ᠲᠣᠪᠴᠢ ᠮᠡᠳᠡᠭᠡ
ᠨᠡᠶᠢᠲᠡᠯᠡᠭᠰᠡᠨ ᠴᠠᠭ᠄
2024/8/6

      ᠣᠷᠳᠣᠰ ᠬᠤᠲᠠ ᠠᠭᠠᠷ ᠠᠶᠠᠯᠠᠯ ᠢᠶᠠᠷ ᠲᠦᠮᠡᠨ ᠬᠥᠮᠦᠨ ᠢ ᠬᠢᠯᠢ ᠳᠤ ᠣᠷᠣᠵᠤ ᠵᠢᠭᠤᠯᠴᠢᠯᠠᠭᠤᠯᠬᠤ ᠬᠤᠲᠠ ᠶᠢ ᠳᠤᠯᠠᠭᠠᠴᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠤᠷᠢᠳ ᠬᠤᠵᠢᠳ ᠺᠣᠷᠢᠶᠠ ᠶᠢᠨ ᠰᠸᠦ᠋ᠯ᠂ ᠶᠢᠨ ᠴᠧᠨ᠂ ᠵᠧ ᠵᠤ᠋᠂ ᠮᠦ ᠠᠨ᠂ ᠸᠢᠶᠧᠲᠨᠠᠮ ᠤᠨ ᠬᠠᠨᠤᠢ ᠵᠡᠷᠭᠡ 6 ᠵᠣᠷᠪᠣᠰ ᠣᠯᠠᠨ ᠤᠯᠤᠰ ᠤᠨ ᠰᠢᠭᠤᠳ ᠨᠢᠰᠬᠦ ᠠᠶᠠᠯᠠᠯ ᠤᠨ ᠱᠤᠭᠤᠮ ᠢ ᠨᠡᠪᠲᠡᠷᠡᠭᠦᠯᠪᠡ᠃ ᠡᠭᠦᠨ ᠤ ᠬᠠᠮᠲᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠠᠳᠠᠯᠢ ᠪᠤᠰᠤ ᠬᠥᠮᠦᠰ ᠲᠤ ᠴᠢᠭᠯᠡᠭᠦᠯᠦᠨ᠂ ᠬᠢᠯᠢ ᠪᠠᠷ ᠣᠷᠣᠵᠤ ᠢᠷᠡᠬᠦ ᠵᠢᠭᠤᠯᠴᠢᠯᠠᠯ ᠤᠨ ᠵᠣᠬᠢᠴᠠᠩᠭᠤᠶ ᠪᠦᠲᠦᠭᠡᠭᠳᠡᠬᠦᠨ ᠢ ᠭᠠᠷᠭᠠᠵᠤ᠂ ᠵᠢᠭᠤᠯᠴᠢᠯᠠᠯ ᠤᠨ ᠰᠣᠳᠣᠨ ᠵᠠᠮ ᠱᠤᠭᠤᠮ ᠢ ᠲᠥᠯᠥᠪᠯᠡᠵᠦ᠂ ᠬᠠᠷᠢᠯᠴᠠᠨ ᠬᠥᠳᠡᠯᠦᠯᠴᠡᠬᠦ ᠪᠡᠶᠡᠴᠢᠯᠡᠨ ᠣᠷᠣᠯᠴᠠᠬᠤ ᠲᠥᠷᠥᠯ ᠵᠦᠢᠯ ᠢ ᠬᠠᠩᠭᠠᠵᠤ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠳᠡᠯᠡᠬᠡᠶᠢᠵᠢᠭᠰᠡᠨ ᠲᠦᠪᠰᠢᠨ ᠢ ᠳᠡᠭᠡᠭᠰᠢᠯᠡᠭᠦᠯᠦᠨ᠎ᠡ᠃ 7 ᠳ᠋ᠤᠭᠠᠷ ᠰᠠᠷ᠎ᠠ ᠳᠤ᠂ ᠣᠷᠳᠣᠰ ᠨᠢᠰᠬᠡᠯ ᠤᠨ ᠪᠠᠭᠤᠳᠠᠯ ᠨᠢ 39.2 ᠲᠦᠮᠡᠨ ᠬᠥᠮᠦᠨ ᠤᠳᠠᠭ᠎ᠠ ᠠᠶᠠᠨᠴᠢᠳ ᠢ ᠲᠤᠰᠤᠭᠰᠠᠨ ᠪᠠ ᠬᠦᠷᠭᠡᠵᠦ᠂ 3320 ᠤᠳᠠᠭ᠎ᠠ ᠶᠢᠨ ᠲᠡᠭᠡᠭᠡᠪᠦᠷᠢ ᠶᠢᠨ ᠨᠢᠰᠦᠯᠲᠡ ᠶᠢ ᠪᠠᠲᠤᠯᠠᠵᠤ᠂ ᠡᠳᠦᠷ ᠳᠤᠮᠳᠠᠴᠢ ᠪᠠᠷ ᠠᠶᠠᠨᠴᠢᠳ ᠢ ᠣᠷᠣᠭᠤᠯᠵᠤ ᠭᠠᠷᠭᠠᠭᠰᠠᠨ ᠬᠡᠮᠵᠢᠶ᠎ᠡ ᠨᠢ 1.26 ᠲᠦᠮᠡᠨ ᠬᠥᠮᠦᠨ ᠤᠳᠠᠭ᠎ᠠ ᠳᠤ ᠬᠦᠷᠴᠦ᠂ ᠡᠳᠡᠭᠡᠷ ᠨᠢ ᠴᠥᠮ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ︵ᠤᠷᠳᠤᠰ ᠬᠤᠳᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
Baidu
map