ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/15

      6 ᠰᠠᠷ᠎ᠠ ᠶᠢᠨ 13 ᠤ ᠡᠳᠦᠷ᠂ 2023 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃

      ᠬᠤᠷᠠᠯ ᠠᠴᠠ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠭᠠᠮᠰᠢᠭ ᠤᠨ ᠴᠢᠨᠠᠷᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ         ᠡᠭᠦᠷᠭᠡ︾ ᠶᠢ ᠨᠠᠶᠢᠳᠠᠪᠤᠷᠢᠵᠢᠭᠤᠯᠬᠤ ᠳᠤ ᠴᠠᠭ ᠠᠭᠤᠷ ᠤᠨ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map