ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ
ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠢᠮᠠᠭᠲᠠ ᠠᠩᠬᠠᠷᠤᠨ ᠬᠠᠯᠠᠮᠵᠢᠯᠠᠵᠤ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠦᠨ ᠰᠠᠨᠠᠭᠠᠯᠵᠠᠵᠤ᠂ 2023 ᠣᠨ ᠤ 6 ᠰᠠᠷ᠎ᠠ ᠳᠤ ᠳᠥᠷᠪᠡᠳᠡᠬᠢ ᠤᠳᠠᠭ᠎ᠠ ᠥᠪᠥᠷ ᠮᠣᠩᠭᠤᠯ ᠳᠤ ᠢᠷᠡᠵᠥ ᠰᠢᠨᠵᠢᠯᠡᠨ ᠪᠠᠶᠢᠴᠠᠭᠠᠵᠤ᠂ ᠳᠠᠬᠢᠨᠲᠠ ᠥᠪᠥᠷ ᠮᠣᠩᠭᠤᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ ᠴᠢᠭᠯᠡᠯ ᠢ ᠲᠣᠭᠲᠠᠭᠠᠵᠤ ᠥᠭᠭᠦᠨ᠂ ᠡᠷᠴᠢ ᠵᠣᠷᠢᠭ ᠢ ᠬᠥᠪᠴᠢᠯᠡᠨ ᠤᠷᠮᠠᠰᠢᠭᠤᠯᠤᠨ ᠵᠣᠷᠢᠭᠵᠢᠭᠤᠯᠪᠠ᠂ ᠪᠦᠭᠦ ᠣᠷᠣᠨ ᠳᠠᠶᠠᠭᠠᠷ ᠢᠶᠠᠨ ᠲᠤᠶᠢᠯ ᠢᠶᠠᠷ ᠤᠷᠮᠠᠰᠢᠨ ᠵᠣᠷᠢᠭᠵᠢᠪᠠ᠃
ᠨᠢᠭᠡ ᠵᠢᠯ ᠤᠨ ᠲᠤᠷᠰᠢ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠭᠤᠣᠯ ᠰᠡᠳᠦᠪᠲᠦ ᠬᠥᠮᠦᠵᠢᠯ ᠸᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠬᠦᠴᠦᠨ ᠴᠢᠳᠠᠯ ᠣᠯᠭᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠪᠡᠶᠡᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠪᠦᠲᠦᠴᠡ᠂ ᠦᠵᠡᠯ ᠰᠠᠨᠠᠭ᠎ᠠ ᠣᠶᠢᠯᠠᠭᠠᠭᠳᠠᠬᠤᠨ ᠪᠣᠯᠣᠨ ᠠᠵᠢᠯ ᠤᠨ ᠰᠤᠷᠲᠠᠯ ᠢᠶᠠᠨ ᠱᠠᠯᠠᠪᠳᠠᠨ ᠲᠠᠭᠢᠨ ᠪᠤᠢ ᠪᠤᠯᠭᠠᠵᠤ᠂ ᠣᠷᠣᠨ ᠳᠠᠶᠠᠭᠠᠷ ᠢᠶᠠᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠳᠦᠷᠢ ᠲᠥᠷᠬᠦ ᠶᠢ ᠱᠤᠭᠤᠬᠤ᠂ ᠪᠣᠳᠠᠲᠤ ᠦᠷ᠎ᠡ ᠪᠦᠲᠦᠮᠵᠢ ᠶᠢ ᠡᠷᠭᠢᠮᠯᠡᠭᠦ ᠶᠢ ᠬᠥᠲᠥᠯᠥᠨ ᠵᠢᠯᠤᠭᠤᠳᠴᠤ᠂ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠢ ᠨᠡᠭᠡᠭᠡᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠶᠢ ᠠᠬᠢᠭᠤᠯᠬᠤ︾ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠪᠠ᠃
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠨᠢᠳᠦᠨ ᠳᠤ ᠦᠵᠡᠭᠳᠡᠮ᠎ᠡ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠪᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠳᠤᠷᠠᠳᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ︽ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠬᠦ ᠴᠢᠬᠤᠯᠠ ᠶᠡᠭᠡ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠂ 28 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ᠂ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠭᠦ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠴᠥᠮ ᠡᠨᠡ ᠬᠦ ᠭᠤᠣᠯ ᠰᠢᠵᠢᠮ ᠤᠨ ᠲᠣᠭᠤᠷᠢᠨ ᠳᠤ ᠥᠴᠥᠬᠡᠨ ᠴᠦ ᠬᠡᠯᠪᠡᠶᠢᠯᠭᠡᠬᠦ ᠦᠭᠡᠢ ᠪᠠᠷ ᠥᠷᠨᠢᠭᠦᠯᠬᠦ ᠶᠢ ᠠᠬᠢᠭᠤᠯᠪᠠ᠃
ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠡᠮᠬᠢ ᠵᠢᠷᠤᠮ ᠲᠠᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠪᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠭᠡᠷ︶ ᠳᠤ ᠡᠯ᠎ᠡ ᠵᠦᠢᠯ ᠤᠨ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠢ ᠬᠠᠷᠢᠭᠤᠴᠠᠬᠤ ᠳᠠᠭᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠲᠣᠭᠲᠠᠭᠠᠬᠤ ᠶᠢᠨ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠤᠯᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠪᠡᠯᠡ ᠮᠥᠩᠭᠦ ᠸᠠ ᠲᠥᠷᠥᠯ ᠵᠦᠢᠯ ᠤᠨ ᠲᠣᠬᠢᠷᠠᠭᠤᠯᠤᠯᠲᠠ ᠵᠡᠷᠭᠡ ᠳᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠤᠭᠰᠠᠨ ᠢ ᠬᠢᠨᠠᠨ ᠬᠠᠷᠭᠤᠭᠤᠯᠬᠤ᠂ ᠦᠨᠡᠯᠡᠬᠦ᠂ ᠴᠡᠭᠴᠡᠯᠡᠨ ᠢᠯᠭᠠᠷᠠᠭᠤᠯᠬᠤ ᠲᠣᠭᠲᠠᠴᠠ ᠶᠢ ᠪᠠᠶᠢᠭᠤᠯᠵᠤ᠂ ᠡᠨᠡ ᠬᠦ ︽ᠲᠠᠷᠢᠬᠢ ᠲᠣᠯᠣᠭᠠᠢ ᠳᠠᠬᠢ︾ ᠠᠵᠢᠯ ᠢ ᠡᠯ᠎ᠡ ᠱᠠᠲᠤᠨ ᠤ ︽ᠭᠠᠷ ᠲᠠᠬᠢ︾ ᠠᠵᠢᠯ ᠪᠣᠯᠭᠠᠨ ᠨᠠᠶᠢᠳᠠᠪᠤᠷᠢᠵᠢᠭᠤᠯᠪᠠ᠃ ᠣᠳᠣᠬᠠᠨ ᠳᠤ᠂ ᠪᠦᠭᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠤᠯᠠᠨ ᠲᠦᠮᠡᠨ ᠤ ᠪᠦᠯᠭᠦᠮ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠠᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠳᠤ ᠵᠢᠭᠰᠠᠭᠠᠨ ᠣᠷᠣᠭᠤᠯᠵᠤ᠂ ᠡᠯ᠎ᠡ ᠲᠦᠷᠦᠯ ᠤᠨ ᠠᠵᠢᠯ ᠲᠦᠷᠦᠯ ᠤᠨ ᠳᠦᠷᠢᠮ ᠲᠣᠭᠲᠠᠭᠠᠯ᠂ ᠲᠣᠰᠬᠤᠨ ᠤ ᠳᠦᠷᠢᠮ ᠠᠷᠠᠳ ᠤᠨ ᠭᠡᠷ᠎ᠡ᠂ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ ᠳᠤ ᠪᠠᠰᠠ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠠᠭᠤᠯᠭ᠎ᠠ ᠶᠢ ᠵᠠᠯᠭᠠᠭ᠎ᠠ ᠪᠠᠷ ᠨᠡᠮᠡᠨ ᠣᠷᠣᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠠᠭᠠᠵᠢᠮ ᠢᠶᠠᠷ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠳᠦᠷ ᠳᠤᠳᠤᠮ ᠤᠨ ᠠᠶᠠᠨᠳᠠᠭᠠᠨ ᠬᠡᠷᠡᠭᠯᠡᠳᠡᠭ ᠤᠬᠠᠮᠰᠠᠷᠲᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠵᠤ ᠬᠤᠪᠢᠷᠠᠵᠤ ᠪᠠᠶᠢᠨ᠎ᠠ᠃
