ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/7/23

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ

ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ


ᠥᠪᠥᠷ ᠵᠠᠰᠠᠭ ᠲᠠᠷᠬᠠᠭᠠᠭᠰᠠᠨ ﹇2024﹈ 6 ᠳ᠋ᠤᠭᠠᠷ ᠲᠣᠭᠠᠲᠤ

 

ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ

ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ

ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ

ᠲᠣᠳᠣᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ 

      

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ 

      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ︾ ᠶᠢ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠰᠤᠭᠠᠢ᠃ ︽ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠪᠠᠶᠢᠯᠭᠠᠬᠤ ᠶᠢᠨ ᠳᠠᠭᠠᠤ ᠲᠦᠷᠭᠡᠨ ᠤᠷᠤᠭᠰᠢᠯᠠᠬᠤ ᠲᠣᠭᠲᠠᠭᠤᠨ ᠪᠠᠶᠢᠯᠭᠠᠬᠤ ᠶᠢᠨ ᠳᠠᠭᠠᠤ ᠰᠢᠯᠢᠳᠡᠭᠵᠢᠨ ᠤᠷᠤᠭᠰᠢᠯᠠᠬᠤ ᠶᠢ  ᠪᠠᠷᠢᠮᠲᠠᠯᠠᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ᠥᠪᠥᠷ ᠵᠠᠰᠠᠭ ᠲᠠᠷᠬᠠᠭᠠᠭᠰᠠᠨ  ﹇2023﹈ 3 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ 

                                                2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ 

      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ 

 

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠲᠣᠭᠲᠠᠭᠤᠨ ᠪᠠᠶᠢᠯᠭᠠᠬᠤ ᠶᠢᠨ

ᠳᠠᠭᠠᠤ ᠤᠷᠤᠭᠰᠢᠯᠠᠬᠤ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ ᠪᠠᠷᠢᠮᠲᠠᠯᠠᠨ ᠠᠵᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ


      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ  ᠶᠢ ᠪᠦᠬᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ ᠶᠢ  ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ ︾ ᠳᠤ ᠠᠩᠬᠠᠷᠤᠯ ᠢᠶᠠᠨ ᠬᠠᠨᠳᠤᠭᠤᠯᠤᠨ ᠬᠦᠴᠦ ᠪᠠᠨ ᠲᠥᠪᠯᠡᠷᠡᠭᠦᠯᠵᠦ ᠪᠠᠶᠢᠭᠠᠳ ᠰᠠᠶᠢᠲᠤᠷ ᠬᠢᠵᠦ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ︾ ︵ᠲᠦᠷᠦ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ  ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠳᠣᠣᠷᠠᠬᠢ ᠮᠡᠲᠦ ᠲᠦᠷᠦ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠳᠤᠷᠠᠳᠪᠠ᠃ 

      ᠨᠢᠭᠡ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠤᠨ᠎ᠠ 

      ︵ᠨᠢᠭᠡ︶ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠴᠢᠩᠭᠠᠳᠬᠠᠨ᠎ᠠ᠃ 

      1. ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ ᠤᠨ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠮᠤ ᠪᠤᠳᠠᠭ᠎ᠠ ᠢᠳᠡᠰᠢᠨ ᠲᠣᠰᠣ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠤᠨ᠂ ᠨᠢᠭᠡᠴᠢ ᠶᠢᠨ ᠤᠨᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠣᠨᠴᠠᠯᠢᠭᠲᠤ ᠲᠠᠷᠢᠮᠠᠯ ᠤᠨ ᠤᠨᠠᠯᠲᠠ ᠵᠢᠴᠢ ᠦᠷ᠎ᠡ ᠠᠰᠢᠭ ᠢ ᠳᠡᠭᠡᠭᠰᠢᠯᠡᠭᠦᠯᠦᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠲᠣᠭᠲᠠᠭᠤᠨ ᠪᠥᠭᠡᠳ ᠠᠮᠤᠷ ᠲᠦᠪᠰᠢᠨ ᠢᠶᠠᠷ ᠬᠠᠩᠭᠠᠬᠤ ᠴᠢᠳᠠᠪᠤᠷᠢ ᠪᠠᠨ ᠤᠯᠠᠮ ᠨᠢᠭᠡ ᠠᠯᠬᠤᠮ ᠨᠡᠮᠡᠭᠳᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      2. ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 710 ᠲᠦᠮᠡᠨ ᠮᠦ ᠠᠴᠠ ᠳᠡᠭᠡᠭᠰᠢ   ᠣᠯᠬᠤ ᠪᠠᠷ ᠢᠳᠡᠪᠬᠢᠯᠡᠨ ᠴᠢᠷᠮᠠᠶᠢᠨ᠎ᠠ᠃ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠠᠬᠢᠭᠤᠯᠬᠤ  ᠠᠵᠢᠯᠯᠠᠭᠠᠨ ᠢ ᠬᠡᠷᠡᠭᠵᠢᠭᠦᠯᠵᠦ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠲᠠ᠂ ᠤᠯᠠᠭᠠᠨᠬᠠᠳᠠ ᠬᠤᠲᠠ ᠶᠢᠨ ᠬᠢᠨ 2130 ᠲᠦᠮᠡᠨ ᠮᠦ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠬᠡᠷᠡᠭᠵᠢᠭᠦᠯᠬᠦ ᠶᠢ ᠨᠢ ᠳᠡᠮᠵᠢᠨ᠎ᠡ᠃ ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ﹈  

      3. ᠤᠯᠤᠰ ᠤᠨ ᠬᠤᠵᠢᠷᠯᠢᠭ ᠭᠠᠵᠠᠷ ᠵᠡᠷᠭᠡ ᠲᠠᠷᠢᠶᠠᠯᠠᠬᠤ ᠭᠠᠵᠠᠷ ᠤᠨ ᠨᠥᠭᠡᠴᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠥᠷᠨᠢᠭᠦᠯᠵᠦ᠂ ᠬᠤᠵᠢᠷᠯᠢᠭ ᠭᠠᠵᠠᠷ ᠢ ᠠᠯᠬᠤᠮ ᠠᠯᠬᠤᠮ ᠢᠶᠠᠷ ᠨᠡᠭᠡᠭᠡᠨ ᠠᠰᠢᠭᠯᠠᠵᠤ᠂ ᠬᠤᠵᠢᠷᠰᠢᠭᠰᠠᠨ ᠲᠠᠷᠢᠶᠠᠯᠠᠬᠤ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠬᠤᠵᠢᠷᠰᠢᠭᠰᠠᠨ ᠲᠠᠷᠢᠶᠠᠯᠠᠬᠤ ᠭᠠᠵᠠᠷ ᠲᠤ ᠤᠰᠤᠨ ᠲᠤᠲᠤᠷᠭ᠎ᠠ᠂ ᠰᠢᠰᠢ ᠵᠡᠷᠭᠡ ᠳᠠᠪᠤᠰᠤᠨ ᠳᠤ ᠳᠠᠭᠠᠭᠠᠮᠠᠭᠠᠢ ᠲᠠᠷᠢᠮᠠᠯ ᠲᠠᠷᠢᠬᠤ ᠶᠢ ᠳᠡᠯᠭᠡᠷᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ﹈

      ︵ᠬᠤᠶᠠᠷ︶ ᠦᠷ᠎ᠡ ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ 

      4. 1.4 ᠳ᠋ᠦᠩᠰᠢᠭᠤᠷ ᠲᠥᠭᠦᠷᠢᠭ ᠲᠣᠬᠢᠷᠠᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠦᠷ᠎ᠡ ᠡᠭᠦᠯᠳᠡᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃  ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ﹈

      5. ᠦᠷ᠎ᠡ ᠡᠭᠦᠯᠳᠡᠷ ᠤᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠥᠷᠨᠢᠭᠦᠯᠦᠨ᠎ᠡ᠃ ︽5+N ︾  ᠤᠨ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ᠂ ᠡᠪᠡᠰᠦᠨ ᠤ ᠦᠢᠯᠡᠰ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ ᠵᠡᠷᠭᠡ 5 ᠳᠠᠪᠠᠭᠤᠯᠢᠭᠲᠤ ᠬᠦᠷᠢᠶ᠎ᠡ ᠴᠠᠷᠠᠭ᠎ᠠ ᠪᠠ ᠡᠯᠳᠡᠪ ᠠᠮᠤ᠂ ᠢᠳᠡᠰᠢᠨ ᠨᠣᠭᠤᠭ᠎ᠠ᠂ ᠨᠡᠷᠡᠨ ᠬᠤᠸᠠᠷ᠂ ᠰᠢᠬᠢᠷ ᠯᠤᠤᠪᠠᠩ ᠵᠡᠷᠭᠡ ᠣᠯᠠᠨ ᠭᠤᠣᠯᠳᠠᠯᠭᠠᠲᠤ ᠬᠦᠷᠢᠶ᠎ᠡ  ᠴᠠᠷᠠᠭᠠᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠴᠢᠬᠤᠯᠠ ᠶᠡᠭᠡ ᠲᠤᠰᠬᠠᠢ ᠵᠦᠢᠯ ᠢᠶᠠᠷ ᠳᠡᠮᠵᠢᠬᠦ ᠶᠢ ᠦᠷᠭᠦᠯᠵᠢᠯᠡᠨ ᠴᠢᠩᠭᠠᠳᠬᠠᠵᠤ᠂ ᠮᠢᠺᠷᠣᠪ᠂ ᠣᠨᠴᠠᠯᠢᠭᠲᠤ ᠮᠠᠯ ᠵᠢᠭᠦᠷᠲᠡᠨ᠂ ᠲᠠᠷᠢᠮᠠᠯ ᠵᠡᠷᠭᠡ ᠶᠢᠨ ᠦᠷ᠎ᠡ ᠡᠭᠦᠯᠳᠡᠷ ᠤᠨ ᠦᠢᠯᠡᠰ ᠤᠨ ᠬᠦᠷᠢᠶ᠎ᠡ ᠴᠠᠷᠠᠭᠠᠨ ᠳᠠᠬᠢ ᠰᠤᠳᠤᠯᠭᠠᠨ ᠤ ᠴᠢᠭᠯᠡᠯ ᠢ ᠨᠡᠮᠡᠭᠳᠡᠭᠦᠯᠦᠨ᠎ᠡ᠃  ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ﹈

      6. ᠴᠢᠨᠠᠷᠯᠢᠭ ᠰᠠᠶᠢᠨ ᠦᠷ᠎ᠡ ᠡᠭᠦᠯᠳᠡᠷ ᠤᠨ ᠱᠠᠩᠨᠠᠬᠤ ᠲᠣᠭᠲᠠᠴᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠪᠠᠶᠢᠭ᠎ᠠ ᠲᠥᠮᠥᠰᠥ ᠶᠢᠨ ᠴᠢᠨᠠᠷ ᠰᠠᠶᠢᠲᠠᠢ ᠰᠢᠨ᠎ᠡ ᠦᠷ᠎ᠡ ᠡᠭᠦᠯᠳᠡᠷ ᠲᠤ᠂ ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 10 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠵᠤ ᠨᠥᠬᠦᠪᠥᠷᠢᠯᠡᠨ᠎ᠡ; ᠵᠢᠯ ᠳᠤ ᠳᠡᠯᠭᠡᠷᠡᠭᠦᠯᠦᠭᠰᠡᠨ ᠲᠠᠯᠠᠪᠠᠶ ᠨᠢ 30 ᠲᠦᠮᠡᠨ ᠮᠦ ᠠᠴᠠ ᠳᠡᠭᠡᠭᠰᠢ ᠪᠠᠶᠢᠪᠠᠯ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠤᠯᠤᠰ ᠤᠨ ᠬᠢᠨᠠᠨ ᠲᠣᠭᠲᠠᠭᠠᠯᠲᠠ ᠪᠠᠷ ᠪᠠᠲᠤᠯᠠᠭᠳᠠᠭᠰᠠᠨ ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠡᠭᠦᠯᠳᠡᠷ ᠲᠦᠷᠦᠯ ᠪᠣᠯ ᠵᠦᠢᠯ ᠪᠦᠷᠢ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠱᠠᠩᠨᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈

      ︵ᠭᠤᠷᠪᠠ︶ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ 

      7. ᠴᠢᠨᠠᠷ ᠰᠠᠶᠢᠲᠠᠢ ᠰᠦ ᠶᠢᠨ ᠢᠷᠡᠯᠲᠡ ᠶᠢᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠠᠭᠠᠯᠢ ᠶᠢᠨ ᠮᠠᠯ ᠤᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ  ᠳᠤ ᠵᠣᠬᠢᠬᠤ ᠨᠡᠮᠡᠭᠦᠷᠢ ᠣᠯᠭᠤᠨ᠎ᠠ᠃ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ  ᠰᠢᠶᠠᠨ ᠳᠠᠶᠠᠭᠠᠷ ᠨᠢ ᠠᠬᠢᠭᠤᠯᠬᠤ ᠲᠥᠷᠥᠯ ᠵᠦᠢᠯ ᠳᠤ ᠰᠣᠩᠭᠤᠭᠳᠠᠭᠰᠠᠨ 100 — 3000 ᠰᠠᠭᠠᠯᠢ ᠶᠢᠨ ᠮᠠᠯ ᠤᠨ ᠬᠡᠪᠴᠢᠶ᠎ᠡ ᠲᠠᠢ ᠲᠡᠵᠢᠭᠡᠨ ᠦᠷᠡᠵᠢᠭᠦᠯᠬᠦ ᠲᠠᠯᠠᠪᠠᠶ ᠳᠤ ᠮᠠᠯ ᠪᠡᠯᠴᠢᠭᠡᠷ ᠢ ᠢᠵᠢ ᠪᠦᠷᠢᠳᠦᠭᠦᠯᠬᠦ᠂ ᠣᠶᠤᠨᠯᠢᠭ ᠮᠠᠯᠵᠢᠯ ᠤᠨ ᠲᠠᠯᠠᠪᠠᠶ᠂ ᠲᠡᠵᠢᠭᠡᠨ ᠦᠷᠡᠵᠢᠭᠦᠯᠬᠦ ᠪᠠ ᠡᠳ᠋ᠰᠢᠭᠦᠯᠬᠦ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠵᠡᠷᠭᠡ ᠲᠠᠯ᠎ᠠ ᠪᠠᠷ ᠨᠡᠮᠡᠭᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈

       8. ᠴᠢᠨᠠᠷ ᠰᠠᠶᠢᠲᠠᠢ ᠡᠭᠦᠯᠳᠡᠷ ᠤᠨ ᠢᠷᠡᠯᠲᠡ ᠪᠣᠶᠢᠵᠢᠭᠤᠯᠬᠤ ᠶᠢ ᠳᠡᠮᠵᠢᠵᠦ᠂ ᠡᠭᠦᠯᠳᠡᠷ ᠪᠣᠶᠢᠵᠢᠭᠤᠯᠬᠤ ᠴᠢᠳᠠᠪᠤᠷᠢ ᠶᠢᠨ ᠦᠨᠡᠯᠡᠯᠲᠡ ᠶᠢᠨ ᠳᠡᠰ ᠨᠢ ᠰᠠᠶᠢᠨ ᠠᠴᠠ ᠳᠡᠭᠡᠭᠰᠢ ᠳᠤ ᠬᠦᠷᠦᠭᠰᠡᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠰᠠᠭᠤᠷᠢᠯᠠᠬᠤ ᠴᠢᠨᠠᠷᠲᠠᠢ ᠱᠠᠩᠨᠠᠯ ᠣᠯᠭᠤᠬᠤ ᠶᠢᠨ ᠬᠠᠮᠲᠤ ᠡᠭᠦᠯᠳᠡᠷ ᠤᠨ ᠪᠤᠬ᠎ᠠ ᠶᠢᠨ ᠵᠢᠯ ᠪᠦᠷᠢ ᠶᠢᠨ ᠨᠡᠷᠡᠰ ᠤᠨ ᠵᠢᠭᠰᠠᠭᠠᠯᠲᠠ ᠶᠢᠨ ᠦᠷ᠎ᠡ ᠳ᠋ᠦᠩ ᠢ ᠨᠢ ᠦᠨᠳᠦᠰᠦᠯᠡᠨ᠂ ᠡᠭᠦᠯᠳᠡᠷ ᠪᠣᠶᠢᠵᠢᠭᠤᠯᠬᠤ ᠠᠵᠤ ᠠᠬᠤᠶᠢᠯᠠᠯ ᠳᠤ ᠱᠠᠩᠨᠠᠯ ᠣᠯᠭᠤᠨ᠎ᠠ; ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠪᠣᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠯᠠᠭᠴᠢ ᠡᠭᠦᠯᠳᠡᠷ ᠪᠣᠶᠢᠵᠢᠭᠤᠯᠬᠤ ᠲᠠᠯᠠᠪᠠᠶ ᠶᠢ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠢᠶᠠᠷ ᠱᠠᠩᠨᠠᠨ᠎ᠠ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢ ᠳᠡᠯᠭᠡᠷᠡᠭᠦᠯᠵᠦ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠬᠦᠪᠦᠷᠡᠯ ᠢ ᠬᠡᠷᠡᠭᠯᠡᠨ᠂ ᠴᠢᠨᠰᠠᠭ᠎ᠠ ᠶᠢᠨ ᠢᠯᠡᠳᠬᠡᠭᠴᠢ ᠶᠢ ᠨᠢ ᠦᠨᠳᠦᠰᠦᠯᠡᠨ ᠲᠠᠰ ᠬᠤᠪᠢᠶᠠᠨ ᠨᠡᠮᠡᠭᠦᠷᠢ ᠣᠯᠭᠤᠨ᠎ᠠ᠂ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ ᠬᠡᠷᠡᠭᠯᠡᠭᠰᠡᠨ ᠪᠠᠶᠢᠪᠠᠯ ᠲᠣᠯᠣᠭᠠᠢ ᠪᠦᠷᠢ ᠳᠤ 120 ᠲᠥᠭᠦᠷᠢᠭ ᠤᠨ ᠨᠡᠮᠡᠭᠦᠷᠢ ᠣᠯᠭᠤᠵᠤ᠂ ᠰᠠᠭᠠᠯᠢ ᠶᠢᠨ ᠢᠮᠠᠭᠠᠨ ᠤ ᠢᠴᠡᠭᠡᠯ ᠦᠷ᠎ᠡ ᠶᠢ ᠬᠡᠷᠡᠭᠯᠡᠭᠰᠡᠨ ᠪᠠᠶᠢᠪᠠᠯ ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      9. ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠳᠤ ᠨᠡᠮᠡᠭᠦᠷᠢ ᠣᠯᠭᠤᠬᠤ ᠡᠷᠴᠢᠮ ᠢᠶᠠᠨ ᠴᠢᠩᠭᠠᠷᠠᠭᠤᠯᠵᠤ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠶᠢᠨ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ ᠬᠠᠪᠢ ᠪᠠᠷ ᠬᠤᠷᠢᠶᠠᠨ ᠨᠥᠭᠡᠴᠡᠯᠡᠬᠦ ᠳᠤ ᠵᠣᠬᠢᠬᠤ  ᠨᠡᠮᠡᠭᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ﹈ 

      10. ᠤᠯᠤᠰ ᠲᠤ ᠪᠠᠨ ᠦᠢᠯᠡᠳᠪᠦᠷᠢᠯᠡᠭᠰᠡᠨ ᠴᠢᠨᠠᠷ ᠰᠠᠶᠢᠲᠠᠢ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠤᠨ ᠤᠨᠠᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠳᠠᠷᠢᠭᠰᠠᠨ ᠲᠠᠯᠠᠪᠠᠢ ᠨᠢ 500 ᠮᠦ ᠠᠴᠠ ᠳᠡᠭᠡᠭᠰᠢ ᠳᠤ ᠬᠦᠷᠦᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠭᠰᠠᠨ ᠲᠠᠷᠢᠮᠠᠯ ᠤᠨ ᠠᠵᠤ ᠠᠬᠤᠶᠢᠯᠠᠯ ︵ᠬᠤᠷᠰᠢᠶ᠎ᠠ᠂ ᠲᠠᠷᠢᠮᠠᠯ ᠤᠨ ᠡᠷᠦᠬᠡ︶ ᠳᠤ 3 ᠵᠢᠯ ᠬᠤᠪᠢᠶᠠᠨ ᠮᠦ ᠪᠦᠷᠢ ᠨᠡᠶᠢᠲᠡ 1000 ᠲᠥᠭᠦᠷᠢᠭ ᠤᠨ ᠨᠥᠬᠦᠪᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      11. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠪᠣᠯᠪᠠᠰᠤᠷᠠᠭᠤᠯᠤᠨ ᠡᠳ᠋ᠰᠢᠭᠦᠯᠬᠦ ᠬᠡᠮᠵᠢᠶ᠎ᠡ ᠪᠠᠨ ᠥᠷᠭᠡᠳᠬᠡᠬᠦ ᠶᠢ ᠨᠢ ᠳᠡᠮᠵᠢᠵᠦ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠪᠣᠯᠪᠠᠰᠤᠷᠠᠭᠤᠯᠤᠭᠰᠠᠨ  ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 200 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠲᠣᠰ ᠲᠣᠰ 50% ᠶᠢ ᠡᠭᠦᠷᠭᠡᠯᠡᠨ᠎ᠡ᠃ ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ  ᠤᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠪᠣᠯᠬᠤ 3 — 5 ᠳ᠋ᠤᠭᠠᠷ ᠰᠠᠷ᠎ᠠ ᠳᠤ ᠲᠤᠭ᠎ᠠ ᠶᠣᠰᠣᠭᠠᠷ ᠭᠦᠢᠴᠡᠳ ᠰᠦ ᠬᠤᠷᠢᠶᠠᠬᠤ ᠶᠢ ᠨᠢ ᠳᠡᠮᠵᠢᠵᠦ᠂ ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠶᠢᠨ 10% ᠪᠠᠷ ᠲᠣᠨ ᠪᠦᠷᠢ ᠳᠤ 1000 ᠲᠥᠭᠦᠷᠢᠭ ᠤᠨ ᠨᠡᠮᠡᠭᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠠᠴᠠ ᠲᠣᠰ ᠲᠣᠰ 50% ᠶᠢ ᠡᠭᠦᠷᠭᠡᠯᠡᠨ᠎ᠡ᠃  ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ﹈ 

      12. ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠭᠡ ᠬᠥᠭᠵᠢᠭᠦᠯᠬᠦ ᠶᠢ ᠨᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠤ᠂ ᠰᠦᠨ ᠲᠡᠮᠦᠷᠲᠤ ᠤᠭᠤᠷᠠᠭ ᠵᠡᠷᠭᠡ ᠰᠦ ᠴᠠᠭᠠᠨ ᠢᠳᠡᠭᠡ ᠪᠠᠨ ᠨᠠᠷᠢᠯᠢᠭ ᠭᠦᠨ ᠪᠣᠯᠪᠠᠰᠤᠷᠠᠭᠤᠯᠤᠨ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ ᠰᠦ ᠴᠠᠭᠠᠨ ᠢᠳᠡᠭᠡ ᠪᠣᠯᠪᠠᠰᠤᠷᠠᠭᠤᠯᠤᠨ ᠡᠳ᠋ᠰᠢᠭᠦᠯᠬᠦ ᠠᠵᠤ ᠠᠬᠤᠶᠢᠯᠠᠯ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠪᠣᠯᠪᠠᠰᠤᠷᠠᠭᠤᠯᠤᠨ ᠡᠳ᠋ᠰᠢᠭᠦᠯᠦᠭᠰᠡᠨ ᠪᠣᠯ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠨ ᠪᠣᠯᠪᠠᠰᠤᠷᠠᠭᠤᠯᠤᠨ ᠡᠳ᠋ᠰᠢᠭᠦᠯᠦᠭᠰᠡᠨ ᠬᠤᠯᠢᠴᠠ ᠦᠭᠡᠢ ᠪᠢᠰᠢᠯᠠᠭ ᠤᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠭᠦᠯᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ᠃ ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ 

      13.ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠤᠨ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠮᠢᠩᠭᠠᠨ ᠳ᠋ᠦᠩᠰᠢᠭᠤᠷ ᠤᠨ ᠲᠠᠰ ᠤᠨ ᠰᠦ ᠶᠢᠨ ᠦᠢᠯᠡᠰ᠂ ᠡᠷᠳᠡᠨᠢ ᠰᠢᠰᠢ ᠶᠢᠨ ᠲᠠᠯ᠎ᠠ ᠪᠠᠷ ᠬᠢ 2 ᠠᠵᠤ ᠦᠢᠯᠡᠰ ᠤᠨ ᠪᠦᠯᠦᠭᠵᠢᠯ ᠵᠢᠴᠢ ᠵᠠᠭᠤᠨ ᠳ᠋ᠦᠩᠰᠢᠭᠤᠷ ᠤᠨ ᠲᠠᠰ ᠤᠨ ᠠᠯᠠᠰᠢᠨ ᠦᠬᠡᠷ᠂ ᠠᠯᠠᠰᠢᠨ ᠬᠤᠨᠢ᠂ ᠨᠡᠷᠡᠨ ᠬᠤᠸᠠᠷ᠂ ᠢᠮᠠᠭᠠᠨ ᠨᠤᠤᠯᠤᠭᠤᠷ᠂ ᠲᠥᠮᠥᠰᠥ᠂ ᠡᠯᠳᠡᠪ ᠠᠮᠤ ᠡᠯᠳᠡᠪ ᠪᠤᠷᠴᠠᠭ᠂ ᠪᠤᠭᠤᠳᠠᠢ᠂ ᠢᠳᠡᠰᠢᠨ ᠨᠣᠭᠤᠭ᠎ᠠ᠂ ᠲᠡᠵᠢᠭᠡᠯ ᠡᠪᠡᠰᠦ ᠪᠣᠷᠳᠤᠭ᠎ᠠ ᠪᠠ ᠰᠢᠷ᠎ᠠ ᠪᠤᠷᠴᠠᠭ ᠤᠨ ᠲᠠᠯ᠎ᠠ ᠪᠠᠷ ᠬᠢ 10 ᠠᠵᠤ ᠦᠢᠯᠡᠰ ᠤᠨ ᠪᠦᠯᠦᠭᠵᠢᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      14. ᠠᠮᠤ ᠪᠤᠳᠠᠭ᠎ᠠ ᠢᠳᠡᠰᠢᠨ ᠲᠣᠰᠣ᠂ ᠮᠢᠬᠠᠨ ᠤ ᠵᠦᠢᠯ ᠤᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ ᠢᠳᠡᠰᠢᠨ ᠲᠣᠰᠣ᠂ ᠠᠯᠠᠰᠢᠨ ᠦᠬᠡᠷ᠂ ᠠᠯᠠᠰᠢᠨ ᠬᠤᠨᠢ᠂ ᠠᠮᠢᠳᠤ ᠭᠠᠭ᠋ᠠᠢ ᠶᠢᠨ ᠭᠠᠷᠭᠠᠯᠲᠠ ᠶᠡᠬᠡᠲᠡᠢ ᠰᠢᠶᠠᠨ ᠢ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠠᠷᠭᠠᠯᠲᠠ ᠶᠡᠬᠡᠲᠡᠢ ᠰᠢᠶᠠᠨ ᠤ ᠲᠡᠵᠢᠭᠡᠨ ᠦᠷᠡᠵᠢᠭᠦᠯᠬᠦ ᠦᠷ᠎ᠡ ᠪᠦᠲᠦᠮᠵᠢ ᠪᠠ ᠦᠢᠯᠡᠳᠪᠦᠷᠢᠯᠡᠯ ᠤᠨ ᠦᠷ᠎ᠡ ᠠᠰᠢᠭ ᠢᠶᠠᠨ ᠳᠡᠭᠡᠭᠰᠢᠯᠡᠭᠦᠯᠬᠦ ᠶᠢ ᠲᠡᠮᠵᠢᠵᠤ᠂ ᠲᠣᠮᠣ ᠬᠡᠯᠪᠡᠷᠢ ᠶᠢᠨ ᠨᠢᠲᠤᠯᠭᠠᠨ ᠤ ᠲᠦᠷᠦᠯ ᠵᠦᠢᠯ ᠢ ᠲᠤᠬᠠᠢ ᠶᠢᠨ ᠭᠠᠵᠠᠷ ᠲᠤ ᠨᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠮᠠᠯ ᠤᠨ ᠠᠰᠢᠭ ᠰᠢᠮ᠎ᠡ ᠵᠢᠭᠦᠷᠲᠡᠨ ᠤ ᠭᠠᠷᠤᠯᠲᠠ ᠪᠦᠲᠦᠭᠡᠭᠳᠡᠬᠦᠨ ᠢ ᠨᠠᠷᠢᠯᠢᠭ ᠬᠤᠪᠢᠶᠠᠷᠢᠯᠠᠨ ᠰᠠᠯᠭᠠᠬᠤ᠂ ᠬᠦᠢᠲᠡᠨ ᠬᠡᠯᠬᠢᠶ᠎ᠡ ᠪᠠᠷ ᠪᠣᠯᠪᠠᠰᠤᠷᠠᠭᠤᠯᠤᠨ ᠡᠳ᠋ᠰᠢᠭᠦᠯᠬᠦ ᠵᠢᠴᠢ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠳᠦᠬᠦᠷᠵᠢᠭᠦᠯᠦᠨ ᠪᠠᠶᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ﹈ 

      15. ᠠᠷᠠᠰᠤ ᠰᠢᠷᠢ᠂ ᠬᠤᠨᠢᠨ ᠨᠣᠣᠰᠣᠨ ᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠥᠬᠦᠴᠡᠯ ᠳᠤ ᠨᠡᠶᠢᠴᠡᠬᠦ ᠠᠵᠤ ᠦᠢᠯᠡᠰ ᠤᠨ ᠪᠦᠯᠦᠭᠵᠢᠯ᠂ ᠠᠵᠤ ᠦᠢᠯᠡᠰ ᠤᠨ ᠬᠦᠴᠦᠷᠬᠡᠭ ᠪᠠᠯᠭᠠᠰᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠳᠤ ᠪᠣᠯ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠪᠠᠷ ᠵᠣᠬᠢᠬᠤ ᠨᠡᠮᠡᠭᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ﹈ 

      16. ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠭᠠᠷᠴᠠᠭ ᠪᠠᠶᠢᠭᠤᠯᠬᠤ ᠶᠢ ᠳᠡᠮᠵᠢᠵᠦ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠪᠣᠬᠢᠷᠲᠤᠯ ᠦᠭᠡᠢ ᠢᠳᠡᠭᠡᠨ᠂ ᠣᠷᠭᠠᠨᠢᠭ ᠪᠦᠲᠦᠭᠡᠭᠳᠡᠬᠦᠨ ᠤ ᠭᠡᠷᠡᠴᠢᠯᠡᠯᠲᠡ ᠬᠢᠯᠭᠡᠬᠦ ᠪᠠᠷ ᠭᠤᠶᠤᠴᠢᠯᠠᠬᠤ ᠶᠢ ᠨᠢ ᠵᠣᠷᠢᠭᠵᠢᠭᠤᠯᠤᠨ᠎ᠠ᠃ ᠭᠠᠵᠠᠷ ᠵᠦᠢ ᠶᠢᠨ ᠪᠡᠯᠭᠡ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠥᠪᠥᠷ ᠮᠣᠩᠭᠤᠯ ︾ ᠲᠡᠮᠳᠡᠭᠲᠦ ᠶᠢᠨ ᠭᠡᠷᠡᠴᠢᠯᠡᠯᠲᠡ ᠶᠢ ᠠᠬᠢᠭᠤᠯᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠪᠥᠭᠡᠳ ᠣᠷᠭᠠᠨᠢᠭ ᠨᠠᠷᠠᠲᠤ ᠲᠡᠮᠳᠡᠭ ᠢ ᠴᠣᠭᠴᠠᠯᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈ 

      17. ᠡᠮ ᠤᠨ ᠮᠠᠲ᠋ᠧᠷᠢᠶᠠᠯ ᠢ ᠬᠡᠪᠴᠢᠶᠡᠵᠢᠭᠦᠯᠦᠨ ᠳᠠᠷᠢᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠩᠬᠢᠨᠢ ᠪᠠᠶᠢᠭᠠᠯᠢᠯᠢᠭ ᠭᠠᠷᠤᠯᠲᠠ ᠲᠠᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ᠂ ᠳᠠᠭᠤᠷᠢᠶᠠᠮᠠᠯ ᠬᠡᠭᠡᠷ᠎ᠡ ᠶᠢᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢᠶᠠᠷ ᠦᠨᠡᠮᠰᠢᠭᠳᠡᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠱᠠᠩᠨᠠᠵᠤ ᠨᠥᠬᠦᠪᠦᠷᠢᠯᠡᠨ᠎ᠡ᠃ ᠬᠠᠮᠢᠶ᠎ᠠ ᠪᠦᠬᠦᠢ ᠲᠥᠷᠥᠯ ᠵᠦᠢᠯ ᠤᠨ ᠪᠡᠯᠡ ᠮᠥᠩᠭᠦ ᠶᠢ 300 ᠲᠦᠮᠡᠨ ᠲᠥᠭᠦᠷᠢᠭ ᠠᠴᠠ ᠳᠡᠭᠡᠭᠰᠢ ᠨᠢᠭᠡᠳᠦᠯᠲᠡᠢ ᠲᠥᠯᠥᠪᠯᠡᠵᠦ᠂ ᠳᠠᠪᠠᠭᠤᠯᠢᠭ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠣᠩᠭᠤᠵᠤ ᠬᠢᠲᠠᠳ ᠡᠮ ᠤᠨ ᠮᠠᠲ᠋ᠧᠷᠢᠶᠠᠯ ᠤᠨ ᠥᠨᠳᠥᠷ  ᠭᠠᠷᠤᠯᠲᠠ ᠲᠠᠢ ᠥᠨᠳᠥᠷ ᠦᠷ᠎ᠡ ᠠᠰᠢᠭ ᠲᠠᠢ ᠲᠠᠷᠢᠮᠠᠯ ᠤᠨ ᠵᠢᠱᠢᠶ᠎ᠡ ᠦᠵᠡᠭᠦᠯᠬᠦ ᠣᠷᠣᠨ ᠪᠠ ᠬᠢᠲᠠᠳ ᠡᠮ ᠤᠨ ᠮᠠᠲ᠋ᠧᠷᠢᠶᠠᠯ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ﹈ 

      ᠬᠤᠶᠠᠷ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠠᠬᠢᠭᠤᠯᠤᠨ᠎ᠠ

       ︵ᠨᠢᠭᠡ︶ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ 

      18. 5 ᠳ᠋ᠦᠩᠰᠢᠭᠤᠷ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢ  ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ︾ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠣᠳᠠᠲᠠᠢ ᠵᠢᠭᠡᠯᠡᠯᠭᠡ ᠶᠢᠨ ᠬᠦᠦ ᠮᠥᠩᠭᠦ ᠶᠢᠨ 30% ᠪᠠᠷ ᠨᠢᠭᠡ ᠯᠡ ᠤᠳᠠᠭ᠎ᠠ ᠶᠢᠨ ᠴᠢᠨᠠᠷᠲᠠᠢ ᠳᠠᠮ ᠬᠦᠦ ᠥᠭᠬᠦ ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠥᠨᠳᠥᠷ ᠲᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ᠰᠢᠨ᠎ᠡ ᠪᠠᠷ ᠦᠨᠡᠮᠰᠢᠨ ᠲᠣᠭᠲᠠᠭᠠᠭᠰᠠᠨ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠳᠤ ᠲᠣᠰ ᠲᠣᠰ ᠨᠢᠭᠡ ᠯᠡ ᠤᠳᠠᠭ᠎ᠠ  ᠳᠤ 1000 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶

      19. 2000 ᠲᠦᠮᠡᠨ ᠲᠥᠭᠦᠷᠢᠭ ᠵᠢᠴᠢ ᠡᠭᠦᠨ ᠠᠴᠠ ᠢᠯᠡᠭᠦᠦ ᠪᠡᠯᠡ ᠣᠷᠣᠭᠤᠯᠤᠭᠰᠠᠨ ᠪᠥᠭᠡᠳ ᠨᠢᠭᠡᠨᠲᠡ ᠠᠵᠢᠯ  ᠳᠠᠭᠤᠰᠤᠭᠰᠠᠨ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ᠂ ᠲᠤᠬᠠᠢ ᠶᠢᠨ ᠵᠢᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ 20% ᠪᠠᠷ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠪᠠᠷ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶

      20. ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠳᠡᠮᠵᠢᠵᠦ᠂ ᠵᠢᠯ ᠤᠨ ᠡᠨᠧᠷᠭᠢ ᠠᠷᠪᠢᠯᠠᠬᠤ ᠬᠡᠮᠵᠢᠶ᠎ᠡ ᠨᠢ 2000 ᠲᠣᠨ ᠪᠠᠷᠢᠮᠵᠢᠶᠠᠲᠤ ᠨᠡᠭᠦᠷᠡᠰᠦ ᠠᠴᠠ ᠳᠡᠭᠡᠭᠰᠢᠬᠢ ︵2000 ᠲᠣᠨ ᠪᠠᠷᠢᠮᠵᠢᠶᠠᠲᠤ ᠨᠡᠭᠦᠷᠡᠰᠦ ᠪᠠᠭᠲᠠᠨ᠎ᠠ︶ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ᠪᠣᠭᠤᠵᠢᠯᠠᠭᠰᠠᠨ ᠲᠥᠷᠥᠯ ᠵᠦᠢᠯ ᠪᠠᠭᠲᠠᠨ᠎ᠠ︶ ᠳᠤ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ  200 ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠲᠣᠮᠣ ᠳ᠋ᠠᠶᠢᠲ᠋ᠠ ᠶᠢᠨ ᠲᠥᠪ ᠤᠨ ᠴᠠᠬᠢᠯᠭᠠᠨ ᠡᠭᠦᠰᠬᠡᠭᠴᠢ ᠶᠢᠨ ᠬᠡᠷᠡᠭᠯᠡᠯᠲᠡ ᠶᠢᠨ ᠦᠷ᠎ᠡ ᠪᠦᠲᠦᠮᠵᠢ ︵PUE ᠬᠡᠮᠵᠢᠭᠳᠡᠯ︶ ᠶᠢ ᠠᠩᠬ᠎ᠠ ᠤᠳᠠᠭ᠎ᠠ 1.3 ᠪᠣᠯᠲᠠᠯ᠎ᠠ ᠪᠠᠭᠤᠷᠠᠭᠤᠯᠤᠭᠰᠠᠨ ᠪᠠᠶᠢᠪᠠᠯ᠂ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠥᠷᠥᠯ ᠵᠦᠢᠯ ᠢ ᠪᠣᠯ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ︔ ᠵᠢᠯ ᠤᠨ ᠤᠰᠤ ᠠᠷᠪᠢᠯᠠᠬᠤ ᠬᠡᠮᠵᠢᠶ᠎ᠡ ᠨᠢ 5 ᠲᠦᠮᠡᠨ ᠲᠣᠨ ᠠᠴᠠ ᠳᠡᠭᠡᠭᠰᠢᠬᠢ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ︵ᠪᠣᠭᠤᠵᠢᠯᠠᠭᠰᠠᠨ ᠲᠥᠷᠥᠯ ᠵᠦᠢᠯ ᠪᠠᠭᠲᠠᠨ᠎ᠠ︶  ᠳᠤ 1 ᠲᠣᠨ ᠤᠰᠤ ᠠᠷᠪᠢᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ  ᠳᠤ ᠣᠯᠭᠤᠬᠤ ᠨᠥᠬᠦᠪᠦᠷᠢ ᠶᠢ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶

      21. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠲᠦᠮᠡᠨ ᠲᠣᠨ ᠠᠴᠠ ᠳᠡᠭᠡᠭᠰᠢ ᠪᠠᠶᠢᠬᠤ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ ᠢ ᠳᠡᠭᠡᠳᠦ ᠦᠵᠦᠭᠦᠷᠵᠢᠭᠦᠯᠬᠦ᠂ ᠪᠣᠬᠢᠷᠲᠤᠯ ᠦᠭᠡᠢ ᠪᠣᠯᠭᠠᠬᠤ᠂ ᠤᠷᠴᠢᠯᠵᠢᠭᠤᠯᠤᠨ ᠠᠰᠢᠭᠯᠠᠬᠤ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠳᠤ᠂ 1 ᠲᠣᠨ ᠶᠡᠷᠦᠩᠬᠡᠶᠢᠯᠡᠨ ᠠᠰᠢᠭᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠨ᠎ᠠ︔ ᠳᠠᠬᠢᠯᠲᠠ ᠡᠬᠢ ᠪᠠᠶᠠᠯᠢᠭ ᠤᠨ ᠳᠣᠲᠣᠷᠠᠬᠢ ᠬᠠᠶᠠᠭᠳᠠᠮᠠᠯ ᠰᠦᠯᠢᠶᠥᠦ᠂ ᠬᠠᠶᠠᠭᠳᠠᠮᠠᠯ ᠴᠠᠭᠠᠰᠤ ᠶᠢ ᠡᠭᠡᠭᠦᠯᠦᠨ ᠬᠤᠷᠢᠶᠠᠵᠤ ᠡᠳ᠋ᠰᠢᠭᠦᠯᠦᠨ ᠠᠰᠢᠭᠯᠠᠭᠰᠠᠨ ᠬᠡᠮᠵᠢᠶ᠎ᠡ ᠨᠢ ᠵᠢᠯ ᠳᠤ 1 ᠮᠢᠩᠭᠠᠨ ᠲᠣᠨ ᠠᠴᠠ ᠳᠡᠭᠡᠭᠰᠢᠬᠢ ᠲᠥᠷᠥᠯ ᠵᠦᠢᠯ ᠳᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠲᠣᠭᠠᠨ ᠤ 10% ᠪᠠᠷ ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠤᠨ ᠨᠥᠬᠦᠪᠦᠷᠢ ᠶᠢ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      22. ᠤᠯᠤᠰ ᠤᠨ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠪᠣᠬᠢᠷᠲᠤᠯ ᠦᠭᠡᠢ ᠵᠢᠷᠤᠭ ᠲᠥᠯᠥᠪᠯᠡᠭᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠡᠨᠧᠷᠭᠢ ᠶᠢᠨ ᠠᠰᠢᠭᠯᠠᠮᠵᠢ ᠶᠢᠨ ᠳᠠᠭᠠᠭᠤᠯᠤᠭᠴᠢ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠬᠡᠮᠡᠨ ᠰᠢᠨ᠎ᠡ ᠪᠠᠷ  ᠮᠠᠭᠠᠳᠯᠠᠭᠳᠠᠨ ᠲᠣᠭᠲᠠᠭᠠᠭᠳᠠᠭᠰᠠᠳ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠤᠰᠤ ᠠᠷᠪᠢᠯᠠᠭᠰᠠᠨ ᠬᠡᠪ ᠳᠠᠭᠤᠷᠢᠶᠠᠯ ᠬᠡᠮᠡᠨ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠳ ᠢ ᠨᠢᠭᠡ ᠯᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      23. ᠦᠢᠯᠡᠳᠬᠦ ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠲᠤ  ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠵᠢᠭᠤᠯᠬᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠬᠤᠲᠠ ᠶᠢᠨ ᠲᠤᠷᠰᠢᠯᠲᠠ ᠶᠢᠨ ᠴᠡᠭ ᠲᠤ ᠵᠢᠭᠰᠠᠭᠠᠭᠳᠠᠭᠰᠠᠨ ᠠᠶᠢᠮᠠᠭ ᠬᠤᠲᠠ ᠳᠤ 5000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      24. ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠭᠤᠣᠯᠯᠠᠨ ᠲᠣᠭᠲᠠᠭᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠣᠯᠠᠨ ᠤᠯᠤᠰ᠂ ᠤᠯᠤᠰ ︵ᠠᠵᠢᠯ ᠲᠥᠷᠥᠯ︶ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠭᠰᠠᠨ ᠠᠵᠤ ᠠᠬᠤᠶᠢᠯᠠᠯ ᠳᠤ ᠪᠣᠯ ᠪᠠᠷᠢᠮᠵᠢᠶ᠎ᠠ ᠨᠢᠭᠡᠪᠦᠷᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠪᠠᠷᠢᠮᠵᠢᠶ᠎ᠠ ᠲᠣᠭᠲᠠᠭᠠᠬᠤ ᠳᠤ ᠳᠠᠩ ᠭᠠᠭᠴᠠ ᠠᠵᠤ ᠠᠬᠤᠶᠢᠯᠠᠯ ᠭᠤᠣᠯᠯᠠᠭᠰᠠᠨ ᠪᠤᠶᠤ ᠣᠷᠤᠯᠴᠠᠭᠰᠠᠨ ᠪᠠᠶᠢᠪᠠᠯ ᠵᠢᠯ ᠪᠦᠷᠢ ᠶᠢᠨ ᠱᠠᠩᠨᠠᠯ ᠤᠨ ᠪᠡᠯᠡ ᠮᠥᠩᠭᠦ ᠶᠢ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      25. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠤᠳᠤᠯᠤᠨ ᠨᠡᠭᠡᠭᠡᠬᠦ ᠪᠤᠶᠤ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠵᠥᠪᠰᠢᠶᠡᠷᠡᠭᠰᠡᠨ ᠪᠢᠴᠢᠭ ᠤᠨ ᠳ᠋ᠤᠭᠠᠷ ᠢ ᠣᠯᠣᠭᠰᠠᠨ 1 ᠳ᠋ᠦ᠋ᠭᠡᠷ ᠲᠥᠷᠥᠯ ᠤᠨ ᠪᠤᠶᠤ 2 ᠳ᠋ᠤᠭᠠᠷ ᠲᠥᠷᠥᠯ ᠤᠨ ᠬᠢᠮᠢ ᠶᠢᠨ ᠡᠮ᠂ ᠠᠮᠢᠳᠤ ᠪᠣᠳᠠᠰ ᠤᠨ ᠪᠦᠲᠦᠭᠡᠭᠳᠡᠬᠦᠨ᠂ ᠬᠢᠲᠠᠳ ︵ᠮᠣᠩᠭᠤᠯ︶ ᠡᠮ ᠤᠨ ᠰᠢᠨ᠎ᠡ ᠶᠢ ᠡᠭᠦᠳᠦᠭᠰᠡᠨ ᠡᠮ᠂ ᠰᠠᠶᠢᠵᠢᠷᠠᠭᠤᠯᠤᠭᠰᠠᠨ ᠮᠠᠶ᠋ᠢᠭ ᠤᠨ ᠰᠢᠨ᠎ᠡ ᠡᠮ᠂ ᠡᠷᠲᠡᠨ ᠤ ᠰᠣᠩᠭᠤᠳᠠᠭ ᠨᠠᠷᠠᠲᠤ ᠵᠣᠷ ᠤᠨ ᠬᠢᠲᠠᠳ ᠡᠮ ᠤᠨ ᠬᠤᠯᠢᠮᠠᠭ ᠵᠣᠷ ᠤᠨ ᠨᠠᠶᠢᠷᠠᠯᠭ᠎ᠠ᠂ ᠥᠪᠡᠷᠲᠡᠭᠡᠨ ᠵᠠᠰᠠᠬᠤ ᠣᠷᠣᠨ ᠤ ᠬᠤᠭᠤᠰᠤᠨ ᠢ ᠨᠥᠬᠦᠪᠦᠷᠢᠯᠡᠭᠰᠡᠨ ᠭᠤᠷᠪᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠪᠠ ᠰᠢᠨ᠎ᠡ ᠶᠢ ᠡᠭᠦᠳᠬᠦ ᠡᠮᠴᠢᠯᠡᠭᠡᠨ ᠤ ᠪᠠᠭᠠᠵᠢ ᠬᠡᠷᠡᠭᠰᠡᠯ ᠤᠨ ᠣᠨᠴᠠᠭᠠᠶ ᠬᠢᠨᠠᠨ ᠪᠠᠶᠢᠴᠠᠭᠠᠬᠤ ᠲᠠᠰ ᠳᠠᠷᠠᠭᠠᠯᠠᠯ ᠳᠤ ᠣᠷᠣᠭᠰᠠᠨ ᠪᠥᠭᠡᠳ ᠬᠤᠶᠠᠳᠤᠭᠠᠷ ᠲᠥᠷᠥᠯ ᠤᠨ ᠡᠮᠴᠢᠯᠡᠭᠡᠨ ᠤ ᠪᠠᠭᠠᠵᠢ ᠬᠡᠷᠡᠭᠰᠡᠯ ᠤᠨ ᠠᠩᠬ᠎ᠠ ᠤᠳᠠᠭ᠎ᠠ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠦᠢᠯᠡᠳᠬᠦᠨ ︵ᠬᠤᠶᠠᠳᠤᠭᠠᠷ ᠲᠥᠷᠥᠯ ᠤᠨ ᠪᠡᠶ᠎ᠡ ᠶᠢᠨ ᠭᠠᠳᠠᠨᠠᠬᠢ  ᠣᠨᠣᠰᠢᠯᠠᠯ ᠤᠨ ᠤᠷᠪᠠᠯᠵᠢ ᠵᠢᠴᠢ ᠲᠣᠨᠤᠭ ᠲᠥᠬᠦᠭᠡᠷᠦᠮᠵᠢ ᠶᠢᠨ ᠰᠡᠯᠪᠢᠭ ᠲᠣᠨᠤᠭ ᠪᠠᠭᠲᠠᠬᠤ ᠦᠭᠡᠢ︶᠂ ᠨᠢᠭᠡᠳᠦᠭᠡᠷ᠂ ᠬᠤᠶᠠᠳᠤᠭᠠᠷ ᠲᠦᠷᠦᠯ ᠤᠨ ︽ᠮᠠᠯ ᠤᠨ ᠰᠢᠨ᠎ᠡ ᠡᠮ ᠤᠨ ᠳᠠᠩᠰᠠᠯᠠᠭᠤᠯᠤᠭᠰᠠᠨ ᠦᠨᠡᠮᠯᠡᠯ ︾ ᠣᠯᠣᠭᠰᠠᠨ ᠰᠢᠨ᠎ᠡ ᠶᠢ ᠡᠭᠦᠳᠦᠭᠰᠡᠨ ᠮᠠᠯ ᠤᠨ ᠡᠮ᠂ ᠭᠡᠬᠦ ᠮᠥᠷᠲᠡᠭᠡᠨ ᠠᠵᠤ ᠦᠢᠯᠡᠰᠵᠢᠯᠲᠡ ᠶᠢ ᠪᠡᠶᠡᠯᠡᠭᠦᠯᠦᠭᠰᠡᠨ ᠲᠦᠷᠦᠯ ᠵᠦᠢᠯ ᠳᠤ ᠲᠥᠬᠦᠭᠡᠷᠦᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 20% ᠶᠢᠨ ᠪᠡᠯᠡ ᠮᠥᠩᠭᠦᠨ ᠤ ᠨᠥᠬᠦᠪᠦᠷᠢ ᠶᠢ ᠨᠢᠭᠡ ᠯᠡ ᠤᠳᠠᠭ᠎ᠠ ᠳᠤ ᠣᠯᠭᠤᠵᠤ᠂ ᠬᠠᠮᠤᠭ ᠤᠨ ᠢᠯᠡᠭᠦᠦ ᠳᠤ ᠪᠠᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠰᠢᠨ᠎ᠡ ᠬᠢᠮᠢ ᠶᠢᠨ ᠡᠮ ᠤᠨ ᠵᠦᠢᠯ ᠤᠨ ᠳᠠᠩᠰᠠᠯᠠᠯᠲᠠ ᠶᠢᠨ ᠲᠥᠷᠥᠯ ᠠᠩᠭᠢᠯᠠᠯ ᠢᠶᠠᠷ ᠳᠠᠩᠰᠠᠯᠠᠭᠤᠯᠬᠤ ᠪᠠᠷ ᠭᠤᠶᠤᠴᠢᠯᠠᠭᠠᠳ ᠵᠥᠪᠰᠢᠶᠡᠷᠡᠯ ᠣᠯᠣᠭᠰᠠᠨ ᠪᠤᠶᠤ ᠳᠠᠭᠤᠷᠢᠶᠠᠮᠠᠯ ᠡᠮ ᠤᠨ ᠨᠢᠭᠡᠳᠦᠯᠲᠦ ᠴᠢᠨᠠᠷ ᠤᠨ ᠦᠨᠡᠯᠡᠯᠲᠡ ᠪᠠᠷ ᠪᠠᠲᠤᠯᠠᠭᠳᠠᠭᠰᠠᠨ ᠡᠮ ᠤᠨ ᠵᠦᠢᠯ ᠳᠤ ᠱᠠᠩᠨᠠᠯ ᠨᠥᠬᠦᠪᠦᠷᠢ ᠣᠯᠭᠤᠨ᠎ᠠ᠂ ᠵᠠᠷᠴᠢᠮ ᠳᠡᠭᠡᠷ᠎ᠡ ᠪᠠᠨ ᠲᠠᠩ ᠭᠠᠭᠴᠠ ᠵᠦᠢᠯ ᠤᠨ ᠱᠠᠩᠨᠠᠯ ᠨᠥᠬᠦᠪᠦᠷᠢ ᠶᠢᠨ ᠶᠡᠷᠦᠩᠬᠡᠢ ᠲᠤᠭ᠎ᠠ ᠶᠢ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ﹈

