ᠸᠠᠩ ᠯᠢ ᠰᠢᠶᠠ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/10

      7 ᠰᠠᠷ᠎ᠠ ᠶᠢᠨ 8 ᠠᠴᠠ 9 ᠤ ᠡᠳᠦᠷ ᠪᠣᠯᠲᠠᠯ᠎ᠠ᠂ ᠸᠠᠩ ᠯᠢ ᠰᠢᠶᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠳᠤ ᠤᠳᠤ ᠦᠶ᠎ᠡ ᠶᠢᠨ ᠲᠠᠷᠢᠶᠠᠯᠠᠩ᠂ ᠨᠤᠲᠤᠭ ᠪᠡᠯᠴᠢᠭᠡᠷ ᠤᠨ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠶᠡᠷ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃王莉霞在兴安盟调研 1.jpg      ᠵᠠᠯᠠᠶᠢᠳ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠤᠰᠤᠨ ᠲᠤᠲᠤᠷᠭ᠎ᠠ ᠶᠢᠨ ᠤᠷᠭᠤᠴᠠ ᠰᠠᠶᠢᠨ ᠪᠠᠶᠢᠵᠤ᠂ ᠸᠠᠩ ᠯᠢ ᠰᠢᠶᠠ ᠲᠠᠷᠢᠶᠠᠨ ᠭᠠᠵᠠᠷ ᠲᠤ ᠬᠦᠷᠴᠦ᠂ ᠲᠠᠷᠢᠮᠠᠯ ᠤᠨ ᠡᠷᠦᠭᠡ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠭᠤᠷᠠᠢ ᠲᠠᠷᠢᠶ᠎ᠠ ᠶᠢᠨ ᠤᠰᠤᠨ ᠲᠤᠲᠤᠷᠭ᠎ᠠ ᠲᠠᠷᠢᠵᠤ ᠦᠢᠯᠡᠳᠪᠦᠷᠢᠯᠡᠬᠦ ᠪᠠ ᠤᠰᠤᠨ ᠲᠤᠲᠤᠷᠭ᠎ᠠ ᠶᠢᠨ ᠲᠠᠷᠢᠶᠠᠴᠢᠨ ᠤ ᠣᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠡᠵᠡᠩᠨᠡᠯᠲᠡ ᠶᠢᠨ ᠡᠷᠦᠭᠡ ᠶᠢ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠲᠡᠮᠳᠡᠭᠵᠢᠯᠲᠡ ᠶᠢᠨ ᠲᠠᠯ᠎ᠠ ᠪᠠᠷ ᠬᠦᠴᠦ ᠣᠷᠣᠭᠤᠯᠵᠤ᠂ ᠴᠢᠳᠠᠪᠤᠷᠢᠲᠠᠨ ᠢ ᠬᠥᠮᠦᠵᠢᠭᠦᠯᠵᠦ᠂ ᠲᠦᠷᠦᠯ ᠲᠡᠮᠳᠡᠭ ᠢ ᠪᠤᠶᠢᠵᠢᠭᠤᠯᠵᠤ᠂ ᠰᠠᠶᠢᠨ ᠲᠤᠳᠤᠷᠭ᠎ᠠ ᠶᠢ ᠰᠠᠶᠢᠨ ᠦᠨ᠎ᠡ ᠪᠠᠷ ᠬᠤᠳᠠᠯᠳᠤᠵᠤ᠂ ᠲᠤᠬᠠᠢ ᠶᠢᠨ ᠭᠠᠵᠠᠷ ᠤᠨ ᠠᠷᠠᠳ ᠲᠦᠮᠡᠨ ᠳᠤ ᠨᠡᠩ ᠤᠯᠠᠨ ᠠᠰᠢᠭ ᠬᠦᠷᠲᠡᠭᠡᠬᠦ ᠶᠢ ᠵᠣᠷᠢᠭᠵᠢᠭᠤᠯᠪᠠ᠃ ᠲᠡᠷᠡ ᠠᠵᠤ ᠦᠢᠯᠡᠰ ᠤᠨ ᠬᠦᠷᠢᠶᠡᠯᠡᠩ ᠤᠨ ᠲᠤᠷᠰᠢᠯᠲᠠ ᠶᠢᠨ ᠲᠠᠰᠤᠭ ᠲᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠠᠴᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠡᠷᠡᠭᠯᠡᠭᠡᠨ ᠤ ᠪᠠᠶᠢᠳᠠᠯ ᠢ ᠣᠶᠢᠯᠠᠭᠠᠪᠠ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠡᠯ᠎ᠡ ᠭᠤᠭᠴᠤᠭ᠎ᠠ ᠳᠤ ᠪᠦᠷ ᠲᠣᠭᠠᠴᠢᠯᠠᠭᠰᠠᠨ ᠮᠡᠷᠭᠡᠵᠢᠯ ᠢ ᠬᠡᠷᠡᠭᠯᠡᠭᠰᠡᠨ ᠪᠠᠶᠢᠬᠤ ᠶᠢ ᠣᠶᠢᠯᠠᠭᠠᠭᠠᠳ ᠲᠡᠷᠡ ᠮᠠᠰᠢ ᠪᠠᠶᠠᠷᠯᠠᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠥᠭᠦᠯᠡᠯ ᠢᠶᠠᠨ ᠡᠬᠡ ᠭᠠᠵᠠᠷ ᠲᠡᠭᠡᠷ᠎ᠡ ᠪᠢᠴᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠲᠠᠷᠢᠶᠠᠯᠠᠩ ᠤᠨ ᠣᠳᠣᠬᠢᠴᠢᠯᠠᠯᠲᠠ ᠳᠤ ᠬᠦᠴᠦᠨ ᠴᠢᠳᠠᠯ ᠤᠯᠭᠤᠲᠤᠭᠠᠢ ᠭᠡᠵᠦ ᠵᠣᠷᠢᠭᠵᠢᠭᠤᠯᠪᠠ᠃

