︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/9/20

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

                       

                        ᠥᠪᠥᠷ ᠵᠠᠰᠠᠭ ᠠᠯᠪᠠᠨ ᠲᠠᠷᠬᠠᠭᠠᠭᠰᠠᠨ〔2023〕8 ᠳ᠋ᠤᠭᠠᠷ ᠲᠣᠭᠠᠲᠤ

 

                    ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ

                    ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ ︾ ᠶᠢ ᠳᠠᠷᠤᠮᠠᠯᠯᠠᠨ ᠶᠠᠪᠤᠭᠤᠯᠬᠤ ᠲᠤᠬᠠᠢ

                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄

    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃

                                                                        2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ

      ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠬᠠᠭᠤᠷᠠᠢ ᠶᠢᠨ ᠬᠡᠭᠡᠷ᠎ᠡ ᠶᠢᠨ 

                        ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠬᠠᠮᠢᠶᠠᠷᠤᠯᠲᠠ ᠶᠢᠨ ᠠᠷᠭ᠎ᠠ


      ᠨᠢᠭᠡᠳᠦᠭᠡᠷ ᠵᠦᠢᠯ  ᠨᠢᠭᠡᠴᠢ ᠪᠠ ᠬᠤᠪᠢ ᠬᠥᠮᠥᠨ ᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠵᠠᠰᠠᠭ ᠤᠨ ᠣᠷᠳᠣᠨ ᠠᠴᠠ ᠨᠥᠬᠦᠪᠦᠷᠢᠯᠡᠬᠦ ᠶᠢ ᠬᠠᠤᠯᠢ ᠶᠣᠰᠣᠭᠠᠷ ᠬᠦᠷᠲᠡᠬᠦ ᠡᠷᠬᠡ ᠶᠢ ᠨᠢ ᠪᠠᠲᠤᠯᠠᠬᠤ ᠶᠢᠨ ᠲᠤᠰᠠᠳᠠ᠂

︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠠᠮᠠᠭᠠᠯᠠᠯᠲᠠ ᠶᠢᠨ ᠬᠡᠷᠡᠭᠵᠢᠭᠦᠯᠬᠦ ᠳᠦᠷᠢᠮ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ ᠃

      ᠬᠤᠶᠠᠳᠤᠭᠠᠷ ᠵᠦᠢᠯ  ᠲᠤᠰ ᠠᠷᠭ᠎ᠠ ᠳᠤ ᠬᠡᠯᠡᠵᠦ ᠪᠠᠶᠢᠭ᠎ᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠭᠡᠳᠡᠭ ᠨᠢ ᠬᠠᠤᠯᠢ ᠶᠣᠰᠣᠭᠠᠷ ᠬᠠᠮᠠᠭᠠᠯᠠᠭᠳᠠᠵᠤ ᠪᠠᠶᠢᠭ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠵᠢᠴᠢ ᠴᠢᠬᠤᠯᠠ ᠠᠮᠢ ᠠᠬᠤᠢ᠂ ᠰᠢᠨᠵᠢᠯᠡᠬᠦ ᠤᠬᠠᠭᠠᠨ᠂ ᠨᠡᠶᠢᠭᠡᠮ ᠤᠨ ᠦᠨ᠎ᠡ ᠥᠷᠲᠡᠭ ᠲᠠᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠢᠭᠠᠵᠤ ᠪᠤᠶ᠃

      ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠲᠤᠰ ᠠᠷᠭ᠎ᠠ ᠳᠤ ᠲᠣᠭᠲᠠᠭᠠᠭᠰᠠᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠠᠵᠢᠯ ᠳᠤ ᠲᠤᠰ ᠠᠷᠭ᠎ᠠ ᠬᠡᠷᠡᠭᠯᠡᠭᠳᠡᠨ᠎ᠡ᠃

      ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠳᠤ ᠬᠥᠨᠥᠭᠡᠭᠳᠡᠭᠰᠡᠨ ᠳᠤ ᠨᠥᠬᠦᠪᠦᠷᠢᠯᠡᠬᠦ ᠪᠠᠨ ᠨᠢᠭᠡᠨᠲᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠣᠷᠣᠭᠤᠯᠤᠭᠰᠠᠨ ᠬᠤᠰᠢᠭᠤ ᠰᠢᠶᠠᠨ ︵ ᠬᠤᠲᠠ᠂ ᠲᠣᠭᠤᠷᠢᠭ︶ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠣᠷᠣᠨ ᠳᠤ ᠭᠠᠷᠤᠭᠰᠠᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠤᠣᠷ ᠬᠥᠨᠥᠭᠡᠯ ᠪᠠ ᠬᠥᠨᠥᠭᠡᠭᠳᠡᠭᠰᠡᠨ ᠪᠠᠶᠢᠳᠠᠯ ᠨᠢ ᠳᠠᠭᠠᠳᠬᠠᠯ ᠤᠨ ᠭᠡᠷ᠎ᠡ ᠶᠢᠨ ᠲᠥᠯᠥᠬᠦ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ ᠲᠤᠰ ᠠᠷᠭ᠎ᠠ ᠬᠡᠷᠡᠭᠯᠡᠭᠳᠡᠨ᠎ᠡ ᠃

      ᠭᠤᠷᠪᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ ᠃

      ᠬᠤᠰᠢᠭᠤ ᠰᠢᠶᠠᠨ ︵ ᠬᠤᠲᠠ᠂ ᠲᠣᠭᠤᠷᠢᠭ ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠳᠣᠲᠣᠷᠠᠬᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠳᠠᠯ ᠢ ᠬᠢᠨᠠᠨ ᠬᠠᠷᠭᠤᠭᠤᠯᠬᠤ᠂ ᠦᠨᠡᠯᠡᠬᠦ᠂ ᠨᠥᠬᠦᠪᠦᠷᠢᠯᠡᠬᠦ ᠠᠵᠢᠯ ᠢ ᠬᠠᠷᠢᠭᠤᠴᠠᠨ᠎ᠠ ᠃

      ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠤᠬᠢᠷᠠᠯ ᠤᠴᠠᠷᠠᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠬᠦ ᠠᠵᠢᠯ ᠢ ᠰᠠᠶᠢᠲᠤᠷ ᠬᠢᠵᠦ᠂ ᠭᠠᠴᠠᠭ᠎ᠠ ᠲᠣᠰᠬᠤᠨ ᠤ ᠵᠥᠪᠯᠡᠯ ︵ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ︶  ᠨᠢ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ ᠃

      ᠡᠯ᠎ᠡ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ ︶ ᠤ ᠡᠳ᠋ ᠤᠨ ᠵᠠᠰᠠᠭ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ ᠤᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠤᠭᠰᠠᠨ ᠬᠥᠨᠥᠭᠡᠯ ᠳᠤ ᠪᠠᠶᠢᠴᠠᠭᠠᠯᠲᠠ ᠬᠢᠬᠦ᠂ ᠨᠤᠲᠠᠯᠠᠨ ᠲᠣᠭᠲᠠᠭᠠᠬᠤ ᠵᠡᠷᠭᠡ ᠨᠥᠬᠦᠪᠦᠷᠢᠯᠡᠬᠦ  ᠯᠦᠭᠡ ᠬᠠᠮᠢᠶ᠎ᠠ ᠪᠦᠬᠦᠢ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ ᠃