      26. ᠡᠮᠲᠦ ᠪᠣᠳᠠᠰ ᠤᠨ ᠡᠮᠴᠢᠯᠡᠭᠡᠨ ᠤ ᠰᠤᠳᠤᠯᠭᠠᠨ ᠢ ᠵᠣᠷᠢᠭᠵᠢᠭᠤᠯᠵᠤ᠂ ᠡᠮᠴᠢᠯᠡᠭᠡᠨ ᠤ ᠲᠤᠷᠰᠢᠯᠲᠠ ᠬᠢᠬᠦ ᠪᠠᠷ  ᠭᠤᠶᠤᠴᠢᠯᠠᠨ ᠡᠷᠬᠢᠯᠡᠭᠰᠡᠳ I᠂ II᠂ III ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢᠨ ᠰᠤᠳᠤᠯᠭᠠᠨ ᠢ ᠥᠷᠨᠢᠭᠦᠯᠬᠦ ᠶᠢᠨ ᠬᠠᠮᠲᠤ ᠦᠷ᠎ᠡ ᠪᠦᠲᠦᠭᠡᠯ ᠢ ᠤᠯᠠᠷᠢᠭᠤᠯᠬᠤ ᠪᠠᠷ ᠠᠮᠠᠯᠠᠭᠰᠠᠨ ᠪᠠᠶᠢᠪᠠᠯ᠂ ᠲᠣᠰ ᠲᠣᠰ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ᠂ 200 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ᠡᠮᠴᠢᠯᠡᠭᠡᠨ ᠤ ᠪᠠᠶᠢᠭᠤᠯᠤᠮᠵᠢ ᠠᠴᠠ ᠥᠪᠡᠷᠲᠡᠭᠡᠨ ᠵᠠᠰᠠᠬᠤ ᠣᠷᠣᠨ ᠤ ᠡᠮᠲᠦ ᠪᠣᠳᠠᠰ ᠤᠨ ᠡᠮᠴᠢᠯᠡᠭᠡᠨ ᠤ ᠲᠤᠷᠰᠢᠯᠲᠠ ᠬᠢᠬᠦ ᠪᠠᠷ ᠭᠤᠶᠤᠴᠢᠯᠠᠨ ᠡᠷᠬᠢᠯᠡᠭᠰᠡᠳ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ ᠢ ᠨᠢ ᠳᠠᠭᠠᠭᠠᠨ ᠠᠪᠴᠤ ᠵᠠᠯᠭᠠᠭᠤᠯᠤᠭᠰᠠᠨ ᠪᠠᠶᠢᠪᠠᠯ᠂ ᠲᠤᠰ ᠲᠥᠷᠥᠯ ᠵᠦᠢᠯ ᠤᠨ ᠲᠤᠰ ᠪᠠᠶᠢᠭᠤᠯᠤᠮᠵᠢ ᠯᠤᠭ᠎ᠠ ᠡᠭᠦᠰᠦᠭᠰᠡᠨ ᠡᠮᠲᠦ ᠪᠣᠳᠠᠰ ᠤᠨ ᠡᠮᠴᠢᠯᠡᠭᠡᠨ ᠤ ᠲᠤᠷᠰᠢᠯᠲᠠ ᠶᠢᠨ ᠲᠥᠷᠥᠯ ᠵᠦᠢᠯ  ᠤᠨ ᠵᠠᠷᠤᠳᠠᠯ ᠤᠨ 5% ᠪᠠᠷ ᠡᠮᠴᠢᠯᠡᠭᠡᠨ ᠤ ᠪᠠᠶᠢᠭᠤᠯᠤᠮᠵᠢ ᠳᠤ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠪᠠᠶᠢᠭᠤᠯᠤᠮᠵᠢ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ 

      27. ᠠᠮᠢᠳᠤ ᠪᠣᠳᠠᠰ ᠤᠨ ᠡᠮ ᠡᠮᠨᠡᠯᠭᠡ ᠶᠢᠨ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠪᠠ ᠨᠡᠪᠴᠢᠭᠦᠯᠬᠦ ᠲᠠᠪᠴᠠᠩ ᠤᠨ ᠪᠠᠶᠢᠭᠤᠯᠤᠯᠲᠠ ᠶᠢ ᠳᠡᠮᠵᠢᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠢ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠳᠡᠭᠡᠷ᠎ᠡ ᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠬᠦᠴᠦᠯᠡᠴᠡ ᠵᠢᠴᠢ ᠨᠡᠮᠡᠭᠳᠡᠯ ᠨᠡᠮᠡᠭᠳᠡᠴᠡ ᠪᠠᠷ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ ᠲᠠᠯ᠎ᠠ ᠪᠠᠷ ᠪᠣᠯᠪᠠᠰᠤᠷᠠᠩᠭᠤᠢ ᠪᠣᠯᠤᠭᠰᠠᠨ ᠲᠠᠪᠴᠠᠩ ᠢ ᠥᠪᠡᠷᠲᠡᠭᠡᠨ ᠵᠠᠰᠠᠬᠤ ᠣᠷᠣᠨ ᠳᠤ ᠣᠷᠣᠭᠤᠯᠤᠨ ᠰᠠᠭᠤᠷᠢᠰᠢᠭᠤᠯᠬᠤ ᠶᠢ ᠵᠣᠷᠢᠭᠵᠢᠭᠤᠯᠵᠤ᠂ ᠠᠩᠬ᠎ᠠ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠠ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠪᠦᠷᠢᠨ ᠲᠡᠭᠦᠯᠳᠡᠷ ᠪᠦᠬᠦᠢ ᠠᠵᠢᠯᠯᠠᠬᠤ᠂ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠂ ᠳᠡᠩᠰᠡᠯᠡᠵᠦ ᠮᠡᠳᠡᠭᠦᠯᠦᠨ ᠵᠥᠪᠰᠢᠶᠡᠷᠡᠭᠦᠯᠬᠦ ᠦᠢᠯᠡᠴᠢᠯᠡᠭᠡ ᠬᠠᠩᠭᠠᠵᠤ᠂ ᠨᠠᠩ ᠣᠯᠠᠨ ᠤᠤᠭᠠᠯ ᠪᠦᠲᠦᠭᠡᠯᠴᠢ ᠦᠷ᠎ᠡ ᠪᠦᠲᠦᠭᠡᠯ ᠪᠠ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠪᠴᠢᠭᠦᠯᠬᠦ ᠲᠠᠪᠴᠠᠩ ᠳᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠠᠬᠤᠶᠢᠯᠠᠯ ᠪᠤᠶᠤ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠰᠠᠭᠤᠷᠢᠰᠢᠭᠤᠯᠬᠤ ᠪᠦᠷᠢ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠱᠠᠩᠨᠠᠨ ᠨᠥᠬᠦᠪᠦᠷᠢᠯᠡᠵᠦ᠂ ᠲᠠᠩ ᠭᠠᠭᠴᠠ ᠲᠠᠪᠴᠠᠩ ᠢ ᠵᠢᠯ ᠪᠦᠷᠢ ᠬᠠᠮᠤᠭ ᠤᠨ ᠢᠯᠡᠭᠦᠦ ᠳᠤ ᠪᠠᠨ 200 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ︶ 

      28. 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠤᠯᠤᠰ ᠤᠨ ᠠᠨᠠᠭᠠᠬᠤ ᠤᠬᠠᠭᠠᠨ ᠤ ᠣᠨᠴᠠᠭᠠᠢ ᠬᠡᠷᠡᠭᠴᠡᠭᠡᠲᠦ ᠨᠠᠶᠢᠷᠠᠯᠭ᠎ᠠ ᠲᠠᠢ ᠢᠳᠡᠭᠡᠨ ᠪᠠ ᠡᠷᠡᠭᠦᠯᠵᠢᠯ ᠢᠳᠡᠭᠡᠨ ᠢᠶᠠᠷ ᠳᠠᠩᠰᠠᠯᠠᠭᠤᠯᠤᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ᠂ ᠪᠦᠲᠦᠭᠡᠭᠳᠡᠬᠦᠨ ᠨᠢᠭᠡᠪᠦᠷᠢ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ᠃ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ  ᠣᠨᠴᠠᠭᠠᠢ ᠵᠠᠰᠠᠯ ᠴᠢᠮᠡᠭᠯᠡᠯ ᠤᠨ ᠡᠳ᠋ ᠤᠨ ᠳᠠᠩᠰᠠᠯᠠᠭᠤᠯᠤᠭᠰᠠᠨ ᠦᠨᠡᠮᠯᠡᠯ ᠣᠯᠣᠭᠰᠠᠨ ᠪᠥᠭᠡᠳ ᠦᠢᠯᠡᠳᠪᠦᠷᠢᠯᠡᠬᠦ ᠵᠥᠪᠰᠢᠶᠡᠷᠡᠯ ᠣᠯᠣᠭᠰᠠᠨ ᠠᠵᠤ ᠠᠬᠤᠶᠢᠯᠠᠯ ᠳᠤ ᠲᠥᠷᠥᠯ ᠵᠦᠢᠯ ᠨᠢᠭᠡᠪᠦᠷᠢ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠵᠤ᠂ ᠳᠠᠩ ᠭᠠᠭᠴᠠ ᠠᠵᠤ ᠠᠬᠤᠶᠢᠯᠠᠯ ᠳᠤ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ︶ 

      ︵ᠬᠤᠶᠠᠷ︶ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ 

      29. ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠬᠦ ᠴᠢᠳᠠᠪᠤᠷᠢ ᠶᠢ ᠴᠢᠯᠦᠭᠡᠯᠡᠨ ᠳᠡᠭᠡᠭᠰᠢᠯᠡᠭᠦᠯᠬᠦ ᠶᠢ ᠳᠡᠮᠵᠢᠵᠦ᠂ ᠴᠠᠬᠢᠯᠭᠠᠨ ᠭᠠᠷᠭᠠᠵᠤ ᠢᠯᠴᠢ ᠬᠠᠩᠭᠠᠬᠤ ᠳᠤ ᠨᠡᠭᠦᠷᠡᠰᠦ ᠬᠡᠷᠡᠭᠯᠡᠬᠦ ᠤᠷᠲᠤᠪᠲᠤᠷ ᠪᠠ ᠣᠷᠳᠣ ᠬᠤᠭᠤᠴᠠᠭᠠᠨ ᠤ ᠭᠡᠷ᠎ᠡ ᠪᠠᠨ  ᠭᠦᠢᠴᠡᠳᠬᠡᠨ ᠪᠡᠶᠡᠯᠡᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠨᠡᠭᠦᠷᠡᠰᠦ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠦᠴᠦᠨ ᠢᠶᠠᠨ ᠳᠡᠭᠡᠭᠰᠢᠯᠡᠭᠦᠯᠬᠦ ᠶᠢ ᠳᠡᠮᠵᠢᠨ᠎ᠡ᠃ ᠠᠵᠤ ᠦᠢᠯᠡᠰ ᠤᠨ ᠬᠡᠯᠬᠢᠶ᠎ᠡ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠬᠢᠭᠡᠳ ᠨᠡᠭᠦᠷᠡᠰᠦᠨ ᠤ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠪᠠᠨ ᠵᠣᠯᠭᠠᠭᠤᠯᠬᠤ ᠠᠵᠢᠯ ᠢ ᠢᠳᠡᠪᠬᠢᠲᠡᠢ ᠪᠠᠷ ᠥᠷᠨᠢᠭᠦᠯᠵᠦ᠂ ᠤᠷᠲᠤ ᠬᠤᠭᠤᠴᠠᠭ᠎ᠠ ᠪᠠᠷ ᠨᠡᠭᠦᠷᠡᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ︶ 

      30. ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ ᠶᠢᠨ ᠴᠠᠬᠢᠯᠭᠠᠨ ᠡᠭᠦᠰᠬᠡᠭᠴᠢ ᠵᠢᠴᠢ ᠳᠦᠬᠦᠷᠵᠢᠭᠦᠯᠦᠨ ᠬᠦᠷᠭᠡᠬᠦ ᠢᠨᠵᠧᠨᠧᠷᠢᠩ ᠢ ᠪᠠᠶᠢᠭᠤᠯᠵᠤ ᠳᠠᠭᠤᠰᠬᠠᠮᠠᠭᠴᠠ ᠲᠣᠣᠷ ᠲᠤ ᠨᠡᠶᠢᠯᠡᠭᠦᠯᠬᠦ ᠶᠢ ᠳᠡᠮᠵᠢᠵᠦ᠂ ᠬᠠᠮᠢᠶ᠎ᠠ ᠪᠦᠬᠦᠢ ᠲᠥᠯᠦᠪᠵᠢᠭᠦᠯᠭᠡ ᠳᠤ ᠣᠷᠣᠭᠤᠯᠤᠭᠰᠠᠨ ᠰᠢᠨ᠎ᠡ ᠡᠨᠧᠷᠭᠢ ᠶᠢᠨ ᠳᠦᠬᠦᠷᠵᠢᠭᠦᠯᠦᠨ ᠬᠦᠷᠭᠡᠬᠦ ᠢᠨᠵᠧᠨᠧᠷᠢᠩ ᠤᠨ ᠲᠥᠷᠥᠯ ᠵᠦᠢᠯ ᠳᠤ ᠰᠠᠭᠠᠳ ᠦᠭᠡᠢ ᠬᠢᠨᠠᠨ ᠵᠥᠪᠰᠢᠶᠡᠷᠡᠬᠦ ᠵᠠᠮ ᠨᠡᠭᠡᠭᠡᠵᠦ ᠥᠭᠬᠦ ᠬᠡᠷᠡᠭᠲᠡᠢ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ﹈

      31. ᠰᠢᠨ᠎ᠡ ᠪᠠᠷ ᠨᠡᠮᠡᠭᠳᠡᠭᠰᠡᠨ ᠴᠠᠬᠢᠯᠭᠠᠨ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠰᠢᠨ᠎ᠡ ᠡᠨᠧᠷᠭᠢ ᠶᠢᠨ ᠬᠡᠪᠴᠢᠶᠡᠵᠢᠯ ᠢ ᠨᠡᠮᠡᠭᠳᠡᠭᠦᠯᠦᠨ ᠲᠣᠬᠢᠷᠠᠭᠤᠯᠬᠤ ᠶᠢ ᠨᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠯᠡᠰᠢᠨ ᠨᠡᠭᠦᠷᠡᠰᠦᠨ ᠤ ᠥᠪᠡᠰᠦᠪᠡᠨ ᠪᠡᠯᠡᠳᠬᠡᠭᠰᠡᠨ ᠴᠠᠬᠢᠯᠭᠠᠨ ᠤ ᠦᠢᠯᠡᠳᠪᠦᠷᠢ ᠶᠢ ᠳᠠᠬᠢᠯᠲᠠ ᠡᠨᠧᠷᠭᠢ ᠪᠠᠷ ᠣᠷᠣᠯᠠᠭᠤᠯᠬᠤ ᠶᠢ ᠨᠢ ᠳᠡᠮᠵᠢᠵᠦ᠂ ᠲᠦᠯᠡᠰᠢᠨ ᠨᠡᠭᠦᠷᠡᠰᠦᠨ ᠤ ᠮᠠᠰᠢᠨ ᠪᠦᠯᠦᠭ ᠤᠨ ᠤᠶᠠᠨ ᠬᠠᠳᠠᠨ ᠴᠢᠨᠠᠷ ᠢ ᠥᠭᠡᠷᠡᠴᠢᠯᠡᠨ ᠰᠢᠨᠡᠳᠬᠡᠬᠦ ᠶᠢ ᠵᠣᠷᠢᠭᠵᠢᠭᠤᠯᠵᠤ᠂ ᠨᠥᠭᠡᠴᠡ ᠡᠨᠧᠷᠬᠢ ᠪᠤᠶᠤ ᠴᠠᠭ ᠬᠤᠪᠢᠶᠠᠷᠢ ᠶᠢ ᠲᠣᠬᠢᠷᠠᠭᠤᠯᠬᠤ ᠴᠢᠳᠠᠪᠤᠷᠢ ᠶᠢ ᠥᠪᠡᠷ ᠢᠶᠠᠨ ᠪᠠᠶᠢᠭᠤᠯᠬᠤ᠂ ᠬᠤᠳᠠᠯᠳᠤᠨ ᠠᠪᠴᠤ ᠪᠠᠶᠢᠭᠠᠳ ᠰᠢᠨ᠎ᠡ ᠡᠨᠧᠷᠭᠢ ᠶᠢᠨ ᠲᠥᠷᠥᠯ ᠵᠦᠢᠯ ᠢ ᠳᠦᠬᠦᠷᠵᠢᠭᠦᠯᠦᠨ ᠲᠣᠬᠢᠷᠠᠭᠤᠯᠬᠤ ᠶᠢ ᠨᠢ ᠵᠣᠷᠢᠭᠵᠢᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ﹈

      32. ᠰᠢᠨ᠎ᠡ ᠪᠠᠷ ᠨᠡᠮᠡᠭᠳᠡᠭᠰᠡᠨ ᠲᠣᠮᠣ ᠬᠡᠯᠪᠡᠷᠢ ᠶᠢᠨ ᠴᠠᠬᠢᠯᠭᠠᠨ ᠬᠡᠷᠡᠭᠯᠡᠬᠦ ᠳᠠᠭᠠᠭᠠᠴᠠ ᠶᠢᠨ ᠪᠣᠬᠢᠷᠳᠤᠯ ᠦᠭᠡᠢ ᠴᠠᠬᠢᠯᠭᠠᠨ ᠤ ᠬᠡᠷᠡᠭᠯᠡᠯᠲᠡ ᠶᠢᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠠᠶᠢᠭ᠎ᠠ᠂ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ ᠡᠨᠧᠷᠭᠢ ᠶᠢᠨ ᠬᠤᠷᠣᠭᠳᠠᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠨᠢ 50 ᠳ᠋ᠦᠩᠰᠢᠭᠤᠷ ᠺᠢᠯᠣᠸᠠᠲ ᠴᠠᠭ ᠠᠴᠠ ᠳᠤᠲᠠᠭᠤ ᠦᠭᠡᠢ ᠲᠥᠷᠥᠯ ᠵᠦᠢᠯ ᠳᠤ ︽ᠨᠢᠭᠡ ᠨᠢᠭᠡ ᠤᠴᠢᠷ ᠢᠶᠠᠷ ᠵᠥᠪᠯᠡᠬᠦ ︾ ᠵᠠᠷᠴᠢᠮ ᠶᠣᠰᠣᠭᠠᠷ᠂ ᠥᠨᠳᠥᠷ ᠬᠠᠷᠢᠴᠠᠯᠳᠤ ᠪᠣᠬᠢᠷᠳᠤᠯ ᠦᠭᠡᠢ ᠴᠠᠬᠢᠯᠭᠠᠨ ᠤ ᠬᠠᠩᠭᠠᠯᠭ᠎ᠠ ᠶᠢ ᠰᠢᠢᠳᠪᠦᠷᠢᠯᠡᠬᠦ ᠲᠥᠰᠥᠯ ᠢ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ 

      33. ᠵᠢᠱᠢᠶ᠎ᠡ ᠦᠵᠡᠭᠦᠯᠬᠦ ᠬᠡᠪᠴᠢᠶᠡᠨ ᠳᠤ ᠣᠷᠣᠭᠤᠯᠤᠭᠰᠠᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠳᠤ᠂ ᠤᠰᠤᠲᠥ᠋ᠷᠥᠭᠴᠢ ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶ᠎ᠡ ᠪᠠᠷ ᠰᠢᠨ᠎ᠡ ᠡᠨᠧᠷᠭᠢ ᠶᠢᠨ ᠬᠡᠪᠴᠢᠶᠡᠵᠢᠯ ᠢ ᠵᠦᠢ ᠵᠣᠬᠢᠰᠲᠠᠢ ᠲᠣᠬᠢᠷᠠᠭᠤᠯᠤᠨ᠎ᠠ᠃ ᠤᠰᠤᠲᠥ᠋ᠷᠥᠭᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠮᠠᠰᠢᠨ ᠲᠡᠷᠭᠡᠨ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠨᠣᠮᠧᠷᠲᠤ ᠫᠠᠶᠢᠰᠠ ᠲᠠᠷᠬᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ︶ 

      34. ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠭᠠᠷ ᠮᠠᠨᠳᠠᠯ ᠤᠨ ᠪᠣᠬᠢᠷᠲᠤᠯ ᠤᠨ ᠭᠦᠨᠵᠡᠭᠡᠢ ᠵᠠᠰᠠᠯᠲᠠ ᠶᠢ ᠠᠬᠢᠭᠤᠯᠤᠨ᠎ᠠ᠃ ︽ᠬᠠᠩᠭᠠᠯᠭ᠎ᠠ ᠪᠠᠷ ᠥᠭᠡᠷᠡᠴᠢᠯᠡᠯᠲᠡ ᠶᠢ ᠲᠣᠭᠲᠠᠭᠠᠬᠤ᠂ ᠭᠠᠴᠠᠭ᠎ᠠ ᠲᠣᠰᠬᠤᠨ ᠠᠶᠢᠯ ᠡᠷᠥᠭᠡ ᠳᠤ ᠬᠦᠷᠲᠡᠯ᠎ᠡ ᠨᠤᠲᠠᠯᠠᠨ ᠲᠣᠭᠲᠠᠭᠠᠬᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠥᠭᠡᠷᠡᠴᠢᠯᠡᠬᠦ ︾ ᠵᠠᠷᠴᠢᠮ ᠶᠣᠰᠣᠭᠠᠷ᠂ ᠪᠥᠬᠦ ᠣᠷᠣᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠬᠠᠷᠢᠴᠠᠭᠠᠨ ᠡᠷᠥᠭᠡ ᠶᠢ ᠨᠢᠭᠡᠳᠦᠯᠲᠡᠢ ᠲᠥᠯᠥᠪᠵᠢᠭᠦᠯᠵᠦ᠂ ᠪᠦᠯᠦᠭ ᠬᠤᠪᠢᠶᠠᠨ ᠵᠠᠯᠭᠠᠵᠤ ᠣᠷᠣᠭᠤᠯᠬᠤ ᠬᠡᠷᠡᠭᠲᠡᠢ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ﹈

      35. ᠤᠯᠤᠰ ᠤᠨ III ᠠᠴᠠ ᠳᠣᠷᠣᠭᠰᠢᠬᠢ ᠲᠦᠯᠡᠰᠢᠨ ᠲᠣᠰᠣᠨ ᠤ ᠬᠠᠭᠤᠴᠢᠨ ᠮᠠᠰᠢᠨ ᠲᠡᠷᠭᠡ ᠶᠢ ᠡᠮᠬᠢ ᠵᠢᠷᠤᠮ ᠲᠠᠢ ᠪᠠᠷ ᠰᠢᠭᠰᠢᠭᠳᠡᠭᠦᠯᠵᠦ᠂ ᠮᠠᠰᠢᠨ ᠲᠡᠷᠭᠡ ᠰᠢᠨ᠎ᠡ ᠪᠠᠷ ᠨᠡᠮᠡᠵᠦ ᠠᠪᠬᠤ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠬᠦᠨᠳᠦ ᠮᠠᠶ᠋ᠢᠭ ᠤᠨ ᠠᠴᠢᠶᠠᠨ ᠮᠠᠰᠢᠨ ᠢ ᠬᠡᠷᠡᠭᠯᠡᠬᠦ ᠶᠢ ᠬᠥᠲᠥᠯᠥᠨ ᠵᠢᠯᠤᠭᠤᠳᠴᠤ ᠳᠡᠯᠭᠡᠷᠡᠭᠦᠯᠦᠨ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠡᠵᠡᠯᠡᠬᠦ ᠬᠠᠷᠢᠴᠠᠯ ᠢ 85% ᠠᠴᠠ ᠳᠤᠲᠠᠭᠤ ᠪᠠᠶᠢᠯᠭᠠᠬᠤ ᠦᠭᠡᠢ᠂ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ 1600 ᠠᠴᠠ ᠳᠣᠣᠷ᠎ᠠ ᠪᠠᠶᠢᠯᠭᠠᠬᠤ ᠦᠭᠡᠢ᠃ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠶᠢ ᠬᠤᠳᠠᠯᠳᠤᠨ ᠠᠪᠤᠪᠠᠯ ᠨᠡᠮᠡᠭᠦᠷᠢ ᠣᠯᠭᠤᠨ᠎ᠠ᠃ ᠡᠭᠦᠨ ᠳᠤ᠂ ᠴᠠᠬᠢᠯᠭᠠᠨ ᠴᠡᠨᠡᠭᠯᠡᠬᠦ ᠲᠡᠷᠭᠡ ᠪᠦᠷᠢ ᠳᠤ 4 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠴᠠᠬᠢᠯᠭᠠᠨ ᠲᠡᠷᠭᠡ ᠰᠣᠯᠢᠬᠤ ᠳᠤ ᠲᠡᠷᠭᠡ ᠪᠦᠷᠢ ᠳᠤ 4.5 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ 50% ᠳᠤ ᠬᠦᠷᠦᠭᠦᠯᠵᠦ᠂ ᠠᠶᠢᠮᠠᠭ ᠬᠤᠲᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ︵ᠬᠠᠤᠯᠢ  ᠬᠡᠷᠡᠭᠵᠢᠭᠦᠯᠵᠦ ᠵᠢᠵᠢᠭᠦᠷᠯᠡᠨ ᠠᠵᠢᠯᠯᠠᠬᠤ ᠳᠤ ᠬᠡᠷᠡᠭᠯᠡᠬᠦ ᠲᠡᠷᠭᠡ ᠪᠠ ᠣᠨᠴᠠ ᠲᠥᠷᠥᠯ ᠤᠨ ᠲᠤᠰᠬᠠᠢ ᠮᠡᠷᠭᠡᠵᠢᠯ ᠳᠤ ᠬᠡᠷᠡᠭᠯᠡᠬᠦ ᠲᠡᠷᠭᠡ ᠪᠠᠭᠲᠠᠬᠤ ᠦᠭᠡᠢ︶ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠠᠷᠢᠴᠠᠯ ᠢ ᠳᠤᠮᠳᠠᠴᠢ ᠪᠠᠷ 30% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠨᠧᠷᠭᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ 

