ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠲᠣᠳᠣᠷᠠᠯ᠎ᠠ  ᠥᠪᠥᠷ ᠮᠣᠩᠭᠤᠯ ᠤᠨ ᠬᠤᠶᠠᠷ ᠵᠦᠢᠯ ᠤᠨ ᠦᠷ᠎ᠡ ᠪᠦᠲᠦᠭᠡᠯ ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/6/26

 

      6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ᠂ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ᠃ 2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠡᠯ᠎ᠡ ᠵᠦᠢᠯ ᠤᠨ ᠱᠠᠩᠨᠠᠯ ᠭᠥᠷᠳᠡᠭᠰᠡᠨ ᠨᠡᠷᠡᠰ ᠢ ᠨᠡᠶᠢᠲᠡᠯᠡᠵᠦ᠂ ᠥᠪᠥᠷ ᠮᠣᠩᠭᠤᠯ ᠤᠨ ᠨᠡᠷ᠎ᠡ ᠳᠤᠷᠠᠳᠤᠭᠳᠠᠭᠰᠠᠨ 2 ᠵᠦᠢᠯ ᠤᠨ ᠦᠷ᠎ᠡ ᠪᠦᠲᠦᠭᠡᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ᠂ ᠲᠤᠰ ᠬᠤᠶᠠᠷ ᠵᠦᠢᠯ ᠤᠨ ᠦᠷ᠎ᠡ ᠪᠦᠲᠦᠭᠡᠯ ᠪᠣᠯ ᠲᠤᠰ ᠲᠤᠰ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠫᠷᠤᠹᠧᠰᠰᠤᠷ ᠤᠨ ᠡᠷᠭᠢᠯᠡᠨ ᠪᠡᠶᠡᠯᠡᠭᠦᠯᠦᠭᠰᠡᠨ ︽ᠰᠢᠯᠢᠳᠡᠭ ᠰᠠᠶᠢᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠠᠵᠤ ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ︾ ᠤ ᠲᠥᠷᠥᠯ ᠵᠦᠢᠯ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠤᠭᠴᠢ ᠯᠦ ᠵᠠᠨ ᠶᠤᠸᠠᠨ ᠤ ᠡᠷᠭᠢᠯᠡᠨ ᠪᠡᠶᠡᠯᠡᠭᠦᠯᠦᠭᠰᠡᠨ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ᠬᠦᠴᠦ ᠶᠢ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ︾ ᠤ ᠲᠥᠷᠥᠯ ᠵᠦᠢᠯ ᠪᠣᠯᠣᠨ᠎ᠠ᠃