      ᠳᠥᠷᠪᠡᠳᠦᠭᠡᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠰᠢᠭᠤ ᠰᠢᠶᠠᠨ ︵ ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠤᠬᠢᠷᠠᠯ ᠤᠴᠠᠷᠠᠭᠤᠯᠬᠤ ᠶᠢ ᠰᠡᠷᠭᠡᠶᠢᠯᠡᠨ ᠡᠵᠡᠮᠳᠡᠬᠦ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ ᠪᠠ ᠬᠤᠬᠢᠷᠠᠯ ᠢ ᠨᠥᠬᠦᠪᠦᠷᠢᠯᠡᠬᠦ ᠵᠡᠷᠭᠡ ᠵᠠᠷᠤᠳᠠᠯ ᠢ ᠲᠤᠰ ᠱᠠᠲᠤᠨ ᠤ ᠪᠠᠨ ᠡᠳ᠋ ᠤᠨ ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ ᠃

      ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠳᠤ ᠨᠥᠬᠦᠪᠦᠷᠢᠯᠡᠬᠦ ᠶᠢ ᠂ ᠠᠶᠢᠮᠠᠭ ᠬᠤᠲᠠ᠂ ᠬᠤᠰᠢᠭᠤ ᠰᠢᠶᠠᠨ ︵ ᠬᠤᠲᠠ᠂ ᠲᠣᠭᠤᠷᠢᠭ︶  ᠨᠢ ᠬᠠᠷᠢᠶᠠᠲᠤ ᠭᠠᠵᠠᠷ ᠢᠶᠠᠷ ᠬᠠᠮᠢᠶᠠᠷᠬᠤ ᠵᠠᠷᠴᠢᠮ ᠶᠣᠰᠣᠭᠠᠷ᠂ ᠨᠥᠬᠦᠪᠦᠷᠢᠯᠡᠬᠦ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠠᠵᠢᠯ ᠶᠠᠪᠤᠳᠠᠯ ᠤᠨ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠲᠣᠬᠢᠷᠠᠯᠴᠠᠭᠤᠯᠬᠤ ᠵᠠᠷᠴᠢᠮ ᠶᠣᠰᠣᠭᠠᠷ᠂ ᠨᠥᠬᠦᠪᠦᠷᠢᠯᠡᠬᠦ ᠪᠡᠯᠡ ᠮᠥᠩᠭᠦ ᠶᠢ ᠨᠠᠶᠢᠳᠠᠪᠤᠷᠢᠵᠢᠭᠤᠯᠤᠨ᠎ᠠ ᠃

      ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠳᠣᠣᠷᠠᠬᠢ ᠠᠵᠢᠯ ᠢ ᠰᠠᠶᠢᠲᠤᠷ ᠬᠢᠬᠦ ᠬᠡᠷᠡᠭᠲᠡᠢ᠄

      ︵ ᠨᠢᠭᠡ︶ ᠬᠠᠮᠢᠶ᠎ᠠ ᠪᠦᠬᠦᠢ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠳᠦᠷᠰᠦ ᠶᠢᠨ ᠰᠦᠷᠦᠭ ᠤᠨ ᠲᠤᠭ᠎ᠠ ᠬᠡᠮᠵᠢᠶ᠎ᠡ ᠪᠣᠯᠣᠨ ᠲᠠᠷᠬᠠᠯᠲᠠ ᠶᠢᠨ ᠣᠷᠣᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠶᠢᠨ ᠬᠠᠮᠲᠤ ᠂ ᠰᠢᠨᠵᠢᠯᠡᠬᠦ ᠤᠬᠠᠭᠠᠨᠴᠢ ᠪᠦᠲᠦᠮᠵᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠢ︔

      ︵ ᠬᠤᠶᠠᠷ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠦᠷᠭᠦᠯᠵᠢ ᠢᠯᠡᠷᠡᠳᠡᠭ ᠣᠷᠣᠨ ᠪᠦᠰᠡ ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠭᠠᠷ ᠠᠪᠤᠯᠭ᠎ᠠ ᠲᠠᠷᠬᠠᠭᠠᠵᠤ᠂ ᠲᠧᠯᠸᠢᠰ᠂ ᠷᠠᠳᠢᠣ᠋᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠭᠯᠠᠨ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠤᠬᠠᠭᠤᠯᠵᠤ᠂ ᠠᠷᠠᠳ ᠣᠯᠠᠨ ᠤ ᠬᠠᠮᠠᠭᠠᠯᠠᠬᠤ ᠬᠢᠭᠡᠳ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ︔

      ︵ ᠭᠤᠷᠪᠠ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠡᠪᠰᠢᠯ ᠵᠠᠩᠰᠢᠯ᠂ ᠰᠡᠷᠭᠡᠶᠢᠯᠡᠨ ᠬᠠᠮᠠᠭᠠᠯᠠᠬᠤ ᠮᠡᠷᠭᠡᠵᠢᠯ ᠵᠡᠷᠭᠡ ᠠᠭᠤᠯᠭ᠎ᠠ ᠯᠤᠭ᠎ᠠ ᠬᠤᠯᠪᠣᠭᠳᠠᠯ ᠪᠦᠬᠦᠢ ᠪᠣᠯᠪᠠᠰᠤᠷᠠᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︔

      ︵ ᠳᠥᠷᠪᠡ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ︔

      ︵ ᠲᠠᠪᠤ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠭᠡᠮᠲᠦᠭᠡᠵᠦ ᠬᠤᠬᠢᠷᠠᠭᠤᠯᠬᠤ ᠪᠣᠯᠣᠮᠵᠢᠲᠠᠢ ᠪᠠᠶᠢᠳᠠᠯ ᠢ ᠰᠡᠷᠭᠡᠶᠢᠯᠡᠬᠦ ᠪᠠ ᠡᠵᠡᠮᠳᠡᠬᠦ ᠮᠡᠷᠭᠡᠵᠢᠯ᠂ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠶᠡᠷᠦᠩᠬᠡᠶᠢᠯᠡᠨ ᠠᠰᠢᠭᠯᠠᠵᠤ᠂ ᠲᠥᠯᠥᠪᠯᠡᠭᠡ ᠲᠠᠢ ᠪᠠᠷ ᠠᠩᠨᠠᠬᠤ ᠂ ᠳᠦᠷᠰᠦ ᠶᠢᠨ ᠰᠦᠷᠦᠭ ᠢ ᠨᠢ ᠡᠵᠡᠮᠰᠢᠨ ᠲᠣᠬᠢᠷᠠᠭᠤᠯᠬᠤ ᠵᠡᠷᠭᠡ ᠶᠢ ᠰᠢᠨᠵᠢᠯᠡᠬᠦ ᠤᠬᠠᠭᠠᠨᠴᠢ ᠪᠠᠷ ᠨᠤᠲᠠᠯᠠᠬᠤ ᠬᠡᠷᠡᠭᠲᠡᠢ︔

      ︵ ᠵᠢᠷᠭᠤᠭ᠎ᠠ︶ ᠳᠠᠭᠠᠳᠬᠠᠯ ᠤᠨ ᠪᠠᠶᠢᠭᠤᠯᠤᠮᠵᠢ ᠶᠢᠨ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠶᠢ ᠭᠡᠮᠲᠦᠭᠡᠵᠦ ᠬᠤᠬᠢᠷᠠᠭᠤᠯᠤᠭᠰᠠᠨ ᠳᠤ ᠲᠥᠯᠥᠪᠦᠷᠢ ᠥᠭᠬᠦ ᠲᠥᠷᠥ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠨᠢ ᠢᠳᠡᠪᠬᠢᠲᠡᠢ ᠠᠬᠢᠭᠤᠯᠬᠤ ᠬᠡᠷᠡᠭᠲᠡᠢ᠃