      36. ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠢᠨ᠎ᠡ ᠪᠠᠷ ᠪᠠᠶᠢᠭᠤᠯᠬᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ ᠳᠦᠬᠦᠷᠵᠢᠭᠦᠯᠦᠨ ᠪᠦᠲᠦᠭᠡᠨ  ᠪᠠᠶᠢᠭᠤᠯᠬᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠡᠷᠭᠡᠨ ᠵᠣᠭᠰᠣᠭᠠᠯ ᠤᠨ ᠡᠵᠡᠯᠡᠬᠦ ᠬᠠᠷᠢᠴᠠᠯ ᠢ ᠶᠡᠷᠦᠩᠬᠡᠢ ᠲᠡᠷᠭᠡᠨ ᠵᠣᠭᠰᠣᠭᠠᠯ ᠤᠨ 10% ᠠᠴᠠ ᠳᠡᠭᠡᠭᠰᠢ ᠳᠤ ᠬᠦᠷᠦᠭᠦᠯᠦᠨ᠎ᠡ᠃ ᠰᠢᠨ᠎ᠡ ᠪᠠᠷ ᠪᠠᠶᠢᠭᠤᠯᠬᠤ ᠰᠠᠭᠤᠭᠠᠯᠢ ᠲᠣᠭᠤᠷᠢᠭ ᠲᠤ ᠲᠥᠬᠦᠷᠵᠢᠭᠦᠯᠦᠭᠰᠡᠨ ᠮᠠᠰᠢᠨᠲᠤ ᠲᠡᠷᠭᠡᠨ ᠵᠣᠭᠰᠣᠭᠠᠯ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ 100% ᠪᠠᠷ ᠪᠦᠲᠦᠭᠡᠨ ᠪᠠᠶᠢᠭᠤᠯᠬᠤ ᠪᠤᠶᠤ ᠪᠦᠲᠦᠭᠡᠨ ᠪᠠᠶᠢᠭᠤᠯᠵᠤ ᠤᠭᠰᠠᠷᠠᠬᠤ ᠨᠥᠬᠦᠴᠡᠯ ᠢ ᠤᠷᠢᠳᠴᠢᠯᠠᠨ ᠪᠦᠷᠢᠳᠦᠭᠦᠯᠵᠦ᠂ ᠭᠤᠣᠯ ᠴᠣᠭᠴᠠᠲᠤ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠪᠠᠷᠢᠯᠭ᠎ᠠ ᠪᠠᠷᠢᠵᠤ᠂ ᠰᠢᠯᠭᠠᠨ ᠬᠤᠷᠢᠶᠠᠵᠤ ᠠᠪᠤᠨ᠎ᠠ᠃ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠳᠤ᠂ ᠨᠥᠬᠦᠴᠡᠯ ᠪᠦᠷᠢᠳᠦᠭᠦᠯᠦᠭᠰᠡᠨ ᠰᠠᠭᠤᠭᠠᠯᠢ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ ᠪᠠᠶᠢᠭᠤᠯᠤᠨ᠎ᠠ᠃ ᠲᠤᠰᠠᠭᠠᠷ ᠭᠠᠵᠠᠷ ᠡᠵᠡᠯᠡᠭᠰᠡᠨ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠ ᠳ᠋ᠢᠶᠠᠨ ᡂᠢ ᠰᠣᠯᠢᠬᠤ ᠦᠷᠳᠡᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠳᠤ ᠣᠷᠣᠭᠤᠯᠤᠨ᠎ᠠ᠃ ᠡᠯ᠎ᠡ ᠲᠦᠷᠦᠯ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢ ᠤᠯᠤᠰ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ ᠶᠢᠨ ᠬᠢᠨᠠᠨ ᠰᠢᠨᠵᠢᠬᠦ ᠲᠠᠪᠴᠠᠩ ᠳᠤ ᠨᠢᠭᠡᠳᠦᠯᠲᠡᠢ ᠵᠠᠯᠭᠠᠵᠤ ᠣᠷᠣᠭᠤᠯᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶ 

      37. ᠨᠥᠬᠦᠴᠡᠯ ᠪᠦᠷᠢᠳᠦᠭᠦᠯᠦᠭᠰᠡᠨ ᠳᠡᠰᠲᠦ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠠᠬᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠨᠳᠦᠷᠯᠢᠭ ᠬᠦᠢᠲᠡᠨ ᠡᠷᠭᠦᠭᠳᠡᠴᠡ ᠥᠨᠳᠥᠷ ᠭᠠᠵᠠᠷ ᠠᠴᠠ ᠪᠤᠰᠤᠳ ᠣᠷᠣᠨ ᠪᠦᠰᠡ ᠶᠢᠨ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠪᠠ ᠨᠥᠬᠦᠴᠡᠯ  ᠪᠦᠷᠢᠳᠦᠭᠦᠯᠦᠭᠰᠡᠨ ᠤᠯᠤᠰ ᠮᠤᠵᠢ ᠶᠢᠨ ᠡᠩ ᠤᠨ ᠭᠤᠣᠯ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠦᠨᠳᠦᠰᠦᠨ ᠦᠢᠯᠡᠴᠢᠯᠡᠭᠡ ᠬᠠᠩᠭᠠᠵᠤ ᠳᠡᠶᠢᠯᠬᠦ ᠶᠢ ᠴᠢᠷᠮᠠᠶᠢᠨ ᠪᠡᠶᠡᠯᠡᠭᠦᠯᠦᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ﹈

︵ᠭᠤᠷᠪᠠ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠳᠡᠮᠵᠢᠨ᠎ᠡ᠃ 

      38. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠱᠠᠩᠨᠠᠯ ᠨᠥᠬᠦᠪᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      39. ᠴᠢᠨᠠᠷ ᠰᠠᠶᠢᠲᠠᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠣᠨ ᠢᠶᠠᠷ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠢᠯᠭᠠᠨ ᠬᠢᠨᠠᠵᠤ ᠦᠨᠡᠯᠡᠨ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ︔ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠮᠦ ᠪᠦᠷᠢ ᠶᠢᠨ ᠳᠤᠮᠳᠠᠴᠢ ᠦᠷ᠎ᠡ ᠠᠰᠢᠭ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ᠂ ᠲᠡᠷᠢᠭᠦᠯᠡᠨ ᠪᠠᠶᠢᠷᠢ ᠳᠠᠪᠰᠢᠬᠤ ᠪᠠᠷ ᠴᠢᠷᠮᠠᠶᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠵᠡᠷᠭᠡ ᠲᠠᠩ ᠭᠠᠭᠴᠠ ᠵᠦᠢᠯ ᠤᠨ ᠭᠦᠢᠴᠡᠳᠬᠡᠯ ᠲᠤᠭ᠎ᠠ ᠶᠢ ᠨᠢ ᠰᠢᠯᠭᠠᠨ ᠬᠢᠨᠠᠵᠤ ᠦᠨᠡᠯᠡᠭᠡᠳ ᠡᠮᠦᠨ᠎ᠡ 3 ᠨᠡᠷᠡᠰ ᠲᠤ ᠣᠷᠣᠭᠰᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠬᠠᠮᠤᠭ ᠤᠨ ᠢᠯᠡᠭᠦᠦ ᠳᠤ ᠪᠠᠨ 2000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ︔ ᠪᠥᠬᠦ ᠤᠯᠤᠰ ᠲᠤ ᠡᠮᠦᠨ᠎ᠡ 60 ᠨᠡᠷᠡᠰ ᠲᠤ ᠵᠢᠭᠰᠠᠭᠠᠭᠳᠠᠭᠰᠠᠨ᠂ ᠣᠨ ᠤ ᠨᠡᠷᠡᠰ ᠤᠨ ᠵᠢᠭᠰᠠᠭᠠᠯᠲᠠ ᠳᠤ 5 ᠨᠡᠷᠡᠰ ᠠᠴᠠ ᠢᠯᠡᠭᠦᠦ ᠳᠡᠭᠡᠭᠰᠢᠯᠡᠭᠰᠡᠨ ᠵᠢᠴᠢ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      40. ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ  ᠳᠡᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠲᠣᠰ ᠲᠣᠰ 500 ᠲᠦᠮᠡᠨ ᠲᠥᠭᠦᠷᠢᠭ᠂ 300 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      ︵ᠳᠥᠷᠪᠡ︶ ᠠᠵᠤ ᠦᠢᠯᠡᠰ ᠪᠠ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠨ᠎ᠡ᠃ 

      41. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ 7 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠦᠷ᠎ᠡ ᠡᠭᠦᠯᠳᠡᠷ ᠤᠨ ᠦᠢᠯᠡᠰ ᠵᠢᠴᠢ ᠬᠤᠰᠢᠭᠤᠷᠠᠯ ᠮᠡᠷᠭᠡᠵᠢᠯ ᠤᠨ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢ 1.2  ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠲᠡᠮᠵᠢᠨ᠎ᠡ᠃   ᠨᠢᠭᠡᠨᠲᠡ ᠴᠢᠷᠮᠠᠶᠢᠨ ᠣᠯᠣᠭᠰᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡᠨ ᠤ ᠲᠦᠷᠦᠯ ᠵᠦᠢᠯ ᠳᠤ ᠱᠠᠭᠠᠷᠳᠠᠯᠭ᠎ᠠ ᠶᠣᠰᠣᠭᠠᠷ ᠲᠥᠬᠦᠷ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠣᠷᠳᠣᠰ ᠤᠨ ᠲᠤᠷᠰᠢᠯᠲᠠ ᠶᠢᠨ ᠲᠠᠰᠤᠭ ᠪᠠ ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ ᠳ᠋ᠦᠩᠰᠢᠭᠤᠷ ᠲᠥᠭᠦᠷᠢᠭ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠰᠠᠭᠤᠷᠢ ᠰᠤᠳᠤᠯᠭᠠᠨ ᠥᠷᠨᠢᠭᠦᠯᠬᠦ᠂ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠬᠢᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠴᠢᠳᠠᠪᠤᠷᠢᠲᠠᠨ ᠢ ᠲᠠᠲᠠᠨ ᠣᠷᠣᠭᠤᠯᠵᠤ ᠬᠥᠮᠥᠵᠢᠭᠦᠯᠬᠦ᠂ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠳᠤ ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      42. ᠵᠥᠪᠰᠢᠶᠡᠷᠡᠯ ᠣᠯᠣᠭᠰᠠᠨ ᠤᠯᠤᠰ ᠤᠨ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ 5 ᠵᠢᠯ ᠳᠠᠷᠠᠭᠠᠯᠠᠨ ᠵᠢᠯ ᠪᠦᠷᠢ 1000 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃  ᠰᠢᠨ᠎ᠡ ᠪᠠᠷ ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ  ᠲᠤ ᠨᠢᠭᠡ ᠯᠡ ᠤᠳᠠᠭ᠎ᠠ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠪᠥᠬᠦ ᠤᠯᠤᠰ ᠤᠨ ︽ᠶᠠᠰᠤ ᠴᠢᠨᠠᠷ ᠤᠨ ᠬᠡᠪ ᠳᠠᠭᠤᠷᠢᠶᠠᠯ︾ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ  ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      43. ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠬᠠᠷᠢᠶ᠎ᠠ ᠪᠦᠬᠦᠢ ᠨᠠᠷᠢᠨ ᠬᠤᠪᠢᠶᠠᠭᠰᠠᠨ ᠠᠵᠢᠯ ᠲᠥᠷᠥᠯ ᠳᠤ ᠪᠠᠨ ᠭᠦᠨᠵᠡᠭᠡᠶᠢᠷᠡᠨ ᠪᠦᠲᠦᠭᠡᠭᠳᠡᠬᠦᠨ ᠢ ︽ᠭᠦᠨᠵᠡᠭᠡᠢ ᠠᠭᠤᠳᠠᠯᠵᠤ ᠨᠠᠷᠢᠯᠢᠭ ᠰᠤᠳᠤᠯᠬᠤ ︾ ᠶᠢ ᠨᠢ ᠬᠥᠲᠥᠯᠥᠨ ᠵᠢᠯᠤᠭᠤᠳᠬᠤ ᠪᠠ ᠠᠬᠢᠭᠤᠯᠵᠤ᠂ ᠨᠠᠷᠢᠨ ᠬᠤᠪᠢᠶᠠᠭᠰᠠᠨ ᠠᠵᠢᠯ ᠲᠥᠷᠥᠯ ᠤᠨ ᠪᠦᠲᠦᠭᠡᠭᠳᠡᠬᠦᠨ ᠳᠤ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠨᠠᠷᠠᠲᠤ ᠲᠡᠮᠳᠡᠭᠲᠦ ᠶᠢ ᠪᠣᠶᠢᠵᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ ᠮᠠᠩᠯᠠᠶᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 100 ᠲᠦᠮᠡᠨ ᠲᠥᠭᠦᠷᠢᠭ ᠢᠶᠠᠷ ᠱᠠᠩᠨᠠᠵᠤ᠂ ᠤᠯᠤᠰ ᠤᠨ ᠲᠠᠰ ᠤᠨ ᠦᠢᠯᠡᠳᠬᠦ ᠦᠢᠯᠡᠰ ᠤᠨ ᠲᠠᠩ ᠭᠠᠭᠴᠠ ᠵᠦᠢᠯ ᠳᠤ ᠮᠠᠩᠯᠠᠶᠢᠯᠠᠭᠰᠠᠨ ᠢᠶᠠᠷ ᠮᠠᠭᠠᠳᠯᠠᠭᠳᠠᠨ ᠲᠣᠭᠲᠠᠭᠠᠭᠳᠠᠭᠰᠠᠨ ᠠᠵᠤ ᠠᠬᠤᠶᠢᠯᠠᠯ ᠢ 200 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      44. ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ ᠨᠡᠭᠦᠷᠡᠰᠦᠨ ᠬᠡᠢ ᠪᠠᠷ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠦᠢᠯᠡᠳᠬᠦ ᠶᠢ ᠳᠡᠮᠵᠢᠵᠦ᠂ ᠨᠡᠭᠦᠷᠡᠰᠦᠲᠥ᠋ᠷᠥᠭᠴᠢ ᠶᠢ ᠬᠤᠷᠢᠶᠠᠨ ᠴᠤᠭᠯᠠᠭᠤᠯᠬᠤ᠂ ᠠᠰᠢᠭᠯᠠᠬᠤ᠂ ᠪᠢᠲᠡᠭᠦᠮᠵᠢᠯᠡᠨ ᠬᠠᠳᠠᠭᠠᠯᠠᠬᠤ ᠲᠠᠯ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠳᠡᠮᠵᠢᠨ᠎ᠡ᠃  ᠲᠡᠮᠦᠷᠯᠢᠭ ᠬᠠᠶᠢᠯᠤᠭᠤᠯᠬᠤ ᠴᠠᠬᠢᠯᠭᠠᠨ ᠵᠤᠤᠬ᠎ᠠ ᠶᠢᠨ ᠨᠡᠭᠦᠷᠡᠰᠦᠨ ᠬᠡᠢ ᠳᠠᠬᠢ ᠠᠰᠢᠭᠲᠤ ᠬᠡᠢ ᠪᠡᠶᠡᠲᠦ ᠶᠢᠨ ᠪᠦᠷᠢᠯᠳᠦᠭᠦᠨ ᠢ ᠵᠦᠢ ᠵᠣᠬᠢᠰᠲᠠᠢ ᠠᠰᠢᠭᠯᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠦᠯᠦ ᠭᠠᠳᠠᠭᠰᠢᠯᠠᠭᠤᠯᠬᠤ ᠳᠤ ᠬᠦᠷᠦᠭᠰᠡᠨ ᠵᠡᠷᠭᠡ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠵᠤ ᠦᠢᠯᠡᠰᠵᠢᠭᠦᠯᠬᠦ ᠲᠥᠷᠥᠯ ᠵᠦᠢᠯ ᠳᠤ᠂ ᠪᠣᠷᠤᠯᠠᠭᠤᠯᠭ᠎ᠠ ᠶᠢᠨ ᠣᠷᠣᠯᠭ᠎ᠠ ᠲᠠᠢ ᠪᠣᠯᠤᠭᠰᠠᠨ ᠵᠢᠯ ᠠᠴᠠ ᠡᠬᠢᠯᠡᠨ᠂ 5 ᠵᠢᠯ ᠤᠨ ᠳᠣᠲᠣᠷ᠎ᠠ ᠪᠣᠷᠤᠯᠠᠭᠤᠯᠭ᠎ᠠ ᠶᠢᠨ ᠣᠷᠣᠯᠭ᠎ᠠ ᠶᠢᠨ 5% ᠪᠠᠷ ᠱᠠᠩᠨᠠᠯ ᠨᠥᠬᠦᠪᠦᠷᠢ ᠣᠯᠭᠤᠵᠤ᠂ ᠵᠢᠯ ᠪᠦᠷᠢ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠢᠶᠠᠷ ᠱᠠᠩᠨᠠᠨ ᠨᠥᠬᠦᠪᠦᠷᠢᠯᠡᠨ᠎ᠡ᠃ ︵ᠬᠠᠷᠢᠭᠤᠴᠠᠯᠭᠠᠲᠤ  ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      45. ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠭᠤᠯᠬᠤ᠂ ᠥᠷᠢᠰᠦᠯᠳᠦᠭᠦᠯᠦᠨ ᠰᠢᠯᠭᠠᠷᠠᠭᠤᠯᠬᠤ ᠳᠦᠷᠢᠮ ᠵᠡᠷᠭᠡ ᠠᠷᠭ᠎ᠠ ᠮᠠᠶ᠋ᠢᠭ ᠢ ᠠᠪᠴᠤ᠂ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠠᠢ ᠬᠤᠯᠪᠤᠭᠠᠯᠠᠨ ᠮᠡᠷᠭᠡᠵᠢᠯ ᠤᠨ ᠲᠠᠯ᠎ᠠ ᠪᠠᠷ ᠰᠢᠪᠲᠤᠯᠤᠯᠲᠠ ᠭᠠᠷᠭᠠᠬᠤ ᠶᠢ ᠳᠡᠮᠵᠢᠨ᠎ᠡ᠃ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠠᠷᠭᠤᠨ ᠬᠡᠢ ᠶᠢ ᠣᠷᠣᠯᠠᠭᠤᠯᠤᠨ ᠲᠡᠮᠦᠷᠯᠢᠭ ᠪᠣᠯᠪᠠᠰᠤᠷᠠᠭᠤᠯᠬᠤ᠂ ᠲᠣᠭᠲᠠᠮᠠᠯ ᠭᠦᠶᠦᠳᠡᠯᠲᠦ ᠵᠤᠤᠬ᠎ᠠ ᠵᠡᠷᠭᠡ ᠰᠢᠨ᠎ᠡ ᠮᠡᠷᠭᠡᠵᠢᠯ᠂ ᠰᠢᠨ᠎ᠡ ᠲᠤᠨᠤᠭ ᠲᠥᠬᠦᠭᠡᠷᠦᠮᠵᠢ ᠶᠢ ᠬᠡᠷᠡᠭᠯᠡᠭᠰᠡᠨ ᠲᠡᠮᠦᠷ ᠤᠨ ᠬᠠᠶᠢᠯᠤᠰᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠳᠤ ᠦᠢᠯᠡᠳᠪᠦᠷᠢᠯᠡᠬᠦ ᠴᠢᠳᠠᠪᠤᠷᠢ ᠶᠢ ᠰᠣᠯᠢᠬᠤ ᠦᠭᠡᠢ ᠪᠠᠶᠢᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      46. ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ  ᠤᠯᠠᠷᠢᠭᠤᠯᠤᠯᠲᠠ ᠶᠢᠨ ᠭᠠᠷᠴᠠᠭ ︾ ᠢ ᠳᠡᠮᠵᠢᠬᠦ ᠲᠥᠯᠥᠪᠯᠡᠭᠡ ᠳᠤ ᠣᠷᠣᠭᠤᠯᠤᠨ᠎ᠠ᠃ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠮᠡᠷᠭᠡᠵᠢᠯ ᠢ ᠠᠵᠤ ᠦᠢᠯᠡᠰᠵᠢᠭᠦᠯᠦᠨ ᠬᠡᠷᠡᠭᠯᠡᠬᠦ ᠶᠢᠨ ᠵᠢᠯᠤᠭᠤᠳᠬᠤ ᠭᠠᠷᠴᠠᠭ ︾ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠳᠤ ᠤᠯᠠᠷᠢᠭᠤᠯᠤᠨ ᠬᠡᠷᠡᠭᠯᠡᠬᠦ ᠶᠢ ᠪᠡᠶᠡᠯᠡᠭᠦᠯᠦᠭᠰᠡᠨ ᠲᠥᠷᠥᠯ ᠵᠦᠢᠯ ᠳᠤ᠂ ᠪᠣᠳᠠᠲᠠᠢ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠣᠭᠠᠨ ᠤ 20% ᠪᠠᠷ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      47. ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠪᠠ ︽ᠵᠢᠵᠢᠭ ᠠᠪᠤᠷᠭᠤ ︾  ᠠᠵᠤ ᠠᠬᠤᠶᠢᠯᠠᠯ ᠳᠤ ᠲᠣᠰ ᠲᠣᠰ 20 ᠲᠦᠮᠡᠨ ᠲᠥᠭᠦᠷᠢᠭ᠂ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      48. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠱᠠᠲᠤᠯᠠᠨ ᠪᠣᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠩᠬ᠎ᠠ ᠤᠳᠠᠭ᠎ᠠ ᠮᠠᠭᠠᠳᠯᠠᠭᠳᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 30 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠣᠯᠭᠤᠵᠤ᠂ ᠠᠩᠬ᠎ᠠ ᠤᠳᠠᠭ᠎ᠠ ᠮᠠᠭᠠᠳᠯᠠᠭᠳᠠᠨ ᠲᠣᠭᠲᠠᠭᠠᠭᠳᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ   ᠳᠠᠭᠠᠭᠤᠯᠤᠭᠴᠢ ᠠᠵᠤ ᠠᠬᠤᠶᠢᠯᠠᠯ ᠳᠤ 300 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠤᠨ ᠳᠡᠮᠵᠢᠯᠭᠡ ᠣᠯᠭᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠮᠡᠷᠭᠡᠵᠢᠯ ᠤᠨ ᠵᠠᠭᠤᠴᠢᠯᠠᠭᠴᠢ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠨᠣᠴᠠᠲᠠᠢ ᠦᠢᠯᠡᠴᠢᠯᠡᠭᠡ ᠬᠠᠩᠭᠠᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      49. ︽ᠲᠤᠰᠬᠠᠶᠢᠵᠢᠭᠰᠠᠨ ᠰᠣᠳᠣᠨ ᠥᠪᠡᠷᠮᠢᠴᠡ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠪᠠ ᠦᠢᠯᠡᠳᠬᠦ ᠦᠢᠯᠡᠰ ᠤᠨ  ᠳᠠᠩ ᠭᠠᠭᠴᠠ ᠵᠦᠢᠯ ᠳᠤ ᠰᠢᠯᠭᠠᠷᠠᠭᠰᠠᠨ ᠮᠠᠩᠯᠠᠢ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢ ᠨᠢ ᠳᠡᠮᠵᠢᠵᠦ᠂ ᠮᠡᠷᠭᠡᠵᠢᠯ ᠳᠤ ᠰᠢᠨ᠎ᠡ ᠶᠢ ᠡᠭᠦᠳᠬᠦ᠂ ᠲᠤᠰᠬᠠᠢ ᠠᠰᠢᠭ ᠤᠨ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ᠂ ᠮᠡᠷᠭᠡᠵᠢᠯ ᠳᠡᠯᠭᠡᠷᠡᠭᠦᠯᠬᠦ᠂ ᠪᠠᠷᠢᠮᠵᠢᠶ᠎ᠠ ᠲᠣᠭᠲᠠᠭᠠᠬᠤ ᠵᠡᠷᠭᠡ ᠲᠠᠯ᠎ᠠ ᠪᠠᠷ ᠣᠯᠣᠭᠰᠠᠨ ᠠᠵᠢᠯ ᠤᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠳᠡᠨ ᠤ ᠮᠡᠷᠭᠡᠵᠢᠯ ᠤᠨ ᠴᠣᠯᠠ ᠭᠤᠶᠤᠴᠢᠯᠠᠨ ᠮᠡᠳᠡᠭᠦᠯᠬᠦ ᠶᠢᠨ ᠴᠢᠬᠤᠯᠠ ᠯᠠᠪᠯᠠᠯᠲᠠ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ 

      50. ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ᠰᠢᠨ᠎ᠡ ᠪᠠᠷ ᠮᠠᠭᠠᠳᠯᠠᠭᠳᠠᠨ ᠲᠣᠭᠲᠠᠭᠠᠭᠳᠠᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠪᠠ ᠤᠯᠤᠰ ᠤᠨ ᠲᠠᠰ ᠤᠨ ᠳᠤᠮᠳᠠ ᠵᠢᠵᠢᠭ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ  ᠪᠦᠯᠦᠭᠵᠢᠯ ᠳᠤ ᠲᠣᠰ ᠲᠣᠰ 300 ᠲᠦᠮᠡᠨ ᠲᠥᠭᠦᠷᠢᠭ᠂ 500 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      ᠭᠤᠷᠪᠠ᠂ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠨᠢ ᠠᠬᠢᠭᠤᠯᠤᠨ᠎ᠠ 

      ︵ᠨᠢᠭᠡ︶ ᠰᠢᠨ᠎ᠡ ᠪᠠᠷ ᠪᠣᠶ ᠪᠣᠯᠤᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠪᠣᠶᠢᠵᠢᠭᠤᠯᠤᠨ᠎ᠠ᠃ 

