᠵᠢᠭᠡᠯ ᠡᠪᠡᠰᠦᠨ ᠤ ᠦᠢᠯᠡᠰ ᠢ ᠶᠡᠭᠡ ᠪᠠᠷ ᠬᠥᠭᠵᠢᠭᠦᠯᠵᠦ ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠣ ᠪᠣᠶᠢᠵᠢᠭᠤᠯᠬᠤ ᠬᠡᠪᠴᠢᠶ᠎ᠡ ᠶᠢ ᠲᠣᠭᠲᠠᠪᠤᠷᠢᠵᠢᠭᠤᠯᠤᠨ ᠂ ᠬᠤᠨᠢ ᠢᠮᠠᠭᠠᠨ ᠤ ᠲᠡᠵᠢᠭᠡᠯ ᠡᠪᠡᠰᠦᠨ ᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠤᠨ᠎ᠠ ︔ ᠨᠦᠭᠦᠭᠡ ᠲᠠᠯ᠎ᠠ ᠪᠠᠷ ︽ᠠᠮᠢ ᠠᠬᠤᠢ ᠪᠠᠷ ᠮᠠᠯ ᠠᠵᠤ ᠠᠬᠤᠢ ᠳᠤ ᠠᠰᠢᠭ ᠬᠦᠷᠲᠡᠭᠡᠬᠦ︾ ᠶᠢ ᠠᠳᠬᠤᠵᠤ ᠂ ᠠᠮᠢ ᠠᠬᠤᠢ ᠶᠢᠨ ᠡᠪᠡᠰᠦ ᠪᠡᠯᠴᠢᠭᠡᠷ ᠤᠨ ᠦᠢᠯᠡᠰ ᠢ ᠶᠡᠭᠡ ᠪᠠᠷ ᠬᠥᠭᠵᠢᠭᠦᠯᠦᠨ ᠂ ᠨᠡᠯᠦᠶᠢᠭᠰᠡᠨ ᠲᠠᠯ᠎ᠠ ᠶᠢᠨ ᠡᠯᠡᠰᠦ ᠮᠠᠩᠬᠠᠨ ᠭᠠᠵᠠᠷ ᠢ ︽ᠡᠷᠳᠡᠨᠢᠰ ᠴᠤᠭᠯᠠᠭᠤᠯᠬᠤ ᠰᠠᠩ︾ ᠂ ︽ᠨᠡᠭᠦᠷᠡᠰᠣᠲᠦ᠋ᠷᠥᠭᠴᠢ ᠬᠤᠷᠠᠭᠤᠯᠬᠤ ᠬᠥᠮᠥᠷᠭᠡ︾ ᠪᠣᠯᠭᠠᠨ ᠬᠤᠪᠢᠷᠠᠭᠤᠯᠤᠨ᠎ᠠ ᠃ ᠣᠢ ᠰᠢᠭᠤᠢ ᠶᠢᠨ ᠬᠤᠷᠮᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠵᠤ ᠂ ᠵᠢᠮᠢᠰ ᠂ ᠴᠡᠴᠡᠭ ᠂ ᠨᠣᠭᠤᠭ᠎ᠠ ᠂ ᠮᠦᠭᠦ ᠂ ᠡᠮ ᠤᠨ ᠵᠦᠢᠯ ᠵᠡᠷᠭᠡ ᠣᠨᠴᠠᠯᠢᠭ ᠲᠠᠢ ᠠᠵᠤ ᠦᠢᠯᠡᠰ ᠪᠠ ᠣᠨᠴᠠᠭᠠᠢ ᠵᠦᠢᠯ ᠤᠨ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠵᠦ ᠂ ᠴᠡᠩᠬᠡᠷ ᠨᠣᠭᠤᠭᠠᠨ ᠣᠢ ᠰᠢᠭᠤᠢ ᠶᠢ ᠣᠯᠠᠨ ᠲᠦᠮᠡᠨ ᠤ ︽ᠵᠢᠮᠢᠰ ᠤᠨ ᠬᠠᠶᠢᠷᠴᠠᠭ︾ ᠂ ︽ᠴᠡᠴᠡᠭ ᠤᠨ ᠰᠠᠭᠰᠤ︾ ᠂ ︽ᠨᠣᠭᠤᠭ᠎ᠠ ᠶᠢᠨ ᠰᠠᠭᠰᠤ︾ ᠂ ︽ᠡᠮ ᠤᠨ ᠬᠠᠶᠢᠷᠴᠠᠭ︾ ᠪᠣᠯᠭᠠᠨ᠎ᠠ ᠃ ᠰᠢᠨ᠎ᠡ ᠡᠨᠧᠷᠬᠢ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ︽ᠰᠠᠯᠬᠢ ᠭᠡᠷᠡᠯ ᠣᠰᠣᠲᠦ᠋ᠷᠦᠭᠴᠢ ᠨᠥᠭᠡᠴᠡ ᠮᠠᠰᠢᠨ ᠲᠡᠷᠭᠡ︾ ᠶᠢ ᠨᠢᠭᠡ ᠴᠣᠭᠴᠠᠵᠢᠭᠤᠯᠤᠨ ᠠᠬᠢᠭᠤᠯᠵᠤ ᠂ ᠰᠠᠯᠬᠢᠨ ᠬᠦᠴᠦᠨ ᠤ ᠴᠠᠬᠢᠯᠭᠠᠨ ᠤ ᠲᠠᠯ᠎ᠠ ᠳᠤ ᠭᠤᠣᠯᠳᠠᠭᠤ ᠠᠷᠠᠭᠠᠲᠤ ᠬᠦᠷᠳᠦᠨ ᠤ ᠬᠠᠶᠢᠷᠴᠠᠭ ᠂ ᠴᠠᠬᠢᠯᠭᠠᠨ ᠭᠠᠷᠭᠠᠬᠤ ᠮᠠᠰᠢᠨ ᠪᠠ ᠬᠦᠷᠳᠦᠨ ᠤ ᠬᠦᠢᠰᠦ ᠂ ᠬᠤᠯᠬᠤᠪᠴᠢ ᠂ ᠡᠵᠡᠮᠳᠡᠬᠦ ᠰᠢᠰᠲ᠋ᠧᠮ ᠵᠡᠷᠭᠡ ᠪᠠᠷ ᠪᠠᠷᠤᠭᠲᠠᠢ ᠪᠠᠶᠢᠭ᠎ᠠ ᠵᠦᠢᠯ ᠳᠤ ᠰᠢᠪᠲᠤᠯᠤᠯᠲᠠ ᠬᠢᠵᠦ ᠂ ᠡᠨᠡ ᠵᠢᠯ ᠪᠦᠬᠦᠯᠢ ᠴᠣᠭᠴᠠ ᠪᠠᠷ ᠢᠵᠢ ᠪᠦᠷᠢᠳᠦᠭᠰᠡᠨ ᠴᠢᠳᠠᠪᠤᠷᠢ ᠶᠢ ᠨᠢ 2000 ᠲᠦᠮᠡᠨ ᠺᠢᠯᠣᠸᠠᠲ ᠲᠤ ᠬᠦᠷᠭᠡᠬᠦ ᠪᠠᠷ ᠴᠢᠷᠮᠠᠶᠢᠨ᠎ᠠ ︔ ᠭᠡᠷᠡᠯ ᠤᠨ ᠴᠠᠬᠢᠯᠭᠠᠨ ᠤ ᠲᠠᠯ᠎ᠠ ᠳᠤ ᠭᠤᠣᠯᠳᠠᠭᠤ ᠰᠢᠯ ᠂ ᠬᠠᠯᠬᠠᠪᠴᠢ ᠬᠠᠪᠲᠠᠰᠤ ᠂ ᠬᠠᠪᠢᠰᠤ ᠬᠦᠷᠢᠶ᠎ᠡ ᠂ ᠴᠠᠪᠠᠤᠯᠢᠭ ᠪᠦᠷᠬᠦᠭᠦᠯ ᠂ ᠭᠠᠩᠨᠠᠭᠤᠷ ᠪᠦᠰᠡ ᠂ ᠮᠥᠩᠭᠦᠨ ᠴᠠᠷᠳᠠᠭᠤᠯ ᠂ ᠬᠥᠩᠭᠡᠨ ᠴᠠᠭᠠᠨ ᠤ ᠴᠠᠷᠳᠠᠭᠤᠯ ᠵᠡᠷᠭᠡ ᠪᠠᠷ ᠪᠠᠷᠤᠭᠲᠠᠢ ᠪᠠᠶᠢᠭ᠎ᠠ ᠵᠦᠢᠯ ᠳᠤ ᠰᠢᠪᠲᠤᠯᠤᠯᠲᠠ ᠬᠢᠵᠦ ᠂ ᠡᠨᠡ ᠵᠢᠯ ᠴᠡᠨᠡᠭ ᠤᠨ ᠢᠯᠲᠠᠰᠤ ᠪᠠ ᠪᠦᠯᠦᠭ ᠲᠣᠨᠤᠭ ᠤᠨ ᠬᠠᠩᠭᠠᠬᠤ ᠴᠢᠳᠠᠪᠤᠷᠢ ᠶᠢ 5000 ᠲᠦᠮᠡᠨ ᠺᠢᠯᠣᠸᠠᠲ ᠲᠤ ᠬᠦᠷᠭᠡᠬᠦ ᠪᠠᠷ ᠴᠢᠷᠮᠠᠶᠢᠨ᠎ᠠ ︔ ᠤᠰᠤᠲᠥ᠋ᠷᠥᠭᠴᠢᠲᠤ ᠡᠨᠧᠷᠬᠢ ᠶᠢᠨ ᠲᠠᠯ᠎ᠠ ᠳᠤ ᠭᠤᠣᠯᠳᠠᠭᠤ ᠤᠰᠣᠲᠦ᠋ᠷᠦᠭᠴᠢ ᠦᠢᠯᠡᠳᠬᠦ ᠭᠤᠭᠴᠣᠭᠠᠨ ᠳᠠᠬᠢ ᠴᠠᠬᠢᠯᠭᠠᠨ ᠵᠠᠳᠠᠯᠤᠯᠲᠠ ᠶᠢᠨ ᠣᠩᠭᠤᠴᠠ ᠪᠠ ᠨᠥᠭᠡᠴᠡᠯᠡᠵᠦ ᠵᠥᠭᠡᠭᠡᠪᠦᠷᠢᠯᠡᠬᠦ ᠭᠤᠭᠴᠣᠭᠠᠨ ᠳᠠᠬᠢ ᠠᠪᠴᠢᠭᠤᠯᠬᠤ ᠮᠠᠰᠢᠨ ᠂ ᠡᠷᠭᠢᠯᠳᠦᠭᠦᠯᠬᠦ ᠬᠥᠭᠡᠷᠭᠡ ᠳᠤ ᠰᠢᠪᠲᠤᠯᠤᠯᠲᠠ ᠬᠢᠵᠦ ᠂ ᠡᠨᠡ ᠵᠢᠯ ᠳᠤ ᠤᠰᠤᠳᠦ᠋ᠷᠦᠭᠴᠢ ᠦᠢᠯᠡᠳᠬᠦ ᠲᠥᠬᠦᠭᠡᠷᠦᠮᠵᠢ ᠶᠢᠨ ᠦᠢᠯᠡᠳᠪᠦᠷᠢᠯᠡᠬᠦ ᠴᠢᠳᠠᠪᠤᠷᠢ ᠶᠢ 250 ᠢᠵᠢ ᠳᠤ ᠬᠦᠷᠭᠡᠬᠦ ᠪᠠᠷ ᠴᠢᠷᠮᠠᠶᠢᠨ᠎ᠠ ︔ ᠡᠨᠧᠷᠬᠢ ᠨᠥᠭᠡᠴᠡᠯᠡᠬᠦ ᠳᠤ ᠭᠤᠣᠯᠳᠠᠭᠤ ᠳᠡᠭᠡᠳᠦ ᠬᠡᠯᠬᠢᠶᠡᠨ ᠤ ᠴᠠᠬᠢᠯᠭᠠᠨ ᠴᠢᠫ ᠦᠢᠯᠡᠳᠬᠦ ᠪᠠ ᠳᠣᠣᠷᠠᠳᠤ ᠬᠡᠯᠬᠢᠶᠡᠨ ᠤ ᠡᠨᠧᠷᠬᠢ ᠨᠥᠭᠡᠴᠡᠯᠡᠵᠦ ᠬᠤᠷᠠᠭᠤᠯᠬᠤ ᠲᠠᠯ᠎ᠠ ᠳᠤ ᠰᠢᠪᠲᠤᠯᠤᠯᠲᠠ ᠬᠢᠵᠦ ᠂ ᠡᠨᠡ ᠵᠢᠯ ᠳᠤ ᠡᠨᠧᠷᠬᠢ ᠨᠥᠭᠡᠴᠡᠯᠡᠬᠦ ᠲᠣᠨᠤᠭ ᠲᠥᠬᠦᠭᠡᠷᠦᠮᠵᠢ ᠦᠢᠯᠡᠳᠬᠦ ᠴᠢᠳᠠᠪᠤᠷᠢ ᠨᠢ 100 ᠲᠦᠮᠡᠨ ᠺᠢᠯᠣᠸᠠᠲ ᠴᠠᠭ ᠤᠨ ᠡᠨᠧᠷᠬᠢ ᠨᠥᠭᠡᠴᠡᠯᠡᠬᠦ ᠮᠠᠰᠢᠨ ᠴᠣᠭᠴᠠᠯᠠᠪᠤᠷᠢ ᠶᠢᠨ ᠱᠠᠭᠠᠷᠳᠠᠯᠭ᠎ᠠ ᠶᠢ ᠬᠠᠩᠭᠠᠯᠭᠠᠬᠤ ᠪᠠᠷ ᠴᠢᠷᠮᠠᠶᠢᠨ᠎ᠠ ︔ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠳᠬᠡᠨ ᠥᠷᠭᠡᠳᠬᠡᠵᠦ ᠂ ᠲᠣᠨᠤᠭ ᠲᠥᠬᠦᠭᠡᠷᠦᠮᠵᠢ ᠦᠢᠯᠡᠳᠪᠦᠷᠢᠯᠡᠵᠦ ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ᠨᠡᠭᠦᠷᠡᠰᠦᠨ ᠳᠤ ᠰᠠᠭᠤᠷᠢᠯᠠᠭᠰᠠᠨ ᠣᠨᠴᠠᠭᠠᠢ ᠰᠢᠲᠠᠭᠠᠯᠭ᠎ᠠ ᠪᠠ ᠨᠡᠭᠦᠷᠡᠰᠦᠨ ᠳᠤ ᠰᠠᠭᠤᠷᠢᠯᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ ᠮᠠᠲ᠋ᠧᠷᠢᠶᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠡᠭᠦᠷᠡᠰᠦ ᠪᠠᠷ ᠠᠯᠺᠤᠨ ᠨᠡᠭᠦᠷᠥᠭᠴᠢ ᠦᠢᠯᠡᠳᠬᠦ ᠠᠴᠠ ᠬᠠᠷᠢᠮᠠᠬᠠᠢ ᠪᠡᠶᠡᠲᠦ ᠮᠠᠲ᠋ᠧᠷᠢᠶᠠᠯ ᠂ ᠨᠢᠯᠦᠨ ᠂ ᠣᠨᠴᠠ ᠲᠦᠷᠣᠯ ᠤᠨ ᠰᠦᠯᠢᠶᠥᠦ ᠵᠡᠷᠭᠡ ᠦᠢᠯᠡᠳᠬᠦᠨ ᠦᠢᠯᠡᠳᠬᠦ ᠲᠡᠶᠢᠰᠢ ᠤᠷᠲᠤᠳᠬᠠᠬᠤ ᠶᠢ ᠭᠤᠣᠯᠳᠠᠭ᠎ᠠ ᠲᠠᠢ ᠠᠬᠢᠭᠤᠯᠵᠤ ᠂ ᠨᠡᠭᠦᠷᠡᠰᠦ ᠪᠠᠷ ᠡᠲ᠋ᠠ ᠬᠤᠶᠠᠷᠴᠢ ᠠᠯᠺᠣᠣᠯ ᠦᠢᠯᠡᠳᠬᠦ ᠠᠴᠠ ᠪᠥᠭᠡᠭᠡᠨᠡᠷᠡᠯ ᠡᠲ᠋ᠢᠯ ᠠᠯᠺᠣᠣᠯ ᠤᠨ ᠬᠦᠴᠢᠯ ᠂ ᠪᠥᠭᠡᠭᠡᠨᠡᠷᠡᠯ ᠡᠰᠲ᠋ᠧᠷ ᠰᠢᠷᠬᠡᠭ ᠵᠡᠷᠭᠡ ᠦᠢᠯᠡᠳᠬᠦᠨ ᠦᠢᠯᠡᠳᠬᠦ ᠲᠡᠶᠢᠰᠢ ᠤᠷᠲᠤᠳᠬᠠᠬᠤ ᠶᠢ ᠠᠬᠢᠭᠤᠯᠵᠤ ᠂ ᠮᠡᠷᠭᠡᠵᠢᠯ ᠂ ᠲᠥᠬᠦᠭᠡᠷᠦᠮᠵᠢ ᠂ ᠲᠦᠷᠭᠡᠳᠬᠡᠭᠦᠷ ᠡᠳ᠋ ᠵᠡᠷᠭᠡ ᠶᠢᠨ ᠣᠷᠣᠨ ᠤ ᠳᠣᠲᠣᠭᠠᠳᠤ ᠳᠠᠬᠢ ᠲᠦᠭᠦᠷᠵᠢᠭᠦᠯᠭᠦ ᠨᠣᠷᠮ᠎ᠡ ᠪᠠᠨ ᠳᠡᠭᠡᠭᠰᠢᠯᠡᠭᠦᠯᠵᠦ ᠂ ᠲᠣᠮᠳᠠᠳᠣ ᠤᠯᠤᠰ ᠤᠨ ᠴᠢᠯᠠᠭᠤᠨ ᠲᠣᠰᠣᠨ ᠤ ᠬᠢᠮᠢ ᠂ ᠪᠣᠣ ᠹᠧᠩ ᠵᠡᠷᠭᠡ ᠴᠢᠬᠤᠯᠠ ᠶᠡᠭᠡ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠣᠷᠳᠣᠰ ᠤᠨ ᠲᠠᠬᠢᠨ ᠡᠭᠦᠰᠴᠦ ᠪᠣᠯᠬᠤ ᠡᠨᠧᠷᠬᠢ ᠪᠠᠷ ᠣᠰᠤᠲᠦ᠋ᠷᠥᠭᠴᠢ ᠦᠢᠯᠡᠳᠬᠦ ᠬᠢᠭᠡᠳ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠡᠪᠴᠡᠯᠳᠦᠨ ᠬᠥᠭᠵᠢᠬᠦ ᠶᠢ ᠳᠡᠮᠵᠢᠵᠣ ᠂ ᠦᠬᠠᠢ ᠳᠤ ᠨᠡᠭᠦᠷᠡᠰᠦᠨ ᠳᠤ ᠰᠠᠭᠤᠷᠢᠯᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠵᠦ ᠂ ᠡᠨᠡ ᠵᠢᠯ ᠳᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠦᠷᠲᠡᠭ ᠢᠶᠠᠨ ᠮᠢᠩᠭᠠᠨ ᠳ᠋ᠥᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠭᠤᠯᠬᠤ ᠪᠠᠷ ᠴᠢᠷᠮᠠᠶᠢᠨ᠎ᠠ ᠃ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠂ ᠲᠣᠭᠲᠠᠮᠠᠯ ᠰᠣᠷᠢᠨᠵᠢᠨ ᠂ ᠭᠢᠯᠠᠶᠢᠯᠭᠠᠬᠤ ᠂ ᠬᠡᠷᠡᠯᠳᠣᠭᠦᠯᠭᠦ ᠂ ᠲᠦᠷᠭᠡᠳᠬᠡᠬᠦ ᠪᠠ ᠴᠠᠬᠢᠯᠭᠠᠨ ᠮᠠᠰᠢᠨ ᠂ ᠣᠰᠤᠲᠦ᠋ᠷᠥᠭᠴᠢ ᠨᠥᠭᠡᠴᠡᠯᠡᠬᠦ ᠂ ᠣᠨᠴᠠ ᠲᠦᠷᠣᠯ ᠤᠨ ᠬᠠᠶᠢᠯᠤᠰᠢ ᠂ ᠭᠡᠷᠡᠯᠯᠢᠭ ᠰᠢᠯ ᠵᠡᠷᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠦᠵᠦᠭᠦᠷ ᠬᠡᠷᠡᠭᠯᠡᠭᠡᠨ ᠤ ᠠᠵᠤ ᠦᠢᠯᠡᠰ ᠵᠡᠷᠭᠡ ᠶᠢ ᠶᠡᠭᠡ ᠪᠠᠷ ᠬᠥᠭᠵᠢᠭᠦᠯᠵᠦ ᠂ ᠪᠦᠭᠦ ᠤᠯᠤᠰ ᠲᠠᠬᠢ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠬᠠᠮᠤᠭ ᠤᠨ ᠲᠣᠮᠣ ᠰᠠᠭᠤᠷᠢᠨ ᠭᠠᠵᠠᠷ ᠪᠠ ᠪᠦᠭᠦ ᠤᠯᠤᠰ ᠤᠨ ᠬᠤᠪᠣᠷ ᠰᠢᠷᠣᠢ ᠶᠢᠨ ᠬᠡᠷᠡᠭᠯᠡᠭᠡᠨ ᠤ ᠲᠡᠷᠢᠭᠦᠨ ᠳᠤ ᠣᠷᠣᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ ᠃ ᠲᠥᠪᠯᠡᠷᠡᠭᠦᠯᠦᠨ ᠠᠬᠢᠭᠤᠯᠬᠤ ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠠᠷ ᠳᠠᠮᠵᠢᠭᠤᠯᠤᠨ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠵᠢᠴᠢ ᠨᠠᠷᠢᠯᠢᠭ ᠭᠦᠨ ᠡᠳ᠋ᠰᠢᠭᠦᠯᠵᠦ ᠪᠣᠯᠪᠠᠰᠣᠷᠠᠭᠤᠯᠬᠤ ᠂ ᠰᠢᠨ᠎ᠡ ᠡᠨᠧᠷᠬᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠂ ᠨᠡᠭᠦᠷᠡᠰᠦ ᠵᠢᠴᠢ ᠨᠡᠭᠦᠷᠡᠰᠦᠨ ᠳᠤ ᠰᠠᠭᠤᠷᠢᠯᠠᠭᠰᠠᠨ ᠠᠵᠤ ᠦᠢᠯᠡᠰ ᠂ ᠲᠡᠮᠦᠷᠯᠢᠭ ᠪᠣᠯᠪᠠᠰᠣᠷᠠᠭᠤᠯᠬᠤ ᠵᠢᠴᠢ ᠰᠢᠨ᠎ᠡ ᠮᠠᠲ᠋ᠧᠷᠢᠶᠠᠯ ᠦᠢᠯᠡᠳᠬᠦ ᠡᠨᠡ ᠬᠦ 4 ᠲᠣᠮᠣ ᠲᠤᠯᠭᠠᠭᠤᠷᠢ ᠪᠣᠯᠬᠤ ᠠᠵᠤ ᠦᠢᠯᠡᠰ ᠤᠨ ᠦᠢᠯᠡᠳᠬᠦᠨ ᠤ ᠦᠷᠲᠡᠭ ᠢ ᠲᠦᠮᠡᠨ ᠳ᠋ᠦᠩᠰᠢᠭᠤᠷ ᠤᠨ ᠳᠡᠰ ᠲᠡᠶᠢᠰᠢ ᠳᠠᠪᠰᠢᠭᠤᠯᠵᠤ ᠂ ᠪᠣᠬᠢᠷᠳᠤᠯ ᠦᠭᠡᠢ ᠣᠨᠴᠠᠯᠢᠭ ᠲᠠᠢ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠪᠦᠯᠦᠭᠵᠢᠯ ᠢ ᠲᠦᠷᠭᠡᠪᠴᠢᠯᠡᠨ ᠪᠠᠶᠢᠭᠤᠯᠤᠨ᠎ᠠ ᠃
ᠲᠥᠪᠯᠡᠷᠡᠭᠦᠯᠦᠨ ᠪᠥᠭᠡᠮᠨᠡᠷᠡᠭᠦᠯᠵᠦ ᠬᠥᠭᠵᠢᠭᠦᠯᠬᠦ ᠶᠢ ᠪᠠᠷᠢᠮᠲᠠᠯᠠᠨ᠎ᠠ ᠃ ᠡᠬᠢ ᠪᠠᠶᠠᠯᠢᠭ ᠤᠨ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠠᠵᠤ ᠠᠬᠤᠢ ᠶᠢᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ ᠃ ᠬᠤᠳᠡ ᠶᠢᠨ ᠪᠦᠯᠦᠭᠵᠢᠯ ᠪᠠ ᠣᠷᠣᠨ ᠪᠦᠰᠡ ᠶᠢᠨ ᠲᠥᠪ ᠪᠣᠯᠬᠤ ᠬᠤᠳᠡ ᠶᠢ ᠬᠦᠴᠦᠯᠡᠨ ᠪᠣᠢ ᠪᠣᠯᠭᠠᠵᠣ ᠂ ᠬᠦᠬᠡᠬᠤᠳᠠ ᠪᠤᠭᠤᠲᠤ ᠣᠷᠳᠣᠰ ᠤᠯᠠᠭᠠᠨᠴᠠᠪ ᠤᠨ ᠬᠤᠳᠡ ᠶᠢᠨ ᠪᠦᠯᠦᠭᠵᠢᠯ ᠪᠠ ᠤᠯᠠᠭᠠᠨᠬᠠᠳᠠ ᠂ ᠲᠦᠩᠯᠢᠶᠣᠣ ᠶᠢᠨ ︽ᠬᠤᠶᠠᠷ ᠬᠥᠪᠡᠭᠦᠨ ᠣᠳᠣᠨ ᠣᠷᠣᠨ︾ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ ᠂ ᠳᠤᠮᠳᠠ ᠪᠠᠭ᠎ᠠ ᠬᠤᠲᠡ ᠪᠠ ᠰᠢᠶᠠᠨ ᠤ ᠬᠤᠳᠡ ᠶᠢᠨ ᠬᠥᠮᠥᠨ ᠠᠮᠠ ᠶᠢᠨ ᠲᠠᠲᠠᠬᠤ ᠬᠦᠴᠦᠨ ᠪᠣᠯᠣᠨ ᠠᠵᠤ ᠠᠬᠤᠢ ᠶᠢᠨ ᠳᠠᠭᠠᠭᠠᠬᠤ ᠬᠦᠴᠦᠨ ᠢ ᠪᠦᠳᠣᠮᠵᠢᠳᠠᠢ ᠳᠡᠭᠡᠭᠰᠢᠯᠡᠭᠦᠯᠦᠨ᠎ᠡ ᠃ ᠬᠤᠳᠡ ᠶᠢᠨ ᠬᠠᠮ ᠰᠢᠨᠵᠢᠯᠡᠭᠡ ᠵᠠᠳᠠᠯᠤᠯᠲᠠ ᠶᠢ ᠥᠷᠨᠢᠭᠦᠯᠵᠦ ᠂ ᠬᠤᠳᠡ ᠶᠢᠨ ᠰᠢᠨᠡᠳᠬᠡᠯ ᠢ ᠠᠬᠢᠭᠤᠯᠤᠨ ᠂ ᠨᠠᠷᠢᠯᠢᠭᠵᠢᠭᠤᠯᠤᠨ ᠬᠠᠮᠢᠶᠠᠷᠬᠤ ᠪᠠᠨ ᠴᠢᠩᠭᠠᠳᠬᠠᠵᠤ ᠂ ᠰᠠᠭᠤᠷᠢᠰᠢᠬᠤ ᠳᠤ ᠲᠠᠭᠠᠯᠠᠮᠵᠢᠲᠠᠢ ᠂ ᠤᠶᠤᠨᠯᠢᠭ ᠴᠢᠨᠠᠷᠲᠠᠢ ᠂ ᠣᠶᠤᠨᠯᠢᠭ ᠬᠤᠳᠡ ᠶᠢ ᠵᠢᠱᠢᠶ᠎ᠡ ᠦᠵᠡᠭᠦᠯᠦᠨ ᠪᠠᠶᠢᠭᠤᠯᠤᠨ᠎ᠠ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠦᠭᠦ ᠲᠠᠯ᠎ᠠ ᠪᠠᠷ ᠠᠬᠢᠭᠤᠯᠵᠤ ᠂ ᠲᠥᠪᠯᠡᠷᠡᠭᠦᠯᠬᠦ ᠳᠤ ᠲᠣᠬᠢᠷᠠᠮᠵᠢᠲᠠᠢ ᠪᠣᠯ ᠲᠥᠪᠯᠡᠷᠡᠭᠦᠯᠦᠨ ᠂ ᠰᠢᠯᠵᠢᠭᠦᠯᠬᠦ ᠳᠤ ᠲᠣᠬᠢᠷᠠᠮᠵᠢᠲᠠᠢ ᠪᠣᠯ ᠰᠢᠯᠵᠢᠭᠦᠯᠵᠦ ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠬᠥᠮᠥᠨ ᠠᠷᠠᠳ ᠤᠨ ᠰᠠᠭᠤᠷᠢᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠦᠨ ᠂ ᠠᠵᠤ ᠲᠦᠷᠣᠵᠣ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ ᠃ ᠣᠳᠣᠬᠢᠴᠢᠯᠠᠭᠰᠠᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ︽ᠲᠤᠶᠢᠯᠪᠤᠷᠢᠲᠠᠢ ᠰᠢᠢᠳᠪᠦᠷᠢᠯᠡᠭᠰᠡᠨ︾ ᠦᠷ᠎ᠡ ᠪᠦᠲᠦᠭᠡᠯ ᠢ ᠰᠠᠶᠢᠲᠤᠷ ᠠᠰᠢᠭᠯᠠᠵᠤ ᠂ ᠮᠦ ᠪᠦᠷᠢ ᠶᠢᠨ ᠪᠡᠯᠡ ᠣᠷᠣᠭᠤᠯᠣᠯᠳᠡ ᠪᠠᠷ ᠴᠢᠳᠠᠯᠲᠠᠨ ᠢ ᠦᠨᠡᠯᠡᠬᠦ ᠂ ᠮᠦ ᠪᠦᠷᠢ ᠶᠢᠨ ᠪᠦᠲᠦᠭᠡᠭᠳᠡᠬᠦᠨ ᠤ ᠦᠷᠲᠡᠭ ᠢᠶᠠᠷ ᠴᠢᠳᠠᠯᠲᠠᠨ ᠢ ᠦᠨᠡᠯᠡᠬᠦ ᠂ ᠮᠦ ᠪᠦᠷᠢ ᠶᠢᠨ ᠬᠤᠷᠣᠭᠳᠠᠯ ᠢ ᠪᠠᠭᠠᠰᠬᠠᠭᠰᠠᠨ ᠢᠶᠠᠷ ᠴᠢᠳᠠᠯᠲᠠᠨ ᠢ ᠦᠨᠡᠯᠡᠬᠦ ᠤᠳᠤᠷᠢᠳᠤᠮᠵᠢ ᠪᠠᠨ ᠴᠢᠩᠳᠠᠯᠠᠨ ᠂ ᠡᠨᠧᠷᠬᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠪᠠᠶᠢᠭᠰᠠᠨ ᠠᠴᠠ ᠨᠡᠭᠦᠷᠡᠰᠣᠲᠦ᠋ᠷᠦᠭᠴᠢ ᠭᠠᠳᠠᠭᠰᠢᠯᠠᠭᠤᠯᠬᠤ ᠶᠢᠨ ︽ᠬᠤᠶᠠᠷ ᠢ ᠬᠢᠵᠠᠭᠠᠷᠯᠠᠬᠤ︾ ᠲᠡᠶᠢᠰᠢ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ ᠂ ︽ᠣᠷᠣᠨ ᠪᠦᠰᠡ ᠪᠠᠷ ᠦᠨᠡᠯᠡᠨ ᠵᠢᠱᠢᠬᠦ + ᠪᠠᠷᠢᠮᠵᠢᠶᠠᠲᠤ ᠭᠠᠵᠠᠷ︾ ᠤᠨ ᠵᠠᠭᠪᠤᠷ ᠢ ᠬᠡᠷᠡᠭᠵᠢᠭᠦᠯᠵᠦ ᠂ ᠬᠦᠷᠢᠶᠡᠯᠡᠩ ᠲᠣᠭᠤᠷᠢᠭ ᠲᠤ ᠣᠷᠣᠭᠰᠠᠨ ᠠᠵᠤ ᠦᠢᠯᠡᠰ ᠤᠨ ᠲᠦᠷᠣᠯ ᠵᠦᠢᠯ ᠤᠨ ᠡᠨᠧᠷᠬᠢ ᠶᠢᠨ ᠠᠰᠢᠭᠯᠠᠮᠵᠢ ᠶᠢᠨ ᠪᠠᠷᠢᠮᠵᠢᠶ᠎ᠠ ᠪᠠ ᠭᠠᠷᠭᠠᠯᠲᠠ ᠶᠢᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ ᠂ ᠬᠢᠵᠠᠭᠠᠷᠯᠠᠭᠳᠠᠭᠰᠠᠨ ᠦᠢᠯᠡᠳᠪᠦᠷᠢᠯᠡᠬᠦ ᠴᠢᠳᠠᠮᠵᠢ ᠶᠢ ᠨᠢ ᠪᠤᠴᠠᠭᠠᠨ ᠭᠠᠷᠭᠠᠬᠤ ᠪᠠᠨ ᠲᠦᠷᠭᠡᠳᠬᠡᠵᠦ ᠂ ︽ᠬᠤᠶᠠᠷ ᠶᠡᠬᠡᠲᠡᠢ︾ ᠲᠦᠷᠣᠯ ᠵᠦᠢᠯ ᠢ ᠳᠣᠣᠷ᠎ᠠ ᠬᠢᠷᠢ ᠲᠦᠪᠰᠢᠨ ᠲᠠᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠵᠤ ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠪᠯᠡᠷᠡᠬᠦ ᠬᠡᠮᠵᠢᠶ᠎ᠡ ᠂ ᠳᠠᠭᠠᠭᠠᠬᠤ ᠬᠦᠴᠦᠨ ᠪᠠ ᠪᠣᠬᠢᠷᠳᠤᠯ ᠦᠭᠡᠶᠢᠳᠡᠭᠦᠯᠬᠦ ᠬᠢᠷᠢ ᠲᠦᠪᠰᠢᠨ ᠢ ᠨᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ ᠃
ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢ ᠪᠠᠷᠢᠮᠲᠠᠯᠠᠨ᠎ᠠ ᠃ ᠪᠦᠭᠦ ᠲᠠᠯ᠎ᠠ ᠪᠠᠷ ᠠᠷᠪᠢᠯᠠᠵᠤ ᠭᠠᠮᠨᠠᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠦᠷᠭᠦᠯᠵᠢᠯᠡᠨ ᠭᠦᠨᠵᠡᠭᠡᠶᠢᠷᠡᠭᠦᠯᠵᠦ ᠂ ᠭᠠᠵᠠᠷ ᠰᠢᠷᠣᠢ ᠶᠢ ᠠᠰᠢᠭᠯᠠᠬᠤ ᠂ ᠬᠤᠳᠡ ᠬᠥᠳᠡᠭᠡ ᠶᠢ ᠪᠦᠲᠦᠭᠡᠨ ᠪᠠᠶᠢᠭᠤᠯᠬᠤ ᠂ ᠡᠬᠢ ᠪᠠᠶᠠᠯᠢᠭ ᠢ ᠨᠡᠭᠡᠭᠡᠬᠦ ᠂ ᠬᠠᠲᠠᠭᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠵᠡᠷᠭᠡ ᠬᠦᠷᠢᠶᠡᠨ ᠳᠠᠬᠢ ᠪᠦᠷᠢᠯᠭᠡᠨ ᠰᠦᠢᠳᠬᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠂ ᠡᠨᠧᠷᠬᠢ ᠂ ᠤᠰᠤ ᠂ ᠠᠮᠤ ᠪᠤᠳᠠᠭ᠎ᠠ ᠂ ᠭᠠᠵᠠᠷ ᠰᠢᠷᠣᠢ ᠂ ᠠᠭᠤᠷᠬᠠᠢ ᠂ ᠮᠠᠲ᠋ᠧᠷᠢᠶᠠᠯ ᠢ ᠪᠦᠭᠦ ᠲᠠᠯ᠎ᠠ ᠪᠠᠷ ᠠᠷᠪᠢᠯᠠᠵᠤ ᠭᠠᠮᠨᠠᠬᠤ ᠶᠢ ᠠᠬᠢᠭᠤᠯᠤᠨ᠎ᠠ ᠂ ᠣᠨᠴᠠᠭᠠᠶᠢᠯᠠᠨ ᠤᠰᠤ ᠶᠢ ᠰᠠᠶᠢᠨ ᠠᠷᠪᠢᠯᠠᠵᠤ ᠤᠰᠤ ᠰᠠᠶᠢᠨ ᠬᠢᠵᠠᠭᠠᠷᠯᠠᠬᠤ ᠠᠵᠢᠯᠯᠠᠭᠠᠨ ᠢ ᠰᠠᠶᠢᠲᠤᠷ ᠥᠷᠨᠢᠭᠦᠯᠵᠦ ᠂ ᠲᠠᠷᠢᠶᠠᠯᠠᠩ ᠤᠨ ᠤᠰᠤ ᠠᠷᠪᠢᠯᠠᠵᠤ ᠣᠨᠠᠯᠳᠡ ᠪᠠᠨ ᠳᠡᠭᠡᠭᠰᠢᠯᠡᠭᠦᠯᠭᠦ ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠪᠠᠨ ᠪᠠᠭᠠᠰᠬᠠᠬᠤ ᠂ ᠬᠤᠳᠡ ᠪᠠᠯᠭᠠᠰᠤᠨ ᠤ ᠤᠰᠤ ᠠᠷᠪᠢᠯᠠᠵᠤ ᠰᠦᠢᠳᠬᠡᠬᠦ ᠶᠢ ᠪᠠᠭᠠᠰᠬᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠵᠤ ᠬᠡᠷᠡᠭᠯᠡᠬᠦ ᠶᠢ ᠶᠡᠷᠦᠩᠬᠡᠶᠢᠯᠡᠨ ᠵᠠᠰᠠᠬᠤ ᠂ ᠳᠠᠬᠢᠯᠲᠠ ᠤᠰᠤ ᠶᠢ ᠠᠰᠢᠭᠯᠠᠬᠤ ᠪᠠᠨ ᠬᠦᠴᠦᠲᠡᠢ ᠠᠬᠢᠭᠤᠯᠤᠨ᠎ᠠ ᠂ ᠢᠯᠠᠩᠭᠤᠶ᠎ᠠ ︽ᠬᠤᠭᠤᠰᠤᠨ ᠭᠠᠵᠠᠷ ᠢ ᠤᠰᠤᠯᠠᠬᠤ︾ ᠵᠡᠷᠭᠡ ᠲᠠᠷᠢᠶᠠᠯᠠᠩ ᠤᠨ ᠤᠰᠤ ᠰᠦᠢᠳᠬᠡᠬᠦ ᠠᠰᠠᠭᠤᠳᠠᠯ ᠢ ᠭᠤᠣᠯᠳᠠᠭ᠎ᠠ ᠲᠠᠢ ᠰᠢᠢᠳᠪᠦᠷᠢᠯᠡᠵᠦ ᠂ ᠤᠰᠤ ᠶᠢ ᠠᠷᠪᠢᠯᠠᠵᠤ ᠤᠰᠤ ᠶᠢ ᠠᠰᠢᠭᠲᠠᠢ ᠬᠡᠷᠡᠭᠯᠡᠬᠦ ᠪᠣᠯᠭᠠᠨ᠎ᠠ ᠃ ᠠᠭᠤᠯᠠ ᠤᠰᠤ ᠣᠢ ᠲᠠᠷᠢᠶ᠎ᠡ ᠨᠠᠭᠤᠷ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠣ ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠭᠦ ᠲᠠᠯ᠎ᠠ ᠪᠠᠷ ᠠᠬᠢᠭᠤᠯᠤᠨ ᠂ ᠴᠢᠬᠤᠯᠠ ᠪᠣᠯᠬᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ ᠂ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠪᠠ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ ᠂ ᠬᠠᠳᠣᠨ ᠭᠤᠣᠯ ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠂ ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠢ ᠶᠡᠷᠦᠩᠬᠡᠶᠢᠯᠡᠨ ᠵᠠᠰᠠᠬᠤ ᠂ ᠬᠥᠯᠥᠨ ᠪᠦᠢᠷ ᠲᠤ ᠠᠮᠢ ᠠᠬᠤᠢ ᠶᠢᠨ ᠪᠦᠲᠦᠭᠡᠭᠳᠡᠬᠦᠨ ᠤ ᠦᠨ᠎ᠡ ᠦᠷᠲᠡᠭ ᠤᠨ ᠪᠡᠶᠡᠯᠡᠭᠳᠡᠯ ᠤᠨ ᠲᠣᠭᠲᠠᠴᠠ ᠶᠢᠨ ᠲᠤᠷᠰᠢᠯᠲᠠ ᠶᠢᠨ ᠴᠡᠭ ᠥᠷᠨᠢᠭᠦᠯᠬᠦ ᠶᠢ ᠳᠡᠮᠵᠢᠨ᠎ᠡ ᠃ ᠴᠡᠩᠬᠡᠷ ᠣᠭᠲᠠᠷᠭᠤᠢ ᠂ ᠴᠡᠩᠭᠡᠭ ᠤᠰᠤ ᠂ ᠴᠡᠪᠡᠷ ᠭᠠᠵᠠᠷ ᠰᠢᠷᠣᠢ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ ᠂ ᠬᠦᠨᠳᠦ ᠪᠣᠬᠢᠷᠲᠤᠭᠰᠠᠨ ᠠᠭᠠᠷ ᠢ ᠰᠡᠷᠭᠡᠶᠢᠯᠡᠨ ᠵᠠᠰᠠᠬᠤ ᠂ ᠪᠠᠷᠢᠮᠵᠢᠶ᠎ᠠ ᠳᠤ ᠨᠡᠶᠢᠴᠡᠬᠦ ᠦᠭᠡᠢ ᠣᠭᠲᠣᠯᠣᠭᠠᠰᠤ ᠶᠢᠨ ᠣᠰᠦᠨ ᠪᠡᠶᠡᠲᠦ ᠶᠢ ᠴᠡᠭᠴᠡᠯᠡᠨ ᠵᠠᠰᠠᠬᠤ ᠪᠠ ᠲᠠᠷᠢᠶᠠᠯᠠᠩ ᠤᠨ ᠪᠣᠷᠳᠣᠭᠤᠷ ᠬᠡᠷᠡᠭᠯᠡᠬᠦ ᠶᠢ ᠬᠢᠵᠠᠭᠠᠷᠯᠠᠬᠤ ᠂ ᠲᠠᠷᠢᠶᠠᠨ ᠡᠮ ᠬᠡᠷᠡᠭᠯᠡᠬᠦ ᠶᠢ ᠬᠢᠵᠠᠭᠠᠷᠯᠠᠬᠤ ᠂ ᠤᠰᠤ ᠬᠡᠷᠡᠭᠯᠡᠬᠦ ᠶᠢ ᠬᠢᠵᠠᠭᠠᠷᠯᠠᠬᠤ ᠂ ᠨᠢᠮᠭᠡᠨ ᠪᠦᠷᠬᠦᠭᠴᠢ ᠬᠡᠷᠡᠭᠯᠡᠬᠦ ᠶᠢ ᠬᠢᠵᠠᠭᠠᠷᠯᠠᠬᠤ ᠠᠵᠢᠯᠯᠠᠭᠠᠨ ᠢ ᠲᠣᠪᠣᠶᠢᠮ᠎ᠠ ᠰᠠᠶᠢᠨ ᠠᠳᠬᠤᠵᠤ ᠂ ᠥᠪᠥᠷ ᠮᠣᠩᠭᠤᠯ ᠤᠨ ᠡᠨᠡ ᠬᠦ ᠨᠣᠮᠢᠨ ᠨᠣᠭᠤᠭᠠᠨ ᠂ ᠴᠡᠩᠬᠡᠷ ᠬᠥᠬᠡ ᠂ ᠴᠡᠪᠡᠷ ᠲᠤᠩᠭᠠᠯᠠᠭ ᠢ ᠡᠷᠡᠰ ᠰᠠᠬᠢᠨ ᠬᠠᠮᠠᠭᠠᠯᠠᠨ᠎ᠠ ᠃