      ᠵᠢᠷᠭᠤᠳᠤᠭᠠᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠬᠤᠬᠢᠷᠠᠯ ᠭᠠᠷᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠠᠴᠠ ᠨᠥᠬᠦᠪᠦᠷᠢᠯᠡᠨ᠎ᠡ᠄

      ︵ ᠨᠢᠭᠡ︶ ᠠᠷᠠᠳ ᠢᠷᠭᠡᠨ ᠭᠡᠮᠲᠦᠭᠰᠡᠨ ᠪᠤᠶᠤ ᠠᠳᠡᠭᠰᠡᠨ︔

      ︵ ᠬᠤᠶᠠᠷ︶ ᠬᠠᠰᠢᠶᠠᠯᠠᠨ ᠲᠡᠵᠢᠭᠡᠵᠦ ᠪᠠᠶᠢᠭ᠎ᠠ ᠪᠤᠶᠤ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡ ᠳᠤ ᠪᠡᠯᠴᠢᠭᠡᠷᠯᠡᠭᠦᠯᠵᠦ ᠪᠠᠶᠢᠭ᠎ᠠ ᠮᠠᠯ ᠵᠢᠭᠦᠷᠲᠡᠨ ᠭᠡᠮᠲᠦᠭᠰᠡᠨ ᠪᠤᠶᠤ ᠦᠬᠦᠭᠰᠡᠨ︔

      ︵ ᠭᠤᠷᠪᠠ︶ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠣᠷᠣᠨ ᠪᠦᠰᠡᠨ ᠳᠤ ᠳᠠᠷᠢᠭᠰᠠᠨ ᠲᠠᠷᠢᠮᠠᠯ ︵ ᠡᠪᠡᠰᠦ ᠪᠡᠯᠴᠢᠭᠡᠷ︶ ᠂ ᠠᠵᠤ ᠠᠬᠤᠢ ᠶᠢᠨ ᠤᠢ ᠮᠣᠳᠣ ᠵᠡᠷᠭᠡ ᠶᠢ ᠰᠢᠭᠤᠳ ᠬᠤᠬᠢᠷᠠᠭᠤᠯᠤᠭᠰᠠᠨ︔

      ︵ ᠳᠥᠷᠪᠡ︶ ᠣᠯᠠᠨ ᠲᠦᠮᠡᠨ ᠤ ᠡᠳᠦᠷ ᠲᠤᠲᠤᠮ ᠤᠨ ᠰᠠᠭᠤᠵᠤ ᠬᠡᠷᠡᠭᠯᠡᠵᠦ ᠪᠠᠶᠢᠭ᠎ᠠ ᠭᠡᠷ ᠪᠠᠶᠢᠰᠢᠩ᠂ ᠭᠡᠷ ᠤᠨ ᠬᠡᠷᠡᠭᠰᠡᠯ᠂ ᠮᠠᠯ ᠤᠨ ᠬᠠᠰᠢᠶ᠎ᠠ ᠰᠠᠷᠠᠪᠴᠢ ᠵᠡᠷᠭᠡ ᠦᠢᠯᠡᠳᠪᠦᠷᠢᠯᠡᠯ ᠠᠮᠢᠳᠤᠷᠠᠯ ᠤᠨ ᠪᠡᠯᠡᠳᠬᠡᠮᠵᠢ ᠶᠢ ᠬᠤᠬᠢᠷᠠᠭᠤᠯᠤᠭᠰᠠᠨ︔

      ︵ ᠲᠠᠪᠤ︶ ᠬᠤᠰᠢᠭᠤ ᠰᠢᠶᠠᠨ ︵ ᠬᠤᠳᠠ᠂ ᠲᠣᠭᠤᠷᠢᠭ︶ ᠤ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃

      ᠳᠣᠯᠣᠳᠤᠭᠠᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠶᠢ ᠬᠤᠬᠢᠷᠠᠭᠤᠯᠤᠭᠰᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠠᠴᠠ ᠨᠥᠬᠦᠪᠦᠷᠢᠯᠡᠬᠦ ᠦᠭᠡᠢ᠄

      ︵ ᠨᠢᠭᠡ ︶ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠰᠠᠨᠠᠭᠠᠴᠢᠯᠠᠭ᠎ᠠ ᠲᠠᠢ ᠪᠠᠷ ᠴᠣᠬᠢᠨ ᠳᠠᠭᠠᠷᠢᠬᠤ ᠪᠤᠶᠤ ᠵᠣᠷᠢᠭᠤᠳᠠ ᠭᠡᠮᠲᠦᠭᠡᠵᠦ᠂ ᠥᠳᠥᠭᠡᠵᠦ ᠪᠠᠶᠢᠭᠠᠳ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔

      ︵ ᠬᠤᠶᠠᠷ︶ ᠬᠠᠤᠯᠢ ᠪᠤᠰᠤ ᠪᠠᠷ ᠠᠩ ᠠᠩᠨᠠᠭᠰᠠᠨ ᠪᠤᠶᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠳᠤᠷ᠎ᠠ ᠪᠠᠷ ᠢᠶᠠᠨ ᠣᠷᠣᠭᠠᠳ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔

      ︵ ᠭᠤᠷᠪᠠ︶ ᠬᠤᠪᠢᠶᠠᠷᠢᠯᠠᠨ ᠲᠣᠭᠲᠠᠭᠠᠭᠰᠠᠨ ᠦᠢᠯᠡᠳᠪᠦᠷᠢᠯᠡᠯ ᠡᠵᠡᠩᠨᠡᠯᠲᠡ ᠶᠢᠨ ᠬᠡᠪᠴᠢᠶᠡᠨ ᠠᠴᠠ ᠭᠠᠳᠠᠨᠠᠬᠢ ᠲᠠᠷᠢᠮᠠᠯ᠂ ᠠᠵᠤ ᠠᠬᠤᠢ ᠶᠢᠨ ᠣᠢ ᠮᠣᠳᠣ ᠪᠤᠶᠤ ᠠᠷᠠᠴᠢᠯᠠᠨ ᠲᠡᠵᠢᠭᠡᠭᠰᠡᠨ ᠮᠠᠯ ᠵᠢᠭᠦᠷᠲᠡᠨ ᠢ ᠬᠤᠬᠢᠷᠠᠭᠤᠯᠤᠭᠰᠠᠨ︔

      ︵ ᠳᠥᠷᠪᠡ︶ ᠬᠠᠤᠯᠢ ᠠᠴᠠ ᠵᠥᠷᠢᠴᠡᠵᠦ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠳᠠᠰᠬᠠᠨ ᠲᠡᠵᠢᠭᠡᠬᠦ᠂ ᠦᠷᠡᠵᠢᠭᠦᠯᠬᠦ᠂ ᠡᠵᠡᠩᠨᠡᠬᠦ᠂ ᠠᠰᠢᠭᠯᠠᠬᠤ ᠵᠢᠴᠢ ᠵᠥᠭᠡᠭᠡᠪᠦᠷᠢᠯᠡᠭᠡᠳ ᠬᠥᠮᠥᠨ ᠠᠳᠡᠵᠦ ᠭᠡᠮᠲᠦᠭᠰᠡᠨ ᠪᠤᠶᠤ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ︔