      51. ᠮᠡᠷᠭᠡᠵᠢᠯ ᠤᠨ ᠵᠠᠭᠤᠴᠢᠯᠠᠬᠤ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠪᠠᠨ ᠲᠦᠷᠭᠡᠳᠬᠡᠬᠦ ᠶᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠭᠰᠡᠨ ᠤ ᠳᠠᠷᠠᠭᠠᠬᠢ ᠤᠯᠤᠰ ᠤᠨ ᠲᠠᠰ ᠤᠨ ᠮᠡᠷᠭᠡᠵᠢᠯ ᠤᠨ ᠰᠢᠯᠵᠢᠯᠲᠡ ᠶᠢᠨ ᠴᠢᠳᠠᠪᠤᠷᠢᠲᠠᠨ  ᠬᠥᠮᠥᠵᠢᠭᠦᠯᠬᠦ ᠰᠠᠭᠤᠷᠢᠨ ᠭᠠᠵᠠᠷ ᠲᠤ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠤᠨ ᠳᠠᠷᠠᠭᠠᠬᠢ ᠨᠥᠬᠦᠪᠦᠷᠢ ᠶᠢᠨ ᠳᠡᠮᠵᠢᠯᠭᠡ ᠣᠯᠭᠤᠵᠤ᠂ ᠮᠡᠷᠭᠡᠵᠢᠯ ᠤᠨ ᠵᠠᠭᠤᠴᠢᠯᠠᠭᠴᠢ ︵ᠳᠠᠭᠠᠭᠠᠮᠠᠯ︶ ᠶᠢᠨ ᠣᠨ ᠤ ᠳᠣᠲᠣᠷᠠᠬᠢ ᠮᠡᠷᠭᠡᠵᠢᠯ ᠤᠨ ᠰᠢᠯᠵᠢᠯᠲᠡ ᠤᠯᠠᠷᠢᠭᠤᠯᠤᠯᠲᠠ ᠶᠢ ᠠᠬᠢᠭᠤᠯᠤᠨ ᠠᠷᠠᠯᠵᠢᠶᠠᠯᠠᠭᠰᠠᠨ ᠵᠣᠭᠤᠰᠤᠨ ᠲᠤᠭ᠎ᠠ ᠨᠢ ᠨᠡᠶᠢᠲᠡ 100 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠮᠡᠷᠭᠡᠵᠢᠯ ᠤᠨ  ᠠᠷᠠᠯᠵᠢᠶᠠᠨ ᠤ ᠭᠡᠷ᠎ᠡ ᠶᠢᠨ ᠪᠣᠳᠠᠲᠠᠢ ᠠᠷᠠᠯᠵᠢᠶᠠᠯᠠᠭᠰᠠᠨ ᠲᠣᠭᠠᠨ ᠤ 2% ᠢᠶᠠᠷ ᠬᠠᠮᠤᠭ ᠤᠨ ᠢᠯᠡᠭᠦᠦ ᠳᠤ ᠪᠠᠨ 20 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      52. ᠠᠩᠬᠠᠨ ᠤ ᠬᠡᠪᠯᠡᠯ ᠤᠨ ᠳ᠋ᠤᠭᠠᠷ ᠤᠨ ᠰᠣᠹᠲ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠣᠯᠬᠤ ᠪᠤᠶᠤ ᠦᠨᠡᠮᠯᠡᠯ ᠭᠠᠷᠳᠠᠬᠤ ᠪᠠᠷ ᠲᠣᠭᠲᠠᠭᠰᠠᠨ ᠬᠤᠭᠤᠴᠠᠭᠠᠨ ᠳᠤ ᠭᠤᠶᠤᠴᠢᠯᠠᠬᠤ ᠬᠦᠷᠲᠡᠯᠡᠬᠢ ᠪᠣᠳᠠᠲᠠᠢ ᠪᠣᠷᠣᠯᠠᠭᠤᠯᠤᠭᠰᠠᠨ ᠶᠡᠷᠦᠩᠬᠡᠢ ᠲᠣᠭᠠᠨ ᠤ 20% ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠤᠨ ᠨᠥᠬᠦᠪᠦᠷᠢ ᠮᠥᠩᠭᠦ ᠶᠢᠨ ᠲᠤᠭ᠎ᠠ ᠶᠢ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠠᠵᠤ ᠠᠬᠤᠶᠢᠯᠠᠯ ᠤᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠠᠵᠤ ᠦᠢᠯᠡᠳᠪᠦᠷᠢ ᠶᠢᠨ ᠰᠣᠹᠲ ︵ᠠᠵᠤ ᠦᠢᠯᠡᠳᠪᠦᠷᠢ ᠶᠢᠨ APP︶  ᠳᠤ ᠲᠣᠰ ᠦᠢᠯᠡᠳᠬᠦᠨ ᠢ ᠰᠤᠳᠤᠯᠤᠨ ᠨᠡᠭᠡᠭᠡᠬᠦ ᠳᠤ ᠪᠣᠳᠠᠲᠠᠢ ᠣᠷᠣᠭᠤᠯᠤᠭᠰᠠᠨ ᠵᠣᠭᠤᠰᠤᠨ ᠲᠤᠭ᠎ᠠ ᠶᠢᠨ 20% ᠪᠠᠷ ᠨᠥᠬᠦᠪᠦᠷᠢ ᠣᠯᠭᠤᠵᠤ᠂ ᠭᠠᠭᠴᠠ ᠠᠵᠤ ᠠᠬᠤᠶᠢᠯᠠᠯ ᠳᠤ ᠬᠠᠮᠤᠭ ᠤᠨ ᠢᠯᠡᠭᠦᠦ ᠳᠤ ᠪᠠᠨ 300 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ︶ 

      53. ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠡᠯ᠎ᠡ ᠠᠶᠢᠮᠠᠭ ᠬᠤᠲᠠ ᠶᠢᠨ ᠬᠢᠨ ᠤ ︽ᠵᠢᠵᠢᠭ ᠪᠥᠭᠡᠳ ᠭᠤᠶᠢᠳᠠ ᠰᠠᠶᠢᠬᠠᠨ ︾ ᠰᠦᠯᠵᠢᠶᠡᠨ ᠤ ᠨᠠᠷᠠᠲᠤ ᠲᠡᠮᠳᠡᠭ ᠪᠣᠶᠢᠵᠢᠭᠤᠯᠬᠤ ᠶᠢ ᠨᠢ ᠳᠡᠮᠵᠢᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠮᠲᠤ ᠪᠠᠷ ᠭᠥᠷᠳᠡᠬᠦ ᠡᠭᠦᠯᠡᠨ ᠬᠥᠮᠥᠷᠭᠡ ᠶᠢ ᠬᠥᠭᠵᠢᠭᠦᠯᠦᠨ᠂ ᠳᠠᠪᠠᠭᠤᠯᠢᠭ ᠠᠵᠤ ᠦᠢᠯᠡᠰ᠂ ᠣᠨᠴᠠᠯᠢᠭᠲᠤ ᠪᠦᠲᠦᠭᠡᠭᠳᠡᠬᠦᠨ ᠢ ᠡᠯᠧᠺᠲᠷᠣᠨᠴᠢᠯᠠᠨ ᠥᠭᠡᠷᠡᠴᠢᠯᠡᠨ ᠰᠢᠨᠡᠳᠬᠡᠬᠦ ᠠᠵᠢᠯ ᠢ ᠥᠷᠨᠢᠭᠦᠯᠵᠦ᠂ ᠰᠦᠯᠵᠢᠶᠡᠨ ᠳᠡᠭᠡᠷᠡᠬᠢ ᠭᠤᠣᠯ ᠰᠡᠳᠦᠪᠲᠦ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠥᠪᠯᠡᠷᠡᠭᠰᠡᠨ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ 

      ︵ᠬᠤᠶᠠᠷ︶ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ 

      54.ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠶᠢᠨ ᠴᠡᠭ ᠤᠨ ᠨᠥᠬᠦᠪᠦᠷᠢ ᠶᠢᠨ ᠪᠡᠯᠡ ᠮᠥᠩᠭᠦ ᠶᠢ ᠬᠡᠷᠡᠭᠯᠡᠨ᠂ ᠬᠥᠬᠡᠬᠤᠲᠠ᠂ ᠪᠤᠭᠤᠲᠤ ᠬᠤᠲᠠ᠂ ᠲᠦᠩᠯᠢᠶᠣᠣ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠦᠬᠠᠢ ᠬᠤᠲᠠ᠂ ᠡᠷᠢᠶᠡᠨ ᠬᠤᠲᠠ ᠶᠢᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ ᠲᠤᠷᠰᠢᠯᠲᠠ ᠥᠷᠨᠢᠭᠦᠯᠬᠦ ᠶᠢ ᠨᠢ ᠦᠷᠭᠦᠯᠵᠢᠯᠡᠨ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ 

      55. ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠠᠷᠠᠭᠠᠨ ᠤ ᠲᠡᠭᠡᠭᠡᠪᠦᠷᠢ ᠰᠢᠤᠳᠠᠨ ᠤ ᠲᠦᠷᠭᠡᠨ ᠬᠦᠷᠭᠡᠯᠲᠡ ᠶᠢᠨ ᠠᠭᠤᠰᠤᠯᠴᠠᠨ ᠬᠥᠭᠵᠢᠬᠦ ᠶᠢ ᠵᠣᠷᠢᠭᠵᠢᠭᠤᠯᠵᠤ᠂ ᠤᠯᠤᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ 300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠳᠤ 200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢᠨ ᠨᠥᠬᠦᠪᠦᠷᠢ ᠣᠯᠭᠤᠵᠤ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠴᠢᠳᠠᠮᠵᠢ ᠶᠢ ᠡᠭᠦᠷᠭᠡᠯᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 20 ᠲᠦᠮᠡᠨ ᠲᠥᠭᠦᠷᠢᠭ ᠣᠯᠭᠤᠵᠤ᠂ ᠡᠵᠡᠩᠨᠡᠯᠲᠡ ᠳᠤ ᠣᠷᠣᠭᠤᠯᠤᠭᠰᠠᠨ ᠰᠤᠮᠤ ᠰᠢᠶᠠᠩ ᠪᠠᠯᠭᠠᠰᠤ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠣᠨ ᠤ ᠡᠵᠡᠩᠨᠡᠯᠲᠡ ᠶᠢᠨ ᠨᠡᠮᠡᠭᠦᠷᠢ 3 ᠲᠦᠮᠡᠨ ᠲᠥᠭᠦᠷᠢᠭ ᠣᠯᠭᠤᠵᠤ᠂ ᠲᠠᠷᠢᠶᠠᠴᠢᠨ ᠮᠠᠯᠴᠢᠳ ᠤᠨ ᠶᠠᠪᠤᠵᠤ ᠰᠠᠭᠤᠬᠤ ᠬᠡᠷᠡᠭᠯᠡᠭᠡᠨ ᠤ ︽ᠡᠴᠦᠰ ᠤᠨ ᠨᠢᠭᠡ ᠺᠢᠯᠣᠮᠧᠲᠷ ︾ ᠢ ᠨᠡᠪᠲᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ 

      56. ᠰᠢᠨ᠎ᠡ ᠪᠠᠷ ᠨᠡᠷᠡᠶᠢᠳᠦᠭᠰᠡᠨ ᠪᠥᠬᠦ ᠤᠯᠤᠰ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ ︾ ᠤᠨ ᠵᠢᠱᠢᠶ᠎ᠡ ᠦᠵᠡᠭᠦᠯᠬᠦ ᠰᠢᠶᠠᠨ ᠳᠤ ᠨᠢᠭᠡ ᠯᠡ ᠤᠳᠠᠭ᠎ᠠ ᠳᠤ 1000 ᠲᠦᠮᠡᠨ ᠲᠥᠭᠦᠷᠢᠭ ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ︔ ᠰᠢᠨ᠎ᠡ ᠪᠠᠷ ᠨᠡᠷᠡᠶᠢᠳᠦᠭᠰᠡᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠬᠥᠳᠡᠭᠡ ᠲᠣᠰᠬᠤᠨ ᠤ ᠳᠥᠷᠪᠡᠨ ᠰᠠᠶᠢᠲᠠᠢ ᠵᠠᠮ ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠨᠢᠭᠡ ᠯᠡ ᠤᠳᠠᠭ᠎ᠠ  ᠳᠤ 500 ᠲᠦᠮᠡᠨ ᠲᠥᠭᠦᠷᠢᠭ ᠤᠨ ᠤᠷᠮᠠᠰᠢᠭᠤᠯᠬᠤ ᠪᠡᠯᠡ ᠮᠥᠩᠭᠦ ᠣᠯᠭᠤᠨ᠎ᠠ᠃ ᠤᠷᠮᠠᠰᠢᠭᠤᠯᠬᠤ ᠪᠡᠯᠡ ᠮᠥᠩᠭᠦ ᠶᠢ ᠭᠤᠣᠯᠳᠠᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠯᠲᠠ ᠳᠤ ᠬᠡᠷᠡᠭᠯᠡᠨ᠎ᠡ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ﹈ 

      57. ᠨᠡᠮᠡᠭᠦᠷᠢ ᠥᠭᠭᠦᠭᠰᠡᠨ ᠤ ᠳᠠᠷᠠᠭ᠎ᠠ ᠣᠷᠣᠨ ᠪᠦᠰᠡ ᠶᠢᠨ ᠳᠣᠲᠣᠷᠠᠬᠢ ᠲᠤᠬᠠᠶᠢᠯᠠᠭᠰᠠᠨ ᠠᠵᠢᠯ ᠤᠨ ᠣᠯᠵᠤ ᠠᠯᠳᠠᠬᠤ ᠶᠢ ᠶᠡᠷᠦᠩᠬᠡᠢ ᠳᠤ ᠪᠠᠨ ᠲᠡᠩᠴᠡᠭᠦᠷᠢᠲᠡᠢ ᠪᠠᠶᠢᠯᠭᠠᠬᠤ ᠪᠠ ᠪᠡᠶ᠎ᠡ ᠪᠠᠨ ᠳᠠᠭᠠᠭᠠᠵᠤ ᠦᠷᠭᠦᠯᠵᠢᠯᠡᠨ ᠡᠵᠡᠩᠨᠡᠵᠦ ᠪᠣᠯᠬᠤᠶᠢᠴᠠ ᠵᠡᠷᠭᠡ ᠵᠠᠷᠴᠢᠮ ᠶᠣᠰᠣᠭᠠᠷ᠂ ᠲᠣᠰᠬᠤᠨ ᠳᠤ ᠲᠦᠷᠭᠡᠨ ᠬᠦᠷᠭᠡᠯᠲᠡ ᠶᠢᠨ ᠬᠦᠷᠭᠡᠭᠰᠡᠨ ᠰᠢᠤᠳᠠᠨ ᠵᠦᠢᠯ ᠤᠨ ᠬᠡᠮᠵᠢᠶ᠎ᠡ᠂ ᠭᠠᠭᠴᠠ ᠵᠦᠢᠯ ᠤᠨ ᠥᠪᠡᠷ ᠤᠨ ᠥᠷᠲᠡᠭ᠂ ᠬᠦᠷᠭᠡᠬᠦ ᠵᠠᠢ ᠪᠠ ᠦᠢᠯᠡᠴᠢᠯᠡᠬᠦ ᠣᠷᠣᠨ ᠪᠦᠰᠡ ᠵᠡᠷᠭᠡ ᠪᠠᠷ ᠦᠨᠳᠦᠰᠦᠯᠡᠯ ᠪᠣᠯᠭᠠᠵᠤ᠂ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠲᠤᠬᠠᠶᠢᠯᠠᠭᠰᠠᠨ ᠠᠵᠢᠯ ᠤᠨ ᠪᠣᠳᠠᠲᠠᠢ ᠬᠠᠩᠭᠠᠭᠰᠠᠨ ᠦᠢᠯᠡᠴᠢᠯᠡᠭᠡ ᠳᠤ᠂ ᠰᠢᠤᠳᠠᠨ ᠵᠦᠢᠯ ᠪᠦᠷᠢ ᠳᠤ 0.3 ᠲᠥᠭᠦᠷᠢᠭ ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠡᠯ᠎ᠡ ᠠᠶᠢᠮᠠᠭ ᠬᠤᠲᠠ ᠠᠴᠠ ᠵᠦᠷᠢᠶᠡᠵᠢᠬᠦᠯᠦᠭᠰᠡᠨ ᠬᠤᠵᠢᠭᠤ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ 

      58. ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠱᠠᠭᠠᠷᠳᠠᠯᠭ᠎ᠠ ᠲᠠᠢ   ᠤᠶᠠᠯᠳᠤᠭᠤᠯᠵᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠨᠡᠯᠢᠶᠡᠳ ᠪᠠᠭᠤᠷᠠᠢ᠂ ᠰᠤᠮᠤ ᠰᠢᠶᠠᠩ ᠪᠠᠯᠭᠠᠰᠤ ᠠᠴᠠ ᠨᠡᠯᠢᠶᠡᠳ ᠬᠤᠯᠠ ᠵᠠᠶᠢᠳᠠᠭᠤ ᠪᠥᠭᠡᠳ ᠪᠣᠶᠢᠲᠠ ᠪᠥᠭᠯᠡᠭᠦᠦ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ︾ ᠳᠤ ᠨᠡᠯᠢᠶᠡᠳ ᠬᠦᠴᠢᠷᠲᠡᠢ ᠪᠠᠶᠢᠭ᠎ᠠ ᠶᠠᠳᠠᠭᠤ ᠠᠴᠠ ᠠᠩᠭᠢᠵᠢᠷᠠᠭᠰᠠᠨ ᠲᠣᠰᠬᠤᠨ ᠪᠠ ᠢᠯᠡᠭᠡᠨ ᠶᠠᠪᠤᠭᠤᠯᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠪᠣᠯᠪᠠᠴᠤ ᠦᠢᠯᠡᠴᠢᠯᠡᠭᠡᠨ ᠤ ᠴᠡᠭ ᠲᠣᠬᠢᠷᠠᠭᠤᠯᠤᠭᠠᠳᠤᠢ ᠪᠠᠶᠢᠭᠤᠯᠤᠯᠲᠤ ᠲᠣᠰᠬᠤᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠬᠠᠮᠢᠶᠠᠷᠬᠤ ᠠᠷᠭ᠎ᠠ ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰᠬᠤᠨ ᠤ ᠳᠡᠰ ᠤᠨ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠲᠣᠬᠢᠷᠠᠭᠤᠯᠵᠤ᠂ ᠨᠥᠬᠦᠪᠦᠷᠢ ᠥᠭᠬᠦ ᠪᠠᠷᠢᠮᠵᠢᠶ᠎ᠠ ᠨᠢ ᠰᠠᠷ᠎ᠠ ᠪᠦᠷᠢ 500 ᠲᠥᠭᠦᠷᠢᠭ ᠪᠠᠶᠢᠵᠤ᠂ 2025 ᠣᠨ ᠪᠣᠯᠲᠠᠯ᠎ᠠ   ᠨᠥᠬᠦᠪᠦᠷᠢᠯᠡᠨ᠎ᠡ᠃ ﹇ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ﹈

      59. ᠤᠯᠤᠰ ᠤᠨ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠳᠤ  ᠵᠢᠭᠰᠠᠭᠠᠭᠳᠠᠭᠰᠠᠨ ᠪᠥᠭᠡᠳ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠲᠥᠷᠥᠯ ᠵᠦᠢᠯ ᠪᠦᠷᠢ ᠳᠤ 1000 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      60. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠦᠷᠭᠡᠨ ᠤ ᠵᠠᠰᠠᠮᠠᠯ ᠵᠠᠮ ᠤᠨ ETC ᠢᠶᠠᠷ ᠥᠩᠭᠡᠷᠡᠬᠦ ᠠᠶᠠᠨᠴᠢᠳ ᠤᠨ ᠪᠠ ᠪᠠᠷᠠᠭᠠᠨ ᠤ ᠲᠡᠷᠭᠡ ᠳᠤ ᠦᠷᠭᠦᠯᠵᠢᠯᠡᠨ 5% ᠶᠢᠨ ᠵᠠᠮ ᠤᠨ ᠰᠦᠢᠳᠬᠡᠯ ᠤᠨ ᠬᠢᠮᠳᠠᠷᠠᠯ ᠤᠨ ᠬᠠᠷᠠᠭᠠᠯᠵᠠᠯ  ᠦᠵᠡᠭᠦᠯᠬᠦ ᠪᠥᠭᠡᠳ ᠣᠷᠳᠣ ᠬᠤᠭᠤᠴᠠᠭ᠎ᠠ ᠪᠠᠷ ᠬᠡᠷᠡᠭᠵᠢᠭᠦᠯᠦᠨ᠎ᠡ᠃ ᠲᠦᠷᠭᠡᠨ ᠤ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠲᠤᠷᠰᠢᠯᠲᠠ ᠶᠢ ᠦᠷᠭᠦᠯᠵᠢᠯᠡᠨ ᠬᠡᠷᠡᠭᠵᠢᠭᠦᠯᠵᠦ᠂ ᠲᠦᠷᠭᠡᠨ ᠤ ᠵᠠᠰᠠᠮᠠᠯ ᠵᠠᠮ ᠤᠨ ᠥᠷᠢ ᠲᠥᠯᠥᠬᠦ ᠴᠢᠳᠠᠪᠤᠷᠢ ᠶᠢ ᠨᠢ ᠪᠠᠭᠤᠷᠠᠭᠤᠯᠬᠤ ᠦᠭᠡᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠣᠨᠴᠠᠯᠢᠭ ᠲᠤ ᠨᠢ ᠲᠣᠬᠢᠷᠠᠭᠰᠠᠨ ᠵᠦᠷᠢᠶᠡᠴᠢᠯᠡᠭᠰᠡᠨ ᠰᠦᠢᠳᠬᠡᠯ ᠬᠤᠷᠢᠶᠠᠬᠤ ᠵᠠᠭᠪᠤᠷ ᠪᠠ ᠲᠥᠬᠦᠷ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠲᠦᠷᠭᠡᠨ  ᠤ ᠵᠠᠰᠠᠮᠠᠯ ᠵᠠᠮ ᠢᠶᠠᠷ ᠶᠠᠪᠤᠵᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠨᠢ ᠪᠠᠭᠤᠷᠠᠭᠤᠯᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ 

      ︵ᠭᠤᠷᠪᠠ︶ ᠰᠣᠶᠣᠯ ᠵᠢᠭᠤᠯᠴᠢᠯᠠᠯ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠪᠤᠵᠠᠭᠠᠶᠢᠷᠠᠭᠤᠯᠤᠨ᠎ᠠ᠃ 

      61. ᠠᠶᠢᠮᠠᠭ ᠬᠤᠲᠠ ᠶᠢᠨ ᠬᠢᠨ ᠤ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠬᠡᠷᠡᠭᠯᠡᠭᠡ ᠶᠢᠨ ᠲᠤᠯᠭᠠᠨ ᠬᠡᠷᠡᠭᠯᠡᠬᠦ ᠲᠡᠮᠳᠡᠭᠲᠦ ᠣᠯᠭᠤᠬᠤ ᠶᠢ ᠨᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ 

      62. ᠵᠢᠭᠤᠯᠴᠢᠯᠠᠯ ᠤᠨ ᠲᠤᠰᠬᠠᠢ ᠵᠦᠢᠯ ᠤᠨ ᠪᠡᠯᠡ ᠮᠥᠩᠭᠦ ᠲᠣᠬᠢᠷᠠᠭᠤᠯᠵᠤ ᠪᠠᠶᠢᠭᠠᠳ ᠵᠢᠭᠤᠯᠴᠢᠯᠠᠯ ᠰᠡᠯᠡᠭᠦᠴᠡᠯ ᠤᠨ ᠬᠤᠲᠠ᠂ ᠭᠤᠣᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ︽ᠳᠥᠷᠪᠡᠨ ᠭᠠᠵᠠᠷ ︾ ᠤᠨ ᠭᠤᠣᠯᠳᠠᠯᠭ᠎ᠠ ᠲᠠᠢ ᠲᠥᠷᠥᠯ ᠵᠦᠢᠯ᠂ ᠬᠥᠳᠡᠭᠡ ᠲᠣᠰᠬᠤᠨ ᠤ ᠵᠢᠭᠤᠯᠴᠢᠯᠠᠯ᠂ ᠭᠤᠣᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠳᠤ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      63. ᠰᠣᠶᠣᠯ ᠤᠨ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ ᠵᠦᠢᠯ ᠤᠨ ᠪᠡᠯᠡ ᠮᠥᠩᠭᠦ ᠶᠢ ᠲᠣᠬᠢᠷᠠᠭᠤᠯᠵᠤ᠂ ︽ᠲᠠᠯ᠎ᠠ ᠨᠤᠲᠤᠭ ᠲᠠᠢ ᠪᠠᠨ ᠪᠢ ᠪᠣᠯᠵᠤᠭ᠎ᠠ ᠲᠠᠢ︾ ᠰᠣᠶᠣᠯ ᠤᠨ ᠵᠢᠭᠤᠯᠴᠢᠯᠠᠯ ᠤᠨ ᠲᠠᠸᠠᠷ ᠤᠨ ᠪᠣᠳᠠᠲᠤ ᠴᠣᠭᠴᠠ ᠶᠢᠨ ᠳᠡᠯᠭᠡᠭᠦᠷ᠂ ᠰᠣᠶᠣᠯ ᠤᠨ ᠵᠢᠭᠤᠯᠴᠢᠯᠠᠯ ᠤᠨ ᠲᠠᠸᠠᠷ ᠢ ᠨᠡᠭᠡᠭᠡᠨ ᠬᠥᠭᠵᠢᠭᠦᠯᠬᠦ᠂ ᠵᠢᠭᠤᠯᠴᠢᠯᠠᠯ ᠤᠨ ᠲᠠᠯᠠᠪᠠᠶ ᠳᠠᠬᠢ ᠤᠷᠠᠨ ᠲᠣᠭᠯᠠᠯᠲᠠ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠳᠡᠮᠵᠢᠵᠦ᠂ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      64. ᠵᠢᠭᠤᠯᠴᠢᠨ ᠳᠤ ᠦᠢᠯᠡᠴᠢᠯᠡᠬᠦ ᠭᠠᠵᠠᠷ ᠨᠢ ᠣᠷᠣᠨ ᠤ ᠭᠠᠳᠠᠨᠠᠬᠢ ᠵᠤᠭᠠᠴᠠᠭᠰᠠᠳ ᠢ ᠲᠠᠲᠠᠵᠤ ᠠᠪᠴᠢᠷᠠᠪᠠᠯ ᠬᠥᠬᠢᠭᠦᠯᠦᠨ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      65. ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠡᠭᠦᠳᠦᠨ ᠪᠠᠶᠢᠭᠤᠯᠬᠤ ᠶᠢ ᠢᠳᠡᠪᠬᠢᠲᠡᠢ  ᠠᠬᠢᠭᠤᠯᠵᠤ᠂ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠭᠯᠠᠬᠤ ᠲᠣᠭᠲᠠᠯᠴᠠᠭ᠎ᠠ ᠶᠢ ᠪᠦᠷᠢᠨᠰᠢᠭᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠪᠣᠬᠢᠷᠲᠤᠯ ᠦᠭᠡᠢ ᠬᠤᠳᠠᠯᠳᠤᠭᠠᠨ ᠤ ᠲᠠᠯᠠᠪᠤᠷ ᠲᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ 

      66. ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯᠯᠠᠭᠠᠨ ᠢ ᠦᠷᠭᠦᠯᠵᠢᠯᠡᠨ ᠬᠡᠷᠡᠭᠵᠢᠭᠦᠯᠵᠦ᠂ ᠰᠢᠶᠠᠨ ᠤ ᠬᠡᠪᠴᠢᠶᠡᠨ ᠳᠠᠬᠢ ᠬᠤᠳᠠᠯᠳᠤᠭᠠᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ  ᠨᠥᠬᠦᠪᠦᠷᠢᠯᠡᠨ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠬᠡᠷᠡᠭᠯᠡᠭᠡᠨ ᠤ ᠠᠷᠭ᠎ᠠ ᠵᠠᠮ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠪᠣᠷᠣᠯᠠᠭᠤᠯᠤᠭᠳᠠᠨ ᠮᠡᠳᠡᠷᠡᠭᠳᠡᠬᠦ ᠬᠥᠳᠡᠯᠭᠡᠭᠴᠢ ᠬᠦᠴᠦᠨ ᠢ ᠨᠡᠮᠡᠭᠳᠡᠭᠦᠯᠦᠨ᠂ ᠠᠮᠢᠳᠤᠷᠠᠯ ᠤᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      67. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠳᠡᠮᠵᠢᠨ᠎ᠡ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ ᠪᠠ ᠠᠵᠤ ᠦᠢᠯᠡᠰ ᠤᠨ ᠲᠣᠭᠠᠵᠢᠭᠤᠯᠤᠭᠰᠠᠨ ᠬᠥᠭᠵᠢᠯᠲᠡ ᠶᠢ ᠠᠬᠢᠭᠤᠯᠬᠤ ᠲᠠᠯ᠎ᠠ ᠳᠤ ᠦᠵᠡᠭᠦᠯᠬᠦ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠠᠷᠠᠯᠵᠢᠶ᠎ᠠ ᠶᠢᠨ ᠰᠢᠯᠢᠳᠡᠭᠵᠢᠨ ᠲᠠᠰ ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ 

