7.5% ᠶᠢᠨ ᠬᠦᠨᠳᠦᠴᠡ ᠬᠡᠳᠦᠢ ᠶᠡᠭᠡ ᠪᠤᠢ︖ — ᠥᠪᠥᠷ ᠮᠣᠩᠭᠤᠯ ᠤᠨ ᠠᠵᠤ ᠠᠬᠤᠢ ᠶᠢᠨ ︽ᠬᠠᠭᠠᠰ ᠵᠢᠯ ᠤᠨ ᠮᠡᠳᠡᠭᠦᠯᠦᠯᠲᠡ︾ ᠶᠢ ᠲᠤᠭ᠎ᠠ ᠪᠠᠷ ᠥᠭᠦᠯᠡᠬᠦᠢ
ᠨᠡᠶᠢᠲᠡᠯᠡᠭᠰᠡᠨ ᠴᠠᠭ᠄
2024/7/31

      ᠨᠢᠭᠡ ᠵᠢᠯ ᠤᠨ ᠬᠠᠭᠠᠰ ᠨᠢ ᠥᠩᠭᠡᠷᠡᠬᠦ ᠪᠠᠷ ︽ᠬᠤᠭᠤᠴᠠᠭᠠᠨ ᠳᠤᠮᠳᠠᠬᠢ ᠰᠢᠯᠭᠠᠯᠲᠠ︾ ᠶᠢᠨ ᠬᠢᠷᠢ ᠪᠦᠲᠦᠮᠵᠢ ᠶᠠᠮᠠᠷ ᠵᠡᠷᠭᠡ ᠪᠠᠶᠢᠬᠤ ᠨᠢ ᠤᠯᠠᠨ ᠤ ᠠᠩᠬᠠᠷᠤᠯ ᠢ ᠤᠨᠴᠠᠭᠠᠢ ᠲᠠᠲᠠᠨ᠎ᠠ᠃

      ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠲᠦᠷᠦᠭᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠳᠠᠪᠠᠵᠤ᠂ ᠠᠳᠠᠯᠢ ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.5 ᠬᠤᠪᠢ ᠳᠠᠪᠠᠪᠠ᠃

      7.5% ᠶᠢᠨ ᠨᠡᠮᠡᠭᠳᠡᠯ ᠪᠣᠯ ᠭᠢᠯᠪᠡᠷ ᠪᠤᠰᠤ ᠠᠮᠵᠢᠯᠲᠠ ᠶᠤᠮᠰᠠᠨ᠂ ᠡᠨᠡ ᠪᠣᠯ ᠨᠡᠭᠦᠷᠡᠰᠦ ᠵᠡᠷᠭᠡ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠦᠨ᠎ᠡ ᠬᠠᠩᠰᠢ ᠨᠡᠶᠢᠳᠡᠮ ᠳᠣᠣᠷ᠎ᠠ ᠮᠥᠷᠲᠡᠭᠡᠨ ᠬᠡᠷᠡᠭᠴᠡᠭᠡ ᠭᠦᠢᠴᠡᠳ ᠪᠤᠰᠤ ᠭᠠᠳᠠᠭᠠᠳᠤ ᠣᠷᠴᠢᠨ ᠨᠥᠬᠦᠴᠡᠯ ᠤᠨ ᠳᠣᠣᠷ᠎ᠠ ᠣᠯᠣᠭᠰᠠᠨ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠴᠦᠷᠬᠡᠭ ᠶᠡᠭᠡ ᠤᠶᠠᠨ ᠬᠠᠳᠠᠨ ᠴᠢᠨᠠᠷ ᠪᠠ ᠠᠮᠢᠵᠢᠷᠠᠯ ᠤᠨ ᠬᠦᠴᠦᠨ ᠢ ᠬᠠᠷᠠᠭᠤᠯᠤᠭᠰᠠᠨ᠂ ᠨᠡᠩ ᠴᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠠ ᠳᠤᠭᠢᠶᠠᠯ ᠢ ᠪᠠᠲᠤ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠪᠠᠶᠢᠷᠢ ᠲᠣᠭᠲᠠᠭᠠᠯᠲᠠ ᠪᠠᠨ ᠤᠨᠤᠪᠴᠢᠳᠠᠢ ᠣᠯᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠦᠷᠭᠦᠯᠵᠢᠯᠡᠨ ᠤᠷᠤᠭᠰᠢᠯᠠᠬᠤ ᠳᠠᠭᠠᠨ ᠬᠤᠷᠠᠮᠳᠤᠭᠤᠯᠤᠭᠰᠠᠨ ᠬᠦᠴᠦᠷᠬᠡᠭ ᠶᠡᠭᠡ ᠬᠥᠭᠵᠢᠯᠲᠡ ᠶᠢᠨ ᠡᠷᠴᠢ ᠬᠦᠴᠦᠨ ᠪᠠ ᠬᠥᠳᠡᠯᠭᠡᠬᠦ ᠡᠨᠧᠷᠭᠢ ᠶᠢ ᠢᠯᠡᠷᠡᠭᠦᠯᠦᠭᠰᠡᠨ ᠠᠮᠵᠢᠯᠲᠠ ᠪᠢᠯᠡ᠃

      7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠡᠵᠤ᠂ ᠰᠢᠨ᠎ᠡ ᠡᠨᠧᠷᠭᠢ ᠶᠢᠨ ᠬᠦᠷᠢᠶᠡᠨ ᠳᠤ ᠲᠠᠭᠢᠨ ᠨᠢᠭᠡ ᠠᠵᠤ ᠦᠢᠯᠡᠳᠪᠦᠷᠢ ᠶᠢᠨ ᠥᠪᠥᠷ ᠮᠣᠩᠭᠤᠯ ᠢ ᠴᠣᠭᠴᠠᠯᠠᠬᠤ ᠪᠠᠷ ᠴᠢᠷᠮᠠᠶᠢᠬᠤ ᠲᠡᠮᠡᠴᠡᠯ ᠤᠨ ᠦᠢᠯᠡᠳᠦᠯᠭᠡ ᠳᠤ ᠪᠤᠢ᠃

      ᠡᠨᠡ ᠵᠢᠯ ᠠᠴᠠ ᠨᠠᠭᠠᠰᠢ᠂ ᠮᠠᠨ ᠤ ᠣᠷᠣᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠡᠳᠬᠢᠬᠦᠢ ᠶᠢ ᠪᠠᠷᠢᠮᠲᠠᠯᠠᠨ᠂ ᠰᠢᠨ᠎ᠡ ᠡᠨᠧᠷᠭᠢ ᠶᠢᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠨᠡᠭᠡᠭᠡᠵᠦ ᠬᠥᠭᠵᠢᠭᠦᠯᠬᠦ ᠶᠢ ᠠᠳᠬᠤᠨ᠂ ᠨᠦᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠡᠵᠡᠩᠨᠡᠨ ᠬᠠᠮᠢᠶᠠᠷᠬᠤ ᠦᠢᠯᠡᠴᠢᠯᠡᠭᠡ ᠵᠡᠷᠭᠡ ᠬᠤᠯᠪᠣᠭᠳᠠᠯ ᠪᠦᠬᠦᠢ ᠢᠵᠢ ᠪᠦᠷᠢᠳᠦᠭᠦᠯᠬᠦ ᠠᠵᠤ ᠦᠢᠯᠡᠰ ᠤᠨ ᠬᠥᠭᠵᠢᠯᠲᠡ ᠶᠢ ᠠᠳᠬᠤᠵᠤ᠂ ᠰᠢᠨ᠎ᠡ ᠡᠨᠧᠷᠭᠢ ᠶᠢᠨ ᠠᠵᠤ ᠦᠢᠯᠡᠰ ᠨᠢᠰᠬᠦ ᠮᠡᠲᠦ ᠲᠦᠷᠭᠡᠨ ᠬᠥᠭᠵᠢᠯᠲᠡ ᠲᠠᠢ ᠪᠣᠯᠵᠠᠢ᠃

      ᠡᠨᠡ ᠵᠢᠯ ᠤᠨ 5 ᠰᠠᠷ᠎ᠠ ᠶᠢᠨ ᠰᠡᠭᠦᠯᠴᠢ ᠪᠤᠯᠳᠠᠯ᠎ᠠ᠂ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 10158 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠶᠢᠨ 45% ᠶᠢ ᠡᠵᠡᠯᠡᠬᠦ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 7.3 ᠬᠤᠪᠢ ᠳᠠᠪᠠᠵᠤ᠂ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠣᠷᠣᠨ ᠪᠣᠯᠪᠠ᠃