      ︵ ᠲᠠᠪᠤ︶ ᠭᠤᠷᠪᠠᠳᠠᠭᠢ ᠡᠲᠡᠭᠡᠳ ᠠᠴᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠵᠣᠷᠢᠭᠤᠳᠠ ᠥᠷᠭᠦᠭᠡᠨ ᠳᠦᠷᠪᠡᠭᠡᠵᠦ᠂ ᠰᠣᠴᠢᠭᠠᠵᠤ ᠨᠠᠳᠬᠤᠭᠤᠯᠤᠭᠰᠠᠨ ᠠᠴᠠ ᠪᠣᠯᠵᠤ ᠬᠥᠮᠥᠨ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠪᠠᠯ᠂ ᠭᠤᠷᠪᠠᠳᠠᠭᠢ ᠡᠲᠡᠭᠡᠳ ᠠᠴᠠ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔

      ︵ ᠵᠢᠷᠭᠤᠭ᠎ᠠ︶ ᠬᠤᠰᠢᠭᠤ ᠰᠢᠶᠠᠨ ︵ ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠥᠬᠦᠪᠦᠷᠢᠯᠡᠬᠦ ᠦᠭᠡᠢ ᠪᠠᠷ ᠮᠠᠭᠠᠳᠯᠠᠨ ᠲᠣᠭᠲᠠᠭᠠᠭᠰᠠᠨ ᠪᠤᠰᠤᠳ ᠪᠠᠶᠢᠳᠠᠯ᠃

      ᠨᠠᠢᠮᠠᠳᠤᠭᠠᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠥᠮᠥᠨ ᠤ ᠬᠦᠴᠦ ᠪᠠᠷ ᠦᠷᠡᠵᠢᠭᠦᠯᠵᠦ ᠪᠣᠶᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ᠂ ᠬᠠᠮᠢᠶᠠᠷᠤᠯᠲᠠ ᠮᠠᠭᠤ ᠠᠴᠠ ᠪᠣᠯᠵᠤ ᠬᠥᠮᠥᠨ ᠠᠳᠡᠵᠦ ᠭᠡᠮᠲᠦᠭᠰᠡᠨ ᠪᠠ ᠡᠳ᠋ ᠬᠥᠷᠥᠩᠭᠡ ᠶᠢᠨ ᠬᠤᠬᠢᠷᠠᠯ ᠭᠠᠷᠤᠭᠰᠠᠨ ᠪᠠᠶᠢᠪᠠᠯ᠂ ᠬᠥᠮᠥᠨ ᠤ ᠬᠦᠴᠦ ᠪᠠᠷ ᠦᠷᠡᠵᠢᠭᠦᠯᠵᠦ ᠪᠣᠶᠢᠵᠢᠭᠤᠯᠬᠤ᠂ ᠡᠵᠡᠩᠨᠡᠨ ᠠᠰᠢᠭᠯᠠᠬᠤ ᠵᠢᠴᠢ ᠵᠥᠭᠡᠭᠡᠪᠦᠷᠢᠯᠡᠬᠦ ᠨᠢᠭᠡᠴᠢ ᠪᠤᠶᠤ ᠬᠤᠪᠢ ᠬᠥᠮᠥᠨ ᠬᠠᠤᠯᠢ ᠶᠣᠰᠣᠭᠠᠷ ᠢᠷᠭᠡᠨ ᠤ ᠬᠡᠷᠡᠭ ᠤᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃

      ᠶᠢᠰᠦᠳᠦᠭᠡᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠠᠴᠠ ᠪᠣᠯᠵᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠵᠣᠭᠤᠰ ᠢ ᠳᠣᠣᠷᠠᠬᠢ ᠲᠣᠭᠲᠠᠭᠠᠯ ᠶᠣᠰᠣᠭᠠᠷ ᠪᠣᠳᠣᠨ᠎ᠠ᠄

      ︵ ᠨᠢᠭᠡ︶ ᠬᠥᠮᠥᠨ ᠬᠠᠷ᠎ᠠ ᠶᠢ ᠭᠡᠮᠲᠦᠭᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ ᠵᠢᠴᠢ ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ ᠵᠡᠷᠭᠡ ᠳᠤ ᠨᠥᠬᠦᠪᠦᠷᠢᠯᠡᠨ᠎ᠡ ᠃ ᠠᠵᠢᠯ ᠰᠠᠭᠠᠲᠠᠭᠰᠠᠨ ᠤ ᠬᠠᠷᠠᠭ᠎ᠠ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠂ ᠪᠠᠶᠢᠭ᠎ᠠ ᠭᠠᠵᠠᠷ ᠤᠨ ᠳᠡᠭᠡᠷ᠎ᠡ ᠣᠨ ᠤ ᠠᠵᠢᠯᠲᠠᠨ ᠠᠵᠢᠯᠴᠢᠨ ᠤ ᠡᠳᠦᠷ ᠤᠨ ᠳᠤᠮᠳᠠᠴᠢ ᠴᠠᠯᠢᠩ ᠢ ᠠᠵᠢᠯ ᠰᠠᠭᠠᠲᠠᠭᠰᠠᠨ ᠴᠠᠭ ᠢᠶᠠᠷ ᠦᠷᠡᠵᠢᠭᠦᠯᠵᠦ ᠪᠣᠳᠣᠨ ᠂ ᠠᠵᠢᠯ ᠰᠠᠭᠠᠲᠠᠭᠰᠠᠨ ᠴᠠᠭ ᠢ ᠬᠤᠬᠢᠷᠠᠯ ᠠᠮᠰᠠᠭᠴᠢ ᠶᠢᠨ ᠡᠮᠨᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠭᠠᠭᠰᠠᠨ ᠬᠦᠴᠦᠨ ᠪᠦᠬᠦᠢ ᠭᠡᠷᠡᠴᠢ ᠶᠢ ᠦᠨᠳᠦᠰᠦᠯᠡᠨ ᠲᠣᠭᠲᠠᠭᠠᠨ᠎ᠠ ᠃ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ ᠲᠤᠭ᠎ᠠ ᠶᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠭᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 3 ᠳᠠᠬᠢᠨ ᠠᠴᠠ ᠳᠠᠪᠠᠭᠤᠯᠬᠤ ᠦᠭᠡᠢ︔

      ︵ ᠬᠤᠶᠠᠷ︶ ᠬᠥᠮᠥᠨ ᠤ ᠬᠥᠳᠡᠯᠮᠦᠷᠢᠯᠡᠬᠦ ᠴᠢᠳᠠᠪᠤᠷᠢ ᠶᠢ ᠨᠢ ᠬᠡᠰᠡᠭ ᠪᠤᠶᠤ ᠪᠦᠬᠦᠠ ᠢᠶᠠᠷ ᠠᠯᠳᠠᠭᠤᠯᠤᠭᠰᠠᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ ᠵᠡᠷᠭᠡ ᠶᠢ ᠨᠢᠭᠡ ᠯᠡ ᠤᠳᠠᠭ᠎ᠠ ᠪᠠᠷ ᠨᠥᠬᠦᠪᠦᠷᠢᠯᠡᠨ᠎ᠡ ᠃ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰ ᠢ  ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠦᠨᠳᠦᠰᠦᠯᠡᠵᠦ ᠲᠣᠭᠲᠠᠭᠠᠨ᠎ᠠ ᠃ ᠬᠥᠳᠡᠯᠮᠦᠷᠢᠯᠡᠬᠦ ᠴᠢᠳᠠᠪᠤᠷᠢ ᠪᠠᠨ ᠬᠡᠰᠡᠭ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 5 ᠠᠴᠠ 10 ᠳᠠᠬᠢᠨ ᠪᠣᠯᠣᠨ᠎ᠠ︔ ᠬᠥᠳᠡᠯᠮᠦᠷᠢᠯᠡᠬᠦ ᠴᠢᠳᠠᠪᠤᠷᠢ ᠪᠠᠨ ᠪᠥᠬᠦᠨ ᠢᠶᠠᠷ ᠠᠯᠳᠠᠭᠰᠠᠨ ᠪᠠᠶᠢᠪᠠᠯ᠂ ᠨᠢᠭᠡ ᠯᠡ ᠤᠳᠠᠭ᠎ᠠ ᠪᠠᠷ ᠨᠥᠬᠦᠪᠦᠷᠢᠯᠡᠬᠦ ᠵᠣᠭᠤᠰᠤᠨ ᠤ ᠬᠠᠮᠤᠭ ᠤᠨ ᠶᠡᠭᠡ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10 ᠠᠴᠠ 15 ᠳᠠᠬᠢᠨ ᠪᠣᠯᠣᠨ᠎ᠠ︔