︵ᠳᠥᠷᠪᠡ︶ ᠰᠢᠪᠲᠤᠯᠤᠯᠲᠠ ᠬᠢᠬᠦ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢᠯᠠᠭᠴᠢ ᠴᠢᠨᠠᠷ ᠂ ᠪᠠᠶᠢᠯᠳᠤᠬᠤ ᠪᠣᠳᠣᠯᠭᠠᠲᠤ ᠴᠢᠨᠠᠷ ᠤᠨ ᠲᠤᠯᠭᠠᠭᠤᠷᠢᠯᠠᠯ ᠢ ᠲᠠᠰᠣᠷᠠᠯᠳᠡ ᠦᠭᠡᠢ ᠴᠢᠩᠭᠠᠷᠠᠭᠤᠯᠤᠨ᠎ᠠ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠮᠠᠨ ᠤ ᠣᠷᠣᠨ ᠤ ᠳᠤᠲᠠᠭᠤᠳᠠᠯ ᠲᠠᠢ ᠲᠠᠯ᠎ᠠ ᠪᠣᠯᠣᠨ᠎ᠠ ᠂ ᠮᠥᠨ ᠴᠦ ᠴᠢᠨᠠᠷ ᠰᠠᠶᠢᠲᠠᠢ ᠬᠥᠭᠵᠢᠯᠲᠡ ᠳᠤ ᠰᠢᠢᠳᠪᠦᠷᠢᠯᠡᠭᠴᠢ ᠦᠢᠯᠡᠳᠦᠯ ᠲᠠᠢ ᠵᠠᠩᠭᠢᠯᠠᠭ᠎ᠠ ᠪᠣᠯᠬᠤᠷ ᠂ ᠡᠷᠬᠡᠪᠰᠢ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠠᠮᠲᠤ ᠳᠤ ᠨᠢ ᠠᠳᠬᠤᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠣᠯᠳᠡ ᠶᠢ ᠳᠠᠬᠢᠨᠲᠠ ᠨᠡᠮᠡᠭᠳᠡᠭᠦᠯᠦᠨ᠎ᠡ ᠃ ᠵᠠᠰᠠᠭ ᠤᠨ ᠣᠷᠳᠣᠨ ᠲᠦᠷᠦᠭᠦᠯᠡᠨ ᠰᠢᠪᠲᠤᠯᠤᠯᠲᠠ ᠬᠢᠵᠦ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠲᠣᠬᠢᠷᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠣᠯ ᠤᠨ ᠪᠡᠯᠡ ᠮᠥᠩᠭᠦ ᠶᠢ 20% ᠨᠡᠮᠡᠭᠳᠡᠭᠦᠯᠦᠨ ᠂ ᠡᠯ᠎ᠡ ᠲᠦᠷᠣᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨ᠎ᠡ ᠶᠢ ᠡᠭᠦᠳᠬᠦ ᠪᠠᠷ ᠰᠡᠳᠬᠢᠬᠦ ᠂ ᠵᠣᠷᠢᠭᠲᠠᠢ ᠪᠠᠷ ᠰᠢᠨ᠎ᠡ ᠶᠢ ᠡᠭᠦᠳᠬᠦ ᠂ ᠰᠢᠨ᠎ᠡ ᠶᠢ ᠡᠭᠦᠳᠴᠦ ᠲᠠᠶᠢᠯᠭᠦ ᠪᠣᠯᠭᠠᠨ ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠤᠨ᠎ᠠ ᠃ ᠠᠵᠤ ᠠᠬᠤᠶᠢᠯᠠᠯ ᠤᠳ ᠭᠤᠣᠯᠯᠠᠬᠤ ᠦᠢᠯᠡᠳᠦᠯ ᠦᠵᠡᠭᠦᠯᠵᠦ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ ᠲᠣᠬᠢᠷᠠᠭᠤᠯᠬᠤ ᠂ ᠰᠤᠳᠤᠯᠤᠨ ᠨᠡᠭᠡᠭᠡᠬᠦ ᠠᠵᠢᠯᠯᠠᠭᠠᠨ ᠥᠷᠨᠢᠭᠦᠯᠬᠦ ᠂ ᠰᠤᠳᠤᠯᠤᠨ ᠨᠡᠭᠡᠭᠡᠬᠦ ᠣᠷᠣᠭᠤᠯᠣᠯᠳᠡ ᠶᠢ ᠨᠢ ᠨᠡᠮᠡᠭᠳᠡᠭᠦᠯᠬᠦ ︽ᠭᠤᠷᠪᠠ ᠶᠢ ᠨᠡᠶᠢᠳᠡᠮ ᠬᠠᠮᠤᠷᠬᠤ︾ ᠲᠥᠯᠥᠪᠯᠡᠭᠡ ᠶᠢ ᠬᠡᠷᠡᠭᠵᠢᠭᠦᠯᠦᠨ ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠪᠠᠨ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ ᠃ ᠰᠢᠨ᠎ᠡ ᠶᠢ ᠡᠭᠦᠳᠬᠦ ᠬᠡᠯᠪᠡᠷᠢ ᠪᠦᠬᠦᠢ ᠠᠵᠤ ᠠᠬᠤᠶᠢᠯᠠᠯ ᠤᠨ ︽ᠬᠤᠣᠰ ᠳᠠᠬᠢᠨ ᠨᠡᠮᠡᠭᠳᠡᠬᠦ ᠪᠠ ᠬᠤᠶᠠᠷ ᠢ ᠳᠡᠭᠡᠭᠰᠢᠯᠡᠭᠦᠯᠭᠦ︾ ᠠᠵᠢᠯᠯᠠᠭᠠᠨ ᠢ ᠬᠡᠷᠡᠭᠵᠢᠭᠦᠯᠵᠦ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 300 ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ 400 ᠰᠢᠨ᠎ᠡ ᠪᠠᠷ ᠨᠡᠮᠡᠭᠳᠡᠭᠦᠯᠦᠨ᠎ᠡ ᠃
ᠰᠢᠨ᠎ᠡ ᠶᠢ ᠡᠭᠦᠳᠬᠦ ᠲᠠᠪᠴᠠᠩ ᠢ ᠳᠠᠬᠢᠨᠲᠠ ᠴᠢᠩᠭᠠᠷᠠᠭᠤᠯᠤᠨ᠎ᠠ ᠃ ᠨᠢᠭᠡᠨᠲᠡ ᠵᠥᠪᠰᠢᠶᠡᠷᠡᠭᠳᠡᠭᠰᠡᠨ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠂ ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠂ ᠣᠷᠳᠣᠰ ᠲᠠᠬᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠭᠦ ᠲᠣᠭᠤᠷᠢᠭ ᠪᠠ ᠤᠯᠤᠰ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠂ ᠰᠢᠨ᠎ᠡ ᠪᠠᠷ ᠪᠠᠶᠢᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠵᠡᠷᠭᠡ ᠰᠤᠳᠤᠯᠤᠯ ᠤᠨ ᠪᠠᠶᠢᠭᠤᠯᠤᠮᠵᠢ ᠨᠤᠭᠤᠳ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠢᠳᠡᠪᠬᠢᠲᠡᠢ ᠡᠭᠦᠷᠭᠡᠯᠡᠵᠦ ᠂ ᠰᠢᠨ᠎ᠡ ᠶᠢ ᠡᠭᠦᠳᠬᠦ ᠢᠨᠵᠧᠨᠧᠷᠢᠩ ᠤᠨ ᠲᠣᠳᠣᠷᠬᠠᠢ ᠬᠠᠭᠤᠳᠠᠰᠤ ᠪᠠ ᠵᠢᠱᠢᠶ᠎ᠡ ᠦᠵᠡᠭᠦᠯᠭᠦ ᠲᠦᠷᠣᠯ ᠵᠦᠢᠯ ᠤᠨ ᠲᠣᠳᠣᠷᠬᠠᠢ ᠬᠠᠭᠤᠳᠠᠰᠤ ᠶᠢ ᠵᠢᠭᠰᠠᠭᠠᠨ ᠭᠠᠷᠭᠠᠵᠤ ᠂ ᠠᠵᠢᠯ ᠲᠦᠷᠣᠯ ᠢ ᠡᠷᠴᠢᠯᠡᠬᠦ ᠂ ᠭᠠᠵᠠᠷ ᠣᠷᠣᠨ ᠢ ᠬᠥᠭᠵᠢᠭᠡᠬᠦ ᠨᠡᠩ ᠣᠯᠠᠨ ᠦᠷ᠎ᠡ ᠪᠦᠲᠦᠭᠡᠯ ᠢ ᠭᠠᠷᠭᠠᠨ᠎ᠠ ᠃ ᠡᠭᠦᠳᠦᠨ ᠪᠠᠶᠢᠭᠤᠯᠵᠤ ᠪᠠᠶᠢᠭ᠎ᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠡᠪᠡᠰᠦᠨ ︵ᠦᠷ᠎ᠡ ᠡᠭᠦᠯᠳᠡᠷ︶ ᠤ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠪᠠ ᠬᠦᠬᠡᠬᠤᠳᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠭᠦ ᠲᠣᠭᠤᠷᠢᠭ ᠂ ᠬᠤᠸᠠᠢ ᠷᠧᠦ ᠶᠢᠨ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠤᠨ ᠰᠠᠭᠤᠷᠢᠨ ᠭᠠᠵᠠᠷ ᠤᠳ ᠳᠦᠷᠢᠮ ᠂ ᠬᠠᠮᠢᠶᠠᠷᠤᠯᠲᠠ ᠂ ᠴᠢᠳᠠᠪᠤᠷᠢᠲᠠᠨ ᠂ ᠦᠢᠯᠡᠴᠢᠯᠡᠭᠡ ᠵᠡᠷᠭᠡ ᠲᠠᠯ᠎ᠠ ᠪᠠᠷ ᠦᠨᠡᠨ ᠪᠣᠳᠠᠲᠠᠢ ᠠᠷᠭ᠎ᠠ ᠪᠠᠷᠢᠯ ᠠᠪᠴᠤ ᠂ ᠪᠣᠯᠤᠮᠠᠷ ᠰᠠᠶᠢᠨ ᠦᠷ᠎ᠡ ᠪᠦᠲᠦᠭᠡᠯ ᠭᠠᠷᠭᠠᠵᠤ ᠦᠵᠡᠭᠦᠯᠦᠨ᠎ᠡ ᠃
ᠰᠢᠨ᠎ᠡ ᠶᠢ ᠡᠭᠦᠳᠬᠦ ᠬᠡᠯᠬᠢᠶᠡᠨ ᠤ ᠪᠠᠶᠢᠷᠢᠰᠢᠭᠤᠯᠤᠯᠲᠠ ᠳᠤ ᠳᠠᠬᠢᠨᠲᠠ ᠬᠦᠴᠦᠨ ᠨᠡᠮᠡᠷᠢᠯᠡᠨ᠎ᠡ ᠃ ᠠᠵᠤ ᠦᠢᠯᠡᠰ ᠤᠨ ᠬᠡᠯᠬᠢᠶ᠎ᠡ ᠪᠠ ᠬᠠᠩᠭᠠᠯᠭ᠎ᠠ ᠶᠢᠨ ᠬᠡᠯᠬᠢᠶᠡᠨ ᠤ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠪᠠᠶᠢᠷᠢᠰᠢᠭᠤᠯᠬᠤ ᠶᠢ ᠪᠠᠷᠢᠮᠲᠠᠯᠠᠨ ᠂ ᠮᠠᠨ ᠤ ᠣᠷᠣᠨ ᠤ ᠪᠣᠳᠠᠲᠠᠢ ᠲᠠᠢ ᠤᠶᠠᠯᠳᠤᠭᠤᠯᠵᠤ ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠣᠷᠣᠭᠤᠯᠬᠤ ᠬᠠᠨᠳᠤᠰᠢ ᠪᠠ ᠰᠢᠨᠵᠢᠯᠡᠬᠦ ᠤᠬᠠᠭᠠᠨ ᠤ ᠰᠤᠳᠤᠯᠬᠤ ᠲᠦᠷᠣᠯ ᠵᠦᠢᠯ ᠤᠨ ᠪᠠᠶᠢᠷᠢᠰᠢᠭᠤᠯᠤᠯᠲᠠ ᠶᠢ ᠡᠨᠧᠷᠬᠢ ᠂ ᠰᠦ ᠶᠢᠨ ᠦᠢᠯᠡᠰ ᠂ ᠡᠪᠡᠰᠦᠨ ᠤ ᠦᠢᠯᠡᠰ ᠂ ᠦᠷ᠎ᠡ ᠡᠭᠦᠯᠳᠡᠷ ᠤᠨ ᠦᠢᠯᠡᠰ ᠂ ᠬᠤᠪᠣᠷ ᠰᠢᠷᠣᠢ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠲᠥᠪᠯᠡᠷᠡᠭᠦᠯᠬᠦ ᠶᠢ ᠠᠬᠢᠭᠤᠯᠤᠨ ᠂ ᠰᠠᠶᠢᠨ ᠠᠷᠭ᠎ᠠ ᠬᠢᠳᠡᠯ ᠢᠶᠠᠨ ᠣᠨᠢᠨ ᠳᠡᠭᠡᠷ᠎ᠡ ᠨᠢ ᠬᠡᠷᠡᠭᠯᠡᠵᠦ ᠢᠳᠡ ᠬᠦᠴᠦ ᠶᠢ ᠨᠢ ᠪᠠᠳᠠᠷᠠᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠡᠨᠡ ᠵᠢᠯ ︽ᠮᠧᠩ ᠺᠧ ᠵᠢᠦᠢ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠲᠡ ᠶᠢᠨ ︽ᠨᠢᠭᠡᠳᠪᠦᠷᠢ ᠰᠦᠯᠵᠢᠶ᠎ᠡ︾ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠵᠤ ᠨᠡᠭᠡᠭᠡᠬᠦ ᠂ ᠬᠥᠷᠥᠩᠭᠡ ᠶᠢᠨ ᠭᠦᠢᠯᠭᠡᠭᠡᠨ ᠠᠵᠢᠯᠯᠠᠬᠤ ᠂ ᠲᠦᠷᠣᠯ ᠵᠦᠢᠯ ᠢ ᠨᠡᠪᠴᠢᠭᠦᠯᠬᠦ ᠂ ᠦᠷ᠎ᠡ ᠪᠦᠲᠦᠭᠡᠯ ᠢ ᠤᠯᠠᠷᠢᠭᠤᠯᠬᠤ ᠂ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ ᠬᠤᠷᠠᠭᠤᠯᠤᠨ ᠂ ᠰᠢᠨ᠎ᠡ ᠶᠢ ᠡᠭᠦᠳᠬᠦ ᠬᠦᠴᠦᠨ ᠵᠦᠢᠯ ᠤᠨ ᠤᠷᠢᠳ ᠢᠶᠠᠷ ︽ᠪᠥᠭᠡᠭᠡᠨᠡᠷᠡᠨ︾ ᠂ ᠳᠠᠬᠢᠭᠠᠣᠨ ︽ᠨᠡᠶᠢᠯᠡᠯᠲᠡ︾ ᠲᠠᠢ ᠪᠣᠯᠬᠤ ᠶᠢ ᠠᠬᠢᠭᠤᠯᠵᠤ ᠂ ᠡᠨᠡ ᠬᠦ ᠰᠢᠨ᠎ᠡ ᠶᠢ ᠡᠭᠦᠳᠬᠦ ᠬᠥᠳᠡᠯᠭᠡᠭᠦᠷ ᠤᠨ ᠬᠦᠷᠳᠦ ᠶᠢ ᠡᠷᠭᠢᠯᠳᠦᠭᠦᠯᠵᠦ ᠬᠤᠷᠳᠤᠳᠬᠠᠨ᠎ᠠ ᠃
ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠪᠠᠨ ᠳᠠᠬᠢᠨᠲᠠ ᠴᠢᠩᠭᠠᠳᠬᠠᠨ᠎ᠠ ᠃ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠣᠷᠣᠭᠤᠯᠵᠤ ᠠᠪᠴᠢᠷᠠᠭᠰᠠᠨ ᠠᠺᠠᠳᠧᠮᠢᠴᠢ ᠂ ᠰᠢᠯᠭᠠᠷᠠᠭᠰᠠᠨ ᠵᠠᠯᠠᠭᠤᠴᠤᠳ ᠵᠡᠷᠭᠡ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠨᠡᠩ ᠠᠰᠢᠭᠲᠠᠢ ᠨᠥᠬᠦᠴᠡᠯ ᠪᠦᠷᠢᠯᠳᠦᠭᠦᠯᠵᠦ ᠥᠭᠬᠦ ᠶᠢᠨ ᠬᠠᠮᠲᠤ ᠂ ᠰᠠᠶᠢᠨ ᠲᠦᠷᠣ ᠶᠢᠨ ᠪᠣᠳᠣᠯᠭ᠎ᠠ ᠂ ᠰᠠᠶᠢᠬᠠᠨ ᠣᠷᠴᠢᠨ ᠲᠣᠭᠤᠷᠢᠨ ᠢᠶᠠᠷ ᠨᠡᠩ ᠣᠯᠠᠨ ᠴᠢᠳᠠᠪᠤᠷᠢᠲᠠᠨ ᠢ ᠲᠠᠲᠠᠵᠤ ᠠᠪᠴᠢᠷᠠᠨ ︽ᠭᠠᠷᠤᠳᠢ ᠭᠠᠯᠪᠢᠩᠭ᠎ᠠ ᠶᠢ ᠤᠷᠢᠳ ᠠᠴᠠ ᠨᠢᠰᠴᠦ ᠢᠷᠡᠭᠦᠯᠦᠨ︾ ᠂ ︽ᠬᠠᠯᠢᠭᠤᠨ ᠭᠠᠯᠠᠭᠤ ᠶᠢ ᠤᠮᠠᠷᠠᠲᠤ ᠳᠤ ᠪᠠᠨ ᠪᠤᠴᠠᠵᠤ ᠢᠷᠡᠭᠦᠯᠦᠨ᠎ᠡ︾ ᠃ ᠡᠭᠦᠨ ᠤ ᠬᠠᠮᠲᠤ ᠨᠤᠲᠤᠭ ᠤᠨ ᠴᠢᠳᠠᠪᠤᠷᠢᠲᠠᠨ ᠢ ᠬᠠᠷᠠᠭᠠᠯᠵᠠᠨ ᠬᠠᠯᠠᠮᠵᠢᠯᠠᠵᠤ ᠂ ᠲᠡᠳᠡᠨᠣᠰ ᠤᠨ ᠰᠡᠳᠬᠢᠯ ᠠᠮᠤᠷ ᠠᠵᠢᠯᠯᠠᠵᠤ ᠦᠢᠯᠡᠰ ᠪᠣᠰᠬᠠᠨ ᠂ ᠨᠤᠲᠤᠭ ᠤᠰᠤᠨ ᠳᠤ ᠪᠠᠨ ᠦᠨᠡᠨ ᠰᠡᠳᠬᠢᠯ ᠠᠴᠠ ᠪᠠᠨ ᠬᠤᠪᠢ ᠨᠡᠮᠡᠷᠢ ᠦᠵᠡᠭᠦᠯᠭᠦ ᠶᠢ ᠳᠠᠶᠢᠴᠢᠯᠡᠨ᠎ᠡ ᠃ ᠰᠤᠷᠭᠠᠨ ᠬᠥᠮᠦᠵᠢᠯ ᠢᠶᠠᠷ ᠴᠢᠳᠠᠪᠤᠷᠢᠲᠠᠨ ᠢ ᠬᠥᠮᠥᠵᠢᠭᠦᠯᠬᠦ ᠪᠣᠯ ᠮᠠᠨ ᠤ ᠣᠷᠣᠨ ᠤ ᠪᠠᠭᠤᠷᠠᠢ ᠲᠠᠯ᠎ᠠ ᠪᠠᠶᠢᠵᠤ ᠂ ᠵᠠᠩᠭᠢᠯᠠᠭ᠎ᠠ ᠨᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠴᠢᠨᠠᠷ ᠰᠠᠶᠢᠲᠠᠢ ᠬᠥᠭᠵᠢᠯᠲᠡ ᠯᠦᠭᠡ ᠠᠪᠴᠠᠯᠳᠤᠭᠤᠯᠬᠤ ᠳᠤ ᠪᠠᠶᠢᠨ᠎ᠠ ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠨᠢ ᠬᠥᠲᠥᠴᠢ ᠠᠵᠤ ᠠᠬᠤᠶᠢᠯᠠᠯ ᠯᠤᠭ᠎ᠠ ︽ᠬᠤᠯᠪᠣᠭᠠᠯᠠᠬᠤ︾ ᠶᠢ ᠴᠢᠬᠤᠯᠠᠴᠢᠯᠠᠨ ᠂ ︽ᠵᠠᠬᠢᠶᠠᠯᠠᠭ᠎ᠠ ᠶᠢᠨ ᠮᠠᠶ᠋ᠢᠭ︾ ᠢᠶᠠᠷ ᠬᠥᠮᠥᠵᠢᠭᠦᠯᠬᠦ ᠶᠢ ᠠᠬᠢᠭᠤᠯᠵᠤ ᠂ ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠶᠢ ᠬᠡᠷᠡᠭᠵᠢᠭᠦᠯᠵᠦ ᠂ ᠥᠨᠳᠥᠷ ᠬᠡᠪ ᠴᠢᠨᠠᠷ ᠪᠦᠬᠦᠢ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠵᠦ ᠂ 40 ᠠᠵᠤ ᠠᠬᠤᠶᠢᠯᠠᠯ ᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠨᠢ ᠭᠤᠣᠯᠳᠠᠯᠭ᠎ᠠ ᠲᠠᠢ ᠠᠬᠢᠭᠤᠯᠤᠨ ᠂ ᠳᠡᠭᠡᠳᠦ ᠤᠷ᠎ᠠ ᠮᠡᠷᠭᠡᠰᠢᠯ ᠲᠠᠢ ᠴᠢᠳᠠᠪᠤᠷᠢᠲᠠᠨ ᠤ ᠶᠡᠷᠦᠩᠬᠡᠶᠢᠯᠡᠨ ᠬᠥᠮᠥᠵᠢᠭᠦᠯᠬᠦ ᠰᠢᠨ᠎ᠡ ᠡᠭᠦᠳᠦᠯᠲᠡ ᠶᠢᠨ ᠭᠠᠷᠠᠮ ᠢ 3 ᠪᠠᠶᠢᠷᠢᠰᠢᠭᠤᠯᠤᠨ ᠪᠠᠶᠢᠭᠤᠯᠵᠤ ᠂ ᠦᠢᠯᠡᠳᠪᠦᠷᠢᠯᠡᠬᠦ ᠪᠠ ᠵᠢᠭᠠᠨ ᠰᠤᠷᠭᠠᠬᠤ ᠬᠤᠯᠪᠣᠭᠠᠲᠤ ᠴᠣᠭᠴᠠ ᠂ ᠬᠠᠮᠲᠤ ᠶᠢᠨ ᠴᠣᠭᠴᠠ ᠪᠣᠯᠣᠨ ᠦᠢᠯᠡᠳᠦᠯᠭᠡᠵᠢᠭᠦᠯᠬᠦ ᠲᠥᠪ ᠢ ᠪᠦᠲᠦᠭᠡᠨ ᠪᠠᠶᠢᠭᠤᠯᠬᠤ ᠲᠤᠷᠰᠢᠯᠲᠠ ᠶᠢᠨ ᠴᠡᠭ ᠢ ᠡᠬᠢᠯᠡᠭᠦᠯᠵᠦ ᠂ ᠡᠨᠡ ᠵᠢᠯ ᠰᠤᠷᠭᠠᠭᠤᠯᠢ ᠪᠠ ᠠᠵᠤ ᠠᠬᠤᠶᠢᠯᠠᠯ ᠬᠠᠮᠲᠤ ᠪᠠᠷ 5 ᠳᠡᠭᠡᠳᠦ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠵᠤ ᠂ ᠠᠵᠢᠯ ᠮᠡᠷᠭᠡᠵᠢᠯ ᠤᠨ ᠵᠢᠩᠬᠢᠨᠢ ᠠᠩᠭᠢ ᠲᠠᠢ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠤᠨ᠎ᠠ ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠣᠶᠣᠨ ᠴᠢᠳᠠᠯ ᠢᠶᠠᠨ ᠰᠤᠷᠭᠠᠭᠤᠯᠢ ᠡᠷᠬᠢᠯᠡᠭᠦ ᠴᠢᠨᠠᠷ ᠴᠢᠨᠰᠠᠭ᠎ᠠ ᠪᠠ ᠰᠤᠳᠤᠯᠵᠤ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠭᠦ ᠳᠤ ᠲᠥᠪᠯᠡᠷᠡᠭᠦᠯᠵᠦ ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠪᠠ ᠭᠤᠣᠯᠳᠠᠯᠭ᠎ᠠ ᠪᠣᠯᠬᠤ ᠲᠤᠷᠰᠢᠯᠲᠠ ᠬᠢᠬᠦ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠨ ᠂ ᠣᠳᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠂ ᠲᠤᠰᠬᠠᠢ ᠮᠡᠷᠭᠡᠵᠢᠯ ᠤᠨ ᠣᠨᠴᠠᠯᠢᠭ ᠲᠠᠢ ᠳᠡᠭᠡᠳᠦ ᠰᠤᠷᠭᠠᠭᠤᠯᠢ ᠪᠠ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ 16 ᠪᠠᠶᠢᠷᠢᠰᠢᠭᠤᠯᠤᠨ ᠪᠠᠶᠢᠭᠤᠯᠵᠤ ᠂ ᠨᠢᠭᠡ ᠪᠦᠯᠦᠭ ᠥᠨᠳᠥᠷ ᠬᠢᠷᠢ ᠲᠦᠪᠰᠢᠨ ᠪᠦᠬᠦᠢ ᠵᠢᠭᠠᠨ ᠰᠤᠷᠭᠠᠵᠤ ᠰᠢᠨ᠎ᠡ ᠶᠢ ᠡᠭᠦᠳᠬᠦ ᠪᠦᠯᠭᠦᠮ ᠨᠠᠶᠢᠳᠡ ᠪᠠ ᠵᠠᠩᠭᠢᠯᠠᠭ᠎ᠠ ᠪᠣᠯᠬᠤ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠠᠪᠴᠠᠩ ᠢ ᠪᠣᠢ ᠪᠣᠯᠭᠠᠵᠣ ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠦᠢᠯᠡᠳᠦᠯᠭᠡ ᠶᠢᠨ ᠴᠢᠳᠠᠪᠤᠷᠢ ᠲᠠᠢ ᠥᠨᠳᠥᠷ ᠳᠡᠰ ᠤᠨ ᠲᠤᠰᠬᠠᠢ ᠴᠢᠳᠠᠪᠤᠷᠢᠲᠠᠨ ᠢ ᠨᠡᠩ ᠣᠯᠠᠨ ᠬᠥᠮᠥᠵᠢᠭᠦᠯᠦᠨ᠎ᠡ ᠃
︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠨᠢᠳᠦᠨ ᠡᠮᠦᠨᠡᠬᠢ ᠬᠦᠴᠢᠷ ᠢ ᠰᠢᠢᠳᠪᠦᠷᠢᠯᠡᠭᠰᠡᠨ ᠴᠦ ᠲᠡᠷᠡ ᠂ ᠠᠯᠤᠰ ᠬᠤᠯᠠ ᠶᠢ ᠪᠣᠳᠣᠯᠬᠢᠯᠠᠭᠰᠠᠨ ᠴᠦ ᠲᠡᠷᠡ ᠂ ᠥᠭᠡᠷᠡᠴᠢᠯᠡᠯᠲᠡ ᠨᠡᠭᠡᠭᠡᠯᠲᠡ ᠬᠢᠬᠦ ᠡᠨᠡ ᠬᠦ ᠵᠠᠩᠭᠢᠯᠠᠭ᠎ᠠ ᠪᠣᠯᠬᠤ ᠠᠷᠭ᠎ᠠ ᠶᠢ ᠴᠥᠮ ᠰᠠᠶᠢᠲᠤᠷ ᠬᠡᠷᠡᠭᠯᠡᠨ᠎ᠡ ᠃
ᠥᠭᠡᠷᠡᠴᠢᠯᠡᠯᠲᠡ ᠶᠢ ᠡᠷᠴᠢᠮ ᠬᠦᠴᠦᠲᠡᠢ ᠪᠠᠷ ᠭᠦᠨᠵᠡᠭᠡᠶᠢᠷᠡᠭᠦᠯᠦᠨ᠎ᠡ ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ ᠂ ︽ᠲᠠᠯᠪᠢᠬᠤ︾ ᠲᠠᠯ᠎ᠠ ᠪᠠᠷ ᠡᠷᠬᠡ ᠶᠢ ᠲᠤᠶᠢᠯᠪᠤᠷᠢᠲᠠᠢ ᠲᠠᠯᠪᠢᠬᠤ ᠮᠥᠷᠲᠡᠭᠡᠨ ᠦᠨᠳᠦᠰᠦᠨ ᠱᠠᠲᠤᠨ ᠤ ᠬᠢᠨ ᠴᠦ ᠳᠠᠭᠠᠭᠠᠨ ᠠᠪᠴᠤ ᠳᠡᠶᠢᠯᠬᠦ ᠪᠣᠯᠭᠠᠨ᠎ᠠ ᠂ ᠥᠪᠡᠷᠲᠡᠭᠡᠨ ᠵᠠᠰᠠᠬᠤ ᠣᠷᠣᠨ ᠠᠴᠠ 679 ᠡᠷᠬᠡ ᠶᠢᠨ ᠵᠦᠢᠯᠡᠰ ᠢ ᠨᠢᠭᠡᠨᠲᠡ ᠳᠣᠷᠣᠭᠰᠢ ᠲᠠᠯᠪᠢᠵᠤ ᠂ ᠣᠨᠴᠠᠭᠠᠶᠢᠯᠠᠨ ᠬᠥᠭᠵᠢᠭᠦᠯᠦᠯᠲᠡ ᠪᠠ ᠥᠭᠡᠷᠡᠴᠢᠯᠡᠯᠲᠡ ᠂ ᠡᠨᠧᠷᠬᠢ ᠵᠡᠷᠭᠡ ᠰᠠᠯᠠᠭ᠎ᠠ ᠮᠥᠴᠢᠷ ᠤᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠳᠤ ᠬᠤᠯᠪᠣᠭᠳᠠᠭᠰᠠᠨ ᠮᠠᠰᠢ ᠣᠯᠠᠨ ᠴᠢᠬᠤᠯᠠ ᠵᠦᠢᠯᠡᠰ ᠢ ᠴᠥᠮ ᠳᠣᠷᠣᠭᠰᠢ ᠲᠠᠯᠪᠢᠵᠤ ᠥᠭᠪᠡ ᠂ ᠡᠯ᠎ᠡ ᠭᠠᠵᠠᠷ ᠤᠨ ᠳᠠᠭᠠᠭᠠᠨ ᠵᠠᠯᠭᠠᠭᠤᠯᠵᠤ ᠠᠪᠬᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠬᠦ ᠶᠢ ᠨᠢ ᠵᠢᠭᠠᠨ ᠵᠢᠯᠤᠭᠤᠳᠴᠤ ᠂ ᠠᠶᠢᠮᠠᠭ ᠬᠤᠲᠠ ᠂ ᠬᠤᠰᠢᠭᠤ ᠰᠢᠶᠠᠨ ᠤ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭᠠᠨ ᠢ ᠬᠡᠷᠡᠭᠵᠢᠭᠦᠯᠦᠨ ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠪᠠ ᠠᠵᠢᠯᠯᠠᠭᠠᠨ ᠤ ᠵᠢᠷᠤᠮᠵᠢᠯ ᠢ ᠨᠢᠭᠡᠳᠦᠯᠲᠡᠢ ᠪᠣᠯᠭᠠᠵᠣ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ ᠂ ᠲᠣᠳᠣᠷᠬᠠᠢ ᠬᠠᠭᠤᠳᠠᠰᠤᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ ᠶᠢ ᠠᠬᠢᠭᠤᠯᠵᠤ ᠂ ︽ᠨᠢᠭᠡ ᠬᠠᠭᠤᠳᠠᠰᠤᠨ ᠳᠤ ᠪᠦᠭᠦᠨ ᠢ ᠵᠢᠭᠰᠠᠭᠠᠵᠤ ᠂ ᠲᠣᠰ ᠬᠠᠭᠤᠳᠠᠰᠤᠨ ᠠᠴᠠ ᠪᠤᠰᠤᠳ ᠬᠠᠭᠤᠳᠠᠰᠤ ᠭᠠᠷᠭᠠᠬᠤ ᠦᠭᠡᠢ︾ ᠪᠠᠶᠢᠬᠤ ᠶᠢ ᠪᠡᠶᠡᠯᠡᠭᠦᠯᠦᠨ ᠂ ᠦᠨᠳᠦᠰᠦᠨ ᠱᠠᠲᠤᠨ ᠤ ᠬᠢᠨ ᠢ ᠰᠠᠶᠢᠲᠤᠷ ᠳᠠᠭᠠᠭᠠᠨ ᠠᠪᠴᠤ ᠰᠠᠶᠢᠲᠤᠷ ᠬᠠᠮᠢᠶᠠᠷᠴᠤ ᠳᠡᠶᠢᠯᠬᠦ ᠪᠣᠯᠭᠠᠨ ᠂ ᠠᠵᠤ ᠠᠬᠤᠶᠢᠯᠠᠯ ᠪᠠ ᠣᠯᠠᠨ ᠲᠦᠮᠡᠨ ᠳᠤ ᠦᠨᠡᠨ ᠬᠦ ᠳᠦᠭᠦᠮ ᠦᠵᠡᠭᠦᠯᠵᠦ ᠠᠰᠢᠭ ᠬᠦᠷᠲᠡᠭᠡᠨ᠎ᠡ ︔ ︽ᠬᠠᠮᠢᠶᠠᠷᠬᠤ︾ ᠲᠠᠯ᠎ᠠ ᠪᠠᠷ ᠬᠠᠮᠢᠶᠠᠷᠴᠤ ᠳᠡᠶᠢᠯᠬᠦ ᠮᠥᠷᠲᠡᠭᠡᠨ ᠰᠠᠶᠢᠲᠤᠷ ᠬᠠᠮᠢᠶᠠᠷᠴᠤ ᠂ ᠳᠤᠷ᠎ᠠ ᠪᠠᠷ ᠵᠠᠬᠢᠶ᠎ᠠ ᠵᠢᠭᠠᠪᠤᠷᠢ ᠪᠠᠭᠤᠯᠭᠠᠬᠤ ᠦᠭᠡᠢ ᠂ ᠬᠡᠪ ᠤᠨ ᠠᠵᠢᠯ ᠶᠠᠪᠤᠳᠠᠯ ᠢ ᠰᠢᠯᠤᠭᠤᠬᠠᠨ ᠭᠦᠢᠴᠡᠳᠬᠡᠵᠦ ᠂ ᠳᠤᠷ᠎ᠠ ᠪᠠᠷ ᠭᠠᠷ ᠳᠦᠷᠦᠬᠦ ᠦᠭᠡᠢ ︔ ︽ᠦᠢᠯᠡᠴᠢᠯᠡᠬᠦ︾ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠦᠨᠳᠦᠰᠦᠨ ᠱᠠᠲᠤᠨ ᠳᠤ ᠦᠢᠯᠡᠴᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ ᠂ ᠡᠯ᠎ᠡ ᠱᠠᠲᠤᠨ ᠤ ᠵᠠᠰᠠᠭ ᠤᠨ ᠣᠷᠳᠣᠨ ᠨᠢ ᠦᠨᠳᠦᠰᠦᠨ ᠱᠠᠲᠤᠨ ᠤ ᠠᠵᠢᠯ ᠶᠠᠪᠤᠳᠠᠯ ᠂ ᠣᠯᠠᠨ ᠲᠦᠮᠡᠨ ᠤ ᠤᠴᠢᠷ ᠶᠠᠪᠤᠳᠠᠯ ᠂ ᠠᠵᠤ ᠠᠬᠤᠶᠢᠯᠠᠯ ᠤᠨ ᠠᠵᠢᠯ ᠬᠡᠷᠡᠭ ᠢ ᠥᠪᠡᠷ ᠤᠨ ᠭᠦᠢᠴᠡᠳᠬᠡᠬᠦ ᠬᠠᠷᠢᠭᠤᠴᠠᠯᠭ᠎ᠠ ᠲᠠᠢ ᠠᠵᠢᠯ ᠶᠠᠪᠤᠳᠠᠯ ᠂ ᠵᠠᠪᠠᠯ ᠭᠦᠢᠴᠡᠳᠬᠡᠬᠦ ᠠᠵᠢᠯ ᠶᠠᠪᠤᠳᠠᠯ ᠪᠣᠯᠭᠠᠵᠤ ᠂ ᠬᠦᠴᠢᠷ ᠶᠠᠪᠤᠳᠠᠯ ᠳᠤ ᠨᠢ ᠬᠠᠪᠰᠤᠷᠤᠯᠭ᠎ᠠ ᠳᠡᠮᠵᠢᠯᠭᠡ ᠦᠵᠡᠭᠦᠯᠦᠨ ᠵᠣᠷᠢᠭᠲᠠᠢ ᠬᠠᠮᠵᠢᠵᠤ ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠢᠶᠠᠨ ᠰᠠᠶᠢᠨ ᠭᠦᠢᠴᠡᠳᠬᠡᠵᠦ ᠰᠠᠶᠢᠬᠠᠨ ᠪᠦᠲᠦᠭᠡᠬᠦ ᠪᠣᠯᠭᠠᠵᠤ ᠂ ᠶᠠᠪᠤᠳᠠᠯ ᠤᠴᠢᠷ ᠲᠤ ᠨᠢ ᠰᠠᠭᠠᠳ ᠦᠭᠡᠢ ᠪᠠᠶᠢᠯᠭᠠᠬᠤ ᠶᠢ ᠬᠢᠴᠢᠶᠡᠨ᠎ᠡ ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ᠠᠵᠢᠯᠯᠠᠭᠠᠨ ᠢ ᠥᠷᠨᠢᠭᠦᠯᠦᠨ᠎ᠡ ᠂ ᠲᠡᠷᠢᠭᠦᠨ ᠳᠡᠰ ᠤᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ ᠂ ᠳᠠᠪᠠᠭᠤᠯᠢᠭ ᠠᠵᠢᠯ ᠲᠦᠷᠦᠯ ᠪᠠ ᠵᠠᠩᠭᠢᠯᠠᠭ᠎ᠠ ᠪᠣᠯᠬᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠪᠠᠶᠢᠭᠠᠳ ᠨᠢᠭᠡ ᠪᠦᠯᠦᠭ ᠢ ᠨᠢ ᠡᠮᠬᠢᠯᠡᠨ ᠨᠡᠶᠢᠯᠡᠭᠦᠯᠵᠦ ᠳᠠᠬᠢᠨᠲᠠ ᠪᠠᠶᠢᠭᠤᠯᠵᠤ ᠂ ᠨᠢᠭᠡ ᠪᠦᠯᠦᠭ ᠢ ᠨᠢ ᠵᠣᠬᠢᠶᠠᠨ ᠪᠠᠶᠢᠭᠤᠯᠵᠤ ᠴᠣᠭᠴᠠᠯᠠᠨ ᠂ ᠨᠢᠭᠡ ᠪᠦᠯᠦᠭ ᠢ ᠨᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ ᠂ ᠨᠢᠭᠡ ᠪᠦᠯᠦᠭ ᠢ ᠨᠢ ᠵᠠᠬ᠎ᠠ ᠳᠡᠯᠭᠡᠭᠦᠷ ᠲᠤ ᠭᠠᠷᠭᠠᠬᠤ ᠪᠠᠷ ᠠᠬᠢᠭᠤᠯᠵᠤ ᠂ ᠪᠦᠯᠦᠭ ᠪᠦᠯᠦᠭ ᠲᠤ ᠨᠢ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠭᠠᠷᠭᠠᠵᠤ ᠂ ︽ᠥᠪᠥᠷ ᠮᠣᠩᠭᠤᠯ︾ ᠨᠡᠷᠡᠮᠵᠢᠲᠦ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠢᠭᠰᠠᠭᠠᠯ ᠢ ᠲᠦᠷᠭᠡᠳᠬᠡᠨ ᠴᠣᠭᠴᠠᠯᠠᠨ ᠪᠠᠶᠢᠭᠤᠯᠤᠨ᠎ᠠ ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ ᠂ ᠤᠯᠤᠰ ᠤᠨ ᠭᠠᠶᠢᠯᠢ ᠰᠦᠢᠳᠬᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠰᠠᠭᠠᠲᠠᠭᠠᠬᠤ ᠦᠭᠡᠢ ᠂ ᠪᠦᠷᠢᠨ ᠭᠦᠢᠴᠡᠳ ᠲᠤᠭᠤᠰᠢᠲᠠᠢ ᠬᠡᠷᠡᠭᠵᠢᠭᠦᠯᠵᠦ ᠪᠣᠳᠠᠲᠠᠶᠢᠵᠢᠭᠤᠯᠤᠨ᠎ᠠ ᠂ ︽ᠭᠤᠶᠤᠴᠢᠯᠠᠪᠠᠯ ᠣᠯᠵᠤ ᠭᠦᠷᠳᠡᠭᠦ︾ ᠪᠠ ᠥᠪᠡᠷᠲᠡᠭᠡᠨ ᠵᠠᠰᠠᠬᠤ ᠣᠷᠳᠣᠨ ᠤ ᠠᠵᠤ ᠠᠬᠤᠶᠢᠯᠠᠯ ᠳᠤ ᠲᠤᠰᠠᠯᠠᠵᠤ ᠬᠦᠴᠢᠷᠳᠡᠯ ᠢ ᠲᠠᠶᠢᠯᠬᠤ ᠲᠦᠷᠣ ᠶᠢᠨ ᠪᠣᠳᠣᠯᠭ᠎ᠠ ᠪᠠᠨ ︽ᠰᠢᠭᠤᠳ ᠪᠠᠭᠤᠯᠭᠠᠵᠤ ᠲᠦᠷᠭᠡᠨ ᠬᠡᠷᠡᠭᠵᠢᠭᠦᠯᠵᠦ ᠬᠦᠷᠲᠡᠭᠡᠬᠦ︾ ᠪᠣᠯᠭᠠᠨ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠣᠭᠡ ᠶᠢ ᠬᠠᠪᠰᠤᠷᠴᠤ ᠪᠡᠷᠬᠡ ᠶᠢ ᠲᠣᠭᠤᠯᠣᠭᠤᠯᠵᠣ ᠲᠡᠳᠬᠦᠨ ᠲᠡᠩᠬᠡᠷᠡᠭᠦᠯᠦᠨ᠎ᠡ ᠃ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠵᠢᠵᠢᠭ ᠠᠵᠤ ᠠᠬᠤᠶᠢᠯᠠᠯ ᠳᠤ ᠳᠠᠩᠰᠠᠨ ᠳᠠᠬᠢ ᠵᠣᠭᠤᠰ ᠥᠷᠢᠲᠦᠵᠦ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠨ᠎ᠡ ᠂ ᠡᠨᠡ ᠵᠢᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠩᠭ᠎ᠠ ᠲᠤᠰᠬᠠᠵᠤ ᠪᠠᠶᠢᠭ᠎ᠠ ᠭᠠᠵᠠᠷ ᠰᠢᠷᠣᠢ ᠭᠡᠷ ᠪᠠᠶᠢᠰᠢᠩ ᠤᠨ ᠦᠮᠴᠢᠯᠡᠯ ᠤᠨ ᠡᠷᠬᠡ ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠂ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠵᠡᠷᠭᠡ ᠲᠠᠯ᠎ᠠ ᠶᠢᠨ ᠠᠰᠠᠭᠤᠳᠠᠯ ᠳᠤ ᠴᠢᠭᠯᠡᠭᠦᠯᠦᠨ ᠠᠷᠭ᠎ᠠ ᠪᠣᠳᠣᠯᠭ᠎ᠠ ᠬᠡᠷᠡᠭᠵᠢᠭᠦᠯᠦᠨ ᠂ ᠬᠠᠨᠳᠤᠯᠭ᠎ᠠ ᠲᠠᠢ ᠰᠢᠢᠳᠪᠦᠷᠢᠯᠡᠬᠦ ᠪᠠᠷ ᠵᠣᠷᠢᠭ ᠰᠢᠭᠤᠳᠴᠤ ᠂ ᠵᠢᠵᠢᠭ ᠪᠢᠴᠢᠯ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠂ ᠲᠤᠰᠬᠠᠢ ᠬᠤᠷᠰᠢᠶ᠎ᠠ ᠶᠢᠨ ᠭᠤᠷᠪᠠᠨ ᠵᠢᠯ ᠤᠨ ᠪᠦᠢᠵᠢᠯᠲᠠ ᠬᠥᠭᠵᠢᠯᠲᠡ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ ᠂ ︽ᠲᠠᠷᠠᠬᠠᠢ ᠡᠷᠦᠬᠡ ᠶᠢ ᠵᠠᠬ᠎ᠠ ᠳᠡᠯᠭᠡᠭᠦᠷ ᠲᠤ ᠣᠷᠤᠭᠤᠯᠬᠤ︾ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠬᠤ︾ ︽ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠬᠤ︾ ᠶᠢ ᠬᠦᠴᠦᠲᠡᠢ ᠠᠬᠢᠭᠤᠯᠤᠨ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠣᠯᠠᠰᠢᠷᠠᠭᠤᠯᠵᠤ ᠂ ᠬᠥᠭᠵᠢᠶᠡᠨᠵᠢᠭᠦᠯᠵᠦ ᠂ ᠬᠦᠴᠦᠷᠬᠡᠭᠵᠢᠭᠦᠯᠬᠦ ᠪᠠᠷ ᠴᠢᠷᠮᠠᠶᠢᠨ᠎ᠠ ᠃ ᠡᠯ᠎ᠡ ᠱᠠᠲᠤᠨ ᠤ ᠵᠠᠰᠠᠭ ᠤᠨ ᠣᠷᠳᠣᠨ ︽ᠬᠤᠶᠠᠷ ᠢ ᠤᠭᠲᠣ ᠭᠤᠶᠢᠪᠢᠰᠢ ᠦᠭᠡᠢ ᠪᠠᠶᠢᠯᠭᠠᠬᠤ︾ ᠶᠢ ᠦᠨᠡᠨ ᠬᠦ ᠨᠠᠶᠢᠳᠠᠪᠤᠷᠢᠵᠢᠭᠤᠯᠵᠤ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠴᠢᠬᠤᠯᠠᠴᠢᠯᠠᠬᠤ ᠮᠥᠷᠲᠡᠭᠡᠨ ᠬᠤᠳᠠᠯᠳᠤᠭᠠᠴᠢᠳ ᠢ ᠰᠡᠳᠬᠢᠯ ᠠᠮᠤᠷ ᠪᠠᠶᠢᠯᠭᠠᠬᠤ ᠪᠥᠭᠡᠳ ᠬᠤᠳᠠᠯᠳᠤᠭᠠᠴᠢᠳ ᠲᠤ ᠦᠢᠯᠡᠴᠢᠯᠡᠬᠦ ᠶᠢ ᠴᠢᠬᠤᠯᠠᠴᠢᠯᠠᠵᠤ ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠠᠵᠤ ᠠᠬᠤᠶᠢᠯᠠᠯᠲᠠᠳ ᠤᠨ ᠡᠷᠬᠡ ᠠᠰᠢᠭ ᠢ ᠬᠠᠮᠠᠭᠠᠯᠠᠨ᠎ᠠ ᠂ ᠢᠯᠠᠩᠭᠤᠶ᠎ᠠ ᠠᠵᠤ ᠠᠬᠤᠢ ᠶᠢ ᠰᠠᠶᠢᠨ ᠣᠶᠢᠯᠠᠭᠠᠳᠠᠭ ᠺᠠᠳ᠋ᠷᠴᠤᠳ ᠢ ᠵᠣᠬᠢᠶᠠᠨ ᠪᠠᠶᠢᠭᠤᠯᠵᠤ ᠠᠵᠤ ᠠᠬᠤᠶᠢᠯᠠᠯ ᠳᠤ ᠣᠴᠢᠭᠤᠯᠤᠨ ᠠᠵᠤ ᠠᠬᠤᠶᠢᠯᠠᠯ ᠢ ᠬᠠᠪᠰᠤᠷᠴᠤ ᠪᠠᠶᠢᠭᠠᠳ ᠪᠡᠯᠡ ᠮᠥᠩᠭᠦ ᠂ ᠲᠦᠭᠦᠬᠡᠢ ᠮᠠᠲ᠋ᠧᠷᠢᠶᠠᠯ ᠂ ᠠᠵᠢᠯᠴᠢᠨ ᠂ ᠵᠠᠬ᠎ᠠ ᠳᠡᠯᠭᠡᠭᠦᠷ ᠣᠯᠵᠤ ᠥᠭᠭᠦᠨ᠎ᠡ ᠂ ᠠᠵᠤ ᠠᠬᠤᠶᠢᠯᠠᠯᠲᠠᠨ ᠳᠤ ᠭᠡᠷ ᠤᠨ ᠬᠥᠮᠥᠰ ᠲᠠᠢ ᠪᠠᠨ ᠠᠳᠠᠯᠢ ᠪᠠᠷ ᠬᠠᠨᠳᠤᠵᠤ ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷᠳᠡᠯ ᠢ ᠨᠢ ᠲᠠᠶᠢᠯᠵᠦ ᠂ ᠬᠦᠴᠢᠷ ᠵᠦᠢᠯ ᠢ ᠨᠢ ᠰᠢᠢᠳᠪᠦᠷᠢᠯᠡᠨ ᠥᠭᠴᠦ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠣᠷᠢᠭᠲᠠᠢ ᠠᠵᠢᠯᠯᠠᠭᠤᠯᠤᠨ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠣᠷᠢᠭᠲᠠᠢ ᠤᠷᠤᠭᠰᠢᠯᠠᠭᠤᠯᠵᠤ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠵᠣᠷᠢᠭᠲᠠᠢ ᠣᠷᠤᠭᠤᠯᠤᠯᠲᠠ ᠬᠢᠬᠦ ᠪᠣᠯᠭᠠᠨ ᠂ ᠥᠪᠥᠷ ᠮᠣᠩᠭᠤᠯ ᠳᠤ ᠪᠡᠯᠡ ᠣᠷᠣᠭᠤᠯᠵᠤ ᠦᠢᠯᠡᠰ ᠪᠣᠰᠬᠠᠬᠤ ᠬᠠᠯᠠᠮᠰᠢᠯ ᠂ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠥᠷᠨᠢᠯᠲᠡ ᠶᠢ ᠪᠣᠢ ᠪᠣᠯᠭᠠᠨ᠎ᠠ ᠃ ᠴᠠᠬᠢᠯᠭᠠᠨ ᠤ ᠦᠨ᠎ᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠂ ᠬᠡᠷᠡᠭᠯᠡᠬᠦ ᠬᠡᠮᠵᠢᠶ᠎ᠡ ᠪᠠᠷ ᠴᠠᠬᠢᠯᠭᠠᠨ ᠤ ᠦᠨ᠎ᠡ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠠᠰᠢᠭ ᠲᠤᠰᠠ ᠶᠢ ᠬᠠᠮᠲᠤ ᠪᠠᠷ ᠬᠦᠷᠲᠡᠬᠦ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ ᠂ ᠴᠠᠬᠢᠯᠭᠠᠨ ᠬᠦᠴᠦᠨ ᠤ ᠥᠪᠡᠷ ᠤᠨ ᠥᠷᠲᠡᠭ ᠤᠨ ᠳᠠᠪᠠᠭᠤᠯᠢᠭ ᠢ ᠪᠠᠬᠢᠵᠢᠭᠦᠯᠦᠨ᠎ᠡ ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠥᠷᠨᠢᠭᠦᠯᠦᠨ ᠂ ᠪᠦᠬᠦ ᠪᠠᠶᠢᠳᠠᠯ ᠢ ᠲᠣᠳᠣᠷᠬᠠᠢ ᠣᠶᠢᠯᠠᠭᠠᠨ ᠂ ᠠᠵᠤ ᠠᠬᠤᠢ ᠶᠢᠨ ᠪᠠᠶᠢᠳᠠᠯ ᠢ ᠵᠠᠳᠠᠯᠤᠨ ᠣᠨᠣᠰᠢᠯᠠᠵᠤ ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠲᠤᠯᠭᠠᠭᠤᠷᠢᠯᠠᠯ ᠬᠠᠩᠭᠠᠨ᠎ᠠ ᠃
ᠨᠡᠭᠡᠭᠡᠯᠲᠡ ᠶᠢ ᠰᠥᠰᠥ ᠵᠣᠷᠢᠭᠲᠠᠢ ᠪᠠᠷ ᠥᠷᠭᠡᠳᠬᠡᠨ᠎ᠡ ᠃ ᠨᠢᠭᠡ ᠳᠤ ᠪᠣᠭᠤᠮᠲᠠ ᠶᠢᠨ ᠪᠦᠲᠦᠮᠵᠢᠲᠡᠢ ᠠᠵᠢᠯᠯᠠᠭᠠᠨ ᠳᠤ ᠬᠠᠷᠠᠭ᠎ᠠ ᠪᠠᠨ ᠬᠠᠨᠳᠤᠭᠤᠯᠤᠨ᠎ᠠ ᠃ ᠣᠷᠣᠨ ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠤᠭ᠎ᠠ ᠬᠡᠮᠵᠢᠶ᠎ᠡ ᠶᠢ ᠨᠢ ᠨᠡᠮᠡᠭᠳᠡᠭᠦᠯᠵᠦ ᠥᠷᠭᠡᠳᠬᠡᠬᠦ ᠂ ᠬᠢᠯᠢ ᠶᠢᠨ ᠪᠣᠭᠤᠮᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠴᠢᠩᠭᠠᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ ᠂ ᠡᠨᠧᠷᠬᠢ ᠂ ᠠᠭᠤᠷᠬᠠᠢ ᠶᠢᠨ ᠭᠠᠷᠤᠯᠲᠠ ᠂ ᠠᠮᠤ ᠪᠤᠳᠠᠭ᠎ᠠ ᠵᠡᠷᠭᠡ ᠭᠦᠢᠯᠭᠡᠭᠡᠨ ᠶᠡᠬᠡᠲᠡᠢ ᠲᠠᠸᠠᠷ ᠢ ᠭᠠᠳᠠᠭᠠᠳᠤ ᠠᠴᠠ ᠣᠷᠤᠭᠤᠯᠬᠤ ᠪᠠᠨ ᠥᠷᠭᠡᠳᠬᠡᠵᠦ ᠂ ᠴᠠᠬᠢᠯᠭᠠᠨ ᠬᠦᠴᠦᠨ ᠂ ᠮᠧᠬᠠᠨᠢᠭ ᠂ ᠲᠤᠨᠤᠭ ᠲᠥᠬᠦᠭᠡᠷᠦᠮᠵᠢ ᠂ ᠨᠡᠬᠡᠮᠡᠯ ᠵᠡᠷᠭᠡ ᠳᠠᠪᠠᠭᠤᠯᠢᠭ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠪᠠᠨ ᠥᠷᠭᠡᠳᠬᠡᠨ ᠂ ᠬᠢᠯᠢ ᠶᠢᠨ ᠪᠣᠭᠤᠮᠲᠠ ᠶᠢᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠶᠢ 30% ᠣᠷᠴᠢᠮ ᠨᠡᠮᠡᠭᠳᠡᠭᠦᠯᠬᠦ ᠪᠠᠷ ᠴᠢᠷᠮᠠᠶᠢᠨ᠎ᠠ ᠂ ᠬᠢᠯᠢ ᠪᠠᠷ ᠣᠷᠣᠵᠤ ᠭᠠᠷᠬᠤ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢᠨ ᠴᠤᠪᠤᠭ᠎ᠠ ᠶᠢ 7% ᠣᠷᠴᠢᠮ ᠨᠡᠮᠡᠭᠳᠡᠭᠦᠯᠵᠦ ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ 1600 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠦᠨ᠎ᠡ ᠃ ᠬᠤᠶᠠᠷ ᠲᠤ ᠲᠤᠯᠭᠠᠭᠤᠷᠢᠯᠠᠬᠤ ᠴᠡᠭ ᠢ ᠪᠠᠶᠢᠷᠢᠯᠠᠭᠤᠯᠤᠨ᠎ᠠ ᠃ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠪᠠ ᠤᠯᠤᠰ ᠤᠨ ᠭᠠᠳᠠᠭᠠᠳᠤ ᠠᠴᠠ ᠣᠷᠤᠭᠤᠯᠬᠤ ᠠᠷᠠᠯᠵᠢᠶ᠎ᠠ ᠶᠢ ᠠᠬᠢᠭᠤᠯᠤᠨ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠲᠣᠭᠤᠷᠢᠭ ᠢ ᠲᠥᠪᠯᠡᠷᠡᠭᠦᠯᠦᠨ ᠪᠠᠶᠢᠭᠤᠯᠵᠤ ᠂ ᠮᠠᠨᠵᠤᠤᠷ ᠂ ᠡᠷᠢᠶᠡᠨ ᠬᠤᠲᠠ ᠶᠢᠨ ᠬᠦᠢᠰᠦ ᠪᠣᠯᠬᠤ ᠬᠢᠯᠢ ᠶᠢᠨ ᠪᠣᠭᠤᠮᠲᠠ ᠪᠠ ᠭᠠᠭᠴᠠ ᠮᠣᠳᠣ ᠂ ᠴᠡᠭᠡ ᠂ ᠮᠠᠨᠳᠤᠯ ᠂ ᠵᠡᠭᠦᠨ ᠬᠠᠳᠠᠪᠴᠢ ᠵᠡᠷᠭᠡ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠨᠡᠩ ᠡᠷᠴᠢᠮᠲᠡᠢ ᠪᠦᠲᠦᠭᠡᠨ ᠪᠠᠶᠢᠭᠤᠯᠵᠤ ᠂ ᠬᠢᠯᠢ ᠠᠯᠤᠰᠯᠠᠭᠰᠠᠨ ᠲᠡᠮᠦᠷ ᠵᠠᠮ ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠭᠠᠷ ᠠᠶᠠᠯᠠᠯ ᠤᠨ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠲᠤᠷᠰᠢᠯᠲᠠ ᠶᠢᠨ ᠲᠣᠭᠤᠷᠢᠭ ᠂ ᠭᠠᠶᠢᠯᠢ ᠪᠠᠲᠤᠯᠠᠬᠤ ᠲᠣᠭᠤᠷᠢᠭ ᠂ ᠬᠠᠮᠲᠤᠷᠠᠨ ᠠᠵᠢᠯᠯᠠᠬᠤ ᠲᠣᠭᠤᠷᠢᠭ ᠂ ᠬᠠᠷᠢᠯᠴᠠᠨ ᠠᠷᠠᠯᠵᠢᠶᠠᠯᠠᠬᠤ ᠲᠣᠭᠤᠷᠢᠭ ᠵᠡᠷᠭᠡ ᠡᠯ᠎ᠡ ᠲᠦᠷᠦᠯ ᠤᠨ ᠨᠡᠭᠡᠭᠡᠯᠲᠡ ᠶᠢᠨ ᠲᠠᠪᠴᠠᠩ ᠤᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠵᠤ ᠂ ᠬᠠᠷᠢᠯᠴᠠᠨ ᠬᠠᠷᠢᠴᠠᠵᠤ ᠨᠡᠪᠲᠡᠷᠡᠯᠴᠡᠬᠦ ᠂ ᠲᠤᠰ ᠭᠠᠵᠠᠷ ᠲᠤ ᠨᠢ ᠰᠠᠭᠤᠷᠢᠯᠠᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠂ ᠪᠠᠷᠠᠭᠠᠨ ᠤ ᠲᠥᠪᠯᠡᠷᠡᠭᠦᠯᠵᠦ ᠬᠤᠪᠢᠶᠠᠷᠢᠯᠠᠬᠤ ᠂ ᠡᠭᠡᠯᠵᠢ ᠶᠢᠨ ᠭᠠᠯᠲᠤ ᠲᠡᠷᠭᠡ ᠶᠢᠨ ᠲᠥᠪᠯᠡᠷᠡᠭᠦᠯᠵᠦ ᠨᠡᠶᠢᠯᠡᠭᠦᠯᠬᠦ ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠠᠯ᠎ᠠ ᠳᠤ ᠨᠢᠭᠡ ᠪᠦᠯᠦᠭ ᠢᠨᠵᠧᠨᠧᠷᠢᠩ ᠤᠨ ᠲᠦᠷᠦᠯ ᠵᠦᠢᠯ ᠢ ᠬᠡᠷᠡᠭᠵᠢᠭᠦᠯᠦᠨ᠎ᠡ ᠃ ᠭᠤᠷᠪᠠ ᠳᠤ ᠬᠠᠮᠲᠤᠷᠠᠨ ᠠᠵᠢᠯᠯᠠᠬᠤ ᠲᠠᠯ᠎ᠠ ᠪᠠᠨ ᠥᠷᠭᠡᠳᠬᠡᠨ᠎ᠡ ᠃ ᠬᠠᠭᠠᠯᠭ᠎ᠠ ᠴᠣᠩᠬᠤ ᠣᠩᠭᠤᠶᠢᠯᠭᠠᠬᠤ ᠦᠭᠡᠢ ᠪᠣᠯ ᠴᠡᠪᠡᠷ ᠠᠭᠠᠷ ᠬᠤᠮᠰᠠᠳᠠᠨᠠ ᠂ ᠬᠥᠮᠥᠨ ᠬᠠᠷ᠎ᠠ ᠴᠤᠭᠯᠠᠷᠠᠬᠤ ᠦᠭᠡᠢ ᠪᠣᠯ ᠬᠥᠭᠵᠢᠶᠡᠨ ᠨᠠᠷᠭᠢᠶᠠᠨ ᠳᠤᠮᠳᠠᠷᠠᠨᠠ ᠃ ᠣᠯᠠᠨ ᠤᠯᠤᠰ ᠤᠨ ᠬᠤᠭᠤᠷᠤᠨᠳᠤᠬᠢ ᠠᠵᠢᠯᠯᠠᠭᠠᠨ ᠳᠤ ᠣᠷᠣᠯᠴᠠᠨ ᠠᠭᠤᠰᠤᠯᠴᠠᠬᠤ ᠳᠤ ᠬᠠᠷᠠᠭ᠎ᠠ ᠪᠤᠳᠤᠯ ᠢᠶᠠᠨ ᠥᠷᠭᠡᠳᠬᠡᠨ ᠲᠡᠯᠡᠵᠦ ᠂ ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠮᠥᠷᠲᠡᠭᠡᠨ ᠂ ᠵᠡᠭᠦᠨ ᠡᠮᠦᠨᠡᠲᠦ ᠠᠽᠢᠶ᠎ᠠ ᠶᠢᠨ ᠬᠤᠯᠪᠣᠭ᠎ᠠ ᠂ ᠡᠸᠦ᠋ᠷᠦᠫᠡ ᠵᠡᠷᠭᠡ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠵᠦ ᠂ ᠠᠷᠠᠯᠵᠢᠶ᠎ᠠ ᠶᠢ ᠠᠬᠢᠭᠤᠯᠬᠤ ᠪᠠᠶᠢᠭᠤᠯᠤᠮᠵᠢ ᠂ ᠦᠵᠡᠭᠦᠯᠭᠡ ᠶᠢᠨ ᠠᠵᠤ ᠠᠬᠤᠶᠢᠯᠠᠯ ᠤᠨ ᠰᠦᠯᠵᠢᠶ᠎ᠡ ᠪᠠ ᠰᠦᠯᠵᠢᠶᠡᠨ ᠠᠴᠠ ᠭᠠᠳᠠᠭᠤᠷ ᠬᠢᠯᠢ ᠶᠢᠨ ᠭᠠᠳᠠᠨᠠᠬᠢ ᠦᠵᠡᠭᠦᠯᠭᠡ ᠴᠤᠭᠯᠠᠭᠠᠨ ᠡᠷᠬᠢᠯᠡᠭᠦ ᠶᠢ ᠵᠣᠷᠢᠭᠵᠢᠭᠤᠯᠵᠤ ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠢᠶᠠᠨ ᠥᠷᠭᠡᠳᠬᠡᠬᠦ ᠂ ᠵᠠᠬᠢᠶᠠᠯᠠᠭ᠎ᠠ ᠶᠢᠨ ᠬᠠᠭᠤᠳᠠᠰᠤ ᠣᠯᠬᠤ ᠳᠤ ᠨᠢ ᠬᠠᠪᠰᠤᠷᠴᠤ ᠂ ᠠᠵᠤ ᠠᠬᠤᠶᠢᠯᠠᠯ ᠤᠨ ᠵᠣᠷᠢᠭᠲᠠᠢ ᠭᠠᠳᠠᠭᠰᠢ ᠭᠠᠷᠴᠤ ᠮᠠᠨ ᠤ ᠣᠷᠣᠨ ᠤ ᠴᠢᠨᠠᠭᠰᠢᠯᠠᠪᠠᠯ ᠪᠦᠭᠦ ᠤᠯᠤᠰ ᠤᠨ ᠦᠢᠯᠡᠳᠬᠦᠨ ᠢ ᠬᠤᠳᠠᠯᠳᠤᠵᠤ ᠭᠠᠷᠭᠠᠬᠤ ᠶᠢ ᠨᠢ ᠲᠠᠶᠢᠴᠢᠯᠡᠨ᠎ᠡ ︔ ᠤᠯᠤᠰ ᠤᠨ ᠳᠣᠲᠣᠭᠠᠳᠤ ᠶᠢᠨ ᠠᠵᠢᠯᠯᠠᠭᠠᠨ ᠳᠤ ᠣᠷᠣᠯᠴᠠᠨ ᠠᠭᠤᠰᠤᠯᠴᠠᠬᠤ ᠳᠤ ᠨᠡᠩ ᠢᠯᠡᠭᠦᠦ ᠰᠠᠨᠠᠭᠠᠴᠢᠯᠠᠭ᠎ᠠ ᠠᠴᠠ ᠪᠠᠨ ᠠᠵᠢᠯᠯᠠᠵᠤ ᠂ ᠪᠡᠭᠡᠵᠢᠩ ᠲᠢᠶᠠᠨᠵᠢᠨ ᠾᠧᠪᠧᠢ ᠂ ᠵᠢᠶᠠᠩᠰᠤ ᠵᠧᠵᠢᠶᠠᠩ ᠱᠠᠩᠬᠠᠢ ᠂ ᠭᠤᠸᠠᠩᠳᠦ᠋ᠩ ᠰᠢᠶᠠᠩᠭᠠᠩ ᠣᠣᠮᠧᠨ ᠵᠢᠴᠢ ᠴᠧᠩᠳᠦ᠋ ᠴᠦᠩᠴᠢᠩ ᠂ ᠯᠢᠶᠣᠤᠨᠢᠩ ᠬᠢᠷᠢᠨ ᠬᠠᠷᠠᠮᠥ᠋ᠷᠡᠨ ᠵᠡᠷᠭᠡ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ ᠂ ᠵᠥᠪᠯᠡᠯᠴᠡᠭᠡᠷ ᠢᠶᠠᠷ ᠲᠣᠭᠲᠠᠭᠰᠠᠨ ᠵᠦᠢᠯᠡᠰ ᠢᠶᠠᠨ ᠪᠣᠳᠠᠲᠠᠶᠢᠵᠢᠭᠤᠯᠬᠤ ᠶᠢ ᠱᠠᠯᠠᠪᠳᠠᠨ ᠠᠬᠢᠭᠤᠯᠤᠨ᠎ᠠ ᠃ ᠳᠥᠷᠪᠡ ᠳᠤ ᠤᠷᠮᠠᠰᠢᠯ ᠢᠳᠡᠪᠬᠢᠵᠢᠯ ᠢᠶᠠᠨ ᠴᠢᠩᠭᠠᠷᠠᠭᠤᠯᠤᠨ᠎ᠠ ᠃ ᠳᠤᠮᠳᠠᠳᠤ ᠣᠷᠣᠰ ᠂ ᠳᠤᠮᠳᠠᠳᠤ ᠮᠣᠩᠭᠤᠯ ᠯᠤᠭ᠎ᠠ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠶᠢᠨ ᠴᠢᠬᠤᠯᠠ ᠶᠡᠭᠡ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠳᠠᠭᠠᠭᠠᠨ ᠠᠪᠴᠤ ᠨᠠᠶᠢᠳᠠᠪᠤᠷᠢᠵᠢᠭᠤᠯᠤᠨ ᠂ ᠳᠤᠮᠳᠠᠳᠤ ᠮᠣᠩᠭᠤᠯ ᠤᠨ ᠦᠵᠡᠰᠭᠦᠯᠡᠩ ᠢ ᠰᠠᠶᠢᠲᠤᠷ ᠡᠷᠬᠢᠯᠡᠵᠦ ᠂ ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠴᠤᠭᠯᠠᠭᠠᠨ ᠂ ᠪᠦᠬᠦ ᠪᠥᠮᠪᠥᠷᠴᠡᠭ ᠤᠨ ᠰᠦ ᠰᠠᠭᠠᠯᠢ ᠶᠢᠨ ᠦᠢᠯᠡᠰ ᠤᠨ ᠴᠤᠭᠯᠠᠭᠠᠨ ᠵᠡᠷᠭᠡ ᠣᠯᠠᠨ ᠤᠯᠤᠰ ᠤᠨ ᠰᠣᠯᠢᠯᠴᠠᠭᠠᠨ ᠤ ᠰᠢᠨ᠎ᠡ ᠲᠠᠪᠴᠠᠩ ᠢ ᠴᠣᠭᠴᠠᠯᠠᠨ ᠂ ᠪᠦᠬᠦ ᠪᠥᠮᠪᠥᠷᠴᠡᠭ ᠤᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠡᠷᠬᠢᠯᠡᠵᠦ ᠂ ᠳᠤᠮᠳᠠᠳᠤ ᠤᠯᠤᠰ ︵ᠪᠤᠭᠤᠲᠤ︶ ᠤᠨ ᠬᠠᠭᠤᠷᠠᠢ ᠳᠡᠭᠡᠷᠡᠬᠢ ᠲᠤᠨᠤᠭ ᠲᠥᠬᠦᠭᠡᠷᠦᠮᠵᠢ ᠶᠢᠨ ᠦᠵᠡᠰᠭᠦᠯᠡᠩ ᠢ ᠳᠠᠭᠠᠭᠠᠨ ᠡᠷᠬᠢᠯᠡᠵᠦ ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ ᠢ ᠡᠭᠦᠳᠦᠨ ᠡᠷᠬᠢᠯᠡᠵᠦ ᠂ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠳᠤ ᠨᠡᠩ ᠣᠯᠠᠨ ᠲᠤᠯᠭᠠᠭᠤᠷᠢᠯᠠᠬᠤ ᠴᠡᠭ ᠢ ᠡᠭᠦᠳᠦᠨ ᠪᠠᠶᠢᠭᠤᠯᠤᠨ᠎ᠠ ᠃
︵ᠵᠢᠷᠭᠤᠭ᠎ᠠ︶ ᠠᠷᠠᠳ ᠤᠨ ᠰᠠᠨᠠᠭᠠᠰᠢᠷᠠᠵᠤ ᠪᠠᠶᠢᠭ᠎ᠠ ᠶᠢ ᠣᠶᠢᠯᠠᠭᠠᠨ ᠰᠢᠢᠳᠪᠦᠷᠢᠯᠡᠬᠦ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠠᠢ ᠠᠵᠢᠯ ᠰᠠᠶᠢᠨ ᠶᠠᠪᠤᠳᠠᠯ ᠢ ᠰᠠᠶᠢᠲᠤᠷ ᠬᠢᠵᠦ ᠂ ᠠᠷᠠᠳ ᠣᠯᠠᠨ ᠤ ᠠᠮᠢᠳᠤᠷᠠᠯ ᠢ ᠤᠯᠠᠮ ᠰᠠᠶᠢᠵᠢᠷᠠᠭᠤᠯᠬᠤ ᠪᠠᠷ ᠴᠢᠷᠮᠠᠶᠢᠨ᠎ᠠ ᠃ ᠡᠨᠡ ᠵᠢᠯ ᠥᠪᠡᠷᠲᠡᠭᠡᠨ ᠵᠠᠰᠠᠬᠤ ᠣᠷᠣᠨ ᠠᠴᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ ᠂ ᠣᠯᠠᠨ ᠲᠦᠮᠡᠨ ᠤ ︽ ᠵᠠᠩᠭᠢᠯᠠᠭ᠎ᠠ ᠪᠣᠯᠬᠤ ᠵᠢᠵᠢᠭ ᠶᠠᠪᠤᠳᠠᠯ︾ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠲᠠᠯ᠎ᠠ ᠳᠤ ᠬᠢᠵᠦ ᠥᠭᠬᠦ ᠪᠣᠳᠠᠲᠠᠢ ᠶᠠᠪᠤᠳᠠᠯ ᠤᠨ ᠲᠣᠳᠣᠷᠬᠠᠢ ᠬᠠᠭᠤᠳᠠᠰᠤ ᠶᠢ ᠭᠠᠷᠭᠠᠵᠤ ᠂ ᠲᠦᠷᠦᠯ ᠵᠦᠢᠯᠵᠢᠭᠦᠯᠦᠭᠰᠡᠨ ᠬᠠᠮᠢᠶᠠᠷᠤᠯᠲᠠ ᠶᠢ ᠬᠡᠷᠡᠭᠵᠢᠭᠦᠯᠦᠨ ᠂ ᠪᠣᠳᠠᠲᠠᠢ ᠶᠠᠪᠤᠳᠠᠯ ᠢ ᠦᠨᠡᠨ ᠬᠦ ᠰᠠᠶᠢᠲᠤᠷ ᠬᠢᠵᠦ ᠂ ᠰᠠᠶᠢᠨ ᠶᠠᠪᠤᠳᠠᠯ ᠢ ᠪᠠᠲᠤᠲᠠᠢ ᠬᠢᠬᠦ ᠪᠣᠯᠭᠠᠨ᠎ᠠ ᠃
ᠠᠵᠢᠯ ᠣᠯᠭᠤᠯᠲᠠ ᠶᠢ ᠬᠦᠴᠦᠯᠡᠨ ᠠᠬᠢᠭᠤᠯᠵᠤ ᠣᠷᠣᠯᠭ᠎ᠠ ᠶᠢ ᠪᠠᠲᠤᠯᠠᠨ᠎ᠠ ᠃ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠵᠦ ᠂ ᠵᠢᠯ ᠤᠨ ᠰᠡᠭᠦᠯᠴᠢ ᠪᠣᠯᠬᠤ ᠳᠤ ᠠᠵᠢᠯ ᠣᠯᠭᠤᠯᠲᠠ ᠶᠢᠨ ᠨᠤᠷᠮ᠎ᠠ ᠪᠠᠨ 90% ᠭᠠᠷᠤᠢ ᠪᠣᠯᠭᠠᠬᠤ ᠶᠢ ᠦᠨᠡᠨ ᠬᠦ ᠪᠠᠲᠤᠯᠠᠨ᠎ᠠ ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ ᠂ ᠲᠦᠷᠦᠯ ᠵᠦᠢᠯ ᠤᠨ ᠠᠵᠢᠯᠲᠠᠨ ᠢ 7500 ᠡᠯᠰᠡᠨ᠎ᠡ ᠃ ᠬᠤᠰᠢᠭᠤ ᠰᠢᠶᠠᠨ ︵ᠬᠤᠲᠠ ᠂ ᠲᠣᠭᠤᠷᠢᠭ︶ ᠪᠣᠯᠭᠠᠨ ᠳᠤ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠢ ᠨᠠᠭᠠᠲᠤ ᠵᠠᠬ᠎ᠠ ᠳᠤ ᠪᠠᠨ 1 ᠪᠠᠶᠢᠭᠤᠯᠵᠤ ᠂ ᠤᠶᠠᠨ ᠠᠮᠢᠳᠤᠯᠢᠭ ᠢᠶᠠᠷ ᠠᠵᠢᠯᠯᠠᠬᠤ ᠬᠥᠮᠥᠰ ᠲᠤ ᠠᠵᠢᠯ ᠣᠯᠭᠤᠬᠤ ᠶᠢ ᠠᠬᠢᠭᠤᠯᠤᠨ᠎ᠠ ᠃ ᠵᠡᠮᠳᠡᠭᠴᠦᠳ ᠲᠤ ᠠᠵᠢᠯ ᠣᠯᠭᠤᠬᠤ ᠠᠵᠢᠯᠯᠠᠭᠠᠨ ᠢ ᠬᠡᠷᠡᠭᠵᠢᠭᠦᠯᠵᠦ ᠂ ᠠᠵᠢᠯ ᠣᠯᠣᠭᠰᠠᠳ ᠢ 8000 ᠰᠢᠨ᠎ᠡ ᠪᠠᠷ ᠨᠡᠮᠡᠭᠳᠡᠭᠦᠯᠦᠨ᠎ᠡ ᠃ ᠵᠠᠰᠠᠭ ᠤᠨ ᠣᠷᠳᠣᠨ ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 25 ᠲᠦᠮᠡᠨ ᠬᠥᠮᠥᠨ ᠤᠳᠠᠭ᠎ᠠ ᠥᠷᠨᠢᠭᠦᠯᠵᠦ ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠠᠵᠢᠯ ᠣᠯᠬᠤ ᠳᠤ ᠬᠦᠴᠢᠷᠲᠡᠢ ᠵᠡᠷᠭᠡ ᠬᠥᠮᠥᠰ ᠲᠤ ᠰᠦᠢᠳᠬᠡᠯ ᠬᠤᠷᠢᠶᠠᠬᠤ ᠦᠭᠡᠢ ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ ᠃ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠦᠷᠦᠯ ᠵᠦᠢᠯ ᠳᠤ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠵᠦ ᠪᠠᠶᠢᠭᠠᠳ ᠲᠤᠬᠠᠢ ᠶᠢᠨ ᠭᠠᠵᠠᠷ ᠤᠨ ᠣᠯᠠᠨ ᠲᠦᠮᠡᠨ ᠤ ᠣᠷᠤᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠤᠨ᠎ᠠ ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠂ ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠪᠠᠶᠢᠭᠠᠳ ᠲᠠᠷᠢᠶᠠᠴᠢᠨ ᠮᠠᠯᠴᠢᠳ ᠤᠨ ᠣᠷᠤᠯᠭ᠎ᠠ ᠶᠢ ᠨᠢ ᠨᠡᠮᠡᠭᠳᠡᠭᠦᠯᠬᠦ ᠪᠠᠷ ᠳᠠᠶᠢᠴᠢᠯᠠᠨ᠎ᠠ ᠃ ᠴᠠᠯᠢᠩ ᠬᠥᠯᠥᠰᠦ ᠶᠢ ᠨᠢ ᠥᠷᠢᠲᠦᠬᠦ ᠶᠢ ᠰᠡᠷᠭᠡᠶᠢᠯᠡᠨ ᠴᠡᠭᠴᠡᠯᠡᠵᠦ ᠵᠠᠰᠠᠬᠤ ᠪᠠᠨ ᠴᠢᠩᠭᠠᠷᠠᠭᠤᠯᠵᠤ ᠂ ᠬᠥᠯᠥᠰᠦᠨ ᠲᠠᠷᠢᠶᠠᠴᠢᠨ ᠮᠠᠯᠴᠢᠳ ᠤᠨ ᠵᠣᠪᠠᠵᠤ ᠵᠦᠳᠡᠷᠡᠵᠦ ᠣᠯᠣᠭᠰᠠᠨ ᠵᠣᠭᠤᠰ ᠢ ᠨᠢᠭᠡ ᠮᠥᠩᠭᠦ ᠴᠦ ᠥᠷᠢᠲᠦᠵᠦ ᠪᠣᠯᠬᠤ ᠦᠭᠡᠢ ᠃
ᠨᠡᠶᠢᠭᠡᠮ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ ᠃ ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠢ 50 ᠲᠦᠮᠡ ᠰᠢᠨ᠎ᠡ ᠪᠠᠷ ᠨᠡᠮᠡᠭᠳᠡᠭᠦᠯᠦᠨ᠎ᠡ ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠡᠮᠡᠭᠳᠡᠯ ᠤᠨ ᠬᠡᠮᠵᠢᠶ᠎ᠡ ᠶᠢ 5% ᠠᠴᠠ ᠳᠡᠭᠡᠭᠰᠢ ᠪᠣᠯᠭᠠᠵᠤ ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠮᠥᠩᠭᠦᠨ ᠤ ᠨᠡᠮᠡᠭᠳᠡᠯ ᠤᠨ ᠬᠡᠮᠵᠢᠶ᠎ᠡ ᠶᠢ 8.3% ᠠᠴᠠ ᠳᠡᠭᠡᠭᠰᠢ ᠪᠣᠯᠭᠠᠨ᠎ᠠ ᠃ ︽ᠨᠠᠰᠤᠲᠠᠶᠢᠴᠤᠳ ᠪᠠ ᠨᠢᠯᠬᠠᠰ︾ ᠢ ᠰᠡᠳᠬᠢᠯ ᠲᠠᠯᠪᠢᠨ ᠬᠠᠶᠢᠷᠠᠯᠠᠵᠤ ᠬᠠᠮᠠᠭᠠᠯᠠᠨ ᠂ ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠴᠢᠳᠠᠮᠵᠢ ᠶᠢ ᠪᠠᠲᠤᠳᠬᠠᠨ ᠳᠡᠭᠡᠭᠰᠢᠯᠡᠭᠦᠯᠵᠦ ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 2.6 ᠲᠦᠮᠡᠨ ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠵᠦ ᠰᠢᠨᠡᠳᠬᠡᠨ ᠂ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ ︔ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠪᠠ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2350 ᠰᠢᠨ᠎ᠡ ᠪᠠᠷ ᠪᠠᠶᠢᠭᠤᠯᠵᠤ ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠵᠣᠯ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ ︔ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 2 ᠲᠦᠮᠡ ᠰᠢᠨ᠎ᠡ ᠪᠠᠷ ᠨᠡᠮᠡᠭᠳᠡᠭᠦᠯᠦᠨ᠎ᠡ ᠃ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ 6500 ᠡᠷᠦᠬᠡ ᠳᠤ ᠰᠠᠭᠠᠳ ᠦᠭᠡᠢ ᠲᠥᠬᠦᠭᠡᠷᠦᠮᠵᠢ ᠥᠭᠡᠷᠡᠴᠢᠯᠡᠵᠦ ᠲᠣᠬᠢᠷᠠᠭᠤᠯᠬᠤ ᠶᠢ ᠪᠡᠶᠡᠯᠡᠭᠦᠯᠦᠨ᠎ᠡ ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠵᠦᠢᠯ ᠤᠨ ᠦᠮᠡᠨ ᠡᠪᠡᠳᠴᠢᠨ︾ ᠢ ᠨᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠵᠦ ᠂ ᠣᠨᠣᠰᠢᠯᠠᠭᠳᠠᠭᠰᠠᠨ ᠡᠪᠡᠳᠴᠢᠲᠡᠨ ᠳᠤ ᠲᠤᠬᠠᠢ ᠶᠢᠨ ᠵᠢᠯ ᠳᠤ ᠨᠢ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ᠃
ᠣᠯᠠᠨ ᠲᠦᠮᠡᠨ ᠳᠤ ᠬᠤᠯᠪᠣᠭᠳᠠᠬᠤ ᠠᠵᠢᠯ ᠶᠠᠪᠤᠳᠠᠯ ᠢ ᠴᠢᠷᠮᠠᠶᠢᠨ ᠰᠠᠶᠢᠲᠤᠷ ᠭᠦᠢᠴᠡᠳᠬᠡᠵᠦ ᠥᠭᠭᠦᠨ᠎ᠡ ᠃ ᠬᠡᠦᠬᠡᠳ ᠤᠨ ᠴᠡᠴᠡᠷᠯᠢᠭ ᠢ 204 ᠂ ᠳᠤᠮᠳᠠᠳᠤ ᠪᠠᠭ᠎ᠠ ᠰᠤᠷᠭᠠᠭᠤᠯᠢ ᠶᠢ 676 ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ 13 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ ᠂ ᠬᠡᠦᠬᠡᠳ ᠪᠠ ᠰᠤᠷᠤᠭᠴᠢᠳ ᠤᠨ ᠣᠷᠣ ᠶᠢ 6.9 ᠲᠦᠮᠡ ᠰᠢᠨ᠎ᠡ ᠪᠠᠷ ᠨᠡᠮᠡᠭᠳᠡᠭᠦᠯᠦᠨ᠎ᠡ ᠃ ᠤᠯᠤᠰ ᠤᠨ ᠣᠶᠤᠨᠯᠢᠭ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠴᠡᠭ ᠢ ᠲᠦᠷᠭᠡᠳᠬᠡᠨ ᠪᠠᠶᠢᠭᠤᠯᠵᠤ ᠂ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠵᠢᠭᠤᠯᠤᠭᠰᠠᠨ ᠪᠠᠷᠢᠮᠵᠢᠶᠠᠲᠤ ᠰᠢᠯᠭᠠᠯᠲᠠ ᠶᠢᠨ 2 ᠲᠦᠮᠡᠨ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ ᠃ ᠬᠤᠲᠠ ᠲᠣᠭᠤᠷᠢᠭ ᠤᠨ 1000 ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠭᠤᠯᠵᠤ ᠲᠡᠳᠬᠦᠨ᠎ᠡ ᠃ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠨᠡᠯᠭᠡ ᠶᠢᠨ ᠬᠤᠷᠢᠶ᠎ᠠ ᠶᠢ 43 ᠂ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢ 20 ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 140 ᠪᠠᠶᠢᠭᠤᠯᠵᠤ ᠂ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠤᠨ ᠂ ᠣᠯᠠᠨ ᠲᠦᠮᠡᠨ ᠤ ᠡᠪᠡᠳᠴᠢᠨ ᠢᠶᠠᠨ ᠡᠮᠨᠡᠭᠦᠯᠵᠦ ᠡᠮ ᠲᠠᠩ ᠬᠤᠳᠠᠯᠳᠤᠵᠤ ᠠᠪᠬᠤ ᠶᠢᠨ ᠲᠦᠭᠦᠮ ᠳᠥᠲᠡ ᠴᠢᠨᠠᠷ ᠂ ᠥᠨᠳᠥᠷ ᠪᠦᠲᠦᠮᠵᠢᠲᠦ ᠴᠢᠨᠠᠷ ᠂ ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠦᠨ᠎ᠡ ᠃ ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠭᠰᠠᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠵᠦ ᠂ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠨᠢᠳᠦᠨ ᠰᠢᠯ ᠲᠠᠭᠠᠷᠠᠭᠤᠯᠤᠨ ᠥᠭᠴᠦ ᠂ ᠰᠦᠢᠳᠬᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠰᠤᠯᠠ ᠬᠠᠷᠠᠭ᠎ᠠ ᠶᠢ ᠨᠢ ᠵᠠᠰᠠᠬᠤ ᠪᠤᠶᠤ ᠡᠮᠨᠡᠵᠦ ᠥᠭᠭᠦᠨ᠎ᠡ ᠃ ᠬᠠᠮᠠᠷ ᠤᠨ ᠬᠠᠷᠰᠢᠮᠠᠲᠠᠭᠠᠢ ᠦᠷᠪᠢᠰᠦᠯ ᠢ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠶᠢ ᠥᠷᠨᠢᠭᠦᠯᠦᠨ᠎ᠡ ᠃ ᠤᠯᠠᠭᠠᠨᠮᠥ᠋ᠴᠢᠷ ᠪᠠ ᠡᠯ᠎ᠡ ᠱᠠᠲᠤᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠦᠨᠳᠦᠰᠦᠨ ᠱᠠᠲᠤᠨ ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭᠠᠬᠤ ᠶᠢ ᠵᠣᠬᠢᠶᠠᠨ ᠪᠠᠶᠢᠭᠤᠯᠤᠨ᠎ᠠ ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 350 ᠵᠦᠢᠯᠡᠰ ᠲᠤ ︽ᠭᠡᠷᠡᠴᠢ ᠦᠨᠡᠮᠯᠡᠯ ᠠᠪᠬᠤ ᠦᠭᠡᠢ ᠪᠠᠷ ᠭᠦᠢᠴᠡᠳᠬᠡᠬᠦ︾ ᠂ 115 ᠵᠦᠢᠯᠡᠰ ᠲᠤ ︽ᠨᠢᠭᠡ ᠠᠵᠢᠯ ᠶᠠᠪᠤᠳᠠᠯ ᠢ ᠨᠢᠭᠡ ᠯᠠ ᠤᠳᠠᠭ᠎ᠠ ᠳᠤ ᠭᠦᠢᠴᠡᠳᠬᠡᠬᠦ︾ ᠪᠣᠯᠭᠠᠵᠤ ᠂ ᠲᠤᠰᠬᠤᠨ ᠤ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠬᠠᠪᠰᠤᠷᠴᠤ ᠣᠷᠣᠯᠠᠨ ᠭᠦᠢᠴᠡᠳᠬᠡᠬᠦ︾ ᠶᠢ ᠭᠦᠨᠵᠡᠭᠡᠢ ᠬᠡᠷᠡᠭᠵᠢᠭᠦᠯᠵᠦ ᠂ ︽ ᠰᠦᠯᠵᠢᠶ᠎ᠡ ᠪᠠᠷ ᠭᠦᠢᠴᠡᠳᠬᠡᠵᠦ ᠴᠡᠴᠡᠷᠯᠢᠭ ᠲᠤ ᠰᠠᠭᠤᠯᠭᠠᠬᠤ︾ ︽ᠰᠦᠯᠵᠢᠶ᠎ᠡ ᠪᠠᠷ ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ ᠂ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡᠨ ᠤ 15 ᠮᠢᠨᠦ᠋ᠲ ᠤᠨ ᠬᠡᠪᠴᠢᠶᠡᠨ ᠳᠤ ᠭᠦᠢᠴᠡᠳᠬᠡᠬᠦ ᠶᠢ ᠪᠦᠬᠦ ᠲᠠᠯ᠎ᠠ ᠪᠠᠷ ᠪᠠᠶᠢᠭᠤᠯᠤᠨ᠎ᠠ ᠃
ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠤᠨ᠎ᠠ ᠃ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1602 ᠂ ᠳᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.5 ᠲᠦᠮᠡᠨ ᠢᠵᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.1 ᠲᠦᠮᠡᠨ ᠢᠵᠢ ᠪᠠᠶᠢᠭᠤᠯᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠪᠠᠨ ᠦᠷᠭᠦᠯᠵᠢᠯᠡᠨ ᠠᠬᠢᠭᠤᠯᠤᠨ᠎ᠠ ᠂ ᠰᠢᠲᠠᠮᠠᠬᠠᠢ ᠬᠡᠢ ᠂ ᠤᠰᠤ ᠬᠠᠩᠭᠠᠬᠤ ᠂ ᠤᠰᠤ ᠵᠠᠯᠠᠬᠤ ᠂ ᠢᠯᠴᠢ ᠬᠠᠩᠭᠠᠬᠤ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠶᠢ 1500 ᠺᠢᠯᠣᠮᠧᠲᠷ ᠥᠭᠡᠷᠡᠴᠢᠯᠡᠨ ᠰᠢᠨᠡᠳᠬᠡᠨ᠎ᠡ ᠃ ᠪᠡᠶ᠎ᠡ ᠶᠢᠨ ᠲᠠᠮᠢᠷ ᠤᠨ ᠴᠡᠴᠡᠷᠯᠢᠭ ᠢ 36 ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 32 ᠂ ᠲᠡᠰᠢᠯᠲᠡ ᠶᠢᠨ ᠲᠠᠯᠠᠪᠤᠷ ᠢ 33 ᠂ ᠣᠯᠠᠨ ᠴᠢᠳᠠᠮᠵᠢᠲᠤ ᠲᠠᠮᠢᠷ ᠤᠨ ᠬᠥᠳᠡᠯᠭᠡᠭᠡᠨ ᠤ ᠲᠠᠯᠠᠪᠤᠷ ᠢ 103 ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 335 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠤᠨ᠎ᠠ ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3000 ᠭᠠᠷᠤᠢ ᠥᠭᠡᠷᠡᠴᠢᠯᠡᠨ ᠰᠢᠨᠡᠳᠬᠡᠵᠦ ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠂ ᠡᠷᠦᠬᠡ ᠶᠢᠨ ᠠᠷᠢᠭᠤᠨ ᠴᠡᠪᠡᠷ ᠵᠤᠷᠯᠤᠩ ᠢ 6 ᠲᠦᠮᠡ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠪᠠᠶᠢᠭᠤᠯᠤᠨ ᠂ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ 500 ᠂ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠶᠢᠨ ᠴᠡᠭ ᠤᠨ ᠢᠨᠵᠧᠨᠧᠷᠢᠩ ᠢ 820 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠤᠨ᠎ᠠ ᠃ ᠲᠠᠷᠢᠶᠠᠯᠠᠬᠤ ᠮᠠᠯᠵᠢᠬᠤ ᠣᠷᠣᠨ ᠤ ︽ᠠᠶᠠᠨᠴᠢᠳ ᠤᠨ ᠲᠡᠭᠡᠭᠡᠪᠦᠷᠢ ᠪᠠᠷᠠᠭᠠᠨ ᠤ ᠭᠦᠢᠯᠭᠡᠭᠡ ᠰᠢᠤᠳᠠᠨ ᠤ ᠲᠦᠷᠭᠡᠨ ᠢᠯᠡᠭᠡᠯᠲᠡ︾ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠦᠨ ᠂ ᠭᠠᠴᠠᠭ᠎ᠠ ᠲᠤᠰᠬᠤᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠴᠡᠭ ᠢ 3500 ᠰᠢᠨ᠎ᠡ ᠪᠠᠷ ᠨᠡᠮᠡᠭᠳᠡᠭᠦᠯᠵᠦ ᠂ ᠲᠠᠷᠢᠶᠠᠯᠠᠬᠤ ᠮᠠᠯᠵᠢᠬᠤ ᠣᠷᠣᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠪᠦᠷᠢᠨ ᠪᠦᠷᠬᠦᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ ᠃ ᠬᠤᠲᠠ ᠪᠠᠯᠭᠠᠰᠤᠨ ᠤ ᠲᠥᠪᠯᠡᠷᠡᠭᠦᠯᠦᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ ᠂ ᠲᠠᠷᠢᠶᠠᠴᠢᠨ ᠮᠠᠯᠴᠢᠳ ᠲᠤ ︽ᠬᠠᠯᠠᠮᠵᠢ ᠶᠢᠨ ᠨᠡᠭᠦᠷᠡᠰᠦ︾ ᠶᠢ ᠪᠠᠲᠤᠯᠠᠬᠤ ᠪᠠ ᠴᠡᠪᠡᠷ ᠳᠤᠯᠠᠭᠠᠯᠠᠭ᠎ᠠ ᠶᠢ ᠥᠭᠡᠷᠡᠴᠢᠯᠡᠨ ᠰᠢᠨᠡᠳᠬᠡᠬᠦ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠨ᠎ᠠ ᠃
︵ᠲᠣᠯᠤᠭ᠎ᠠ︶ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢᠨ ᠬᠡᠮ ᠰᠣᠭᠤᠭ ᠢ ᠪᠦᠳᠦᠮᠵᠢᠳᠡᠢ ᠰᠡᠷᠭᠡᠶᠢᠯᠡᠨ ᠠᠷᠢᠯᠭᠠᠵᠤ ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠵᠤ ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ ᠃ ᠲᠦᠭᠰᠢᠭᠦᠷᠢ ᠶᠢ ᠰᠡᠷᠭᠡᠶᠢᠯᠡᠬᠦ ᠂ ᠠᠮᠤᠷ ᠲᠦᠪᠰᠢᠨ ᠢ ᠪᠠᠲᠤᠯᠠᠬᠤ ᠂ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠳᠬᠤᠵᠤ ᠂ ᠠᠮᠤᠷ ᠲᠦᠪᠰᠢᠨ ᠤ ᠵᠠᠰᠠᠯᠲᠠ ᠂ ᠨᠡᠶᠢᠭᠡᠮ ᠤᠨ ᠵᠠᠰᠠᠯᠲᠠ ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠯ᠎ᠠ ᠪᠠᠷ ᠬᠢ ᠴᠢᠳᠠᠪᠤᠷᠢ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠥᠪᠥᠷ ᠮᠣᠩᠭᠤᠯ ᠢ ᠲᠦᠷᠭᠡᠳᠬᠡᠨ ᠪᠠᠶᠢᠭᠤᠯᠤᠨ᠎ᠠ ᠃
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠎ᠡ ᠃ ᠰᠢᠨ᠎ᠡ ᠱᠠᠲᠤ ᠦᠶ᠎ᠡ ᠳᠠᠬᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ ᠂ ᠠᠵᠢᠯ ᠤᠨ ᠭᠤᠣᠯᠳᠠᠯᠭ᠎ᠠ ᠪᠠᠨ ᠡᠷᠡᠭᠦᠯ ᠴᠢᠭᠢᠷᠠᠭ ᠢ ᠬᠠᠮᠠᠭᠠᠯᠠᠬᠤ ᠂ ᠬᠦᠨᠳᠦ ᠡᠪᠡᠳᠴᠢᠨ ᠲᠤᠰᠬᠤ ᠶᠢ ᠰᠡᠷᠭᠡᠶᠢᠯᠡᠬᠦ ᠳᠡᠭᠡᠷ᠎ᠡ ᠰᠢᠯᠵᠢᠭᠦᠯᠵᠦ ᠂ ︽ᠬᠥᠬᠡᠭᠴᠢᠨ ᠲᠦᠷᠦᠯ ᠳᠤ ᠬᠥᠬᠡᠭᠴᠢᠨ ᠲᠡᠰ ᠤᠨ ᠬᠠᠮᠢᠶᠠᠷᠤᠯᠲᠠ ᠬᠢᠬᠦ︾ ᠶᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠬᠡᠷᠡᠭᠵᠢᠭᠦᠯᠦᠨ ᠂ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠠᠯᠠᠭᠤᠷᠠᠯ ᠢ ᠡᠮᠨᠡᠬᠦ ᠲᠠᠰᠤᠭ ᠲᠣᠬᠢᠷᠠᠭᠤᠯᠵᠤ ᠪᠣᠯᠪᠠᠯ ᠠᠯᠢ ᠴᠢᠳᠠᠬᠤ ᠪᠠᠷ ᠲᠣᠬᠢᠷᠠᠭᠤᠯᠵᠤ ᠂ ᠠᠵᠢᠯᠯᠠᠵᠤ ᠪᠣᠯᠪᠠᠯ ᠠᠯᠢ ᠴᠢᠳᠠᠬᠤ ᠪᠠᠷ ᠠᠵᠢᠯᠯᠠᠭᠤᠯᠬᠤ ᠶᠢ ᠠᠬᠢᠭᠤᠯᠤᠨ ᠂ ᠡᠮ ᠤᠨ ᠵᠦᠢᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠪᠤᠷᠢᠵᠢᠭᠤᠯᠬᠤ ᠪᠠ ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠶᠢ ᠰᠠᠶᠢᠲᠤᠷ ᠠᠳᠬᠤᠵᠤ ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠂ ᠲᠠᠷᠢᠶᠠᠯᠠᠬᠤ ᠮᠠᠯᠵᠢᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ ᠂ ᠪᠦᠭᠦ ᠬᠥᠮᠥᠰ ᠲᠤ ᠡᠬᠡᠯᠢᠯᠡᠭᠡ ᠶᠢᠨ ᠲᠠᠷᠢᠯᠭ᠎ᠠ ᠲᠠᠷᠢᠬᠤ ᠶᠢ ᠴᠢᠩᠭᠠᠳᠬᠠᠨ ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠤᠯᠠᠮ ᠬᠠᠨᠳᠤᠯᠭᠠᠲᠤ ᠴᠢᠨᠠᠷ ᠲᠠᠢ ᠥᠷᠨᠢᠭᠦᠯᠵᠦ ᠂ ᠨᠠᠰᠤᠲᠠᠶᠢᠴᠤᠳ ᠂ ᠬᠡᠦᠬᠡᠳ ᠵᠡᠷᠭᠡ ᠭᠤᠣᠯᠳᠠᠯᠭ᠎ᠠ ᠪᠣᠯᠬᠤ ᠬᠥᠮᠥᠰ ᠲᠤ ᠰᠡᠷᠭᠡᠶᠢᠯᠡᠵᠦ ᠬᠠᠮᠠᠭᠠᠯᠠᠬᠤ ᠪᠠ ᠠᠪᠤᠷᠠᠨ ᠵᠠᠰᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠡᠮᠴᠢᠯᠡᠭᠡᠨ ᠤ ᠲᠠᠯ᠎ᠠ ᠳᠤ ᠲᠦᠷᠬᠢᠯᠡᠨ ᠰᠢᠪᠬᠠᠷᠤᠭᠤᠯᠬᠤ ᠪᠠᠶᠢᠳᠠᠯ ᠡᠭᠦᠰᠬᠦ ᠂ ᠳᠠᠭᠠᠯᠲᠠ ᠭᠠᠢ ᠭᠠᠷᠬᠤ ᠠᠴᠠ ᠰᠡᠷᠭᠡᠶᠢᠯᠡᠨ ᠂ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ ᠃
ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠤ ᠲᠦᠭᠰᠢᠭᠦᠷᠢ ᠶᠢᠨ ︽ᠳᠥᠯᠭᠡᠨ ᠰᠢᠯᠵᠢᠯᠲᠡ︾ ᠶᠢ ᠬᠦᠴᠦᠯᠡᠨ ᠠᠬᠢᠭᠤᠯᠤᠨ᠎ᠠ ᠃ ᠵᠠᠰᠠᠭ ᠤᠨ ᠣᠷᠳᠣᠨ ᠤ ᠥᠷᠢ ᠥᠭᠴᠡᠭᠡᠨ ᠤ ᠲᠦᠭᠰᠢᠭᠦᠷᠢ ᠶᠢ ᠠᠷᠢᠯᠭᠠᠵᠤ ᠪᠡᠷᠬᠡ ᠶᠢ ᠲᠣᠭᠤᠯᠬᠤ ᠠᠵᠢᠯᠯᠠᠭᠠᠨ ᠢ ᠥᠷᠨᠢᠭᠦᠯᠦᠨ᠎ᠡ ᠂ ︽ᠲᠦᠷᠪᠡᠨ ᠨᠢᠭᠡ ᠪᠦᠯᠦᠭ︾ ᠤᠨ ᠠᠷᠭ᠎ᠠ ᠪᠠᠷᠢᠯ ᠢ ᠦᠷᠭᠦᠯᠵᠢᠯᠡᠨ ᠬᠡᠷᠡᠭᠵᠢᠭᠦᠯᠵᠦ ᠦᠨᠳᠦᠰᠦᠨ ᠱᠠᠲᠤᠨ ᠤ ᠥᠷᠢ ᠥᠭᠴᠡᠭᠡ ᠶᠢ ᠠᠷᠢᠯᠭᠠᠬᠤ ᠳᠤ ᠬᠠᠪᠰᠤᠷᠤᠯᠭ᠎ᠠ ᠦᠵᠡᠭᠦᠯᠦᠨ ᠂ ᠥᠷᠢ ᠥᠭᠴᠡᠭᠡᠨ ᠤ ᠨᠡᠮᠡᠭᠳᠡᠯ ᠢ ᠡᠷᠡᠰ ᠬᠤᠷᠢᠭᠯᠠᠬᠤ ᠪᠠ ᠦᠯᠡᠳᠡᠭᠳᠡᠯ ᠢ ᠠᠷᠢᠯᠭᠠᠵᠤ ᠂ ᠬᠡᠯᠪᠡᠷᠢ ᠶᠢ ᠨᠢ ᠥᠭᠡᠷᠡᠲᠦᠭᠦᠯᠦᠨ ᠵᠢᠭᠡᠯᠡᠯᠭᠡ ᠵᠢᠭᠡᠯᠡᠬᠦ ᠂ ᠬᠤᠳᠠᠯ ᠬᠠᠭᠤᠷᠮᠠᠭ ᠢᠶᠠᠷ ᠥᠷᠢ ᠥᠭᠴᠡᠭᠡ ᠪᠠᠨ ᠠᠷᠢᠯᠭᠠᠬᠤ ᠦᠵᠡᠭᠳᠡᠯ ᠢ ᠡᠷᠡᠰ ᠬᠤᠷᠢᠭᠯᠠᠨ ᠂ ᠪᠦᠭᠦ ᠣᠷᠣᠨ ᠤ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠪᠡᠶᠡᠯᠡᠭᠦᠯᠦᠨ᠎ᠡ ᠃ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠷᠠᠭᠤᠯᠵᠤ ᠂ ᠡᠩ ᠤᠨ ᠴᠢᠨᠠᠷᠲᠠᠢ ᠰᠢᠯᠵᠢᠭᠦᠯᠦᠨ ᠲᠥᠯᠥᠬᠦ ᠶᠢ ᠨᠡᠮᠡᠭᠳᠡᠭᠦᠯᠬᠦ ᠪᠠ ᠲᠤᠰᠬᠠᠢ ᠵᠦᠢᠯ ᠢᠶᠠᠷ ᠰᠢᠯᠵᠢᠭᠦᠯᠦᠨ ᠲᠥᠯᠥᠬᠦ ᠶᠢ ᠪᠠᠭᠠᠰᠬᠠᠨ ᠂ ᠡᠳ᠋ ᠤᠨ ᠬᠦᠴᠦᠨ ᠢ ᠦᠨᠳᠦᠰᠦᠨ ᠱᠠᠲᠤ ᠤᠷᠤᠭᠤ ᠬᠠᠨᠳᠤᠭᠤᠯᠬᠤ ᠪᠠ ᠪᠡᠯᠡ ᠮᠥᠩᠭᠦ ᠶᠢ ᠰᠢᠭᠤᠳ ᠪᠠᠭᠤᠯᠭᠠᠬᠤ ᠡᠷᠴᠢᠮ ᠢᠶᠠᠨ ᠴᠢᠩᠭᠠᠷᠠᠭᠤᠯᠵᠤ ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ ᠂ ᠡᠩ ᠤᠨ ᠴᠢᠨᠠᠷᠲᠠᠢ ᠵᠠᠷᠤᠯᠭ᠎ᠠ ᠪᠠ ︽ᠠᠯᠪᠠᠨ ᠤ ᠭᠤᠷᠪᠠᠨ︾ ᠵᠠᠷᠤᠳᠠᠯ ᠤᠨ ᠲᠥᠰᠥᠪ ᠤᠨ ᠲᠣᠬᠢᠷᠠᠭᠤᠯᠤᠯᠲᠠ ᠶᠢ ᠴᠢᠩᠭ᠎ᠠ ᠡᠵᠡᠮᠳᠡᠵᠦ ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠭᠲᠤ ᠲᠠᠩᠬᠢᠮ ᠪᠠᠭᠤᠳᠠᠯ ᠢ ᠰᠡᠯᠪᠢᠨ ᠵᠠᠰᠠᠵᠤ ᠰᠢᠨᠡᠳᠬᠡᠬᠦ ᠂ ᠠᠯᠪᠠᠯᠠᠬᠤ ᠪᠠ ᠲᠤᠬᠠᠶᠢᠯᠠᠭᠰᠠᠨ ᠠᠵᠢᠯ ᠳᠤ ᠲᠦᠷᠢᠶᠡᠰᠦᠯᠡᠨ ᠬᠡᠷᠡᠭᠯᠡᠬᠦ ᠭᠡᠷ ᠪᠠᠶᠢᠰᠢᠩ ᠤᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠡᠵᠡᠮᠳᠡᠵᠦ ᠂ ᠬᠤᠷᠠᠯ ᠂ ᠵᠠᠮ ᠤᠨ ᠵᠠᠷᠤᠳᠠᠯ ᠂ ᠪᠣᠯᠪᠠᠰᠤᠷᠠᠯ ᠂ ᠪᠠᠶᠠᠷ ᠨᠠᠶᠢᠷ ᠵᠡᠷᠭᠡ ᠠᠯᠪᠠᠨ ᠤ ᠠᠵᠢᠯᠯᠠᠭ᠎ᠠ ᠶᠢ ᠴᠣᠮᠠᠬᠤᠡᠬᠠᠵᠦ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠤ ᠪᠠᠴᠢᠮ ᠱᠠᠭᠠᠷᠳᠠᠭᠳᠠᠬᠤ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠲᠥᠰᠥᠪ ᠤᠨ ᠵᠠᠷᠤᠯᠭ᠎ᠠ ᠶᠢ 53 ᠳ᠋ᠦᠩᠰᠢᠭᠤᠷ ᠲᠥᠭᠦᠷᠢᠭ ᠪᠠᠭᠠᠰᠬᠠᠨ᠎ᠠ ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠵᠤ ᠪᠡᠷᠬᠡ ᠶᠢ ᠲᠣᠭᠤᠯᠬᠤ ᠠᠵᠢᠯᠯᠠᠭᠠᠨ ᠢ ᠥᠷᠨᠢᠭᠦᠯᠦᠨ᠎ᠡ ᠂ ︽ᠭᠤᠷᠪᠠ ᠶᠢ ᠢᠯᠭᠠᠷᠠᠭᠤᠯᠵᠤ ᠨᠢᠭᠡ ᠶᠢ ᠨᠡᠬᠡᠮᠵᠢᠯᠡᠬᠦ︾ ᠦᠷ᠎ᠡ ᠪᠦᠳᠦᠮᠵᠢ ᠪᠠᠨ ᠪᠠᠬᠢᠵᠢᠭᠦᠯᠵᠦ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢ ᠪᠠᠭᠠᠰᠬᠠᠵᠤ ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠴᠠᠭᠠᠯ ᠦᠭᠡᠢ ᠬᠥᠷᠥᠩᠭᠡ ᠶᠢ ᠪᠦᠳᠦᠮᠵᠢᠳᠠᠢ ᠰᠢᠢᠳᠪᠦᠷᠢᠯᠡᠵᠦ ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠪᠣᠯᠣᠨ ᠥᠷᠢ ᠠᠴᠠ ᠵᠠᠶᠢᠯᠠᠬᠤ ᠪᠠ ᠪᠠᠯᠠᠷᠠᠭᠤᠯᠬᠤ ᠠᠵᠢᠯᠯᠠᠭ᠎ᠠ ᠳᠤ ᠬᠦᠨᠳᠦ ᠴᠣᠬᠢᠯᠲᠠ ᠥᠭᠴᠦ ᠂ ᠰᠢᠰᠲ᠋ᠧᠮ ᠤᠨ ᠴᠢᠨᠠᠷᠲᠠᠢ ᠣᠷᠣᠨ ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ ᠃ ᠭᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠠᠷᠢᠯᠭᠠᠵᠤ ᠪᠡᠷᠬᠡ ᠶᠢ ᠲᠣᠭᠤᠯᠬᠤ ᠠᠵᠢᠯᠯᠠᠭᠠᠨ ᠢ ᠥᠷᠨᠢᠭᠦᠯᠦᠨ᠎ᠡ ᠂ ᠠᠰᠠᠷ ᠪᠠᠷᠢᠵᠤ ᠳᠠᠭᠤᠰᠬᠠᠬᠤ ᠶᠢ ᠪᠠᠲᠤᠯᠠᠬᠤ ᠂ ᠠᠷᠠᠳ ᠤᠨ ᠠᠮᠢᠳᠤᠷᠠᠯ ᠢ ᠪᠠᠲᠤᠯᠠᠬᠤ ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠵᠢᠯ ᠲᠦᠷᠦᠯ ᠤᠨ ᠪᠡᠯᠡ ᠲᠣᠬᠢᠷᠠᠭᠤᠯᠭ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠂ ᠭᠡᠷ ᠪᠠᠶᠢᠰᠢᠩ ᠭᠠᠵᠠᠷ ᠬᠥᠷᠥᠩᠭᠡ ᠶᠢᠨ ᠰᠢᠯᠢᠳᠡᠭ ᠠᠵᠤ ᠠᠬᠤᠶᠢᠯᠠᠯ ᠤᠨ ᠬᠦᠴᠢᠷᠳᠡᠯ ᠢ ᠲᠤᠭᠤᠯᠵᠦ ᠭᠠᠷᠬᠤ ᠳᠤ ᠬᠠᠪᠰᠤᠷᠤᠯᠭ᠎ᠠ ᠦᠵᠡᠭᠦᠯᠵᠦ ᠂ ᠠᠰᠠᠷ ᠢ ᠪᠠᠷᠢᠵᠤ ᠳᠠᠭᠤᠰᠬᠠᠬᠤ ᠬᠤᠭᠤᠴᠠᠭ᠎ᠠ ᠠᠴᠠ ᠪᠠᠨ ᠬᠡᠲᠦᠷᠡᠭᠦᠯᠦᠨ ᠲᠤᠰᠢᠶᠠᠬᠤ ᠲᠦᠭᠰᠢᠭᠦᠷᠢ ᠶᠢ ᠨᠢ ᠪᠦᠳᠦᠮᠵᠢᠳᠡᠢ ᠰᠡᠷᠭᠡᠶᠢᠯᠡᠨ ᠰᠢᠢᠳᠪᠦᠷᠢᠯᠡᠨ᠎ᠡ ᠃
ᠤᠯᠠᠨ ᠨᠡᠶᠢᠳᠡ ᠶᠢᠨ ᠠᠮᠤᠷ ᠲᠦᠪᠰᠢᠨ ᠪᠠ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠡᠬᠡᠭᠰᠢᠯᠡᠬᠦᠯᠦᠨ᠎ᠡ ᠃ ᠠᠵᠤ ᠦᠢᠯᠡᠳᠪᠦᠷᠢ ᠠᠭᠤᠷᠬᠠᠢ ᠪᠠ ᠠᠶᠤᠯᠲᠠᠢ ᠬᠢᠮᠢ ᠶᠢᠨ ᠪᠣᠳᠠᠰ ᠂ ᠵᠠᠮ ᠬᠠᠷᠢᠯᠴᠠᠭ᠎ᠠ ᠲᠡᠭᠡᠭᠡᠪᠦᠷᠢ ᠂ ᠪᠠᠷᠢᠯᠭ᠎ᠠ ᠶᠢᠨ ᠭᠠᠵᠠᠷ ᠂ ᠬᠤᠳᠠ ᠪᠠᠯᠭᠠᠰᠤᠨ ᠤ ᠰᠢᠲᠠᠮᠠᠬᠠᠢ ᠬᠡᠢ ᠂ ᠡᠵᠡᠩᠨᠡᠯᠲᠡ ᠶᠢᠨ ᠴᠢᠨᠠᠷᠲᠠᠢ ᠦᠪᠡᠰᠦᠪᠡᠨ ᠪᠠᠷᠢᠭᠰᠠᠨ ᠭᠡᠷ ᠂ ᠬᠥᠮᠥᠨ ᠬᠠᠷ᠎ᠠ ᠣᠪᠣᠭᠠᠷᠠᠨ ᠴᠤᠭᠯᠠᠷᠠᠬᠤ ᠲᠠᠯᠠᠪᠤᠷ ᠭᠠᠵᠠᠷ ᠵᠡᠷᠭᠡ ᠭᠤᠣᠯᠳᠠᠯᠭ᠎ᠠ ᠪᠣᠯᠬᠤ ᠬᠦᠷᠢᠶᠡᠨ ᠤ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠂ ᠣᠨᠴᠠ ᠬᠦᠨᠳᠦ ᠶᠡᠭᠡ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠨ᠎ᠠ ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠠᠬᠢᠭᠤᠯᠵᠤ ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠂ ᠠᠶᠤᠯᠲᠠᠢ ᠬᠢᠮᠢ ᠶᠢᠨ ᠪᠣᠳᠠᠰ ᠂ ᠠᠭᠤᠷᠬᠠᠢ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠷᠪᠠᠨ ᠶᠡᠭᠡ ᠰᠠᠭᠤᠷᠢᠨ ᠭᠠᠵᠠᠷ ᠪᠠ ᠪᠤᠭᠤᠲᠤ ᠶᠢᠨ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠤᠯᠠᠨ ᠨᠡᠶᠢᠳᠡ ᠶᠢᠨ ᠭᠡᠨᠡᠳᠲᠡ ᠶᠢᠨ ᠬᠡᠷᠡᠭ ᠢ ᠰᠡᠷᠭᠡᠶᠢᠯᠡᠵᠦ ᠰᠢᠢᠳᠪᠦᠷᠢᠯᠡᠬᠦ ᠴᠢᠳᠠᠪᠤᠷᠢ ᠪᠠᠨ ᠲᠡᠬᠡᠭᠰᠢᠯᠡᠬᠦᠯᠦᠨ᠎ᠡ ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠬᠢᠨᠠᠨ ᠰᠢᠨᠵᠢᠵᠦ ᠵᠠᠰᠠᠯᠲᠠ ᠬᠢᠬᠦ ᠡᠷᠴᠢᠮ ᠢᠶᠠᠨ ᠴᠢᠩᠭᠠᠷᠠᠭᠤᠯᠤᠨ ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ ᠃ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠭᠰᠠᠨ ᠪᠠᠶᠢᠭᠤᠯᠤᠯᠲᠠ ᠶᠢ ᠴᠢᠩᠭᠠᠷᠠᠭᠤᠯᠤᠨ ᠂ ︽ᠰᠢᠨ᠎ᠡ ᠴᠠᠭ ᠦᠶ᠎ᠡ ᠰᠢᠨ᠎ᠡ ᠨᠡᠶᠢᠭᠡᠮ ᠲᠣᠭᠤᠷᠢᠭ ᠰᠢᠨ᠎ᠡ ᠠᠵᠤ ᠠᠮᠢᠳᠤᠷᠠᠯ︾ ᠬᠡᠮᠡᠬᠦ ᠦᠢᠯᠡᠴᠢᠯᠡᠭᠡ ᠵᠠᠰᠠᠯᠲᠠ ᠶᠢ ᠲᠡᠬᠡᠭᠰᠢᠯᠡᠬᠦᠯᠬᠦ ᠲᠤᠰᠬᠠᠢ ᠠᠵᠢᠯᠯᠠᠭᠠᠨ ᠢ ᠥᠷᠨᠢᠭᠦᠯᠦᠨ ᠂ ︽ᠰᠦᠯᠵᠢᠶ᠎ᠡ + ᠲᠤᠤᠷᠠᠯᠵᠢ︾ ᠪᠣᠯᠬᠤ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠪᠠ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠂ ᠵᠥᠷᠢᠴᠡᠯ ᠵᠢᠭᠤᠷᠠᠯᠳᠤᠭᠠᠨ ᠢ ᠣᠯᠠᠨ ᠡᠰᠢ ᠪᠠᠷ ᠠᠷᠢᠯᠭᠠᠬᠤ ᠲᠣᠭᠲᠠᠴᠠ ᠶᠢ ᠪᠦᠷᠢᠨᠰᠢᠭᠦᠯᠦᠨ ᠂ ᠣᠯᠠᠨ ᠲᠦᠮᠡᠨ ᠤ ᠠᠮᠤᠷ ᠲᠦᠪᠰᠢᠨ ᠪᠠ ᠬᠦᠢᠲᠡᠨ ᠳᠤᠯᠠᠭᠠᠨ ᠂ ᠡᠳᠦᠷ ᠲᠣᠳᠣᠮ ᠤᠨ ᠤᠴᠢᠷ ᠶᠠᠪᠤᠳᠠᠯ ᠢ ᠨᠢ ᠬᠠᠯᠠᠮᠵᠢᠯᠠᠵᠤ ᠬᠠᠮᠢᠶᠠᠷᠬᠤ ᠬᠥᠮᠥᠨ ᠲᠠᠢ ᠪᠤᠯᠭᠠᠵᠦ ᠂ ᠦᠨᠳᠦᠰᠦᠨ ᠱᠠᠲᠤᠨ ᠤ ᠵᠠᠰᠠᠯᠲᠠ ᠶᠢ ᠤᠯᠠᠮ ᠡᠶ᠎ᠡ ᠵᠦᠢ ᠲᠠᠢ ᠬᠢᠵᠦ ᠂ ᠠᠷᠠᠳ ᠣᠯᠠᠨ ᠳᠤ ᠮᠠᠰᠢ ᠶᠡᠭᠡ ᠵᠣᠯ ᠵᠢᠷᠭᠠᠯ ᠲᠠᠢ ᠰᠠᠨᠠᠭᠳᠠᠭᠤᠯᠤᠨ᠎ᠠ ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠲᠡᠮᠵᠢᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠴᠡᠷᠢᠭ ᠠᠩᠭᠢ ᠣᠷᠣᠨ ᠨᠤᠲᠤᠭ ᠤᠨ ᠵᠣᠬᠢᠴᠠᠭᠤᠯᠭ᠎ᠠ ᠶᠢ ᠴᠢᠩᠭᠠᠳᠬᠠᠨ ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠭᠰᠡᠨ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ ᠃
ᠳᠡᠭᠡᠷ᠎ᠡ ᠳᠤᠷᠠᠳᠤᠭᠰᠠᠨ ᠠᠵᠢᠯ ᠢ ᠰᠠᠶᠢᠲᠤᠷ ᠬᠢᠬᠦ ᠳᠤ ᠂ ᠬᠤᠶᠠᠷ ᠶᠡᠭᠡ ᠤᠷᠢᠳᠠᠴᠢ ᠵᠦᠢᠯ ᠢ ᠢᠮᠠᠭᠲᠠ ᠪᠠᠲᠤ ᠴᠡᠭᠡᠵᠢᠯᠡᠵᠦ ᠂ ᠲᠣᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ ᠃ ᠨᠢᠭᠡ ᠳᠤ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠡᠷᠬᠡᠪᠰᠢ ᠪᠠᠷᠢᠮᠲᠠᠯᠠᠨ᠎ᠠ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠠᠵᠢᠯ ᠢ ᠠᠯᠢᠪᠠ ᠠᠴᠠ ᠴᠢᠬᠤᠯᠠ ᠡᠭᠦᠷᠭᠡ ᠪᠣᠯᠭᠠᠨ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠭᠦ ᠨᠤᠲᠤᠭ ᠪᠦᠰᠡ ᠪᠦᠭᠦ ᠶᠠᠪᠤᠴᠠ ᠪᠠᠷ ᠴᠢᠩᠭᠠᠳᠬᠠᠨ ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠦᠭᠦ ᠣᠷᠣᠨ ᠪᠦᠰᠡ ᠪᠦᠭᠦ ᠬᠡᠪᠴᠢᠶᠡᠨ ᠳᠤ ᠠᠬᠢᠭᠤᠯᠵᠤ ᠂ ᠨᠡᠭᠦᠷᠡᠰᠦᠳᠦ᠋ᠷᠦᠭᠴᠢ ᠶᠢ ᠪᠠᠭᠠᠰᠬᠠᠬᠤ ᠂ ᠪᠣᠬᠢᠷᠳᠤᠯ ᠢ ᠪᠠᠭᠠᠰᠬᠠᠬᠤ ᠂ ᠨᠣᠭᠤᠭᠠᠷᠠᠭᠤᠯᠤᠯᠲᠠ ᠪᠠᠨ ᠥᠷᠭᠡᠳᠬᠡᠬᠦ ᠂ ᠠᠵᠤ ᠠᠬᠤᠢ ᠶᠢ ᠨᠡᠮᠡᠭᠳᠡᠭᠦᠯᠬᠦ ᠪᠠᠨ ᠬᠠᠮᠵᠢᠯᠴᠠᠨ ᠠᠬᠢᠭᠤᠯᠵᠤ ᠂ ᠰᠠᠶᠢᠨ ᠰᠠᠶᠢᠬᠠᠨ ᠠᠮᠢ ᠠᠬᠤᠢ ᠣᠷᠴᠢᠨ ᠲᠣᠭᠤᠷᠢᠨ ᠢ ᠥᠪᠥᠷ ᠮᠣᠩᠭᠤᠯ ᠤᠨ ᠪᠦᠭᠦ ᠲᠠᠯ᠎ᠠ ᠶᠢᠨ ᠣᠳᠣᠬᠢᠴᠢᠯᠠᠯᠲᠠ ᠶᠢᠨ ᠥᠩᠭᠡ ᠢᠯᠭᠠᠷᠠᠮ᠎ᠠ ᠵᠢᠷᠤᠭ ᠲᠥᠰᠥᠪ ᠪᠠ ᠬᠠᠷᠠᠭ᠎ᠠ ᠪᠤᠯᠢᠶᠠᠮ᠎ᠠ ᠠᠮᠵᠢᠯᠲᠠ ᠪᠦᠳᠦᠮᠵᠢ ᠪᠣᠯᠭᠠᠨ᠎ᠠ ᠃ ᠬᠤᠶᠠᠷ ᠲᠤ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠪᠦᠯᠬᠦᠮᠳᠡᠨ ᠲᠡᠮᠡᠴᠡᠬᠦ ᠤᠯᠠᠮᠵᠢᠯᠠᠯ ᠢ ᠡᠷᠬᠡᠪᠰᠢ ᠪᠠᠳᠠᠷᠠᠭᠤᠯᠤᠨ᠎ᠠ ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠪᠠᠨ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢᠨ ᠦᠨᠳᠦᠰᠦᠨ ᠴᠢᠨᠠᠷᠲᠠᠢ ᠡᠭᠦᠷᠭᠡ ᠪᠣᠯᠭᠠᠨ ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠡᠨᠡ ᠬᠦ ᠭᠤᠣᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠰᠠᠶᠢᠲᠤᠷ ᠬᠢᠵᠦ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠤᠨ ᠥᠷᠭᠡᠳᠬᠡᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠤᠨᠤᠰᠬᠤ ᠂ ᠨᠠᠮ ᠢᠶᠠᠨ ᠳᠠᠭᠠᠬᠤ ᠪᠣᠯᠭᠠᠨ ᠬᠥᠮᠥᠵᠢᠭᠦᠯᠵᠦ ᠬᠥᠲᠥᠯᠥᠨ ᠵᠢᠯᠤᠭᠤᠳᠴᠤ ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠤᠯᠠᠮ ᠰᠠᠶᠢᠨ ᠪᠣᠯᠭᠠᠨ ᠂ ᠨᠠᠮ ᠪᠠ ᠤᠯᠤᠰ ᠤᠨ ᠶᠡᠭᠡ ᠲᠠᠯ᠎ᠠ ᠳᠤ ᠤᠯᠠᠮ ᠰᠠᠶᠢᠲᠤᠷ ᠬᠤᠪᠢ ᠨᠡᠮᠡᠷᠢ ᠦᠵᠡᠭᠦᠯᠵᠦ ᠂ ᠪᠦᠯᠬᠦᠮᠳᠡᠨ ᠲᠡᠮᠡᠴᠡᠵᠦ ᠪᠠᠶᠢᠭᠠᠳ ᠡᠬᠡ ᠤᠯᠤᠰ ᠤᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠨ᠎ᠠ ᠃
ᠲᠥᠯᠥᠭᠡᠯᠡᠭᠴᠢᠳ ᠠ᠋ ︕ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠤᠭᠤᠴᠠᠭ᠎ᠠ ᠰᠣᠯᠢᠬᠤ ᠪᠣᠯᠣᠯ᠎ᠠ ᠂ ᠰᠢᠨ᠎ᠡ ᠤᠳᠤᠷᠢᠳᠬᠤ ᠪᠠᠭ ᠤᠨ ᠬᠢᠨ ᠰᠢᠨ᠎ᠡ ᠳᠦᠷᠰᠦ ᠪᠠᠶᠢᠳᠠᠯ ᠰᠢᠨ᠎ᠡ ᠠᠮᠵᠢᠯᠲᠠ ᠪᠦᠳᠦᠮᠵᠢ ᠭᠠᠷᠭᠠᠬᠤ ᠬᠡᠷᠡᠭᠲᠡᠢ ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ︽ᠭᠤᠷᠪᠠᠨ ᠡᠷᠬᠡᠪᠰᠢ︾ ᠶᠢ ᠢᠮᠠᠭᠲᠠ ᠪᠠᠲᠤ ᠴᠡᠭᠡᠵᠢᠯᠡᠨ ᠂ ᠨᠠᠮ ᠪᠠ ᠠᠷᠠᠳ ᠤᠨ ᠲᠥᠯᠥᠭᠡ ᠠᠮᠢ ᠬᠤᠪᠢ ᠪᠠᠨ ᠦᠯᠦ ᠪᠤᠳᠤᠵᠦ ᠂ ᠠᠵᠢᠯ ᠪᠠ ᠦᠢᠯᠡᠰ ᠤᠨ ᠲᠥᠯᠥᠭᠡ ᠪᠡᠶ᠎ᠡ ᠪᠠᠨ ᠴᠦᠯᠡᠬᠦ ᠂ ᠬᠦᠴᠢᠷ ᠪᠠ ᠪᠡᠷᠬᠡᠰᠢᠶᠡᠯ ᠢ ᠲᠤᠭᠤᠯᠬᠤ ᠪᠠᠷ ᠮᠡᠷᠡᠶᠢᠨ ᠵᠢᠳᠬᠦᠬᠦ ᠤᠶᠤᠨ ᠰᠠᠨᠠᠭᠠᠨ ᠤ ᠲᠦᠪᠰᠢᠨ ᠲᠠᠢ ᠪᠠᠶᠢᠬᠤ ᠶᠢ ᠪᠠᠷᠢᠮᠲᠠᠯᠠᠨ ᠬᠥᠭᠡᠭᠡᠴᠡᠯᠳᠦᠵᠦ ᠂ ᠦᠨᠡᠨᠴᠢ ᠰᠢᠳᠤᠷᠭᠤ ᠂ ᠠᠷᠢᠭᠤᠨ ᠴᠢᠬᠡᠴᠢ ᠂ ᠵᠣᠷᠢᠭᠲᠠᠢ ᠡᠭᠦᠷᠭᠡᠯᠡᠬᠦ ᠤᠯᠤᠰ ᠲᠦᠷᠦ ᠶᠢᠨ ᠣᠣᠷ ᠴᠢᠨᠠᠷ ᠢ ᠥᠨᠢᠳᠡ ᠪᠠᠷᠢᠮᠲᠠᠯᠠᠨ᠎ᠠ ᠃ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠣᠷᠣᠯᠴᠠᠵᠦ ᠂ ᠪᠦᠭᠦ ᠲᠠᠯ᠎ᠠ ᠪᠠᠷ ᠡᠵᠡᠮᠰᠢᠵᠦ ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠬᠦᠰᠡᠯᠡᠩ ᠢᠶᠠᠨ ᠪᠠᠲᠤᠳᠬᠠᠨ ᠂ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠦ ᠂ ᠦᠢᠯᠡᠳᠦᠯᠭᠡ ᠪᠠᠨ ᠵᠢᠯᠣᠭᠤᠳᠤᠭᠤᠯᠤᠨ ᠂ ᠠᠵᠢᠯ ᠢᠶᠠᠨ ᠠᠬᠢᠭᠤᠯᠵᠤ ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠨᠨᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ ᠃ ᠬᠥᠭᠵᠢᠯᠲᠡ ᠶᠢᠨ ᠦᠵᠡᠯᠲᠡ ᠪᠠᠨ ᠲᠥᠪ ᠪᠣᠯᠭᠠᠨ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ︽ᠲᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠵᠣᠷᠢᠭᠲᠠᠢ ᠪᠠᠷ ᠲᠦᠷᠦᠭᠦᠯᠡᠨ ᠬᠢᠬᠦ ᠂ ᠡᠷᠡᠮᠡᠬᠡᠢ ᠪᠠᠷ ᠲᠡᠷᠢᠭᠦᠨ ᠤ ᠬᠢ ᠶᠢ ᠭᠦᠢᠴᠡᠨ ᠳᠠᠪᠠᠭᠤ ᠡᠷᠴᠢ ᠵᠣᠷᠢᠭ ᠢᠶᠠᠨ ᠬᠥᠭᠵᠢᠭᠡᠵᠦ ᠂ ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠬᠦ ᠂ ᠥᠷᠯᠥᠭᠡ ᠦᠳᠡᠰᠢ ᠦᠭᠡᠢ ᠴᠢᠷᠮᠠᠶᠢᠨ ᠲᠡᠮᠡᠴᠡᠬᠦ ᠤᠷᠮ᠎ᠠ ᠵᠣᠷᠢᠭ ᠢᠶᠠᠨ ᠭᠦᠢᠴᠡᠳ ᠪᠠᠳᠠᠷᠠᠭᠤᠯᠵᠤ ᠂ ᠦᠷ᠎ᠡ ᠳ᠋ᠦᠩ ᠢᠶᠠᠷ ᠢᠶᠠᠨ ᠠᠵᠢᠯ ᠦᠢᠯᠡᠰ ᠢᠶᠠᠨ ᠲᠣᠳᠣᠷᠠᠭᠤᠯᠬᠤ ᠂ ᠦᠨᠡᠨ ᠪᠦᠳᠦᠮᠵᠢ ᠪᠠᠷ ᠢᠶᠠᠨ ᠬᠦᠴᠦ ᠴᠢᠳᠠᠪᠤᠷᠢ ᠪᠠᠨ ᠰᠢᠯᠭᠠᠬᠤ ᠤᠳᠤᠷᠢᠳᠤᠮᠵᠢ ᠶᠢ ᠴᠢᠩᠭᠠᠷᠠᠭᠤᠯᠤᠨ ᠂ ᠠᠭᠤᠯᠠ ᠲᠠᠭᠠᠷᠠᠪᠠᠯ ᠵᠠᠮ ᠳᠡᠪᠢᠰᠬᠦ ᠂ ᠭᠤᠣᠯ ᠬᠠᠰᠢᠪᠠᠯ ᠬᠥᠭᠦᠷᠭᠡ ᠲᠠᠯᠪᠢᠬᠤ ᠰᠥᠰᠥ ᠵᠣᠷᠢᠭ ᠢᠶᠠᠷ ᠬᠤᠯᠡ ᠣᠶᠢᠷ᠎ᠠ ᠶᠢ ᠬᠠᠮᠲᠤ ᠳᠤ ᠨᠢ ᠬᠠᠷᠠᠭᠠᠯᠵᠠᠵᠤ ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠣᠨᠣᠯᠵᠢᠬᠤᠨ ᠢ ᠪᠠᠷᠢᠮᠲᠠᠯᠠᠨ ᠂ ᠣᠨᠴᠠ ᠨᠠᠷᠢᠯᠢᠭ ᠠᠴᠠ ᠣᠭᠢ ᠰᠢᠯᠢᠳᠡᠭ ᠮᠥᠷᠲᠡᠭᠡᠨ ᠪᠠᠷᠢᠮᠵᠢᠶ᠎ᠠ ᠥᠨᠳᠥᠷ ᠴᠢᠨᠠᠷ ᠰᠠᠶᠢᠲᠠᠢ ᠲᠦᠪᠰᠢᠨ ᠢ ᠬᠥᠭᠡᠭᠡᠴᠡᠯᠳᠦᠵᠦ ᠂ ᠡᠵᠡᠩᠨᠡᠨ ᠬᠠᠮᠢᠶᠠᠷᠬᠤ ᠪᠠ ᠨᠠᠷᠢᠨ ᠨᠢᠭᠲᠠ ᠪᠤᠳᠤᠵᠦ ᠰᠡᠳᠬᠢᠬᠦ ᠴᠢᠳᠠᠪᠤᠷᠢ ᠪᠠᠨ ᠴᠢᠩᠭᠠᠷᠠᠭᠤᠯᠤᠨ ᠂ ᠦᠵᠡᠯ ᠰᠠᠨᠠᠭ᠎ᠠ ᠪᠠᠨ ᠴᠢᠯᠦᠭᠡᠯᠡᠨ ᠂ ᠦᠵᠡᠯᠲᠡ ᠪᠠᠨ ᠰᠢᠨᠡᠳᠬᠡᠵᠦ ᠪᠠᠶᠢᠭᠠᠳ ᠬᠥᠭᠵᠢᠯᠲᠡ ᠶᠢ ᠲᠦᠷᠭᠡᠳᠬᠡᠬᠦ ᠂ ᠬᠥᠭᠵᠢᠯᠲᠡ ᠶᠢ ᠴᠢᠩᠭ᠎ᠠ ᠠᠳᠬᠤᠬᠤ ᠴᠤᠭ ᠵᠣᠯᠢ ᠪᠠᠨ ᠪᠦᠭᠦ ᠲᠠᠯ᠎ᠠ ᠪᠠᠷ ᠪᠠᠳᠠᠷᠠᠭᠠᠨ᠎ᠠ ᠃ ᠠᠷᠠᠳ ᠲᠤ ᠦᠨᠡᠨᠴᠢ ᠪᠠᠷ ᠦᠢᠯᠡᠴᠢᠯᠡᠨ᠎ᠡ ᠃ ᠵᠣᠷᠢᠯᠲᠠ ᠶᠢᠨ ᠤᠬᠠᠮᠰᠠᠷ ᠢᠶᠠᠨ ᠴᠢᠩᠭᠠᠷᠠᠭᠤᠯᠵᠤ ᠂ ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠤᠯᠭᠠᠬᠤ ᠶᠢ ᠪᠠᠷᠢᠮᠲᠠᠯᠠᠨ ᠂ ᠵᠥᠪ ᠤᠨᠤᠪᠴᠢᠳᠠᠢ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠵᠦ ᠂ ᠠᠯᠢᠪᠠ ᠤᠴᠢᠷ ᠶᠠᠪᠤᠳᠠᠯ ᠢ ᠬᠢᠬᠦ ᠳᠤ ᠪᠠᠨ ᠶᠠᠭᠤᠨ ᠤ ᠡᠮᠦᠨ᠎ᠡ ᠠᠷᠠᠳ ᠢᠷᠭᠡᠳ ᠲᠤ ᠶᠠᠭᠤ ᠨᠢᠭᠡ ᠱᠠᠭᠠᠷᠳᠠᠭᠳᠠᠵᠤ ᠪᠠᠶᠢᠬᠤ ᠂ ᠲᠡᠳᠡ ᠶᠠᠭᠤ ᠨᠢᠭᠡ ᠶᠢ ᠬᠦᠰᠡᠵᠦ ᠪᠠᠶᠢᠬᠤ ᠭᠡᠳᠡᠭ ᠢ ᠪᠣᠳᠣᠯᠬᠢᠯᠠᠨ ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ ᠬᠤᠲᠠᠯᠠ ᠤᠯᠠᠨ ᠢᠶᠠᠷ ᠢᠶᠠᠨ ᠵᠥᠪᠳᠡᠯᠴᠡᠨ ᠲᠣᠬᠢᠷᠠᠯᠴᠠᠵᠤ ᠪᠠᠶᠢᠭᠠᠳ ᠬᠠᠮᠲᠤ ᠪᠠᠷ ᠭᠦᠢᠴᠡᠳᠬᠡᠨ ᠬᠢᠵᠦ ᠂ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠳᠤ ᠲᠦᠰᠢᠭᠯᠡᠨ ᠲᠣᠮᠣ ᠠᠵᠢᠯ ᠦᠢᠯᠡᠰ ᠪᠠ ᠪᠣᠳᠠᠲᠤ ᠠᠵᠢᠯ ᠶᠠᠪᠤᠳᠠᠯ ᠪᠦᠲᠦᠭᠡᠨ ᠂ ᠠᠷᠠᠳ ᠤᠨ ᠬᠦᠴᠦᠨ ᠢ ᠨᠢᠭᠲᠠᠷᠠᠭᠤᠯᠤᠨ ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ ᠃ ᠦᠨᠳᠦᠰᠦᠨ ᠱᠠᠲᠤᠨ ᠤ ᠤᠳᠤᠷᠢᠳᠤᠮᠵᠢ ᠶᠢ ᠲᠣᠪᠦᠶᠢᠯᠭᠠᠨᠠ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠦᠨᠳᠦᠰᠦᠨ ᠱᠠᠲᠤᠨ ᠤ ᠬᠢᠨ ᠢ ᠳᠠᠶᠢᠴᠢᠯᠠᠨ ᠳᠠᠭᠠᠭᠤᠯᠵᠤ ᠪᠠᠶᠢᠭᠠᠳ ᠵᠣᠷᠢᠭᠲᠠᠢ ᠪᠠᠷ ᠪᠣᠳᠠᠲᠤ ᠶᠠᠪᠤᠳᠠᠯ ᠬᠢᠵᠦ ᠂ ᠲᠡᠭᠦᠨ ᠢ ᠪᠠᠨ ᠬᠢᠵᠦ ᠪᠦᠲᠦᠭᠡᠬᠦ ᠮᠥᠷᠲᠡᠭᠡᠨ ᠦᠨᠳᠦᠰᠦᠨ ᠱᠠᠲᠤᠨ ᠤ ᠬᠢᠨ ᠢ ᠢᠯᠡᠭᠦᠬᠡᠨ ᠬᠠᠪᠰᠤᠷᠴᠤ ᠪᠠᠶᠢᠭᠠᠳ ᠢᠯᠡᠭᠦᠬᠡᠨ ᠠᠷᠭ᠎ᠠ ᠰᠠᠮᠪᠠᠭ᠎ᠠ ᠰᠦᠪᠡᠭᠴᠢᠯᠡᠵᠦ ᠂ ᠲᠡᠳᠡᠨ ᠳᠤ ᠤᠬᠠᠭᠠᠨ ᠪᠣᠳᠣᠯᠭ᠎ᠠ ᠭᠠᠷᠭᠠᠵᠤ ᠥᠭᠭᠦᠨ᠎ᠡ ᠂ ᠡᠭᠦᠨ ᠤ ᠳᠠᠭᠠᠤ ᠳᠤ ᠲᠦᠷᠦ ᠶᠢᠨ ᠪᠣᠳᠣᠯᠭ᠎ᠠ ᠪᠠ ᠲᠦᠷᠦᠯ ᠵᠦᠢᠯ ᠣᠯᠬᠤ ᠪᠠᠷ ᠨᠢᠭᠡᠳᠦᠯᠲᠡᠢ ᠪᠠᠷ ᠬᠠᠮᠲᠤ ᠳᠤ ᠪᠠᠨ ᠴᠢᠷᠮᠠᠶᠢᠬᠤ ᠂ ᠬᠤᠳᠠᠯᠳᠤᠭᠠᠴᠢᠨ ᠢ ᠤᠷᠢᠬᠤ ᠪᠠᠷ ᠨᠢᠭᠡᠳᠦᠯᠲᠡᠢ ᠪᠠᠷ ᠬᠠᠮᠲᠤ ᠳᠤ ᠪᠠᠨ ᠮᠡᠷᠡᠶᠢᠬᠦ ᠮᠥᠷᠲᠡᠭᠡᠨ ᠦᠨᠳᠦᠰᠦᠨ ᠱᠠᠲᠤᠨ ᠳᠤ ᠭᠦᠨᠵᠡᠭᠡᠶᠢᠷᠡᠨ ᠠᠰᠠᠭᠤᠳᠠᠯ ᠢ ᠠᠳᠬᠤᠵᠤ ᠂ ᠲᠦᠪᠡᠭᠲᠡᠢ ᠰᠡᠳᠦᠪ ᠲᠤ ᠰᠢᠪᠲᠤᠯᠤᠯᠲᠠ ᠭᠠᠷᠭᠠᠨ ᠂ ᠬᠦᠴᠢᠷᠲᠡᠢ ᠵᠦᠢᠯ ᠢ ᠨᠢ ᠰᠢᠢᠳᠪᠦᠷᠢᠯᠡᠵᠦ ᠥᠭᠭᠦᠨ᠎ᠡ ︔ ᠲᠢᠩᠬᠢᠮ ᠲᠣᠪᠴᠢᠶ᠎ᠠ ᠰᠠᠯᠠᠭ᠎ᠠ ᠮᠥᠴᠢᠷ ᠤᠳ ᠪᠦᠭᠦ ᠲᠠᠯ᠎ᠠ ᠶᠢᠨ ᠵᠣᠭᠰᠣᠴᠠ ᠠᠴᠠ ᠦᠢᠯᠡᠴᠢᠯᠡᠭᠡᠨ ᠤ ᠤᠬᠠᠮᠰᠠᠷ ᠂ ᠠᠵᠢᠭᠯᠠᠵᠤ ᠰᠡᠳᠬᠢᠨ ᠰᠢᠢᠳᠪᠦᠷᠢᠯᠡᠬᠦ ᠰᠡᠳᠬᠢᠬᠦᠢ ᠪᠠᠨ ᠴᠢᠩᠭᠠᠷᠠᠭᠤᠯᠵᠤ ᠂ ᠬᠢᠨᠠᠭᠤᠯᠵᠤ ᠵᠥᠪᠰᠢᠶᠡᠷᠡᠭᠦᠯᠬᠦ ᠪᠠᠷ ᠢᠷᠡᠭᠦᠯᠦᠭᠰᠡᠨ ᠲᠦᠷᠦᠯ ᠵᠦᠢᠯ ᠤᠨ ᠵᠥᠪᠰᠢᠶᠡᠷᠡᠵᠦ ᠪᠣᠯᠬᠤ ᠶᠢ ᠨᠢ ᠲᠦᠷᠭᠡᠨ ᠬᠢᠨᠠᠨ ᠵᠥᠪᠰᠢᠶᠡᠷᠡᠵᠦ ᠂ ᠲᠤᠰᠢᠶᠠᠨ ᠭᠦᠢᠴᠡᠳᠬᠡᠯᠭᠡᠬᠦ ᠪᠠᠷ ᠢᠷᠡᠭᠦᠯᠦᠭᠰᠡᠨ ᠵᠦᠢᠯᠡᠰ ᠤᠨ ᠭᠦᠢᠴᠡᠳᠬᠡᠵᠦ ᠪᠣᠯᠬᠤ ᠶᠢ ᠨᠢ ᠭᠦᠢᠴᠡᠳ ᠭᠦᠢᠴᠡᠳᠬᠡᠵᠦ ᠂ ᠬᠤᠪᠢᠳᠠᠵᠤ ᠥᠭᠭᠦᠭᠰᠡᠨ ᠡᠭᠦᠷᠭᠡ ᠶᠢ ᠨᠢ ᠱᠠᠯᠠᠪᠳᠠᠵᠤ ᠪᠠᠶᠢᠭᠠᠳ ᠭᠦᠢᠴᠡᠳᠬᠡᠯᠭᠡᠬᠦ ᠶᠢᠨ ᠳᠠᠭᠠᠤ ᠳᠤ ᠪᠠᠰᠠ ᠬᠠᠪᠰᠤᠷᠤᠨ ᠭᠦᠢᠴᠡᠳᠬᠡᠵᠦ ᠥᠭᠭᠦᠨ᠎ᠡ ︔ ᠠᠶᠢᠮᠠᠭ ᠬᠤᠳᠠ ᠬᠤᠰᠢᠭᠤ ᠰᠢᠶᠠᠨ ᠨᠤᠭᠤᠳ ᠪᠦᠭᠦ ᠣᠷᠣᠨ ᠢᠶᠠᠷ ᠢᠶᠠᠨ ︽ ᠨᠢᠭᠡ ᠬᠥᠯᠭᠡ ᠰᠢᠲᠠᠷ᠎ᠠ︾ ᠠᠳᠠᠯᠢ ᠪᠠᠶᠢᠬᠤ ᠶᠢ ᠪᠠᠷᠢᠮᠲᠠᠯᠠᠨ ᠂ ᠪᠦᠭᠦ ᠲᠠᠯ᠎ᠠ ᠶᠢᠨ ᠪᠠᠶᠢᠷᠢ ᠲᠣᠭᠲᠠᠭᠠᠯᠲᠠ ᠶᠢ ᠣᠨᠣᠴᠠᠲᠠᠢ ᠣᠯᠵᠤ ᠂ ᠣᠨᠴᠠᠯᠢᠭ ᠳᠠᠪᠠᠭᠤᠯᠢᠭ ᠲᠤ ᠪᠠᠨ ᠰᠠᠭᠤᠷᠢᠯᠠᠨ ᠂ ᠭᠤᠣᠯᠯᠠᠨ ᠰᠢᠪᠲᠤᠯᠬᠤ ᠴᠢᠭᠯᠡᠯ ᠢᠶᠠᠨ ᠲᠣᠳᠣᠷᠬᠠᠢ ᠲᠣᠭᠲᠠᠭᠠᠵᠤ ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ ᠪᠠᠶᠢᠭᠠᠳ ᠲᠦᠷᠭᠡᠨ ᠬᠥᠭᠵᠢᠯᠲᠡ ᠪᠠᠨ ᠤᠯᠠᠮ ᠠᠴᠠ ᠲᠦᠷᠭᠡᠳᠬᠡᠨ᠎ᠡ ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ ᠃ ᠪᠠᠶᠢᠭᠤᠯᠤᠮᠵᠢ ᠂ ᠡᠭᠦᠷᠭᠡ ᠴᠢᠳᠠᠪᠤᠷᠢ ᠂ ᠡᠷᠬᠡ ᠮᠡᠳᠡᠯ ᠂ ᠲᠡᠰ ᠳᠠᠷᠠᠭᠠᠯᠠᠯ ᠂ ᠬᠠᠷᠢᠭᠤᠴᠠᠯᠭ᠎ᠠ ᠶᠢᠨ ᠬᠠᠤᠯᠢ ᠶᠣᠰᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠵᠢᠷᠤᠮᠯᠠᠯ ᠢᠶᠠᠷ ᠠᠰᠠᠭᠤᠳᠠᠯ ᠢ ᠪᠣᠳᠣᠯᠬᠢᠯᠠᠬᠤ ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠂ ᠠᠵᠢᠯ ᠶᠠᠪᠤᠳᠠᠯ ᠬᠢᠬᠦ ᠳᠤ ᠪᠠᠨ ᠴᠢᠳᠠᠮᠠᠭᠠᠢ ᠪᠠᠶᠢᠵᠤ ᠂ ᠵᠠᠰᠠᠭ ᠵᠠᠬᠢᠷᠭᠠᠨ ᠤ ᠬᠠᠤᠯᠢ ᠲᠣᠭᠲᠠᠭᠠᠬᠤ ᠴᠢᠨᠠᠷ ᠴᠢᠨᠰᠠᠭ᠎ᠠ ᠦᠷ᠎ᠡ ᠠᠰᠢᠭ ᠢ ᠳᠡᠬᠡᠭᠰᠢᠯᠡᠬᠦᠯᠵᠦ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠢ ᠵᠢᠷᠤᠮᠵᠢᠭᠤᠯᠤᠨ ᠂ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠯᠠᠮ ᠢᠯᠡᠭᠦᠦ ᠤᠬᠠᠮᠰᠠᠷ ᠠᠴᠠ ᠪᠠᠨ ᠬᠦᠯᠢᠶᠡᠵᠦ ᠂ ᠵᠠᠰᠠᠭ ᠤᠨ ᠣᠷᠳᠣᠨ ᠤ ᠠᠵᠢᠯᠯᠠᠭᠠᠨ ᠢ ᠪᠦᠭᠦ ᠲᠠᠯ᠎ᠠ ᠪᠠᠷ ᠬᠠᠤᠯᠢᠵᠢᠯ ᠤᠨ ᠵᠠᠮ ᠮᠥᠷ ᠲᠤ ᠣᠷᠣᠭᠤᠯᠤᠨ ᠂ ᠵᠠᠰᠠᠭ ᠵᠠᠬᠢᠷᠭᠠᠨ ᠤ ᠦᠷ᠎ᠡ ᠠᠰᠢᠭᠯᠠᠮᠵᠢ ᠪᠠ ᠨᠡᠶᠢᠲᠡ ᠳᠤ ᠢᠲᠡᠭᠡᠭᠦᠯᠬᠦ ᠬᠦᠴᠦᠨ ᠢ ᠨᠢ ᠲᠡᠬᠡᠭᠰᠢᠯᠡᠬᠦᠯᠦᠨ᠎ᠡ ᠃ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠬᠤ ᠪᠠᠨ ᠴᠢᠩᠭᠠᠳᠬᠠᠨ᠎ᠠ ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠠᠬᠢᠵᠢᠭᠦᠯᠦᠨ ᠪᠣᠳᠠᠲᠠᠶᠢᠵᠢᠭᠤᠯᠵᠤ ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠤᠨ ᠂ ︽ᠲᠦᠷᠪᠡᠨ ᠰᠤᠷᠲᠠᠯ︾ ᠤᠨ ᠠᠰᠠᠭᠤᠳᠠᠯ ᠢᠯᠠᠩᠭᠤᠶ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠦᠷᠭᠦᠯᠵᠢᠯᠡᠨ ᠵᠠᠰᠠᠨ ᠵᠠᠯᠠᠷᠠᠭᠤᠯᠵᠤ ᠂ ︽ᠭᠤᠷᠪᠠᠨ ᠤᠯᠠᠨ ᠂ ᠭᠤᠷᠪᠠᠨ ᠴᠥᠭᠡᠨ ᠂ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠡᠷᠬᠡ ᠲᠥᠪᠯᠡᠷᠡᠩᠭᠦᠢ ᠂ ᠪᠡᠯᠡ ᠮᠥᠩᠭᠦ ᠣᠯᠠᠨᠲᠠᠢ ᠂ ᠡᠬᠢ ᠪᠠᠶᠠᠯᠢᠭ ᠦᠯᠡᠮᠵᠢ ᠬᠦᠷᠢᠶᠡᠨ ᠳᠠᠬᠢ ᠬᠢᠨᠠᠯᠲᠠ ᠲᠠᠯᠪᠢᠯᠲᠠ ᠪᠠ ᠬᠢᠵᠠᠭᠠᠷᠯᠠᠯ ᠢ ᠴᠢᠩᠭᠠᠷᠠᠭᠤᠯᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠤᠨ᠎ᠠ ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠ ᠃ ᠠᠵᠢᠯ ᠢᠶᠠᠨ ᠲᠣᠳᠣᠷᠬᠠᠶᠢᠯᠠᠬᠤ ᠤᠬᠠᠮᠰᠠᠷ ᠂ ᠡᠭᠦᠷᠭᠡ ᠪᠠᠨ ᠪᠡᠶᠡᠯᠡᠭᠦᠯᠬᠦ ᠤᠬᠠᠮᠰᠠᠷ ᠂ ᠦᠷ᠎ᠡ ᠪᠦᠳᠦᠮᠵᠢ ᠭᠠᠷᠭᠠᠬᠤ ᠤᠬᠠᠮᠰᠠᠷ ᠢ ᠴᠢᠩᠭᠠᠷᠠᠭᠤᠯᠤᠨ ᠂ ᠬᠠᠷᠠᠯᠲᠠ ᠳᠤ ᠪᠠᠨ ᠴᠢᠭᠯᠡᠭᠦᠯᠵᠦ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠢᠵᠠᠭᠠᠷᠯᠠᠯ ᠬᠦᠯᠢᠶᠡᠰᠦᠯᠡᠯ ᠠᠴᠠ ᠨᠢ ᠴᠢᠯᠦᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠬᠤᠷᠳᠤᠴᠠ ᠪᠠ ᠦᠷ᠎ᠡ ᠪᠦᠳᠦᠮᠵᠢ ᠪᠠᠨ ᠳᠡᠭᠡᠭᠰᠢᠯᠡᠭᠦᠯᠦᠨ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠰᠡᠳᠦᠵᠦ ᠲᠥᠯᠥᠪᠯᠡᠭᠰᠡᠨ ᠠᠵᠢᠯ ᠶᠠᠪᠤᠳᠠᠯ ᠢᠶᠠᠨ ᠤᠷᠢᠳᠴᠢᠯᠠᠭᠠᠳ ᠲᠦᠷᠦᠭᠦᠯᠡᠨ ᠬᠢᠵᠦ ᠂ ᠡᠷᠲᠡᠬᠡᠨ ᠮᠥᠷᠲᠡᠭᠡᠨ ᠪᠤᠰᠢᠭᠤ ᠬᠥᠳᠡᠯᠦᠯᠴᠡᠨ ᠂ ᠲᠣᠭᠲᠠᠭᠰᠠᠨ ᠠᠵᠢᠯ ᠶᠠᠪᠤᠳᠠᠯ ᠢᠶᠠᠨ ᠴᠢᠩᠭ᠎ᠠ ᠠᠳᠬᠤᠨ ᠲᠦᠷᠭᠡᠨ ᠭᠦᠢᠴᠡᠳᠬᠡᠵᠦ ᠂ ᠦᠷ᠎ᠡ ᠪᠦᠳᠦᠮᠵᠢ ᠭᠠᠷᠭᠠᠵᠤ ᠦᠷ᠎ᠡ ᠳ᠋ᠦᠩ ᠲᠠᠢ ᠪᠤᠯᠭᠠᠵᠦ ᠂ ︽ᠬᠢᠭᠰᠡᠨ ᠬᠤᠷᠠᠯ ᠢᠶᠠᠨ ᠦᠪᠡᠰᠦᠪᠡᠨ ᠲᠤᠭᠤᠰᠢᠯᠠᠭᠤᠯᠬᠤ ᠂ ᠭᠠᠷᠭᠠᠭᠰᠠᠨ ᠴᠣᠬᠤᠯᠠᠪᠤᠷᠢ ᠪᠠᠨ ᠦᠪᠡᠰᠦᠪᠡᠨ ᠨᠠᠶᠢᠳᠠᠪᠤᠷᠢᠵᠢᠭᠤᠯᠬᠤ ᠂ ᠲᠣᠭᠲᠠᠭᠠᠭᠰᠠᠨ ᠲᠦᠷᠦ ᠶᠢᠨ ᠪᠣᠳᠣᠯᠭ᠎ᠠ ᠪᠠᠨ ᠦᠪᠡᠰᠦᠪᠡᠨ ᠪᠣᠳᠠᠲᠠᠶᠢᠵᠢᠭᠤᠯᠬᠤ︾ ᠶᠢ ᠦᠨᠡᠨ ᠬᠦ ᠪᠡᠶᠡᠯᠡᠭᠦᠯᠦᠨ᠎ᠡ ᠃
ᠲᠥᠯᠥᠭᠡᠯᠡᠭᠴᠢᠳ ᠠ᠋ ︕ ᠰᠢᠨ᠎ᠡ ᠠᠶᠠᠨ ᠵᠠᠮ ᠤᠨ ᠰᠠᠷᠠᠭᠤᠯ ᠢᠷᠡᠭᠡᠳᠦᠢ ᠪᠢᠳᠡᠨ ᠢ ᠬᠤᠷᠤᠶᠢᠯᠠᠵᠤ ᠂ ᠣᠳᠣᠬᠢᠴᠢᠯᠠᠯᠲᠠ ᠶᠢᠨ ᠠᠤᠭ᠎ᠠ ᠲᠥᠰᠥᠪ ᠪᠢᠳᠡᠨ ᠤ ᠤᠷᠮ᠎ᠠ ᠵᠣᠷᠢᠭ ᠢ ᠬᠥᠭᠵᠢᠭᠡᠵᠦ ᠪᠠᠶᠢᠨ᠎ᠠ ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠨᠨᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ ᠂ ᠨᠢᠭᠡ ᠰᠡᠳᠬᠢᠯ ᠨᠢᠭᠡ ᠵᠣᠷᠢᠭ ᠢᠶᠠᠷ ᠦᠨᠡᠨ ᠬᠦ ᠰᠢᠷᠭᠠᠭᠤ ᠦᠨᠡᠨᠴᠢ ᠪᠠᠷ ᠠᠵᠢᠯᠯᠠᠨ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠠᠶᠢᠭᠤᠯᠵᠤ ᠂ ᠲᠣᠮᠳᠠᠳᠣ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠣᠯᠳᠡ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠵᠡᠭᠡᠶ᠎ᠡ ︕
ᠳᠠᠭᠠᠯᠳᠤᠭᠤᠯᠤᠯ ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠤᠨ 43 ᠲᠥᠷᠥᠯ ᠵᠦᠢᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
2. ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ
ᠳᠠᠭᠠᠯᠳᠤᠭᠤᠯᠤᠯ 1
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠳᠠᠬᠢ ᠠᠷᠠᠳ ᠤᠨ ᠠᠮᠢᠳᠤᠷᠠᠯ ᠤᠨ ᠪᠣᠳᠠᠲᠠᠢ ᠶᠠᠪᠤᠳᠠᠯ ᠤᠨ 43 ᠲᠥᠷᠥᠯ ᠵᠦᠢᠯ ᠵᠢᠴᠢ ᠲᠦᠷᠦᠭᠦᠯᠡᠨ ᠬᠠᠷᠢᠭᠤᠴᠠᠬᠤ ᠨᠢᠭᠡᠴᠢ
ᠨᠢᠭᠡ ᠂ ᠣᠯᠠᠨ ᠲᠦᠮᠡᠨ ᠤ ᠠᠵᠢᠯ ᠣᠯᠵᠤ ᠣᠷᠣᠯᠭ᠎ᠠ ᠨᠡᠮᠡᠭᠳᠡᠬᠦ ᠶᠢ ᠨᠢ ᠠᠬᠢᠭᠤᠯᠬᠤ 7 ᠵᠦᠢᠯ
1. ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠨᠡᠨ ᠨᠡᠷ᠎ᠡ ᠶᠢᠨ ᠳᠦᠷᠢᠮᠲᠦ ᠬᠠᠪᠰᠤᠷᠤᠨ ᠲᠡᠳᠬᠦᠬᠦ ᠠᠵᠢᠯᠯᠠᠭᠠᠨ ᠢ ᠬᠡᠷᠡᠭᠵᠢᠭᠦᠯᠵᠦ ᠂ ᠵᠢᠯ ᠤᠨ ᠰᠡᠭᠦᠯᠴᠢ ᠪᠣᠯᠬᠤ ᠳᠤ ᠠᠵᠢᠯ ᠣᠯᠭᠤᠯᠲᠠ ᠶᠢᠨ ᠨᠣᠷᠮ᠎ᠠ ᠪᠠᠨ 90% ᠠᠴᠠ ᠳᠡᠭᠡᠭᠰᠢ ᠪᠣᠯᠭᠠᠬᠤ ᠶᠢ ᠦᠨᠡᠨ ᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ᠃
2. ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ︾ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠲᠥᠯᠥᠪᠯᠡᠭᠡ ᠶᠢ ᠬᠡᠷᠡᠭᠵᠢᠭᠦᠯᠵᠦ ᠂ ᠲᠥᠷᠥᠯ ᠵᠦᠢᠯ ᠤᠨ ᠠᠵᠢᠯᠲᠠᠨ ᠢ 7500 ᠡᠯᠰᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ᠃
3.19.62 ᠲᠦᠮᠡᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ ᠣᠷᠣᠬᠤ ᠶᠢ ᠨᠢ ᠰᠡᠷᠭᠡᠶᠢᠯᠡᠨ ᠠᠵᠢᠭᠯᠠᠵᠤ ᠪᠠᠶᠢᠭᠰᠠᠨ ᠬᠡᠪᠴᠢᠶᠡᠨ ᠳᠠᠬᠢ ᠬᠥᠮᠥᠰ ᠤᠨ ᠬᠦᠴᠦ ᠶᠠᠪᠤᠵᠤ ᠠᠵᠢᠯ ᠣᠯᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠃
4. ᠬᠤᠰᠢᠭᠤ ᠰᠢᠶᠠᠨ ︵ᠬᠤᠲᠠ ᠂ ᠲᠣᠭᠤᠷᠢᠭ︶ ᠪᠣᠯᠭᠠᠨ ᠳᠤ ᠡᠳᠦᠷ ᠤᠨ ᠬᠦᠴᠦ ᠶᠠᠪᠤᠭᠰᠠᠳ ᠤᠨ ᠵᠠᠬ᠎ᠠ ᠳᠡᠯᠭᠡᠭᠦᠷ ᠢ ᠠᠳᠠᠭ ᠲᠤ ᠪᠠᠨ 1 ᠪᠠᠶᠢᠭᠤᠯᠵᠤ ᠂ ᠤᠶᠠᠨ ᠠᠮᠢᠳᠤᠯᠢᠭ ᠢᠶᠠᠷ ᠠᠵᠢᠯᠯᠠᠬᠤ ᠬᠥᠮᠥᠰ ᠲᠤ ᠠᠵᠢᠯ ᠣᠯᠭᠤᠬᠤ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ᠃
5. ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ ᠂ ᠠᠵᠢᠯ ᠣᠯᠣᠭᠰᠠᠳ ᠢ 8000 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶ ᠃
6. ᠵᠠᠰᠠᠭ ᠤᠨ ᠣᠷᠳᠣᠨ ᠤ ᠨᠥᠬᠦᠪᠦᠷᠢ ᠥᠭᠬᠦ ᠴᠢᠨᠠᠷᠲᠠᠢ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ 25 ᠲᠦᠮᠡᠨ ᠬᠥᠮᠥᠨ ᠤᠳᠠᠭ᠎ᠠ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠬᠥᠯᠥᠰᠦᠨ ᠲᠠᠷᠢᠶᠠᠴᠢᠨ ᠮᠠᠯᠴᠢᠳ ᠂ ᠠᠵᠢᠯ ᠣᠯᠬᠤ ᠳᠤ ᠬᠦᠴᠢᠷᠲᠡᠢ ᠬᠥᠮᠥᠰ ᠂ ᠨᠢᠭᠡ ᠨᠢ ᠴᠦ ᠠᠵᠢᠯ ᠣᠯᠣᠭᠰᠠᠨ ᠦᠭᠡᠢ ᠭᠡᠷ ᠪᠦᠯᠢ ᠂ ᠴᠡᠷᠢᠭ ᠤᠨ ᠠᠯᠪᠠ ᠠᠴᠠ ᠬᠠᠯᠠᠭᠳᠠᠭᠰᠠᠳ ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠵᠡᠷᠭᠡ ᠬᠥᠮᠥᠰ ᠲᠤ ᠮᠡᠷᠭᠡᠵᠢᠯ ᠤᠷ᠎ᠠ ᠮᠡᠷᠭᠡᠰᠢᠯ ᠤᠨ ᠲᠠᠯ᠎ᠠ ᠪᠠᠷ 10 ᠲᠦᠮᠡᠨ ᠬᠥᠮᠥᠨ ᠤᠳᠠᠭ᠎ᠠ ᠪᠣᠯᠪᠠᠰᠤᠷᠠᠯ ᠬᠦᠷᠲᠡᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ ︔ ᠥᠨᠳᠥᠷ ᠬᠡᠪ ᠴᠢᠨᠠᠷ ᠲᠠᠢ ᠲᠠᠷᠢᠶᠠᠴᠢᠨ ᠮᠠᠯᠴᠢᠨ ᠢ 1.5 ᠲᠦᠮᠡ ᠭᠠᠷᠤᠢ ᠬᠥᠮᠥᠵᠢᠭᠦᠯᠦᠨ ᠪᠣᠶᠢᠵᠢᠭᠤᠯᠵᠤ ᠂ ᠬᠥᠳᠡᠭᠡ ᠲᠤᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ︽ᠬᠤᠰᠢᠭᠤᠴᠢ ᠭᠠᠯᠠᠭᠤ ︾ ᠪᠣᠯᠬᠤ 780 ᠬᠥᠮᠥᠨ ᠢ ᠬᠥᠮᠥᠵᠢᠭᠦᠯᠦᠨ ᠪᠣᠶᠢᠵᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ︶ ᠃
7. ᠴᠠᠯᠢᠩ ᠥᠷᠢᠲᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭᠠᠨ ᠢ ᠥᠷᠨᠢᠭᠦᠯᠵᠦ ᠂ ᠬᠥᠯᠥᠰᠦᠨ ᠲᠠᠷᠢᠶᠠᠴᠢᠨ ᠮᠠᠯᠴᠢᠳ ᠤᠨ ᠴᠠᠯᠢᠩ ᠢᠶᠠᠨ ᠴᠠᠭ ᠲᠤ ᠪᠠᠨ ᠲᠤᠭ᠎ᠠ ᠶᠣᠰᠣᠭᠠᠷ ᠭᠠᠷᠳᠠᠬᠤ ᠶᠢ ᠦᠨᠡᠨ ᠬᠦ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ᠃
ᠬᠤᠶᠠᠷ ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ 10 ᠵᠦᠢᠯ
8. ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠳ ᠢ 50 ᠲᠦᠮᠡ ᠰᠢᠨ᠎ᠡ ᠪᠠᠷ ᠨᠡᠮᠡᠭᠳᠡᠭᠦᠯᠵᠦ ᠂ ᠶᠡᠷᠦᠩᠬᠡᠢ ᠳᠤ ᠨᠢ 1733 ᠲᠦᠮᠡ ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ ᠃
9. ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠨᠡᠮᠡᠭᠳᠡᠯ ᠤᠨ ᠬᠡᠮᠵᠢᠶ᠎ᠡ ᠶᠢ 5% ᠠᠴᠠ ᠳᠣᠣᠷ᠎ᠠ ᠪᠠᠶᠢᠯᠭᠠᠬᠤ ᠦᠭᠡᠢ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
10. ᠥᠨᠥᠴᠢᠨ ᠬᠡᠦᠬᠡᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠂ ᠨᠡᠮᠡᠭᠳᠡᠯ ᠤᠨ ᠬᠡᠮᠵᠢᠶ᠎ᠡ ᠶᠢ 8.3% ᠠᠴᠠ ᠳᠣᠣᠷ᠎ᠠ ᠪᠠᠶᠢᠯᠭᠠᠬᠤ ᠦᠭᠡᠢ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
11. ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠭᠤᠷᠢᠭ ᠤᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠴᠢᠳᠠᠮᠵᠢ ᠶᠢ ᠪᠠᠲᠤᠳᠬᠠᠨ ᠳᠡᠭᠡᠭᠰᠢᠯᠡᠭᠦᠯᠵᠦ ᠂ ᠣᠨᠴᠠ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢᠨ 2.6 ᠲᠦᠮᠡᠨ ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ︔ ᠬᠤᠲᠠ ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠲᠣᠬᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ ᠃
12. ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠢ 350 ᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠠᠮᠤᠷ ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
13. ᠨᠥᠬᠦᠴᠡᠯ ᠳᠤ ᠨᠡᠶᠢᠴᠡᠭᠰᠡᠨ ᠠᠮᠢᠳᠤᠷᠠᠯ ᠢᠶᠠᠨ ᠦᠪᠡᠰᠦᠪᠡᠨ ᠠᠷᠭᠠᠴᠠᠭᠠᠵᠤ ᠳᠡᠶᠢᠯᠬᠦ ᠦᠭᠡᠢ ᠭᠡᠵᠦ ᠮᠠᠭᠠᠳᠯᠠᠨ ᠲᠣᠭᠲᠠᠭᠠᠭᠳᠠᠭᠰᠠᠨ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
14. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 2 ᠲᠦᠮᠡ ᠰᠢᠨ᠎ᠡ ᠪᠠᠷ ᠨᠡᠮᠡᠭᠳᠡᠭᠦᠯᠵᠦ ᠂ ᠬᠡᠦᠬᠡᠳ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠵᠢᠷᠤᠮᠵᠢᠭᠤᠯᠤᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
15. ᠬᠤᠰᠢᠭᠤ ᠰᠢᠶᠠᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ 7 ᠲᠥᠪ ᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ ᠂ ᠰᠢᠶᠠᠩ ᠪᠠᠯᠭᠠᠰᠤᠨ ᠤ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ 150 ᠠᠵᠢᠯ ᠤᠨ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
16. ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢᠨ 6500 ᠡᠷᠦᠬᠡ ᠳᠤ ᠰᠠᠭᠠᠳ ᠦᠭᠡᠢ ᠲᠥᠬᠦᠭᠡᠷᠦᠮᠵᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠵᠦ ᠂ ᠣᠶᠣᠨ ᠤᠬᠠᠭᠠᠨ ᠤ ᠂ ᠤᠶᠤᠨ ᠮᠡᠳᠡᠷᠡᠯ ᠤᠨ ᠪᠠ ᠬᠦᠨᠳᠦ ᠳᠡᠰ ᠤᠨ ᠦᠶ᠎ᠡ ᠮᠥᠴᠢ ᠨᠢ ᠵᠡᠮᠳᠡᠭ 6500 ᠬᠥᠮᠥᠨ ᠳᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠨ ᠂ 0 ︱ 59 ᠨᠠᠰᠤᠨ ᠤ 41.3 ᠲᠦᠮᠡᠨ ᠵᠡᠮᠳᠡᠭᠴᠦᠳ ᠲᠤ ᠰᠠᠨᠠᠭᠠᠨ ᠳᠤ ᠦᠭᠡᠢ ᠰᠢᠷᠬᠠᠲᠤᠯ ᠭᠡᠮᠲᠦᠯ ᠤᠨ ᠳᠠᠭᠠᠳᠬᠠᠯ ᠢ ᠬᠤᠳᠠᠯᠳᠤᠨ ᠠᠪᠴᠤ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶ ᠃
17. ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠭᠰᠡᠨ ᠭᠡᠷ ᠪᠦᠯᠢ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ︽ᠬᠤᠶᠠᠷ ᠵᠦᠢᠯ ᠤᠨ ᠦᠮᠠᠨ ᠡᠪᠡᠳᠴᠢᠨ ︾ ᠢ ᠨᠢ ᠰᠢᠭᠰᠢᠨ ᠪᠠᠶᠢᠴᠠᠭᠠᠬᠤ ᠠᠵᠢᠯ ᠢ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠂ ᠣᠨᠣᠰᠢᠯᠠᠭᠳᠠᠭᠰᠠᠨ ᠡᠪᠡᠳᠴᠢᠲᠡᠨ ᠪᠦᠷᠢ ᠳᠤ ᠲᠤᠬᠠᠢ ᠶᠢᠨ ᠵᠢᠯ ᠳᠤ ᠨᠢ ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ︶ ᠃
ᠭᠤᠷᠪᠠ ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ 15 ᠵᠦᠢᠯ ᠢ ᠰᠢᠯᠢᠳᠡᠭᠵᠢᠭᠦᠯᠦᠨ᠎ᠡ
18. ᠬᠡᠦᠬᠡᠳ ᠤᠨ ᠴᠡᠴᠡᠷᠯᠢᠭ ᠢ 204 ᠂ ᠳᠤᠮᠳᠠᠲᠤ ᠪᠠᠭ᠎ᠠ ᠰᠤᠷᠭᠠᠭᠤᠯᠢ ᠶᠢ 676 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ ᠂ ᠬᠡᠦᠬᠡᠳ ᠪᠠ ᠰᠤᠷᠤᠭᠴᠢᠳ ᠤᠨ ᠣᠷᠣ ᠶᠢ 6.6 ᠲᠦᠮᠡ ᠰᠢᠨ᠎ᠡ ᠪᠠᠷ ᠨᠡᠮᠡᠭᠳᠡᠭᠦᠯᠵᠦ ᠂ ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠨᠠᠶᠢᠳᠠᠨ ᠬᠠᠮᠢᠶᠠᠷᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠦᠨ᠎ᠡ ︔ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢ 13 ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠵᠤ ᠂ ᠬᠡᠦᠬᠡᠳ ᠪᠠ ᠰᠤᠷᠤᠭᠴᠢᠳ ᠤᠨ ᠣᠷᠣ ᠶᠢ 3400 ᠰᠢᠨ᠎ᠡ ᠪᠠᠷ ᠨᠡᠮᠡᠭᠳᠡᠭᠦᠯᠵᠦ ᠂ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠰᠠᠭᠤᠬᠤ ᠨᠣᠷᠮ᠎ᠠ ᠶᠢ 97% ᠠᠴᠠ ᠳᠡᠭᠡᠭᠰᠢ ᠳᠤ ᠬᠦᠷᠦᠭᠦᠯᠬᠦ ᠪᠠᠨ ᠦᠨᠡᠨ ᠬᠦ ᠪᠠᠲᠤᠯᠠᠨ᠎ᠠ ︔ ᠬᠤᠲᠠ ᠶᠢᠨ 1000 ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ ᠰᠤᠷᠭᠠᠭᠤᠯᠢ ᠳᠤ ᠰᠣᠩᠭᠤᠨ ᠲᠣᠮᠢᠯᠠᠵᠤ ᠬᠤᠷᠰᠢᠯᠴᠠᠨ ᠬᠠᠪᠰᠤᠷᠤᠯᠴᠠᠵᠤ ᠲᠡᠳᠬᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ ᠃
19. ᠤᠯᠤᠰ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠣᠶᠤᠨᠯᠢᠭ ᠲᠠᠪᠴᠠᠩ ᠤᠨ ᠥᠪᠥᠷ ᠮᠣᠩᠭᠤᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠲᠣᠭᠠᠵᠢᠭᠤᠯᠤᠭᠰᠠᠨ ᠪᠠᠷᠢᠮᠵᠢᠶᠠᠲᠤ ᠰᠢᠯᠭᠠᠯᠲᠠ ᠶᠢᠨ 2 ᠲᠦᠮᠡᠨ ᠲᠠᠯᠠᠪᠤᠷ ᠢ ᠳᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ ᠃
20. ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠡᠮᠨᠡᠯᠭᠡ ᠶᠢᠨ ᠬᠤᠷᠢᠶ᠎ᠠ ᠶᠢ 43 ᠪᠠᠶᠢᠭᠤᠯᠤᠨ ᠂ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢ 20 ᠴᠣᠭᠴᠠᠯᠠᠨ ᠪᠠᠶᠢᠭᠤᠯᠵᠤ ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠵᠤ ᠂ ᠤᠯᠠᠨ ᠲᠦᠮᠡᠨ ᠤ ᠡᠮᠨᠡᠭᠦᠯᠵᠦ ᠡᠮ ᠬᠤᠳᠠᠯᠳᠤᠨ ᠠᠪᠬᠤ ᠲᠠᠯ᠎ᠠ ᠪᠠᠷ ᠬᠢ ᠲᠦᠭᠦᠮ ᠳᠥᠲᠡ ᠪᠠᠶᠢᠯᠭᠠᠬᠤ ᠴᠢᠨᠠᠷ ᠂ ᠥᠨᠳᠥᠷ ᠪᠦᠲᠦᠮᠵᠢᠲᠦ ᠴᠢᠨᠠᠷ ᠂ ᠠᠮᠤᠷ ᠲᠦᠪᠰᠢᠨ ᠴᠢᠨᠠᠷ ᠢ ᠲᠡᠬᠡᠭᠰᠢᠯᠡᠬᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
21. ᠬᠤᠰᠢᠭᠤ ᠰᠢᠶᠠᠨ ᠤ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 77 ᠪᠠᠶᠢᠭᠤᠯᠵᠤ ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 33 ᠪᠠᠶᠢᠭᠤᠯᠵᠤ ᠂ ᠭᠤᠷᠪᠠᠳᠤᠭᠠᠷ ᠳᠠᠰ ᠤᠨ ᠬᠢᠲᠠᠳ ︵ᠮᠣᠩᠭᠤᠯ︶ ᠡᠮᠨᠡᠯᠭᠡ ᠶᠢᠨ ᠬᠤᠷᠢᠶᠠᠨ ᠤ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ 30 ᠪᠠᠶᠢᠭᠤᠯᠵᠤ ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠳᠦᠷᠪᠡᠨ ᠬᠤᠲᠠ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠯᠴᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
22. ᠦᠨᠳᠦᠰᠦᠨ ᠱᠠᠲᠤᠨ ᠤ ᠬᠢᠲᠠᠳ ︵ᠮᠣᠩᠭᠤᠯ︶ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ ᠂ ᠬᠢᠲᠠᠳ ︵ᠮᠣᠩᠭᠤᠯ︶ ᠡᠮ ᠡᠮᠨᠡᠯᠭᠡ ᠶᠢᠨ ᠶᠡᠷᠦᠩᠬᠡᠢ ᠰᠠᠯᠠᠭᠠᠨ ᠤ ᠴᠢᠳᠠᠪᠤᠷᠢᠲᠠᠨ ᠢ 120 ᠂ ᠬᠢᠲᠠᠳ ︵ᠮᠣᠩᠭᠤᠯ︶ ᠡᠮᠨᠡᠯᠭᠡ ᠶᠢᠨ ᠭᠠᠵᠠᠷ ᠤᠨ ᠭᠤᠣᠯᠯᠠᠭᠴᠢ ᠪᠣᠯᠬᠤ ᠴᠢᠳᠠᠪᠤᠷᠢᠲᠠᠨ ᠢ 320 ᠬᠥᠮᠥᠵᠢᠭᠦᠯᠦᠨ ᠪᠣᠶᠢᠵᠢᠭᠤᠯᠵᠤ ᠂ ᠬᠢᠲᠠᠳ ︵ᠮᠣᠩᠭᠤᠯ︶ ᠡᠮ ᠡᠮᠨᠡᠯᠭᠡ ᠶᠢᠨ ᠡᠪᠡᠳᠴᠢᠨ ᠰᠡᠷᠭᠡᠶᠢᠯᠡᠵᠦ ᠡᠮᠨᠡᠨ ᠵᠠᠰᠠᠬᠤ ᠳᠤ ᠲᠣᠬᠢᠷᠠᠬᠤ ᠮᠡᠷᠭᠡᠵᠢᠯ ᠢ 60 ᠵᠦᠢᠯ ᠳᠡᠯᠭᠡᠷᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
23. ᠭᠡᠷ ᠪᠦᠯᠢ ᠶᠢᠨ ᠡᠮᠴᠢ ᠯᠦᠭᠡ ᠭᠡᠷ᠎ᠡ ᠲᠣᠭᠲᠠᠭᠰᠠᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ ᠂ ᠭᠤᠣᠯᠳᠠᠯᠭ᠎ᠠ ᠪᠣᠯᠬᠤ ᠬᠥᠮᠥᠰ ᠢ ᠬᠠᠮᠤᠷᠤᠭᠰᠠᠨ ᠨᠣᠷᠮ᠎ᠠ ᠪᠠᠨ 78% ᠠᠴᠠ ᠳᠡᠭᠡᠭᠰᠢ ᠪᠣᠯᠭᠠᠨ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
24. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠤᠷᠤᠭᠴᠢᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠵᠠᠰᠠᠬᠤ ᠠᠵᠢᠯ ᠳᠤ ᠨᠡᠶᠢᠳᠡᠮ ᠰᠢᠭᠰᠢᠨ ᠪᠠᠶᠢᠴᠠᠭᠠᠯᠲᠠ ᠬᠢᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶ ︔ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ ᠬᠤᠷᠢᠶᠠᠬᠤ ᠦᠭᠡᠢ ᠪᠠᠷ ᠨᠢᠳᠦᠨ ᠰᠢᠯ ᠲᠠᠭᠠᠷᠠᠭᠤᠯᠤᠨ ᠥᠭᠬᠦ ᠂ ᠰᠦᠢᠳᠬᠡᠯ ᠬᠤᠷᠢᠶᠠᠬᠤ ᠦᠭᠡᠢ ᠪᠠᠷ ᠬᠢᠯᠠᠷ ᠬᠠᠷᠠᠭ᠎ᠠ ᠰᠤᠯᠠ ᠬᠠᠷᠠᠭ᠎ᠠ ᠶᠢ ᠨᠢ ᠵᠠᠰᠠᠵᠤ ᠥᠭᠬᠦ ᠪᠤᠶᠤ ᠮᠡᠰᠡ ᠵᠠᠰᠠᠯ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶ ᠃
25. ᠨᠡᠶᠢᠭᠡᠮ ᠤᠨ ︽ᠭᠡᠷᠡᠯ ᠭᠡᠭᠡ ᠶᠢᠨ ᠠᠶᠠᠯᠠᠯ ︾ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠦᠨ ᠂ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠶᠢᠨ ᠴᠠᠭᠠᠨ ᠬᠠᠷᠠᠩ ᠲᠠᠢ 1000 ᠭᠠᠷᠤᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶ ᠃
26. ᠬᠠᠮᠠᠷ ᠤᠨ ᠬᠠᠷᠰᠢᠮᠠᠲᠠᠭᠠᠢ ᠦᠷᠪᠢᠰᠦᠯ ᠤᠨ ᠶᠡᠷᠦᠩᠬᠡᠢ ᠳᠤ ᠨᠢ ᠰᠡᠷᠭᠡᠶᠢᠯᠡᠨ ᠵᠠᠰᠠᠬᠤ ᠶᠢ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
27. ︽ᠵᠠᠭᠤᠨ ᠪᠦᠯᠬᠦᠮ ᠮᠢᠩᠭᠠᠨ ᠲᠠᠯᠠᠪᠤᠷ ᠲᠣᠨᠨᠯᠠᠯᠲᠠ ᠶᠢ ᠦᠨᠳᠦᠰᠦᠨ ᠱᠠᠲᠤᠨ ᠳᠤ ᠬᠦᠷᠭᠡᠵᠦ ︾ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠶᠢ ᠥᠷᠨᠢᠭᠦᠯᠦᠨ ᠂ ᠤᠯᠠᠭᠠᠨᠮᠥ᠋ᠴᠢᠷ ᠪᠠ ᠡᠯ᠎ᠡ ᠱᠠᠲᠤᠨ ᠤ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠦᠨᠳᠦᠰᠦᠨ ᠱᠠᠲᠤᠨ ᠳᠤ ᠣᠴᠢᠵᠤ ᠲᠦᠮᠡ ᠭᠠᠷᠤᠢ ᠲᠠᠯᠠᠪᠤᠷ ᠲᠣᠭᠯᠠᠯᠲᠠ ᠭᠠᠷᠭᠠᠬᠤ ᠶᠢ ᠵᠣᠬᠢᠶᠠᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶ ᠃
28. 35 ᠲᠥᠷᠥᠯ ᠤᠨ ᠥᠨᠳᠥᠷ ᠳᠠᠪᠲᠠᠮᠵᠢᠲᠤ ᠡᠯᠧᠺᠲᠷᠣᠨ ᠭᠡᠷᠡᠴᠢ ᠦᠨᠡᠮᠯᠡᠯ ᠢ ᠪᠦᠬᠦ ᠤᠯᠤᠰ ᠲᠤ ᠬᠠᠷᠢᠯᠴᠠᠨ ᠮᠡᠳᠡᠷᠡᠬᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 350 ᠵᠦᠢᠯᠡᠰ ᠲᠤ ︽ᠭᠡᠷᠡᠴᠢ ᠦᠨᠡᠮᠯᠡᠯ ᠠᠪᠬᠤ ᠦᠭᠡᠢ ᠪᠠᠷ ᠭᠦᠢᠴᠡᠳᠬᠡᠬᠦ ︾᠂ 115 ᠵᠦᠢᠯᠡᠰ ᠲᠤ ︽ᠨᠢᠭᠡ ᠠᠵᠢᠯ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ ︾ ᠶᠢ ᠪᠡᠶᠡᠯᠡᠭᠦᠯᠵᠦ ᠂ ᠲᠤᠰᠬᠤᠨ ᠤ ᠱᠠᠲᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠥᠪ ᠤᠨ ︽ᠬᠠᠪᠰᠤᠷᠴᠤ ᠣᠷᠣᠯᠠᠨ ᠭᠦᠢᠴᠡᠳᠬᠡᠬᠦ ︾ ᠶᠢ ᠭᠦᠨᠵᠡᠭᠡᠢ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠃
29. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠩ ᠣᠯᠠᠨ ᠵᠦᠢᠯᠡᠰ ᠲᠤ ᠴᠠᠭ ᠢᠶᠠᠨ ᠤᠷᠲᠤᠳᠬᠠᠭᠰᠠᠨ ᠦᠢᠯᠡᠴᠢᠯᠡᠭᠡ ᠬᠠᠩᠭᠠᠬᠤ ᠶᠢ ᠠᠬᠢᠭᠤᠯᠤᠨ ᠂ ᠲᠦᠷ ᠴᠠᠭ ᠤᠨ ᠪᠡᠶ᠎ᠡ ᠶᠢᠨ ᠦᠨᠡᠮᠯᠡᠯ ᠂ ᠨᠠᠰᠤᠵᠢᠯ ᠤᠨ ᠳᠠᠭᠠᠳᠬᠠᠯ ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠵᠠᠰᠠᠭ ᠤᠨ ᠶᠠᠪᠤᠳᠠᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠨᠡᠩ ᠣᠯᠠᠨ ᠵᠦᠢᠯᠡᠰ ᠤᠨ ︽ᠪᠦᠭᠦ ᠣᠷᠣᠨ ᠳᠤ ᠭᠦᠢᠴᠡᠳᠬᠡᠵᠦ ᠪᠣᠯᠬᠤ ︾ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ ᠃
30. ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ︽ᠰᠦᠯᠵᠢᠶ᠎ᠡ ᠪᠠᠷ ᠭᠦᠢᠴᠡᠳᠬᠡᠵᠦ ᠴᠡᠴᠡᠷᠯᠢᠭ ᠲᠤ ᠰᠠᠭᠤᠯᠭᠠᠬᠤ ︾ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠦᠯᠵᠢᠶ᠎ᠡ ᠪᠠᠷ ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ ︾ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶ ᠃
31. ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠦᠷᠲᠡᠭᠡ ᠶᠢ 1025 ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 3900 ᠪᠠᠶᠢᠭᠤᠯᠤᠨ ᠂ ᠠᠷᠠᠳ ᠲᠤ ᠳᠦᠭᠦᠮ ᠦᠵᠡᠭᠦᠯᠬᠦ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ 15 ᠮᠢᠨᠦ᠋ᠲ ᠤᠨ ᠬᠡᠪᠴᠢᠶᠡᠨ ᠳᠤ ᠭᠦᠢᠴᠡᠳᠬᠡᠬᠦ ᠪᠣᠯᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ︶ ᠃
32. ᠬᠤᠰᠢᠭᠤ ᠰᠢᠶᠠᠨ ᠤ ᠱᠠᠲᠤᠨ ᠳᠠᠬᠢ ᠣᠷᠣᠰᠢᠭᠤᠯᠭ᠎ᠠ ᠶᠢᠨ ᠭᠠᠵᠠᠷ ᠢ 13 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶ ᠃
ᠳᠥᠷᠪᠡ ᠂ ᠣᠯᠠᠨ ᠲᠦᠮᠡᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠰᠠᠶᠢᠵᠢᠷᠠᠭᠤᠯᠬᠤ 11 ᠵᠦᠢᠯ
33. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1602 ᠂ ᠲᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.5 ᠲᠦᠮᠡ ᠢᠵᠢ ᠥᠭᠡᠷᠡᠴᠢᠯᠡᠨ ᠰᠢᠨᠡᠳᠬᠡᠵᠦ ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.1 ᠲᠦᠮᠡᠨ ᠢᠵᠢ ᠪᠠᠶᠢᠭᠤᠯᠤᠨ ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ 2.6 ᠲᠦᠮᠡᠨ ᠭᠡᠷ ᠪᠦᠯᠢ ᠳᠤ ᠲᠦᠷᠢᠶᠡᠰᠦᠨ ᠨᠥᠬᠦᠪᠦᠷᠢ ᠣᠯᠭᠤᠵᠤ ᠂ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠬᠦ ᠪᠠᠨ ᠦᠷᠭᠦᠯᠵᠢᠯᠡᠨ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ ᠃
34. ᠰᠢᠲᠠᠮᠠᠬᠠᠢ ᠬᠡᠢ ᠂ ᠤᠰᠤ ᠬᠠᠩᠭᠠᠬᠤ ᠂ ᠤᠰᠤ ᠵᠠᠯᠠᠬᠤ ᠂ ᠢᠯᠴᠢ ᠬᠠᠩᠭᠠᠬᠤ ᠵᠡᠷᠭᠡ ᠬᠠᠭᠤᠴᠢᠷᠠᠭᠰᠠᠨ ᠬᠤᠭᠤᠯᠠᠢ ᠭᠤᠤᠷᠰᠤ ᠶᠢ 1500 ᠺᠢᠯᠣᠮᠧᠲᠷ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ ᠃
35. ᠬᠤᠲᠠ ᠶᠢᠨ ︽ᠠᠯᠠᠭᠠᠨ ᠴᠡᠴᠡᠷᠯᠢᠭ ︾ ᠢ 150 ᠂ ᠬᠤᠲᠠ ᠶᠢᠨ ᠨᠣᠭᠤᠭᠠᠨ ᠵᠠᠮ ᠢ 120 ᠺᠢᠯᠣᠮᠧᠲᠷ ᠰᠢᠨ᠎ᠡ ᠪᠠᠷ ᠪᠠᠶᠢᠭᠤᠯᠵᠤ ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠳᠡᠭ ᠵᠢᠱᠢᠶ᠎ᠡ ᠦᠵᠡᠭᠦᠯᠬᠦ ᠬᠡᠰᠡᠭ ᠤᠨ ᠲᠣᠭᠤᠷᠢᠭ ᠢ 12 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ ᠃
36. ᠪᠡᠶ᠎ᠡ ᠶᠢᠨ ᠲᠠᠮᠢᠷ ᠤᠨ ᠴᠡᠴᠡᠷᠯᠢᠭ ᠢ 36 ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ 32 ᠂ ᠲᠡᠰᠢᠯᠲᠡ ᠶᠢᠨ ᠲᠠᠯᠠᠪᠤᠷ ᠢ 33 ᠂ ᠣᠯᠠᠨ ᠴᠢᠳᠠᠮᠵᠢᠲᠤ ᠲᠠᠮᠢᠷ ᠤᠨ ᠬᠥᠳᠡᠯᠭᠡᠭᠡᠨ ᠤ ᠲᠠᠯᠠᠪᠤᠷ ᠢ 103 ᠪᠠ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠢ 335 ᠺᠢᠯᠣᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ︶ ᠃
37. 21.2 ᠲᠦᠮᠡᠨ ᠡᠷᠦᠬᠡ ᠶᠢᠨ ᠴᠡᠪᠡᠷ ᠳᠤᠯᠠᠭᠠᠯᠠᠭ᠎ᠠ ᠶᠢ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶ ᠃
38. ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3000 ᠭᠠᠷᠤᠢ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ ᠃
39. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠰᠢᠨ᠎ᠡ ᠪᠠᠷ ᠳᠡᠪᠢᠰᠬᠦ ᠪᠠ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶ ᠃
40. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠤᠩ ᠢ 6 ᠲᠦᠮᠡ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠃
41. ᠲᠠᠷᠢᠶᠠᠯᠠᠬᠤ ᠮᠠᠯᠵᠢᠬᠤ ᠣᠷᠣᠨ ᠳᠤ ᠤᠰᠤ ᠲᠥᠪᠯᠡᠷᠡᠭᠦᠯᠵᠦ ᠬᠠᠩᠭᠠᠬᠤ ᠪᠠᠷᠢᠯᠭ᠎ᠠ ᠶᠢ 500 ᠂ ᠬᠢᠯᠢ ᠬᠢᠵᠠᠭᠠᠷ ᠤᠨ ᠮᠠᠯᠵᠢᠬᠤ ᠣᠷᠣᠨ ᠤ ᠲᠠᠷᠠᠬᠠᠢ ᠪᠤᠲᠠᠷᠬᠠᠢ ᠤᠰᠤᠨ ᠰᠤᠷᠪᠤᠯᠵᠢ ᠶᠢᠨ ᠴᠡᠭ ᠤᠨ ᠢᠨᠵᠧᠨᠧᠷᠢᠩ ᠢ 820 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ ︔ 400 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢᠨ ᠡᠭᠦᠷᠭᠡ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶ ︔ ᠰᠢᠶᠠᠩ ᠪᠠᠯᠭᠠᠰᠤᠨ ︵ᠰᠤᠮᠤ︶ ᠤ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠰᠢᠨᠵᠢᠵᠦ ᠰᠢᠯᠭᠠᠬᠤ ᠠᠵᠢᠯ ᠢ ᠨᠡᠶᠢᠳᠡᠮ ᠪᠦᠷᠬᠦᠭᠦᠯᠵᠦ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ︶ ᠃
42. ᠭᠠᠴᠠᠭ᠎ᠠ ᠲᠤᠰᠬᠤᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠴᠡᠭ ᠢ 3500 ᠰᠢᠨ᠎ᠡ ᠪᠠᠷ ᠨᠡᠮᠡᠭᠳᠡᠭᠦᠯᠵᠦ ᠂ ᠲᠠᠷᠢᠶᠠᠯᠠᠬᠤ ᠮᠠᠯᠵᠢᠬᠤ ᠣᠷᠣᠨ ᠳᠠᠬᠢ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡ ᠶᠢᠨ ᠪᠦᠷᠢᠨ ᠪᠦᠷᠬᠦᠬᠦ ᠶᠢ ᠦᠨᠳᠦᠰᠦᠨ ᠳᠤ ᠪᠠᠨ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ ᠃
43. ᠬᠢᠯᠢ ᠬᠢᠵᠠᠭᠠᠷ ᠤᠨ 11 ᠬᠤᠰᠢᠭᠤ ᠰᠢᠶᠠᠨ ᠤ ᠷᠠᠳᠢᠣ᠋ ᠲᠧᠯᠸᠢᠰ ᠤᠨ ᠳᠠᠮᠵᠢᠭᠤᠯᠭ᠎ᠠ ᠶᠢᠨ ᠲᠣᠣᠷ ᠰᠦᠯᠵᠢᠶ᠎ᠡ ᠶᠢᠨ ᠪᠦᠷᠬᠦᠬᠦ ᠴᠢᠳᠠᠪᠤᠷᠢ ᠶᠢ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠦᠨ ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠲᠤᠰᠬᠠᠢ ᠬᠡᠷᠡᠭᠯᠡᠭᠡᠨ ᠤ ᠰᠣᠶᠣᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠷᠠᠳᠢᠣ᠋ ᠨᠡᠪᠲᠡᠷᠡᠭᠦᠯᠭᠡ ᠲᠧᠯᠸᠢᠰ ᠤᠨ ᠲᠣᠪᠴᠢᠶ᠎ᠠ︶ ᠃
ᠳᠠᠭᠠᠯᠳᠤᠭᠤᠯᠤᠯ 2
︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ
1. ︽ᠬᠤᠶᠠᠷ ᠵᠢᠷᠤᠭ ᠬᠤᠶᠠᠷ ᠬᠥᠮᠥᠷᠭᠡ ᠬᠤᠶᠠᠷ ᠬᠦᠰᠦᠨᠦᠭᠲᠦ︾ ᠄ ︽ᠬᠤᠶᠠᠷ ᠵᠢᠷᠤᠭ︾ ᠭᠡᠳᠡᠭ ᠨᠢ ᠠᠵᠤ ᠦᠢᠯᠡᠰ ᠤᠨ ᠬᠡᠯᠬᠢᠶᠡᠨ ᠤ ᠪᠦᠬᠦ ᠴᠤᠪᠤᠷᠠᠯ ᠤᠨ ᠵᠢᠷᠤᠭ ᠂ ᠬᠤᠳᠠᠯᠳᠤᠭᠠᠴᠢᠨ ᠤᠷᠢᠬᠤ ᠠᠵᠢᠯ ᠤᠨ ᠠᠯᠤᠰ ᠤᠨ ᠲᠥᠯᠥᠪ ᠤᠨ ᠵᠢᠷᠤᠭ ᠪᠣᠯᠣᠨ᠎ᠠ ︔ ︽ᠬᠤᠶᠠᠷ ᠬᠥᠮᠥᠷᠭᠡ︾ ᠭᠡᠳᠡᠭ ᠨᠢ ᠠᠵᠤ ᠦᠢᠯᠡᠰ ᠤᠨ ᠬᠡᠯᠬᠢᠶᠡᠨ ᠤ ᠭᠤᠣᠯᠳᠠᠯᠭ᠎ᠠ ᠪᠣᠯᠬᠤ ᠲᠥᠷᠥᠯ ᠵᠦᠢᠯ ᠤᠨ ᠬᠥᠮᠥᠷᠭᠡ ᠂ ᠬᠤᠯᠪᠣᠭᠳᠠᠬᠤ ᠬᠡᠷᠡᠭᠯᠡᠭᠴᠢ ᠶᠢᠨ ᠬᠥᠮᠥᠷᠭᠡ ᠪᠣᠯᠣᠨ᠎ᠠ ︔ ︽ᠬᠤᠶᠠᠷ ᠬᠦᠰᠦᠨᠦᠭᠲᠦ︾ ᠭᠡᠳᠡᠭ ᠨᠢ ᠬᠥᠲᠥᠴᠢ ᠠᠵᠤ ᠠᠬᠤᠶᠢᠯᠠᠯ ᠤᠨ ᠵᠢᠭᠰᠠᠭᠠᠯᠲᠠ ᠶᠢᠨ ᠬᠦᠰᠦᠨᠦᠭᠲᠦ ᠂ ᠲᠥᠬᠦᠷ ᠠᠵᠤ ᠠᠬᠤᠶᠢᠯᠠᠯ ᠤᠨ ᠵᠢᠭᠰᠠᠭᠠᠯᠲᠠ ᠶᠢᠨ ᠬᠦᠰᠦᠨᠦᠭᠲᠦ ᠪᠣᠯᠣᠨ᠎ᠠ ᠃
2. ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭᠠᠨ ᠭᠡᠳᠡᠭ ᠨᠢ ︽ᠡᠭᠦᠷᠭᠡ ᠴᠢᠳᠠᠪᠤᠷᠢ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠂ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠢ ᠠᠵᠢᠯᠯᠠᠭᠠᠨ ᠢ ᠵᠢᠭᠠᠵᠤ ᠪᠣᠢ ᠂ ᠡᠭᠦᠨ ᠳᠤ ᠡᠯ᠎ᠡ ᠵᠦᠢᠯ ᠤᠨ ᠠᠵᠢᠯ ᠢ ︽ᠵᠢᠷᠤᠮᠵᠢᠭᠤᠯᠬᠤ ᠂ ᠴᠣᠮᠬᠠᠳᠬᠠᠬᠤ ᠂ ᠲᠦᠷᠭᠡᠳᠬᠡᠬᠦ︾ ᠪᠠᠨ ᠠᠬᠢᠭᠤᠯᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠠᠷᠠᠳ ᠣᠯᠠᠨ ᠤ ᠬᠠᠨᠤᠮᠵᠢᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ ᠪᠢᠯᠡ ᠃
3. ︽ᠲᠥᠷᠪᠡᠨ ᠨᠢᠭᠡ ᠪᠦᠯᠦᠭ︾ ᠤᠨ ᠠᠷᠭ᠎ᠠ ᠪᠠᠷᠢᠯ ᠭᠡᠳᠡᠭ ᠨᠢ ᠥᠪᠡᠷᠲᠡᠭᠡᠨ ᠵᠠᠰᠠᠬᠤ ᠣᠷᠣᠨ ᠠᠴᠠ ᠨᠢᠭᠡ ᠪᠦᠯᠦᠭ ᠢ ᠨᠢ ᠬᠠᠰᠤᠬᠤ ᠂ ᠨᠢᠭᠡ ᠪᠦᠯᠦᠭ ᠢ ᠨᠢ ᠰᠣᠯᠢᠬᠤ ᠂ ᠨᠢᠭᠡ ᠪᠦᠯᠦᠭ ᠢ ᠨᠢ ᠳᠠᠮ ᠬᠦᠦ ᠥᠭᠬᠦ ᠂ ᠨᠢᠭᠡ ᠪᠦᠯᠦᠭ ᠢ ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠪᠠᠷᠢᠯ ᠢ ᠠᠪᠴᠤ ᠪᠠᠶᠢᠭᠠᠳ ᠦᠨᠳᠦᠰᠦᠨ ᠱᠠᠲᠤ ᠶᠢ ᠬᠠᠪᠰᠤᠷᠤᠨ ᠳᠡᠮᠵᠢᠵᠦ ᠵᠠᠰᠠᠭ ᠤᠨ ᠣᠷᠳᠣᠨ ᠤ ᠥᠷᠢ ᠥᠭᠴᠡᠭᠡ ᠶᠢ ᠨᠢ ᠠᠷᠢᠯᠭᠠᠬᠤ ᠶᠢ ᠵᠢᠭᠠᠵᠤ ᠪᠣᠢ ᠃
4. ︽ᠲᠠᠪᠤ ᠶᠢ ᠲᠤᠶᠢᠯᠪᠤᠷᠢᠲᠠᠢ ᠰᠢᠢᠳᠪᠦᠷᠢᠯᠡᠬᠦ︾ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠵᠤ ᠥᠷᠨᠢᠭᠦᠯᠦᠭᠰᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠂ ᠲᠤᠨᠤᠮᠠᠯ ᠪᠡᠯᠡ ᠮᠥᠩᠭᠦ ᠂ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ ᠂ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠲᠠᠪᠤᠨ ᠲᠠᠯ᠎ᠠ ᠶᠢᠨ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭᠠᠨ ᠢ ᠵᠢᠭᠠᠵᠤ ᠪᠣᠢ ᠂ ᠡᠭᠦᠨ ᠳᠤ ᠠᠵᠤ ᠠᠬᠤᠢ ᠶᠢᠨ ᠬᠦᠷᠢᠶᠡᠨ ᠳᠠᠬᠢ ᠤᠷᠲᠤ ᠬᠤᠭᠤᠴᠠᠭ᠎ᠠ ᠪᠠᠷ ᠣᠷᠣᠰᠢᠵᠤ ᠪᠠᠶᠢᠭ᠎ᠠ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠂ ᠰᠤᠯᠠ ᠲᠠᠯᠪᠢᠵᠤ ᠪᠦᠷᠢᠯᠭᠡᠨ ᠰᠦᠢᠳᠬᠡᠭᠰᠡᠨ ᠠᠰᠠᠭᠤᠳᠠᠯ ᠤᠳ ᠢ ᠰᠢᠢᠳᠪᠦᠷᠢᠯᠡᠬᠦ ᠶᠢᠨ ᠲᠤᠰᠠᠳᠠ ᠪᠢᠯᠡ ᠃
5. ᠬᠤᠲᠠ ᠶᠢᠨ ᠲᠡᠭᠦᠷᠭᠡ ᠶᠢᠨ ᠲᠣᠮᠣ ᠬᠥᠮᠥᠷᠭᠡ ᠭᠡᠳᠡᠭ ᠨᠢ ᠬᠤᠲᠠ ᠶᠢᠨ ᠬᠡᠷᠡᠭᠯᠡᠭᠡ ᠶᠢᠨ ᠵᠠᠬ᠎ᠠ ᠳᠡᠯᠭᠡᠭᠦᠷ ᠲᠤ ᠰᠢᠭᠤᠳ ᠬᠠᠨᠳᠤᠭᠤᠯᠤᠭᠰᠠᠨ ᠂ ᠬᠤᠲᠠ ᠶᠢᠨ ᠣᠶᠢᠷ᠎ᠠ ᠲᠡᠭᠦᠷᠭᠡ ᠳᠠᠬᠢ ᠬᠥᠮᠥᠷᠭᠡᠯᠡᠨ ᠬᠠᠳᠠᠭᠠᠯᠠᠬᠤ ᠂ ᠬᠤᠪᠢᠶᠠᠵᠤ ᠢᠯᠭᠠᠬᠤ ᠂ ᠡᠳ᠋ᠰᠢᠭᠦᠯᠵᠦ ᠪᠣᠯᠪᠠᠰᠤᠷᠠᠭᠤᠯᠬᠤ ᠂ ᠪᠣᠭᠤᠳᠠᠯᠯᠠᠵᠤ ᠪᠠᠭᠯᠠᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠲᠠᠢ ᠬᠥᠮᠥᠷᠭᠡᠯᠡᠨ ᠬᠠᠳᠠᠭᠠᠯᠠᠬᠤ ᠠᠷᠠᠯᠵᠢᠶᠠᠨ ᠤ ᠰᠠᠭᠤᠷᠢᠨ ᠭᠠᠵᠠᠷ ᠢ ᠵᠢᠭᠠᠵᠤ ᠪᠣᠢ ᠃
6. ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠨ ᠳᠡᠯᠭᠡᠨ ᠦᠵᠡᠭᠦᠯᠬᠦ ᠳᠡᠯᠭᠡᠭᠦᠷ ᠄ ᠮᠠᠨᠵᠤᠤᠷ ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠨᠢ ᠡᠯ᠎ᠡ ᠠᠶᠢᠮᠠᠭ ᠬᠤᠳᠠ ᠶᠢᠨ ᠭᠤᠣᠯ ᠲᠥᠪ ᠪᠣᠯᠬᠤ ᠬᠤᠳᠠ ᠲᠣᠭᠤᠷᠢᠭ ᠲᠤ ᠵᠠᠬ᠎ᠠ ᠶᠢᠨ ᠠᠷᠠᠯᠵᠢᠶᠠᠨ ᠤ ᠭᠠᠳᠠᠭᠠᠳᠤ ᠠᠴᠠ ᠣᠷᠣᠭᠤᠯᠤᠭᠰᠠᠨ ᠲᠠᠸᠠᠷ ᠢ ᠳᠡᠯᠭᠡᠨ ᠦᠵᠡᠭᠦᠯᠬᠦ ᠳᠡᠯᠭᠡᠭᠦᠷ ᠪᠠᠶᠢᠭᠤᠯᠵᠤ ᠂ ᠮᠣᠩᠭᠤᠯ ᠤᠯᠤᠰ ᠂ ᠣᠷᠣᠰ ᠂ ᠶᠠᠫᠤᠨ ᠂ ᠺᠤᠷᠢᠶᠠ ᠵᠡᠷᠭᠡ 15 ᠤᠯᠤᠰ ᠠᠴᠠ ᠣᠷᠣᠭᠤᠯᠤᠭᠰᠠᠨ ᠲᠠᠸᠠᠷ ᠢ ᠢᠷᠡᠯᠲᠡ ᠶᠢᠨ ᠭᠠᠵᠠᠷ ᠤᠨ ᠭᠠᠶᠢᠯᠢ ᠠᠴᠠ ᠬᠡᠯᠲᠦᠷᠢᠭᠦᠯᠵᠦ ᠳᠡᠯᠭᠡᠨ ᠦᠵᠡᠭᠦᠯᠵᠦ ᠪᠣᠷᠣᠯᠠᠭᠤᠯᠤᠨ ᠬᠤᠳᠠᠯᠳᠤᠬᠤ ᠶᠢ ᠨᠢ ᠠᠬᠢᠭᠤᠯᠬᠤ ᠪᠣᠯᠣᠨ᠎ᠠ ᠃
7. ︽ᠬᠤᠶᠠᠷ ᠢ ᠤᠷᠢᠳ ᠢᠶᠠᠷ ᠴᠣᠭᠴᠠᠯᠠᠬᠤ︾ ᠂ ︽ᠬᠤᠶᠠᠷ ᠢ ᠳᠠᠪᠠᠭᠤᠯᠬᠤ︾ ᠭᠡᠳᠡᠭ ᠨᠢ ᠪᠦᠬᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠡᠨᠧᠷᠭᠢ ᠶᠢᠨ ᠬᠠᠩᠭᠠᠯᠭ᠎ᠠ ᠶᠢᠨ ᠲᠣᠭᠲᠠᠯᠴᠠᠭ᠎ᠠ ᠶᠢ ᠤᠷᠢᠳ ᠢᠶᠠᠷ ᠴᠣᠭᠴᠠᠯᠠᠬᠤ ᠪᠠ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠤᠷᠢᠳ ᠢᠶᠠᠷ ᠴᠣᠭᠴᠠᠯᠠᠨ ᠪᠠᠶᠢᠭᠤᠯᠵᠤ ᠂ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠤᠨ ᠂ 2030 ᠣᠨ ᠪᠣᠯᠬᠤ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠠᠴᠠ ᠳᠠᠪᠠᠭᠤᠯᠬᠤ ᠶᠢ ᠵᠢᠭᠠᠵᠤ ᠪᠣᠢ ᠃
8. ︽ᠲᠢᠶᠠᠨ ᠵᠢᠶᠦ᠋ᠨ ᠲᠥᠯᠥᠪᠯᠡᠭᠡ︾ ᠭᠡᠳᠡᠭ ᠨᠢ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠤ ᠭᠠᠷᠬᠤ ᠳᠤ ᠨᠢ ᠦᠢᠯᠡᠴᠢᠯᠡᠬᠦ ᠲᠥᠯᠥᠪᠯᠡᠭᠡ ᠶᠢ ᠵᠢᠭᠠᠵᠤ ᠪᠣᠢ ᠂ ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠢ ᠬᠥᠳᠡᠯᠦᠩᠭᠦᠢ ᠪᠠᠷ ᠠᠭᠤᠳᠠᠯᠤᠨ ᠰᠢᠯᠢᠬᠦ ᠪᠠᠷ ᠳᠠᠮᠵᠢᠵᠤ ᠂ ︽ᠠᠵᠤ ᠠᠬᠤᠶᠢᠯᠠᠯ ᠰᠠᠨᠠᠭᠠᠴᠢᠯᠠᠭ᠎ᠠ ᠠᠴᠠ ᠪᠠᠨ ᠬᠢᠬᠦ ᠂ ᠵᠠᠰᠠᠭ ᠤᠨ ᠣᠷᠳᠣᠨ ᠠᠬᠢᠭᠤᠯᠬᠤ ᠂ ᠪᠠᠶᠢᠭᠤᠯᠤᠮᠵᠢ ᠠᠴᠠ ᠳᠠᠶᠢᠴᠢᠯᠠᠬᠤ ᠂ ᠨᠡᠶᠢᠭᠡᠮ ᠳᠠᠶᠠᠭᠠᠷ ᠬᠤᠯᠪᠤᠭᠠᠯᠠᠨ ᠬᠥᠳᠡᠯᠦᠯᠴᠡᠬᠦ︾ ᠲᠣᠭᠲᠠᠴᠠ ᠶᠢ ᠬᠡᠷᠡᠭᠵᠢᠭᠦᠯᠵᠦ ᠂ ︽ᠨᠢᠭᠡ ᠪᠦᠯᠦᠭ ᠢ ᠨᠢ ᠬᠥᠮᠥᠵᠢᠭᠦᠯᠦᠨ ᠪᠣᠶᠢᠵᠢᠭᠤᠯᠬᠤ ᠂ ᠨᠢᠭᠡ ᠪᠦᠯᠦᠭ ᠢ ᠨᠢ ᠬᠠᠪᠰᠤᠷᠤᠨ ᠵᠢᠯᠤᠭᠤᠳᠬᠤ ᠂ ᠨᠢᠭᠡ ᠪᠦᠯᠦᠭ ᠢ ᠨᠢ ᠭᠤᠶᠤᠴᠢᠯᠠᠨ ᠮᠡᠳᠡᠭᠦᠯᠬᠦ ᠂ ᠨᠢᠭᠡ ᠪᠦᠯᠦᠭ ᠢ ᠨᠢ ᠵᠠᠬ᠎ᠠ ᠳᠤ ᠭᠠᠷᠭᠠᠬᠤ︾ ᠱᠠᠲᠤᠯᠠᠯ ᠢ ᠪᠦᠷᠢᠯᠳᠦᠭᠦᠯᠦᠨ ᠂ ︽ᠰᠠᠶᠢᠨ ᠠᠵᠤ ᠠᠬᠤᠶᠢᠯᠠᠯ ᠢ ᠴᠣᠭᠴᠠᠯᠠᠬᠤ ᠂ ᠰᠠᠶᠢᠨ ᠠᠵᠤ ᠠᠬᠤᠶᠢᠯᠠᠯ ᠢ ᠰᠣᠩᠭᠤᠬᠤ ᠂ ᠰᠠᠶᠢᠨ ᠠᠵᠤ ᠠᠬᠤᠶᠢᠯᠠᠯ ᠢ ᠪᠣᠶᠢᠵᠢᠭᠤᠯᠬᠤ ᠂ ᠰᠠᠶᠢᠨ ᠠᠵᠤ ᠠᠬᠤᠶᠢᠯᠠᠯ ᠢ ᠭᠠᠳᠠᠭᠰᠢ ᠭᠠᠷᠭᠠᠬᠤ︾ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ ᠃
9. ︽ᠣᠷᠣᠨ ᠪᠦᠰᠡ ᠪᠠᠷ ᠦᠨᠡᠯᠡᠨ ᠵᠢᠱᠢᠬᠦ + ᠪᠠᠷᠢᠮᠵᠢᠶᠠᠲᠤ ᠭᠠᠵᠠᠷ︾ ᠤᠨ ᠵᠠᠭᠪᠤᠷ ᠭᠡᠳᠡᠭ ᠨᠢ ᠬᠠᠤᠯᠢ ᠶᠣᠰᠣᠭᠠᠷ ᠪᠠᠶᠢᠭᠤᠯᠤᠭᠰᠠᠨ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠪᠠᠶᠢᠭᠠᠳ ᠵᠣᠬᠢᠬᠤ ᠣᠷᠣᠨ ᠪᠦᠰᠡ ᠶᠢᠨ ᠳᠣᠲᠣᠷᠠᠬᠢ ᠳᠠᠷᠤᠭᠳᠠᠮᠠᠯ ᠴᠢᠬᠤᠯᠠ ᠠᠭᠤᠷᠬᠠᠢ ᠶᠢᠨ ᠡᠬᠢ ᠪᠠᠶᠠᠯᠢᠭ ᠂ ᠭᠠᠵᠠᠷ ᠬᠥᠷᠥᠰᠥᠨ ᠤ ᠭᠠᠢ ᠭᠠᠮᠰᠢᠭ ᠤᠨ ᠲᠥᠭᠰᠢᠭᠦᠷᠢᠲᠦ ᠴᠢᠨᠠᠷ ᠢ ᠦᠨᠡᠯᠡᠨ ᠵᠢᠱᠢᠬᠦ ᠂ ᠠᠭᠤᠷ ᠠᠮᠢᠰᠬᠤᠯ ᠤᠨ ᠪᠣᠯᠣᠮᠵᠢᠲᠤ ᠨᠤᠲᠠᠯᠠᠯᠲᠠ ᠬᠢᠬᠦ ᠂ ᠭᠠᠵᠠᠷ ᠬᠥᠳᠡᠯᠦᠯᠲᠡ ᠶᠢᠨ ᠠᠶᠤᠯ ᠦᠭᠡᠢ ᠴᠢᠨᠠᠷ ᠲᠤ ᠦᠨᠡᠯᠡᠯᠲᠡ ᠬᠢᠬᠦ ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠦᠨᠡᠯᠡᠨ ᠵᠢᠱᠢᠬᠦ ᠂ ᠣᠷᠴᠢᠨ ᠲᠣᠭᠤᠷᠢᠨ ᠤ ᠨᠥᠯᠥᠭᠡᠯᠡᠯ ᠳᠤ ᠦᠨᠡᠯᠡᠯᠲᠡ ᠬᠢᠬᠦ ᠂ ᠤᠰᠤᠨ ᠰᠣᠷᠪᠤᠯᠵᠢ ᠳᠤ ᠨᠤᠲᠠᠯᠠᠯᠲᠠ ᠬᠢᠬᠦ ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠥᠰᠥᠯ ᠳᠤ ᠨᠤᠲᠠᠯᠠᠯᠲᠠ ᠬᠢᠬᠦ ᠂ ᠦᠶᠡᠷ ᠤᠨ ᠨᠥᠯᠥᠭᠡ ᠶᠢ ᠦᠨᠡᠯᠡᠬᠦ ᠂ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠵᠡᠷᠭᠡ ᠵᠦᠢᠯᠡᠰ ᠢ ᠨᠢᠭᠡᠳᠦᠯᠲᠡᠢ ᠦᠨᠡᠯᠡᠨ ᠵᠢᠱᠢᠯᠲᠡ ᠪᠠ ᠦᠨᠡᠯᠡᠯᠲᠡ ᠬᠢᠵᠦ ᠂ ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠬᠦᠴᠦᠯᠡᠴᠡ ᠂ ᠮᠦ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠂ ᠨᠢᠭᠡᠴᠢ ᠡᠨᠧᠷᠬᠢ ᠶᠢᠨ ᠬᠤᠷᠣᠭᠳᠠᠯ ᠂ ᠨᠢᠭᠡᠴᠢ ᠶᠢᠨ ᠭᠠᠳᠠᠭᠰᠢᠯᠠᠭᠤᠯᠤᠯ ᠵᠡᠷᠭᠡ ᠡᠵᠡᠮᠳᠡᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠲᠣᠳᠣᠷᠬᠠᠢ ᠲᠣᠭᠲᠠᠭᠠᠵᠤ ᠂ ᠡᠭᠦᠨ ᠢᠶᠠᠷ ᠪᠠᠷᠢᠮᠵᠢᠶ᠎ᠠ ᠪᠣᠯᠭᠠᠨ ᠭᠠᠵᠠᠷ ᠰᠢᠷᠣᠢ ᠪᠠᠨ ᠬᠢᠮᠳᠠ ᠪᠠᠷ ᠬᠤᠳᠠᠯᠳᠤᠬᠤ ᠶᠢ ᠵᠢᠭᠠᠵᠤ ᠪᠣᠢ ᠃
10. ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠴᠢᠨᠠᠷ ᠢ ᠳᠡᠭᠡᠭᠰᠢᠯᠡᠭᠦᠯᠵᠦ ᠰᠢᠯᠢᠳᠡᠭ ᠢ ᠬᠥᠮᠥᠵᠢᠭᠦᠯᠬᠦ︾ ᠪᠠ ︽ᠬᠤᠶᠠᠷ ᠥᠨᠳᠥᠷ ᠲᠦᠪᠰᠢᠨ ᠬᠤᠶᠠᠷ ᠴᠢᠨᠠᠷ ᠰᠢᠯᠢᠳᠡᠭ︾ ᠄ 2022 ᠣᠨ ᠤ 7 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠵᠦ ᠂ ︽ᠴᠢᠨᠠᠷ ᠢ ᠳᠡᠭᠡᠭᠰᠢᠯᠡᠭᠦᠯᠵᠦ ᠰᠢᠯᠢᠳᠡᠭ ᠢ ᠬᠥᠮᠥᠵᠢᠭᠦᠯᠬᠦ︾ ᠲᠥᠷᠪᠡᠨ ᠵᠦᠢᠯ ᠤᠨ ᠠᠷᠭ᠎ᠠ ᠪᠠᠷᠢᠯ ᠢ ᠳᠤᠷᠠᠳᠤᠨ ᠭᠠᠷᠭᠠᠪᠠ ᠂ ᠲᠤᠬᠠᠶᠢᠯᠠᠪᠠᠯ ᠡᠯ᠎ᠡ ᠠᠶᠢᠮᠠᠭ ᠬᠤᠲᠠ ᠶᠢᠨ ︽ᠬᠡᠷᠡᠭᠯᠡᠭᠡᠨ ᠤ ᠬᠡᠯᠪᠡᠷᠢ ︵ᠠᠵᠢᠯ ᠮᠡᠷᠭᠡᠵᠢᠯ ︶ ᠪᠦᠬᠦᠢ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ + ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ + ᠡᠳᠦᠢ ᠲᠡᠳᠦᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︾ ᠶᠢᠨ ᠰᠤᠷᠭᠠᠭᠤᠯᠢ ᠡᠷᠬᠢᠯᠡᠬᠦ ᠬᠤᠯᠪᠣᠭ᠎ᠠ ᠵᠣᠬᠢᠶᠠᠨ ᠪᠠᠶᠢᠭᠤᠯᠬᠤ ᠶᠢ ᠠᠬᠢᠭᠤᠯᠵᠤ ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠰᠤᠷᠭᠠᠨ ᠬᠥᠮᠦᠵᠢᠯ ᠤᠨ ︽ ᠳᠠᠭᠠᠭᠤᠯᠤᠭᠴᠢ︾ ᠶᠢᠨ ᠲᠥᠯᠥᠪᠯᠡᠭᠡ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠴᠢᠨᠠᠷ ᠢ ᠳᠡᠭᠡᠭᠰᠢᠯᠡᠭᠦᠯᠬᠦ︾ ᠠᠵᠢᠯᠯᠠᠭᠠᠨ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠠᠭᠤᠷᠢ ᠶᠢ ᠪᠠᠬᠢᠵᠢᠭᠦᠯᠬᠦ︾ ᠢᠨᠵᠧᠨᠧᠷᠢᠩ ᠬᠡᠷᠡᠭᠵᠢᠭᠦᠯᠬᠦ ᠶᠢ ᠵᠢᠭᠠᠵᠤ ᠪᠣᠢ ᠃ ︽ᠬᠤᠶᠠᠷ ᠥᠨᠳᠥᠷ ᠲᠦᠪᠰᠢᠨ ᠬᠤᠶᠠᠷ ᠴᠢᠨᠠᠷ ᠰᠢᠯᠢᠳᠡᠭ︾ ᠬᠠᠷᠠᠯᠲᠠ ᠡᠭᠦᠷᠭᠡ ᠶᠢ ᠳᠤᠷᠠᠳᠤᠨ ᠭᠠᠷᠭᠠᠪᠠ ᠂ ᠲᠤᠬᠠᠶᠢᠯᠠᠪᠠᠯ 2025 ᠣᠨ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ 8 ᠣᠷᠴᠢᠮ ᠪᠠ ᠥᠨᠳᠥᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠪᠦᠯᠦᠭᠵᠢᠯ ᠢ 25 ᠣᠷᠴᠢᠮ ᠪᠠᠶᠢᠭᠤᠯᠵᠤ ᠂ ᠴᠢᠨᠠᠷ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ 40 ᠣᠷᠴᠢᠮ ᠪᠠ ᠴᠢᠨᠠᠷ ᠰᠢᠯᠢᠳᠡᠭ ᠲᠤᠰᠬᠠᠢ ᠮᠡᠷᠭᠡᠵᠢᠯ ᠢ 100 ᠣᠷᠴᠢᠮ ᠪᠠᠶᠢᠭᠤᠯᠬᠤ ᠶᠢ ᠵᠢᠭᠠᠵᠤ ᠪᠣᠢ ᠃
11. ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠤᠷᠠᠨ ᠳᠠᠷᠬᠠᠨ ᠤ ᠠᠩᠭᠢ︾ ᠪᠠᠷ ᠴᠢᠳᠠᠪᠤᠷᠢᠲᠠᠨ ᠬᠥᠮᠥᠵᠢᠭᠦᠯᠬᠦ ᠲᠥᠯᠥᠪᠯᠡᠭᠡ ᠶᠢ ᠵᠢᠭᠠᠵᠤ ᠪᠣᠢ ᠂ ᠭᠤᠣᠯ ᠬᠠᠷᠠᠯᠲᠠ ᠨᠢ ᠪᠣᠯ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠯᠦᠭᠡ ᠨᠢᠭᠲᠠ ᠵᠠᠯᠭᠠᠯᠳᠤᠭᠤᠯᠵᠤ ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠨᠢᠭᠡ ᠪᠦᠯᠦᠭ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠴᠢᠨᠠᠷᠵᠢᠭᠤᠨ ᠪᠥᠭᠡᠳ ᠥᠨᠳᠥᠷ ᠪᠠᠷᠢᠮᠵᠢᠶ᠎ᠠ ᠲᠠᠢ ᠬᠥᠮᠥᠵᠢᠭᠦᠯᠬᠦ ᠶᠠᠪᠤᠳᠠᠯ ᠪᠣᠯᠣᠨ᠎ᠠ ᠃
12. ︽ᠨᠢᠭᠡ ᠶᠢ ᠲᠠᠯᠪᠢᠵᠤ ᠭᠤᠷᠪᠠ ᠶᠢ ᠪᠠᠭᠠᠰᠬᠠᠬᠤ︾ ᠄ ᠲᠤᠬᠠᠶᠢᠯᠠᠪᠠᠯ ᠡᠷᠬᠡ ᠶᠢᠨ ᠵᠦᠢᠯᠡᠰ ᠢ ᠳᠣᠷᠣᠭᠰᠢ ᠪᠠᠭᠤᠯᠭᠠᠬᠤ ᠪᠠ ᠬᠦᠴᠦᠨ ᠦᠭᠡᠢ ᠪᠣᠯᠭᠠᠬᠤ ᠂ ᠠᠵᠢᠯ ᠶᠠᠪᠤᠳᠠᠯ ᠭᠦᠢᠴᠡᠳᠬᠡᠬᠦ ᠮᠠᠲ᠋ᠧᠷᠢᠶᠠᠯ ᠂ ᠠᠵᠢᠯ ᠶᠠᠪᠤᠳᠠᠯ ᠭᠦᠢᠴᠡᠳᠬᠡᠬᠦ ᠳᠡᠰ ᠳᠠᠷᠠᠭᠠᠯᠠᠯ ᠂ ᠠᠵᠢᠯ ᠶᠠᠪᠤᠳᠠᠯ ᠭᠦᠢᠴᠡᠳᠬᠡᠬᠦ ᠴᠠᠭ ᠤᠨ ᠬᠢᠵᠠᠭᠠᠷ ᠢᠶᠠᠨ ᠪᠠᠭᠠᠰᠬᠠᠬᠤ ᠶᠢ ᠵᠢᠭᠠᠵᠤ ᠪᠤᠢ ᠃
13. ︽ᠲᠠᠷᠠᠬᠠᠢ ᠡᠷᠤᠬᠡ ᠶᠢ ᠵᠠᠬ᠎ᠠ ᠳᠡᠯᠭᠡᠭᠦᠷ ᠲᠤ ᠣᠷᠣᠭᠤᠯᠬᠤ︾ ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠠᠵᠤ ᠠᠬᠤᠶᠢᠯᠠᠯ ᠪᠣᠯᠭᠠᠬᠤ︾ ᠂ ︽ᠵᠢᠵᠢᠭ ᠪᠢᠴᠢᠯ ᠠᠵᠤ ᠠᠬᠤᠶᠢᠯᠠᠯ ᠢ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠬᠤ︾ ᠄ ᠲᠤᠬᠠᠶᠢᠯᠠᠪᠠᠯ ᠲᠠᠷᠠᠬᠠᠢ ᠪᠤᠲᠠᠷᠬᠠᠢ ᠬᠤᠳᠠᠯᠳᠤᠭᠠᠴᠢᠨ ᠡᠷᠦᠬᠡ ᠨᠦᠭᠦᠳ ᠢ ᠵᠠᠬ᠎ᠠ ᠳᠡᠯᠭᠡᠭᠦᠷ ᠲᠤ ᠣᠷᠣᠭᠤᠯᠵᠤ ᠲᠥᠪᠯᠡᠷᠡᠭᠦᠯᠦᠨ ᠡᠵᠡᠩᠨᠡᠭᠦᠯᠬᠦ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠶᠢ ᠨᠢ ᠬᠤᠪᠢᠷᠠᠭᠠᠨ ᠳᠡᠰ ᠳᠡᠪᠰᠢᠭᠦᠯᠵᠦ ᠠᠵᠤ ᠠᠬᠤᠶᠢᠯᠠᠯ ᠪᠣᠯᠭᠠᠬᠤ ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠡᠯᠪᠡᠷᠢ ᠶᠢ ᠨᠢ ᠬᠤᠪᠢᠷᠠᠭᠠᠨ ᠳᠡᠰ ᠳᠡᠪᠰᠢᠭᠦᠯᠵᠦ ᠪᠠᠶᠢᠭᠠᠳ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠭᠠᠨ ᠠᠬᠢᠭᠤᠯᠬᠤ ᠶᠢ ᠵᠢᠭᠠᠵᠤ ᠪᠤᠢ ᠃
14. ︽ᠰᠦᠯᠵᠢᠶ᠎ᠡ ᠪᠠᠷ ᠭᠦᠢᠴᠡᠳᠬᠡᠵᠦ ᠴᠡᠴᠡᠷᠯᠢᠭ ᠲᠤ ᠰᠠᠭᠤᠯᠭᠠᠬᠤ︾ ᠂ ︽ᠰᠦᠯᠵᠢᠶ᠎ᠡ ᠪᠠᠷ ᠭᠦᠢᠴᠡᠳᠬᠡᠵᠦ ᠰᠤᠷᠭᠠᠭᠤᠯᠢ ᠳᠤ ᠰᠤᠷᠤᠯᠴᠠᠭᠤᠯᠬᠤ︾ ᠭᠡᠳᠡᠭ ᠨᠢ ᠲᠣᠭᠠᠵᠢᠭᠤᠯᠤᠭᠰᠠᠨ ᠠᠷᠭ᠎ᠠ ᠠᠪᠴᠢᠯ ᠢ ᠬᠡᠷᠡᠭᠯᠡᠵᠦ ᠪᠠᠶᠢᠭᠠᠳ ᠰᠤᠷᠤᠭᠴᠢ ᠡᠯᠰᠡᠵᠦ ᠨᠡᠷ᠎ᠡ ᠮᠡᠳᠡᠭᠦᠯᠬᠦ ᠮᠡᠳᠡᠭᠡ ᠵᠠᠩᠭᠢ ᠶᠢᠨ ᠳ᠋ᠠᠶᠢᠲ᠋ᠠ ᠶᠢᠨ ᠰᠠᠭᠠᠳ ᠲᠣᠳᠬᠠᠷ ᠢ ᠠᠷᠢᠯᠭᠠᠵᠤ ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠰᠦᠯᠵᠢᠶ᠎ᠡ ᠪᠠᠷ ᠭᠦᠢᠴᠡᠳᠬᠡᠬᠦ ᠬᠡᠯᠪᠡᠷᠢ︾ ᠪᠠᠷ ᠬᠡᠦᠬᠡᠳ ᠢ ᠴᠡᠴᠡᠷᠯᠢᠭ ᠲᠤ ᠣᠷᠤᠭᠤᠯᠬᠤ ᠪᠠ ᠰᠤᠷᠭᠠᠭᠤᠯᠢ ᠳᠤ ᠰᠠᠭᠤᠯᠭᠠᠬᠤ ᠶᠢ ᠪᠡᠶᠡᠯᠡᠭᠦᠯᠵᠦ ᠂ ᠪᠦᠬᠦ ᠶᠠᠪᠤᠴᠠ ᠳᠤ ︽ᠭᠡᠷᠡᠴᠢ ᠪᠠᠷᠢᠮᠲᠠ ᠠᠪᠬᠤ ᠦᠭᠡᠢ︾ ᠂ ︽ᠢᠯᠡᠭᠦᠦ ᠭᠦᠶᠦᠯᠭᠡᠬᠦ ᠦᠭᠡᠢ︾ ᠪᠠᠷ ᠭᠦᠢᠴᠡᠳᠬᠡᠬᠦ ᠶᠢ ᠵᠢᠭᠠᠵᠤ ᠪᠤᠢ ᠃
15. ︽ᠭᠤᠷᠪᠠ ᠶᠢ ᠢᠯᠭᠠᠷᠠᠭᠤᠯᠵᠤ ᠨᠢᠭᠡ ᠶᠢ ᠨᠡᠬᠡᠮᠵᠢᠯᠡᠬᠦ︾ ᠭᠡᠳᠡᠭ ᠨᠢ ᠲᠦᠭᠰᠢᠭᠦᠷᠢ ᠶᠡᠬᠡᠲᠡᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠷᠥᠩᠭᠡ ᠪᠠᠨ ᠢᠯᠭᠠᠷᠠᠭᠤᠯᠵᠤ ᠪᠡᠯᠡ ᠮᠥᠩᠭᠦ ᠪᠠᠨ ᠬᠠᠷᠭᠤᠭᠤᠯᠤᠨ ᠪᠣᠳᠠᠲᠠᠶᠢᠵᠢᠭᠤᠯᠬᠤ ᠂ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠠᠪᠬᠤ ᠪᠠᠨ ᠪᠣᠳᠠᠲᠠᠶᠢᠵᠢᠭᠤᠯᠬᠤ ᠂ ᠠᠰᠠᠭᠤᠳᠠᠯ ᠲᠠᠢ ᠬᠤᠪᠢᠴᠠᠭᠠᠲᠠᠨ ᠢ ᠢᠯᠭᠠᠷᠠᠭᠤᠯᠤᠨ ᠪᠤᠴᠠᠭᠠᠬᠤ ᠪᠠᠨ ᠪᠣᠳᠠᠲᠠᠶᠢᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠪᠠᠨ ᠪᠣᠳᠠᠲᠠᠶᠢᠵᠢᠭᠤᠯᠬᠤ ᠶᠢ ᠨᠢ ᠠᠬᠢᠭᠤᠯᠬᠤ ᠶᠢ ᠵᠢᠭᠠᠵᠤ ᠪᠤᠢ ᠃