7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂ ︽ᠮᠧᠩ ᠴᠢ ᠲᠤᠩ︾ ᠲᠠᠪᠴᠠᠩ ᠳᠠᠬᠢ ᠠᠵᠤ ᠠᠬᠤᠶᠢᠯᠠᠯ ᠤᠨ ︽ᠠᠰᠠᠭᠤᠳᠠᠯ ᠲᠤᠰᠬᠠᠬᠤ︾ ᠴᠣᠩᠬᠤᠪᠴᠢ ᠳᠤ ᠨᠡᠶᠢᠲᠡ 150 ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠨ᠂ 91 ᠠᠰᠠᠭᠤᠳᠠᠯ ᠢ ᠨᠢ ᠰᠢᠢᠳᠪᠦᠷᠢᠯᠡᠨ ᠳᠠᠭᠤᠰᠬᠠᠵᠤ᠂ ᠠᠵᠤ ᠠᠬᠤᠶᠢᠯᠠᠯ ᠤᠨ ᠦᠷᠢᠲᠦᠵᠦ ᠪᠠᠶᠢᠭᠰᠠᠨ ᠳᠠᠩᠰᠠᠨ ᠵᠣᠭᠤᠰ᠂ ᠠᠵᠤ ᠠᠬᠤᠢ ᠶᠢᠨ ᠬᠤᠬᠢᠷᠠᠯ ᠢ ᠨᠡᠶᠢᠲᠡ 3.25 ᠳ᠋ᠦᠩᠰᠢᠭᠤᠷ ᠲᠥᠭᠦᠷᠢᠭ ᠡᠭᠡᠭᠦᠯᠦᠨ ᠠᠪᠴᠢᠷᠠᠭᠰᠠᠨ ᠪᠠᠶᠢᠨ᠎ᠠ᠃ ︵ᠬᠠᠤᠯᠢ ᠴᠠᠭᠠᠵᠠ ᠶᠢᠨ ᠲᠢᠩᠬᠢᠮ︶
7 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠤᠨ ᠠᠷᠠᠯᠵᠢᠶᠠᠨ ᠤ ᠲᠠᠪᠴᠠᠩ ᠢ ᠣᠷᠳᠣᠰ ᠬᠤᠲᠠ ᠳᠤ ᠰᠦᠯᠵᠢᠶ᠎ᠡ ᠪᠠᠷ ᠠᠵᠢᠯᠯᠠᠵᠤ ᠡᠬᠢᠯᠡᠭᠰᠡᠨ ᠢ ᠨᠢ ᠨᠡᠶᠢᠲᠡᠯᠡᠪᠡ᠃ ︵ᠣᠷᠳᠣᠰ ᠬᠤᠲᠠ ᠶᠢᠨ ᠵᠠᠰᠠᠭ ᠤᠨ ᠣᠷᠳᠣᠨ᠂ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ︶
7 ᠳ᠋ᠤᠭᠠᠷ ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ ᠨᠢ ᠥᠪᠥᠷ ᠮᠣᠩᠭᠤᠯ ᠤᠨ ᠱᠧᠦ ᠬᠠᠩ ᠵᠠᠭᠤᠴᠢᠯᠠᠭᠤᠷ ᠤᠨ ᠪᠦᠯᠦᠭᠯᠡᠯ ᠯᠦᠭᠡ ᠶᠡᠷᠦᠩᠬᠡᠢ ᠪᠡᠯᠡ ᠣᠷᠣᠭᠤᠯᠤᠯᠲᠠ ᠪᠠᠷ ᠪᠠᠷᠤᠭ 2.4 ᠳ᠋ᠦᠩᠰᠢᠭᠤᠷ ᠲᠥᠭᠦᠷᠢᠭ ᠪᠣᠯᠬᠤ ᠬᠤᠲᠠ ᠶᠢᠨ ᠰᠢᠳᠢᠲᠦ ᠳᠦᠷᠪᠡᠯᠵᠢ ᠶᠢᠨ ᠬᠤᠳᠠᠯᠳᠤᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠪᠠ᠃ ︵ᠵᠢᠨᠢᠩ ᠲᠣᠭᠤᠷᠢᠭ ᠤᠨ ᠵᠠᠰᠠᠭ ᠤᠨ ᠣᠷᠳᠣᠨ︶
7 ᠳ᠋ᠤᠭᠠᠷ ᠰᠠᠷ᠎ᠠ ᠶᠢᠨ 19 ᠤ ᠡᠳᠦᠷ᠂ 2024 ᠤᠷᠳᠤᠰ ᠬᠤᠳᠠ ᠶᠢᠨ ᠨᠣᠣᠯᠣᠭᠤᠷ ᠨᠡᠬᠡᠮᠡᠯ ᠤᠨ ᠠᠵᠤ ᠦᠢᠯᠡᠰ ᠤᠨ ᠶᠠᠷᠢᠯᠴᠠᠬᠤ ᠬᠤᠷᠠᠯ ᠬᠢᠭᠡᠳ ᠤᠷᠳᠤᠰ ᠤᠨ ᠲᠣᠭᠠᠴᠢᠯᠠᠭᠰᠠᠨ ᠠᠵᠤ ᠠᠬᠤᠢ ᠶᠢᠨ ᠨᠡᠪᠴᠢᠯᠲᠡ ᠶᠢᠨ ᠪᠡᠶᠡᠴᠢᠯᠡᠨ ᠣᠶᠢᠯᠠᠭᠠᠬᠤ ᠲᠥᠪ ᠤᠨ ᠡᠬᠢᠯᠡᠯᠲᠡ ᠶᠢᠨ ᠶᠣᠰᠣᠯᠠᠯ ᠶᠠᠪᠤᠭᠳᠠᠵᠤ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ 10 ᠠᠵᠤ ᠠᠬᠤᠶᠢᠯᠠᠯ ᠪᠠ ᠠᠵᠢᠯ ᠲᠦᠷᠦᠯ ᠤᠨ ᠨᠡᠶᠢᠭᠡᠮᠯᠢᠭ ᠯᠦᠭᠡ ᠭᠡᠷ᠎ᠡ ᠲᠣᠭᠲᠠᠵᠤ᠂ ᠵᠥᠪᠯᠡᠯᠴᠡᠭᠡᠷ ᠤᠨ ᠪᠡᠯᠡ ᠣᠷᠣᠭᠤᠯᠤᠯᠲᠠ ᠨᠢ 5.8 ᠳ᠋ᠦᠩᠰᠢᠭᠤᠷ ᠲᠥᠭᠦᠷᠢᠭ ᠲᠤ ᠬᠦᠷᠴᠡᠢ᠃ ︵ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ︶
7 ᠳ᠋ᠤᠭᠠᠷ ᠰᠠᠷ᠎ᠠ ᠶᠢᠨ 22 ᠤᠨ ᠡᠳᠦᠷ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠵᠤ ᠡᠨᠧᠷᠭᠢ ᠨᠥᠭᠡᠴᠡᠯᠡᠬᠦ ᠵᠢᠱᠢᠶ᠎ᠡ ᠦᠵᠡᠭᠦᠯᠬᠦ 34 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠲᠠᠢ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠨᠢ ᠵᠢᠨᠢᠩ ᠲᠣᠭᠤᠷᠢᠭ ᠲᠤ ᠣᠷᠣᠵᠤ ᠰᠠᠭᠤᠷᠢᠰᠢᠪᠠ᠃ ᠲᠡᠷᠡ ᠨᠢ ᠭᠤᠣᠯᠳᠠᠭᠤ᠂ ᠵᠢᠯ ᠳᠤ 10GWh ᠡᠨᠧᠷᠭᠢ ᠬᠠᠳᠠᠭᠠᠯᠠᠬᠤ ᠴᠠᠬᠢᠯᠭᠠᠨ ᠴᠢᠫ ᠦᠢᠯᠡᠳᠪᠦᠷᠢᠯᠡᠬᠦ ᠵᠢᠴᠢ ᠰᠢᠰᠲ᠋ᠧᠮᠲᠦ ᠬᠤᠷᠠᠮᠠᠯ ᠠᠵᠤ ᠦᠢᠯᠡᠰ ᠤᠨ ᠲᠦᠷᠦᠯ ᠵᠦᠢᠯ᠂ ᠵᠢᠯ ᠳᠤ 5 ᠲᠦᠮᠡᠨ ᠲᠣᠨ ᠯᠢᠲ᠋ᠢ ᠢᠶᠣᠨ ᠤ ᠪᠢᠯᠢᠭ ᠲᠤᠶᠢᠯᠲᠤ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ᠂ ᠵᠢᠯ ᠳᠤ 1 GWh ᠤᠨ ᠬᠠᠭᠠᠰ ᠬᠠᠲᠠᠭᠤ ᠲᠦᠯᠦᠪᠲᠦ ᠴᠡᠨᠡᠭ ᠦᠢᠯᠡᠳᠪᠦᠷᠢᠯᠡᠬᠦ ᠪᠤᠶᠤ 5 ᠮᠢᠩᠭᠠᠨ ᠲᠣᠨ ᠴᠠᠬᠢᠭᠤᠷ ᠨᠡᠭᠦᠷᠡᠰᠦᠨ ᠤ ᠪᠢᠯᠢᠭ ᠲᠤᠶᠢᠯᠲᠤ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ᠂ ᠵᠢᠯ ᠳᠤ 2 ᠲᠦᠮᠡᠨ ᠲᠣᠨ ᠯᠢᠲ᠋ᠢ ᠢᠶᠣᠨ ᠤ ᠠᠷᠭ᠎ᠠ ᠲᠤᠶᠢᠯᠲᠤ ᠮᠠᠲ᠋ᠧᠷᠢᠶᠠᠯ ᠦᠢᠯᠡᠳᠪᠦᠷᠢᠯᠡᠬᠦ ᠲᠦᠷᠦᠯ ᠵᠦᠢᠯ ᠵᠡᠷᠭᠡ ᠶᠢ ᠪᠦᠲᠦᠭᠡᠨ ᠪᠠᠶᠢᠭᠤᠯᠬᠤ ᠪᠣᠯᠣᠨ᠎ᠠ᠃ ︵ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ︶