ᠰᠢᠨᠵᠢᠯᠡᠬᠦ ᠤᠬᠠᠭᠠᠨᠴᠢ ᠵᠢᠷᠤᠮᠵᠢᠩᠭᠤᠢ᠂ ᠰᠢᠰᠲ᠋ᠧᠮ ᠲᠠᠢ ᠪᠦᠭᠦ ᠲᠠᠯ᠎ᠠ ᠪᠠᠷ ᠰᠤᠳᠤᠯᠤᠨ ᠲᠠᠶᠢᠯᠪᠤᠷᠢᠯᠠᠬᠤ ᠰᠢᠰᠲ᠋ᠧᠮ ᠢ ᠪᠦᠷᠢᠯᠳᠦᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠤ ᠢᠨᠵᠧᠨᠧᠷᠢᠩ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ︵ᠪᠣᠶᠢᠵᠢᠭᠤᠯᠬᠤ︶ ᠰᠠᠭᠤᠷᠢᠨ ᠢ 11 ᠰᠣᠩᠭᠤᠨ ᠨᠡᠷᠡᠶᠢᠳᠴᠦ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ•ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠤᠨ ᠪᠢᠴᠢᠵᠦ᠂ ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠬᠡ ᠭᠠᠳᠠᠷᠲᠤ ᠤᠢᠴᠢᠭ ︵2023︶︾ ᠢ ᠨᠠᠶᠢᠷᠠᠭᠤᠯᠤᠨ ᠪᠢᠴᠢᠵᠦ᠂ ᠡᠷᠲᠡᠨ ᠠᠴᠠ ᠨᠠᠭᠠᠰᠢᠬᠢ ᠥᠪᠥᠷ ᠮᠣᠩᠭᠤᠯ ᠤᠨ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂ ᠬᠠᠮᠲᠤ ᠪᠠᠷ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠭᠰᠠᠨ ᠲᠡᠦᠬᠡᠨ ᠪᠣᠳᠠᠲᠤ ᠤᠠᠶᠢᠳᠠᠯ ᠢ ᠭᠦᠢᠴᠡᠳ ᠠᠭᠤᠳᠠᠯᠤᠨ ᠢᠯᠡᠷᠡᠭᠦᠯᠪᠡ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠵᠡᠷᠭᠡ ᠣᠶᠢᠯᠠᠭᠠᠭᠳᠠᠬᠤᠨ ᠪᠣᠯᠣᠨ ᠡᠯᠧᠮᠧᠨ᠋ᠲ ᠢ ᠲᠡᠦᠬᠡ ᠰᠣᠶᠣᠯ ᠤᠨ ᠤᠬᠠᠭᠤᠯᠭ᠎ᠠ ᠬᠥᠮᠦᠵᠢᠯ᠂ ᠤᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠤᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ ᠵᠡᠷᠭᠡ ᠲᠠᠯ᠎ᠠ ᠳᠤ ᠭᠦᠢᠴᠡᠳ ᠢᠯᠡᠷᠡᠭᠦᠯᠵᠦ᠂ ︽ᠬᠠᠳᠤᠨ ᠭᠤᠣᠯ ᠤᠨ ᠰᠦᠭ ᠰᠦᠨᠡᠰᠦ︾᠂ ︽ᠤᠷᠳᠤ ᠴᠠᠭᠠᠨ ᠬᠡᠷᠡᠮ︾᠂ ︽ᠪᠣᠭᠤᠮᠲᠠ ᠶᠢᠨ ᠪᠠᠷᠠᠭᠤᠨ ᠠᠮᠠ ᠶᠢᠨ ᠤᠯᠠ ᠮᠥᠷ︾᠂ ︽︿ᠪᠣᠷᠣᠳᠣᠬᠤᠢ ᠬᠥᠮᠥᠨ﹀ ᠤ ᠤᠯᠠ ᠮᠥᠷ ᠢᠶᠠᠷ︾᠂ ︽ᠭᠦᠭᠡᠬᠤᠲᠠ ᠶᠢᠨ ᠰᠣᠶᠣᠯ ᠤᠨ ᠤᠯᠠᠮᠵᠢᠯᠠᠯ ᠬᠥᠭᠵᠢᠯᠲᠡ︾ ᠵᠡᠷᠭᠡ ᠨᠢᠭᠡ ᠪᠦᠯᠦᠭ ᠥᠪᠥᠷ ᠮᠣᠩᠭᠤᠯ ᠤᠨ ᠭᠠᠵᠠᠷ ᠣᠷᠣᠨ ᠤ ᠣᠨᠴᠠᠯᠢᠭ ᠲᠠᠢ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠢᠯᠡᠷᠡᠭᠦᠯᠦᠭᠰᠡᠨ ᠰᠣᠶᠣᠯ ᠤᠨ ᠤᠬᠠᠭᠤᠯᠭ᠎ᠠ ᠶᠢᠨ ᠪᠦᠲᠦᠭᠡᠭᠳᠡᠬᠦᠨ ᠢ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠡᠩ ᠣᠶᠢᠯᠠᠭᠠᠨ ᠮᠡᠳᠡᠷᠡᠭᠦᠯᠬᠦ ᠪᠣᠯᠭᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠸᠠ ᠬᠡᠦᠬᠡᠳ ᠤᠨ ᠴᠡᠴᠡᠷᠯᠢᠭ ᠲᠤ ︽ᠠᠨᠠᠷ ᠤᠨ ᠦᠷ᠎ᠡ ᠬᠥᠮᠥᠨ ᠬᠥᠮᠥᠵᠢᠭᠦᠯᠬᠦ ᠪᠠᠭ᠎ᠠ ᠬᠢᠴᠢᠶᠡᠯ ᠤᠨ ᠲᠠᠩᠬᠢᠮ︾ ᠭᠠᠷᠭᠠᠵᠤ᠂ ᠵᠠᠭᠤᠴᠢᠯᠠᠭᠤᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾᠂ ︽ᠠᠨᠠᠷ ᠤᠨ ᠴᠡᠴᠡᠭ ᠳᠡᠯᠭᠡᠷᠡᠨᠡᠮ︾᠂ ︽ᠭᠡᠷ ᠣᠷᠣᠨ︾ ᠵᠡᠷᠭᠡ ᠲᠤᠰᠬᠠᠢ ᠪᠤᠯᠤᠩ ᠢ ᠨᠡᠭᠡᠭᠡᠵᠦ᠂ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠤᠰᠬᠠᠢ ᠬᠢᠴᠢᠶᠡᠯ ᠲᠣᠬᠢᠷᠠᠭᠤᠯᠵᠤ᠂ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠭᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠠᠮᠢᠳᠤᠯᠢᠭ ᠢᠶᠠᠷ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠲᠤᠮ ᠪᠠᠬᠢᠵᠢᠵᠦ᠂ ᠶᠠᠭ ᠠᠭᠠᠷ ᠸᠠ ᠨᠡᠷᠡᠨ ᠤ ᠭᠡᠷᠡᠯ ᠰᠢᠭ ᠭᠠᠵᠠᠷ ᠪᠣᠯᠭᠠᠨ ᠳᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠰᠠᠨᠠᠭ᠎ᠠ ᠶᠢ ᠤᠮᠳᠠᠯᠠᠵᠤ ᠪᠠᠶᠢᠨ᠎ᠠ᠃
ᠣᠯᠠᠨ ᠡᠰᠢᠲᠦ ᠨᠢᠭᠡ ᠴᠣᠭᠴᠠᠵᠢᠭᠰᠠᠨ᠂ ᠣᠨᠴᠠᠯᠢᠭ ᠰᠢᠨᠵᠢ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ ᠬᠠᠩᠭᠢᠨᠠᠭᠤᠯᠪᠠ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠠ ᠵᠢᠯᠣᠭᠤᠳᠤᠯᠭ᠎ᠠ ᠪᠤᠯᠭᠠᠵᠤ᠂ ᠥᠪᠥᠷ ᠮᠣᠩᠭᠤᠯ ᠤᠨ ᠡᠬᠡ ᠭᠠᠵᠠᠷ ᠳᠡᠭᠡᠷᠡᠬᠢ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠵᠡᠷᠭᠡ ᠰᠣᠶᠣᠯ ᠤᠨ ᠭᠡᠯᠪᠡᠷᠢ ᠶᠢ ᠰᠢᠰᠲ᠋ᠧᠮ ᠲᠠᠢ ᠬᠤᠷᠠᠮᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠵᠡᠷᠭᠡ ᠴᠠᠭ ᠦᠶ᠎ᠡ ᠶᠢᠨ ᠱᠠᠭᠠᠷᠳᠠᠯᠭ᠎ᠠ ᠶᠢ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠦᠭᠦ ᠬᠦᠴᠦ ᠪᠠᠷ ᠢᠶᠠᠨ ᠪᠦᠲᠦᠭᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠰᠡᠳᠬᠢᠯ ᠢ ᠨᠢᠭᠲᠠᠷᠠᠭᠤᠯᠵᠤ᠂ ᠪᠦᠯᠬᠦᠮᠳᠡᠨ ᠲᠡᠮᠡᠴᠡᠬᠦ ᠤᠶᠤᠨ ᠰᠠᠨᠠᠭᠠᠨ ᠤ ᠬᠤᠯᠪᠣᠭᠠᠰᠤ ᠶᠢ ᠪᠠᠲᠤ ᠰᠦᠯᠵᠢᠪᠡ᠃ ᠨᠢᠳᠤᠨᠤᠨ ᠠᠴᠠ ᠨᠠᠭᠠᠰᠢ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠲᠥᠪ ᠢ ᠪᠠᠶᠢᠭᠤᠯᠵᠤ᠂ ᠤᠮᠠᠷᠠᠲᠤ ᠬᠢᠯᠢ ᠶᠢᠨ ᠤᠳᠬ᠎ᠠ ᠤᠷᠠᠯᠢᠭ ᠤᠨ ᠶᠠᠷᠢᠶᠠᠨ ᠤ ᠲᠠᠪᠴᠠᠩ ᠪᠣᠯᠣᠨ ︽ᠤᠮᠠᠷᠠᠲᠤ ᠬᠢᠯᠢ ᠶᠢᠨ ᠤᠯᠠ ᠮᠥᠷ—ᠳᠤᠮᠳᠠᠳᠤ ᠶᠢᠨ ᠪᠣᠯᠪᠠᠰᠤᠨ ᠤ ᠲᠣᠪᠣᠶᠢᠮ᠎ᠠ ᠣᠨᠴᠠᠯᠢᠭ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠰᠭᠦᠯᠡᠩ︾ ᠢ ᠡᠷᠭᠢᠯᠡᠵᠤ᠂ ︽ᠨᠣᠮᠢᠨ ᠨᠣᠭᠤᠭᠠᠨ ᠣᠷᠳᠣ ᠴᠠᠭᠠᠨ ᠬᠡᠷᠡᠮ︾᠂ ︽ᠤᠯᠠᠭᠠᠨᠮᠥ᠋ᠴᠢᠷ ᠬᠢᠯᠢ ᠬᠢᠵᠠᠭᠠᠷ ᠢᠶᠠᠷ ᠠᠶᠠᠯᠠᠨ ᠲᠤᠬᠯᠠᠯᠳᠠ ᠭᠠᠷᠭᠠᠬᠤ︾ ᠸᠠ ︽ᠲᠠᠯ᠎ᠠ ᠨᠤᠲᠤᠭ ᠠᠴᠠ ᠤᠶᠠᠩᠭ᠎ᠠ ᠳᠠᠭᠤᠤ ᠴᠤᠤᠷᠢᠶᠠᠲᠤᠨ᠎ᠠ︾᠂ ︽ᠮᠢᠩᠭᠠᠨ ᠣᠨ ᠤ ᠵᠣᠣ ᠵᠢᠶᠦ᠋ᠨ ᠪᠣᠭᠤᠮᠲᠠ ᠶᠢᠨ ᠭᠠᠳᠠᠨᠠᠬᠢ ᠬᠠᠶᠢᠷ᠎ᠠ︾ ᠵᠡᠷᠭᠡ ᠨᠢᠭᠡ ᠪᠦᠯᠦᠭ ᠰᠣᠶᠣᠯ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ︽ᠤᠷᠳᠤ ᠴᠠᠭᠠᠨ ᠬᠡᠷᠡᠮ ᠪᠣᠯᠣᠨ ᠬᠠᠳᠤᠨ ᠭᠤᠣᠯ ᠤᠨ ᠥᠪᠥᠷ ᠮᠣᠩᠭᠤᠯ ᠳᠠᠬᠢ ᠲᠠᠪᠤ ᠤᠳᠠᠭ᠎ᠠ ᠶᠢᠨ ᠠᠭᠤᠯᠵᠠᠯᠲᠠ︾ ᠰᠢᠷᠢᠰ ᠮᠡᠳᠡᠭᠡᠯᠡᠯ ᠥᠷᠨᠢᠭᠦᠯᠵᠦ᠂ ᠤᠮᠠᠷᠠᠲᠤ ᠬᠢᠯᠢ ᠶᠢᠨ ᠡᠬᠡ ᠭᠠᠵᠠᠷ ᠳᠡᠭᠡᠷᠡᠬᠢ ᠳᠤᠮᠳᠠᠳᠤ ᠶᠢᠨ ᠪᠣᠯᠪᠠᠰᠤᠨ ᠤ ︽ᠲᠠᠪᠤᠨ ᠲᠣᠪᠣᠶᠢᠮ᠎ᠠ ᠣᠨᠴᠠᠯᠢᠭ︾ ᠤᠨ ᠲᠡᠦᠬᠡ ᠶᠢ ᠪᠦᠭᠦ ᠲᠠᠯ᠎ᠠ ᠪᠠᠷ ᠢᠯᠡᠷᠡᠭᠦᠯᠬᠦ ᠪᠠᠷ ᠳᠠᠮᠵᠢᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠ ᠶᠢᠨ ᠲᠤᠬᠠᠢ ᠣᠶᠢᠯᠠᠭᠠᠯᠲᠠ ᠪᠠ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠣᠳᠣᠬᠠᠨ ᠳᠤ᠂ ᠶᠠᠭ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ︽ᠤᠮᠠᠷᠠᠲᠤ ᠬᠢᠯᠢ ᠶᠢᠨ ᠰᠣᠶᠣᠯ ᠤᠨ ᠬᠥᠮᠥᠷᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠦᠯᠢᠭᠡᠷ︾᠂ ︽ᠮᠣᠩᠭᠤᠯ ᠮᠣᠷᠢᠨ ᠤ ᠵᠣᠷᠢᠭ ᠰᠠᠨᠠᠭᠠᠨ ᠤ ᠰᠤᠳᠤᠯᠭᠠᠨ︾ ᠵᠡᠷᠭᠡ ᠰᠢᠷᠢᠰ ᠨᠣᠮ ᠪᠢᠴᠢᠭ ᠢ ᠨᠠᠶᠢᠷᠠᠭᠤᠯᠤᠨ ᠳᠠᠷᠤᠮᠠᠯᠯᠠᠵᠤ᠂ ᠤᠮᠠᠷᠠᠲᠤ ᠬᠢᠯᠢ ᠶᠢᠨ ᠰᠣᠶᠣᠯ ᠤᠨ ᠲᠡᠦᠬᠡ ᠶᠢᠨ ᠮᠠᠲ᠋ᠧᠷᠢᠶᠠᠯ ᠤᠨ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠵᠤ ᠪᠠᠶᠢᠨ᠎ᠠ᠃
︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠸᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠪᠠᠶᠠᠷᠯᠠᠭᠤᠰᠢᠲᠠᠢ ᠠᠮᠵᠢᠯᠲᠠ ᠣᠯᠪᠠ