      68. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠂ ᠮᠠᠭᠠᠳᠯᠠᠭᠳᠠᠨ ᠲᠣᠭᠲᠠᠭᠠᠭᠳᠠᠭᠰᠠᠨ ᠰᠢᠶᠠᠨ ᠤ ᠬᠡᠪᠴᠢᠶᠡᠨ ᠠᠴᠠ ᠭᠠᠳᠠᠨᠠᠬᠢ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠳᠡᠮᠵᠢᠯᠭᠡ ᠦᠵᠡᠭᠦᠯᠵᠦ᠂ ᠵᠠᠯᠭᠠᠭ᠎ᠠ ᠪᠠᠷ ᠰᠢᠯᠢᠳᠡᠭ ᠢ ᠨᠢ ᠰᠣᠩᠭᠤᠬᠤ ᠪᠠᠷ ᠳᠠᠮᠵᠢᠭᠤᠯᠤᠨ ᠨᠢᠭᠡ ᠪᠦᠯᠦᠭ ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠡᠭ ᠨᠡᠮᠡᠭᠳᠡᠯ ᠲᠠᠢ ᠪᠠᠶᠢᠳᠠᠯ ᠢ ᠡᠴᠦᠰᠯᠡᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ ᠰᠢᠶᠠᠨ ︵ᠬᠤᠲᠠ᠂ ᠲᠣᠭᠤᠷᠢᠭ︶ ᠢ ᠳᠡᠮᠵᠢᠨ ᠲᠡᠳᠬᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ 

      69. ᠭᠠᠳᠠᠭᠠᠳᠤ ᠠᠵᠤ ᠠᠬᠤᠢ ᠠᠷᠠᠯᠵᠢᠶ᠎ᠠ ᠶᠢᠨ ᠲᠤᠰᠬᠠᠢ ᠵᠦᠢᠯ ᠤᠨ ᠪᠡᠯᠡ ᠮᠥᠩᠭᠦ ᠶᠢ ᠦᠷᠭᠦᠯᠵᠢᠯᠡᠨ ᠬᠡᠷᠡᠭᠯᠡᠵᠦ᠂ ᠭᠠᠳᠠᠭᠠᠳᠤ ᠬᠥᠮᠥᠷᠭᠡ ᠪᠣᠶᠢᠵᠢᠭᠤᠯᠬᠤ ᠠᠵᠢᠯ ᠢ ᠥᠷᠨᠢᠭᠦᠯᠬᠦ ᠪᠠ ᠪᠠᠬᠢᠵᠢᠭᠦᠯᠵᠦ᠂ ᠬᠤᠶᠠᠷ ᠵᠢᠯ ᠪᠣᠶᠢᠵᠢᠭᠤᠯᠤᠨ᠂ ᠨᠢᠭᠡ ᠵᠢᠯ ᠲᠡᠳᠬᠦᠬᠦ ᠪᠠᠷ ᠳᠡᠮᠵᠢᠨ᠂ ᠭᠤᠣᠯᠳᠠᠭᠤ RCEP ᠤᠨ  ᠪᠦᠷᠢᠯᠳᠦᠭᠦᠨ ᠤᠯᠤᠰ᠂ ︽ᠨᠢᠭᠡ ᠪᠦᠰᠡ ᠨᠢᠭᠡ ᠵᠠᠮ ︾ ᠳᠠᠭᠠᠤ ᠶᠢᠨ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠨᠢᠭᠡ ᠪᠦᠯᠦᠭ ᠣᠯᠠᠨ ᠨᠡᠶᠢᠲᠡ ᠶᠢᠨ ᠭᠠᠳᠠᠭᠠᠳᠤ ᠬᠥᠮᠥᠷᠭᠡ ᠶᠢ ᠪᠦᠲᠦᠭᠡᠨ ᠪᠠᠶᠢᠭᠤᠯᠤᠨ᠎ᠠ᠃ ᠬᠢᠯᠢ ᠶᠢᠨ ᠪᠣᠭᠤᠮᠲᠠ ᠶᠢᠨ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠢ ᠥᠷᠨᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ᠂ ᠵᠠᠮ ᠬᠠᠷᠢᠯᠴᠠᠭᠠᠨ ᠤ ᠪᠠᠭᠠᠵᠢ 3 ᠵᠦᠢᠯ ᠤᠨ ᠠᠵᠢᠯᠯᠠᠭᠠᠨ ᠤ ᠭᠦᠢᠴᠡᠳᠬᠡᠯ ᠲᠤᠭ᠎ᠠ ᠳᠤ ᠵᠦᠢ ᠵᠣᠬᠢᠰᠲᠠᠢ ᠬᠤᠪᠢ ᠶᠢᠨ ᠵᠢᠩ ᠤᠨ ᠬᠠᠷᠢᠴᠠᠯ ᠢᠶᠠᠷ ᠨᠡᠮᠡᠭᠦᠷᠢ ᠣᠯᠭᠤᠨ ᠳᠡᠮᠵᠢᠯᠭᠡ ᠦᠵᠡᠭᠦᠯᠵᠦ᠂ ᠬᠢᠯᠢ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ︶ 

      ︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ 

      70. 50 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠡᠯᠡ ᠮᠥᠩᠭᠦ ᠶᠢ ᠲᠣᠬᠢᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ᠂ ᠬᠥᠮᠥᠨ ᠠᠮᠠ ᠶᠢᠨ ᠨᠠᠰᠤᠵᠢᠯᠲᠠ ᠪᠠ ᠰᠠᠭᠠᠲᠠᠭᠤᠯᠤᠨ ᠬᠥᠮᠥᠵᠢᠭᠦᠯᠬᠦ ᠠᠰᠠᠭᠤᠳᠠᠯ ᠢ ᠠᠷᠭᠠᠴᠠᠭᠠᠬᠤ᠂ ᠰᠣᠶᠣᠯ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠵᠢᠴᠢ ᠨᠡᠶᠢᠭᠡᠮ ᠤᠨ ᠦᠢᠯᠡᠴᠢᠯᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠴᠢᠬᠤᠯᠠ ᠶᠡᠭᠡ ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠤᠨ ᠪᠠᠶᠢᠭᠤᠯᠤᠯᠲᠠ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠡᠶ᠎ᠡ ᠶᠢᠨ ᠲᠠᠮᠢᠷ ᠤᠨ ᠲᠣᠪᠴᠢᠶ᠎ᠠ︶ 

      71. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠢ ᠠᠵᠢᠯᠯᠠᠭᠠᠨ ᠢ ᠥᠷᠨᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠪᠤᠰᠤᠳ ᠨᠡᠶᠢᠭᠡᠮ ᠤᠨ ᠬᠦᠴᠦᠨ ᠤ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠨᠢ ᠳᠡᠮᠵᠢᠵᠦ᠂ ᠤᠯᠤᠰ ᠤᠨ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ ᠬᠤᠲᠠ ᠪᠠ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ ᠲᠤᠰᠬᠠᠢ ᠠᠵᠢᠯᠯᠠᠭᠠᠨ ᠳᠤ ᠵᠢᠭᠰᠠᠭᠠᠭᠳᠠᠭᠰᠠᠨ ᠲᠥᠷᠥᠯ ᠵᠦᠢᠯ ᠳᠠᠬᠢ᠂ ᠭᠡᠷ ᠲᠤ ᠪᠠᠨ ᠰᠠᠭᠤᠵᠤ ᠠᠰᠠᠷᠠᠭᠤᠯᠬᠤ ᠨᠡᠶᠢᠭᠡᠮ ᠲᠣᠭᠤᠷᠢᠭ ᠤᠨ ᠬᠡᠯᠪᠡᠷᠢ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠬᠡᠯᠪᠡᠷᠢ ᠶᠢᠨ ᠪᠣᠯ ᠣᠷᠣ ᠪᠦᠷᠢ ᠳᠤ 2 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠵᠦ᠂ ᠵᠢᠭᠤᠯᠴᠢᠯᠠᠨ ᠰᠠᠭᠤᠬᠤ ᠬᠡᠯᠪᠡᠷᠢ ᠶᠢᠨ ᠪᠣᠯ ᠣᠷᠣ ᠪᠦᠷᠢ ᠳᠤ 1 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ 

      72. ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠲᠤᠰᠬᠠᠢ ᠵᠦᠢᠯ ᠤᠨ ᠢᠨᠵᠧᠨᠧᠷᠢᠩ ᠢ ᠥᠷᠨᠢᠭᠦᠯᠵᠦ᠂ ᠠᠯᠪᠠᠨ ᠠᠴᠠ ᠡᠷᠭᠢᠯᠡᠭᠰᠡᠨ ᠪᠠᠶᠢᠭᠤᠯᠤᠮᠵᠢ ᠪᠠ ᠨᠡᠶᠢᠭᠡᠮ ᠤᠨ ᠬᠦᠴᠦᠨ ᠤ ᠬᠢ ᠨᠡᠶᠢᠭᠡᠮ ᠲᠣᠭᠤᠷᠢᠭ᠂ ᠬᠡᠦᠬᠡᠳ ᠤᠨ ᠴᠡᠴᠡᠷᠯᠢᠭ᠂ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠵᠡᠷᠭᠡ ᠳᠤ ᠲᠦᠰᠢᠭᠯᠡᠨ ᠰᠢᠭᠢᠳᠬᠡᠯ ᠮᠠᠶ᠋ᠢᠭ ᠤᠨ᠂ ᠲᠠᠷᠬᠠᠯᠲᠠᠲᠤ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠪᠦᠲᠦᠭᠡᠨ ᠪᠠᠶᠢᠭᠤᠯᠬᠤ ᠶᠢ ᠨᠢ ᠳᠡᠮᠵᠢᠵᠦ᠂ ᠡᠳᠦᠷ ᠢᠶᠠᠷ ᠨᠠᠶᠢᠳᠠᠨ ᠰᠠᠭᠠᠲᠠᠭᠤᠯᠬᠤ᠂ ᠴᠠᠭ ᠢᠶᠠᠷ ᠨᠠᠶᠢᠳᠠᠨ ᠰᠠᠭᠠᠲᠠᠭᠤᠯᠬᠤ ᠵᠡᠷᠭᠡ ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡ ᠬᠠᠩᠭᠠᠨ᠎ᠠ᠃ ᠤᠯᠤᠰ ᠤᠨ ᠲᠦᠭᠡᠮᠡᠯ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠲᠤᠰᠬᠠᠢ ᠵᠦᠢᠯ ᠳᠤ ᠵᠢᠭᠰᠠᠭᠠᠭᠳᠠᠭᠰᠠᠨ ᠲᠥᠷᠥᠯ ᠵᠦᠢᠯ ᠳᠤ᠂ ᠰᠠᠭᠠᠲᠠᠭᠤᠯᠤᠨ ᠬᠥᠮᠥᠵᠢᠭᠦᠯᠬᠦ ᠣᠷᠣᠨ ᠲᠤᠭ᠎ᠠ ᠨᠢᠭᠡᠪᠦᠷᠢ ᠳᠤ ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠪᠡᠯᠡ ᠮᠥᠩᠭᠦ ᠶᠢᠨ ᠨᠥᠬᠦᠪᠦᠷᠢ ᠣᠯᠭᠤᠨ᠎ᠠ︔ ᠤᠯᠤᠰ ᠤᠨ ᠨᠡᠶᠢᠳᠡᠮ ᠬᠠᠷᠠᠭᠠᠯᠵᠠᠯᠲᠤ ᠰᠠᠭᠠᠲᠠᠭᠤᠯᠤᠨ ᠬᠥᠮᠥᠵᠢᠭᠦᠯᠬᠦ ᠦᠢᠯᠡᠴᠢᠯᠡᠭᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠣᠭᠤᠯᠤᠭᠰᠠᠨ ᠭᠠᠵᠠᠷ ᠣᠷᠣᠨ ᠳᠤ ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ 

      73. ᠭᠡᠷ ᠠᠬᠤᠢ ᠪᠠᠷ ᠬᠥᠳᠡᠭᠡ ᠲᠤᠰᠬᠤᠨ ᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠭᠡᠷ ᠠᠬᠤᠢ ᠬᠥᠳᠡᠯᠮᠦᠷᠢ ᠦᠢᠯᠡᠴᠢᠯᠡᠭᠡ ᠶᠢ ᠵᠣᠯᠭᠠᠭᠤᠯᠬᠤ ᠶᠢ ᠦᠷᠭᠦᠯᠵᠢᠯᠡᠨ ᠥᠷᠨᠢᠭᠦᠯᠵᠦ᠂ ᠭᠡᠷ ᠠᠬᠤᠢ ᠶᠢᠨ ᠠᠵᠤ ᠠᠬᠤᠶᠢᠯᠠᠯ ᠤᠨ ᠲᠤᠰᠠᠭᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠲᠤ ᠣᠷᠣᠵᠤ ᠰᠠᠭᠤᠬᠤ ᠶᠢ ᠵᠣᠷᠢᠭᠵᠢᠭᠤᠯᠤᠨ ᠳᠡᠮᠵᠢᠨ᠎ᠡ᠃ ᠭᠡᠷ ᠠᠬᠤᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠭᠡᠷ ᠠᠬᠤᠢ ᠶᠢᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ 

      74. ᠲᠤᠬᠠᠢ ᠶᠢᠨ ᠵᠢᠯ ᠳᠤ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠤᠨ ᠨᠡᠷ᠎ᠡ ᠳᠤᠷᠠᠳᠤᠭᠰᠠᠨ ᠱᠠᠩᠨᠠᠯ ᠢ ᠰᠢᠨ᠎ᠡ ᠪᠠᠷ ᠣᠯᠣᠭᠰᠠᠨ ᠨᠢᠭᠡᠴᠢ ᠶᠢ ᠲᠣᠰ ᠲᠣᠰ 500 ᠲᠦᠮᠡᠨ ᠲᠥᠭᠦᠷᠢᠭ᠂ 200 ᠲᠦᠮᠡᠨ ᠲᠥᠭᠦᠷᠢᠭ ᠢᠶᠠᠷ ᠱᠠᠩᠨᠠᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ ᠢ ᠰᠢᠨ᠎ᠡ ᠪᠠᠷ ᠣᠯᠣᠭᠰᠠᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠣᠯᠭᠤᠵᠤ᠂ ᠳᠤᠮᠳᠠᠳᠤ ᠶᠢᠨ ᠬᠠᠭᠤᠴᠢᠨ ᠨᠠᠷᠠᠲᠤ ᠠᠵᠤ ᠠᠬᠤᠶᠢᠯᠠᠯ᠂ ᠥᠪᠥᠷ ᠮᠣᠩᠭᠤᠯ ᠤᠨ ᠬᠠᠭᠤᠴᠢᠨ ᠨᠠᠷᠠᠲᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ︶ 

      ᠳᠥᠷᠪᠡ᠂ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ 

      ︵ᠨᠢᠭᠡ︶ ᠭᠠᠵᠠᠷ ᠰᠢᠷᠣᠢ ᠶᠢᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ 

      75.ᠤᠯᠤᠰ ᠢᠶᠠᠷ ᠵᠥᠪᠰᠢᠶᠡᠷᠡᠭᠦᠯᠦᠭᠡᠳ ᠡᠬᠢᠯᠡᠨ ᠬᠡᠷᠡᠭᠯᠡᠭᠰᠡᠨ ᠥᠪᠡᠷᠲᠡᠭᠡᠨ ᠵᠠᠰᠠᠬᠤ ᠣᠷᠣᠨ ᠤ ︽ᠭᠤᠷᠪᠠᠨ ᠣᠷᠣᠨ ᠭᠤᠷᠪᠠᠨ ᠱᠤᠭᠤᠮ ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠵᠢᠩᠬᠢᠨᠢ ᠪᠠᠷ ᠵᠥᠪᠰᠢᠶᠡᠷᠡᠬᠦ ᠠᠴᠠ ᠡᠮᠦᠨᠡᠬᠢ ᠰᠢᠯᠵᠢᠯᠲᠡ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠨᠢᠭᠡᠨᠲᠡ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠵᠤ ᠪᠠᠲᠤᠯᠠᠭᠰᠠᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠳᠠᠩᠰᠠ ᠡᠪᠬᠡᠮᠡᠯ ᠪᠠᠶᠢᠭᠤᠯᠵᠤ ᠮᠡᠳᠡᠭᠦᠯᠦᠨ ᠵᠥᠪᠰᠢᠶᠡᠷᠡᠭᠦᠯᠬᠦ ᠦᠨᠳᠦᠰᠦᠯᠡᠯ ᠪᠣᠯᠭᠠᠵᠤ ᠪᠣᠯᠣᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠨᠢ ᠵᠥᠪᠰᠢᠶᠡᠷᠡᠭᠳᠡᠭᠰᠡᠨ ᠤ ᠳᠠᠷᠠᠭ᠎ᠠ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠤᠰᠤᠨ ᠠᠰᠢᠭᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ 

      76. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠳᠤ ᠨᠡᠶᠢᠴᠡᠭᠦᠯᠦᠭᠰᠡᠨ ᠤᠷᠢᠲᠠᠯ ᠳᠣᠣᠷ᠎ᠠ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠠᠰᠢᠭᠯᠠᠭᠠᠳᠤᠢ ᠭᠠᠵᠠᠷ ᠰᠢᠷᠣᠢ ᠶᠢ ᠬᠡᠷᠡᠭᠯᠡᠬᠦ ᠶᠢ ᠨᠢ ᠳᠡᠮᠵᠢᠵᠦ᠂ ᠭᠤᠪᠢ᠂ ᠡᠯᠡᠰᠦᠨ ᠴᠥᠯ ᠵᠡᠷᠭᠡ ᠠᠰᠢᠭᠯᠠᠭᠠᠳᠤᠢ ᠭᠠᠵᠠᠷ ᠰᠢᠷᠣᠢ ᠶᠢ ᠬᠡᠷᠡᠭᠯᠡᠬᠦ ᠳᠤ᠂ ᠭᠠᠵᠠᠷ ᠰᠢᠷᠣᠢ ᠶᠢ ᠡᠵᠡᠯᠡᠨ  ᠳᠠᠷᠤᠬᠤ ᠦᠭᠡᠢ᠂ ᠭᠠᠵᠠᠷ ᠤᠨ ᠭᠠᠳᠠᠷᠭᠤ ᠶᠢᠨ ᠬᠡᠯᠪᠡᠷᠢ ᠪᠠᠶᠢᠳᠠᠯ ᠢ ᠨᠢ ᠬᠤᠪᠢᠷᠠᠭᠤᠯᠬᠤ ᠦᠭᠡᠢ ᠪᠠᠶᠢᠪᠠᠯ᠂ ᠤᠤᠯ ᠭᠠᠵᠠᠷ ᠤᠨ ᠲᠥᠷᠥᠯ ᠢᠶᠠᠷ ᠮᠠᠭᠠᠳᠯᠠᠨ ᠲᠣᠭᠲᠠᠭᠠᠨ᠎ᠠ᠃ ᠲᠥᠷᠥᠯ ᠵᠦᠢᠯ ᠤᠨ ᠥᠨᠢᠳᠡ ᠶᠢᠨ ᠴᠢᠨᠠᠷᠲᠠᠢ ᠪᠠᠷᠢᠯᠭ᠎ᠠ ᠳᠤ ᠬᠡᠷᠡᠭᠯᠡᠬᠦ ᠭᠠᠵᠠᠷ ᠤᠨ ᠬᠡᠰᠡᠭ ᠲᠤ ᠪᠣᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ︶ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ︶ 

      77. ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠷᠥᠯ ᠵᠦᠢᠯ ᠳᠤ ᠵᠠᠳᠠᠭᠠᠢ ᠠᠭᠤᠷᠬᠠᠢ ᠶᠢᠨ ᠰᠢᠷᠣᠢ ᠴᠢᠯᠠᠭᠤ ᠣᠪᠣᠭᠠᠯᠠᠬᠤ ᠲᠠᠯᠠᠪᠠᠶ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠭᠠᠵᠠᠷ ᠰᠢᠷᠣᠢ ᠶᠢ ᠠᠰᠢᠭᠯᠠᠬᠤ ᠶᠢ ᠨᠢ ᠵᠣᠷᠢᠭᠵᠢᠭᠤᠯᠤᠨ᠎ᠠ᠃ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠠᠳ ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠪᠣᠯ ᠬᠤᠪᠢᠷᠠᠭᠤᠯᠬᠤ ᠪᠠᠶᠢᠴᠠᠭᠠᠯᠲᠠ ᠶᠢᠨ ᠮᠡᠷᠭᠡᠵᠢᠯ ᠤᠨ ᠳᠦᠷᠢᠮ ᠤᠨ ᠪᠠᠷᠢᠮᠵᠢᠶ᠎ᠠ ᠶᠢ ᠦᠨᠳᠦᠰᠦᠯᠡᠨ᠂ ᠬᠤᠪᠢᠷᠠᠭᠤᠯᠬᠤ ᠨᠥᠬᠦᠴᠡᠯ ᠳᠤ ᠨᠡᠶᠢᠴᠡᠭᠰᠡᠨ ᠪᠠᠶᠢᠪᠠᠯ ᠣᠳᠣᠬᠢ ᠪᠠᠶᠢᠳᠠᠯ ᠤᠨ ᠪᠠᠶᠢᠴᠠᠭᠠᠯᠲᠠ ᠶᠢ ᠨᠢ ᠦᠨᠳᠦᠰᠦᠯᠡᠨ᠂ ᠤᠯᠤᠰ ᠲᠤ ᠮᠡᠳᠡᠭᠦᠯᠦᠨ ᠬᠤᠪᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ︶ 

      ︵ᠬᠤᠶᠠᠷ︶ ᠤᠰᠤᠨ ᠤ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ 

      78. ᠠᠶᠢᠮᠠᠭ ᠬᠤᠲᠠ ᠶᠢᠨ ᠬᠤᠭᠤᠷᠣᠨᠳᠣᠬᠢ ᠤᠰᠤᠨ ᠤ ᠡᠷᠬᠡ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2024 ᠣᠨ ᠳᠤ ᠬᠠᠲᠤᠨ ᠭᠤᠣᠯ ᠳᠠᠭᠠᠤ ᠶᠢᠨ ᠠᠶᠢᠮᠠᠭ ᠬᠤᠲᠠ ᠳᠤ  ᠠᠵᠤ ᠦᠢᠯᠡᠳᠪᠦᠷᠢ ᠶᠢᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 5000 ᠲᠦᠮᠡᠨ ᠪᠣᠰᠤᠭ᠎ᠠ ᠳᠥᠷᠪᠡᠯᠵᠢᠨ ᠮᠧᠲᠷ  ᠰᠢᠢᠳᠪᠦᠷᠢᠯᠡᠵᠦ ᠥᠭᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶ 

      ︵ᠭᠤᠷᠪᠠ︶ ᠡᠨᠧᠷᠬᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ᠎ᠡ᠃ 

      79. ᠰᠢᠨ᠎ᠡ ᠪᠠᠷ ᠨᠡᠮᠡᠭᠳᠡᠭᠰᠡᠨ ᠲᠦᠭᠦᠬᠡᠢ ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠡᠵᠡᠮᠳᠡᠯ ᠳᠤ ᠣᠷᠣᠭᠤᠯᠬᠤ ᠦᠭᠡᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠯᠠᠭᠤᠵᠢᠮᠠᠯ ᠤᠨ ᠡᠨᠧᠷᠭᠢ ᠪᠠ ᠳᠠᠬᠢᠯᠲᠠ ᠡᠨᠧᠷᠭᠢ᠂ ᠲᠦᠯᠡᠰᠢ ᠶᠢᠨ ᠬᠥᠳᠡᠯᠭᠡᠭᠴᠢ ᠬᠦᠴᠦᠨ ᠳᠤ ᠬᠡᠷᠡᠭᠯᠡᠬᠦ ᠡᠨᠧᠷᠭᠢ ᠪᠠ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠡᠨᠧᠷᠭᠢ ᠳᠤ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠵᠦᠷᠢᠶᠡᠴᠢᠯᠡᠭᠰᠡᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠨᠥᠯᠥᠭᠡ ᠶᠢ ᠦᠨᠡᠯᠡᠨ ᠵᠢᠱᠢᠬᠦ ᠳᠤᠮᠳᠠ᠂ ᠲᠦᠷᠦᠯ ᠵᠦᠢᠯ ᠤᠨ ᠲᠦᠭᠦᠬᠡᠢ  ᠡᠳ᠋ ᠲᠤ ᠬᠡᠷᠡᠭᠯᠡᠬᠦ ᠡᠨᠧᠷᠭᠢ ᠪᠠ ᠳᠠᠬᠢᠯᠲᠠ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠶᠢ ᠬᠠᠷᠭᠤᠭᠤᠯᠤᠨ ᠬᠠᠰᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ︶ 

      80. ᠲᠥᠷᠥᠯ ᠵᠦᠢᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢᠨ ᠬᠡᠪ ᠳᠠᠭᠤᠷᠢᠶᠠᠯ ᠤᠨ ᠬᠡᠮᠵᠢᠭᠳᠡᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠧᠷᠭᠢ ᠶᠢᠨ  ᠬᠤᠷᠣᠭᠳᠠᠯ ᠤᠨ ᠬᠦᠴᠦᠯᠡᠴᠡ ᠶᠢᠨ ᠤᠳᠤᠷᠢᠳᠤᠮᠵᠢ ᠶᠢ ᠲᠣᠪᠤᠶᠢᠯᠭᠠᠨ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠠᠲᠤᠯᠠᠵᠤ᠂ ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠᠷ ᠶᠡᠭᠡ ᠲᠥᠷᠥᠯ ᠵᠦᠢᠯ ᠤᠨ ᠨᠥᠯᠥᠭᠡ ᠶᠢ ᠪᠦᠲᠦᠮᠵᠢᠲᠡᠶ ᠠᠷᠢᠯᠭᠠᠵᠤ᠂ ᠡᠨᠧᠷᠭᠢ ᠶᠢᠨ ᠬᠤᠷᠣᠭᠳᠠᠯ ᠤᠨ ᠬᠦᠴᠦᠨ ᠵᠦᠢᠯ ᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠨᠡᠮᠡᠯᠲᠡ ᠥᠷᠲᠡᠭ ᠢᠶᠠᠷ ᠥᠨᠳᠥᠷ ᠪᠠᠶᠢᠭ᠎ᠠ ᠲᠦᠷᠦᠯ ᠵᠦᠢᠯ ᠲᠡᠶᠢᠰᠢ ᠳᠦᠬᠦᠷᠵᠢᠭᠦᠯᠦᠨ ᠲᠣᠬᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ 

      81. ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢ ᠠᠰ ᠲᠤ ᠨᠢ ᠵᠢᠭᠰᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶ 