      ᠡᠨᠡ ᠨᠢ ᠬᠡᠪᠴᠢᠶ᠎ᠡ ᠶᠢᠨ ᠰᠢᠪᠲᠤᠯᠤᠯᠲᠠ ᠲᠡᠳᠦᠢ ᠪᠢᠰᠢ᠂ ᠨᠡᠩ ᠴᠤ ᠶᠠᠰᠤ ᠴᠢᠨᠠᠷ ᠤᠨ ᠰᠢᠪᠲᠤᠯᠤᠯᠲᠠ ᠪᠠᠶᠢᠵᠤ᠂ ᠪᠦᠭᠦ ᠣᠷᠣᠨ ᠤ ᠴᠠᠭᠢᠯᠭᠠᠨ ᠬᠦᠴᠦᠨ ᠤ ︽ᠪᠣᠬᠢᠷᠳᠤᠯ ᠦᠭᠡᠢ ᠶᠢᠨ ᠬᠡᠮᠵᠢᠶ᠎ᠡ︾ ᠠᠯᠬᠤᠮ ᠠᠯᠬᠤᠮ ᠢᠶᠠᠷ ᠨᠡᠮᠡᠭᠳᠡᠭᠰᠡᠨ ᠪᠠᠶᠢᠨ᠎ᠠ᠃

      ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠰᠢᠨ᠎ᠡ ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ 947.9 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠪᠡ︔ ᠰᠢᠨ᠎ᠡ ᠡᠨᠧᠷᠭᠢ ᠪᠠᠷ ᠴᠠᠭᠢᠯᠭᠠᠨ ᠭᠠᠷᠭᠠᠭᠰᠠᠨ ᠬᠡᠮᠵᠢᠶ᠎ᠡ ᠨᠢ ᠪᠦᠭᠦ ᠴᠠᠭᠢᠯᠭᠠᠨ ᠭᠠᠷᠭᠠᠭᠰᠠᠨ ᠬᠡᠮᠵᠢᠶ᠎ᠡ ᠶᠢᠨ 24.3% ᠶᠢ ᠡᠵᠡᠯᠡᠵᠦ᠂ ᠡᠵᠡᠯᠡᠬᠦ ᠬᠠᠷᠢᠴᠠᠯ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 1.9 ᠬᠤᠪᠢ ᠳᠡᠭᠡᠭᠰᠢᠯᠡᠪᠡ᠃ ᠡᠭᠦᠨ ᠳᠤ ᠰᠠᠯᠬᠢᠨ ᠬᠦᠴᠦ ᠪᠠᠷ 792.4 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠨ᠂ ᠭᠡᠷᠡᠯᠴᠢ ᠴᠡᠨᠡᠭ ᠢᠶᠠᠷ 147.5 ᠳ᠋ᠦᠩᠰᠢᠭᠤᠷ ᠺᠢᠯᠣᠸᠠᠲ ᠴᠠᠭ ᠴᠠᠭᠢᠯᠭᠠᠨ ᠭᠠᠷᠭᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 43.1% ᠪᠠᠷ ᠨᠡᠮᠡᠭᠳᠡᠪᠡ᠃

      ᠡᠳᠦᠭᠡ ᠥᠪᠥᠷ ᠮᠣᠩᠭᠤᠯ ᠶᠠᠭ ᠪᠦᠭᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠴᠣᠭᠴᠠᠯᠠᠬᠤ ᠬᠠᠷᠠᠯᠲᠠ ᠶᠢ ᠪᠠᠲᠤ ᠡᠵᠡᠮᠳᠡᠨ᠂ ᠰᠢᠨ᠎ᠡ ᠡᠨᠧᠷᠭᠢ ᠶᠢ ᠨᠡᠭᠡᠭᠡᠵᠦ ᠬᠥᠭᠵᠢᠭᠦᠯᠬᠦ ᠪᠠ ᠲᠣᠨᠣᠭᠯᠠᠯ ᠦᠢᠯᠡᠳᠬᠦ ᠦᠢᠯᠡᠰ ᠢ ᠱᠠᠯᠠᠪᠳᠠᠭᠤᠯᠤᠨ ᠬᠥᠭᠵᠢᠭᠦᠯᠵᠦ ᠪᠠᠶᠢᠨ᠎ᠠ᠃ ᠵᠢᠱᠢᠯᠲᠡ ᠪᠠᠷ ᠵᠢᠯ ᠤᠨ ᠡᠴᠦᠰ ᠪᠤᠯᠬᠤ ᠳᠤ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ 1.3 ᠳ᠋ᠦᠩᠰᠢᠭᠤᠷ ᠺᠢᠯᠣᠸᠠᠲ ᠢ ᠳᠠᠪᠠᠭ᠋ᠤ ᠪᠣᠯᠣᠨ᠎ᠠ᠃

