ᠣᠶᠢᠷ᠎ᠠ ᠳᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ 0.25 ᠵᠠᠭᠤᠨ ᠤ ᠴᠡᠭ ᠪᠠᠭᠤᠷᠠᠭᠤᠯᠪᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠴᠠᠭ ᠲᠤᠬᠠᠢ ᠳᠤ ᠨᠢ ᠲᠣᠬᠢᠷᠠᠭᠤᠯᠵᠤ᠂ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ ᠲᠣᠰ ᠤᠳᠠᠭ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠬᠤ ᠳᠤ ᠬᠡᠷᠬᠢᠨ ᠪᠣᠳᠠᠲᠠᠢ ᠪᠠᠷ ᠬᠡᠷᠡᠭᠵᠢᠭᠦᠯᠬᠦ ᠪᠣᠢ︖ ᠲᠤᠰᠢᠶᠠᠨ ᠬᠠᠳᠠᠭᠠᠯᠠᠭᠤᠯᠤᠭᠴᠢ ᠲᠡᠭᠦᠨ ᠤ ᠳᠤᠮᠳᠠ ᠠᠴᠠ ᠬᠡᠳᠦᠢ ᠠᠰᠢᠭ ᠭᠥᠷᠳᠡᠬᠦ ᠪᠣᠶ︖
ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠣᠰ ᠤᠳᠠᠭ᠎ᠠ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠬᠢᠷᠠᠭᠤᠯᠬᠤ ᠬᠡᠪᠴᠢᠶᠡᠨ ᠳᠤ ᠰᠢᠨ᠎ᠡ ᠪᠠᠷ ᠲᠠᠯᠪᠢᠭᠰᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠭᠲᠠᠬᠤ ᠪᠥᠭᠡᠳ ᠦᠯᠡᠳᠡᠭᠡᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠴᠦ ᠪᠠᠭᠲᠠᠨ᠎ᠠ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ᠠᠴᠠ ᠡᠮᠦᠨ᠎ᠡ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠦᠦ ᠨᠣᠷᠮ᠎ᠠ ᠶᠢᠨ ᠰᠢᠨ᠎ᠡ ᠪᠠᠷᠢᠮᠵᠢᠶ᠎ᠠ ᠶᠢ ᠬᠡᠷᠡᠭᠵᠢᠭᠦᠯᠦᠨ᠎ᠡ᠃ 2024 ᠣᠨ ᠤ 5 ᠳ᠋ᠤᠭᠠᠷ ᠰᠠᠷ᠎ᠠ ᠶᠢᠨ 18 ᠤ ᠡᠳᠦᠷ ︵ᠪᠠᠭᠲᠠᠨ᠎ᠠ︶ ᠠᠴᠠ ᠰᠡᠭᠦᠯᠡᠷ ᠲᠠᠯᠪᠢᠭᠰᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠳᠤ ᠲᠣᠬᠢᠷᠠᠭᠤᠯᠤᠭᠰᠠᠨ ᠤ ᠳᠠᠷᠠᠭᠠᠬᠢ ᠬᠦᠦ ᠮᠥᠩᠭᠦᠨ ᠤ ᠰᠢᠨ᠎ᠡ ᠨᠣᠷᠮ᠎ᠠ ᠶᠢ ᠰᠢᠭᠤᠳ ᠬᠡᠷᠡᠭᠵᠢᠭᠦᠯᠦᠨ᠎ᠡ ᠭᠡᠵᠡᠢ᠃
ᠣᠶᠢᠯᠠᠭᠠᠭᠰᠠᠨ ᠢᠶᠠᠷ᠂ ᠲᠣᠬᠢᠷᠠᠭᠤᠯᠤᠭᠰᠠᠨ ᠤ ᠳᠠᠷᠠᠭ᠎ᠠ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠠᠩᠬᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2.35% ᠪᠠ 2.85% ᠪᠣᠯᠭᠠᠨ ᠲᠣᠬᠢᠷᠠᠭᠤᠯᠵᠤ᠂ 5 ᠵᠢᠯ ᠠᠴᠠ ᠳᠣᠷᠣᠭᠰᠢᠬᠢ ︵5 ᠵᠢᠯ ᠪᠠᠭᠲᠠᠨ᠎ᠠ︶ ᠪᠠ 5 ᠵᠢᠯ ᠠᠴᠠ ᠳᠡᠭᠡᠭᠰᠢᠬᠢ ᠬᠤᠶᠠᠳᠤᠭᠠᠷ ᠢᠵᠢ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠲᠣᠰ ᠲᠣᠰ 2.775% ᠪᠠ 3.325% ᠠᠴᠠ ᠳᠣᠣᠷ᠎ᠠ ᠦᠭᠡᠢ ᠪᠠᠷ ᠲᠣᠬᠢᠷᠠᠭᠤᠯᠪᠠ᠃
ᠵᠢᠭᠡᠯᠡᠯᠭᠡ ᠶᠢᠨ ᠬᠦᠦ ᠮᠥᠩᠭᠦᠨ ᠤ ᠨᠣᠷᠮ᠎ᠠ ᠶᠢ ᠪᠠᠭᠤᠷᠠᠭᠤᠯᠪᠠᠯ ᠰᠢᠭᠤᠳ ᠠᠰᠢᠭ ᠭᠥᠷᠳᠡᠬᠦ ᠨᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠵᠢᠭᠡᠯᠡᠭᠴᠢᠳ ᠪᠣᠯᠣᠨ᠎ᠠ᠃ 100 ᠲᠦᠮᠡᠨ ᠲᠥᠭᠦᠷᠢᠭ᠂ 30 ᠵᠢᠯ ᠤᠨ ᠬᠤᠭᠤᠴᠠᠭᠠᠲᠤ ᠠᠩᠬᠠᠳᠤᠭᠠᠷ ᠢᠵᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠪᠠᠷ ᠵᠢᠱᠢᠶᠡᠯᠡᠪᠡᠯ᠂ ᠲᠡᠩᠴᠡᠭᠦᠦ ᠲᠣᠭᠠᠨ ᠤ ᠡᠬᠡ ᠬᠦᠦ ᠮᠥᠩᠭᠦ ᠪᠠᠷ ᠵᠣᠭᠤᠰ ᠲᠥᠯᠥᠬᠦ ᠠᠷᠭ᠎ᠠ ᠶᠢ ᠰᠣᠩᠭᠤᠪᠠᠯ᠂ ᠰᠠᠷ᠎ᠠ ᠶᠢᠨ ᠬᠠᠩᠭᠠᠯᠭ᠎ᠠ ᠶᠢ 4270.16 ᠲᠥᠭᠦᠷᠢᠭ ᠪᠠᠶᠢᠭᠰᠠᠨ ᠠᠴᠠ 4135.57 ᠲᠥᠭᠦᠷᠢᠭ ᠪᠣᠯᠭᠠᠨ ᠪᠠᠭᠤᠷᠠᠭᠤᠯᠵᠤ᠂ ᠪᠠᠷᠤᠭ 135 ᠲᠥᠭᠦᠷᠢᠭ ᠬᠠᠰᠤᠭᠳᠠᠵᠤ᠂ ᠶᠡᠷᠦᠩᠬᠡᠢ ᠬᠦᠦ ᠮᠥᠩᠭᠦᠨ ᠤ ᠵᠠᠷᠤᠯᠭ᠎ᠠ 4.85 ᠲᠦᠮᠡᠨ ᠲᠥᠭᠦᠷᠢᠭ ᠬᠠᠰᠤᠭᠳᠠᠬᠤ ᠪᠣᠯᠣᠨ᠎ᠠ᠃
ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ 2012 ᠣᠨ ᠠᠴᠠ ᠨᠠᠭᠠᠰᠢ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠨᠡᠶᠢᠳᠡ 12.9 ᠲᠦᠮᠡᠨ ᠳ᠋ᠦᠩᠰᠢᠭᠤᠷ ᠲᠥᠭᠦᠷᠢᠭ ᠲᠠᠯᠪᠢᠵᠤ᠂ ᠵᠢᠭᠡᠯᠡᠯᠭᠡ ᠶᠢᠨ ᠦᠯᠡᠳᠡᠪᠦᠷᠢ ᠲᠤᠭ᠎ᠠ 2.7 ᠲᠦᠮᠡᠨ ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 7.8 ᠲᠦᠮᠡᠨ ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ 5000 ᠲᠦᠮᠡ ᠰᠢᠬᠠᠮ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠲᠠᠢ ᠪᠠᠶᠢᠬᠤ ᠶᠢ ᠪᠡᠶᠡᠯᠡᠭᠦᠯᠬᠦ ᠶᠢ ᠳᠡᠮᠵᠢᠪᠡ᠂ ᠡᠭᠦᠨ ᠳᠤ 80% ᠠᠴᠠ ᠳᠡᠭᠡᠭᠰᠢᠬᠢ ᠨᠢ ᠠᠩᠬᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠤᠭᠰᠠᠳ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠵᠢᠯ ᠳᠠᠷᠠᠭᠠᠯᠠᠨ ᠲᠣᠭᠲᠠᠭᠤᠨ ᠢᠶᠠᠷ ᠨᠡᠮᠡᠭᠳᠡᠵᠦ᠂ 2023 ᠣᠨ ᠤ ᠵᠢᠭᠡᠯᠡᠯᠭᠡ ᠶᠢᠨ ᠦᠯᠡᠳᠡᠪᠦᠷᠢ 7% ᠰᠢᠬᠠᠮ ᠢᠶᠠᠷ ᠨᠡᠮᠡᠭᠳᠡᠵᠦ᠂ ᠰᠢᠨ᠎ᠡ ᠪᠠᠷ ᠲᠠᠯᠪᠢᠭᠰᠠᠨ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 24% ᠪᠠᠷ ᠨᠡᠮᠡᠭᠳᠡᠨ᠂ ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠬᠡᠷᠡᠭᠯᠡᠭᠡ ᠶᠢ ᠬᠦᠴᠦᠲᠡᠢ ᠳᠡᠮᠵᠢᠭᠰᠡᠨ ᠪᠠᠶᠢᠨ᠎ᠠ᠃
︽ᠪᠢᠳᠡ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠠᠮᠢᠶᠠᠷᠤᠯᠲᠠ ᠶᠢᠨ ᠲᠥᠪ ᠢ ᠵᠢᠯᠣᠭᠤᠳᠤᠨ ᠲᠣᠭᠲᠠᠭᠠᠯ ᠶᠣᠰᠣᠭᠠᠷ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠤᠭ ᠤᠨ ᠲᠡᠷᠢᠭᠦᠨ ᠳᠤ ᠲᠤᠰᠢᠶᠠᠨ ᠬᠠᠳᠠᠭᠠᠯᠠᠭᠤᠯᠤᠭᠴᠢ ᠳᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠬᠦ ᠶᠢ ᠦᠨᠡᠨ ᠬᠦ ᠪᠠᠲᠤᠯᠠᠨ᠎ᠠ᠃︾ ᠭᠡᠵᠦ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠵᠤᠷᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