      ᠵᠠᠩ ᠾᠧ ᠫᠢᠩ ᠤᠨ ᠡᠷᠭᠢᠯᠡᠭᠰᠡᠨ ︽ᠰᠢᠯᠢᠳᠡᠭ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠢ ᠠᠭᠤᠳᠠᠯᠬᠤ ᠪᠠ ᠠᠵᠤ ᠦᠢᠯᠡᠰᠵᠢᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠡᠭᠦᠳᠦᠯᠲᠡ ᠵᠢᠴᠢ ᠬᠡᠷᠡᠭᠯᠡᠭᠡᠨ︾ ᠤ ᠲᠥᠷᠥᠯ ᠵᠦᠢᠯ ᠨᠢ 30 ᠭᠠᠷᠤᠢ ᠵᠢᠯ ᠤᠨ ᠰᠤᠳᠤᠯᠭᠠᠨ ᠢ ᠥᠩᠭᠡᠷᠡᠭᠡᠭᠡᠳ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠪᠣᠯᠣᠨ ᠭᠧᠨ ᠤ ᠪᠦᠯᠦᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ 51286 ᠰᠦᠨ ᠬᠦᠴᠢᠯ ᠤᠨ ᠪᠠᠺᠲ᠋ᠧᠷᠢ ᠶᠢ ᠬᠠᠳᠠᠭᠠᠯᠠᠵᠠᠢ᠃ ᠵᠣᠬᠢᠶᠠᠮᠠᠯ ᠣᠶᠤᠨ ᠴᠢᠳᠠᠪᠤᠷᠢ ᠳᠤ ᠰᠠᠭᠤᠷᠢᠯᠠᠭᠰᠠᠨ ᠳᠡᠭᠡᠳᠦ ᠨᠡᠪᠳᠡᠷᠡᠴᠡᠳᠤ ᠨᠠᠷᠢᠯᠢᠭ ᠣᠨᠣᠴᠠᠲᠠᠢ ᠰᠢᠭᠰᠢᠨ ᠰᠣᠩᠭᠤᠬᠤ ᠮᠡᠷᠭᠡᠵᠢᠯ ᠢ ᠡᠭᠦᠳᠴᠦ᠂ ᠰᠢᠯᠢᠳᠡᠭ ᠰᠠᠶᠢᠨ ᠥᠪᠡᠷᠮᠢᠴᠡ ᠣᠨᠴᠠᠯᠢᠭᠲᠤ ᠰᠦᠨ ᠬᠦᠴᠢᠯ ᠤᠨ ᠪᠠᠺᠲ᠋ᠧᠷᠢ ᠶᠢ 104 ᠰᠢᠭᠰᠢᠨ ᠭᠠᠷᠭᠠᠵᠤ᠂ ᠮᠠᠨ ᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠦᠷ᠎ᠡ ᠶᠢ ᠥᠪᠡᠷ ᠢᠶᠠᠨ ᠥᠮᠴᠢᠯᠡᠬᠦ ᠶᠢ ᠪᠡᠶᠡᠯᠡᠭᠦᠯᠪᠡ᠃ ᠰᠦᠨ ᠬᠦᠴᠢᠯ ᠤᠨ ᠪᠠᠺᠲ᠋ᠧᠷᠢ ᠶᠢᠨ ᠰᠣᠯᠢᠯᠴᠠᠭ᠎ᠠ ᠶᠢ ᠲᠣᠬᠢᠷᠠᠭᠤᠯᠤᠨ ᠬᠥᠮᠥᠵᠢᠭᠦᠯᠬᠦ ᠪᠠ ᠡᠰ ᠤᠨ ᠭᠡᠮᠲᠦᠯ ᠢ ᠬᠠᠮᠠᠭᠠᠯᠠᠬᠤ ᠢᠨᠵᠧᠨᠧᠷᠢᠩ ᠤᠨ ᠮᠡᠷᠭᠡᠵᠢᠯ ᠢ ᠰᠢᠪᠲᠤᠯᠵᠤ᠂ ᠤᠯᠤᠰ ᠤᠨ ᠳᠣᠲᠣᠭᠠᠳᠤ ᠶᠢᠨ ᠬᠠᠮᠤᠭ ᠤᠨ ᠶᠡᠭᠡ ᠲᠦᠭᠦᠬᠡᠢ ᠮᠠᠲ᠋ᠧᠷᠢᠶᠠᠯ ᠤᠨ ᠪᠠᠺᠲ᠋ᠧᠷᠢ ᠶᠢᠨ ᠨᠤᠨᠳᠠᠭ ᠤᠨ ᠦᠢᠯᠡᠳᠪᠦᠷᠢᠯᠡᠯ ᠤᠨ ᠰᠠᠭᠤᠷᠢᠨ ᠢ ᠡᠭᠦᠳᠦᠨ ᠪᠠᠶᠢᠭᠤᠯᠵᠤ᠂ ᠳᠤᠮᠳᠠᠳᠤ ᠤᠯᠤᠰ ᠤᠨ ᠰᠦᠨ ᠬᠦᠴᠢᠯ ᠤᠨ ᠪᠠᠺᠲ᠋ᠧᠷᠢ ᠶᠢᠨ ᠠᠵᠤ ᠦᠢᠯᠡᠰ ᠤᠨ ᠠᠩᠬᠠᠳᠠᠭᠴᠢ ᠰᠲ᠋ᠣᠺ ᠢ ᠪᠤᠶ ᠪᠣᠯᠭᠠᠪᠠ᠃ ᠪᠠᠺᠲ᠋ᠧᠷᠢ ᠶᠢᠨ ᠰᠠᠭᠤᠷᠢ ᠶᠢᠨ ᠥᠨᠳᠥᠷ ᠪᠦᠲᠦᠮᠵᠢᠲᠡᠶ ᠬᠠᠷᠢᠯᠴᠠᠨ ᠦᠢᠯᠡᠴᠢᠯᠡᠬᠦ ᠪᠠ ᠨᠠᠷᠢᠯᠢᠭ ᠣᠨᠣᠴᠠᠲᠠᠢ ᠪᠠᠷ ᠡᠮ ᠨᠠᠶᠢᠷᠠᠭᠤᠯᠬᠤ ᠵᠠᠩᠭᠢᠯᠠᠭ᠎ᠠ ᠶᠢᠨ ᠮᠡᠷᠭᠡᠵᠢᠯ ᠢ ᠡᠭᠦᠳᠴᠦ᠂ ᠰᠦᠨ ᠬᠦᠴᠢᠯ ᠤᠨ ᠪᠠᠺᠲ᠋ᠧᠷᠢ ᠶᠢ ᠡᠮ ᠨᠠᠶᠢᠷᠠᠬᠤ᠂ ᠴᠠᠭᠠᠨ ᠢᠳᠡᠭᠡ ᠪᠤᠯᠪᠠᠰᠤᠷᠠᠭᠤᠯᠬᠤ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤ ᠪᠦᠲᠦᠭᠡᠯᠴᠢ ᠪᠠᠷ ᠬᠡᠷᠡᠭᠯᠡᠬᠦ ᠶᠢ ᠪᠡᠶᠡᠯᠡᠭᠦᠯᠪᠡ᠃ ᠣᠶᠢᠷ᠎ᠠ ᠶᠢᠨ 3 ᠵᠢᠯ ᠳᠤ ᠭᠤᠣᠯᠳᠠᠯᠭ᠎ᠠ ᠲᠠᠢ ᠬᠡᠷᠡᠭᠯᠡᠭᠰᠡᠨ ᠠᠵᠤ ᠠᠬᠤᠶᠢᠯᠠᠯ 175.42 ᠳ᠋ᠦᠩᠰᠢᠭᠤᠷ ᠲᠥᠭᠦᠷᠢᠭ ᠤᠨ ᠦᠷ᠎ᠡ ᠠᠰᠢᠭ ᠣᠯᠵᠤ᠂ ᠭᠠᠳᠠᠭᠠᠳᠤ ᠶᠢᠨ ᠪᠠᠺᠲ᠋ᠧᠷᠢ ᠶᠢᠨ ᠰᠠᠭᠤᠷᠢ᠂ ᠮᠡᠷᠭᠡᠵᠢᠯ ᠪᠣᠯᠣᠨ ᠦᠢᠯᠡᠳᠬᠦᠨ ᠤ ᠭᠠᠭᠴᠠᠭᠠᠷ ᠡᠵᠡᠮᠰᠢᠯ ᠢ ᠡᠪᠳᠡᠵᠦ᠂ ᠮᠠᠨ ᠤ ᠤᠯᠤᠰ ᠤᠨ ᠰᠦᠨ ᠬᠦᠴᠢᠯ ᠤᠨ ᠪᠠᠺᠲ᠋ᠧᠷᠢ ᠤᠷᠲᠤ ᠬᠤᠭᠤᠴᠠᠭ᠎ᠠ ᠪᠠᠷ ᠬᠥᠮᠥᠨ ᠳᠤ ᠬᠢᠵᠠᠭᠠᠷᠯᠠᠭᠳᠠᠵᠤ ᠪᠠᠶᠢᠭᠰᠠᠨ ᠪᠠᠶᠢᠳᠠᠯ ᠢ ᠬᠤᠪᠢᠷᠠᠭᠤᠯᠪᠠ᠃

      ᠯᠦ ᠵᠠᠨ ᠶᠤᠸᠠᠨ ᠤ ᠡᠷᠭᠢᠯᠡᠭᠰᠡᠨ ︽ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ᠭᠠᠵᠠᠷ ᠤᠨ ᠬᠦᠴᠦ ᠶᠢ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠬᠢᠭᠡᠳ ᠬᠡᠷᠡᠭᠯᠡᠭᠡᠨ︾ ᠤ ᠲᠥᠷᠥᠯ ᠵᠦᠢᠯ ᠨᠢ ᠮᠠᠨ ᠤ ᠤᠯᠤᠰ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠮᠠᠭᠤᠳᠠᠭᠰᠠᠨ ᠪᠠ ᠦᠢᠯᠡᠳᠪᠦᠷᠢᠯᠡᠯ ᠤᠨ ᠴᠢᠳᠠᠪᠤᠷᠢ ᠪᠠᠭᠤᠷᠠᠭᠰᠠᠨ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠳᠤ ᠴᠢᠭᠯᠡᠭᠦᠯᠦᠨ᠂ ᠲᠠᠷᠢᠶᠠᠨ ᠭᠠᠵᠠᠷ ᠤᠨ ᠰᠠᠯᠬᠢᠨ ᠳᠤ ᠢᠳᠡᠭᠳᠡᠵᠦ ᠮᠠᠭᠤᠳᠠᠭᠰᠠᠨ ᠵᠢᠮ᠎ᠡ ᠬᠠᠤᠯᠢ ᠶᠢ ᠢᠯᠡᠷᠡᠭᠦᠯᠵᠦ᠂ ᠣᠯᠠᠨ ᠠᠷᠭ᠎ᠠ ᠭᠡᠯᠪᠡᠷᠢ ᠪᠠᠷ ᠰᠠᠯᠬᠢ ᠶᠢ ᠬᠤᠷᠢᠭᠯᠠᠵᠤ ᠰᠠᠯᠬᠢᠨ ᠳᠤ ᠢᠳᠡᠭᠳᠡᠬᠦ ᠶᠢ ᠬᠢᠵᠠᠭᠠᠷᠯᠠᠬᠤ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠲᠠᠷᠢᠶᠠᠨ ᠭᠠᠵᠠᠷ ᠤᠨ ᠭᠠᠵᠠᠷ ᠤᠨ ᠬᠦᠴᠦ ᠡᠪᠳᠡᠭᠳᠡᠬᠦ ᠶᠢ ᠵᠣᠭᠰᠤᠭᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ︔ᠣᠯᠠᠨ ᠠᠷᠭ᠎ᠠ ᠵᠠᠮ ᠢᠶᠠᠷ ᠭᠠᠵᠠᠷ ᠤᠨ ᠬᠦᠴᠦ ᠶᠢ ᠬᠠᠨᠳᠤᠯᠭ᠎ᠠ ᠲᠠᠢ ᠪᠠᠷ ᠪᠣᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠪᠠ ᠰᠡᠯᠭᠦᠨ ᠳᠠᠷᠢᠵᠦ ᠬᠥᠷᠥᠰᠥ ᠰᠢᠷᠣᠢ ᠶᠢ ᠰᠢᠮᠡᠵᠢᠭᠦᠯᠬᠦ ᠰᠢᠨ᠎ᠡ ᠳᠦᠷᠢᠮ ᠢ ᠡᠭᠦᠳᠦᠨ ᠪᠠᠶᠢᠭᠤᠯᠵᠤ᠂ ᠰᠠᠯᠬᠢᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ︽ᠬᠡᠷᠡᠭᠯᠡᠬᠦ᠂ ᠠᠷᠠᠴᠢᠯᠠᠬᠤ︾ ᠲᠡᠩᠴᠡᠭᠦᠷᠢ ᠪᠠᠨ ᠠᠯᠳᠠᠭᠰᠠᠨ ᠬᠦᠴᠢᠷ ᠠᠰᠠᠭᠤᠳᠠᠯ ᠢ ᠰᠢᠶᠳᠪᠦᠷᠢᠯᠡᠪᠡ︔ ᠠᠳᠠᠯᠢ ᠪᠤᠰᠤ ᠲᠠᠰ ᠤᠨ ᠮᠠᠭᠤᠳᠠᠭᠰᠠᠨ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠪᠣᠶᠢᠵᠢᠭᠤᠯᠬᠤ ᠪᠠ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠡᠭᠦᠳᠦᠨ ᠪᠠᠶᠢᠭᠤᠯᠪᠠ᠃ ᠰᠤᠳᠤᠯᠭᠠᠨ ᠤ ᠦᠷ᠎ᠡ ᠪᠦᠲᠦᠭᠡᠯ ᠢ ᠨᠡᠶᠢᠲᠡ 2 ᠳ᠋ᠦᠩᠰᠢᠭᠤᠷ ᠭᠠᠷᠤᠢ ᠮᠦ ᠳᠤ ᠳᠡᠯᠭᠡᠷᠡᠭᠦᠯᠵᠦ᠂ ᠠᠮᠤ ᠪᠤᠳᠠᠭᠠᠨ ᠤ ᠤᠨᠠᠯᠲᠠ ᠶᠢ 200 ᠭᠠᠷᠤᠢ ᠳ᠋ᠦᠩᠰᠢᠭᠤᠷ ᠵᠢᠩ ᠨᠡᠮᠡᠭᠳᠡᠭᠦᠯᠵᠦ᠂ ᠣᠷᠣᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠭᠰᠠᠨ ᠬᠡᠮᠵᠢᠶ᠎ᠡ ᠨᠢ 230 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠤᠯᠤᠰ ᠤᠨ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠪᠠ ᠭᠠᠵᠠᠷ ᠤᠨ ᠬᠦᠴᠦ ᠶᠢ ᠪᠣᠶᠢᠵᠢᠭᠤᠯᠬᠤ ᠶᠢ ᠠᠬᠢᠭᠤᠯᠬᠤ ᠳᠤ ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃

      ᠡᠭᠦᠨ ᠤ ᠬᠠᠮᠲᠤ᠂ ᠮᠠᠨ ᠤ ᠣᠷᠣᠨ ᠤ ᠶᠢᠨ ᠢᠦᠢ ᠪᠦᠦ ᠯᠢᠩ ᠠᠮᠢᠳᠤ ᠪᠣᠳᠠᠰ ᠤᠨ ᠡᠮ ᠤᠨ ᠬᠢᠵᠠᠭᠠᠷᠲᠤ ᠺᠤᠮᠫᠠᠨᠢ ᠶᠢᠨ ᠣᠷᠣᠯᠴᠠᠬᠰᠠᠨ ︽ᠭᠠᠭ᠋ᠠᠢ ᠳᠤ ᠬᠡᠷᠡᠭᠯᠡᠬᠦ ᠳᠠᠭᠢᠨ ᠨᠡᠶᠢᠯᠡᠭᠦᠯᠦᠭᠰᠡᠨ ᠰᠢᠯᠦᠬᠡᠢ ᠡᠪᠡᠳᠴᠢᠨ ᠤ 0 ᠭᠡᠯᠪᠡᠷᠢ᠂ A ᠭᠡᠯᠪᠡᠷᠢ ᠶᠢᠨ ᠬᠤᠶᠠᠷ ᠸᠠᠯᠧᠨ᠋ᠲᠳᠤ ᠢᠳᠡᠪᠬᠢ ᠥᠭᠡᠶᠢᠵᠢᠭᠦᠯᠦᠭᠰᠡᠨ ᠸᠠᠺᠼᠢᠨ ᠤ ᠡᠭᠦᠳᠦᠯᠲᠡ ᠪᠠ ᠬᠡᠷᠡᠭᠯᠡᠭᠡᠨ︾ ᠤ ᠲᠥᠷᠥᠯ ᠵᠦᠢᠯ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ︔ ᠥᠪᠦᠷ ᠮᠣᠩᠭᠤᠯ ᠤᠨ ᠰᠠᠢ ᠹᠧᠢ ᠶᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠣᠷᠣᠯᠴᠠᠬᠰᠠᠨ ︽ᠮᠢᠬᠠᠨ ᠤ ᠨᠤᠭᠤᠰᠤ ᠶᠢᠨ ᠥᠨᠳᠥᠷ ᠪᠦᠲᠦᠮᠵᠢᠲᠡᠢ ᠡᠭᠦᠯᠳᠡᠷ ᠪᠣᠶᠢᠵᠢᠭᠤᠯᠬᠤ ᠮᠡᠷᠭᠡᠵᠢᠯ ᠢ ᠡᠭᠦᠳᠦᠨ ᠪᠠᠶᠢᠭᠤᠯᠬᠤ ᠪᠠ ᠰᠢᠨ᠎ᠡ ᠡᠭᠦᠯᠳᠡᠷ ᠢ ᠪᠣᠶᠢᠵᠢᠭᠤᠯᠬᠤ ᠵᠢᠴᠢ ᠠᠵᠤ ᠦᠢᠯᠡᠰᠵᠢᠭᠦᠯᠬᠦ︾ ᠲᠥᠷᠥᠯ ᠵᠦᠢᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠲᠡᠪᠡ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map