|
ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ 435 ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ | ᠬᠠᠪᠰᠤᠷᠤᠯᠴᠠᠬᠤ ᠪᠠᠲᠤᠯᠠᠭ᠎ᠠ ᠬᠦᠷᠭᠡᠪᠡ |
|
|
ᠨᠡᠶᠢᠲᠡᠯᠡᠭᠰᠡᠨ ᠴᠠᠭ᠄
2024/6/27
|
|
ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠥᠷᠨᠢᠭᠦᠯᠬᠦ ᠲᠤᠬᠠᠶ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠪᠥᠬᠦ ᠬᠤᠲᠠ ᠶᠢᠨ 435 ᠲᠦᠷᠭᠡᠨ ᠬᠦᠷᠭᠡᠭᠴᠢ ᠳᠤ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠬᠦᠷᠭᠡᠪᠡ᠃ ᠲᠦᠷᠭᠡᠨ ᠬᠦᠷᠭᠡᠭᠴᠢ ᠰᠦᠨ ᠠᠪᠤᠭᠠᠶ ᠪᠣᠯᠤᠨ ᠨᠢᠶᠧ ᠠᠪᠤᠭᠠᠢ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠬᠦᠴᠦᠨ ᠲᠠᠢ ᠪᠣᠯᠤᠭᠰᠠᠨ ᠤ ᠳᠠᠷᠠᠭ᠎ᠠ ᠡᠪᠡᠳᠴᠢᠨ ᠠᠴᠠ ᠪᠣᠯᠵᠤ ᠡᠮᠨᠡᠯᠭᠡ ᠳᠤ ᠰᠠᠭᠤᠵᠠᠢ᠂ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠲᠡᠷᠡ ᠳᠠᠷᠤᠶ ᠳᠤ ᠨᠢ ᠦᠨᠳᠦᠰᠦᠨ ᠪᠠᠶᠢᠳᠠᠯ ᠢ ᠤᠶᠢᠯᠠᠭᠠᠨ ᠡᠵᠡᠮᠰᠢᠵᠦ᠂ ᠲᠡᠷᠡ ᠳᠠᠷᠤᠶ ᠳᠤ ᠨᠢ ᠳᠡᠭᠡᠭᠰᠢ ᠮᠡᠳᠡᠭᠦᠯᠦᠨ ᠰᠢᠢᠳᠪᠦᠷᠢᠯᠡᠵᠦ᠂ ᠨᠢᠭᠡ ᠭᠠᠷᠠᠭ ᠤᠨ ᠳᠣᠲᠣᠷ᠎ᠠ ᠪᠠᠲᠤᠯᠠᠭ᠎ᠠ ᠶᠢᠨ ᠮᠥᠩᠭᠦ ᠶᠢ ᠳᠠᠭᠠᠳᠬᠠᠯ ᠳᠤ ᠣᠷᠣᠯᠴᠠᠭᠴᠢ ᠶᠢᠨ ᠲᠠᠩᠰᠠᠨ ᠡᠷᠦᠬᠡ ᠳᠤ ᠨᠢ ᠰᠠᠯᠭᠠᠨ ᠥᠭᠪᠡ᠃ ᠣᠳᠣᠬᠠᠨ ᠪᠣᠯᠲᠠᠯ᠎ᠠ᠂ ᠨᠡᠶᠢᠲᠡ 14809 ᠬᠥᠮᠦᠨ ᠤᠳᠠᠭ᠎ᠠ 1194.13 ᠲᠦᠭᠦᠷᠢᠭ ᠤᠨ ᠪᠠᠲᠤᠯᠠᠭ᠎ᠠ ᠶᠢᠨ ᠮᠥᠩᠭᠦ ᠶᠢ ᠭᠤᠶᠤᠴᠢᠯᠠᠨ ᠣᠯᠪᠠ᠃ ᠪᠦᠬᠦ ᠬᠤᠲᠠ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠬᠤ ᠪᠠᠲᠤᠯᠠᠭ᠎ᠠ ᠶᠢ 2019 ᠤᠨ ᠤ 5 ᠳ᠋ᠤᠭᠠᠷ ᠰᠠᠷ᠎ᠠ ᠳᠤ ᠬᠡᠷᠡᠭᠵᠢᠭᠦᠯᠵᠦ᠂ ᠣᠳᠣᠬᠠᠨ ᠳᠤ 7.1 ᠲᠦᠮᠡᠨ ᠠᠵᠢᠯᠲᠠᠨ ᠠᠵᠢᠯᠴᠢᠨ ᠬᠠᠪᠰᠤᠷᠤᠯᠴᠠᠬᠤ ᠪᠠᠲᠤᠯᠠᠭ᠎ᠠ ᠳᠤ ᠣᠷᠣᠯᠴᠠᠵᠤ᠂ ᠥᠷᠭᠡᠨ ᠣᠯᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠷᠤᠭᠠᠰᠤ ᠶᠢ ᠨᠢ ᠦᠨᠡᠨ ᠬᠦ ᠪᠦᠲᠦᠮᠵᠢᠲᠡᠶ ᠬᠥᠩᠭᠡᠷᠡᠭᠦᠯᠪᠡ᠃ |
|
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|