      7.5% ᠶᠢᠨ ᠬᠦᠨᠳᠦᠴᠡ ᠬᠡᠳᠦᠢ ᠶᠡᠭᠡ ᠪᠤᠢ︖ ᠡᠭᠦᠨ ᠤ ᠬᠠᠷᠢᠭᠤᠯᠲᠠ ᠨᠢ ᠥᠪᠥᠷ ᠮᠣᠩᠭᠤᠯ ᠤᠨ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠵᠤ᠂ ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠲᠡᠮᠡᠴᠡᠯ ᠤᠨ ᠦᠢᠯᠡᠳᠦᠯᠭᠡ ᠳᠤ ᠪᠤᠢ᠃

      ᠦᠢᠯᠡᠳᠬᠦ ᠦᠢᠯᠡᠰ ᠪᠣᠯ ᠠᠵᠤ ᠦᠢᠯᠡᠳᠪᠦᠷᠢ ᠶᠢᠨ ᠭᠤᠣᠯ ᠲᠤᠯᠭᠠᠭᠤᠷᠢ᠂ ᠠᠵᠤ ᠦᠢᠯᠡᠳᠪᠦᠷᠢ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ︽ᠭᠤᠣᠯ ᠳᠠᠶᠢᠯᠠᠯᠳᠤᠭᠠᠨ ᠤ ᠲᠠᠯᠠᠪᠤᠷ︾ ᠮᠥᠨ᠃ ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠦᠢᠯᠡᠳᠬᠦ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠨ᠂ ᠦᠢᠯᠡᠳᠬᠦ ᠦᠢᠯᠡᠰ ᠤᠨ ᠶᠡᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠠᠵᠤ ᠦᠢᠯᠡᠰ ᠤᠨ ᠬᠡᠯᠬᠢᠶ᠎ᠡ ᠶᠢ ᠴᠢᠩᠭᠠᠳᠬᠠᠬᠤ ᠶᠢ ᠳᠠᠶᠢᠴᠢᠯᠠᠬᠤ ᠪᠠᠷ ᠭᠤᠣᠯ ᠰᠢᠵᠢᠮ ᠪᠤᠯᠭᠠᠵᠤ᠂ ᠠᠵᠤ ᠦᠢᠯᠡᠰ ᠤᠨ ᠬᠡᠯᠬᠢᠶ᠎ᠡ ᠶᠢ ᠡᠴᠦᠰ ᠤᠨ ᠦᠢᠯᠡᠳᠬᠦᠨ ᠲᠡᠶᠢᠰᠢ ᠤᠷᠲᠤᠳᠬᠠᠬᠤ᠂ ᠦᠷᠳᠡᠭ ᠤᠨ ᠬᠡᠯᠬᠢᠶ᠎ᠡ ᠶᠢ ᠳᠤᠮᠳᠠ ᠳᠡᠭᠡᠳᠦ ᠳᠡᠰ ᠲᠡᠶᠢᠰᠢ ᠳᠡᠰ ᠳᠡᠪᠰᠢᠭᠦᠯᠬᠦ ᠶᠢ ᠪᠡᠶᠡᠯᠡᠭᠦᠯᠵᠦ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠶᠢ ᠲᠦᠷᠭᠡᠳᠬᠡᠵᠡᠢ᠃

      ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ 2023 ᠣᠨ ᠤ 4 ᠰᠠᠷ᠎ᠠ ᠠᠴᠠ ᠨᠠᠭᠠᠰᠢᠬᠢ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠬᠠᠨᠳᠤᠰᠢ ᠶᠢ ᠦᠷᠭᠦᠯᠵᠢᠯᠡᠨ ᠪᠠᠲᠤᠯᠠᠪᠠ᠃ ᠡᠭᠦᠨ ᠳᠤ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠤᠨ ᠡᠷᠴᠢᠮ ᠨᠢ ᠨᠡᠩ ᠴᠢᠩᠭ᠎ᠠ ᠪᠠᠶᠢᠵᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.3% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 33.8 ᠬᠤᠪᠢ ᠳᠠᠪᠠᠵᠠᠢ᠃ ᠳᠡᠭᠡᠳᠦ ᠳᠡᠰ ᠤᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠡᠷᠴᠢᠮ ᠴᠤ ᠴᠢᠩᠭᠠᠷᠠᠵᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 32.4% ᠪᠠᠷ ᠨᠡᠮᠡᠭᠳᠡᠨ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 24.9 ᠬᠤᠪᠢ ᠳᠠᠪᠠᠪᠠ᠃ ᠦᠢᠯᠡᠳᠬᠦ ᠦᠢᠯᠡᠰ ᠤᠳᠤ ᠶᠠᠭ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠵᠤ ᠪᠠᠶᠢᠨ᠎ᠠ᠃

      ᠣᠳᠣᠬᠠᠨ ᠳᠤ ᠥᠪᠥᠷ ᠮᠣᠩᠭᠤᠯ ᠶᠠᠭ ᠳᠡᠭᠡᠳᠦ ᠳᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠨᠣᠣᠰᠣ ᠨᠣᠣᠯᠣᠭᠤᠷ ᠤᠨ ᠨᠡᠬᠡᠮᠡᠯ᠂ ᠢᠳᠡᠭᠡᠨ ᠪᠤᠯᠪᠠᠰᠤᠷᠠᠭᠤᠯᠬᠤ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠤᠨ ᠲᠣᠭᠤᠷᠢᠨ ᠳᠤ ︽139︾ ᠲᠡᠷᠢᠭᠦᠨ ᠤ  ᠦᠢᠯᠡᠳᠬᠦ ᠦᠢᠯᠡᠰ ᠤᠨ ᠪᠦᠯᠦᠭᠵᠢᠯ ᠤᠨ ᠰᠢᠰᠲ᠋ᠧᠮ ᠢ ᠱᠠᠯᠠᠪᠳᠠᠨ ᠪᠠᠶᠢᠭᠤᠯᠵᠤ  ᠪᠤᠢ᠃ ᠡᠨᠡ ᠨᠢ ᠳᠠᠷᠤᠢ 1 ᠳᠡᠯᠡᠬᠡᠢ ᠶᠢᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ 3 ᠤᠯᠤᠰ ᠤᠨ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ᠂ 9 ᠥᠪᠡᠷᠲᠡᠭᠡᠨ ᠵᠠᠰᠠᠬᠤ ᠣᠷᠣᠨ ᠤ ᠳᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠪᠠᠶᠢᠭᠤᠯᠵᠤ᠂ ᠳᠡᠯᠡᠬᠡᠢ ᠶᠢᠨ ᠳᠡᠰ ᠤᠨ ᠪᠦᠯᠦᠭᠵᠢᠯ ᠢᠶᠠᠷ ᠤᠳᠤᠷᠢᠳᠤᠮᠵᠢ ᠪᠤᠯᠭᠠᠵᠤ᠂ ᠤᠯᠤᠰ ᠤᠨ ᠳᠡᠰ ᠤᠨ ᠪᠦᠯᠦᠭᠵᠢᠯ ᠢᠶᠠᠷ ᠭᠤᠣᠯᠯᠠᠭᠴᠢ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠯᠦᠭᠵᠢᠯ ᠢᠶᠠᠷ ᠰᠠᠭᠤᠷᠢ ᠪᠤᠯᠭᠠᠬᠰᠠᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠤᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠨ᠂ ᠦᠢᠯᠡᠳᠬᠦ ᠦᠢᠯᠡᠰ ᠤᠨ ᠳᠡᠭᠡᠳᠦ ᠳᠡᠰᠵᠢᠵᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢ ᠵᠢᠭᠠᠵᠤ ᠪᠠᠶᠢᠨ᠎ᠠ᠃

      7.5% ᠶᠢᠨ ᠨᠡᠮᠡᠭᠳᠡᠯ ᠤᠨ ᠬᠤᠷᠳᠤᠴᠠ ᠪᠣᠯ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠢᠳᠡᠪᠬᠢᠲᠡᠢ ᠪᠠᠷ ᠰᠠᠶᠢᠵᠢᠷᠠᠭᠰᠠᠨ ᠤ ᠴᠢᠬᠤᠯᠠ ᠫᠠᠷᠠᠮᠧᠲᠷ ᠪᠣᠯᠣᠨ᠎ᠠ᠃ ᠡᠨᠡ ᠬᠦ ︽ᠬᠤᠭᠤᠴᠠᠭᠠᠨ ᠳᠤᠮᠳᠠᠬᠢ ᠰᠢᠯᠭᠠᠯᠲᠠ︾ ᠶᠢ ᠨᠠᠷᠢᠨ ᠰᠢᠨᠵᠢᠯᠡᠪᠡᠯ᠂ ᠠᠵᠤ ᠦᠢᠯᠡᠰ ᠤᠨ ᠰᠢᠨ᠎ᠡ ᠲᠡᠶᠢᠰᠢ᠂ ᠣᠶᠤᠨᠴᠢᠯᠠᠭᠰᠠᠨ ᠲᠡᠶᠢᠰᠢ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠨᠳᠤᠰᠢ ᠨᠡᠩ ᠲᠣᠪᠣᠶᠢᠮ᠎ᠠ ᠪᠣᠯᠵᠤ᠂ ᠬᠥᠳᠡᠯᠭᠡᠬᠦ ᠬᠦᠴᠦᠨ ᠢᠶᠠᠷ ᠨᠡᠩ ᠴᠢᠩᠭ᠎ᠠ᠂ ᠪᠦᠲᠦᠴᠡ ᠪᠠᠷ ᠨᠡᠩ ᠰᠢᠯᠢᠳᠡᠭ᠂ ᠦᠷ᠎ᠡ ᠠᠰᠢᠭ ᠢᠶᠠᠷ ᠨᠡᠩ ᠥᠨᠳᠥᠷ ᠠᠵᠤ ᠠᠬᠤᠢ ᠶᠢᠨ ᠨᠡᠮᠡᠭᠳᠡᠯ ᠶᠠᠭ ᠪᠦᠭᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠬᠦᠨᠳᠦᠴᠡ  ᠶᠢ ᠲᠠᠰᠤᠷᠠᠯᠳᠠ ᠦᠭᠡᠢ ᠨᠡᠮᠡᠭᠳᠡᠭᠦᠯᠵᠦ ᠪᠤᠢ᠃

