ᠣᠶᠢᠷ᠎ᠠ ᠶᠢᠨ ᠡᠳᠦᠷ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠲᠡᠷᠢᠭᠦᠯᠡᠭᠴᠢ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠦ᠋ ᠸᠧᠢ ᠬᠤᠸᠠ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠬᠠᠳᠤᠨ ᠭᠤᠣᠯ ᠤᠨ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠂ ᠲᠠᠷᠢᠶᠠᠯᠠᠩ ᠤᠨ ᠤᠰᠤ ᠠᠷᠪᠢᠯᠠᠬᠤ ᠵᠢᠴᠢ ᠬᠠᠳᠤᠨ ᠭᠤᠣᠯ ᠤᠨ ︽ ᠶᠡᠭᠡ ᠲᠣᠬᠤᠢ ︾ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠮᠠᠨ ᠤ ᠣᠷᠣᠨ ᠳᠤ ᠪᠠᠶᠢᠴᠠᠭᠠᠨ ᠰᠤᠳᠤᠯᠪᠠ ᠃
ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠂ ᠬᠠᠲᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠳᠤ ᠪᠠᠶᠢᠴᠠᠭᠠᠨ ᠰᠤᠳᠤᠯᠬᠤ ᠳᠤᠭᠤᠶᠢᠯᠠᠩ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠠᠵᠤ ᠦᠢᠯᠡᠳᠪᠦᠷᠢ ᠶᠢᠨ ᠬᠡᠷᠡᠭᠯᠡᠬᠦ ᠤᠰᠤ ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ ᠃ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠂ ᠯᠢᠨᠾᠧ ᠲᠠᠷᠢᠶᠠᠯᠠᠩ ᠤᠨ ᠲᠠᠯᠠᠪᠠᠶ ᠂ ᠹᠦ᠋ ᠰᠢᠩ ᠴᠢᠦᠢ ᠤᠰᠤ ᠬᠠᠩᠭᠠᠬᠤ ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ ᠂ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠤᠨ ᠤᠰᠤ ᠠᠷᠪᠢᠯᠠᠬᠤ ᠂ ᠤᠰᠤᠨ ᠤ ᠡᠷᠬᠡ ᠶᠢᠨ ᠠᠷᠠᠯᠵᠢᠶ᠎ᠠ ᠂ ᠰᠤᠪᠠᠭ ᠤᠨ ᠰᠢᠰᠲ᠋ᠧᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ ᠃
ᠪᠠᠶᠢᠴᠠᠭᠠᠨ ᠰᠤᠳᠤᠯᠬᠤ ᠳᠤᠮᠳᠠ ᠦ᠋ ᠸᠧᠢ ᠬᠤᠸᠠ ᠵᠠᠮ ᠲᠤᠷᠰᠢ ᠪᠠᠶᠢᠴᠠᠭᠠᠨ ᠦᠵᠡᠵᠦ ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠬᠠᠮᠲᠤ ︽ ᠤᠰᠤᠨ ᠤ ᠳᠠᠩᠰᠠ ︾ ᠶᠢ ᠪᠤᠳᠤᠵᠦ ᠂ ᠠᠰᠠᠭᠤᠳᠠᠯ ᠳᠤᠷᠠᠳᠴᠤ ᠂ ᠠᠷᠭ᠎ᠠ ᠵᠥᠪᠯᠡᠪᠡ ᠃ ᠦ᠋ ᠸᠧᠢ ᠬᠤᠸᠠ ᠂ ᠲᠣᠰ ᠤᠳᠠᠭ᠎ᠠ ᠥᠪᠥᠷ ᠮᠣᠩᠭᠤᠯ ᠳᠤ ᠢᠷᠡᠵᠦ ︽ ᠬᠠᠲᠤᠨ ᠭᠤᠣᠯ ᠤᠨ ︿ ᠶᠡᠭᠡ ᠲᠣᠬᠤᠢ ﹀ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ︾ ᠭᠡᠬᠦ ᠰᠡᠳᠦᠪ ᠤᠨ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠤᠬᠠᠭᠠᠯᠠᠨ ᠲᠥᠯᠥᠪᠯᠡᠵᠦ ᠂ ᠪᠡᠶ᠎ᠡ ᠪᠠᠷ ᠢᠶᠠᠨ ᠪᠠᠶᠢᠷᠢᠯᠠᠭᠤᠯᠵᠤ ᠂ ᠪᠡᠶ᠎ᠡ ᠪᠠᠷ ᠢᠶᠠᠨ ᠠᠬᠢᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠂ ᠪᠦᠭᠦ ᠲᠠᠯ᠎ᠠ ᠪᠠ ᠪᠦᠭᠦ ᠰᠠᠪᠠ ᠭᠠᠵᠠᠷ ᠤᠨ ᠣᠶᠢᠯᠠᠭᠠᠭᠳᠠᠬᠤᠨ ᠢ ᠪᠤᠶ ᠪᠤᠯᠭᠠᠵᠤ ᠂ ᠬᠥᠭᠵᠢᠯᠲᠡ ᠪᠠ ᠬᠠᠮᠠᠭᠠᠯᠠᠯᠲᠠ ᠂ ᠪᠦᠭᠦ ᠲᠠᠯ᠎ᠠ ᠪᠠ ᠬᠡᠰᠡᠭ ᠲᠠᠯ᠎ᠠ ᠂ ᠣᠳᠣᠬᠠᠨ ᠤ ᠪᠠ ᠠᠯᠤᠰ ᠭᠡᠲᠦ ᠵᠡᠷᠭᠡ ᠬᠠᠷᠢᠴᠠᠭ᠎ᠠ ᠶᠢ ᠵᠥᠪ ᠰᠢᠢᠳᠪᠦᠷᠢᠯᠡᠵᠦ ᠂ ᠬᠠᠲᠤᠨ ᠭᠤᠣᠯ ᠤᠨ ᠬᠠᠮᠠᠭᠠᠯᠠᠯᠲᠠ ᠵᠠᠰᠠᠯᠲᠠ ᠶᠢᠨ ᠠᠵᠢᠯ ᠤᠨ ᠪᠦᠲᠦᠮᠵᠢᠲᠡᠶ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ ᠬᠡᠷᠡᠭᠲᠡᠢ ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ ᠤᠰᠤ ᠪᠠᠷ ᠳᠥᠷᠪᠡ ᠶᠢ ᠲᠣᠭᠲᠠᠭᠠᠬᠤ ︾ ᠵᠠᠷᠴᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠂ ᠤᠰᠤᠨ ᠤ ᠠᠮᠢ ᠠᠬᠤᠢ ᠶᠢ ᠢᠯᠡᠳᠲᠡ ᠰᠠᠶᠢᠵᠢᠷᠠᠭᠤᠯᠬᠤ ᠡᠷᠴᠢᠮᠵᠢᠭᠦᠯᠦᠨ ᠠᠷᠪᠢᠯᠠᠬᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ ᠭᠡᠵᠦ ᠢᠯᠡᠳᠬᠡᠪᠡ ᠃
︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠯᠢᠦ ᠵᠧᠩ ᠺᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠯᠢ ᠪᠢᠩ ᠷᠦᠩ ᠪᠠᠷ᠎ᠠ ᠪᠣᠯᠵᠤ ᠪᠠᠶᠢᠴᠠᠭᠠᠨ ᠰᠤᠳᠤᠯᠪᠠ ᠃