      ︵ ᠭᠤᠷᠪᠠ︶ ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ ᠂ ᠬᠤᠬᠢᠷᠠᠯ ᠠᠮᠰᠠᠭᠴᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠬᠥᠳᠡᠯᠮᠦᠷᠢᠯᠡᠬᠦ ᠴᠢᠳᠠᠪᠤᠷᠢ ᠪᠠᠨ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠵᠤ᠂ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠬᠤ ᠪᠠᠶᠢᠭᠤᠯᠤᠮᠵᠢ ᠨᠢ ︽ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ︾ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠬᠡᠮᠵᠢᠶ᠎ᠡ ᠶᠢ ᠨᠢ ᠲᠣᠭᠲᠠᠭᠠᠨ᠎ᠠ ᠂ ᠰᠢᠯᠭᠠᠨ ᠲᠣᠭᠲᠠᠭᠠᠬᠤ ᠵᠠᠷᠤᠳᠠᠯ ᠢ ᠬᠤᠬᠢᠷᠠᠯ ᠠᠮᠰᠠᠭᠴᠢ ᠤᠷᠢᠳᠴᠢᠯᠠᠵᠤ ᠥᠭᠭᠦᠨ᠎ᠡ︔

      ︵ ᠳᠥᠷᠪᠡ︶ ᠬᠥᠮᠥᠨ ᠬᠠᠷ᠎ᠠ ᠠᠳᠡᠭᠰᠡᠨ ᠪᠠᠶᠢᠪᠠᠯ᠂ ᠬᠤᠬᠢᠷᠠᠯ ᠠᠮᠰᠠᠭᠴᠢ ᠶᠢᠨ ᠵᠠᠷᠤᠴᠠᠭᠤᠯᠤᠭᠰᠠᠨ ᠡᠮᠴᠢᠯᠡᠭᠡᠨ ᠤ ᠵᠠᠷᠤᠳᠠᠯ᠂ ᠠᠵᠢᠯ ᠰᠠᠭᠠᠲᠠᠭᠰᠠᠨ ᠵᠠᠷᠤᠳᠠᠯ᠂ ᠣᠷᠣᠰᠢᠭᠤᠯᠭ᠎ᠠ ᠶᠢᠨ ᠵᠠᠷᠤᠳᠠᠯ ᠵᠡᠷᠭᠡ ᠶᠢ ᠨᠢᠭᠡ ᠯᠠ ᠤᠳᠠᠭ᠎ᠠ ᠪᠠᠷ ᠨᠥᠬᠦᠪᠦᠷᠢᠯᠡᠨ᠎ᠡ᠃ ᠶᠡᠷᠦᠩᠬᠡᠢ ᠲᠤᠭ᠎ᠠ ᠨᠢ ᠳᠡᠭᠡᠷ᠎ᠡ ᠣᠨ ᠤ ᠥᠪᠡᠷᠲᠡᠭᠡᠨ ᠵᠠᠰᠠᠬᠤ ᠣᠷᠣᠨ ᠤ ᠪᠦᠬᠦ ᠰᠠᠭᠤᠭᠠᠯᠢ ᠠᠷᠠᠳ ᠤᠨ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 15 ᠳᠠᠬᠢᠨ ᠪᠣᠯᠣᠨ᠎ᠠ︔

      ︵ ᠲᠠᠪᠤ︶ ᠲᠠᠷᠢᠮᠠᠯ᠂ ᠠᠵᠤ ᠠᠬᠤᠢ ᠶᠢᠨ ᠤᠢ ᠮᠣᠳᠣᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠤᠬᠢᠷᠠᠭᠰᠠᠨ ᠬᠡᠰᠡᠭ ᠢ ᠨᠢ ᠳᠡᠭᠡᠷ᠎ᠡ ᠣᠨ ᠤ ᠲᠤᠬᠠᠢ ᠶᠢᠨ ᠭᠠᠵᠠᠷ ᠤᠨ ᠲᠤᠰ ᠲᠦᠷᠦᠯ ᠤᠨ ᠲᠠᠷᠢᠮᠠᠯ᠂ ᠠᠵᠤ ᠠᠬᠤᠢ ᠶᠢᠨ ᠤᠢ ᠮᠣᠳᠣᠨ ᠤ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠪᠠᠷ ᠪᠤᠳᠦᠵᠦ᠂ ᠪᠦᠬᠦ ᠬᠤᠬᠢᠷᠠᠭᠰᠠᠨ ᠬᠡᠮᠵᠢᠶᠡᠨ ᠤ 60 % ᠪᠠᠷ ᠨᠥᠬᠦᠪᠦᠷᠢᠯᠡᠨ᠎ᠡ︔

      ︵ ᠵᠢᠷᠭᠤᠭ᠎ᠠ︶ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠰᠢᠷᠬᠠᠲᠤᠭᠤᠯᠤᠭᠰᠠᠨ ᠪᠠᠶᠢᠪᠠᠯ᠂ ᠲᠤᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 30% ᠪᠠᠷ ᠨᠥᠬᠦᠪᠦᠷᠢᠯᠡᠨ᠎ᠡ︔ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢ ᠦᠬᠦᠭᠦᠯᠦᠭᠰᠡᠨ ᠪᠠᠶᠢᠪᠠᠯ᠂ ᠲᠣᠰ ᠲᠥᠷᠥᠯ ᠤᠨ ᠭᠡᠷ ᠤᠨ ᠵᠢᠭᠦᠷᠲᠡᠨ ᠭᠡᠷ ᠤᠨ ᠲᠡᠵᠢᠭᠡᠪᠦᠷᠢ ᠶᠢᠨ ᠲᠤᠬᠠᠢ ᠶᠢᠨ ᠦᠶ᠎ᠡ ᠶᠢᠨ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠬᠠᠩᠰᠢ ᠶᠢᠨ 60%  ᠪᠠᠷ ᠨᠥᠬᠦᠪᠦᠷᠢᠯᠡᠨ᠎ᠡ︔

