7 ᠳ᠋ᠤᠭᠠᠷ ᠰᠠᠷ᠎ᠠ ᠶᠢᠨ 26 ᠤ ᠡᠳᠦᠷ᠂ ᠤᠰᠤᠨ ᠠᠰᠢᠭᠯᠠᠯᠲᠠ ᠶᠢᠨ ᠶᠠᠮᠤᠨ ᠤᠰᠤᠨ ᠤ ᠲᠥᠰᠦᠪ ᠤᠨ ᠬᠠᠮᠢᠶᠠᠷᠤᠯᠲᠠ ᠶᠢᠨ 10 ᠲᠤᠷᠰᠢᠯᠲᠠ ᠶᠢᠨ ᠭᠠᠵᠠᠷ ᠣᠷᠣᠨ ᠢ ᠨᠡᠶᠢᠲᠡᠯᠡᠪᠡ᠂ ᠡᠭᠦᠨ ᠳᠤ ᠮᠤᠵᠢ ᠶᠢᠨ ᠬᠡᠪᠴᠢᠶᠡᠨ ᠤ ᠲᠤᠷᠰᠢᠯᠲᠠ ᠶᠢᠨ ᠴᠡᠭ 1᠂ ᠬᠤᠲᠠ ᠶᠢᠨ ᠬᠡᠪᠴᠢᠶᠡᠨ ᠤ ᠲᠤᠷᠰᠢᠯᠲᠠ ᠶᠢᠨ ᠴᠡᠭ 6᠂ ᠰᠢᠶᠠᠨ ᠤ ᠬᠡᠪᠴᠢᠶᠡᠨ ᠤ ᠲᠤᠷᠰᠢᠯᠲᠠ ᠶᠢᠨ ᠴᠡᠭ 2᠂ ᠰᠠᠪᠠ ᠭᠠᠵᠠᠷ ᠤᠨ ᠲᠤᠷᠰᠢᠯᠲᠠ ᠶᠢᠨ ᠴᠡᠭ 1 ᠪᠠᠶᠢᠵᠤ᠂ ᠮᠠᠨ ᠤ ᠣᠷᠣᠨ ᠤ ᠦᠬᠠᠶ ᠬᠤᠲᠠ ᠨᠢ ᠬᠤᠲᠠ ᠶᠢᠨ ᠬᠡᠪᠴᠢᠶᠡᠨ ᠤ ᠲᠤᠷᠰᠢᠯᠲᠠ ᠶᠢᠨ ᠴᠡᠭ ᠢᠶᠠᠷ ᠰᠣᠩᠭᠤᠭᠳᠠᠪᠠ᠃ ︵ᠤᠰᠤᠨ ᠠᠰᠢᠭᠯᠠᠯᠲᠠ ᠶᠢᠨ ᠲᠢᠩᠬᠢᠮ᠂ ᠦᠬᠠᠢ ᠬᠤᠳᠠ ᠶᠢᠨ ᠵᠠᠰᠠᠭ ᠤᠨ ᠣᠷᠳᠣᠨ︶
7 ᠳ᠋ᠤᠭᠠᠷ ᠰᠠᠷ᠎ᠠ ᠶᠢᠨ 28 ᠤ ᠡᠳᠦᠷ᠂ ᠶᠡᠷᠦᠩᠬᠡᠢ ᠪᠡᠯᠡ ᠣᠷᠣᠭᠤᠯᠤᠯᠲᠠ ᠨᠢ 200 ᠳ᠋ᠦᠩᠰᠢᠭᠤᠷ ᠲᠥᠭᠦᠷᠢᠭ ᠤᠨ 50GWh ᠨᠠᠲᠷᠢ ᠢᠶᠣᠨᠲᠤ ᠴᠡᠨᠡᠭ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠠᠷᠢᠯᠭ᠎ᠠ ᠡᠬᠢᠯᠡᠵᠦ ᠪᠦᠲᠦᠭᠡᠨ ᠪᠠᠶᠢᠭᠤᠯᠪᠠ᠃ ᠲᠥᠷᠥᠯ ᠵᠦᠢᠯ ᠨᠢ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ᠂ ᠪᠦᠬᠦᠨ ᠢᠶᠠᠷ ᠢᠶᠠᠨ ᠦᠢᠯᠡᠳᠪᠦᠷᠢᠯᠡᠬᠦ ᠨᠦᠬᠦᠴᠡᠯ ᠳᠤ ᠬᠦᠷᠴᠦ ᠳᠡᠶᠢᠯᠬᠦ ᠳᠤ ᠬᠦᠷᠪᠡᠯ ᠵᠢᠯ ᠤᠨ ᠦᠢᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠪᠡᠶᠡᠯᠡᠭᠦᠯᠵᠦ ᠪᠣᠯᠬᠤ ᠪᠦᠭᠡᠳ 1500 ᠬᠦᠮᠦᠨ ᠠᠴᠠ ᠳᠡᠭᠡᠭᠰᠢᠬᠢ ᠬᠥᠮᠦᠨ ᠤ ᠠᠵᠢᠯ ᠣᠯᠭᠤᠯᠲᠠ ᠶᠢ ᠳᠠᠶᠢᠴᠢᠯᠠᠬᠤ ᠪᠣᠯᠤᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶
7 ᠳ᠋ᠤᠭᠠᠷ ᠰᠠᠷ᠎ᠠ ᠶᠢᠨ 26 ᠤ ᠡᠳᠦᠷ᠂ ᠤᠯᠠᠭᠠᠨᠬᠠᠳᠠ ᠬᠤᠲᠠ ᠪᠡᠭᠡᠵᠢᠩ ᠤᠨ ᠰᠢᠨ ᠹᠠ ᠲᠠᠷᠢᠶᠠᠯᠠᠩ ᠣᠶ ᠰᠢᠭᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠶᠡᠷᠦᠩᠬᠡᠢ ᠪᠡᠯᠡ ᠣᠷᠤᠭᠤᠯᠤᠯᠲᠠ ᠨᠢ 50 ᠳ᠋ᠦᠩᠰᠢᠭᠤᠷ ᠲᠥᠭᠦᠷᠢᠭ ᠢ ᠪᠡᠶᠡᠯᠡᠭᠦᠯᠦᠭᠰᠡᠨ ᠤᠯᠠᠭᠠᠨᠬᠠᠳᠠ ᠬᠤᠲᠠ ᠶᠢᠨ ᠣᠲᠣ ᠦᠶ᠎ᠡ ᠶᠢᠨ ᠲᠠᠷᠢᠶᠠᠯᠠᠩ — ᠪᠢᠯᠢᠭᠲᠦ ᠳᠡᠯᠳᠡᠦ ᠮᠦᠭᠦᠨ ᠤ ᠠᠵᠤ ᠦᠢᠯᠡᠰ ᠤᠨ ᠠᠭᠤᠰᠤᠯᠴᠠᠯ ᠤᠨ ᠲᠥᠷᠥᠯ ᠵᠦᠢᠯ ᠤᠨ ᠭᠡᠷ᠎ᠡ ᠶᠢ ᠲᠣᠭᠲᠠᠪᠠ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