      ᠲᠡᠮᠡᠬᠡᠵᠢ ᠶᠢᠨ ᠨᠤᠲᠤᠬ ᠪᠡᠯᠴᠢᠭᠡᠷ ᠢ ᠮᠠᠰᠢ ᠰᠠᠶᠢᠨ ᠬᠠᠮᠠᠭᠠᠯᠠᠵᠤ ᠪᠠᠶᠢᠬᠤ ᠶᠢ ᠦᠵᠡᠭᠡᠳ ᠸᠠᠩ ᠯᠢ ᠰᠢᠶᠠ᠂ ᠪᠡᠯᠴᠢᠭᠡᠷ ᠤᠨ ᠲᠠᠭᠠᠭᠠᠴᠠ ᠪᠠᠷ ᠮᠠᠯ ᠤᠨ ᠲᠤᠭ᠎ᠠ ᠶᠢ ᠲᠣᠭᠲᠠᠭᠠᠬᠤ᠂ ᠴᠥᠭᠡᠨ ᠲᠡᠵᠢᠭᠡᠵᠦ ᠨᠠᠷᠢᠯᠢᠭ ᠮᠠᠯᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠵᠡᠷᠭᠡ ᠨᠤᠲᠤᠭ ᠪᠡᠯᠴᠢᠭᠡᠷ ᠤᠨ ᠳᠦᠷᠢᠮ ᠲᠣᠭᠲᠠᠭᠠᠯ ᠢ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠦᠵᠡᠰᠭᠦᠯᠡᠩᠲᠦ ᠰᠠᠶᠢᠬᠠᠨ ᠪᠣᠯᠭᠠᠬᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠤᠯᠠᠨ ᠲᠦᠮᠡᠨ ᠢ ᠪᠠᠶᠠᠵᠢᠭᠤᠯᠬᠤ ᠶᠢ ᠪᠡᠶᠡᠯᠡᠭᠦᠯᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃

      ︽ᠲᠤᠯᠤᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ︾ ᠪᠣᠯ ᠥᠪᠥᠷ ᠮᠣᠩᠭᠤᠯ ᠤᠨ ᠦᠶᠡᠷ ᠢ ᠰᠡᠷᠭᠡᠶᠢᠯᠡᠬᠦ ᠬᠠᠮᠤᠭ ᠤᠨ ᠢᠳᠡ ᠠᠪᠬᠤ ᠴᠠᠭ ᠬᠤᠭᠤᠴᠠᠭ᠎ᠠ ᠪᠣᠯᠤᠨ᠎ᠠ᠂ ᠸᠠᠩ ᠯᠢ ᠰᠢᠶᠠ ᠴᠤᠤᠯ ᠤᠰᠤᠨ ᠴᠥᠭᠦᠷᠥᠮ ᠳᠤ ᠲᠤᠰᠬᠠᠶᠢᠯᠠᠨ ᠬᠦᠷᠴᠦ᠂ ᠴᠥᠭᠦᠷᠥᠮ ᠤᠨ ᠪᠠᠭᠲᠠᠭᠠᠮᠵᠢ᠂ ᠤᠰᠤᠨ ᠤ ᠬᠡᠮᠵᠢᠶ᠎ᠡ᠂ ᠤᠰᠤᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ︽ᠰᠠᠨᠠᠭᠠᠴᠢᠯᠠᠭᠠᠲᠤ ᠳᠠᠶᠢᠯᠠᠯᠳᠤᠭᠠᠨ︾ ᠢ ᠰᠠᠶᠢᠲᠤᠷ ᠬᠢᠬᠦ ᠬᠡᠷᠡᠭᠲᠡᠶ᠃ ᠢᠨᠵᠧᠨᠧᠷᠢᠩ ᠤᠨ ᠴᠢᠨᠠᠷᠲᠠᠶ ᠤᠰᠤ ᠦᠯᠡᠳᠡᠭᠡᠬᠦ ᠲᠠᠯ᠎ᠠ ᠪᠠᠷ ᠠᠷᠭ᠎ᠠ ᠪᠤᠳᠤᠵᠤ᠂ ᠤᠰᠤᠨ ᠤ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠦᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠠᠮᠢ ᠠᠬᠤᠢ ᠪᠣᠯᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠪᠠᠶᠢᠭᠠᠯᠢ ᠶᠢᠨ ᠦᠵᠡᠰᠭᠦᠯᠡᠩᠲᠦ ᠰᠠᠶᠢᠬᠠᠨ ᠥᠡᠭᠬᠡ ᠦᠵᠡᠮᠵᠢ ᠶᠢ ᠰᠠᠶᠢᠲᠤᠷ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠤᠯᠠᠨ ᠲᠦᠮᠡᠨ ᠳᠤ ᠪᠤᠶᠠᠨ ᠦᠢᠯᠡᠳᠬᠦ ᠬᠡᠷᠡᠭᠲᠡᠢ ᠭᠡᠵᠦ ᠱᠠᠭᠠᠷᠳᠠᠪᠠ᠃