      ︽ᠬᠤᠭᠤᠴᠠᠭᠠᠨ ᠳᠤᠮᠳᠠᠬᠢ ᠰᠢᠯᠭᠠᠯᠲᠠ︾ᠪᠣᠯ ︽ᠬᠢᠷᠢ ᠪᠦᠲᠦᠮᠵᠢ ᠶᠢᠨ ᠬᠠᠭᠤᠳᠠᠰᠤ︾ ᠪᠤᠯᠬᠤ ᠪᠥᠭᠡᠳ ︽ᠴᠢᠭᠯᠡᠯ ᠤᠨ ᠵᠢᠷᠤᠭ︾ ᠶᠤᠮᠰᠠᠨ᠃ ᠪᠦᠭᠦ ᠵᠢᠯ ᠤᠨ ᠠᠵᠤ ᠠᠬᠤᠢ ᠶᠢᠨ ᠬᠠᠨᠳᠤᠰᠢ ᠶᠢ ᠲᠣᠭᠲᠠᠭᠠᠬᠤ ︽ᠳᠣᠣᠷ᠎ᠠ ᠬᠠᠭᠠᠰ ᠲᠠᠯᠠᠪᠤᠷ︾ ᠤᠨ ᠤᠷᠤᠯᠳᠤᠭᠠᠨ ᠤ ᠵᠠᠮ ᠳᠤ ᠣᠷᠣᠬᠤᠶ᠎ᠠ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠢᠯᠠᠯᠲᠠ ᠶᠢᠨ ᠡᠷᠴᠢᠨ ᠳᠡᠭᠡᠷ᠎ᠡ ᠪᠠᠨ ᠳᠠᠬᠢᠨᠲᠠ ᠰᠢᠨ᠎ᠡ ᠳᠡᠭᠲᠡᠷ ᠲᠤ ᠭᠠᠷᠬᠤ ᠪᠠᠷ ᠴᠢᠷᠮᠠᠶᠢᠬᠤ ᠴᠢᠬᠤᠯᠠᠲᠠᠢ᠃