      ︵ ᠳᠣᠯᠤᠭ᠎ᠠ︶ ᠲᠣᠰ ᠠᠷᠭ᠎ᠠ ᠶᠢᠨ ᠵᠢᠷᠭᠤᠳᠤᠭᠠᠷ ᠵᠦᠢᠯ ᠤᠨ ︵ ᠳᠥᠷᠪᠡ︶ ︵ ᠲᠠᠪᠤ︶ ᠳ᠋ᠤᠭᠠᠷ ᠵᠤᠷᠪᠤᠰ ᠲᠤ ᠨᠡᠶᠢᠴᠡᠵᠦ᠂ ᠪᠤᠰᠤᠳ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠪᠣᠳᠠᠲᠠᠢ ᠢᠷᠡᠯᠲᠡ ᠶᠢᠨ ᠪᠠᠷᠢᠮᠵᠢᠶ᠎ᠠ ᠶᠢ ᠬᠤᠰᠢᠭᠤ ᠰᠢᠶᠠᠨ ︵ ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠵᠤ᠂ ᠨᠥᠬᠦᠪᠦᠷᠢᠯᠡᠬᠦ ᠲᠤᠭ᠎ᠠ ᠨᠢ ᠬᠤᠬᠢᠷᠠᠭᠰᠠᠨ ᠬᠡᠰᠡᠭ ᠤᠨ ᠵᠠᠬ᠎ᠠ ᠳᠡᠯᠭᠡᠭᠦᠷ ᠤᠨ ᠥᠷᠲᠡᠭ ᠤᠨ 50 %  ᠠᠴᠠ ᠶᠡᠭᠡ ᠪᠠᠶᠢᠵᠤ ᠪᠣᠯᠬᠤ ᠦᠭᠡᠢ ᠃

      ᠠᠷᠪᠠᠳᠤᠭᠠᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠬᠥᠮᠥᠨ ᠢ ᠠᠳᠡᠬᠡᠵᠦ ᠭᠡᠮᠲᠦᠭᠡᠭᠰᠡᠨ ᠪᠠ ᠡᠳ᠋ ᠬᠥᠷᠥᠩᠭᠡ ᠶᠢ ᠬᠤᠬᠢᠷᠠᠭᠤᠯᠵᠤ᠂ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠳᠤ ᠨᠢ ᠨᠡᠶᠢᠴᠡᠪᠡᠯ᠂ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠴᠠᠭ ᠲᠤᠬᠠᠢ ᠳᠤ  ᠨᠢ ᠬᠡᠷᠡᠭ ᠤᠨ ᠡᠭᠦᠰᠣᠭ᠍ᠰᠡᠨ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠮᠡᠳᠡᠭᠦᠯᠬᠦ ᠶᠢᠨ ᠬᠠᠮᠲᠤ ᠂ ᠲᠤᠬᠠᠢ ᠶᠢᠨ ᠭᠠᠵᠠᠷ ᠢ ᠨᠢ ᠬᠠᠮᠠᠭᠠᠯᠠᠵᠤ ᠂ ᠬᠠᠷᠭᠤᠭᠤᠯᠤᠨ ᠪᠠᠶᠢᠴᠠᠭᠠᠬᠤ ᠳᠤ ᠪᠡᠯᠡᠳᠬᠡᠬᠦ ᠬᠡᠷᠡᠭᠲᠡᠢ ᠃

      ᠬᠥᠮᠥᠨ ᠬᠠᠷ᠎ᠠ ᠠᠳᠡᠵᠦ ᠭᠡᠮᠲᠦᠭᠡᠳ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ ᠂ ᠲᠦᠷᠭᠡᠨ ᠠᠪᠤᠷᠠᠵᠤ ᠡᠮᠨᠡᠭᠦᠯᠦᠭᠰᠡᠨ ᠤ ᠳᠠᠷᠠᠭ᠎ᠠ 60 ᠡᠳᠦᠷ ᠤᠨ ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠢ︔ ᠡᠳ᠋ ᠬᠥᠷᠥᠩᠭᠡ ᠶᠢᠨ ᠬᠤᠬᠢᠷᠠᠯ ᠳᠤ ᠤᠴᠠᠷᠠᠵᠤ ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ ᠂ ᠡᠳ᠋ ᠬᠥᠷᠥᠩᠭᠡ ᠶᠢᠨ ᠬᠤᠬᠢᠷᠠᠯ ᠳᠤ ᠣᠨᠴᠠᠷᠠᠭᠰᠠᠨ ᠢ ᠮᠡᠳᠡᠭᠰᠡᠨ ᠪᠤᠶᠤ ᠮᠡᠳᠡᠵᠣ ᠪᠣᠯᠬᠤ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠳᠤᠷᠠᠳᠬᠤ ᠬᠡᠷᠡᠭᠲᠡᠢ ᠃ ᠬᠤᠬᠢᠷᠠᠯ ᠠᠮᠰᠠᠭᠴᠢ ᠪᠤᠶᠤ ᠬᠢᠨᠠᠨ ᠬᠠᠮᠠᠭᠠᠯᠠᠭᠴᠢ᠂ ᠨᠠᠶᠢᠳᠠᠯᠭ᠎ᠠ ᠬᠦᠯᠢᠶᠡᠭᠴᠢ ᠨᠢ ᠲᠣᠭᠲᠠᠭᠠᠭᠰᠠᠨ ᠬᠤᠭᠤᠴᠠᠭ᠎ᠠ ᠶᠣᠰᠣᠭᠠᠷ ᠭᠤᠶᠤᠴᠢᠯᠠᠯ ᠭᠠᠷᠭᠠᠭᠰᠠᠨ ᠦᠭᠡᠢ ᠠᠴᠠ ᠪᠣᠯᠵᠤ ᠬᠤᠬᠢᠷᠠᠯ ᠢ ᠬᠢᠨᠠᠨ ᠬᠠᠷᠭᠤᠭᠤᠯᠵᠤ᠂ ᠮᠠᠭᠠᠳᠯᠠᠨ ᠲᠣᠭᠲᠠᠭᠠᠬᠤ ᠶᠢᠨ ᠠᠷᠭ᠎ᠠ ᠦᠭᠡᠢ ᠪᠣᠯᠤᠭᠰᠠᠨ ᠪᠣᠯ ᠨᠥᠬᠦᠪᠦᠷᠢᠯᠡᠬᠦ ᠦᠭᠡᠢ ᠃

      ᠬᠥᠳᠡᠯᠮᠦᠷᠢᠯᠡᠬᠦ ᠴᠢᠳᠠᠪᠤᠷᠢ ᠶᠢᠨ ᠰᠢᠯᠭᠠᠨ ᠲᠣᠭᠲᠠᠭᠠᠯᠲᠠ ᠬᠢᠬᠦ ᠴᠢᠬᠤᠯᠠ ᠲᠠᠢ ᠪᠣᠯ ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠨᠠᠶᠢᠳᠠᠭᠰᠠᠨ ᠬᠠᠮᠢᠶ᠎ᠠ ᠪᠦᠬᠦᠢ ᠰᠢᠯᠭᠠᠨ ᠲᠣᠭᠲᠠᠭᠠᠬᠤ ᠪᠠᠶᠢᠭᠤᠯᠤᠮᠵᠢ ᠠᠴᠠ ᠬᠥᠳᠡᠯᠮᠦᠷᠢᠯᠡᠬᠦ ᠴᠢᠳᠠᠪᠤᠷᠢ ᠶᠢ ᠰᠢᠯᠭᠠᠨ ᠲᠣᠭᠲᠠᠭᠠᠭᠰᠠᠨ ᠰᠢᠢᠳᠪᠦᠷᠢ ᠭᠠᠷᠭᠠᠵᠤ᠂ ᠰᠢᠯᠭᠠᠨ ᠲᠣᠭᠲᠠᠭᠭᠠᠬᠤ ᠬᠤᠭᠤᠴᠠᠭ᠎ᠠ ᠶᠢ ᠳᠡᠭᠡᠷ᠎ᠡ ᠳᠤᠷᠠᠳᠤᠭᠰᠠᠨ ᠬᠤᠭᠤᠴᠠᠭ᠎ᠠ ᠳᠤ ᠪᠣᠳᠣᠵᠤ ᠣᠷᠣᠭᠤᠯᠬᠤ ᠦᠭᠡᠢ ᠃