      82. ᠪᠥᠬᠦ ᠣᠷᠣᠨ ᠤ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠳᠠᠬᠢ ᠰᠢᠨ᠎ᠡ ᠪᠠᠷ  ᠪᠠᠶᠢᠭᠤᠯᠬᠤ ᠪᠠᠷᠢᠯᠭ᠎ᠠ ᠳᠤ ᠪᠣᠬᠢᠷᠲᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ 2024 ᠣᠨ ᠤ ᠰᠡᠭᠦᠯᠴᠢ ᠪᠣᠯᠬᠤ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ 25% ᠳᠤ ᠬᠦᠷᠦᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ 

      ︵ᠳᠥᠷᠪᠡ︶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 

      83. ᠲᠤᠬᠠᠢ ᠶᠢᠨ ᠵᠢᠯ ᠳᠤ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ︾ ᠤ ᠭᠤᠣᠯ ᠴᠣᠭᠴᠠ ᠶᠢ ᠳᠡᠮᠵᠢᠵᠦ ᠪᠠᠶᠢᠭᠠᠳ ᠪᠡᠯᠡ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠨᠢ ᠲᠣᠭᠲᠠᠭᠠᠭᠰᠠᠨ ᠨᠥᠬᠦᠴᠡᠯ ᠳᠤ ᠬᠦᠷᠦᠭᠰᠡᠨ ᠪᠡᠯᠡ ᠲᠣᠬᠢᠷᠠᠭᠤᠯᠭ᠎ᠠ ᠶᠢᠨ ᠪᠠᠲᠤᠯᠠᠨ ᠳᠠᠭᠠᠭᠠᠯᠲᠠ ᠶᠢᠨ ᠺᠣᠮᠫᠠᠨᠢ ᠳᠤ᠂ ᠲᠤᠬᠠᠢ ᠶᠢᠨ ᠵᠢᠯ  ᠳᠠᠬᠢ  ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠨ ︾ ᠤ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠶᠢᠨ ᠰᠢᠨ᠎ᠡ ᠪᠠᠷ ᠨᠡᠮᠡᠭᠳᠡᠭᠰᠡᠨ ᠬᠠᠷᠢᠭᠤᠴᠠᠯᠭᠠᠲᠤ ᠵᠣᠭᠤᠰᠤᠨ ᠲᠤᠭ᠎ᠠ ᠶᠢᠨ 1% ᠪᠠᠷ ᠲᠦᠭᠰᠢᠭᠦᠷᠢ ᠶᠢᠨ ᠨᠥᠬᠦᠪᠦᠷᠢ ᠥᠭᠴᠦ᠂ ᠭᠠᠭᠴᠠ ᠡᠷᠦᠬᠡ ᠳᠤ ᠬᠠᠮᠤᠭ ᠤᠨ ᠢᠯᠡᠭᠦᠦ ᠳᠤ ᠪᠠᠨ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠤᠬᠠᠢ ᠶᠢᠨ ᠵᠢᠯ ᠳᠤ ᠬᠤᠷᠢᠶᠠᠭᠰᠠᠨ ᠵᠢᠵᠢᠭ ᠪᠢᠴᠢᠯ ᠠᠵᠤ ᠠᠬᠤᠶᠢᠯᠠᠯ ᠪᠠ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ︾ ᠤᠨ ᠭᠤᠣᠯ ᠴᠣᠭᠴᠠ ᠶᠢᠨ ᠪᠠᠲᠤᠯᠠᠨ ᠳᠠᠭᠠᠭᠠᠯᠲᠠ ︵ᠳᠠᠬᠢᠨ ᠪᠠᠲᠤᠯᠠᠨ ᠳᠠᠭᠠᠭᠠᠯᠲᠠ︶ ᠶᠢᠨ ᠰᠢᠨ᠎ᠡ ᠪᠠᠷ ᠨᠡᠮᠡᠭᠳᠡᠭᠰᠡᠨ ᠵᠠᠷᠤᠳᠠᠯ ᠤᠨ ᠨᠣᠷᠮ᠎ᠠ ᠨᠢ 1% ︵ᠪᠠᠭᠲᠠᠨ᠎ᠠ︶ ᠠᠴᠠ ᠳᠣᠷᠣᠭᠰᠢ ᠪᠠᠶᠢᠪᠠᠯ᠂ ᠲᠤᠬᠠᠢ ᠶᠢᠨ ᠵᠢᠯ ᠤᠨ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠣᠷᠣᠯᠭ᠎ᠠ ︵ᠭᠠᠶᠢᠯᠢ ᠶᠢᠨ ᠮᠥᠩᠭᠦ ᠪᠠᠭᠲᠠᠬᠤ ᠦᠭᠡᠢ︶ ᠶᠢᠨ 10% ᠪᠠᠷ ᠪᠠᠲᠤᠯᠠᠨ ᠳᠠᠭᠠᠭᠠᠯᠲᠠ ᠶᠢᠨ ᠵᠠᠷᠤᠳᠠᠯ ᠤᠨ ᠨᠥᠬᠦᠪᠦᠷᠢ ᠣᠯᠭᠤᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶﹈

      84. ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠡᠯᠡ ᠲᠣᠬᠢᠷᠠᠭᠤᠯᠭ᠎ᠠ ᠶᠢ ᠳᠡᠮᠵᠢᠵᠦ᠂ ᠪᠡᠯᠡ ᠲᠣᠬᠢᠷᠠᠭᠤᠯᠬᠤ ᠥᠪᠡᠷ ᠤᠨ ᠥᠷᠲᠡᠭ ᠢ ᠬᠠᠮᠤᠭ ᠤᠨ ᠥᠨᠳᠥᠷ ᠲᠤ ᠪᠠᠨ 8% ᠠᠴᠠ ᠥᠯᠥ ᠳᠠᠪᠠᠭᠤᠯᠬᠤ ᠪᠠᠷᠢᠮᠵᠢᠶ᠎ᠠ ᠶᠣᠰᠣᠭᠠᠷ᠂ ᠭᠤᠣᠯᠳᠠᠭᠤ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠳᠠᠷᠢᠵᠤ ᠲᠡᠵᠢᠭᠡᠬᠦ ᠲᠣᠮᠣ ᠡᠷᠦᠬᠡ᠂ ᠲᠠᠷᠢᠶᠠᠴᠢᠨ ᠮᠠᠯᠴᠢᠨ ᠤ ᠬᠤᠷᠰᠢᠶ᠎ᠠ ᠵᠡᠷᠭᠡ ᠵᠣᠬᠢᠬᠤ ᠬᠡᠪᠴᠢᠶᠡᠲᠦ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ 10 ᠲᠦᠮᠡᠨ ᠲᠥᠭᠦᠷᠢᠭ ᠠᠴᠠ 300 ᠲᠦᠮᠡᠨ ᠲᠥᠭᠦᠷᠢᠭ ᠤᠨ ᠪᠠᠲᠤᠯᠠᠨ ᠳᠠᠭᠠᠭᠠᠯᠲᠠᠲᠤ ᠵᠢᠭᠡᠯᠡᠯᠭᠡ ᠶᠢ ᠬᠠᠩᠭᠠᠨ᠎ᠠ᠃ ﹇ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ﹈ 

      85. ᠲᠠᠷᠢᠶᠠᠯᠠᠩ ᠤᠨ ᠳᠠᠭᠠᠳᠬᠠᠯ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠮᠤ ᠪᠤᠳᠠᠭᠠᠨ ᠤ ᠤᠨᠠᠯᠲᠠ ᠥᠨᠳᠥᠷ ᠰᠢᠶᠠᠨ ᠳᠤ ᠠᠮᠤ ᠪᠤᠳᠠᠭᠠᠨ ᠤ ᠭᠤᠷᠪᠠᠨ ᠶᠡᠭᠡ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠤᠶᠤ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠲᠣᠰ ᠲᠣᠰ 45% ᠪᠠ 30% ᠶᠢᠨ ᠳᠠᠭᠠᠳᠬᠠᠯ ᠤᠨ ᠵᠠᠷᠤᠳᠠᠯ ᠤᠨ ᠨᠡᠮᠡᠭᠦᠷᠢ ᠶᠢ ᠡᠭᠦᠷᠭᠡᠯᠡᠨ᠎ᠡ᠃ ᠨᠤᠲᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠳᠬᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ﹇ ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ  ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      86. ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠢᠭᠡᠯᠡᠯᠭᠡ ᠶᠢᠨ ᠢᠲᠡᠭᠡᠮᠵᠢ ᠶᠢᠨ ᠪᠠᠲᠤᠯᠠᠭ᠎ᠠ ᠶᠢᠨ ᠰᠠᠭᠤᠷᠢ ᠮᠥᠩᠭᠦᠨ ᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠠᠮᠤ ᠪᠤᠳᠠᠭᠠᠨ ᠤ ᠠᠵᠤ ᠠᠬᠤᠶᠢᠯᠠᠯ ᠤᠨ ᠠᠮᠤ ᠪᠤᠳᠠᠭ᠎ᠠ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠨᠠᠩ ᠶᠡᠭᠡ ᠬᠡᠪᠴᠢᠶᠡᠨ ᠤ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠶᠢ ᠨᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ︶ 

      87. 2024 ᠣᠨ ᠳᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠬᠥᠲᠥᠯᠥᠨ ᠵᠢᠯᠤᠭᠤᠳᠬᠤ ᠰᠠᠭᠤᠷᠢ ᠮᠥᠩᠭᠦ ᠶᠢ 2 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶᠡᠨ ᠤ ᠴᠢᠬᠤᠯᠠ ᠶᠡᠭᠡ ᠲᠥᠷᠥᠯ ᠵᠦᠢᠯ ᠢ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠡᠮᠵᠢᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢ ᠮᠥᠩᠭᠦ ᠶᠢ ᠳᠠᠭᠠᠭᠠᠨ ᠲᠤᠰᠢᠶᠠᠵᠤ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠨ᠎ᠠ᠃ ᠨᠢᠭᠡᠨᠲᠡ ᠪᠠᠶᠢᠭ᠎ᠠ ᠠᠵᠤ ᠦᠢᠯᠡᠰ ᠢ ᠬᠦᠴᠦᠷᠬᠡᠭᠵᠢᠭᠦᠯᠬᠦ᠂ ᠰᠢᠨ᠎ᠡ ᠪᠠᠷ ᠪᠣᠶ ᠪᠣᠯᠬᠤ ᠠᠵᠤ ᠦᠢᠯᠡᠰ ᠢ ᠨᠡᠪᠴᠢᠭᠦᠯᠬᠦ᠂ ᠢᠷᠡᠭᠡᠳᠦᠢ ᠶᠢᠨ ᠠᠵᠤ ᠦᠢᠯᠡᠰ ᠢ ᠡᠵᠡᠮᠰᠢᠬᠦ ᠳᠤ ᠦᠵᠡᠭᠦᠯᠬᠦ ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠦᠢᠯᠡᠳᠦᠯ ᠢ ᠪᠠᠳᠠᠷᠠᠭᠤᠯᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠰᠢᠨ᠎ᠡ ᠶᠢ ᠡᠭᠦᠳᠦᠨ ᠰᠤᠳᠤᠯᠤᠨ ᠨᠡᠭᠡᠭᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ 

      88. ᠤᠷᠤᠰᠤᠩᠭᠤᠢ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠲᠠᠶᠢᠯᠬᠤ ᠬᠥᠭᠵᠢᠯᠲᠡ ᠶᠢᠨ ᠰᠠᠭᠤᠷᠢ ᠮᠥᠩᠭᠦᠨ ᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠲᠠᠶᠢᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠤᠷᠤᠰᠤᠩᠭᠤᠢ ᠴᠢᠨᠠᠷᠲᠠᠢ ᠲᠦᠭᠰᠢᠭᠦᠷᠢ ᠪᠠ ᠪᠠᠲᠤᠯᠠᠭ᠎ᠠ ᠲᠠᠢ ᠵᠣᠭᠤᠰ ᠰᠣᠯᠢᠵᠤ ᠥᠭᠬᠦ᠂ ᠢᠲᠡᠭᠡᠮᠵᠢ ᠶᠢᠨ ᠥᠷᠢ ᠥᠭᠴᠡᠭᠡ ᠶᠢᠨ ᠵᠣᠭᠤᠰ ᠰᠣᠯᠢᠵᠤ ᠥᠭᠬᠦ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠠᠯᠭᠤᠷᠯᠠᠨ ᠨᠠᠮᠳᠠᠭᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ︶ 

      89. ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠬᠤᠣᠰ ᠴᠢᠭᠯᠡᠯ ᠤᠨ ᠬᠡᠯᠪᠡᠯᠵᠡᠯ ᠢ ᠪᠦᠲᠦᠮᠵᠢᠲᠡᠶ ᠪᠠᠷ ᠠᠷᠭᠠᠴᠠᠭᠠᠵᠤ᠂ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ ᠪᠣᠳᠣᠯᠭ᠎ᠠ ᠵᠢᠴᠢ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠨᠡᠷᠡᠳᠭᠦᠨ ᠢ ᠳᠡᠯᠭᠡᠷᠡᠭᠦᠯᠬᠦ ᠶᠢ ᠨᠢ ᠲᠡᠮᠵᠢᠵᠤ᠂ ᠪᠠᠩᠬᠢ ᠶᠢᠨ ᠵᠠᠷᠤᠳᠠᠯ ᠰᠦᠢᠳᠬᠡᠯ ᠢ ᠪᠠᠭᠤᠷᠠᠭᠤᠯᠬᠤ ᠪᠠᠷ ᠠᠰᠢᠭ ᠣᠯᠭᠤᠬᠤ ᠶᠢ ᠵᠣᠷᠢᠭᠵᠢᠭᠤᠯᠵᠤ᠂ ᠭᠠᠳᠠᠭᠠᠳᠤ ᠲᠠᠢ ᠬᠤᠯᠪᠣᠭᠳᠠᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢᠨ ᠰᠠᠭᠠᠷᠮᠠᠭ ᠴᠢᠨᠠᠷ ᠤᠨ ᠤᠬᠠᠮᠰᠠᠷ ᠢ ᠪᠣᠢ ᠪᠣᠯᠭᠠᠵᠤ᠂ ᠠᠵᠤ ᠠᠬᠤᠶᠢᠯᠠᠯ ᠤᠨ ᠭᠤᠪᠢᠭᠤᠯᠭ᠎ᠠ ᠶᠢᠨ ᠲᠦᠭᠰᠢᠭᠦᠷᠢ ᠶᠢᠨ ᠬᠠᠮᠢᠶᠠᠷᠤᠯᠲᠠ ᠶᠢᠨ ᠴᠢᠳᠠᠪᠤᠷᠢ ᠬᠢᠭᠡᠳ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠢᠵᠢᠭ ᠪᠢᠴᠢᠯ ᠠᠵᠤ ᠠᠬᠤᠶᠢᠯᠠᠯ ᠤᠨ ᠭᠤᠪᠢᠭᠤᠯᠭ᠎ᠠ ᠶᠢᠨ ᠨᠤᠷᠮ᠎ᠠ ᠶᠢᠨ ᠲᠦᠭᠰᠢᠭᠦᠷᠢ ᠠᠴᠠ ᠵᠠᠶᠢᠯᠠᠬᠤ ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠲᠤᠯᠠᠨ ᠳᠠᠭᠠᠭᠠᠯᠲᠠ ᠶᠢᠨ ᠲᠣᠭᠲᠠᠴᠠ ᠶᠢ ᠠᠬᠢᠭᠤᠯᠤᠨ ᠪᠣᠳᠠᠲᠠᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ  ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      90. ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠬᠢᠬᠦ ᠥᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠣᠷᠢᠭᠵᠢᠭᠤᠯᠵᠤ᠂ ᠬᠠᠷᠢᠶ᠎ᠠ ᠣᠷᠣᠨ ᠳᠠᠬᠢ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ  ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠡᠯᠡᠭᠰᠡᠨ ᠦᠨ᠎ᠡ ᠶᠢᠨ ᠬᠦᠦ ᠮᠥᠩᠭᠦᠨ ᠤ ᠨᠣᠷᠮ᠎ᠠ ︵LPR︶  ᠶᠢ ᠳᠣᠲᠣᠭᠠᠳᠤ ᠶᠢᠨ ᠪᠡᠯᠡ ᠮᠥᠩᠭᠦ ᠪᠠᠨ ᠰᠢᠯᠵᠢᠭᠦᠯᠦᠨ ᠦᠨ᠎ᠡ ᠲᠣᠭᠲᠠᠭᠠᠬᠤ ︵FTP︶ ᠳᠤ ᠰᠢᠭᠢᠳᠬᠡᠨ ᠣᠷᠣᠭᠤᠯᠬᠤ ᠶᠢ ᠨᠢ ᠳᠡᠮᠵᠢᠵᠦ᠂ ᠵᠢᠭᠡᠯᠡᠯᠭᠡ ᠲᠠᠯᠪᠢᠬᠤ ᠪᠠᠶᠢᠭᠤᠯᠤᠮᠵᠢ ᠶᠢᠨ ᠵᠢᠭᠡᠯᠡᠯᠭᠡ ᠶᠢᠨ ᠣᠨ ᠤ ᠬᠦᠦ ᠮᠥᠩᠭᠦᠨ ᠤ ᠨᠣᠷᠮ᠎ᠠ ᠶᠢ ᠱᠠᠭᠠᠷᠳᠠᠯᠭ᠎ᠠ ᠶᠣᠰᠣᠭᠠᠷ ᠲᠣᠳᠣᠷᠬᠠᠢ ᠢᠯᠡᠷᠬᠡᠶᠢᠯᠡᠬᠦ ᠳᠤ ᠦᠷᠭᠦᠯᠵᠢᠯᠡᠨ ᠬᠢᠨᠠᠯᠲᠠ ᠲᠠᠯᠪᠢᠨ᠎ᠠ᠃ ︵ᠬᠠᠷᠢᠭᠤᠴᠠᠯᠭᠠᠲᠤ  ᠨᠢᠭᠡᠴᠢ᠄ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      91. ᠨᠠᠩ ᠣᠯᠠᠨ ᠴᠢᠨᠠᠷ ᠰᠠᠶᠢᠲᠠᠢ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠤᠨ᠎ᠠ᠃ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠶᠢ ᠬᠠᠪᠰᠤᠷᠤᠨ ᠵᠢᠯᠤᠭᠤᠳᠴᠤ ᠳᠠᠩᠰᠠᠯᠠᠭᠤᠯᠬᠤ ᠶᠢ ᠭᠦᠢᠴᠡᠳᠬᠡᠭᠰᠡᠨ ᠠᠵᠤ ᠠᠬᠤᠶᠢᠯᠠᠯ ᠳᠤ 100 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ︔ ᠱᠠᠩᠬᠠᠢ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠵᠠᠬ᠎ᠠ ᠳᠡᠯᠭᠡᠭᠦᠷ ᠲᠤ  ᠭᠠᠷᠬᠤ ᠪᠠᠷ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠭᠰᠠᠨ ᠪᠥᠭᠡᠳ ᠬᠦᠯᠢᠶᠡᠨ ᠠᠪᠴᠤ ᠰᠢᠢᠳᠪᠦᠷᠢᠯᠡᠭᠰᠡᠨ ᠠᠵᠤ ᠠᠬᠤᠶᠢᠯᠠᠯ ᠳᠤ 200 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ ︔ ᠱᠠᠩᠬᠠᠢ᠂ ᠱᠧᠨᠵᠧᠨ᠂ ᠪᠡᠭᠡᠵᠢᠩ ᠤᠨ ᠲᠡᠮᠳᠡᠭᠲᠦ ᠶᠢᠨ ᠠᠷᠠᠯᠵᠢᠶᠠᠨ ᠤ ᠭᠠᠵᠠᠷ ᠲᠤ ᠠᠩᠬ᠎ᠠ ᠲᠠᠷᠬᠠᠭᠠᠵᠤ ᠵᠠᠬ᠎ᠠ  ᠳᠡᠯᠭᠡᠭᠦᠷ ᠲᠤ  ᠭᠠᠷᠬᠤ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ 1000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠣᠯᠭᠤᠨ᠎ᠠ ︔ ᠬᠢᠯᠢ ᠶᠢᠨ ᠭᠠᠳᠠᠨ᠎ᠠ ︵ᠰᠢᠶᠠᠩᠭᠠᠩ᠂ ᠨᠢᠦ᠋ ᠶᠣᠷᠺ᠂ ᠨᠠᠰᠳᠠᠺ ᠤᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ︶ ᠵᠠᠬ᠎ᠠ ᠳᠤ ᠭᠠᠷᠤᠭᠰᠠᠨ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶

      ︵ᠲᠠᠪᠤ︶ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ 

      ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠬᠤᠪᠢ ᠬᠥᠮᠥᠨ᠂ ᠵᠣᠬᠢᠶᠠᠨ ᠪᠠᠶᠢᠭᠤᠯᠤᠯᠲᠠ ᠳᠤ ᠥᠪᠡᠷᠲᠡᠭᠡᠨ ᠵᠠᠰᠠᠬᠤ ᠣᠷᠣᠨ ᠠᠴᠠ ᠤᠯᠤᠰ ᠤᠨ ᠱᠠᠩᠨᠠᠯ ᠤᠨ ᠮᠥᠩᠭᠦ ᠶᠢᠨ ᠲᠣᠭᠠᠨ ᠤ 5 ᠳᠠᠬᠢᠨ ᠢᠶᠠᠷ ᠱᠠᠩᠨᠠᠯ ᠤᠨ ᠮᠥᠩᠭᠦ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ᠳᠡᠮᠵᠢᠯᠭᠡ ᠣᠯᠭᠤᠨ᠎ᠠ᠂ ᠡᠭᠦᠨ ᠳᠤ 60% ᠶᠢ ᠨᠢ ᠱᠠᠩᠨᠠᠯ ᠣᠯᠣᠭᠰᠠᠨ ᠲᠥᠷᠥᠯ ᠵᠦᠢᠯ ᠤᠨ ᠭᠤᠣᠯ ᠪᠡᠶᠡᠯᠡᠭᠦᠯᠦᠭᠴᠢ ᠶᠢ ᠱᠠᠩᠨᠠᠬᠤ ᠳᠤ ᠬᠡᠷᠡᠭᠯᠡᠵᠦ᠂ 40% ᠶᠢ ᠨᠢ ᠲᠥᠷᠥᠯ ᠵᠦᠢᠯ ᠢ ᠪᠡᠶᠡᠯᠡᠭᠦᠯᠦᠭᠰᠡᠨ ᠨᠢᠭᠡᠴᠢ ᠶᠢᠨ ᠡᠵᠡ ᠮᠡᠳᠡᠵᠦ ᠰᠣᠩᠭᠤᠭᠰᠠᠨ ᠰᠡᠳᠦᠪ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠳᠤ ᠬᠡᠷᠡᠭᠯᠡᠨ᠎ᠡ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠤ ᠰᠲ᠋ᠣᠺ ᠤᠨ ᠡᠷᠬᠡ᠂ ᠬᠤᠭᠤᠴᠠᠭᠠᠲᠤ ᠡᠷᠬᠡ ᠪᠠ ᠠᠰᠢᠭ ᠬᠤᠪᠢᠶᠠᠷᠢᠯᠠᠯᠲᠠ ᠶᠢᠨ ᠤᠷᠮᠠᠰᠢᠭᠤᠯᠤᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠤᠯᠤᠰ ᠤᠨ ᠲᠣᠭᠲᠠᠭᠠᠯ ᠶᠣᠰᠣᠭᠠᠷ ᠲᠥᠷᠥᠯ ᠵᠦᠢᠯ ᠤᠨ ᠠᠰᠢᠭ ᠣᠷᠣᠯᠭ᠎ᠠ ᠬᠤᠪᠢᠶᠠᠬᠤ᠂ ᠠᠵᠢᠯ ᠤᠨ ᠪᠠᠶᠢᠷᠢ ᠶᠢᠨ ᠠᠰᠢᠭ ᠣᠷᠣᠯᠭ᠎ᠠ ᠬᠤᠪᠢᠶᠠᠬᠤ ᠵᠡᠷᠭᠡ ᠤᠷᠲᠤᠪᠲᠤᠷ ᠪᠠ ᠣᠷᠳᠣ ᠬᠤᠭᠤᠴᠠᠭᠠᠨ ᠤ ᠤᠷᠮᠠᠰᠢᠭᠤᠯᠤᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ  ᠤᠯᠠᠷᠢᠭᠤᠯᠤᠯᠲᠠ ᠶᠢᠨ ᠠᠰᠢᠭ ᠣᠷᠣᠯᠭ᠎ᠠ ᠶᠢ ᠬᠡᠷᠡᠭᠵᠢᠭᠦᠯᠦᠭᠰᠡᠨ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠪᠣᠯ ᠣᠯᠭᠤᠭᠰᠠᠨ ᠤᠷᠮᠠᠰᠢᠭᠤᠯᠤᠯ ᠤᠨ ᠣᠷᠣᠯᠭ᠎ᠠ ᠶᠢ ᠪᠣᠳᠠᠲᠠᠢ ᠪᠠᠷ ᠴᠠᠯᠢᠩ ᠤᠨ ᠶᠡᠷᠦᠩᠬᠡᠢ ᠲᠣᠭᠠᠨ ᠳᠤ ᠪᠤᠳᠤᠵᠤ ᠣᠷᠣᠭᠤᠯᠤᠨ᠎ᠠ᠂ ᠴᠠᠯᠢᠩ ᠤᠨ ᠶᠡᠷᠦᠩᠬᠡᠢ ᠲᠣᠭᠠᠨ ᠤ ᠲᠥᠰᠥᠪ ᠤᠨ ᠰᠠᠭᠤᠷᠢ ᠲᠤᠭ᠎ᠠ ᠪᠣᠯᠭᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶ 

      93. ᠴᠢᠳᠠᠪᠤᠷᠢᠲᠠᠨ ᠤ ᠡᠷᠦᠬᠡ ᠠᠮᠠ ᠣᠷᠣᠬᠤ ᠪᠠ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠤ ᠡᠷᠦᠬᠡ ᠠᠮᠠ ᠣᠷᠣᠬᠤ ᠳᠤ ᠰᠠᠭᠠᠳ ᠦᠭᠡᠢ ᠨᠡᠪᠲᠡᠷᠡᠬᠦ ᠵᠠᠮ ᠵᠢᠴᠢ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠥᠬᠦᠴᠡᠯ ᠳᠤ ᠨᠡᠶᠢᠴᠡᠭᠡᠳ ᠥᠪᠥᠷ ᠮᠣᠩᠭᠤᠯ ᠳᠤ ᠢᠷᠡᠵᠦ ᠠᠵᠢᠯ ᠣᠯᠣᠭᠰᠠᠨ ᠳᠡᠭᠡᠳᠦ ᠲᠠᠰ ᠳᠠᠪᠬᠤᠷᠭ᠎ᠠ ᠶᠢᠨ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠢ ᠨᠢ ᠬᠠᠷᠢᠶ᠎ᠠ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠤ ᠨᠢ ᠳᠦᠭᠦᠮ ᠢ ᠨᠢ ᠪᠣᠳᠣᠯᠬᠢᠯᠠᠨ  ᠲᠣᠬᠢᠷᠠᠭᠤᠯᠵᠤ ᠰᠤᠷᠭᠠᠭᠤᠯᠢ ᠳᠤ ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ 