      ᠶᠠᠳᠠᠭᠤ ᠠᠴᠠ ᠠᠩᠭᠢᠵᠢᠷᠠᠭᠰᠠᠨ ᠡᠷᠦᠬᠡ ᠵᠦ ᠴᠢᠩ ᠬᠤᠩ ᠤᠨ ᠬᠡᠷ ᠲᠤ᠂ ᠸᠠᠩ ᠯᠢ ᠰᠢᠶᠠ ᠲᠡᠭᠦᠨ ᠲᠠᠢ ᠣᠷᠣᠯᠭ᠎ᠠ ᠶᠢᠨ ᠨᠠᠷᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠡᠮᠴᠢᠯᠡᠭᠡ ᠡᠮ ᠡᠮᠨᠡᠯᠭᠡ ᠶᠢᠨ ᠳᠠᠭᠠᠳᠬᠠᠯ᠂ ᠬᠡᠷ ᠪᠦᠯᠢ ᠶᠢᠨ ᠡᠮᠴᠢ ᠶᠢᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠲᠤᠬᠠᠶ ᠶᠢᠨ ᠭᠠᠵᠠᠷ ᠤᠨ ᠬᠢᠨ ᠳᠤ ᠥᠩᠭᠡᠷᠡᠭᠰᠡᠨ ᠲᠠᠢ ᠪᠠᠨ ᠠᠳᠠᠯᠢ ᠪᠠᠷ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠣᠯᠠᠨ ᠳᠤ ᠨᠠᠮ ᠤᠨ ᠲᠥᠷᠥ ᠶᠢᠨ ᠪᠣᠳᠣᠯᠭ᠎ᠠ ᠶᠢᠨ ᠬᠠᠶᠢᠷ᠎ᠠ ᠬᠠᠯᠠᠮᠵᠢ ᠶᠢ ᠦᠷᠭᠦᠯᠵᠢᠯᠡᠨ ᠮᠡᠳᠡᠷᠡᠭᠦᠯᠵᠦ᠂ ᠲᠡᠲᠡᠨ ᠢ ᠠᠮᠢᠳᠤᠷᠠᠯ ᠳᠠᠭᠠᠨ ᠨᠠᠩ ᠢᠲᠡᠭᠡᠯ ᠲᠠᠢ᠂ ᠨᠠᠩ ᠬᠦᠰᠡᠯ ᠡᠷᠡᠮᠡᠯᠵᠡᠯ ᠲᠠᠢ ᠪᠣᠯᠭᠠᠬᠤ ᠬᠡᠷᠡᠭᠲᠡᠶ ᠭᠡᠵᠦ ᠵᠠᠬᠢᠪᠠ᠃

      ᠲᠡᠷᠡ ᠪᠠᠰᠠ ᠵᠠᠯᠠᠶᠢᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠳᠤ ᠲᠤᠰᠢᠶᠠᠯ ᠡᠭᠦᠷᠭᠡᠯᠡᠵᠦ ᠪᠠᠶᠢᠭ᠎ᠠ ᠪᠡᠭᠡᠵᠢᠩ ᠤᠨ ᠲᠤᠰᠬᠠᠢ ᠮᠡᠷᠭᠡᠵᠢᠯᠲᠡᠨ ᠢ ᠡᠷᠬᠢᠨ ᠦᠵᠡᠵᠦ᠂ ᠲᠡᠳᠡᠨ ᠢ ᠪᠤᠤᠭᠢᠶ᠎ᠠ ᠪᠠᠨ ᠰᠠᠶᠢᠲᠤᠷ ᠳᠠᠮᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠲᠤᠬᠡᠢ ᠭᠡᠵᠦ ᠵᠣᠷᠢᠭᠵᠢᠭᠤᠯᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map