      ᠠᠷᠪᠠᠨ ᠨᠢᠭᠡᠳᠦᠭᠡᠷ ᠵᠦᠢᠯ  ᠨᠥᠬᠦᠪᠦᠷᠢᠯᠡᠭᠦᠯᠬᠦ ᠪᠠᠷ ᠭᠤᠶᠤᠴᠢᠯᠠᠬᠤ ᠳᠤ ᠪᠠᠨ ᠪᠢᠴᠢᠭ ᠤᠨ ᠬᠡᠯᠪᠡᠷᠢ ᠪᠠᠷ ᠭᠤᠶᠤᠴᠢᠯᠠᠵᠤ᠂ ᠨᠥᠬᠦᠪᠦᠷᠢᠯᠡᠭᠦᠯᠬᠦ ᠭᠤᠶᠤᠴᠢᠯᠠᠯ ᠤᠨ ᠪᠢᠴᠢᠭ ᠢᠶᠠᠨ ᠲᠤᠰᠢᠶᠠᠬᠤ ᠳᠤ ᠦᠨᠡᠨ ᠬᠦ ᠬᠦᠴᠢᠷᠳᠡᠯ ᠲᠠᠢ ᠪᠠᠶᠢᠪᠠᠯ᠂ ᠠᠮᠠ ᠪᠠᠷ ᠢᠶᠠᠨ ᠭᠤᠶᠤᠴᠢᠯᠠᠵᠤ᠂ ᠭᠥᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ ᠠᠴᠠ ᠲᠡᠮᠳᠡᠭᠯᠡᠯ ᠳᠤ ᠪᠠᠨ ᠪᠢᠴᠢᠵᠦ ᠣᠷᠣᠭᠤᠯᠤᠨ᠎ᠠ᠃ ᠨᠥᠬᠦᠪᠦᠷᠢᠯᠡᠭᠦᠯᠬᠦ ᠭᠤᠶᠤᠴᠢᠯᠠᠯ ᠤᠨ ᠪᠢᠴᠢᠭ ᠲᠤ ᠳᠣᠣᠷ᠎ᠠ ᠵᠢᠭᠰᠠᠭᠠᠭᠰᠠᠨ ᠵᠦᠢᠯᠡᠰ ᠢ ᠲᠣᠳᠣᠷᠬᠠᠢ ᠪᠢᠴᠢᠬᠦ ᠬᠡᠷᠡᠭᠲᠡᠢ᠄

      ︵ ᠨᠢᠭᠡ︶ ᠬᠤᠬᠢᠷᠠᠯ ᠠᠮᠰᠠᠭᠴᠢ ᠶᠢᠨ ᠣᠪᠣᠭ ᠨᠡᠷ᠎ᠡ᠂ ᠬᠦᠢᠰᠦ ᠶᠢᠨ ᠢᠯᠭᠠᠯ᠂ ᠨᠠᠰᠤ ᠵᠢᠯ᠂ ᠰᠠᠭᠤᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ ᠪᠠ ᠪᠡᠶ᠎ᠡ ᠶᠢᠨ ᠦᠨᠡᠮᠯᠡᠯ ᠤᠨ ᠨᠣᠮᠧᠷ ᠪᠠᠭᠲᠠᠨ᠎ᠠ ᠃ ᠬᠤᠬᠢᠷᠠᠯ ᠠᠮᠰᠠᠭᠴᠢ ᠨᠢ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠣᠯᠬᠤ ᠳᠤ ᠬᠦᠷᠪᠡᠯ ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠬᠠᠶ᠋ᠢᠭ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠪᠣᠯᠣᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠤ ᠣᠪᠣᠭ ᠨᠡᠷ᠎ᠡ᠂ ᠲᠤᠰᠢᠶᠠᠯ ᠢ ᠪᠠᠰᠠ ᠲᠣᠳᠣᠷᠬᠠᠢ ᠲᠡᠮᠳᠡᠭᠯᠡᠬᠦ ᠬᠡᠷᠡᠭᠲᠡᠢ︔

      ︵ ᠬᠤᠶᠠᠷ︶ ᠪᠣᠳᠠᠲᠠᠢ ᠭᠡᠮᠲᠦᠭᠡᠵᠦ ᠬᠤᠬᠢᠷᠠᠭᠤᠯᠤᠭᠰᠠᠨ ᠪᠣᠳᠠᠲᠤ ᠬᠡᠷᠡᠭ᠂ ᠭᠡᠷᠡᠴᠢᠯᠡᠬᠦ ᠮᠠᠲ᠋ᠧᠷᠢᠶᠠᠯ ᠪᠠ ᠨᠥᠬᠦᠪᠦᠷᠢᠯᠡᠭᠦᠯᠬᠦ ᠱᠠᠭᠠᠷᠳᠠᠯᠭ᠎ᠠ ᠃

      ᠠᠷᠪᠠᠨ ᠬᠤᠶᠠᠳᠤᠭᠠᠷ ᠵᠦᠢᠯ  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶  ᠨᠢ ᠨᠥᠬᠦᠪᠦᠷᠢᠯᠡᠭᠦᠯᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ ᠪᠠᠶᠢᠴᠠᠭᠠᠬᠤ ᠠᠵᠢᠯᠲᠠᠨ ᠲᠣᠬᠢᠷᠠᠭᠤᠯᠤᠨ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠪᠠ ᠬᠢᠨᠠᠨ ᠬᠠᠷᠭᠤᠭᠤᠯᠵᠤ᠂ 10 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ ᠬᠠᠷᠭᠤᠭᠤᠯᠬᠤ ᠠᠵᠢᠯ ᠢᠶᠠᠨ ᠪᠡᠶᠡᠯᠡᠭᠦᠯᠬᠦ ᠶᠢᠨ ᠬᠠᠮᠲᠤ᠂ ᠨᠥᠬᠦᠪᠦᠷᠢᠯᠡᠬᠦ ᠶᠢ ᠵᠥᠪᠰᠢᠶᠡᠷᠡᠬᠦ ᠪᠤᠶᠤ ᠨᠥᠬᠦᠪᠦᠷᠢᠯᠡᠬᠦ ᠶᠢ ᠥᠯᠥ ᠵᠥᠪᠰᠢᠶᠡᠷᠡᠬᠦ ᠪᠠᠷ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠢᠶᠠᠨ ᠳᠤᠷᠠᠳᠬᠤ ᠬᠡᠷᠡᠭᠲᠡᠢ ᠃ ᠪᠠᠶᠢᠴᠠᠭᠠᠨ ᠬᠠᠷᠭᠤᠭᠤᠯᠬᠤ ᠠᠵᠢᠯ ᠨᠢ ᠡᠷᠬᠡᠪᠰᠢ ᠪᠤᠰᠤᠳᠴᠢ᠂ ᠲᠥᠪ ᠭᠤᠣᠯᠴᠢ᠂ ᠵᠥᠪ ᠣᠨᠣᠪᠴᠢᠲᠠᠶ ᠪᠠᠶᠢᠬᠤ ᠬᠡᠷᠡᠭᠲᠡᠢ᠃ ᠲᠤᠬᠠᠢ ᠶᠢᠨ ᠭᠠᠵᠠᠷ ᠲᠤ ᠨᠢ ᠪᠠᠶᠢᠴᠠᠭᠠᠨ ᠬᠠᠷᠭᠤᠭᠤᠯᠤᠭᠴᠢ 2 ᠬᠥᠮᠥᠨ ᠠᠴᠠ ᠳᠤᠲᠠᠭᠤ ᠪᠠᠶᠢᠵᠤ ᠪᠣᠯᠬᠤ ᠦᠭᠡᠢ ᠃