      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠢᠯᠡᠷᠬᠡᠶᠢᠯᠡᠭᠰᠡᠨ ᠢᠶᠠᠷ᠂ ᠳᠠᠷᠠᠭᠠᠴᠢ ᠪᠠᠷ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠦᠷᠭᠦᠯᠵᠢᠯᠡᠨ ᠪᠠᠷᠢᠮᠲᠠᠯᠠᠵᠤ᠂ ᠠᠵᠤ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠲᠡᠶᠢᠰᠢ ᠬᠥᠭᠵᠢᠬᠦ ᠶᠢ ᠢᠳᠡᠪᠬᠢᠲᠡᠢ ᠠᠬᠢᠭᠤᠯᠤᠨ᠂ ︽5 + 5 + 6︾ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠱᠠᠯᠠᠪᠳᠠᠨ ᠴᠣᠭᠴᠠᠯᠠᠬᠤ ᠪᠣᠯᠣᠨ᠎ᠠ᠃ ︽5 + 5 + 6︾ ᠨᠢ ᠳᠠᠷᠤᠢ ᠡᠨᠧᠷᠭᠢ᠂ ᠲᠡᠮᠦᠷᠯᠢᠭ ᠪᠤᠯᠪᠠᠰᠤᠷᠠᠭᠤᠯᠬᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠵᠡᠷᠭᠡ 5 ᠤᠯᠠᠮᠵᠢᠯᠠᠯᠲᠤ ᠠᠵᠤ ᠦᠢᠯᠡᠰ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠠᠮᠢᠳᠤ ᠪᠣᠳᠠᠰ ᠤᠨ ᠡᠮ ᠡᠮᠨᠡᠯᠭᠡ ᠵᠡᠷᠭᠡ 5 ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠡᠨᠧᠷᠭᠢ᠂ ᠢᠷᠡᠭᠡᠳᠦᠢ ᠶᠢᠨ ᠮᠠᠲ᠋ᠧᠷᠢᠶᠠᠯ᠂ ᠢᠷᠡᠭᠡᠳᠦᠢ ᠶᠢᠨ ᠦᠢᠯᠡᠳᠬᠡᠯ᠂ ᠢᠷᠡᠭᠡᠳᠦᠢ ᠶᠢᠨ ᠮᠡᠳᠡᠭᠡ ᠵᠠᠩᠭᠢ᠂ ᠢᠷᠡᠭᠡᠳᠦᠢ ᠶᠢᠨ ᠡᠷᠡᠭᠦᠯ ᠮᠡᠨᠳᠤ᠂ ᠢᠷᠡᠭᠡᠳᠦᠢ ᠶᠢᠨ ᠣᠷᠣᠨ ᠵᠠᠢ ᠵᠡᠷᠭᠡ 6 ᠢᠷᠡᠭᠡᠳᠦᠢ ᠶᠢᠨ ᠠᠵᠤ ᠦᠢᠯᠡᠰ ᠢ ᠵᠢᠭᠠᠵᠤ ᠪᠤᠢ᠃

      — ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠵᠦ ᠳᠡᠰ ᠳᠡᠪᠰᠢᠭᠦᠯᠦᠨ᠎ᠡ᠃ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠬᠦᠭᠡᠷᠦᠮᠵᠢ ᠶᠢ ᠰᠢᠨᠡᠴᠢᠯᠡᠬᠦ᠂ ᠤᠷ᠎ᠠ ᠮᠡᠷᠭᠡᠰᠢᠯ ᠢ ᠳᠡᠰ ᠳᠡᠪᠰᠢᠭᠦᠯᠬᠦ᠂ ᠲᠣᠭᠠᠴᠢᠯᠠᠭᠰᠠᠨ ᠮᠡᠷᠭᠡᠵᠢᠯ ᠢᠶᠠᠷ ᠬᠥᠳᠡᠯᠭᠡᠬᠦ ᠬᠦᠴᠦᠨ ᠨᠡᠮᠡᠷᠢᠯᠡᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠠᠵᠤ ᠦᠢᠯᠡᠰ ᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ ᠪᠠ ᠬᠢᠵᠠᠭᠠᠷᠯᠠᠬᠤ ᠲᠦᠷᠦᠯ ᠤᠨ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠡᠷᠴᠢᠮ ᠢ ᠴᠢᠩᠭᠠᠷᠠᠭᠤᠯᠤᠨ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠥᠨᠳᠥᠷ ᠪᠠᠷᠢᠮᠵᠢᠶ᠎ᠠ ᠪᠠᠷ ᠭᠥᠯᠢᠶᠡᠨ ᠠᠪᠴᠤ᠂ ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠲᠠᠢ ᠪᠤᠯᠬᠤ ᠶᠢ ᠠᠬᠢᠭᠤᠯᠤᠨ᠎ᠠ᠃

      — ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠳᠤᠲᠠᠭᠤᠳᠠᠯ ᠲᠠᠢ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠲᠦᠷᠭᠡᠳᠬᠡᠨ᠂ ᠠᠵᠤ ᠦᠢᠯᠡᠰ ᠤᠨ ᠬᠡᠯᠬᠢᠶ᠎ᠡ ᠪᠥᠭᠡᠮᠨᠡᠷᠡᠵᠦ ᠪᠦᠯᠦᠭᠵᠢᠯ ᠪᠤᠯᠬᠤ ᠪᠠ ᠠᠭᠤᠰᠤᠯᠴᠠᠨ ᠬᠥᠭᠵᠢᠬᠦ ᠶᠢ ᠠᠬᠢᠭᠤᠯᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠤᠣᠯ ᠲᠤᠯᠭᠠᠭᠤᠷᠢ ᠦᠢᠯᠡᠳᠦᠯ ᠦᠵᠡᠭᠦᠯᠭᠦ ᠶᠢ ᠠᠬᠢᠭᠤᠯᠤᠨ᠎ᠠ᠃

