ᠪᠦᠬᠦ ᠣᠷᠣᠨ ᠤ ᠵᠠᠬᠢᠳᠠᠯ ᠰᠣᠷᠪᠣᠯᠵᠢᠯᠠᠯ ᠤᠨ ᠠᠵᠢᠯ ᠢ ᠠᠬᠢᠭᠤᠯᠬᠤ ᠬᠠᠤᠯᠢ ᠪᠠᠷ ᠵᠠᠰᠠᠵᠢᠬᠤ ᠬᠤᠷᠠᠯ ᠬᠤᠷᠠᠯᠳᠤᠭᠤᠯᠪᠠ  ᠵᠧᠩ ᠭᠤᠸᠠᠩ ᠵᠤᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/6/24

      6 ᠳ᠋ᠤᠭᠠᠷ ᠰᠠᠷ᠎ᠠ ᠶᠢᠨ 18 ᠤ ᠡᠳᠦᠷ᠂ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠵᠢᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ 2024 ᠣᠨ ᠤ ᠬᠤᠶᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠤᠭᠴᠢ ᠵᠧᠩ ᠭᠤᠸᠠᠩ ᠵᠤᠤ ᠶᠠᠷᠢᠶ᠎ᠠ ᠲᠠᠯᠪᠢᠪᠠ᠃

      ᠬᠤᠷᠠᠯ ᠳᠡᠭᠡᠷ᠎ᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠤᠨ ᠦᠨᠡᠨ ᠬᠦ ᠬᠠᠤᠯᠢ ᠶᠣᠰᠣᠭᠠᠷ᠂ ᠲᠦᠷᠢᠮ ᠲᠣᠭᠲᠠᠭᠠᠯ ᠶᠣᠰᠣᠭᠠᠷ᠂ ᠲᠦᠷᠦ ᠶᠢᠨ ᠪᠤᠳᠤᠯᠭ᠎ᠠ ᠶᠣᠰᠣᠭᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠨᠤᠭᠤᠳ ᠢ ᠰᠢᠢᠳᠪᠦᠷᠢᠯᠡᠵᠦ᠂ ᠬᠠᠤᠯᠢ ᠪᠠᠷ ᠵᠠᠰᠠᠵᠢᠬᠤ ᠪᠣᠭᠤᠮᠲᠠ ᠶᠢ ᠰᠠᠶᠢᠲᠤᠷ ᠡᠵᠡᠮᠳᠡᠵᠦ᠂ ᠬᠠᠤᠯᠢ ᠪᠠᠷ ᠵᠠᠰᠠᠵᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠠᠤᠯᠢ ᠪᠠᠷ ᠵᠠᠰᠠᠵᠢᠬᠤ ᠶᠢ ᠭᠦᠢᠴᠡᠳᠭᠡᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠵᠦ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠬᠠᠤᠯᠢ ᠪᠠᠷ ᠵᠠᠰᠠᠵᠢᠬᠤ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠡᠮᠬᠢ ᠳᠢᠭᠯᠢᠮ ᠢ ᠬᠠᠮᠠᠭᠠᠯᠠᠬᠤ ᠬᠠᠤᠯᠢ ᠪᠠᠷ ᠵᠠᠰᠠᠵᠢᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠬᠢᠳᠠᠯ ᠰᠣᠷᠪᠣᠯᠵᠢᠯᠠᠯ ᠤᠨ ᠠᠵᠢᠯ ᠤᠨ ᠬᠠᠤᠯᠢ ᠪᠠᠷ ᠵᠠᠰᠠᠵᠢᠬᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map