      94. ᠠᠶᠢᠮᠠᠭ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠶᠢ ᠨᠢ ᠳᠡᠮᠵᠢᠵᠦ᠂ ᠨᠥᠬᠦᠴᠡᠯ ᠳᠤ ᠨᠡᠶᠢᠴᠡᠬᠦ ᠬᠤᠲᠠ ᠶᠢᠨ ᠰᠢᠨ᠎ᠡ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ  ᠲᠠᠯ᠎ᠠ ᠪᠠᠷ ᠬᠦᠴᠢᠷᠳᠡᠯᠲᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ᠂ ᠣᠷᠣᠯᠭ᠎ᠠ ᠪᠠᠭᠠᠲᠠᠢ ᠪᠥᠭᠡᠳ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠭᠡᠷ ᠪᠦᠯᠢ ᠶᠢ ᠭᠤᠶᠤᠴᠢᠯᠠᠯ ᠢᠶᠠᠷ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠦᠨ᠎ᠡ᠃ ᠡᠯ᠎ᠡ ᠭᠠᠵᠠᠷ ᠣᠷᠣᠨ ᠨᠢ ᠲᠤᠬᠠᠢ ᠶᠢᠨ ᠭᠠᠵᠠᠷ ᠤᠨ ᠢᠶᠠᠨ ᠴᠢᠳᠠᠪᠤᠷᠢᠲᠠᠨ ᠣᠷᠣᠭᠤᠯᠵᠤ ᠠᠪᠴᠢᠷᠠᠬᠤ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠠᠳᠠᠯᠢ ᠪᠤᠰᠤ ᠲᠡᠰ ᠳᠠᠪᠬᠤᠷᠭ᠎ᠠ ᠶᠢᠨ ᠴᠢᠳᠠᠪᠤᠷᠢᠲᠠᠨ ᠳᠤ ᠴᠢᠭᠯᠡᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠣᠳᠠᠲᠠᠢ ᠪᠠᠲᠤᠯᠠᠭ᠎ᠠ ᠶᠢᠨ ᠬᠡᠪᠴᠢᠶ᠎ᠡ᠂ ᠪᠠᠲᠤᠯᠠᠭ᠎ᠠ ᠶᠢᠨ ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠠᠷᠭ᠎ᠠ ᠬᠡᠯᠪᠡᠷᠢ ᠶᠢ ᠲᠣᠭᠲᠠᠭᠠᠵᠤ ᠪᠣᠯᠣᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ 2024 ᠣᠨ ᠳᠤ ᠬᠤᠳᠠ ᠪᠠᠯᠭᠠᠰᠤᠨ ᠤ 1185 ᠬᠠᠭᠤᠴᠢᠨ ᠰᠠᠭᠤᠭᠠᠯᠢ ᠲᠣᠭᠤᠷᠢᠭ᠂ 19.55 ᠲᠦᠮᠡᠨ ᠡᠷᠤᠭᠡ  ᠶᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠨ᠎ᠡ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠣᠯᠣᠨ ᠣᠷᠣᠰᠢᠨ ᠰᠠᠭᠤᠬᠤ ᠣᠷᠴᠢᠨ ᠨᠥᠬᠦᠴᠡᠯ ᠢ ᠨᠢ ᠪᠦᠲᠦᠮᠵᠢᠲᠡᠶ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︶ 

      95. ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ ᠪᠠᠶᠢᠭᠤᠯᠤᠭᠰᠠᠨ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠲᠤᠰᠬᠠᠢ ᠣᠷᠣᠨ ᠲᠤᠭ᠎ᠠ ᠪᠠᠷ ᠪᠠᠲᠤᠯᠠᠭ᠎ᠠ ᠬᠠᠩᠭᠠᠵᠤ ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠤᠭ᠎ᠠ ᠶᠢᠨ ᠠᠯᠪᠠᠨ ᠭᠡᠷ︶ 

      96. ︽ᠲᠣᠮᠣ ᠤᠯᠤᠰ ᠤᠨ ᠤᠷᠠᠨ ᠳᠠᠷᠬᠠᠨ ︾᠂ ︽ᠤᠮᠠᠷᠠᠲᠤ ᠬᠢᠯᠢ ᠶᠢᠨ ᠤᠷᠠᠨ ᠳᠠᠷᠬᠠᠨ ︾ ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠨᠢᠭᠡ ᠯᠡ ᠤᠳᠠᠭ᠎ᠠ ᠳᠤ ᠬᠥᠬᠢᠭᠦᠯᠦᠨ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠵᠢᠯᠴᠢᠨ ᠤ ᠶᠡᠷᠦᠩᠬᠡᠢ ᠡᠪᠯᠡᠯ︶ 

      ᠲᠠᠪᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ 

      ︵ᠨᠢᠭᠡ︶ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ 

      97. ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠦᠭᠡᠢ ᠲᠠᠩᠰᠠᠨ ᠳᠠᠬᠢ ᠵᠣᠭᠤᠰ ᠢ ᠪᠦᠬᠦᠨ ᠢ ᠲᠥᠯᠥᠵᠦ ᠳᠠᠭᠤᠰᠬᠠᠨ᠂ ᠥᠷᠢᠲᠦᠭᠰᠡᠨ ᠵᠣᠭᠤᠰ ᠢ ᠬᠥᠳᠡᠯᠦᠩᠭᠦᠢ ᠪᠠᠷ ᠲᠡᠭ ᠪᠣᠯᠭᠠᠬᠤ ᠶᠢ  ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ  ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ︶ 

      98. 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠨ ᠤ ᠭᠠᠶᠢᠯᠢ ᠲᠤᠰᠢᠶᠠᠪᠠᠯ ᠵᠣᠬᠢᠬᠤ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ︵ 100 ᠲᠦᠮᠡᠨ ᠲᠥᠭᠦᠷᠢᠭ ᠪᠠᠭᠲᠠᠨ᠎ᠠ ︶ ᠠᠴᠠ ᠳᠣᠣᠷ᠎ᠠ ᠪᠠᠶᠢᠭ᠎ᠠ ᠵᠢᠵᠢᠭ ᠬᠡᠯᠪᠡᠷᠢ ᠶᠢᠨ ᠪᠠᠭ᠎ᠠ ᠣᠯᠵᠠᠲᠤ ᠠᠵᠤ ᠠᠬᠤᠶᠢᠯᠠᠯ  ᠢ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠨ ᠡᠳ᠋ᠯᠡᠬᠦ ᠬᠡᠰᠡᠭ ᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠰᠠᠷ᠎ᠠ ᠶᠢᠨ ᠪᠣᠷᠣᠯᠠᠭᠤᠯᠤᠯᠲᠠ ᠶᠢᠨ ᠲᠤᠭ᠎ᠠ ᠨᠢ 3 ᠲᠦᠮᠡᠨ ᠲᠥᠭᠦᠷᠢᠭ ︵ᠤᠯᠠᠷᠢᠯ ᠢᠶᠠᠷ ᠪᠣᠯ 9 ᠲᠦᠮᠡᠨ ᠲᠥᠭᠦᠷᠢᠭ︶ ᠠᠴᠠ ᠳᠠᠪᠠᠭᠰᠠᠨ ᠦᠭᠡᠢ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠶᠢ ᠭᠡᠷ ᠬᠥᠷᠥᠩᠭᠡ ᠶᠢᠨ ᠭᠠᠶᠢᠯᠢ᠂ ᠬᠤᠲᠠ  ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠲᠠᠲᠠᠪᠤᠷᠢᠯᠠᠬᠤ ᠠᠴᠠ ᠬᠡᠯᠲᠦᠷᠢᠭᠦᠯᠦᠨ᠎ᠡ᠃ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠢ ᠬᠡᠷᠡᠭᠯᠡᠬᠦ ᠠᠵᠢᠯᠯᠠᠭᠠᠨ ᠤ ᠲᠡᠷᠭᠡ᠂ ᠬᠦᠷᠳᠦᠲᠦ ᠲᠤᠰᠬᠠᠢ ᠬᠡᠷᠡᠭᠯᠡᠬᠦ ᠮᠠᠰᠢᠨ ᠲᠡᠷᠭᠡᠨ ᠤ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠤᠭ᠎ᠠ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠲᠡᠷᠭᠡ ᠣᠩᠭᠤᠴᠠ ᠶᠢᠨ ᠭᠠᠶᠢᠯᠢ ᠶᠢᠨ ᠲᠣᠬᠢᠷᠠᠭᠤᠯᠤᠨ ᠬᠡᠷᠡᠭᠯᠡᠬᠦ ᠭᠠᠶᠢᠯᠢ ᠶᠢᠨ ᠲᠣᠭᠠᠨ ᠤ 50% ᠪᠠᠷ ᠲᠠᠲᠠᠪᠤᠷᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ︶ 

      99. ᠬᠤᠲᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠨᠡᠪᠲᠡᠷᠡᠬᠦ ᠳᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ᠂ ᠬᠦᠢᠲᠡᠨ ᠢᠶᠠᠷ ᠰᠢᠨ᠎ᠡ ᠰᠣᠷᠭᠤᠭ ᠪᠠᠶᠢᠯᠭᠠᠨ ᠬᠠᠳᠠᠭᠠᠯᠠᠬᠤ ᠪᠦᠲᠦᠭᠡᠭᠳᠡᠬᠦᠨ᠂ ᠰᠢᠤᠳᠠᠨ ᠢᠶᠠᠷ ᠭᠤᠪᠢᠭᠤᠯᠤᠨ ᠢᠯᠡᠭᠡᠬᠦ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠭᠰᠠᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠳᠤ ᠤᠷᠢᠳ ᠢᠶᠠᠷ ᠥᠩᠭᠡᠷᠡᠵᠦ ᠨᠡᠪᠲᠡᠷᠡᠬᠦ ᠡᠷᠬᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶ 

      100. ᠠᠵᠤ ᠠᠬᠤᠶᠢᠯᠠᠯ ᠲᠠᠢ ᠬᠤᠯᠪᠣᠭᠳᠠᠭᠰᠠᠨ ᠰᠦᠢᠳᠬᠡᠯ ᠬᠤᠷᠢᠶᠠᠬᠤ ᠲᠤᠰᠬᠠᠢ ᠵᠦᠢᠯ ᠤᠨ ᠵᠠᠰᠠᠯᠲᠠ ᠶᠢ ᠥᠷᠨᠢᠭᠦᠯᠦᠨ᠎ᠡ᠃ ᠲᠥᠷᠥ ᠶᠢᠨ ᠪᠠᠶᠢᠭᠤᠯᠭ᠎ᠠ ᠵᠢᠴᠢ ᠬᠠᠷᠢᠶ᠎ᠠ ᠨᠢᠭᠡᠴᠢ  ᠳᠤ ᠰᠦᠢᠳᠬᠡᠯ ᠬᠤᠷᠢᠶᠠᠬᠤ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠭᠰᠠᠨ ᠪᠤᠶᠤ ᠵᠠᠷᠤᠳᠠᠯ ᠰᠦᠢᠳᠬᠡᠯ ᠢ ᠳᠤᠬᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠠᠰᠠᠨ᠎ᠠ᠃ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠵᠠᠷᠤᠳᠠᠯ ᠢ ᠳᠤᠷ᠎ᠠ ᠪᠠᠷ ᠢᠶᠠᠨ ᠬᠤᠷᠢᠶᠠᠬᠤ ᠶᠢ ᠪᠠᠶᠢᠴᠠᠭᠠᠬᠤ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠤᠭᠰᠠᠷᠠᠬᠤ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠬᠦᠷᠢᠶᠡᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠤᠶᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢ ᠬᠡᠷᠡᠭᠵᠢᠭᠦᠯᠬᠦ ᠦᠭᠡᠢ᠂ ᠵᠦᠢ ᠵᠣᠬᠢᠰ ᠦᠭᠡᠢ ᠰᠦᠢᠳᠬᠡᠯ ᠬᠤᠷᠢᠶᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠲᠣᠬᠢᠷᠠᠭᠤᠯᠬᠤ ᠭᠤᠭᠴᠤᠭ᠎ᠠ ᠪᠠ ᠲᠣᠭᠠᠴᠠᠭ᠎ᠠ ᠬᠢᠬᠦ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠭᠡᠯᠡᠯᠭᠡ ᠶᠢ ᠳᠠᠭᠠᠯᠳᠤᠭᠤᠯᠤᠨ ᠠᠯᠪᠠᠳᠠᠯᠭ᠎ᠠ ᠪᠠᠷ ᠰᠦᠢᠳᠬᠡᠯ ᠬᠤᠷᠢᠶᠠᠬᠤ᠂ ᠵᠠᠪᠰᠠᠷ ᠤᠨ ᠲᠤᠬᠠᠶᠢᠯᠠᠭᠰᠠᠨ ᠠᠵᠢᠯ ᠳᠤ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠢ᠂ ᠲᠣᠭᠠᠴᠠᠭ᠎ᠠ ᠬᠢᠬᠦ ᠭᠠᠷᠳᠠᠮ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠬᠤ ᠵᠡᠷᠭᠡ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      ︵ᠬᠤᠶᠠᠷ︶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ 

      101. ᠨᠥᠬᠦᠴᠡᠯ ᠪᠦᠷᠢᠯᠳᠦᠭᠦᠯᠦᠭᠰᠡᠨ ᠬᠢᠯᠢ ᠶᠢᠨ ᠪᠣᠭᠤᠮᠲᠠ ᠨᠢ ᠪᠣᠭᠤᠮᠲᠠ ᠶᠢᠨ ᠬᠢᠨᠠᠨ ᠬᠠᠮᠢᠶᠠᠷᠴᠤ ᠪᠦᠬᠦᠢ ᠠᠵᠢᠯ ᠤᠨ ᠲᠠᠯᠠᠪᠤᠷ ᠲᠤ ᠬᠦᠷᠦᠭᠰᠡᠨ ᠮᠥᠷᠲᠡᠭᠡᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠪᠦᠷᠢᠨ ᠪᠦᠲᠦᠨ ᠲᠤᠰᠢᠶᠠᠭᠰᠠᠨ RCEP ᠤᠨ ᠤᠤᠯ ᠤᠨ ᠦᠢᠯᠡᠳᠪᠦᠷᠢᠯᠡᠭᠰᠡᠨ ᠠᠮᠠᠷᠬᠠᠨ ᠢᠯᠵᠢᠷᠡᠬᠦ ᠪᠠᠷᠠᠭ᠎ᠠ ᠪᠠ ᠲᠦᠷᠭᠡᠨ ᠬᠦᠷᠭᠡᠬᠦ ᠵᠦᠢᠯ ᠳᠤ᠂ ᠴᠢᠬᠤᠯᠠ ᠪᠦᠬᠦᠢ ᠨᠥᠬᠦᠴᠡᠯ ᠢ ᠬᠠᠩᠭᠠᠭᠰᠠᠨ ᠪᠠᠶᠢᠳᠠᠯ ᠳᠣᠣᠷ᠎ᠠ 6 ᠴᠠᠭ ᠤᠨ ᠳᠣᠲᠣᠷ᠎ᠠ ᠶᠠᠪᠤᠭᠤᠯᠬᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠢ᠄ ᠬᠥᠬᠡᠬᠤᠲᠠ ᠪᠣᠭᠤᠮᠲᠠ︶ 

      102. ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ ᠨᠡᠮᠡᠭᠳᠡᠭᠦᠯᠬᠦ ᠲᠥᠯᠥᠪᠯᠡᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠠᠶᠠᠯᠠᠬᠤ ᠵᠠᠮ ᠱᠤᠭᠤᠮ ᠢ ᠨᠢ ᠨᠡᠮᠡᠭᠳᠡᠭᠦᠯᠦᠨ᠎ᠡ᠃ ᠬᠢᠯᠢ ᠶᠢᠨ ᠪᠣᠭᠤᠮᠲᠠ ᠪᠠᠷ ᠥᠩᠭᠡᠷᠡᠬᠦ᠂ ᠲᠡᠮᠦᠷ ᠵᠠᠮ ᠢᠶᠠᠷ ᠠᠵᠢᠯᠯᠠᠬᠤ ᠵᠡᠷᠭᠡ ᠲᠠᠯ᠎ᠠ ᠪᠠᠷ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ ︽ᠳᠠᠷᠤᠢ ᠳᠤ ᠨᠢ ᠪᠠᠭᠤᠯᠭᠠᠬᠤ ᠳᠠᠷᠤᠢ ᠳᠤ ᠨᠢ ᠠᠴᠢᠶᠠᠯᠠᠬᠤ ︾ ᠲᠡᠭᠡᠭᠡᠪᠦᠷᠢ ᠶᠢᠨ ᠵᠠᠭᠪᠤᠷ ᠢ ᠳᠡᠮᠵᠢᠵᠦ᠂ ︽ᠲᠡᠮᠦᠷ ᠵᠠᠮ ᠢ ᠲᠦᠷᠭᠡᠨ ᠨᠡᠪᠲᠡᠷᠡᠭᠦᠯᠬᠦ ︾ ᠬᠡᠷᠡᠭᠯᠡᠭᠡᠨ ᠢ ᠳᠡᠯᠭᠡᠷᠡᠭᠦᠯᠦᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ︶ 

      103. ︽ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠠᠬᠢᠭᠤᠯᠬᠤ ᠳᠦᠷᠢᠮ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ︵2023 — 2025︶ ︾ ᠶᠢ ᠭᠦᠨᠵᠡᠭᠡᠢ ᠬᠡᠷᠡᠭᠵᠢᠭᠦᠯᠦᠨ᠎ᠡ᠃ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ ︾ ᠵᠦᠢᠯᠡᠰ ᠤᠨ ᠲᠣᠳᠣᠷᠬᠠᠢ ᠬᠠᠭᠤᠳᠠᠰᠤ ᠶᠢ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠵᠦᠢᠯᠡᠰ ᠢ ᠨᠡᠶᠢᠳᠡᠮ ᠭᠦᠢᠴᠡᠳᠬᠡᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠯᠡ ᠤᠳᠠᠭ᠎ᠠ ᠳᠤ ᠭᠦᠢᠴᠡᠳᠬᠡᠬᠦ ︾᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ ︾ ᠶᠢ ᠪᠡᠶᠡᠯᠡᠭᠦᠯᠦᠨ᠎ᠡ᠃ ᠡᠯᠧᠺᠲᠷᠣᠨ ᠡᠵᠡᠩᠨᠡᠯᠲᠡ ᠶᠢᠨ ᠦᠨᠡᠮᠯᠡᠯ ᠪᠠ ᠡᠯᠧᠺᠲᠷᠣᠨ ᠲᠠᠮᠠᠭ᠎ᠠ ᠶᠢᠨ ᠬᠡᠷᠡᠭᠯᠡᠯᠲᠡ ᠶᠢ ᠳᠡᠯᠭᠡᠷᠡᠭᠦᠯᠵᠦ᠂ ᠠᠵᠤ ᠠᠬᠤᠶᠢᠯᠠᠯ ᠤᠨ ᠨᠡᠷ᠎ᠡ ᠲᠦᠷᠦ ᠶᠢ ᠢᠯᠭᠠᠨ ᠲᠠᠨᠢᠵᠤ ᠭᠡᠷᠡᠴᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      104. ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ᠂ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠨ ᠪᠠᠶᠢᠭᠤᠯᠬᠤ ᠠᠵᠤ ᠠᠬᠤᠶᠢᠯᠠᠯ ᠳᠤ ᠲᠤᠶᠢᠯ ᠤᠨ ᠣᠨᠣᠴᠠᠲᠠᠢ ᠪᠠᠷ ᠣᠷᠣᠯᠠᠨ ᠭᠦᠢᠴᠡᠳᠬᠡᠬᠦ᠂ ᠬᠠᠯᠠᠭᠤᠮᠰᠤᠭ ᠳᠣᠲᠣᠨᠣ ᠪᠠᠷ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠡᠶᠢᠰᠢ ᠤᠷᠲᠤᠳᠬᠠᠬᠤ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠥᠷᠲᠡᠭᠡ ︾ ᠪᠠᠷ ᠠᠴᠢᠶᠠᠯᠠᠪᠤᠷᠢ ᠪᠣᠯᠭᠠᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠠᠩᠭᠠᠵᠤ᠂ ︽ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ︶ 

      105. ᠬᠡᠮᠵᠢᠯᠲᠡ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠵᠦ ᠮᠡᠳᠡᠷᠡᠬᠦ ᠵᠡᠷᠭᠡ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠬᠤᠷᠠᠮᠠᠯ ᠦᠢᠯᠡᠴᠢᠯᠡᠭᠡᠨ ᠤ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠵᠤ᠂ ᠶᠠᠰᠤ ᠴᠢᠨᠠᠷ ᠤᠨ ᠮᠡᠷᠭᠡᠵᠢᠯ ᠤᠨ ᠦᠢᠯᠡᠴᠢᠯᠡᠭᠡᠨ ᠢ ︽ᠬᠦᠷᠢᠶᠡᠯᠡᠩ ᠲᠣᠭᠤᠷᠢᠭ ᠲᠤ ᠣᠷᠣᠭᠤᠯᠬᠤ ︾᠂ ︽ᠠᠵᠤ ᠠᠬᠤᠶᠢᠯᠠᠯ ᠳᠤ ᠣᠷᠣᠭᠤᠯᠬᠤ ︾ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      106. ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠤᠨ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠵᠢᠯᠯᠠᠭ᠎ᠠ ᠳᠤ ᠣᠷᠣᠯᠴᠠᠬᠤ ᠶᠢ ᠭᠠᠳᠠᠭᠤᠷᠴᠢᠯᠠᠬᠤ᠂ ᠬᠠᠷᠰᠢᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠬᠠᠮᠢᠶ᠎ᠠ ᠪᠦᠬᠦᠢ ᠳᠦᠷᠢᠮ ᠢ ᠲᠡᠭᠦᠯᠳᠡᠷᠵᠢᠭᠦᠯᠦᠨ᠂ ᠭᠤᠥᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      107. ᠢᠳᠡᠭᠡᠨ ᠤ ᠵᠦᠢᠯ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠠᠵᠤ ᠦᠢᠯᠡᠰ ᠤᠨ ᠬᠥᠭᠵᠢᠯᠲᠡ ᠳᠤ ᠬᠥᠨᠥᠭᠡᠯ ᠲᠠᠢ ᠦᠶᠯᠡ ᠠᠵᠢᠯᠯᠠᠭ᠎ᠠ ᠳᠤ ᠴᠢᠭᠯᠡᠭᠦᠯᠦᠨ ᠲᠤᠰᠬᠠᠢ  ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      108. ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ  ᠠᠵᠢᠯᠯᠠᠭᠠᠨ ᠢ ᠬᠡᠷᠡᠭᠵᠢᠭᠦᠯᠦᠨ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠰᠠᠯᠠᠭ᠎ᠠ ᠮᠥᠴᠢᠷ ᠤᠨ ᠬᠤᠯᠪᠤᠭᠠᠯᠠᠨ ︽ᠬᠤᠶᠠᠷ ᠢ ᠲᠠᠰᠢᠷᠠᠮ ᠢᠶᠠᠷ᠂ ᠨᠢᠭᠡ ᠶᠢ ᠢᠯᠡ ᠪᠣᠯᠭᠠᠬᠤ ︾ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠤᠨ᠂ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ 

      ︵ᠭᠤᠷᠪᠠ︶ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ 

      109. ᠡᠯ᠎ᠡ ᠭᠠᠵᠠᠷ ᠣᠷᠣᠨ ᠤ ᠰᠲ᠋ᠣᠺ ᠤᠨ ᠡᠷᠬᠡ ᠶᠢᠨ ᠬᠤᠪᠢᠶᠠᠷᠢᠯᠠᠯᠲᠠ᠂ ᠭᠠᠶᠢᠯᠢ ᠲᠠᠲᠠᠪᠤᠷᠢ ᠶᠢᠨ ᠬᠤᠪᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠢ ᠬᠠᠮᠲᠤᠷᠠᠨ ᠬᠠᠮᠲᠤ ᠪᠠᠷ ᠪᠦᠲᠦᠭᠡᠨ ᠪᠠᠶᠢᠭᠤᠯᠬᠤ ᠶᠢ ᠨᠢ ᠵᠣᠷᠢᠭᠵᠢᠭᠤᠯᠵᠤ᠂ ︽ᠣᠭᠤᠷᠴᠤᠭ ᠭᠠᠵᠠᠷ ᠤᠨ ᠠᠵᠤ ᠠᠬᠤᠢ ︾ ᠶᠢ ᠬᠥᠭᠵᠢᠭᠦᠯᠦᠨ᠂ ᠬᠤᠳᠠᠯᠳᠤᠨ ᠠᠪᠬᠤ ᠬᠡᠪᠴᠢᠶ᠎ᠡ ᠶᠣᠰᠣᠭᠠᠷ᠂ ᠦᠢᠯᠡᠳᠬᠦᠨ ᠤ ᠥᠷᠲᠡᠭ᠂ ᠪᠡᠯᠡ ᠣᠷᠣᠭᠤᠯᠤᠯᠲᠠ᠂ ᠭᠠᠶᠢᠯᠢ ᠲᠠᠲᠠᠪᠤᠷᠢ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠶᠣᠰᠣᠭᠠᠷ ᠦᠢᠯᠡᠳᠪᠦᠷᠢᠯᠡᠵᠦ ᠪᠣᠷᠣᠯᠠᠭᠤᠯᠤᠭᠰᠠᠨ ᠬᠤᠶᠠᠷ ᠭᠠᠵᠠᠷ ᠲᠤ ᠬᠤᠪᠢᠳᠠᠨ ᠲᠣᠭᠠᠴᠠᠭ᠎ᠠ ᠬᠢᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ︶ 

      110. ᠡᠯ᠎ᠡ ᠠᠶᠢᠮᠠᠭ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠨᠢ ᠦᠨᠡᠯᠡᠨ ᠵᠢᠱᠢᠬᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠵᠢᠴᠢ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠰᠥᠪ ᠤᠨ ᠪᠡᠯᠡ ᠮᠥᠩᠭᠦ ᠶᠢ ᠲᠣᠬᠢᠷᠠᠭᠤᠯᠬᠤ  ᠳᠤ ᠪᠠᠨ ᠨᠡᠷᠡᠰ ᠤᠨ ᠵᠢᠭᠰᠠᠭᠠᠯᠲᠠ ᠳᠤ ᠡᠮᠦᠨ᠎ᠡ ᠪᠠᠶᠢᠷᠢᠯᠠᠭᠰᠠᠨ ᠠᠶᠢᠮᠠᠭ ᠬᠤᠲᠠ ᠲᠡᠶᠢᠰᠢ ᠬᠡᠯᠪᠡᠶᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶ 

 

 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

 2024 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠳᠠᠷᠤᠮᠠᠯᠯᠠᠨ ᠲᠠᠷᠬᠠᠭᠠᠪᠠ

 


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map