      — ᠢᠷᠡᠭᠡᠳᠦᠢ ᠶᠢᠨ ᠠᠵᠤ ᠦᠢᠯᠡᠰ ᠢ ᠪᠠᠷᠠᠯᠠᠯᠳᠤ ᠴᠢᠨᠠᠷᠲᠠᠢ ᠪᠠᠷ ᠪᠠᠶᠢᠷᠢᠰᠢᠭᠤᠯᠤᠨ᠎ᠠ᠃ ᠦᠵᠦ ᠲᠥᠯᠥᠪᠯᠡᠭᠡ ᠬᠢᠬᠦ ᠪᠠ ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠨ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠤᠳᠤᠯᠤᠨ ᠲᠣᠭᠲᠠᠭᠠᠵᠤ᠂ ᠣᠷᠣᠨ ᠨᠤᠲᠤᠭ ᠤᠨ ᠪᠣᠳᠠᠲᠤ ᠪᠠᠶᠢᠳᠠᠯ ᠳᠤᠨᠢ ᠵᠣᠬᠢᠴᠠᠭᠤᠯᠤᠨ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠲᠠᠯᠠᠵᠤ ᠢᠷᠡᠭᠡᠳᠦᠢ ᠶᠢᠨ ᠠᠵᠤ ᠦᠢᠯᠡᠰ ᠢ ᠴᠣᠭᠴᠠᠯᠠᠨ᠂ ︽ᠰᠠᠶᠢᠨ ᠣᠷᠣᠨ ᠪᠠᠶᠢᠷᠢ ᠶᠢ ᠡᠵᠡᠯᠡᠨ ᠬᠥᠭᠵᠢᠬᠦ᠂ ᠤᠯᠠᠨ ᠴᠡᠭ ᠠᠴᠠ ᠰᠢᠪᠲᠤᠯᠤᠯᠲᠠ ᠬᠢᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃

      ᠰᠢᠨ᠎ᠡ ᠠᠶᠠᠨ ᠳᠤ ᠪᠢᠳᠡᠨ ᠤ ᠢᠷᠡᠭᠡᠳᠦᠢ ᠭᠡᠭᠡᠨ ᠰᠠᠷᠠᠭᠤᠯ ᠶᠤᠮᠰᠠᠨ᠃ ᠢᠷᠡᠭᠡᠳᠦᠢ ᠶᠢ ᠪᠠᠷᠠᠯᠠᠬᠤᠶ᠎ᠠ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠡᠷᠬᠡᠪᠰᠢ ᠰᠢᠨᠲᠠᠷᠠᠰᠢ ᠦᠭᠡᠢ ᠴᠢᠷᠮᠠᠶᠢᠬᠤ ᠲᠡᠰᠪᠦᠷᠢ ᠲᠡᠪᠴᠢᠶᠡᠷᠢ ᠪᠠ ᠠᠮᠵᠢᠯᠲᠠ ᠳᠤ ᠳᠥᠬᠦᠬᠦ ᠳᠤᠳᠤᠮ ᠪᠣᠯᠭᠤᠮᠵᠢᠯᠠᠬᠤ ᠰᠡᠷᠭᠡᠭ ᠲᠠᠨᠢᠯᠲᠠ ᠪᠠᠷ ᠦᠷᠭᠦᠯᠵᠢᠯᠡᠨ ᠳᠠᠪᠠᠭ᠎ᠠ ᠳᠠᠪᠠᠨ ᠪᠣᠭᠤᠮᠲᠠ ᠰᠢᠪᠲᠤᠯᠵᠤ᠂ ᠵᠣᠷᠢᠭᠲᠠᠢ ᠪᠠᠷ ᠵᠢᠳᠬᠦᠨ ᠦᠨᠡᠨ ᠪᠣᠳᠠᠲᠠᠢ ᠠᠵᠢᠯᠯᠠᠵᠤ᠂ ᠰᠢᠨ᠎ᠡ ᠠᠭᠤᠤ ᠶᠡᠭᠡ ᠲᠡᠮᠡᠴᠡᠯ ᠢᠶᠠᠷ ᠰᠢᠨ᠎ᠡ ᠠᠤᠭ᠎ᠠ ᠦᠢᠯᠡᠰ ᠢ ᠪᠦᠲᠦᠭᠡᠬᠦ ᠬᠡᠷᠡᠭᠲᠡᠢ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
Baidu
map