2023 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠬᠤᠶᠠᠷ ᠶᠡᠭᠡ ᠶᠠᠪᠤᠳᠠᠯ ᠢ ᠰᠠᠶᠢᠲᠤᠷ ᠡᠷᠭᠢᠯᠡᠭᠦ ᠶᠢᠨ ᠲᠣᠭᠤᠷᠢᠨ ᠳᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠭᠢ ᠸᠠ ᠪᠠᠶᠢᠯᠳᠤᠬᠤ ᠪᠣᠳᠣᠯᠭ᠎ᠠ ᠶᠢᠨ ᠡᠬᠢ ᠤᠠᠶᠠᠯᠢᠭ ᠤᠨ ᠰᠠᠭᠤᠷᠢᠨ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ 6 ᠠᠬᠢᠭᠤᠯᠬᠤ ᠳᠦᠷᠢᠮ ᠢ ᠲᠣᠭᠲᠠᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠲᠣᠭᠲᠠᠭᠠᠵᠤ᠂ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠭᠠᠵᠠᠷ ᠣᠷᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠯᠤᠭ᠎ᠠ ᠬᠤᠯᠪᠣᠯᠳᠤᠨ ᠨᠡᠪᠲᠡᠷᠡᠯᠴᠡᠬᠦ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠵᠡᠷᠭᠡ 7 ᠲᠠᠯ᠎ᠠ ᠪᠠᠷ ᠵᠢᠱᠢᠶᠡᠴᠢ ᠪᠤᠯᠬᠤ ᠬᠠᠷᠠᠯᠲᠠ ᠡᠭᠦᠷᠭᠡ ᠶᠢ ᠳᠤᠷᠠᠳᠴᠤ᠂ ᠵᠢᠯ ᠤᠨ ᠡᠴᠦᠰ ᠲᠤ ᠪᠠᠰᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷ᠂ ᠬᠥᠰᠢᠭᠦᠷᠭᠡ ᠶᠢᠨ ᠴᠢᠨᠠᠷᠲᠠᠢ ᠦᠢᠯᠡᠳᠦᠯ ᠪᠦᠬᠦᠢ ︽ᠵᠢᠷᠭᠤᠭᠠᠨ ᠢᠨᠵᠧᠨᠧᠷᠢᠩ︾ ᠢ ᠪᠠᠶᠢᠷᠢᠯᠠᠭᠤᠯᠤᠨ ᠬᠡᠷᠡᠭᠵᠢᠭᠦᠯᠪᠡ᠃ ᠬᠤᠶᠠᠷ ᠶᠡᠭᠡ ᠶᠠᠪᠤᠳᠠᠯ ᠢ ᠭᠦᠨᠵᠡᠭᠡᠶᠢᠷᠡᠭᠦᠯᠦᠨ ᠠᠬᠢᠭᠤᠯᠵᠤ᠂ ᠡᠯ᠎ᠡ ᠬᠦᠷᠢᠶᠡᠨ ᠳᠤ ᠦᠯᠡᠮᠵᠢ ᠦᠷ᠎ᠡ ᠪᠦᠲᠦᠭᠡᠯ ᠣᠯᠪᠠ᠃
ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠭᠤᠣᠯ ᠬᠦᠴᠦᠨ ᠪᠤᠯᠬᠤ ᠡᠭᠦᠷᠭᠡᠯᠡᠯ᠂ ᠬᠤᠰᠢᠭᠤᠴᠢ ᠪᠤᠯᠬᠤ ᠰᠦᠷ ᠬᠦᠴᠦᠨ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠵᠦ᠂ ᠲᠤᠰᠬᠠᠢ ᠠᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠥᠯᠦᠪᠵᠢᠭᠦᠯᠭᠡ ᠸᠠ ᠬᠡᠷᠡᠭᠵᠢᠭᠦᠯᠬᠦ ᠲᠥᠰᠥᠯ ᠲᠣᠭᠲᠠᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠵᠤ᠂ 2023 ᠣᠨ ᠳᠤ 556 ᠲᠦᠮᠡᠨ ᠮᠦ ᠣᠶᠢᠵᠢᠭᠤᠯᠵᠤ᠂ 1817 ᠲᠦᠮᠡᠨ ᠮᠦ ᠡᠪᠡᠰᠦ ᠳᠠᠷᠢᠵᠤ᠂ 950 ᠲᠦᠮᠡᠨ ᠮᠦ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ 2024 ᠣᠨ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ 1500 ᠲᠦᠮᠡᠨ ᠮᠦ ᠠᠴᠠ ᠳᠡᠭᠡᠭᠰᠢ ᠵᠠᠰᠠᠬᠤ ᠪᠠᠷ ᠲᠥᠯᠥᠪᠯᠡᠵᠦ᠂ 1—2 ᠵᠢᠯ ᠬᠡᠷᠡᠭᠯᠡᠵᠦ ᠪᠠᠶᠢᠭᠠᠳ ᠡᠭᠦᠷᠭᠡ ᠪᠠᠷ ᠨᠡᠯᠢᠶᠡᠳ ᠪᠠᠭ᠎ᠠ ᠬᠤᠰᠢᠭᠤ ᠰᠢᠶᠠᠨ ᠳᠤ ᠪᠦᠭᠦᠨ ᠢ ᠵᠠᠰᠠᠵᠤ ᠳᠠᠭᠤᠰᠬᠠᠬᠤ ᠪᠠᠷ ᠴᠢᠷᠮᠠᠶᠢᠵᠤ᠂ 2030 ᠣᠨ ᠪᠤᠯᠬᠤ ᠳᠤ 9704 ᠲᠦᠮᠡᠨ ᠮᠦ ᠡᠯᠡᠰᠦ ᠶᠢ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠬᠠᠪᠲᠠᠰᠤᠨ ᠳᠡᠭᠡᠷ᠎ᠡ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠲᠠᠷᠢᠮᠠᠯ ᠳᠠᠷᠢᠬᠤ᠂ ᠬᠠᠪᠲᠠᠰᠤᠨ ᠬᠤᠭᠤᠷᠣᠨᠳᠤ ᠲᠡᠵᠢᠭᠡᠨ ᠦᠷᠡᠵᠢᠭᠦᠯᠬᠦ︾ ᠵᠡᠷᠭᠡ ᠪᠣᠰᠤᠭ᠎ᠠ ᠴᠣᠭᠴᠠᠲᠤ ᠬᠥᠭᠵᠢᠯᠲᠡ ᠶᠢᠨ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠵᠢᠱᠢᠯᠲᠡ ᠪᠠᠷ ᠵᠢᠯ ᠤᠨ ᠳᠣᠲᠣᠷ᠎ᠠ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠪᠠᠷ ᠲᠡᠮᠵᠢᠨ 230 ᠲᠦᠮᠡᠨ ᠮᠦ ᠶᠢᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠨ᠎ᠠ᠃ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥᠨ ᠤ ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾᠂ ᠴᠠᠭᠠᠨᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠨᠢᠩᠰᠢᠶᠠ᠂ ᠱᠠᠨ ᠰᠢ᠂ ᠱᠠᠨᠰᠢ ᠯᠤᠭ᠎ᠠ ᠬᠠᠲᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ ᠲᠣᠭᠲᠠᠴᠠ ᠶᠢ ᠪᠠᠶᠢᠭᠤᠯᠵᠤ᠂ ᠪᠦᠭᠦ ᠤᠯᠤᠰ ᠤᠨ ᠠᠩᠬᠠᠳᠠᠭᠴᠢ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠬᠤ ︽ᠡᠯᠡᠰᠦ ᠶᠢ ᠬᠠᠰᠢᠵᠤ ᠤᠰᠤ ᠶᠢ ᠰᠣᠯᠢᠬᠤ︾ ᠲᠤᠷᠰᠢᠯᠲᠠ ᠶᠢᠨ ᠴᠡᠭ ᠤᠨ ᠢᠨᠵᠧᠨᠧᠷᠢᠩ ᠢ ᠪᠠᠶᠢᠭᠤᠯᠤᠨ᠂ 2023 ᠣᠨ ᠤ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠤᠯᠤᠰ ᠠᠴᠠ ᠰᠢᠯᠭᠠᠨ ᠤᠠᠶᠢᠴᠠᠭᠠᠭᠰᠠᠨ ᠤᠰᠤᠨ ᠤ ᠣᠭᠲᠣᠯᠣᠭᠠᠰᠤ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ᠂ ᠠᠭᠠᠷ ᠮᠠᠨᠳᠠᠯ ᠤᠨ PM2.5 ᠶᠢᠨ ᠥᠳᠬᠡᠴᠡ ᠪᠠ ᠬᠦᠨᠳᠦ ᠪᠤᠬᠢᠷᠳᠤᠯᠲᠤ ᠡᠳᠦᠷ ᠤᠨ ᠲᠤᠭ᠎ᠠ ᠨᠢ ᠴᠥᠮ ᠤᠯᠤᠰ ᠤᠨ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ ︽ᠤᠰᠤᠨ ᠪᠣᠯᠣᠷ ᠭᠤᠣᠯ ᠲᠤᠨᠤᠯᠵᠠᠨ ᠤᠷᠤᠰᠤᠭᠠᠳ︾᠂ ︽ᠥᠩᠭᠡ ᠶᠢᠨ ᠴᠡᠴᠡᠭ ᠰᠣᠯᠣᠩᠭᠠᠷᠠᠨ ᠳᠡᠯᠭᠡᠷᠡᠭᠰᠡᠨ︾ ᠭᠤᠶᠤ ᠦᠵᠡᠮᠵᠢ ᠳᠠᠩᠳᠠ ᠢᠯᠡᠷᠡᠬᠦ ᠪᠣᠯᠪᠠ᠃
ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠬᠢᠯᠢ ᠬᠢᠵᠠᠭᠠᠷ ᠢ ᠰᠠᠬᠢᠵᠤ ᠬᠢᠯᠢ ᠬᠢᠵᠠᠭᠠᠷ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠲᠠ ᠶᠢᠨ ᠭᠤᠣᠯ︾ ᠢ ᠡᠷᠡᠰ ᠰᠠᠶᠢᠲᠤᠷ ᠰᠠᠬᠢᠪᠠ᠃ ᠰᠢᠨ᠎ᠡ ᠭᠡᠯᠪᠡᠷᠢ ᠶᠢᠨ ᠬᠢᠯᠢ ᠬᠠᠮᠠᠭᠠᠯᠠᠬᠤ ᠰᠢᠰᠲ᠋ᠧᠮ ᠢ ᠢᠳᠡᠪᠬᠢᠲᠡᠢ ᠪᠠᠶᠢᠭᠤᠯᠵᠤ᠂ ︽ᠲᠣᠭᠠᠴᠢᠯᠠᠭᠰᠠᠨ ᠬᠢᠯᠢ ᠶᠢᠨ ᠬᠠᠮᠠᠭᠠᠯᠠᠯᠲᠠ︾᠂ ︽ᠣᠶᠤᠨᠴᠢ ᠬᠢᠯᠢ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠢᠯᠢ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2023 ᠣᠨ ᠳᠤ ᠡᠯ᠎ᠡ ᠱᠠᠲᠤᠨ ᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠤᠨ ᠵᠦᠢᠯᠡᠰ ᠠᠷᠠᠳ ᠤᠨ ᠠᠮᠢᠳᠤᠷᠠᠯ ᠤᠨ ᠵᠦᠢᠯᠡᠰ ᠢ 2.9 ᠲᠦᠮᠡ ᠭᠠᠷᠤᠢ ᠬᠤᠪᠢ ᠣᠷᠣᠯᠠᠨ ᠭᠦᠢᠴᠡᠳᠬᠡᠵᠦ ᠥᠭᠭᠦᠨ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 90% ᠠᠴᠠ ᠳᠡᠭᠡᠭᠰᠢ ᠳᠤ ᠬᠦᠷᠴᠦ᠂ ᠣᠯᠠᠨ ᠲᠦᠮᠡᠨ ᠤ ᠬᠠᠨᠤᠮᠵᠢ ᠲᠠᠢ ᠪᠠᠶᠢᠬᠤ ᠬᠡᠮᠵᠢᠶ᠎ᠡ 99.04% ᠳᠤ ᠭᠦᠷᠪᠡ᠃ ᠨᠡᠶᠢᠭᠡᠮ ᠤᠨ ᠠᠮᠤᠷ ᠢ ᠬᠠᠮᠠᠭᠠᠯᠠᠬᠤ ᠶᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠭᠦᠨᠵᠡᠭᠡᠶᠢᠷᠡᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠲᠣᠬᠢᠷᠠᠭᠤᠯᠤᠨ ᠪᠠᠶᠢᠭᠤᠯᠵᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠵᠤ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ ᠰᠣᠯᠪᠢᠴᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠥᠷᠨᠢᠭᠦᠯᠵᠦ᠂ 2023 ᠣᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠲᠤᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠲᠤᠰ ᠲᠤᠰ 22.8%᠂ 12.9% ᠪᠠᠷ ᠪᠠᠭᠤᠷᠠᠵᠤ᠂ 2024 ᠣᠨ ᠤ ᠲᠦᠷᠦᠭᠦᠦ 5 ᠰᠠᠷ᠎ᠠ ᠳᠤ ᠲᠤᠰ ᠲᠤᠰ 41.3%᠂ 32.5% ᠪᠠᠷ ᠪᠠᠭᠤᠷᠠᠪᠠ᠃
ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠵᠤ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠭᠦᠨᠵᠡᠭᠡᠢ ᠠᠬᠢᠭᠤᠯᠵᠤ᠂ ᠰᠢᠨ᠎ᠡ ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠳᠠᠪᠠᠭᠤᠯᠢᠭ ᠪᠠ ᠬᠠᠮ ᠳᠠᠪᠠᠭᠤᠯᠢᠭ ᠢ ᠲᠠᠰᠤᠷᠠᠯᠳᠠ ᠦᠭᠡᠢ ᠶᠡᠬᠡᠰᠬᠡᠵᠦ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠦᠭᠦ ᠬᠦᠴᠦᠨ ᠢᠶᠠᠷ ᠢᠶᠠᠨ ᠪᠠᠲᠤᠯᠠᠪᠠ᠃ 2023 ᠣᠨ ᠳᠤ 12.2 ᠳ᠋ᠦᠩᠰᠢᠭᠤᠷ ᠲᠣᠨ ᠨᠡᠭᠦᠷᠡᠰᠦ ᠦᠢᠯᠡᠳᠪᠦᠷᠢᠯᠡᠵᠦ᠂ 9.45 ᠳ᠋ᠦᠩᠰᠢᠭᠤᠷ ᠲᠣᠨ ᠤ ᠬᠠᠩᠭᠠᠯᠭ᠎ᠠ ᠶᠢ ᠪᠠᠲᠤᠯᠠᠵᠤ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ 7566 ᠳ᠋ᠦᠩᠰᠢᠭᠤᠷ ᠭᠷᠡᠳᠦ᠋ᠰ ᠤᠨ ᠴᠠᠭᠢᠯᠭᠠᠨ ᠭᠠᠷᠭᠠᠵᠤ᠂ 3065 ᠳ᠋ᠦᠩᠰᠢᠭᠤᠷ ᠭᠷᠡᠳᠦ᠋ᠰ ᠴᠠᠭᠢᠯᠭᠠᠨ ᠢ ᠭᠠᠳᠠᠭᠰᠢ ᠬᠦᠷᠭᠡᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠵᠠᠢ᠂ ᠡᠭᠦᠨ ᠳᠤ 404 ᠲᠦᠮᠡᠨ ᠺᠢᠯᠣᠸᠠᠲ ᠤᠨ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠡᠨᠡ ᠵᠢᠯ ᠤᠨ ᠡᠴᠦᠰ ᠲᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ ᠲᠤ ᠬᠦᠷᠴᠦ᠂ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠳᠠᠪᠠᠵᠤ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ ᠬᠡᠪᠴᠢᠶ᠎ᠡ 1000 ᠲᠦᠮᠡᠨ ᠺᠢᠯᠣᠸᠠᠲ ᠲᠤ ᠬᠦᠷᠬᠦ ᠪᠣᠯᠣᠨ᠎ᠠ᠃ ᠪᠦᠭᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ ᠳᠡᠯᠡᠬᠡᠢ ᠳᠤ ᠲᠦᠷᠦᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ 30 ᠠᠵᠤ ᠠᠬᠤᠶᠢᠯᠠᠯ ᠢ ᠰᠢᠨ᠎ᠡ ᠪᠠᠷ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ ᠴᠠᠭᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠦᠢᠯᠡᠳᠪᠦᠷᠢᠯᠡᠯ ᠵᠢᠴᠢ ᠬᠡᠷᠡᠭᠯᠡᠯᠲᠡ ᠳᠤ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠦᠨ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ᠂ ᠬᠤᠪᠣᠷ ᠰᠢᠷᠣᠢ ᠶᠢᠨ ᠦᠢᠯᠡᠳᠬᠦᠨ ᠤ ᠠᠷᠠᠯᠵᠢᠶᠠᠨ ᠤ ᠬᠡᠮᠵᠢᠶ᠎ᠡ ᠲᠣᠰ ᠲᠣᠰ ᠪᠦᠭᠦ ᠤᠯᠤᠰ ᠤᠨ 30% ᠸᠠ 40% ᠠᠴᠠ ᠳᠡᠭᠡᠭᠰᠢ ᠶᠢ ᠡᠵᠡᠯᠡᠵᠦ᠂ 2023 ᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 21% ᠪᠠᠷ ᠨᠡᠮᠡᠭᠳᠡᠪᠡ᠃
ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ︽ᠭᠠᠵᠠᠷ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠶᠢᠨ ᠪᠣᠭᠤᠮᠢ ᠪᠣᠯᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠥᠨᠳᠥᠷ ᠤᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠲᠠᠷᠢᠶᠠᠯᠠᠩ ᠤᠨ ᠭᠦᠨ ᠤᠰᠤ ᠠᠷᠪᠢᠯᠠᠬᠤ ᠶᠢ ᠴᠢᠩᠭᠠᠳᠬᠠᠵᠤ᠂ ᠦᠷ᠎ᠡ ᠶᠢᠨ ᠦᠢᠯᠡᠰ᠂ ᠰᠦ ᠶᠢᠨ ᠦᠢᠯᠡᠰ᠂ ᠡᠪᠡᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ 2023 ᠣᠨ ᠤ ᠠᠮᠤ ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠤᠨᠠᠯᠲᠠ 11.5 ᠳ᠋ᠦᠩᠰᠢᠭᠤᠷ ᠵᠢᠩ ᠨᠡᠮᠡᠭᠳᠡᠨ᠂ ᠭᠠᠳᠠᠭᠰᠢ 500 ᠳ᠋ᠦᠩᠰᠢᠭᠤᠷ ᠵᠢᠩ ᠠᠴᠠ ᠳᠡᠭᠡᠭᠰᠢ ᠰᠢᠯᠵᠢᠭᠦᠯᠪᠡ︔ ᠮᠢᠬᠠᠨ ᠤ ᠵᠦᠢᠯ᠂ ᠰᠦ ᠶᠢᠨ ᠭᠠᠷᠤᠯᠲᠠ ᠲᠣᠰ ᠲᠣᠰ 57 ᠳ᠋ᠦᠩᠰᠢᠭᠤᠷ ᠵᠢᠩ ᠪᠠ 158.5 ᠳ᠋ᠦᠩᠰᠢᠭᠤᠷ ᠵᠢᠩ ᠳᠤ ᠬᠦᠷᠴᠦ᠂ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠨᠠᠷᠠᠲᠤ ᠰᠢᠯᠢᠳᠡᠭ ᠣᠨᠴᠠ ᠰᠢᠨ᠎ᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠦᠭᠦ ᠤᠯᠤᠰ ᠲᠤ ᠲᠦᠷᠦᠭᠦᠯᠡᠪᠡ᠃ ᠲᠥᠬᠦᠭᠡᠷᠦᠮᠵᠢᠲᠦ ᠲᠠᠷᠢᠶᠠᠯᠠᠩ᠂ ᠬᠠᠰᠢᠶᠠᠯᠠᠵᠤ ᠲᠡᠵᠢᠭᠡᠬᠦ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶ᠎ᠡ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠦ ᠶᠢᠨ ᠦᠢᠯᠡᠰ᠂ ᠲᠥᠮᠥᠰᠥ ᠶᠢᠨ ᠤᠯᠤᠰ ᠤᠨ ᠲᠡᠰ ᠤᠨ 2 ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠡᠰ ᠤᠨ 3 ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ᠂ 1.5 ᠲᠦᠮᠡᠨ ᠮᠥᠬᠦᠯᠢᠭ ᠰᠠᠨᠰᠠᠷ ᠤᠨ ᠲᠥᠮᠥᠰᠥ ᠶᠢᠨ ᠦᠷ᠎ᠡ ᠶᠢ ᠲᠤᠷᠰᠢᠨ ᠲᠠᠷᠢᠵᠤ᠂ ᠪᠦᠭᠦ ᠤᠯᠤᠰ ᠤᠨ ᠠᠩᠬᠠᠳᠠᠭᠴᠢ ᠰᠦ ᠶᠢᠨ ᠦᠢᠯᠡᠰ ᠤᠨ ᠪᠥᠭᠡᠮ ᠲᠠᠸᠠᠷ ᠤᠨ ᠠᠷᠠᠯᠵᠢᠶᠠᠨ ᠤ ᠲᠠᠪᠴᠠᠩ ᠢ ᠡᠬᠢᠯᠡᠨ ᠠᠵᠢᠯᠯᠠᠭᠤᠯᠵᠤ᠂ ᠢᠯᠢ᠂ ᠮᠧᠩ ᠨᠢᠦ ᠶᠢᠨ ᠡᠵᠡᠩᠨᠡᠯᠲᠡ ᠶᠢᠨ ᠣᠷᠣᠯᠭ᠎ᠠ ᠲᠤᠰ ᠲᠤᠰ ᠪᠦᠭᠦ ᠪᠥᠮᠪᠥᠷᠴᠡᠭ ᠤᠨ ᠰᠦ ᠶᠢᠨ ᠠᠵᠤ ᠠᠬᠤᠶᠢᠯᠠᠯ ᠤᠨ 5 ᠳ᠋ᠤᠭᠠᠷ ᠸᠠ 8 ᠳ᠋ᠤᠭᠠᠷ ᠲᠤ ᠣᠷᠣᠪᠠ᠃
ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠤᠡᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ᠨᠡᠭᠡᠭᠡᠯᠲᠡᠲᠤ ᠬᠥᠭᠵᠢᠯᠲᠡ ᠶᠢᠨ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠭᠢᠨ ᠲᠣᠭᠤᠷᠢᠨ ᠢ ᠲᠠᠶᠢᠴᠢᠯᠠᠨ ᠨᠥᠯᠥᠭᠡᠯᠡᠭᠰᠡᠨ᠂ ᠡᠬᠢ ᠤᠠᠶᠠᠯᠢᠭ ᠢ ᠲᠥᠪᠯᠡᠷᠡᠭᠦᠯᠵᠦ ᠲᠠᠷᠬᠠᠭᠠᠭᠰᠠᠨ᠂ ᠬᠦᠴᠦᠨ ᠵᠦᠢᠯ ᠢ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠦᠭᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠦᠭᠦ ᠬᠦᠴᠦᠨ ᠢᠶᠠᠷ ᠢᠶᠠᠨ ᠪᠠᠶᠢᠭᠤᠯᠪᠠ᠃ 2023 ᠣᠨ ᠳᠤ ᠳᠣᠲᠣᠭᠠᠳᠤ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠤᠡᠭᠡᠵᠢᠩ ᠬᠤᠲᠠ ᠯᠤᠭ᠎ᠠ ᠪᠦᠭᠦ ᠲᠠᠯ᠎ᠠ ᠶᠢᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠤᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠯᠤᠭ᠎ᠠ ᠶᠢᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠵᠦ᠂ ᠣᠷᠣᠭᠤᠯᠤᠨ ᠠᠪᠴᠢᠷᠠᠭᠰᠠᠨ ᠪᠡᠯᠡ ᠮᠥᠩᠭᠦ 40.2% ᠢᠶᠠᠷ ᠨᠡᠮᠡᠭᠳᠡᠪᠡ︔ ᠭᠠᠳᠠᠭᠠᠳᠤ ᠨᠡᠭᠡᠭᠡᠯᠲᠡ ᠰᠢᠨ᠎ᠡ ᠠᠬᠢᠴᠠ ᠲᠠᠢ ᠪᠣᠯᠵᠤ᠂ ᠪᠦᠭᠦ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠦᠭᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠪᠣᠭᠤᠮᠲᠠ ᠶᠢᠨ ᠲᠡᠮᠳᠡᠭᠯᠡᠯ ᠢ ᠰᠢᠨᠡᠳᠬᠡᠵᠦ᠂ ᠨᠠᠭᠠᠰᠢ ᠴᠠᠭᠠᠰᠢ ᠶᠠᠪᠤᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 429 ᠴᠤᠪᠤᠭ᠎ᠠ ᠳᠤ ᠬᠦᠷᠴᠦ᠂ 73.7% ᠪᠠᠷ ᠨᠡᠮᠡᠭᠳᠡᠵᠦ᠂ ᠮᠠᠰᠢᠨ ᠴᠠᠭᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 118.9% ᠪᠠᠷ ᠨᠡᠮᠡᠭᠳᠡᠵᠦ᠂ ᠴᠠᠭᠢᠯᠭᠠᠨ ᠭᠦᠳᠡᠯᠭᠡᠭᠦᠷᠲᠦ ᠬᠥᠮᠥᠨ ᠰᠠᠭᠤᠯᠭᠠᠭᠰᠠᠨ ᠮᠠᠰᠢᠨ ᠲᠡᠷᠭᠡ ᠵᠡᠷᠭᠡ ︽ᠰᠢᠨ᠎ᠡ ᠭᠤᠷᠪᠠᠨ ᠵᠦᠢᠯ︾ ᠤᠨ ᠦᠢᠯᠡᠳᠬᠦᠨ ᠤ ᠭᠠᠳᠠᠭᠠᠳᠤ ᠭᠠᠷᠭᠠᠯᠲᠠ 48 ᠳᠠᠭᠢᠨ ᠨᠡᠮᠡᠭᠳᠡᠪᠡ᠃ ᠮᠠᠨᠵᠤᠤᠷ ᠪᠣᠭᠤᠮᠲᠠ ᠶᠢᠨ ᠳᠤᠮᠳᠠᠳᠤ ᠣᠷᠣᠰ ᠤᠨ ᠪᠦᠯᠭᠦᠮ ᠤᠨ ᠵᠢᠭᠤᠯᠴᠢᠯᠠᠯ ᠤᠨ ᠸᠢᠰᠠ ᠶᠢ ᠬᠠᠷᠢᠯᠴᠠᠨ ᠬᠡᠯᠲᠦᠷᠢᠭᠦᠯᠵᠦ᠂ ᠡᠷᠢᠶᠡᠨ ᠬᠤᠲᠠ ᠵᠡᠷᠭᠡ 5 ᠪᠣᠭᠤᠮᠲᠠ ᠶᠢᠨ 8 ᠰᠠᠭᠤᠳᠠᠯ ᠠᠴᠠ ᠳᠣᠷᠣᠭᠰᠢᠬᠢ ᠵᠢᠵᠢᠭ ᠭᠡᠯᠪᠡᠷᠢ ᠶᠢᠨ ᠮᠠᠰᠢᠨ ᠲᠡᠷᠭᠡ ᠶᠢᠨ ᠪᠣᠭᠤᠮᠲᠠ ᠪᠠᠷ ᠥᠩᠭᠡᠷᠡᠬᠦ ᠶᠢ ᠪᠦᠭᠦ ᠲᠠᠯ᠎ᠠ ᠪᠠᠷ ᠰᠡᠷᠭᠦᠭᠡᠵᠦ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠥᠷᠨᠢᠨ ᠬᠥᠭᠵᠢᠪᠡ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠢᠳᠡᠪᠬᠢᠲᠡᠢ ᠭᠤᠶᠤᠴᠢᠯᠠᠨ ᠪᠠᠶᠢᠭᠤᠯᠵᠤ᠂ ᠭᠤᠣᠯᠳᠠᠯᠭ᠎ᠠ ᠲᠠᠢ ᠪᠣᠭᠤᠮᠲᠠ ᠶᠢ ᠴᠣᠭᠴᠠᠯᠠᠬᠤ᠂ ᠨᠡᠭᠡᠭᠡᠯᠲᠡ ᠶᠢᠨ ᠲᠠᠪᠴᠠᠩ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠭᠦ᠂ ᠳᠣᠲᠣᠷ ᠭᠠᠵᠠᠷ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢᠨ ᠲᠣᠭᠤᠷᠢᠨ ᠳᠤ ᠨᠢᠭᠡ ᠪᠦᠯᠦᠭ ᠥᠭᠡᠷᠡᠴᠢᠯᠡᠯᠲᠡ ᠸᠠ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠃
ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠶᠡᠭᠡ ᠲᠠᠯ᠎ᠠ ᠳᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠪᠣᠯᠣᠨ ᠵᠢᠳᠬᠦᠯ ᠴᠢᠷᠮᠠᠶᠢᠯᠭ᠎ᠠ ᠶᠢ ᠨᠠᠩ ᠰᠠᠶᠢᠲᠤᠷ ᠢᠯᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ ᠶᠡᠭᠡ ᠡᠭᠦᠷᠭᠡ︾ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠶᠢᠨ ᠵᠡᠷᠭᠡ ᠪᠠᠷ᠂ ᠨᠠᠮ ᠤᠨ ᠪᠠᠶᠢᠭᠤᠯᠤᠯᠲᠠ᠂ ᠠᠷᠠᠳᠴᠢᠯᠠᠯ ᠬᠠᠤᠯᠢᠵᠢᠯ᠂ ᠠᠷᠠᠳ ᠤᠨ ᠠᠮᠢᠳᠤᠷᠠᠯ ᠸᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠠᠯᠲᠠᠨ ᠦᠰᠦᠭᠲᠦ ᠫᠠᠶᠢᠰᠠ ᠶᠢ ᠨᠠᠩ ᠠᠯᠳᠠᠷᠰᠢᠭᠤᠯᠤᠨ ᠳᠠᠭᠤᠷᠢᠰᠤᠭᠤᠯᠬᠤ ᠪᠠᠷ ᠴᠢᠷᠮᠠᠶᠢᠪᠠ᠃ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠦᠷᠳᠡᠯ᠎ᠡ ᠦᠷᠭᠦᠯᠵᠢᠯᠡᠭᠦᠯᠵᠦ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ︽ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ︾ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ᠨᠢ ᠤᠮᠠᠷᠠᠲᠤ ᠬᠢᠯᠢ ᠶᠢᠨ ᠡᠬᠡ ᠭᠠᠵᠠᠷ ᠤᠨ ᠬᠠᠮᠤᠭ ᠤᠨ ᠬᠦᠴᠦᠷᠬᠡᠭ ᠳᠠᠭᠤᠨ ᠪᠣᠯᠪᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠵᠡᠨ ᠬᠥᠮᠥᠨ ᠤ ᠦᠵᠡᠯ ᠤᠬᠠᠮᠰᠠᠷ ᠢ ᠬᠦᠴᠦᠯᠡᠨ ᠬᠥᠭᠵᠢᠭᠡᠵᠦ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠦᠢᠯᠡᠳᠪᠦᠷᠢᠯᠡᠯ ᠢᠶᠠᠷ ᠱᠠᠩᠨᠠᠨ ᠨᠥᠬᠦᠪᠦᠷᠢ ᠥᠭᠬᠦ᠂ ᠭᠦᠳᠡᠯᠮᠦᠷᠢ ᠦᠢᠯᠡᠴᠢᠯᠡᠭᠡ ᠪᠠᠷ ᠨᠥᠬᠦᠪᠦᠷᠢ ᠥᠭᠬᠦ ᠵᠡᠷᠭᠡ ᠠᠷᠭ᠎ᠠ ᠮᠠᠶ᠋ᠢᠭ ᠢ ᠬᠡᠷᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠶᠢ ᠬᠥᠲᠥᠯᠥᠨ ᠵᠢᠯᠤᠭᠤᠳᠴᠤ᠂ ︽ᠠᠵᠢᠯ ᠶᠠᠪᠤᠳᠠᠯ ᠪᠠᠶᠢᠪᠠᠯ ᠬᠠᠮᠲᠤ ᠪᠠᠷ ᠬᠢᠵᠦ᠂ ᠬᠦᠴᠢᠷᠳᠡᠯ ᠲᠠᠢ ᠪᠣᠯ ᠬᠠᠮᠲᠤ ᠪᠠᠷ ᠡᠭᠦᠷᠭᠡᠯᠡᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ︾ ᠶᠢ ᠪᠦᠭᠦ ᠣᠷᠣᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠲᠠᠨᠢᠯᠲᠠ ᠪᠣᠯᠭᠠᠪᠠ᠃ ᠦᠨᠳᠦᠰᠦᠲᠡᠨ ᠨᠥᠬᠦᠳ ᠤᠨ ᠣᠯᠠᠨ ᠲᠦᠮᠡᠨ ᠤ ᠠᠩᠬᠠᠷᠤᠨ ᠬᠠᠯᠠᠮᠵᠢᠯᠠᠵᠤ ᠤᠠᠶᠢᠭᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠤᠡᠭᠡᠵᠢᠩ ᠬᠤᠲᠠ ᠶᠢᠨ 358 ᠰᠤᠷᠭᠠᠭᠤᠯᠢ᠂ 276 ᠡᠮᠨᠡᠯᠭᠡ ᠶᠢᠨ ᠬᠤᠷᠢᠶ᠎ᠠ ᠲᠠᠢ ᠬᠠᠪᠰᠤᠷᠤᠯᠴᠠᠭ᠎ᠠ ᠪᠠᠶᠢᠭᠤᠯᠬᠤ ᠬᠠᠷᠢᠴᠠᠭ᠎ᠠ ᠪᠠᠶᠢᠭᠤᠯᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠪᠡᠭᠡᠵᠢᠩ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠳᠠᠬᠢ ᠡᠮᠨᠡᠯᠭᠡ ᠶᠢᠨ ᠬᠤᠷᠢᠶ᠎ᠠ ᠵᠡᠷᠭᠡ ᠶᠢ ᠠᠰᠢᠭᠯᠠᠯᠲᠠ ᠳᠤ ᠣᠷᠣᠭᠤᠯᠵᠤ᠂ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ︵ᠲᠥᠪ᠂ ᠥᠷᠲᠡᠭᠡ︶ ᠶᠢ 7000 ᠭᠠᠷᠤᠢ ᠪᠠᠶᠢᠭᠤᠯᠵᠤ ᠳᠠᠭᠤᠰᠬᠠᠪᠠ᠃ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠰᠢᠯᠭᠠᠯᠲᠠ ᠶᠢᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯ ᠲᠦᠷᠦᠯ ᠳᠤ ᠠᠩᠬ᠎ᠠ ᠤᠳᠠᠭ᠎ᠠ ︽ᠠᠳᠠᠯᠢᠬᠠᠨ ᠰᠢᠯᠭᠠᠯᠲᠠ ᠶᠢᠨ ᠬᠠᠭᠤᠳᠠᠰᠤ︾ ᠶᠢ ᠬᠡᠷᠡᠭᠵᠢᠭᠦᠯᠪᠡ᠃ ᠳᠤᠯᠠᠭᠠᠯᠭ᠎ᠠ ᠶᠢᠨ ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ ᠳᠤᠯᠠᠭᠠᠯᠭ᠎ᠠ ᠶᠢᠨ ᠥᠭᠡᠷᠡᠴᠢᠯᠡᠯᠲᠡ ᠶᠢᠨ 880 ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠳᠤᠯᠠᠭᠠᠯᠭ᠎ᠠ ᠶᠢᠨ ᠠᠰᠠᠭᠤᠳᠠᠯ ᠢ ᠵᠣᠷᠢᠭ ᠰᠢᠭᠤᠳᠤᠨ ᠲᠤᠶᠢᠯᠪᠤᠷᠢᠲᠠᠢ ᠰᠢᠢᠳᠪᠦᠷᠢᠯᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠤᠠᠷᠢᠮᠵᠢᠶᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠪᠡ᠃ ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠴᠢᠮᠡᠭᠡ ᠬᠤᠯᠪᠤᠭ᠎ᠠ︾ ᠵᠡᠷᠭᠡ ᠰᠠᠭᠤᠷᠢ ᠲᠥᠬᠦᠭᠡᠷᠦᠮᠵᠢ ᠲᠦᠷᠭᠡᠨ ᠰᠠᠶᠢᠵᠢᠷᠠᠵᠤ᠂ 2023 ᠣᠨ ᠳᠤ 20 ᠬᠢᠯᠢ ᠶᠢᠨ ᠬᠤᠰᠢᠭᠤ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠳᠡᠭᠡᠷ᠎ᠡ ᠵᠢᠯ ᠤᠨ ᠬᠢ ᠠᠴᠠ 100 ᠳ᠋ᠦᠩᠰᠢᠭᠤᠷ ᠲᠥᠭᠦᠷᠢᠭ ᠰᠢᠬᠠᠮ ᠨᠡᠮᠡᠭᠳᠡᠪᠡ᠃ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠪᠠ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠶᠢ ᠪᠠᠶᠢᠭᠤᠯᠵᠤ ᠠᠵᠤ ᠠᠬᠤᠶᠢᠯᠠᠯ ᠳᠤ ᠪᠦᠭᠦ ᠬᠦᠴᠦᠨ ᠢᠶᠠᠷ ᠢᠶᠠᠨ ᠰᠠᠶᠢᠲᠤᠷ ᠦᠢᠯᠡᠴᠢᠯᠡᠵᠦ᠂ ᠨᠢᠭᠡ ᠪᠦᠯᠦᠭ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠥᠪᠥᠷ ᠮᠣᠩᠭᠤᠯ ᠳᠤ ᠨᠤᠲᠤᠭᠰᠢᠨ᠂ ᠠᠷᠠᠯᠵᠢᠶᠠᠴᠢᠨ ᠤ ᠤᠷᠮ᠎ᠠ ᠶᠢ ᠨᠢᠭᠲᠠᠷᠠᠭᠤᠯᠵᠤ᠂ ᠬᠥᠮᠥᠰ ᠤᠨ ᠠᠩᠬᠠᠷᠤᠯ ᠢ ᠲᠠᠲᠠᠭᠰᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠲᠦᠷᠭᠡᠨ ᠪᠦᠷᠢᠯᠳᠦᠭᠦᠯᠪᠡ᠃
ᠡᠭᠦᠨ ᠤ ᠵᠡᠷᠭᠡ ᠪᠠᠷ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠪᠣᠯᠣᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠸᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠵᠢᠴᠢ ᠤᠯᠤᠰ ᠠᠴᠠ ᠬᠠᠷᠠᠬᠠᠨ ᠬᠥᠭᠵᠢᠭᠡᠳᠦᠢ ᠭᠠᠵᠠᠷ ᠣᠷᠣᠨ᠂ ᠡᠬᠢ ᠤᠠᠶᠠᠯᠢᠭ ᠤᠨ ᠭᠡᠯᠪᠡᠷᠢ ᠶᠢᠨ ᠭᠠᠵᠠᠷ ᠣᠷᠣᠨ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠢ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠ᠃ 2023 ᠣᠨ ᠳᠤ᠂ ᠪᠦᠭᠦ ᠣᠷᠣᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 7.3% ᠪᠠᠷ ᠨᠡᠮᠡᠭᠳᠡᠵᠦ᠂ ᠬᠥᠮᠥᠨ ᠳᠤᠮᠳᠠᠴᠢ ᠪᠠᠷ 10 ᠲᠦᠮᠡᠨ ᠲᠥᠭᠦᠷᠢᠭ ᠢ ᠳᠠᠪᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 19.8% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 9.2% ᠢᠶᠠᠷ ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠲᠣᠰ ᠲᠣᠰ 5.1%᠂ 8% ᠪᠠᠷ ᠨᠡᠮᠡᠭᠳᠡᠵᠦ᠂ ᠭᠤᠣᠯ ᠪᠤᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠨᠢᠭᠡᠳᠦᠭᠡᠷ ᠡᠩᠨᠡᠭᠡᠨ ᠳᠤ ᠣᠷᠣᠪᠠ᠃ 2024 ᠣᠨ ᠤ ᠲᠦᠷᠦᠭᠦᠦ 5 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠢᠶᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 15.6% ᠪᠠᠷ ᠨᠡᠮᠡᠭᠳᠡᠵᠦ᠂ ᠠᠵᠤ ᠠᠬᠤᠢ ᠶᠢᠨ ᠬᠥᠭᠵᠢᠯᠲᠡ ᠦᠷᠭᠦᠯᠵᠢᠯᠡᠨ ᠲᠣᠭᠲᠠᠭᠤᠨ ᠤ ᠳᠤᠮᠳᠠ ᠰᠠᠶᠢᠵᠢᠷᠠᠬᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠨ ᠲᠠᠪᠰᠢᠬᠤ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠪᠠ᠃
ᠪᠦᠲᠦᠴᠡ ᠳᠤ ᠲᠣᠬᠢᠷᠠᠭᠤᠯᠤᠯᠲᠠ ᠬᠢᠵᠦ ᠦᠵᠡᠯᠲᠡ ᠲᠠᠨᠢᠯᠲᠠ ᠪᠠᠨ ᠬᠤᠪᠢᠷᠠᠭᠤᠯᠵᠤ ᠰᠤᠷᠲᠠᠯ ᠢᠶᠠᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠠᠭᠠᠵᠢᠮ ᠢᠶᠠᠷ ᠢᠯᠡᠷᠡᠪᠡ
ᠤᠷᠳᠤ ᠬᠤᠭᠤᠴᠠᠭᠠᠨ ᠳᠤ ᠬᠤᠷᠠᠮᠳᠤᠵᠤ ᠪᠦᠷᠢᠯᠳᠦᠭᠰᠡᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠯᠤᠭ᠎ᠠ ᠵᠣᠬᠢᠴᠠᠬᠤ ᠦᠭᠡᠢ ᠪᠦᠲᠦᠴᠡ᠂ ᠦᠵᠡᠯᠲᠡ᠂ ᠰᠤᠷᠲᠠᠯ ᠤᠨ ᠠᠰᠠᠭᠤᠳᠠᠯ ᠳᠤ ᠴᠢᠭᠯᠡᠭᠦᠯᠦᠨ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ᠴᠢᠨᠠᠭᠰᠢᠳᠠ ᠦᠵᠡᠯ ᠰᠠᠨᠠᠭ᠎ᠠ ᠪᠠᠨ ᠴᠢᠯᠦᠭᠡᠯᠡᠵᠦ᠂ ᠦᠵᠡᠯᠲᠡ ᠪᠠᠨ ᠰᠢᠨᠡᠳᠬᠡᠵᠦ᠂ ᠲᠡᠷᠢᠭᠦᠨ ᠤ ᠬᠢ ᠪᠠᠷ ᠪᠠᠷᠢᠮᠵᠢᠶᠠᠯᠠᠨ ᠵᠥᠷᠢᠶ᠎ᠡ ᠪᠠᠨ ᠡᠷᠢᠵᠦ᠂ ᠶᠡᠭᠡ ᠬᠦᠴᠦ ᠣᠷᠣᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠪᠦᠭᠦ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠢᠯᠡᠳᠲᠡ ᠬᠤᠪᠢᠷᠠᠵᠤ᠂ ᠶᠠᠭ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠠᠬᠤ᠂ ᠠᠵᠢᠯ ᠬᠢᠬᠦ ᠳᠡᠭᠡᠨ ᠲᠡᠷᠢᠭᠦᠨ ᠤ ᠬᠢ ᠪᠤᠯᠬᠤ ᠪᠠᠷ ᠴᠢᠷᠮᠠᠶᠢᠬᠤ᠂ ᠪᠣᠳᠠᠲᠠᠢ ᠠᠵᠢᠯ ᠬᠢᠬᠦ ᠶᠢ ᠡᠷᠭᠢᠮᠯᠡᠭᠦ ᠰᠠᠶᠢᠨ ᠰᠠᠶᠢᠬᠠᠨ ᠣᠷᠴᠢᠯ ᠳᠤ ᠣᠷᠣᠵᠤ ᠪᠠᠶᠢᠨ᠎ᠠ᠃
ᠠᠵᠤ ᠦᠢᠯᠡᠰ ᠤᠨ ︽ᠳᠦᠷᠪᠡᠨ ᠤᠯᠠᠨ ᠳᠦᠷᠪᠡᠨ ᠴᠥᠭᠡᠨ︾ ᠪᠠᠶᠢᠳᠠᠯ ᠢ ᠲᠦᠷᠭᠡᠨ ᠬᠤᠪᠢᠷᠠᠭᠤᠯᠪᠠ᠃ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠪᠠᠷ ᠭᠤᠣᠯᠳᠠᠭᠤᠯᠵᠤ᠂ ︽ᠨᠡᠭᠦᠷᠡᠰᠦ ᠨᠢ ᠡᠬᠢᠨ ᠳᠤ ᠬᠢᠮᠢ ᠶᠢᠨ ᠪᠦᠲᠦᠭᠡᠭᠳᠡᠬᠦᠨ ᠨᠢ ᠰᠡᠭᠦᠯ ᠳᠤ︾᠂ ︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ ᠪᠠᠶᠢᠬᠤ︾ ᠪᠦᠭᠦ ᠬᠡᠯᠬᠢᠶ᠎ᠡ ᠳᠤ ᠠᠩᠬᠠᠷᠤᠯ ᠢᠶᠠᠨ ᠬᠠᠨᠳᠤᠭᠤᠯᠵᠤ᠂ ᠨᠡᠭᠦᠷᠡᠰᠦ᠂ ᠮᠠᠯ ᠠᠵᠤ ᠠᠬᠤᠢ ᠲᠠᠷᠢᠶᠠᠯᠠᠩ ᠵᠡᠷᠭᠡ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠡᠬᠢ ᠤᠠᠶᠠᠯᠢᠭ ᠤᠨ ᠪᠤᠰᠤ ᠭᠡᠯᠪᠡᠷᠢ ᠶᠢᠨ ᠠᠵᠤ ᠦᠢᠯᠡᠰ ᠢ ᠶᠡᠭᠡ ᠪᠠᠷ ᠪᠣᠶᠢᠵᠢᠭᠤᠯᠤᠨ ᠬᠥᠭᠵᠢᠭᠦᠯᠵᠦ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 2023 ᠣᠨ ᠳᠤ ᠨᠡᠭᠦᠷᠡᠰᠦᠨ ᠤ ᠪᠤᠰᠤ ᠠᠵᠤ ᠦᠢᠯᠡᠰ 12.1% ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠠᠴᠠ ᠵᠠᠭᠤᠨ ᠤ ᠬᠠᠷᠢᠴᠠᠯ ᠢᠶᠠᠷ 10.7 ᠬᠤᠪᠢ ᠥᠨᠳᠥᠷ ᠪᠣᠯᠵᠤ᠂ ᠭᠠᠶᠢᠯᠢ ᠶᠢᠨ ᠣᠷᠣᠯᠭ᠎ᠠ 28.5% ᠪᠠᠷ ᠨᠡᠮᠡᠭᠳᠡᠵᠦ᠂ ᠪᠦᠭᠦ ᠰᠢᠰᠲ᠋ᠧᠮ ᠤᠨ ᠭᠠᠶᠢᠯᠢ ᠶᠢᠨ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 57.6% ᠪᠠᠶᠢᠵᠤ᠂ ᠪᠦᠭᠦᠶᠢᠯᠡ ᠠᠵᠢᠯ ᠲᠦᠷᠦᠯ ᠤᠨ ᠭᠠᠶᠢᠯᠢ ᠳᠠᠬᠢ ᠡᠵᠯᠡᠭᠦ ᠬᠤᠪᠢ ᠶᠢᠨ ᠵᠢᠩ 57.6% ᠳᠤ ᠬᠦᠷᠴᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠢᠨ᠎ᠡ ᠬᠥᠳᠡᠯᠭᠡᠭᠦᠷ ᠪᠣᠯᠪᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠠᠬᠢᠭᠤᠯᠵᠤ᠂ ᠥᠪᠥᠷ ᠮᠣᠩᠭᠤᠯ ᠤᠨ ᠡᠬᠢ ᠪᠠᠶᠠᠯᠢᠭ ᠲᠠᠢ ᠳᠠᠪᠠᠭᠤᠯᠢᠭ ᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶ ᠪᠤᠯᠭᠠᠬᠤ ᠪᠣᠯᠣᠮᠵᠢ ᠲᠠᠢ ᠬᠦᠷᠢᠶ᠎ᠡ ᠴᠠᠷᠠᠭ᠎ᠠ ᠳᠤ ᠴᠢᠭᠯᠡᠭᠦᠯᠦᠨ ᠲᠥᠪᠯᠡᠷᠡᠩᠭᠦᠢ ᠬᠦᠴᠦᠯᠡᠵᠦ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ︽ᠡᠨᠧᠷᠭᠢ ᠬᠠᠳᠠᠭᠠᠯᠠᠬᠤ ᠬᠢᠭᠡᠳ ᠣᠶᠤᠨᠴᠢ ᠴᠠᠭᠢᠯᠭᠠᠨ ᠲᠣᠣᠷ ᠤᠨ ᠮᠡᠷᠭᠡᠵᠢᠯ︾ ᠤᠨ ᠲᠥᠷᠥᠯ ᠵᠦᠢᠯ ᠢ ᠬᠡᠷᠡᠭᠵᠢᠭᠦᠯᠵᠦ᠂ ᠠᠭᠠᠷ ᠰᠠᠨᠰᠠᠷ ᠤᠨ ᠬᠡᠮᠵᠢᠭᠦᠷ ᠠᠯᠤᠰᠯᠠᠭᠰᠠᠨ ᠬᠡᠮᠵᠢᠯᠲᠡ ᠶᠢᠨ ᠰᠠᠭᠤᠷᠢ ᠤᠠᠷᠢᠮᠵᠢᠶᠠ ᠶᠢᠨ ᠲᠣᠮᠣ ᠰᠢᠨᠵᠢᠯᠡᠬᠦ ᠤᠬᠠᠭᠠᠨ ᠤ ᠲᠣᠨᠤᠭ ᠲᠥᠬᠦᠭᠡᠷᠦᠮᠵᠢ ᠬᠢᠭᠡᠳ ᠳᠡᠭᠡᠳᠦ ᠴᠢᠳᠠᠪᠬᠢᠲᠤ ᠭᠡᠷᠡᠯᠴᠢ ᠰᠠᠷᠠᠯᠵᠢ ᠶᠢᠨ ᠠᠵᠤ ᠦᠢᠯᠡᠰᠵᠢᠯᠲᠡ ᠶᠢᠨ ᠲᠥᠷᠥᠯ ᠵᠦᠢᠯ ᠢ ᠡᠬᠢᠯᠡᠨ ᠪᠦᠲᠦᠭᠡᠨ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ ᠤᠨ ᠤᠯᠤᠰ ᠤᠨ ︽ᠵᠡᠭᠦᠨᠳᠡᠬᠢ ᠲᠤᠭ᠎ᠠ ᠪᠠᠷᠢᠮᠲᠠ ᠶᠢ ᠪᠠᠷᠠᠭᠤᠨᠳᠠᠬᠢ ᠳ᠋ᠠᠶᠢᠲ᠋ᠠ ᠪᠠᠷ ᠲᠤᠯᠭᠠᠭᠤᠷᠢᠯᠠᠬᠤ︾ ᠳ᠋ᠠᠶᠢᠲ᠋ᠠ ᠶᠢᠨ ᠲᠥᠪ ᠤᠨ ᠪᠦᠯᠦᠭᠵᠢᠯ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠰᠢᠪᠲᠦᠷ ᠵᠡᠷᠭᠡ ᠲᠥᠷᠥᠯ ᠵᠦᠢᠯ ᠢ ᠬᠤᠶᠢᠨ᠎ᠠ ᠬᠤᠶᠢᠨ᠎ᠠ ᠠᠴᠠ ᠨᠢ ᠠᠰᠢᠭᠯᠠᠯᠲᠠ ᠳᠤ ᠣᠷᠣᠭᠤᠯᠵᠤ᠂ ᠢᠷᠡᠭᠡᠳᠦᠢ ᠶᠢᠨ ᠠᠵᠤ ᠦᠢᠯᠡᠰ ᠲᠦᠷᠭᠡᠨ ᠪᠦᠷᠢᠯᠳᠦᠵᠦ ᠪᠠᠶᠢᠨ᠎ᠠ᠃
ᠬᠠᠭᠤᠴᠢᠨ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠢ ᠴᠢᠨᠠᠭᠰᠢᠳᠠ ᠡᠪᠳᠡᠪᠡ᠃ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠰᠤᠷᠤᠯᠴᠠᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠳᠠᠶᠠᠭᠠᠷ ᠢ ᠬᠥᠲᠥᠯᠥᠨ ᠵᠢᠯᠤᠭᠤᠳᠴᠤ ︽ᠳᠣᠯᠤᠭ᠎ᠠ ᠶᠢ ᠲᠠᠶᠠᠭᠳᠠᠬᠤ︾ ᠶᠢ ᠪᠡᠶᠡᠯᠡᠭᠦᠯᠵᠦ᠂ ︽ᠤᠢ ᠬᠥᠮᠥᠨ ᠢ ᠬᠦᠷᠬᠦ ᠦᠭᠡᠢ︾ ᠭᠡᠬᠦ ᠣᠶᠢᠯᠠᠭᠠᠭᠳᠠᠬᠤᠨ ᠠᠴᠠ ᠲᠦᠷᠭᠡᠬᠡᠨ ᠰᠠᠯᠵᠤ᠂ ᠲᠡᠷᠢᠭᠦᠨ ᠤ ᠬᠢ ᠶᠢ ᠡᠭᠦᠳᠴᠦ᠂ ᠳᠠᠭᠤᠷᠢᠶᠠᠯ ᠪᠤᠯᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠤᠯᠭᠠᠵᠤ᠂ ᠬᠥᠭᠵᠢᠯᠲᠡ ᠶᠢ ᠶᠡᠭᠡ ᠪᠠᠷ ᠠᠳᠬᠤᠵᠤ᠂ ᠬᠥᠭᠵᠢᠯᠲᠡ ᠶᠢ ᠲᠦᠷᠭᠡᠳᠬᠡᠬᠦ ᠠᠭᠤᠷ ᠠᠮᠢᠰᠬᠤᠯ ᠢ ᠨᠠᠩ ᠭᠦᠨ ᠵᠤᠵᠠᠭᠠᠨ ᠪᠣᠯᠭᠠᠪᠠ᠃ ︽ᠥᠩᠭᠡᠷᠡᠭᠰᠡᠨ ᠳᠤ ᠢᠩᠭᠢᠵᠦ ᠬᠢᠵᠦ ᠪᠠᠶᠢᠭᠰᠠᠨ︾᠂ ︽ᠪᠣᠯᠪᠠᠰᠤᠷᠠᠩᠭᠤᠢ ᠵᠣᠷ ᠦᠭᠡᠢ ᠪᠣᠯ ᠡᠮ ᠥᠭᠬᠦ ᠠᠴᠠ ᠪᠣᠯᠭᠤᠮᠵᠢᠯᠠᠨ᠎ᠠ︾ ᠭᠡᠬᠦ ᠵᠡᠷᠭᠡ ᠣᠶᠢᠯᠠᠭᠠᠭᠳᠠᠬᠤᠨ ᠠᠷᠭ᠎ᠠ ᠬᠢᠳᠡᠯ ᠢ ᠲᠠᠶᠠᠭᠳᠠᠵᠤ᠂ ᠡᠯ᠎ᠡ ᠱᠠᠲᠤᠨ ᠤ ᠬᠢᠨ ᠤ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠬᠢᠵᠦ ᠪᠠᠶᠢᠬᠤ ᠶᠠᠪᠤᠳᠠᠯ ᠮᠥᠨ︾᠂ ︽ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠪᠦᠷᠢᠨᠰᠢᠭᠦᠯᠬᠦ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠬᠤ ᠶᠢ ᠠᠬᠢᠭᠤᠯᠵᠤ᠂ ᠠᠵᠤ ᠠᠬᠤᠢ ᠶᠢᠨ ᠪᠠᠶᠢᠷᠢᠰᠢᠯᠠᠭᠤᠯᠤᠲᠠ ᠶᠢ ᠰᠢᠯᠢᠳᠡᠭᠵᠢᠭᠦᠯᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠤᠰᠤ ᠶᠢ ᠠᠷᠪᠢᠯᠠᠨ ᠬᠡᠷᠡᠭᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ᠂ ᠲᠥᠪ ᠤᠨ ᠠᠵᠤ ᠠᠬᠤᠶᠢᠯᠠᠯ ᠲᠠᠢ ᠬᠠᠮᠲᠤᠷᠠᠯᠴᠠᠬᠤ ᠵᠡᠷᠭᠡ ᠶᠢᠨ ᠲᠣᠭᠤᠷᠢᠨ ᠳᠤ 58 ᠵᠦᠢᠯ ᠤᠨ ᠤᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠦᠭᠰᠡᠨ ᠡᠭᠦᠷᠭᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠤᠠᠶᠢᠭᠠ ᠨᠢᠭᠡ ᠪᠦᠯᠦᠭ ᠲᠦᠭᠵᠢᠷᠡᠯ ᠠᠰᠠᠭᠤᠳᠠᠯ ᠢ ᠲᠦᠷᠭᠡᠨ ᠰᠢᠢᠳᠪᠦᠷᠢᠯᠡᠪᠡ᠃ ︽ᠨᠢᠳᠦᠨ ᠡᠮᠦᠨᠡᠬᠢ ᠪᠠᠨ ᠬᠠᠷᠠᠭᠠᠳ ᠠᠯᠤᠰ ᠬᠤᠯᠠ ᠶᠢ ᠬᠠᠷᠠᠬᠤ ᠦᠭᠡᠢ︾᠂ ︽ᠦᠢᠯᠡᠳᠪᠦᠷᠢᠯᠡᠬᠦ ᠶᠢ ᠴᠢᠬᠤᠯᠠᠴᠢᠯᠠᠵᠤ ᠡᠵᠡᠩᠨᠡᠬᠦ ᠶᠢ ᠬᠥᠩᠭᠡᠪᠴᠢᠯᠡᠬᠦ︾ ᠵᠡᠷᠭᠡ ᠰᠡᠳᠬᠢᠬᠦᠢ ᠸᠠ ᠦᠵᠡᠯᠲᠡ ᠶᠢ ᠬᠦᠴᠦᠯᠡᠨ ᠬᠤᠪᠢᠷᠠᠭᠤᠯᠵᠤ᠂ ᠡᠯ᠎ᠡ ᠱᠠᠲᠤᠨ ᠤ ᠬᠢᠨ ᠢ ᠬᠥᠲᠥᠯᠥᠨ ᠵᠢᠯᠤᠭᠤᠳᠴᠤ ︽ᠠᠷᠪᠢᠯᠠᠨ ᠭᠠᠮᠨᠠᠬᠤ ᠪᠣᠯ ᠳᠠᠷᠤᠢ ᠨᠡᠮᠡᠭᠳᠡᠯ ᠮᠥᠨ᠂ ᠬᠤᠬᠢᠷᠠᠯ ᠢ ᠪᠠᠭᠠᠰᠬᠠᠬᠤ ᠨᠢ ᠳᠠᠷᠤᠢ ᠤᠨᠠᠯᠲᠠ ᠶᠢ ᠨᠡᠮᠡᠭᠳᠡᠭᠦᠯᠵᠦ ᠪᠠᠶᠢᠨ᠎ᠠ᠂ ᠬᠤᠷᠣᠭᠳᠠᠭᠤᠯᠤᠯ ᠢ ᠪᠠᠭᠠᠰᠬᠠᠬᠤ ᠪᠣᠯ ᠳᠠᠷᠤᠢ ᠣᠷᠣᠯᠭ᠎ᠠ ᠶᠢ ᠨᠡᠮᠡᠭᠳᠡᠭᠦᠯᠵᠦ ᠪᠠᠶᠢᠨ᠎ᠠ︾ ᠭᠡᠬᠦ ᠤᠬᠠᠮᠰᠠᠷ ᠢ ᠴᠢᠩᠭᠠᠳᠬᠠᠵᠤ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ᠂ ᠮᠠᠲ᠋ᠧᠷᠢᠶᠠᠯ ᠵᠡᠷᠭᠡ ᠡᠯ᠎ᠡ ᠬᠦᠷᠢᠶᠡᠨ ᠳᠤ ᠠᠷᠪᠢᠯᠠᠬᠤ ᠶᠢ ᠴᠢᠩᠭᠠᠳᠬᠠᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠤᠯᠤᠰ ᠲᠤ ᠡᠩ ᠲᠡᠷᠢᠭᠦᠨ ᠳᠤ ᠮᠤᠵᠢ ᠶᠢᠨ ᠲᠡᠰ ᠤᠨ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠢ ᠲᠣᠭᠲᠠᠭᠠᠵᠤ᠂ ᠬᠤᠲᠠ ᠤᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ᠂ ᠬᠤᠲᠠ ᠶᠢᠨ ᠨᠣᠭᠤᠭᠠᠷᠠᠭᠤᠯᠤᠯᠲᠠ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠲᠣᠭᠲᠠᠭᠠᠵᠤ᠂ 2023 ᠣᠨ ᠳᠤ ᠪᠦᠭᠦ ᠣᠷᠣᠨ ᠤ ᠬᠡᠪᠴᠢᠶᠡᠨ ᠳᠤ 14.75 ᠲᠦᠮᠡᠨ ᠮᠦ ᠶᠢᠨ ᠵᠥᠪᠰᠢᠶᠡᠷᠡᠭᠰᠡᠨ ᠪᠤᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ 22 ᠳ᠋ᠦᠩᠰᠢᠭᠤᠷ ᠲᠥᠭᠦᠷᠢᠭ ᠤᠨ ᠭᠠᠵᠠᠷ ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠦᠯᠡᠳᠡᠪᠦᠷᠢ ᠭᠦᠢᠴᠡᠳᠬᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠲᠤᠭ᠎ᠠ ᠠᠩᠬ᠎ᠠ ᠤᠳᠠᠭ᠎ᠠ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠣᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠳᠡᠪᠬᠢᠲᠡᠢ ᠠᠬᠢᠴᠠ ᠲᠠᠢ ᠪᠣᠯᠵᠤ᠂ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠬᠡᠮᠵᠢᠶ᠎ᠡ ᠡᠩ ᠤᠨ ᠵᠢᠯ ᠤᠨ ᠬᠢ ᠠᠴᠠ 45% ᠪᠠᠷ ᠪᠠᠭᠠᠰᠪᠠ᠃
ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠠᠷ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠨᠡᠩ ᠲᠡᠭᠦᠯᠳᠡᠷ ᠪᠣᠯᠪᠠ᠃ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠬᠤ 20 ᠵᠤᠷᠪᠤᠰ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠠᠷᠢᠮᠵᠢᠶ᠎ᠠ ᠶᠢ ᠳᠡᠭᠡᠭᠰᠢᠯᠡᠭᠦᠯᠭᠦ᠂ ᠬᠤᠷᠳᠤᠴᠠ ᠶᠢ ᠳᠡᠭᠡᠭᠰᠢᠯᠡᠭᠦᠯᠭᠦ᠂ ᠦᠷ᠎ᠡ ᠪᠦᠲᠦᠮᠵᠢ ᠶᠢ ᠳᠡᠭᠡᠭᠰᠢᠯᠡᠭᠦᠯᠭᠦ︾ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠡᠯ᠎ᠡ ᠱᠠᠲᠤᠨ ᠤ ᠬᠢᠨ ᠤ ︽ᠶᠠᠪᠤᠳᠠᠯ ᠢ ᠰᠢᠢᠳᠪᠦᠷᠢᠯᠡᠬᠦ ᠰᠡᠳᠬᠢᠬᠦᠢ︾ ︽ᠶᠠᠪᠤᠳᠠᠯ ᠢ ᠰᠠᠶᠢᠲᠤᠷ ᠰᠢᠢᠳᠪᠦᠷᠢᠯᠡᠬᠦ ᠰᠡᠳᠬᠢᠬᠦᠢ︾ ᠪᠠᠷ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠰᠢᠢᠳᠪᠦᠷᠢᠯᠡᠨ ᠬᠦᠴᠢᠷᠳᠡᠯ ᠢ ᠢᠯᠡᠨ ᠳᠠᠪᠠᠭ᠋ᠤ ᠶᠢ ᠠᠬᠢᠭᠤᠯᠵᠤ᠂ ᠠᠵᠢᠯ ᠤᠨ ᠳᠤᠮᠳᠠᠬᠢ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠦᠵᠡᠭᠳᠡᠯ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢᠨ ᠲᠣᠭᠤᠷᠢᠨ ᠳᠤ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠱᠤᠭᠤᠮ︾ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳᠦᠷ ᠲᠤ ︽ᠡᠭᠦᠳᠡ ᠪᠠᠨ ᠬᠠᠭᠠᠬᠤ ᠦᠭᠡᠢ︾᠂ ᠭᠠᠷᠠᠭ ᠤᠨ ᠰᠡᠭᠦᠯᠴᠢ ᠳᠤ ︽ᠦᠢᠯᠡᠴᠢᠯᠡᠭᠡ ᠪᠠᠨ ᠲᠠᠰᠤᠯᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠡᠯ᠎ᠡ ᠱᠠᠲᠤᠨ ᠤ ᠬᠢᠨ ᠤ ᠠᠵᠤ ᠠᠬᠤᠶᠢᠯᠠᠯ ᠸᠠ ᠣᠯᠠᠨ ᠲᠦᠮᠡᠨ ᠳᠤ ᠦᠢᠯᠡᠴᠢᠯᠡᠬᠦ ᠦᠷ᠎ᠡ ᠪᠦᠲᠦᠮᠵᠢ ᠶᠡᠭᠡ ᠪᠠᠷ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠰᠡᠳᠬᠢᠬᠦᠢ ᠸᠠ ᠨᠠᠷᠢᠨ ᠳᠠᠩᠰᠠ ᠪᠤᠳᠤᠬᠤ ᠤᠬᠠᠮᠰᠠᠷ ᠢ ᠴᠢᠩᠭᠠᠳᠬᠠᠨ᠂ ᠡᠨᠧᠷᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠷᠭ᠎ᠠ ᠮᠠᠶ᠋ᠢᠭ ᠢ ᠴᠠᠭ ᠦᠶ᠎ᠡ ᠲᠠᠢ ᠵᠡᠷᠭᠡ ᠪᠠᠷ ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠪᠠ ᠨᠡᠭᠦᠷᠡᠰᠦᠲᠥ᠋ᠷᠥᠭᠴᠢ ᠬᠤᠷᠠᠮᠳᠤᠭᠤᠯᠬᠤ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠭᠦᠨᠵᠡᠭᠡᠢ ᠠᠬᠢᠭᠤᠯᠵᠤ᠂ ᠲᠤᠬᠠᠢ ᠶᠢᠨ ᠭᠠᠵᠠᠷ ᠤᠨ ᠤᠠᠶᠢᠳᠠᠯ ᠳᠤᠨᠢ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠥᠪᠡᠷ ᠤᠨ ᠦᠷᠲᠡᠭ ᠢ ᠪᠠᠭᠤᠷᠠᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠵᠤ ᠠᠮᠢᠳᠤᠷᠠᠬᠤ ᠶᠢ ᠪᠠᠷᠢᠮᠲᠠᠯᠠᠨ᠂ ᠨᠢᠭᠡ ᠬᠤᠪᠢ ᠡᠬᠢ ᠪᠠᠶᠠᠯᠢᠭ ᠪᠠ ᠨᠢᠭᠡ ᠮᠥᠩᠭᠦ ᠵᠣᠭᠤᠰ ᠢ ᠴᠥᠮ ᠬᠠᠮᠤᠭ ᠤᠨ ᠶᠡᠭᠡ ᠦᠷ᠎ᠡ ᠠᠰᠢᠭ ᠲᠠᠢ ᠪᠣᠯᠭᠠᠵᠠᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠨ᠂ ᠰᠤᠷᠲᠠᠯ ᠤᠨ ᠠᠷᠬᠠᠭ ᠭᠡᠮ ᠢ ᠦᠨᠳᠦᠰᠦᠨ ᠠᠴᠠ ᠨᠢ ᠵᠠᠰᠠᠵᠤ᠂ 1+1+1>3 ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠴᠡᠭᠴᠡᠯᠡᠨ ᠡᠮᠬᠢᠳᠬᠡᠭᠰᠡᠨ ᠡᠬᠡ ᠳᠠᠩᠰᠠ 3/4 ᠰᠢᠬᠠᠮ ᠪᠠᠶᠢᠵᠤ᠂ ᠬᠤᠰᠢᠭᠤ ᠰᠢᠶᠠᠨ ᠭᠦᠷᠲᠡᠯ᠎ᠡ ᠬᠤᠷᠠᠯᠳᠤᠭᠤᠯᠬᠤ ᠬᠤᠷᠠᠯ 1/2 ᠰᠢᠬᠠᠮ ᠪᠠᠭᠠᠰᠴᠤ᠂ ᠰᠤᠮᠤ ᠰᠢᠶᠠᠩ ᠪᠠᠯᠭᠠᠰᠤ ᠶᠢᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ 373 ᠵᠦᠢᠯ ᠪᠠᠶᠢᠭᠰᠠᠨ ᠢ 148 ᠵᠦᠢᠯ ᠪᠣᠯᠭᠠᠨ ᠰᠢᠯᠢᠳᠡᠭᠵᠢᠭᠦᠯᠵᠦ᠂ ︽ᠰᠠᠭᠤᠷᠢ ᠳ᠋ᠠᠶᠢᠲ᠋ᠠ ᠶᠢᠨ ᠬᠥᠮᠥᠷᠭᠡ︾ ᠪᠣᠯᠣᠨ ︽ᠪᠦᠷᠢᠨ ᠴᠢᠳᠠᠮᠵᠢᠲᠤ ᠬᠦᠰᠦᠨᠦᠭᠲᠦ︾ ᠵᠡᠷᠭᠡ ᠬᠡᠷᠡᠭᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ ᠦᠨᠳᠦᠰᠦᠨ ᠱᠠᠲᠤᠨ ᠤ ᠬᠦᠰᠦᠨᠦᠭᠲᠦ ᠲᠠᠭᠯᠠᠬᠤ ᠠᠵᠢᠯ ᠤᠯᠠᠨ ᠵᠡᠷᠭᠡ ᠠᠰᠠᠭᠤᠳᠠᠯ ᠢ ᠰᠢᠢᠳᠪᠦᠷᠢᠯᠡᠵᠦ᠂ ᠺᠠᠳ᠋ᠷᠴᠤᠳ ᠨᠡᠩ ᠣᠯᠠᠨ ᠴᠠᠭ ᠪᠣᠯᠣᠨ ᠣᠶᠤᠨ ᠴᠢᠳᠠᠯ ᠢᠶᠠᠨ ᠵᠠᠷᠤᠴᠠᠭᠤᠯᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠴᠦ ᠳᠡᠶᠢᠯᠭᠦ ᠪᠣᠯᠵᠠᠢ᠃ ︽ᠠᠯᠢᠪᠠ ᠪᠦᠭᠦᠨ ᠳᠤ ᠦᠷ᠎ᠡ ᠳ᠋ᠦᠩ ᠢ ᠦᠵᠡᠬᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ︾ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠵᠥᠪ ᠴᠢᠭᠯᠡᠯ ᠢᠶᠠᠷ ᠵᠣᠷᠢᠭᠵᠢᠭᠤᠯᠬᠤ 12 ᠵᠦᠢᠯ ᠤᠨ ᠠᠷᠭ᠎ᠠ ᠬᠡᠮᠵᠢᠶ᠎ᠡ ᠸᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠦᠢᠯ ᠤᠨ ᠰᠠᠨᠠᠯ ᠢ ᠭᠦᠨᠵᠡᠭᠡᠢ ᠬᠡᠷᠡᠭᠵᠢᠭᠦᠯᠵᠦ᠂ ︽ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ ᠠᠵᠢᠯ ᠢ ᠬᠤᠶᠠᠷ ᠵᠢᠯ ᠳᠠᠷᠠᠭᠠᠯᠠᠨ ᠥᠷᠨᠢᠭᠦᠯᠵᠦ᠂ ᠤᠳᠤᠷᠢᠳᠬᠤ ᠺᠠᠳ᠋ᠷᠴᠤᠳ ᠤᠨ ᠳᠠᠪᠰᠢᠵᠤ ᠪᠠᠭᠤᠵᠤ ᠪᠦᠷ ᠪᠤᠯᠬᠤ ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠢᠯᠡᠭᠦᠬᠡᠨ ᠪᠣᠳᠣᠯᠬᠢᠯᠠᠬᠤ᠂ ᠠᠰᠠᠭᠤᠳᠠᠯ ᠢ ᠢᠯᠡᠭᠦᠬᠡᠨ ᠰᠤᠳᠤᠯᠬᠤ ᠶᠢ ᠠᠬᠢᠭᠤᠯᠵᠤ᠂ ᠳᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠷ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ ᠤᠷᠤᠭᠰᠢᠯᠠᠵᠤ᠂ ᠵᠣᠭᠰᠣᠯ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯᠯᠠᠭᠠᠨ ᠤ ᠤᠬᠠᠮᠰᠠᠷ ᠪᠣᠯᠵᠠᠢ᠃
ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠢ ᠲᠤᠶᠢᠯ ᠢᠶᠠᠷ ᠬᠠᠯᠠᠮᠵᠢᠯᠠᠵᠤ᠂ ᠬᠦᠨᠳᠦ ᠬᠦᠰᠡᠯ ᠨᠠᠶᠢᠳᠠᠯᠭ᠎ᠠ ᠲᠠᠯᠪᠢᠵᠤ ᠪᠤᠢ᠃ ᠪᠢᠳᠡ ᠡᠷᠬᠡᠪᠰᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠥᠪᠥᠷ ᠮᠣᠩᠭᠤᠯ ᠤᠨ ᠶᠠᠪᠤᠳᠠᠯ ᠢ ᠨᠡᠩ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠠᠢ ᠠᠵᠢᠯ ᠪᠣᠳᠠᠲᠤ ᠠᠮᠵᠢᠯᠲᠠ ᠪᠠᠷ ᠢᠶᠠᠨ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠳᠤ ᠨᠢᠭᠡᠨ ᠬᠤᠪᠢ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃
︵ᠤᠤᠯ ᠵᠣᠬᠢᠶᠠᠯ ᠢ 2024 ᠣᠨ ᠤ 7 ᠰᠠᠷ᠎ᠠ ᠶᠢᠨ 17 ᠤ ᠡᠳᠦᠷ ᠤᠨ ᠳᠤᠮᠳᠠᠳᠤ ᠤᠯᠤᠰ ᠤᠨ ᠦᠨᠳᠦᠰᠦᠲᠡᠨ ᠤ ᠰᠦᠯᠵᠢᠶ᠎ᠡ ᠳᠤ ᠨᠡᠶᠢᠲᠡᠯᠡᠪᠡ︶