2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠤᠣᠯᠯᠠᠨ ᠡᠷᠭᠢᠯᠡᠭᠰᠡᠨ ︽2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠥᠩᠭᠦᠨ ᠭᠦᠢᠯᠭᠡᠭᠡᠨ ᠤ ᠬᠦᠴᠦᠨ ᠢ ᠬᠤᠷᠠᠮᠳᠤᠭᠤᠯᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ﹀ ᠵᠠᠰᠠᠭ ᠤᠨ ᠣᠷᠳᠣᠨ ᠮᠦᠩᠭᠦᠨ ᠭᠦᠢᠯᠭᠡᠭᠡ ᠠᠵᠤ ᠠᠬᠤᠶᠢᠯᠠᠯ ᠤᠨ ᠵᠣᠯᠭᠠᠭᠤᠯᠬᠤ ᠬᠤᠷᠠᠯ︾ ᠢ ᠬᠥᠬᠡᠬᠤᠲᠠᠨ᠎ᠠ ᠬᠤᠷᠠᠯᠳᠤᠭᠤᠯᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠪᠠᠶᠠᠷ ᠤᠨ ᠦᠭᠡ ᠬᠡᠯᠡᠵᠡᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠨᠧᠷᠭᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠭᠰᠡᠨ ᠪᠥᠭᠡᠳ ᠠᠵᠢᠯ ᠲᠥᠷᠥᠯ ᠤᠨ ᠬᠦᠷᠢᠶᠡᠨ ᠳᠠᠬᠢ ᠪᠡᠯᠡ ᠳᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠨᠡᠶᠢᠲᠡᠯᠡᠵᠡᠢ ᠃ 4 ᠮᠥᠩᠭᠦᠨ ᠭᠦᠢᠯᠭᠡᠭᠡᠨ ᠤ ᠪᠠᠶᠢᠭᠤᠯᠤᠮᠵᠢ ︽ ᠲᠠᠪᠤᠨ ᠶᠡᠭᠡ ᠡᠭᠦᠷᠭᠡ ︾ ᠶᠢ ᠨᠠᠶᠢᠳᠠᠪᠤᠷᠢᠵᠢᠭᠤᠯᠬᠤ ᠳᠤ ᠴᠢᠭᠯᠡᠭᠦᠯᠦᠨ ᠮᠥᠩᠭᠦᠨ ᠭᠦᠢᠯᠭᠡᠭᠡᠨ ᠢᠶᠠᠷ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠴᠠᠢ ᠃
ᠬᠤᠷᠠᠯ ᠳᠤ ᠂ ᠪᠡᠯᠡ ᠳᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ 3567 ᠲᠥᠰᠦᠯ ᠢ ᠡᠮᠬᠢᠯᠡᠪᠡ ᠃ ᠥᠪᠡᠷᠲᠡᠭᠡᠨ ᠵᠠᠰᠠᠬᠤ ᠣᠷᠣᠨ ᠤ 17 ᠰᠠᠯᠠᠭ᠎ᠠ ᠮᠥᠴᠢᠷ ᠂ 38 ᠮᠥᠩᠭᠦᠨ ᠭᠦᠢᠯᠭᠡᠭᠡᠨ ᠤ ᠪᠠᠶᠢᠭᠤᠯᠤᠮᠵᠢ ᠬᠢᠭᠡᠳ 95 ᠡᠯ᠎ᠡ ᠲᠦᠷᠦᠯ ᠤᠨ ᠠᠵᠤ ᠠᠬᠤᠶᠢᠯᠠᠯ ᠤᠳ ᠬᠥᠬᠡᠬᠤᠲᠠ ᠶᠢᠨ ᠭᠤᠣᠯ ᠬᠤᠷᠠᠯ ᠤᠨ ᠲᠠᠯᠠᠪᠠᠢ ᠳᠤ ᠣᠷᠣᠯᠴᠠᠵᠠᠢ᠃ ᠡᠯ᠎ᠡ ᠠᠶᠢᠮᠠᠭ ᠬᠤᠲᠠ ᠨᠤᠭᠤᠳ ᠬᠤᠷᠠᠯ ᠤᠨ ᠬᠤᠪᠢᠶᠠᠷᠢ ᠲᠠᠯᠠᠪᠠᠶ ᠭᠠᠷᠭᠠᠨ ᠂ ᠰᠦᠯᠵᠢᠶᠡᠨ ᠳᠡᠭᠡᠷ᠎ᠡ ᠬᠤᠯᠪᠤᠭᠳᠠᠨ ᠬᠥᠳᠡᠯᠦᠯᠴᠡᠬᠦ ᠠᠷᠭ᠎ᠠ ᠪᠠᠷ ᠭᠤᠣᠯ ᠬᠤᠷᠠᠯ ᠤᠨ ᠲᠠᠯᠠᠪᠠᠶ ᠲᠠᠢ ᠵᠡᠷᠭᠡᠳᠡ ᠨᠢᠭᠡᠳᠦᠯᠲᠡᠢ ᠪᠠᠷ ᠭᠡᠷ᠎ᠡ ᠲᠣᠭᠲᠠᠭᠰᠠᠨ ᠪᠠᠶᠢᠨ᠎ᠠ ᠃ ᠪᠥᠬᠦ ᠣᠷᠣᠨ ᠳᠤ ᠪᠡᠯᠡ ᠳᠣᠬᠢᠷᠠᠭᠤᠯᠬᠤ ᠬᠦᠰᠡᠯᠲᠡ ᠲᠠᠢ ᠲᠥᠰᠦᠯ ᠢ ᠨᠡᠶᠢᠲᠡ 1067 ᠳᠣᠬᠢᠷᠠᠯᠴᠠᠵᠤ ᠂ ᠳᠣᠬᠢᠷᠠᠭᠰᠠᠨ ᠵᠣᠭᠤᠰ ᠤᠨ ᠲᠤᠭ᠎ᠠ ᠨᠢ 3478 ᠳ᠋ᠦᠩᠰᠢᠭᠤᠷ ᠲᠥᠭᠦᠷᠢᠭ ᠪᠣᠯᠣᠨ᠎ᠠ᠃
ᠬᠤᠷᠠᠯ ᠳᠤ ᠪᠠᠰᠠ ᠲᠤᠬᠠᠢ ᠶᠢᠨ ᠲᠠᠯᠠᠪᠠᠢ ᠪᠠ ᠰᠦᠯᠵᠢᠶᠡᠨ ᠳᠡᠭᠡᠷ᠎ᠡ ᠵᠡᠷᠭᠡ ᠪᠠᠷ ︽ ᠮᠥᠩᠭᠦᠨ ᠭᠦᠢᠯᠭᠡᠭᠡᠨ ᠤ ᠬᠡᠳᠦ ᠳᠡᠯᠭᠡᠭᠦᠷ ︾ ᠢ ᠪᠠᠶᠢᠭᠤᠯᠵᠠᠢ ᠃