      ᠠᠷᠪᠠᠨ ᠭᠤᠷᠪᠠᠳᠤᠭᠠᠷ ᠵᠦᠢᠯ  ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠤᠶᠤᠴᠢᠯᠠᠭᠰᠠᠨ ᠮᠠᠲ᠋ᠧᠷᠢᠶᠠᠯ ᠪᠠ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠪᠠᠶᠢᠴᠠᠭᠠᠨ ᠳᠠᠩᠰᠠᠯᠠᠬᠤ ᠬᠦᠰᠦᠨᠦᠭᠲᠦ᠂ ᠪᠠᠶᠢᠴᠠᠭᠠᠯᠲᠠ ᠶᠢᠨ ᠲᠡᠮᠳᠡᠭᠯᠡᠯ᠂ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠯ ᠵᠡᠷᠭᠡ ᠮᠠᠲ᠋ᠧᠷᠢᠶᠠᠯ ᠢᠶᠠᠨ ᠬᠤᠰᠢᠭᠤ ᠰᠢᠶᠠᠨ ︵ ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ ᠃ ᠬᠤᠰᠢᠭᠤ ᠰᠢᠶᠠᠨ ︵ ᠬᠤᠲᠠ᠂ ᠲᠣᠭᠤᠷᠢᠭ︶ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠥᠬᠦᠪᠦᠷᠢᠯᠡᠬᠦ ᠪᠤᠶᠤ ᠦᠯᠦ ᠨᠥᠬᠦᠪᠦᠷᠢᠯᠡᠬᠦ ᠰᠢᠢᠳᠪᠦᠷᠢ ᠭᠠᠷᠭᠠᠬᠤ ᠶᠢᠨ ᠬᠠᠮᠲᠤ ᠂ 10 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠢ ᠃ ᠬᠤᠰᠢᠭᠤ ᠰᠢᠶᠠᠨ ︵ ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠥᠬᠦᠪᠦᠷᠢᠯᠡᠬᠦ ᠰᠢᠢᠳᠪᠦᠷᠢ ᠶᠢ ᠦᠨᠳᠦᠰᠦᠯᠡᠨ᠂ ᠨᠥᠬᠦᠪᠦᠷᠢᠯᠡᠬᠦ ᠵᠣᠭᠤᠰ ᠢ ᠴᠠᠭ ᠲᠤᠬᠠᠢ ᠳᠤ ᠨᠢ ᠨᠢᠭᠡ ᠯᠡ ᠤᠳᠠᠭ᠎ᠠ ᠳᠤ ᠂ ᠪᠦᠬᠦ ᠲᠤᠭ᠎ᠠ ᠪᠠᠷ ᠨᠢ ᠭᠤᠶᠤᠴᠢᠯᠠᠭᠴᠢ ᠳᠤ ᠰᠠᠯᠭᠠᠨ ᠥᠭᠬᠦ ᠬᠡᠷᠡᠭᠲᠡᠢ ᠃

      ᠠᠷᠪᠠᠨ ᠳᠥᠷᠪᠡᠳᠦᠭᠡᠷ ᠵᠦᠢᠯ  ᠭᠤᠣᠯᠳᠠᠯᠭ᠎ᠠ ᠲᠠᠢ ᠬᠠᠮᠠᠭᠠᠯᠠᠬᠤ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠴᠠ ᠪᠣᠯᠵᠤ ᠭᠡᠮᠲᠦᠵᠦ

ᠬᠤᠬᠢᠷᠠᠨ᠂ ᠲᠡᠭᠦᠨ ᠤ ᠭᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠪᠥᠭᠡᠳ ᠨᠡᠶᠢᠭᠡᠮ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ

ᠪᠠᠶᠢᠪᠠᠯ᠂ ᠬᠠᠤᠯᠢ ᠶᠣᠰᠣᠭᠠᠷ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠨᠡᠶᠢᠭᠡᠮ ᠤᠨ ᠠᠪᠤᠷᠠᠨ ᠲᠤᠰᠠᠯᠠᠯᠲᠠ ᠭᠤᠶᠤᠴᠢᠯᠠᠵᠤ ᠪᠣᠯᠣᠨ᠎ᠠ ᠃

      ᠠᠷᠪᠠᠨ ᠲᠠᠪᠤᠳᠤᠭᠠᠷ ᠵᠦᠢᠯ  ᠭᠤᠶᠤᠴᠢᠯᠠᠭᠴᠢ ᠨᠢ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠨᠥᠬᠦᠪᠦᠷᠢᠯᠡᠬᠦ ᠪᠡᠯᠡ ᠮᠥᠩᠭᠦ ᠶᠢ ᠮᠡᠬᠡᠯᠡᠨ ᠠᠪᠤᠭᠰᠠᠨ ᠪᠠᠶᠢᠪᠠᠯ᠂ ᠨᠥᠬᠦᠪᠦᠷᠢᠯᠡᠬᠦ ᠰᠢᠢᠳᠪᠦᠷᠢ ᠭᠠᠷᠭᠠᠭᠰᠠᠨ ᠤᠢ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠨᠥᠬᠦᠪᠦᠷᠢᠯᠡᠭᠰᠡᠨ ᠵᠣᠭᠤᠰ ᠢ ᠪᠤᠴᠠᠯᠭᠠᠨ᠎ᠠ︔ ᠶᠠᠯ᠎ᠠ ᠪᠦᠷᠢᠯᠳᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ

ᠨᠡᠬᠡᠮᠵᠢᠯᠡᠨ᠎ᠡ ᠃

      ᠠᠷᠪᠠᠨ ᠵᠢᠷᠭᠤᠳᠤᠭᠠᠷ ᠵᠦᠢᠯ  ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠶᠢᠨ ᠭᠤᠶᠤᠴᠢᠯᠠᠯ ᠤᠨ ᠬᠦᠰᠦᠨᠦᠭᠲᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠪᠠᠶᠢᠴᠠᠭᠠᠨ ᠳᠠᠩᠰᠠᠯᠠᠬᠤ ᠬᠦᠰᠦᠨᠦᠭᠲᠦ᠂ ᠡᠬᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤ ᠬᠥᠮᠥᠨ ᠬᠠᠷ᠎ᠠ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ ᠢ ᠨᠥᠬᠦᠪᠦᠷᠢᠯᠡᠬᠦ ᠮᠠᠭᠠᠳᠯᠠᠨ ᠲᠣᠭᠲᠠᠭᠠᠬᠤ ᠬᠦᠰᠦᠨᠦᠭᠲᠦ ᠶᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠢ ᠲᠣᠭᠲᠠᠭᠠᠨ᠎ᠠ ᠃

      ᠠᠷᠪᠠᠨ ᠳᠣᠯᠣᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃

 

                        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

                               2023 ᠣᠨ ᠤ 1 ᠳ᠋ᠦ᠋ᠭᠡᠷ ᠰᠠᠷ᠎ᠠ ᠶᠢᠨ 11 ᠤ ᠡᠳᠦᠷ ᠳᠠᠷᠤᠮᠠᠯᠯᠠᠨ ᠲᠠᠷᠬᠠᠭᠠᠪᠠ

 

 

 

 

 

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map