|
ᠪᠦᠭᠦ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠠᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ |
|
|
ᠨᠡᠶᠢᠲᠡᠯᠡᠭᠰᠡᠨ ᠴᠠᠭ᠄
2024/5/16
|
|
5 ᠰᠠᠷ᠎ᠠ ᠶᠢᠨ 13 ᠤ ᠡᠳᠦᠷ᠂ ᠪᠦᠭᠦ ᠣᠷᠣᠨ ᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃ ᠬᠤᠸᠠᠩ ᡁᠢ ᠴᠢᠶᠠᠩ᠂ ᠣᠶᠢᠷ᠎ᠠ ᠶᠢᠨ ᠵᠢᠯ ᠳᠤ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢ ᠠᠰᠠᠷ ᠲᠤ ᠲᠠᠯᠪᠢᠨ ᠡᠷᠦᠭᠡ ᠳᠤ ᠣᠷᠣᠭᠤᠯᠵᠤ᠂ ᠳᠦᠷᠢᠮ ᠠᠴᠠ ᠵᠥᠷᠢᠴᠡᠨ ᠴᠠᠭᠢᠯᠭᠠᠨ ᠴᠡᠨᠡᠭᠯᠡᠭᠰᠡᠨ ᠠᠴᠠ ᠪᠣᠯᠤᠭᠰᠠᠨ ᠭᠠᠯ ᠤᠨ ᠠᠶᠤᠯ ᠤᠨ ᠠᠳᠡᠯ ᠤᠳᠠᠭ᠎ᠠ ᠳᠠᠷᠠᠭᠠᠯᠠᠨ ᠡᠭᠦᠰᠴᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠬᠤᠬᠢᠷᠠᠭᠤᠯᠵᠤ ᠪᠠᠶᠢᠨ᠎ᠠ᠃ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠶᠢᠨ ᠪᠦᠭᠦ ᠬᠡᠯᠬᠢᠶᠡᠨ ᠤ ᠠᠮᠤᠷ ᠲᠦᠪᠰᠢᠨ ᠤ ᠵᠠᠰᠠᠯᠲᠠ ᠶᠢᠨ ᠲᠣᠭᠤᠷᠢᠨ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠦᠳᠲᠡᠷ ᠲᠦᠷᠭᠡᠨ ᠬᠥᠳᠡᠯᠦᠯᠴᠡᠵᠦ᠂ ᠵᠣᠷᠢᠭ ᠰᠢᠭᠤᠳᠤᠨ᠂ ᠬᠦᠴᠦ ᠣᠷᠣᠭᠤᠯᠵᠤ ᠪᠠᠶᠢᠭᠠᠳ ᠠᠮᠤᠷ ᠲᠦᠪᠰᠢᠨ ᠢ ᠨᠥᠯᠥᠭᠡᠯᠡᠬᠦ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠦᠢᠯᠡᠳᠪᠦᠷᠢᠯᠡᠬᠦ᠂ ᠪᠣᠷᠣᠯᠠᠭᠤᠯᠬᠤ᠂ ᠬᠡᠷᠡᠭᠯᠡᠬᠦ᠂ ᠵᠣᠭᠰᠤᠭᠠᠬᠤ᠂ ᠴᠠᠭᠢᠯᠭᠠᠨ ᠴᠡᠨᠡᠭᠯᠡᠬᠦ᠂ ᠬᠡᠷᠡᠭᠯᠡᠭᠡᠨ ᠠᠴᠠ ᠭᠠᠷᠭᠠᠬᠤ᠂ ᠬᠤᠷᠢᠶᠠᠨ ᠠᠪᠬᠤ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠭᠠᠮᠰᠢᠭ ᠢ ᠵᠠᠰᠠᠬᠤ ᠲᠥᠷᠥᠯ ᠵᠦᠢᠯ ᠢ ᠲᠤᠰᠬᠠᠢ ᠴᠡᠭᠴᠡᠯᠡᠨ ᠵᠠᠰᠠᠬᠤ᠂ ᠠᠶᠤᠯ ᠲᠠᠢ ᠤᠰᠤᠨ ᠴᠥᠭᠦᠷᠥᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠰᠣᠯᠪᠢᠴᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠬᠤ ᠵᠡᠷᠭᠡ ᠠᠮᠤᠷ ᠲᠦᠪᠰᠢᠨ ᠤ ᠬᠦᠷᠢᠶᠡᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|