|
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ | ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ |
|
|
ᠨᠡᠶᠢᠲᠡᠯᠡᠭᠰᠡᠨ ᠴᠠᠭ᠄
2024/7/30
|
|
7 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠭᠦᠭᠡᠬᠤᠲᠠ ᠳᠤ ᠬᠤᠷᠠᠯᠳᠤᠪᠠ᠂ ᠬᠤᠷᠠᠯ 3 ᠡᠳᠦᠷ ᠶᠠᠪᠤᠭᠳᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠪᠦᠭᠦᠳᠡ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠣᠣᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠢ᠃ ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|