ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠲᠢᠩᠬᠢᠮ ᠤᠨ ᠳᠠᠷᠤᠭ᠎ᠠ ᠶᠦᠨ ᠸᠧᠨ ᠵᠢᠩ | ᠰᠤᠷᠪᠤᠯᠵᠢᠯᠠᠭᠰᠠᠨ ᠴᠠᠭ᠄ 2020-11-11 | ᠭᠤᠤᠯ ᠠᠭᠤᠯᠭ᠎ᠠ ᠨᠢ᠄ | ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠺᠠᠷᠲ ᠢᠶᠠᠷ ᠭᠠᠵᠠᠷ ᠣᠷᠣᠨ ᠠᠯᠤᠰᠯᠠᠬᠤ᠂ ᠵᠠᠮ | ᠬᠠᠷᠢᠯᠴᠠᠭ᠎ᠠ ᠠᠯᠤᠰᠯᠠᠬᠤ ᠠᠷᠭ᠎ᠠ ᠬᠡᠯᠪᠡᠷᠢ ᠶᠢ ᠬᠡᠷᠡᠭᠯᠡᠬᠦ ᠶᠢ ᠪᠡᠶᠡᠯᠡᠭᠦᠯᠵᠦ ᠪᠣᠯᠤᠨ᠎ᠠ᠂ ᠲᠡᠭᠡᠭᠡᠪᠦᠷᠢ ᠶᠢᠨ ᠪᠠᠭᠠᠵᠢ ᠳᠤ | ᠰᠠᠭᠤᠬᠤ ᠳᠤ ᠪᠠᠨ ᠪᠢᠯᠧᠲ ᠬᠤᠳᠠᠯᠳᠤᠨ ᠠᠪᠬᠤ᠂ ᠪᠢᠯᠧᠲ ᠰᠢᠯᠭᠠᠬᠤ ᠪᠠ ᠰᠦᠢᠳᠭᠡᠯ ᠲᠤᠰᠢᠶᠠᠬᠤ ᠴᠠᠭ ᠢ | ᠠᠷᠪᠢᠯᠠᠬᠤ ᠪᠠᠷ ᠪᠠᠷᠠᠬᠤ ᠥᠬᠡᠶ᠂ ᠪᠠᠰᠠ ᠪᠡᠯᠡᠨ ᠵᠣᠭᠤᠰ ᠠᠪᠴᠤ ᠶᠠᠪᠤᠬᠤ ᠶᠢ ᠪᠠᠭᠠᠰᠬᠠᠨ᠎ᠠ … | ᠦᠰᠦᠭ ᠪᠢᠴᠢᠭ ᠤᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠲᠣᠰ ᠬᠤᠭᠤᠴᠠᠭᠠᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ | ᠪᠤᠯᠤᠩ ᠢ ᠭᠥᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠠᠵᠠ | ᠵᠠᠪᠰᠢᠶᠠᠨ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠢᠩᠬᠢᠮ ᠤᠨ ᠳᠡᠳ᠋ ᠳᠠᠷᠤᠭ᠎ᠠ ᠶᠦᠨ ᠸᠧᠨ ᠵᠢᠩ ᠢ ᠤᠷᠢᠵᠤ᠂ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠦ | ᠺᠠᠷᠲ ᠤᠨ ᠬᠤᠯᠪᠣᠯᠳᠤᠨ ᠨᠡᠪᠲᠡᠷᠡᠯᠴᠡᠬᠦ︾ ᠭᠤᠤᠯ ᠰᠡᠳᠦᠪ ᠤᠨ ᠲᠤᠬᠠᠶ ᠣᠯᠠᠨ ᠲᠠᠢ ᠰᠠᠨᠠᠯ ᠢᠶᠠᠨ ᠰᠣᠯᠢᠯᠴᠠᠬᠤ | ᠪᠣᠯᠤᠨ᠎ᠠ᠃ ᠶᠦᠨ ᠲᠢᠩᠬᠢᠮ ᠤᠨ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ᠃ ﹇2020-11-11 | 09᠄ 15᠄ 48﹈ | ᠬᠦᠯᠢᠶᠡᠭᠴᠢ᠄ ᠶᠦᠨ ᠸᠧᠨ ᠵᠢᠩ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠤ ᠢᠷᠡᠭᠰᠡᠨ ᠳᠤ ᠪᠠᠨ ᠮᠠᠰᠢ ᠪᠠᠶᠠᠷᠲᠠᠶ ᠪᠠᠶᠢᠨ᠎ᠠ᠃ | ᠳᠣᠤᠷ᠎ᠠ᠂ ᠪᠢ ᠣᠶᠢᠷ᠎ᠠ ᠶᠢᠨ ᠵᠢᠯ ᠤᠨ ᠲᠤᠷᠰᠢᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠲᠠᠯ᠎ᠠ ᠪᠠᠷ ᠬᠥᠲᠥᠯᠥᠭᠴᠢ | ᠵᠢᠴᠢ ᠰᠦᠯᠵᠢᠶᠡᠨ ᠠᠨᠳᠠ ᠨᠠᠷ ᠤᠨ ᠠᠩᠬᠠᠷᠴᠤ ᠪᠠᠶᠢᠭ᠎ᠠ ᠠᠰᠠᠭᠤᠯᠲᠠ ᠶᠢ ᠬᠠᠷᠢᠭᠤᠯᠤᠶ᠎ᠠ᠃ ﹇2020-11-11 | 09᠄ 17᠄ 12﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠪᠣᠯ ᠨᠡᠶᠢᠭᠡᠮ | ᠨᠡᠶᠢᠲᠡ ᠶᠢᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠮᠥᠨ᠂ ᠲᠠ ᠤᠷᠢᠳ ᠢᠶᠠᠷ ᠥᠷᠭᠡᠨ ᠣᠯᠠᠨ | ᠰᠦᠯᠵᠢᠶᠡᠨ ᠤ ᠠᠨᠳᠠ ᠨᠠᠷ ᠲᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ | ᠲᠦᠷᠦᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ ᠵᠢᠴᠢ ᠬᠤᠯᠪᠣᠯᠳᠤᠨ ᠨᠡᠪᠲᠡᠷᠡᠯᠴᠡᠬᠦ ᠶᠡᠷᠦᠩᠬᠡᠶ | ᠠᠬᠢᠴᠠ ᠶᠢᠨ ᠪᠠᠶᠢᠳᠠᠯ ᠢ ᠲᠠᠨᠢᠯᠴᠠᠭᠤᠯᠤᠭᠠᠳ ᠦᠭᠭᠦᠭᠡᠷᠡᠢ᠃ ﹇2020-11-11 09᠄ 18᠄ 49﹈ | ᠬᠦᠯᠢᠶᠡᠭᠴᠢ᠄ ᠶᠦᠨ ᠸᠧᠨ ᠵᠢᠩ | ᠵᠠ᠃ 2012 ᠣᠨ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠬᠤᠲᠠ ᠶᠢᠨ ᠨᠡᠶᠢᠲᠡ ᠶᠢᠨ ᠵᠠᠮ | ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ | ᠰᠠᠨᠠᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠰᠢᠯᠵᠢᠮᠡᠯ ᠲᠣᠭᠠᠴᠠᠭ᠎ᠠ | ᠬᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠤᠲᠠ ᠶᠢᠨ | ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠢ ᠪᠥᠬᠦ ᠲᠠᠯ᠎ᠠ ᠪᠠᠷ ᠳᠡᠯᠭᠡᠷᠡᠭᠦᠯᠦᠨ | ᠲᠦᠭᠡᠮᠡᠯᠵᠢᠭᠦᠯᠵᠦ᠂ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠶᠢᠨ ᠴᠠᠷᠠᠭ᠎ᠠ | ᠠᠯᠤᠰᠯᠠᠭᠰᠠᠨ ᠨᠡᠶᠢᠲᠡ ᠶᠢᠨ ᠵᠠᠮ ᠬᠠᠷᠢᠯᠴᠠᠭᠠᠨ ᠤ ︽ᠪᠦᠷᠢᠨ ᠴᠢᠳᠠᠮᠵᠢᠲᠦ ᠺᠠᠷᠲ︾ ᠤᠨ ᠬᠤᠯᠪᠣᠯᠳᠤᠨ | ᠨᠡᠪᠲᠡᠷᠡᠯᠴᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠵᠢᠯᠣᠭᠤᠳᠬᠤ ᠰᠠᠨᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠨᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠤᠨ | ᠬᠤᠯᠪᠣᠯᠳᠤᠨ ᠨᠡᠪᠲᠡᠷᠡᠯᠴᠡᠬᠦ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠣᠲᠣ ᠪᠣᠯᠲᠠᠯ᠎ᠠ᠂ ᠪᠥᠬᠦ ᠤᠯᠤᠰ ᠲᠤ | ᠨᠢᠭᠡᠨᠲᠡ 280 ᠭᠠᠷᠤᠶ ᠲᠤᠰᠬᠠᠶ ᠣᠷᠣᠨ ᠤ ᠲᠠᠰ ᠠᠴᠠ ᠳᠡᠭᠡᠭᠰᠢᠬᠢ ᠬᠤᠲᠠ ᠶᠢᠨ ᠵᠠᠮ ᠬᠠᠷᠢᠯᠴᠠᠭᠠᠨ ᠤ ᠪᠦᠷᠢᠨ | ᠴᠢᠳᠠᠮᠵᠢᠲᠦ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ᠂ ᠵᠦᠵᠢᠶᠠᠩ ᠮᠥᠷᠡᠨ ᠤ ᠭᠤᠷᠪᠠᠯᠵᠢᠨ᠂ ᠬᠥᠬᠡᠮᠥ᠋ᠷᠡᠨ ᠤ ᠳᠤᠮᠳᠠᠳᠤ ᠤᠷᠤᠰᠬᠠᠯ ᠤᠨ | ᠬᠤᠲᠠ ᠶᠢᠨ ᠪᠥᠭᠡᠮᠨᠡᠷᠡᠯ ᠵᠡᠷᠭᠡ ᠣᠯᠠᠨ ᠭᠤᠤᠯᠳᠠᠯᠭ᠎ᠠ ᠲᠠᠢ ᠣᠷᠣᠨ ᠪᠦᠰᠡ ᠶᠢ ᠬᠠᠮᠤᠷᠤᠭᠰᠠᠨ ᠪᠠᠶᠢᠨ᠎ᠠ᠃ | ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ | ᠲᠦᠷᠢᠶᠡᠰᠦᠨ ᠮᠠᠰᠢᠨ ᠲᠡᠷᠭᠡ᠂ ᠣᠯᠠᠨ ᠨᠡᠶᠢᠲᠡ ᠶᠢᠨ ᠳᠤᠭᠤᠶ ᠲᠡᠷᠭᠡ᠂ ᠣᠩᠭᠤᠴᠠ ᠭᠠᠲᠤᠯᠬᠤ᠂ ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠲᠡᠭᠦᠷᠭᠡ ᠶᠢᠨ ᠲᠡᠮᠦᠷ ᠵᠠᠮ ᠵᠡᠷᠭᠡ ᠣᠯᠠᠨ ᠵᠦᠢᠯ ᠤᠨ | ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠬᠤᠪᠢᠷᠠᠭᠤᠯᠵᠤ᠂ ᠲᠣᠭᠠᠴᠠᠭ᠎ᠠ ᠬᠢᠬᠦ ᠠᠷᠭ᠎ᠠ ᠬᠡᠯᠪᠡᠷᠢ ᠢ ᠪᠣᠳᠠᠲᠤ | ᠺᠠᠷᠲ ᠤᠨ ᠰᠦᠯᠵᠢᠶᠡᠨ ᠭᠠᠳᠠᠨᠠᠬᠢ ᠲᠣᠭᠠᠴᠠᠭ᠎ᠠ ᠬᠢᠵᠦ ᠪᠠᠶᠢᠭᠰᠠᠨ ᠠᠴᠠ ᠰᠢᠯᠵᠢᠮᠡᠯ ᠰᠦᠯᠵᠢᠶᠡᠨ ᠲᠡᠭᠡᠷ᠎ᠡ | ᠲᠣᠭᠠᠴᠠᠭ᠎ᠠ ᠬᠢᠬᠦ ᠳᠠᠰᠢ ᠬᠤᠪᠢᠷᠠᠭᠤᠯᠵᠤ᠂ ᠠᠷᠠᠳ ᠣᠯᠠᠨ ᠤ ᠳᠥᠭᠦᠮ ᠳᠥᠲᠡ ᠶᠠᠪᠤᠵᠤ ᠰᠠᠭᠤᠬᠤ ᠶᠢ ᠬᠠᠩᠭᠠᠨ᠎ᠠ᠃ | ﹇2020-11-11 09᠄ 19᠄ 14﹈ | ᠬᠥᠲᠥᠯᠥᠭᠴᠢ᠄ | ᠲᠡᠭᠡᠪᠡᠯ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠶᠠᠮᠠᠷ ᠦᠢᠯᠡᠳᠦᠯ ᠲᠠᠢ ᠪᠤᠢ︖ ﹇ | 2020-11- 11 09᠄ 22᠄ 36﹈ | ᠬᠦᠯᠢᠶᠡᠭᠴᠢ᠄ ᠶᠦᠨ ᠸᠧᠨ ᠵᠢᠩ | ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠣᠯᠠᠨ ᠨᠡᠶᠢᠲᠡ ᠶᠢᠨ ᠶᠠᠪᠤᠵᠤ ᠰᠠᠭᠤᠬᠤ ᠶᠢᠨ | ᠴᠢᠬᠤᠯᠠ ᠲᠣᠭᠠᠴᠠᠭ᠎ᠠ ᠬᠢᠬᠦ ᠠᠷᠭ᠎ᠠ ᠪᠠᠷᠢᠯ ᠪᠣᠯᠤᠭᠰᠠᠨ ᠤ ᠬᠤᠪᠢ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠦᠢᠯᠡᠴᠢᠯᠡᠭᠡᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠲᠡᠭᠦᠨ ᠤ ᠭᠤᠤᠯ ᠦᠢᠯᠡᠳᠦᠯ ᠨᠢ ᠴᠠᠭᠠᠰᠤᠨ ᠪᠢᠯᠧᠲ | ᠺᠠᠷᠲ ᠢ ᠣᠷᠣᠯᠠᠵᠤ ᠨᠡᠶᠢᠲᠡ ᠶᠢᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠪᠠᠷ ᠲᠦᠷᠭᠡᠨ ᠲᠣᠭᠠᠴᠠᠭ᠎ᠠ ᠬᠢᠵᠦ᠂ | ᠲᠡᠷᠭᠡᠨ ᠳᠤ ᠰᠠᠭᠤᠵᠤ ᠰᠤᠯᠠ ᠵᠣᠭᠤᠰ ᠡᠷᠢᠬᠦ ᠳᠥᠭᠦᠮ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ | ᠵᠦᠪᠬᠡᠨ ᠭᠠᠷ ᠲᠤ ᠪᠠᠨ ᠨᠢᠭᠡ ᠺᠠᠷᠲ ᠪᠠᠷᠢᠪᠠᠯ ᠳᠠᠷᠤᠶ ᠨᠢᠭᠡᠨᠲᠡ ᠨᠡᠪᠲᠡᠷᠡᠯᠴᠡᠭᠰᠡᠨ ᠭᠠᠵᠠᠷ ᠣᠷᠣᠨ ᠳᠤ ᠺᠠᠷᠲ | ᠵᠢᠷᠤᠵᠤ ᠲᠡᠷᠭᠡᠨ ᠳᠤ ᠰᠠᠭᠤᠵᠤ ᠪᠣᠯᠤᠨ᠎ᠠ᠂ ᠢᠩᠭᠢᠪᠡᠯ ᠺᠠᠷᠲ ᠪᠠᠷᠢᠭᠴᠢ ᠳᠤ ᠨᠠᠩ ᠳᠥᠭᠦᠮ ᠳᠥᠲᠡ᠂ ᠥᠨᠳᠥᠷ | ᠪᠦᠲᠦᠮᠵᠢᠲᠡᠶ ᠵᠠᠮ ᠬᠠᠷᠢᠯᠴᠠᠭᠠᠨ ᠤ ᠲᠣᠭᠠᠴᠠᠭ᠎ᠠ ᠬᠢᠬᠦ ᠦᠢᠯᠡᠴᠢᠯᠡᠭᠡ ᠬᠠᠩᠭᠠᠵᠤ᠂ ᠣᠯᠠᠨ ᠨᠡᠶᠢᠲᠡ ᠶᠢᠨ ᠶᠠᠪᠤᠵᠤ | ᠰᠠᠭᠤᠬᠤ ᠦᠢᠯᠡᠴᠢᠯᠡᠭᠡᠨ ᠤ ᠠᠵᠢᠯᠯᠠᠭᠠᠨ ᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠨ᠎ᠠ᠃ ﹇ | 2020-11-11 09᠄ 23᠄ 00﹈ | ᠬᠥᠲᠥᠯᠥᠭᠴᠢ᠄ | ᠶᠦᠨ ᠲᠢᠩᠬᠢᠮ ᠤᠨ ᠳᠠᠷᠤᠭ᠎ᠠ ᠡ᠂ ᠲᠠ ᠮᠠᠨ ᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ | ᠺᠠᠷᠲ ᠤᠨ ᠬᠤᠯᠪᠣᠯᠳᠤᠨ ᠨᠡᠪᠲᠡᠷᠡᠯᠴᠡᠬᠦ ᠶᠡᠷᠦᠩᠬᠡᠶ ᠪᠠᠶᠢᠳᠠᠯ ᠢ ᠳᠠᠬᠢᠨᠲᠠ ᠲᠠᠨᠢᠯᠴᠠᠭᠤᠯᠤᠭᠠᠳ ᠦᠭᠭᠦᠭᠡᠷᠡᠢ᠃ ﹇ | 2020-11-11 09᠄ 25᠄ 43﹈ | ᠬᠦᠯᠢᠶᠡᠭᠴᠢ᠄ ᠶᠦᠨ ᠸᠧᠨ ᠵᠢᠩ | ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠪᠣᠯ ᠨᠢᠭᠡ | ᠵᠦᠢᠯ ᠤᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠮᠠᠨ ᠤ ᠣᠷᠣᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ︽ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ︾ | ᠶᠢ ᠬᠡᠷᠡᠭᠵᠢᠭᠦᠯᠬᠦ ᠭᠤᠣᠯᠳᠠᠯᠭ᠎ᠠ ᠲᠠᠢ ᠮᠤᠵᠢ ᠪᠣᠯᠤᠭᠰᠠᠨ ᠤ ᠬᠤᠪᠢ ᠳᠤ᠂ 2015 ᠣᠨ ᠠᠴᠠ ᠡᠬᠢᠯᠡᠨ | ᠬᠤᠯᠪᠣᠯᠳᠤᠨ ᠨᠡᠪᠲᠡᠷᠡᠯᠴᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠶᠠᠮᠤᠨ ᠤ ᠨᠢᠭᠡᠳᠦᠯᠲᠡᠶ ᠲᠣᠬᠢᠷᠠᠭᠤᠯᠤᠯᠲᠠ ᠪᠠᠷ᠂ | ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ ᠪᠠᠷ ᠳᠡᠮᠵᠢᠨ᠂ ᠪᠦᠬᠦ ᠣᠷᠣᠨ ᠤ ᠵᠠᠮ ᠬᠠᠷᠢᠯᠴᠠᠭᠠᠨ ᠤ ᠪᠦᠷᠢᠨ | ᠴᠢᠳᠠᠮᠵᠢᠲᠤ ᠺᠠᠷᠲ ᠤᠨ ᠬᠤᠯᠪᠣᠯᠲᠤᠨ ᠨᠡᠪᠲᠡᠷᠡᠯᠴᠡᠬᠦ ᠶᠢᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠬᠤ ᠶᠢᠨ | ᠬᠠᠮᠲᠤ᠂ ᠬᠡᠷᠡᠭᠵᠢᠭᠦᠯᠬᠦ ᠶᠢ ᠶᠡᠭᠡ ᠪᠠᠷ ᠳᠥᠯᠭᠢᠨ ᠠᠬᠢᠭᠤᠯᠪᠠ᠂ ᠭᠤᠤᠯ ᠠᠵᠢᠯ ᠳᠤ ᠪᠠᠭᠲᠠᠬᠤ ᠨᠢ᠄ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ IC ᠺᠠᠷᠲ ᠤᠨ | ᠮᠡᠷᠭᠡᠵᠢᠯ ᠤᠨ ᠵᠢᠷᠤᠮᠵᠢᠯ︾ ᠤᠨ ᠶᠣᠰᠣᠭᠠᠷ ᠥᠪᠡᠷᠲᠡᠭᠡᠨ ᠵᠠᠰᠠᠬᠤ ᠣᠷᠣᠨ ᠤ ᠱᠠᠲᠤᠨ ᠤ ᠵᠠᠮ ᠬᠠᠷᠢᠯᠴᠠᠭᠠᠨ ᠤ | ᠪᠦᠷᠢᠨ ᠴᠢᠳᠠᠮᠵᠢᠲᠤ ᠺᠠᠷᠲ ᠢ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠢ ᠪᠠᠶᠢᠭᠤᠯᠵᠤ᠂ | ᠶᠠᠮᠤᠨ ᠤ ᠱᠠᠲᠤᠨ ᠤ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠯᠤᠭ᠎ᠠ ᠵᠣᠯᠭᠠᠭᠤᠯᠬᠤ᠂ | ᠬᠤᠯᠪᠣᠯᠳᠤᠨ ᠨᠡᠪᠲᠡᠷᠡᠯᠴᠡᠬᠦ ᠨᠢᠭᠤᠴᠠ ᠲᠦᠯᠬᠢᠭᠦᠷ ᠤᠨ ᠰᠢᠰᠲ᠋ᠧᠮ ᠤᠨ ᠪᠥᠲᠥᠭᠡᠨ ᠪᠠᠶᠢᠭᠤᠯᠤᠯᠲᠠ᠂ ᠣᠷᠤᠭᠤᠯᠵᠤ | ᠤᠭᠰᠠᠷᠠᠬᠤ ᠵᠡᠷᠭᠡ ᠠᠵᠢᠯ ᠢ ᠪᠡᠶᠡᠯᠡᠭᠦᠯᠵᠦ᠂ ᠡᠯ᠎ᠡ ᠠᠶᠢᠮᠠᠭ ᠬᠤᠲᠠ ᠶᠢᠨ ᠪᠦᠷᠢᠨ ᠴᠢᠳᠠᠮᠵᠢᠲᠤ ᠺᠠᠷᠲ ᠤᠨ | ᠰᠢᠰᠲ᠋ᠧᠮ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠳᠡᠭᠡᠷᠡᠬᠢ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠨᠡᠶᠢᠲᠡ ᠶᠢᠨ ᠵᠠᠮ | ᠬᠠᠷᠢᠯᠴᠠᠭᠠᠨ ᠤ ᠬᠤᠶᠠᠳᠤᠭᠠᠷ ᠳᠡᠰ ᠤᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠤᠭ᠎ᠠ ᠪᠠᠷᠢᠮᠲᠠ ᠶᠢ ᠴᠠᠭ | ᠲᠤᠬᠠᠶ ᠳᠤ ᠨᠢ ᠳᠡᠭᠡᠭᠰᠢ ᠬᠦᠷᠭᠡᠬᠦ᠂ ᠭᠥᠯᠢᠶᠡᠨ ᠠᠪᠬᠤ᠂ ᠳᠣᠷᠣᠭᠰᠢ ᠲᠠᠷᠬᠠᠭᠠᠬᠤ ᠵᠢᠴᠢ ᠬᠠᠮᠢᠶ᠎ᠠ ᠪᠥᠬᠦᠶ | ᠬᠠᠮᠢᠶᠠᠷᠤᠯᠲᠠ ᠶᠢᠨ ᠠᠵᠢᠯ ᠢ ᠪᠡᠶᠡᠯᠡᠭᠦᠯᠪᠠ᠃ ᠡᠯ᠎ᠡ ᠠᠶᠢᠮᠠᠭ ᠬᠤᠲᠠ ᠶᠢᠨ ᠮᠠᠰᠢᠨ ᠪᠠᠭᠠᠵᠢ ᠶᠢ ᠥᠭᠡᠷᠡᠴᠢᠯᠡᠨ ᠲᠠᠰ | ᠳᠡᠪᠰᠢᠭᠦᠯᠬᠦ᠂ ᠠᠵᠢᠯᠯᠠᠭᠠᠨ ᠢ ᠬᠠᠮᠠᠭᠠᠯᠠᠬᠤ᠂ ᠢᠯᠭᠠᠷᠠᠭᠤᠯᠤᠨ ᠬᠤᠪᠢᠶᠠᠵᠤ ᠳ᠋ᠦᠩᠨᠡᠨ ᠪᠤᠳᠤᠬᠤ ᠲᠠᠪᠴᠠᠩ ᠤᠨ | ᠠᠵᠢᠯᠯᠠᠭᠤᠯᠵᠤ ᠬᠠᠮᠠᠭᠠᠯᠠᠬᠤ ᠵᠡᠷᠭᠡ ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠪᠥᠬᠦ ᠣᠷᠣᠨ ᠤ ᠵᠠᠮ ᠬᠠᠷᠢᠯᠴᠠᠭᠠᠨ ᠤ | ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠶᠢ ᠪᠥᠬᠦ ᠬᠦᠴᠦᠨ ᠢᠶᠠᠷ ᠠᠬᠢᠭᠤᠯᠪᠠ᠃ ᠣᠳᠣᠬᠠᠨ | ᠪᠣᠯᠲᠠᠯ᠎ᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠦᠬᠠᠢ ᠬᠤᠳᠠ᠂ ᠰᠢᠯᠢ ᠶᠢᠨ ᠭᠤᠣᠯ ᠠᠶᠢᠮᠠᠭ᠂ | ᠡᠷᠢᠶᠡᠨ ᠬᠤᠳᠠ ᠶᠢᠨ ᠬᠤᠳᠠ ᠶᠢᠨ ᠲᠣᠭᠤᠷᠢᠭ ᠲᠤ ᠨᠡᠶᠢᠲᠡ ᠶᠢᠨ ᠵᠠᠮ ᠬᠠᠷᠢᠯᠴᠠᠭᠠᠨ ᠤ ᠪᠦᠬᠦ ᠱᠤᠭᠤᠮ ᠤᠨ | ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠡᠢ︔ ᠲᠦᠩᠯᠢᠶᠣᠤ ᠬᠤᠲᠠ ᠶᠢᠨ ᠬᠡᠰᠡᠭ ᠬᠤᠰᠢᠭᠤ ᠰᠢᠶᠠᠨ᠂ ᠬᠢᠩᠭᠠᠨ | ᠠᠶᠢᠮᠠᠭ ᠤᠨ ᠬᠡᠰᠡᠭ ᠬᠤᠰᠢᠭᠤ ᠰᠢᠶᠠᠨ ᠤ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠬᠤᠯᠪᠣᠯᠳᠤᠨ | ᠨᠡᠪᠲᠡᠷᠡᠯᠴᠡᠬᠦ ᠶᠢ ᠪᠡᠶᠡᠯᠡᠭᠦᠯᠵᠦ᠂ ᠨᠡᠶᠢᠲᠡ 5461 ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠪᠠᠷᠢᠮᠵᠢᠶ᠎ᠠ ᠳᠤ | ᠨᠡᠶᠢᠴᠡᠭᠰᠡᠨ ᠮᠠᠰᠢᠨ ᠪᠠᠭᠠᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ ᠺᠠᠷᠲ ᠢ | ᠨᠡᠶᠢᠲᠡ 50 ᠭᠠᠷᠤᠶ ᠲᠦᠮᠡ ︵ᠬᠤᠶᠠᠷ ᠬᠡᠮᠵᠢᠯᠳᠦ ᠲᠡᠮᠳᠡᠭ ᠤᠨ ᠲᠠᠩᠰᠠᠨ ᠡᠷᠦᠬᠡ ᠪᠠᠭᠲᠠᠨ᠎ᠠ︶ ᠲᠠᠷᠬᠠᠭᠠᠪᠠ᠃ | ᠡᠨᠡ ᠵᠢᠯ ᠤᠨ ᠡᠴᠦᠰ ᠲᠤ᠂ ᠮᠠᠨ ᠤ ᠣᠷᠣᠨ ᠨᠢ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠡᠳᠦᠶ ᠠᠶᠢᠮᠠᠭ | ᠬᠤᠲᠠ ᠶᠢ ᠪᠥᠬᠦ ᠤᠯᠤᠰ ᠤᠨ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ | ᠬᠡᠪᠴᠢᠶᠡᠨ ᠳᠤ ᠣᠷᠣᠭᠤᠯᠵᠤ᠂ ᠠᠷᠠᠳ ᠣᠯᠠᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠣᠨᠳᠣᠤ | ᠭᠠᠵᠠᠷ ᠲᠤ ᠣᠯᠠᠨ ᠨᠡᠶᠢᠲᠡ ᠶᠢᠨ ᠶᠠᠪᠤᠵᠤ ᠰᠠᠭᠤᠬᠤ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ﹇ | 2020-11-11 09᠄ 26᠄ 27﹈ | ᠬᠥᠲᠥᠯᠥᠭᠴᠢ᠄ | ᠲᠡᠭᠡᠪᠡᠯ ᠲᠠ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ | ᠪᠠᠷᠢᠯᠭ᠎ᠠ ᠶᠢ ᠬᠡᠷᠡᠭᠵᠢᠭᠦᠯᠦᠭᠰᠡᠨ ᠨᠢ ᠥᠪᠡᠷᠲᠡᠭᠡᠨ ᠵᠠᠰᠠᠬᠤ ᠣᠷᠣᠨ ᠵᠢᠴᠢ ᠠᠷᠠᠳ ᠢᠷᠭᠡᠳ ᠲᠤ ᠶᠠᠮᠠᠷ ᠠᠴᠢ | ᠬᠤᠯᠪᠣᠭᠳᠠᠯ ᠲᠠᠢ ᠪᠣᠯᠬᠤ ᠶᠢ ᠳᠥᠭᠦᠮᠬᠡᠨ ᠲᠠᠨᠢᠯᠴᠠᠭᠤᠯᠤᠭᠠᠳ ᠥᠭᠭᠦᠨ᠎ᠡ ᠤᠤ︖ ﹇2020-11-11 09᠄ | 30᠄ 13﹈ | ᠬᠦᠯᠢᠶᠡᠭᠴᠢ᠄ ᠶᠦᠨ ᠸᠧᠨ ᠵᠢᠩ | ᠵᠠ᠃ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠨᠢ ᠴᠢᠬᠤᠯᠠ | ᠨᠡᠶᠢᠭᠡᠮ ᠤᠨ ᠦᠷ᠎ᠡ ᠠᠰᠢᠭ ᠲᠠᠢ ᠪᠠᠶᠢᠵᠤ᠂ ᠨᠡᠶᠢᠭᠡᠮ ᠤᠨ ᠤᠯᠠᠨ ᠨᠡᠶᠢᠲᠡ ᠶᠢᠨ ᠬᠦᠷᠳᠡᠭᠡᠮᠵᠢᠲᠦ ᠶᠢᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ ᠢ ᠪᠦᠲᠦᠮᠵᠢᠲᠡᠢ ᠳᠡᠭᠡᠭᠰᠢᠯᠡᠭᠦᠯᠵᠦ ᠴᠢᠳᠠᠨ᠎ᠠ᠃ ᠨᠢᠭᠡ ᠳᠤ᠂ ᠠᠷᠠᠳ ᠲᠤ ᠲᠥᠬᠦᠮ | ᠦᠵᠡᠭᠦᠯᠵᠦ ᠠᠷᠠᠳ ᠲᠤ ᠠᠰᠢᠭ ᠬᠦᠷᠲᠡᠭᠡᠨ᠎ᠡ᠃ ᠣᠷᠣᠨ ᠪᠦᠰᠡ ᠶᠢᠨ ᠵᠠᠮ ᠬᠠᠷᠢᠯᠴᠠᠭ᠎ᠠ ᠬᠢᠭᠡᠳ ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠴᠣᠭᠴᠠᠵᠢᠭᠤᠯᠬᠤ ᠬᠦᠭᠵᠢᠯᠲᠡ ᠶᠢ ᠳᠠᠭᠠᠯᠳᠤᠨ᠂ ᠨᠡᠶᠢᠲᠡ ᠶᠢᠨ | ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠥᠷᠭᠡᠨ ᠣᠯᠠᠨ ᠲᠦᠮᠡᠨ ᠤ ᠨᠡᠶᠢᠲᠡ ᠶᠢᠨ ᠵᠠᠮ | ᠬᠠᠷᠢᠯᠴᠠᠭᠠᠨ ᠤ ᠶᠠᠪᠤᠵᠤ ᠰᠠᠭᠤᠬᠤ ᠳᠤ ᠰᠣᠩᠭᠤᠬᠤ ᠨᠢᠭᠡ ᠵᠦᠢᠯ ᠤᠨ ᠠᠮᠤᠷ ᠲᠦᠪᠰᠢᠨ ᠤ ᠲᠣᠭᠠᠴᠠᠭ᠎ᠠ ᠬᠢᠬᠦ | ᠠᠷᠭ᠎ᠠ ᠬᠡᠯᠪᠡᠷᠢ ᠪᠣᠯᠤᠭᠰᠠᠨ ᠤ ᠬᠤᠪᠢ ᠳᠤ᠂ ᠰᠠᠭᠤᠭᠠᠯᠢ ᠠᠷᠠᠳ ᠲᠤ ᠣᠷᠣᠨ ᠪᠦᠰᠡ ᠠᠯᠤᠰᠯᠠᠨ ᠶᠠᠪᠤᠵᠤ | ᠰᠠᠭᠤᠬᠤ ᠶᠢᠨ ᠳᠥᠭᠦᠮ ᠳᠥᠲᠡ ᠦᠢᠯᠡᠴᠢᠯᠡᠭᠡ ᠶᠢ ᠡᠳ᠋ᠯᠡᠭᠦᠯᠵᠦ ᠪᠣᠯᠤᠨ᠎ᠠ᠃ ᠬᠤᠶᠠᠷ ᠲᠤ᠂ ᠳᠣᠤᠷ᠎ᠠ | ᠨᠡᠭᠦᠷᠡᠰᠦᠳᠦ᠋ᠷᠦᠭᠴᠢᠲᠦ ᠣᠷᠴᠢᠨ ᠠᠬᠤᠶ ᠶᠢ ᠬᠠᠮᠠᠭᠠᠯᠠᠨ᠎ᠠ᠃ ᠬᠤᠪᠢ ᠶᠢᠨ ᠮᠠᠰᠢᠨ ᠲᠡᠷᠭᠡᠨ ᠤ ᠶᠠᠪᠤᠵᠤ ᠰᠠᠭᠤᠬᠤ | ᠬᠡᠮᠵᠢᠶ᠎ᠡ ᠶᠢ ᠪᠠᠭᠠᠰᠬᠠᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠤᠨ᠂ ᠣᠷᠴᠢᠨ | ᠠᠬᠤᠢ ᠶᠢ ᠬᠠᠮᠠᠭᠠᠯᠠᠵᠤ ᠶᠠᠪᠤᠵᠤ ᠰᠠᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠠᠷᠪᠢᠯᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠣᠷᠢᠯᠭ᠎ᠠ ᠳᠤ ᠬᠦᠷᠦᠭᠦᠯᠬᠦ | ᠬᠡᠷᠡᠭᠲᠡᠶ᠃ ᠭᠤᠷᠪᠠ ᠳᠤ᠂ ᠠᠵᠤ ᠠᠬᠤᠶ ᠶᠢ ᠠᠷᠪᠢᠯᠠᠨ ᠭᠠᠮᠨᠠᠨ᠎ᠠ᠃ ᠨᠥᠬᠦᠴᠡᠯ ᠪᠦᠷᠢᠳᠦᠭᠰᠡᠨ ᠮᠠᠰᠢᠨ ᠪᠠᠭᠠᠵᠢ ᠶᠢ | ᠲᠡᠰ ᠳᠡᠪᠰᠢᠭᠦᠯᠦᠨ ᠥᠭᠡᠷᠡᠴᠢᠯᠡᠬᠦ ᠶᠢ ᠪᠡᠶᠡᠯᠡᠭᠦᠯᠪᠡᠯ᠂ ᠶᠡᠭᠡ ᠬᠡᠪᠴᠢᠶ᠎ᠡ ᠪᠠᠷ ᠮᠠᠰᠢᠨ ᠪᠠᠭᠠᠵᠢ ᠶᠢ ᠰᠣᠯᠢᠬᠤ ᠶᠢ | ᠪᠠᠭᠠᠰᠬᠠᠵᠤ᠂ ᠳᠠᠪᠬᠤᠷᠳᠠᠭᠤᠯᠤᠨ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠠᠴᠠ ᠵᠠᠶᠢᠯᠠᠰᠬᠢᠵᠦ ᠪᠣᠯᠤᠨ᠎ᠠ᠃ ﹇ | 2020-11-11 09᠄ 31᠄ 41﹈ | ᠬᠥᠲᠥᠯᠥᠭᠴᠢ᠄ | ᠬᠤᠯᠪᠣᠯᠳᠤᠨ ᠨᠡᠪᠲᠡᠷᠡᠯᠴᠡᠬᠦ ᠠᠵᠢᠯ ᠢ ᠠᠬᠢᠭᠤᠯᠬᠤ ᠶᠠᠪᠤᠴᠠ ᠳᠤ ᠶᠠᠮᠠᠷ ᠬᠦᠴᠢᠷᠳᠡᠯ ᠪᠠᠶᠢᠬᠤ ᠪᠣᠢ︖ ﹇ | 2020-11 - 11 09᠄ 34᠄ 20﹈ | ᠬᠦᠯᠢᠶᠡᠭᠴᠢ᠄ ᠶᠦᠨ ᠸᠧᠨ ᠵᠢᠩ | ᠲᠦᠯᠬᠢᠨ ᠠᠬᠢᠭᠤᠯᠬᠤ ᠶᠠᠪᠤᠴᠠ ᠳᠤ᠂ ᠪᠢᠳᠡᠨ ᠳᠤ ᠡᠳᠦᠶ ᠲᠡᠳᠦᠶ ᠬᠦᠴᠢᠷᠳᠡᠯ ᠲᠤᠯᠭᠠᠷᠠᠵᠠᠶ᠂ ᠨᠢᠭᠡ ᠳᠤ᠂ | ᠠᠵᠤ ᠠᠬᠤᠶᠢᠯᠠᠯ ᠤᠨ ᠲᠠᠨᠢᠯᠲᠠ ᠳᠣᠣᠷ᠎ᠠ ᠪᠠᠶᠢᠨ᠎ᠠ᠃ ᠬᠡᠰᠡᠭ ᠠᠶᠢᠮᠠᠭ ᠬᠤᠲᠠ ᠶᠢᠨ ᠵᠠᠰᠠᠭ ᠤᠨ ᠣᠷᠳᠣᠨ ᠵᠢᠴᠢ | ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠤᠯᠪᠣᠯᠳᠤᠨ ᠨᠡᠪᠲᠡᠷᠡᠯᠴᠡᠬᠦ ᠠᠵᠢᠯ ᠤᠨ ᠴᠢᠬᠤᠯᠠ | ᠴᠢᠨᠠᠷ ᠤᠨ ᠲᠤᠬᠠᠶ ᠲᠠᠨᠢᠯᠲᠠ ᠪᠠᠷ ᠳᠤᠲᠠᠮᠠᠭ ᠪᠠᠶᠢᠵᠤ᠂ ᠬᠤᠯᠪᠣᠯᠳᠤᠨ ᠨᠡᠪᠲᠡᠷᠡᠯᠴᠡᠬᠦ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠭᠦᠨᠵᠡᠭᠡᠶ ᠣᠶᠢᠯᠠᠭᠠᠬᠤ ᠥᠬᠡᠶ᠂ ᠠᠵᠢᠯ ᠤᠨ ᠨᠠᠶᠢᠳᠠᠪᠤᠷᠢᠵᠢᠭᠤᠯᠤᠯᠲᠠ ᠬᠦᠷᠦᠯᠴᠡᠬᠦ ᠥᠬᠡᠶ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠡᠪᠲᠡᠷᠡᠯᠴᠡᠵᠦ ᠵᠣᠬᠢᠴᠠᠭᠤᠯᠬᠤ ᠡᠷᠴᠢᠮ ᠨᠡᠯᠢᠶᠡᠳ ᠪᠠᠭᠤᠷᠠᠶ | ᠪᠠᠶᠢᠵᠤ᠂ ᠬᠤᠯᠪᠣᠯᠳᠤᠨ ᠨᠡᠪᠲᠡᠷᠡᠯᠴᠡᠬᠦ ᠠᠵᠢᠯ ᠤᠨ ᠥᠷᠨᠢᠯᠲᠡ ᠶᠢ ᠨᠥᠯᠥᠭᠡᠯᠡᠵᠦ ᠪᠠᠶᠢᠨ᠎ᠠ᠃ ᠬᠤᠶᠠᠷ ᠲᠤ᠂ | ᠶᠡᠷᠦᠩᠬᠡᠶᠢᠯᠡᠭᠰᠡᠨ ᠬᠡᠷᠡᠭᠯᠡᠯᠲᠡ ᠶᠢ ᠥᠷᠭᠡᠳᠬᠡᠬᠦ ᠠᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠮᠠᠨ ᠤ ᠣᠷᠣᠨ ᠤ | ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠠᠶᠢᠮᠠᠭ ᠬᠤᠲᠠ ᠨᠢ ᠭᠤᠤᠯᠳᠠᠭᠤ ᠤᠯᠠᠮᠵᠢᠯᠠᠯᠲᠤ ᠨᠡᠶᠢᠲᠡ ᠶᠢᠨ | ᠵᠠᠮ ᠬᠠᠷᠢᠯᠴᠠᠭ᠎ᠠ ᠳᠤ ᠲᠥᠪᠯᠡᠷᠡᠵᠦ᠂ ᠲᠤᠬᠠᠶᠢᠯᠠᠭᠰᠠᠨ ᠠᠵᠢᠯ ᠤᠨ ᠬᠡᠯᠪᠡᠷᠢ ᠨᠢ ᠲᠠᠩ ᠭᠠᠭᠴᠠ᠂ ᠠᠳᠠᠯᠢ ᠪᠤᠰᠤ | ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠬᠤᠭᠤᠷᠣᠨᠳᠣ ᠲᠡᠷᠭᠡ ᠰᠣᠯᠢᠵᠤ ᠰᠠᠭᠤᠬᠤ ᠶᠢ ᠵᠣᠯᠭᠠᠭᠤᠯᠬᠤ᠂ ᠤᠶᠤᠨᠴᠢᠯᠠᠬᠤ | ᠪᠠ ᠥᠪᠡᠷᠮᠢᠴᠡ ᠦᠢᠯᠡᠴᠢᠯᠡᠭᠡᠨ ᠤ ᠴᠢᠳᠠᠪᠤᠷᠢ ᠵᠡᠷᠭᠡ ᠲᠠᠯ᠎ᠠ ᠪᠠᠷ ᠪᠠᠰᠠ ᠰᠢᠪᠲᠤᠯᠤᠯᠲᠠ ᠲᠠᠢ ᠪᠠᠶᠢᠬᠤ ᠬᠡᠷᠡᠭᠲᠡᠶ᠃ ﹇ | 2020-11-11 09᠄ 35᠄ 58﹈ | ᠬᠥᠲᠥᠯᠥᠭᠴᠢ᠄ | ᠤᠤᠯ ᠨᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠡᠶᠢᠮᠦ ᠣᠯᠠᠨ ᠰᠠᠶᠢᠨ ᠲᠠᠯ᠎ᠠ ᠲᠠᠢ ᠪᠠᠶᠢᠳᠠᠭ | ᠂ ᠲᠡᠭᠡᠪᠡᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠦ ᠺᠠᠷᠲ ᠨᠢ ᠰᠣᠷᠣᠭᠴᠢ ᠶᠢᠨ | ᠺᠠᠷᠲ᠂ ᠨᠠᠰᠤᠲᠠᠶᠢᠴᠤᠳ ᠤᠨ ᠺᠠᠷᠲ ᠵᠡᠷᠭᠡ ᠣᠨᠴᠠᠭᠠᠶ ᠺᠠᠷᠲ ᠤᠨ ᠲᠥᠷᠥᠯ ᠢ ᠭᠦᠢᠴᠡᠳᠭᠡᠵᠦ ᠪᠣᠯᠤᠨ᠎ᠠ ᠤᠤ︖ ﹇ | 2020-11-11 09᠄ 38᠄ 35﹈ | ᠬᠦᠯᠢᠶᠡᠭᠴᠢ᠄ ᠶᠦᠨ ᠸᠧᠨ ᠵᠢᠩ | ᠡᠯ᠎ᠡ ᠭᠠᠵᠠᠷ ᠤᠨ ᠰᠣᠷᠣᠭᠴᠢ ᠶᠢᠨ ᠺᠠᠷᠲ᠂ ᠨᠠᠰᠤᠲᠠᠶᠢᠴᠤᠳ ᠤᠨ ᠺᠠᠷᠲ ᠤᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠪᠠ ᠨᠥᠬᠦᠪᠥᠷᠢ ᠥᠭᠬᠦ ᠠᠷᠭ᠎ᠠ ᠬᠡᠯᠪᠡᠷᠢ ᠨᠢ ᠠᠳᠠᠯᠢ ᠥᠬᠡᠶ ᠪᠠᠶᠢᠬᠤ ᠶᠢ ᠪᠣᠳᠤᠯᠬᠢᠯᠠᠭᠰᠠᠨ ᠠᠴᠠ᠂ | ᠣᠨᠴᠠᠭᠠᠶ ᠺᠠᠷᠲ ᠤᠨ ᠲᠥᠷᠥᠯ ᠳᠤ ᠴᠢᠭᠯᠡᠭᠦᠯᠦᠨ᠂ ᠬᠤᠯᠪᠣᠯᠳᠤᠨ ᠨᠡᠪᠲᠡᠷᠡᠯᠴᠡᠬᠦ ᠶᠢᠨ ᠣᠨᠳᠣᠤ ᠭᠠᠵᠠᠷ ᠲᠤ ᠬᠡᠷᠡᠭᠯᠡᠬᠦ | ᠴᠢᠳᠠᠮᠵᠢ ᠶᠢ ᠬᠠᠷᠠᠬᠠᠨ ᠨᠡᠪᠲᠡᠷᠡᠭᠦᠯᠦᠭᠡᠳᠦᠶ ᠪᠠᠶᠢᠨ᠎ᠠ᠃ ﹇2020-11-11 09᠄ 39᠄ 07﹈ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠳᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠭᠦᠢᠴᠡᠳᠭᠡᠭᠰᠡᠨ | ᠪᠠᠶᠢᠪᠠᠯ᠂ ᠭᠠᠳᠠᠷ ᠮᠤᠵᠢ ︵ᠬᠤᠲᠠ︶ ᠶᠢᠨ ᠬᠡᠳᠦᠶ ᠬᠤᠲᠠ ᠳᠤ ᠣᠴᠢᠵᠤ ᠬᠡᠷᠡᠭᠯᠡᠵᠦ ᠪᠣᠯᠬᠤ ᠪᠣᠶ᠂ ᠬᠠᠷᠠᠭᠠᠯᠵᠠᠯ | ᠦᠵᠡᠭᠦᠯᠵᠦ ᠪᠣᠯᠤᠨ᠎ᠠ ᠤᠤ︖ ﹇2020-11-11 09᠄ 40᠄ 45﹈ | ᠬᠦᠯᠢᠶᠡᠭᠴᠢ᠄ ᠶᠦᠨ ᠸᠧᠨ ᠵᠢᠩ | ︽ᠵᠠᠮ ᠬᠠᠷᠢᠯᠴᠠᠭᠠᠨ ᠤ ᠬᠤᠯᠪᠣᠭᠠᠯᠠᠯ︾ ᠤᠨ ᠲᠡᠮᠳᠡᠭ ᠲᠠᠢ ᠵᠠᠮ ᠬᠠᠷᠢᠯᠴᠠᠭᠠᠨ ᠤ ᠪᠦᠷᠢᠨ ᠴᠢᠳᠠᠮᠵᠢᠲᠤ | ᠺᠠᠷᠲ ᠤᠨ ᠬᠡᠷᠡᠭᠯᠡᠭᠴᠢ ᠶᠢ ᠲᠤᠰᠬᠠᠶ ᠣᠷᠣᠨ ᠤ ᠲᠠᠰ ᠠᠴᠠ ᠳᠡᠭᠡᠭᠰᠢᠬᠢ 280 ᠭᠠᠷᠤᠶ ᠬᠤᠲᠠ ︵ᠪᠣᠳᠠᠲᠠᠶ | ᠨᠡᠪᠲᠡᠷᠡᠭᠦᠯᠦᠭᠰᠡᠨ ᠬᠤᠲᠠ ᠪᠠ ᠺᠠᠷᠲ ᠲᠠᠷᠬᠠᠭᠠᠭᠰᠠᠨ ᠬᠤᠲᠠ ᠶᠢᠨ ᠨᠡᠷᠡᠰ᠂ ᠸᠢᠴᠠᠲ ᠤᠨ ︽ᠵᠠᠮ ᠬᠠᠷᠢᠯᠴᠠᠭᠠᠨ ᠤ | ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠳᠠᠮᠵᠢᠭᠤᠯᠤᠨ ᠪᠠᠶᠢᠴᠠᠭᠠᠨ ᠯᠠᠪᠯᠠᠵᠤ᠂ | ᠪᠦᠲᠦᠮᠵᠢᠲᠡᠶ ᠮᠡᠳᠡᠭᠡ ᠵᠠᠩᠭᠢ ᠣᠯᠵᠤ ᠪᠣᠯᠤᠨ᠎ᠠ︶ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠡᠭᠡᠷ᠎ᠡ ᠺᠠᠷᠲ | ᠵᠢᠷᠤᠵᠤ ᠬᠡᠷᠡᠭᠯᠡᠵᠦ ᠪᠣᠯᠤᠨ᠎ᠠ᠃ ᠪᠥᠬᠦ ᠤᠯᠤᠰ ᠤᠨ ᠬᠤᠯᠪᠣᠯᠳᠤᠨ ᠨᠡᠪᠲᠡᠷᠡᠯᠴᠡᠬᠦ ᠺᠠᠷᠲ ᠤᠨ ᠬᠡᠷᠡᠭᠯᠡᠬᠦ ᠬᠡᠪᠴᠢᠶ᠎ᠡ ᠨᠢ | ᠨᠡᠶᠢᠲᠡ ᠶᠢᠨ ᠮᠠᠰᠢᠨ ᠲᠡᠷᠭᠡ᠂ ᠭᠠᠵᠠᠷ ᠳᠣᠤᠷᠠᠬᠢ ᠲᠡᠮᠦᠷ ᠵᠠᠮ᠂ ᠲᠦᠷᠢᠶᠡᠰᠦᠨ ᠮᠠᠰᠢᠨ ᠲᠡᠷᠭᠡ᠂ ᠬᠥᠩᠭᠡᠨ ᠵᠠᠮ᠂ | ᠣᠩᠭᠤᠴᠠ ᠭᠠᠲᠤᠯᠬᠤ᠂ ᠣᠯᠠᠨ ᠨᠡᠶᠢᠲᠡ ᠶᠢᠨ ᠳᠤᠭᠤᠶ ᠲᠡᠷᠭᠡ ᠵᠡᠷᠭᠡ ᠣᠯᠠᠨ ᠵᠦᠢᠯ ᠤᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠷᠭ᠎ᠠ ᠬᠡᠯᠪᠡᠷᠢ ᠳᠤ ᠬᠤᠯᠪᠣᠭᠳᠠᠨ᠎ᠠ᠃ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ | ᠬᠤᠯᠪᠣᠯᠳᠤᠨ ᠨᠡᠪᠲᠡᠷᠡᠯᠴᠡᠬᠦ ᠺᠠᠷᠲ ᠲᠠᠢ ᠬᠡᠷᠡᠭᠯᠡᠭᠴᠢ ᠶᠢ ᠺᠠᠷᠲ ᠲᠠᠷᠬᠠᠭᠠᠭᠰᠠᠨ ᠥᠬᠡᠶ ᠭᠠᠵᠠᠷ ᠲᠤ ᠬᠡᠷᠡᠭᠯᠡᠬᠦ | ᠦᠶ᠎ᠡ ᠳᠤ᠂ ᠪᠣᠳᠠᠲᠠᠶ ᠬᠠᠷᠠᠭᠠᠯᠵᠠᠯ ᠤᠨ ᠠᠷᠭ᠎ᠠ ᠬᠡᠯᠪᠡᠷᠢ᠂ ᠬᠠᠷᠠᠭᠠᠯᠵᠠᠯ ᠤᠨ ᠲᠤᠭ᠎ᠠ ᠬᠡᠮᠵᠢᠶ᠎ᠡ ᠵᠢᠴᠢ ᠬᠡᠷᠡᠭᠯᠡᠬᠦ | ᠬᠡᠪᠴᠢᠶ᠎ᠡ ᠶᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠨ᠎ᠠ᠃ ᠮᠠᠨ ᠤ ᠣᠷᠣᠨ ᠤ | ᠺᠠᠷᠲ ᠵᠢᠷᠤᠬᠤ ᠬᠠᠷᠠᠭᠠᠯᠵᠠᠯ ᠨᠢ ᠡᠯ᠎ᠡ ᠭᠠᠵᠠᠷ ᠤᠨ ᠡᠵᠡᠩᠨᠡᠯᠲᠡ ᠶᠢᠨ ᠪᠠᠶᠢᠭᠤᠯᠤᠮᠵᠢ ᠶᠢᠨ ᠬᠤᠯᠪᠣᠯᠳᠤᠨ | ᠨᠡᠪᠲᠡᠷᠡᠯᠴᠡᠬᠦ ᠡᠩ ᠤᠨ ᠺᠠᠷᠲ ᠤᠨ ᠬᠠᠷᠠᠭᠠᠯᠵᠠᠯ ᠤᠨ ᠠᠷᠭ᠎ᠠ ᠬᠡᠯᠪᠡᠷᠢ ᠪᠠᠷ ᠬᠡᠷᠡᠭᠵᠢᠭᠦᠯᠦᠨ᠎ᠡ᠃ ﹇2020- | 11-11 09᠄ 41᠄ 22﹈ | ᠬᠥᠲᠥᠯᠥᠭᠴᠢ᠄ | ᠤᠤᠯ ᠨᠢ ᠭᠦᠢᠴᠡᠳᠭᠡᠭᠰᠡᠡ ᠨᠡᠶᠢᠲᠡ ᠶᠢᠨ ᠵᠠᠮ ᠬᠠᠷᠢᠯᠴᠠᠭᠠᠨ ᠤ ᠺᠠᠷᠲ ᠢ ᠶᠠᠭᠠᠬᠢᠪᠠᠯ ᠰᠠᠶ᠋ᠢ ᠥᠪᠡᠷᠲᠡᠭᠡᠨ | ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢᠶᠠᠷ ᠰᠣᠯᠢᠵᠤ ᠪᠣᠯᠬᠤ ᠪᠣᠢ︖ ﹇ | 2020-11-11 09᠄ 44᠄ 46﹈ | ᠬᠦᠯᠢᠶᠡᠭᠴᠢ᠄ ᠶᠦᠨ ᠸᠧᠨ ᠵᠢᠩ | ᠤᠤᠯ ᠤᠨ ᠪᠠᠶᠢᠭᠰᠠᠨ ᠬᠠᠭᠤᠴᠢᠨ ᠪᠠᠷᠢᠮᠵᠢᠶᠠᠲᠤ ᠺᠠᠷᠲ ᠢ ᠮᠥᠨ ᠬᠦ ᠲᠣᠰ ᠭᠠᠵᠠᠷ ᠲᠤ ᠬᠡᠷᠡᠭᠯᠡᠵᠦ ᠪᠣᠯᠤᠨ᠎ᠠ᠂ | ᠣᠨᠳᠣᠤ ᠭᠠᠵᠠᠷ ᠲᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠺᠠᠷᠲ ᠪᠠᠷᠢᠭᠴᠢ ᠨᠢ ᠲᠠᠷᠬᠠᠭᠠᠬᠤ ᠭᠠᠵᠠᠷ ᠤᠨ | ᠰᠦᠯᠵᠢᠶᠡᠨ ᠤ ᠴᠡᠭ ᠤᠨ ᠪᠠᠶᠢᠭᠤᠯᠤᠮᠵᠢ ᠳᠤ ᠬᠤᠯᠪᠣᠯᠳᠤᠨ ᠨᠡᠪᠲᠡᠷᠡᠯᠴᠡᠬᠦ ᠴᠢᠳᠠᠮᠵᠢ ᠲᠠᠢ ᠵᠠᠮ ᠬᠠᠷᠢᠯᠴᠠᠭᠠᠨ ᠤ | ᠪᠦᠷᠢᠨ ᠴᠢᠳᠠᠮᠵᠢᠲᠤ ᠺᠠᠷᠲ ᠢ ᠭᠦᠢᠴᠡᠳᠭᠡᠵᠦ ᠪᠣᠯᠤᠨ᠎ᠠ᠃ ﹇2020-11-11 09᠄ 45᠄ 00﹈ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠣᠨᠳᠣᠤ ᠭᠠᠵᠠᠷ ᠲᠤ | ᠵᠣᠭᠤᠰ ᠨᠡᠮᠡᠬᠦ ᠪᠠ ᠰᠦᠯᠵᠢᠶᠡᠨ ᠳᠡᠭᠡᠷ᠎ᠡ ᠵᠣᠭᠤᠰ ᠨᠡᠮᠡᠵᠦ ᠪᠣᠯᠤᠨ᠎ᠠ ᠤᠤ︖ ﹇2020-11-11 09᠄ 46᠄ | 13﹈ | ᠬᠦᠯᠢᠶᠡᠭᠴᠢ᠄ ᠶᠦᠨ ᠸᠧᠨ ᠵᠢᠩ | ᠣᠳᠣᠬᠠᠨ ᠳᠤ ᠣᠷᠣᠨ ᠤ ᠳᠣᠲᠣᠷᠠᠬᠢ ᠬᠤᠯᠪᠣᠯᠳᠤᠨ ᠨᠡᠪᠲᠡᠷᠡᠯᠴᠡᠬᠦ ᠺᠠᠷᠲ ᠨᠢ ᠲᠠᠷᠬᠠᠭᠠᠬᠤ ᠲᠤᠬᠠᠶ ᠶᠢᠨ | ᠭᠠᠵᠠᠷ ᠤᠨ ᠰᠦᠯᠵᠢᠶᠡᠨ ᠤ ᠴᠡᠭ ᠪᠠᠷ ᠳᠡᠮᠵᠢᠨ ᠵᠣᠭᠤᠰ ᠨᠡᠮᠡᠵᠦ ᠪᠣᠯᠤᠨ᠎ᠠ᠃ ᠡᠭᠦᠨ ᠤ ᠬᠠᠮᠲᠤ᠂ ᠰᠢᠯᠵᠢᠮᠡᠯ | ᠲᠣᠭᠠᠴᠠᠭ᠎ᠠ ᠬᠢᠬᠦ ᠶᠢᠨ ᠲᠥᠬᠦᠮ ᠴᠢᠨᠠᠷ ᠢ ᠪᠣᠳᠤᠯᠬᠢᠯᠠᠭᠰᠠᠨ ᠠᠴᠠ᠂ ᠣᠲᠤᠬᠠᠨ ᠶᠠᠭ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠲᠠᠢ NFC ᠭᠠᠷ ᠤᠲᠠᠰᠤᠨ ᠤ ᠲᠣᠭᠠᠴᠠᠭ᠎ᠠ ᠬᠢᠬᠦ ᠲᠠᠪᠴᠠᠩ ᠢ ᠵᠣᠯᠭᠠᠭᠤᠯᠵᠤ ᠪᠠᠶᠢᠨ᠎ᠠ᠂ | ᠬᠡᠰᠡᠭ ᠠᠶᠢᠮᠠᠭ ᠬᠤᠲᠠ ᠵᠠᠯᠭᠠᠭ᠎ᠠ ᠪᠠᠷ ᠵᠠᠯᠭᠠᠨ ᠣᠷᠣᠭᠤᠯᠵᠤ᠂ ᠠᠭᠠᠷ ᠲᠤ ᠺᠠᠷᠲ ᠨᠡᠭᠡᠭᠡᠬᠦ᠂ ᠰᠦᠯᠵᠢᠶᠡᠨ ᠳᠡᠭᠡᠷ᠎ᠡ | ᠵᠣᠭᠤᠰ ᠨᠡᠮᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠪᠣᠯᠤᠨ᠎ᠠ᠃ ﹇2020-11-11 09᠄ 47᠄ 42﹈ | ᠬᠥᠲᠥᠯᠥᠭᠴᠢ᠄ | ᠡᠯ᠎ᠡ ᠲᠦᠷᠦᠯ ᠤᠨ ᠵᠠᠮ ᠬᠠᠷᠢᠯᠴᠠᠭᠠᠨ ᠤ ᠪᠠᠭᠠᠵᠢ ᠳᠤ ᠬᠡᠷᠬᠢᠨ ᠬᠡᠷᠡᠭᠯᠡᠬᠦ ᠪᠤᠢ︖ ﹇2020-11-11 | 09᠄ 48᠄ 30﹈ | ᠬᠦᠯᠢᠶᠡᠭᠴᠢ᠄ ᠶᠦᠨ ᠸᠧᠨ ᠵᠢᠩ | ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠤᠷᠢᠳᠴᠢᠯᠠᠨ | ᠲᠤᠰᠢᠶᠠᠬᠤ ᠺᠠᠷᠲ ᠲᠤ ᠲᠣᠭᠠᠴᠠᠭᠳᠠᠨ᠎ᠠ᠂ ᠬᠡᠷᠡᠭᠯᠡᠬᠦ ᠠᠴᠠ ᠡᠮᠦᠨ᠎ᠡ ᠤᠷᠢᠳ ᠢᠶᠠᠷ ᠺᠠᠷᠲ ᠲᠤ ᠵᠣᠭᠤᠰ ᠨᠡᠮᠡᠬᠦ | ᠬᠡᠷᠡᠭᠲᠡᠶ᠂ ᠳᠠᠷᠠᠭ᠎ᠠ ᠨᠢ ᠡᠯ᠎ᠡ ᠲᠥᠷᠥᠯ ᠤᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠬᠤ | ᠦᠶ᠎ᠡ ᠳᠤ ᠰᠢᠭᠤᠳ ᠺᠠᠷᠲ ᠵᠢᠷᠤᠵᠤ ᠲᠡᠷᠭᠡᠨ ᠳᠤ ᠰᠠᠭᠤᠵᠤ ᠪᠣᠯᠤᠨ᠎ᠠ᠃ ﹇2020-11-11 09᠄ 48᠄ 43 | ﹈ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠪᠥᠬᠦ ᠤᠯᠤᠰ ᠤᠨ | ᠨᠡᠶᠢᠲᠡ ᠶᠢᠨ ᠵᠠᠮ ᠬᠠᠷᠢᠯᠴᠠᠭᠠᠨ ᠤ ᠭᠠᠵᠠᠷ ᠳᠣᠤᠷᠠᠬᠢ ᠲᠡᠮᠦᠷ ᠵᠠᠮ ᠳᠤ ᠬᠡᠷᠡᠭᠯᠡᠵᠦ ᠪᠣᠯᠤᠨ᠎ᠠ᠂ ᠶᠠᠭᠠᠬᠢᠭᠠᠳ | ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭ᠎ᠠ ᠨᠢ ᠳᠡᠮᠵᠢᠬᠦ ᠦᠭᠡᠢ ᠪᠣᠢ︖ ﹇2020-11-11 09᠄ 49᠄ | 19﹈ | ᠬᠦᠯᠢᠶᠡᠭᠴᠢ᠄ ᠶᠦᠨ ᠸᠧᠨ ᠵᠢᠩ | ᠪᠡᠭᠡᠵᠢᠩ ᠤᠨ ᠦᠵᠦᠭᠦᠷ ᠤᠨ ᠮᠠᠰᠢᠨ ᠣᠨᠴᠠᠭᠠᠶ᠂ ᠬᠤᠲᠠ ᠶᠢᠨ ᠨᠡᠷᠡᠰ ᠤᠨ ᠬᠠᠳᠠᠭᠠᠯᠠᠮᠵᠢ ᠶᠢᠨ ᠬᠡᠮᠵᠢᠶ᠎ᠡ | ᠬᠢᠵᠠᠭᠠᠷᠲᠠᠶ ᠪᠣᠯᠬᠤᠷ᠂ ᠵᠦᠪᠬᠡᠨ 48 ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠶᠢ ᠳᠡᠮᠵᠢᠵᠦ᠂ 224 | ᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ ᠺᠠᠷᠲ ᠵᠢᠷᠤᠵᠤ ᠬᠡᠷᠡᠭᠯᠡᠬᠦ ᠶᠢ ᠳᠡᠮᠵᠢᠵᠦ ᠪᠠᠶᠢᠨ᠎ᠠ᠃ ᠣᠳᠣᠬᠠᠨ ᠳᠤ | ᠂ ᠣᠷᠣᠨ ᠤ ᠳᠣᠲᠣᠷᠠᠬᠢ ᠬᠥᠬᠡᠬᠤᠲᠠ᠂ ᠦᠬᠠᠶ ᠬᠤᠲᠠ᠂ ᠲᠦᠩᠯᠢᠶᠣᠤ ᠬᠤᠲᠠ ᠶᠢᠨ ᠲᠠᠷᠬᠠᠭᠠᠭᠰᠠᠨ ᠵᠠᠮ | ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠡᠩ ᠤᠨ ᠺᠠᠷᠲ ᠢ ᠪᠡᠭᠡᠵᠢᠩ ᠤᠨ ᠭᠠᠵᠠᠷ ᠳᠣᠤᠷᠠᠬᠢ ᠲᠡᠮᠦᠷ | ᠵᠠᠮ ᠳᠤ ᠬᠡᠷᠡᠭᠯᠡᠵᠦ ᠪᠣᠯᠤᠨ᠎ᠠ᠂ ᠪᠤᠰᠤᠳ ᠬᠤᠯᠪᠣᠯᠲᠤᠨ ᠨᠡᠪᠲᠡᠷᠡᠯᠴᠡᠬᠦ ᠬᠤᠲᠠ ᠶᠢᠨ ᠨᠡᠷᠡᠰ ᠢ ᠪᠡᠭᠡᠵᠢᠩ ᠤᠨ ᠭᠠᠵᠠᠷ | ᠳᠣᠤᠷᠠᠬᠢ ᠲᠡᠮᠦᠷ ᠵᠠᠮ ᠳᠡᠭᠡᠷ᠎ᠡ ᠰᠢᠨᠡᠳᠬᠡᠨ ᠬᠡᠷᠡᠭᠯᠡᠬᠦ ᠶᠢ ᠶᠠᠭ ᠢᠳᠡᠪᠬᠢᠲᠡᠶ ᠵᠣᠬᠢᠴᠠᠭᠤᠯᠵᠤ ᠪᠠᠶᠢᠨ᠎ᠠ᠃ | ᠪᠡᠭᠡᠵᠢᠩ ᠤᠨ ᠨᠡᠶᠢᠲᠡ ᠶᠢᠨ ᠵᠠᠮ ᠬᠠᠷᠢᠯᠴᠠᠭᠠᠨ ᠤ ᠦᠵᠦᠭᠦᠷ ᠤᠨ ᠮᠠᠰᠢᠨ ᠪᠠᠭᠠᠵᠢ ᠶᠢ ᠲᠠᠰ ᠳᠡᠪᠰᠢᠭᠦᠯᠦᠭᠰᠡᠨ ᠤ | ᠳᠠᠷᠠᠭ᠎ᠠ᠂ ᠮᠠᠨ ᠤ ᠣᠷᠣᠨ ᠤ ᠲᠠᠷᠬᠠᠭᠠᠭᠰᠠᠨ ᠬᠤᠯᠪᠣᠯᠳᠤᠨ ᠨᠡᠪᠲᠡᠷᠡᠯᠴᠡᠬᠦ ᠺᠠᠷᠲ ᠢ ᠳᠠᠷᠤᠶ ᠪᠡᠭᠡᠵᠢᠩ ᠤᠨ | ᠨᠡᠶᠢᠲᠡ ᠶᠢᠨ ᠵᠠᠮ ᠬᠠᠷᠢᠯᠴᠠᠭ᠎ᠠ ᠳᠤ ᠬᠡᠷᠡᠭᠯᠡᠵᠦ ᠪᠣᠯᠤᠨ᠎ᠠ᠂ ᠪᠣᠳᠠᠲᠠᠶ ᠰᠢᠨᠡᠳᠬᠡᠭᠰᠡᠨ ᠪᠠᠶᠢᠳᠠᠯ ᠢ ︽ᠵᠠᠮ | ᠬᠠᠷᠢᠯᠴᠠᠭᠠᠨ ᠤ ᠬᠠᠮᠲᠤᠷᠠᠭᠰᠠᠨ ᠠᠯᠪᠠᠨ ᠤ ᠲᠠᠯ᠎ᠠ ᠶᠢᠨ ᠦᠢᠯᠡᠴᠢᠯᠡᠭᠡᠨ ᠤ ᠨᠣᠮᠧᠷ︾ ᠢᠶᠠᠷ ᠪᠠᠶᠢᠴᠠᠭᠠᠨ ᠯᠠᠪᠯᠠᠵᠤ | ᠪᠣᠯᠤᠨ᠎ᠠ᠃ ﹇2020-11-11 09᠄ 50᠄ 16﹈ | ᠬᠥᠲᠥᠯᠥᠭᠴᠢ᠄ | ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠨᠢ ᠪᠤᠰᠤᠳ ᠬᠡᠷᠡᠭᠴᠡᠭᠡ ᠲᠠᠢ ᠤᠤ᠂ ᠵᠢᠱᠢᠶᠡᠯᠡᠪᠡᠯ ᠲᠣᠰᠣ | ᠨᠡᠮᠡᠬᠦ ᠺᠠᠷᠲ ᠢᠶᠠᠷ ᠬᠡᠷᠡᠭᠯᠡᠨ᠎ᠡ᠃ ﹇2020-11-11 09᠄ 53᠄ 43﹈ | ᠬᠦᠯᠢᠶᠡᠭᠴᠢ᠄ ᠶᠦᠨ ᠸᠧᠨ ᠵᠢᠩ | ᠣᠳᠣᠬᠠᠨ ᠳᠤ᠂ ᠵᠠᠮ ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠤᠨ ᠬᠤᠯᠪᠣᠯᠳᠤᠨ ᠨᠡᠪᠲᠡᠷᠡᠯᠴᠡᠬᠦ ᠺᠠᠷᠲ | ᠢ ᠭᠤᠤᠯᠳᠠᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ ᠬᠦᠷᠢᠶᠡᠨ ᠳᠤ ᠬᠡᠷᠡᠭᠯᠡᠵᠦ᠂ ᠪᠤᠰᠤᠳ | ᠬᠦᠷᠢᠶᠡᠨ ᠳᠤ ᠬᠠᠮᠲᠤᠷᠠᠨ ᠬᠡᠷᠡᠭᠯᠡᠬᠦ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠪᠠᠶᠢᠨ᠎ᠠ᠃ ﹇ | 2020-11-11 09᠄ 54᠄ 12﹈ | ᠬᠥᠲᠥᠯᠥᠭᠴᠢ᠄ | ᠵᠠ᠂ ᠴᠠᠭ ᠤᠨ ᠬᠠᠷᠠᠭ᠎ᠠ ᠠᠴᠠ ᠪᠣᠯᠵᠤ᠂ ᠪᠢᠳᠡᠨ ᠤ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ | ᠲᠡᠭᠦᠰᠦᠯ᠎ᠡ᠃ ᠶᠦᠨ ᠲᠢᠩᠬᠢᠮ ᠤᠨ ᠳᠠᠷᠤᠭ᠎ᠠ ᠶᠢᠨ ᠬᠠᠯᠠᠰᠢᠷᠠᠯ ᠦᠭᠡᠶ ᠬᠠᠷᠢᠭᠤᠯᠤᠭᠰᠠᠨ ᠳᠤ ᠲᠠᠯᠠᠷᠬᠠᠵᠤ ᠪᠠᠶᠢᠬᠤ | ᠪᠥᠭᠡᠳ ᠰᠦᠯᠵᠢᠶᠡᠨ ᠤ ᠠᠨᠳᠠ ᠨᠠᠷ ᠤᠨ ᠬᠠᠯᠠᠭᠤᠨ ᠰᠡᠳᠭᠢᠯᠭᠡ ᠪᠠᠷ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠃ ﹇ | 2020-11-11 09᠄ 55᠄ 53﹈ | ᠬᠦᠯᠢᠶᠡᠭᠴᠢ᠄ ᠶᠦᠨ ᠸᠧᠨ ᠵᠢᠩ | ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠲᠤ ᠲᠠᠯᠠᠷᠬᠠᠵᠤ ᠪᠠᠶᠢᠨ᠎ᠠ᠃ ᠣᠯᠠᠨ | ᠢᠶᠠᠷ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠷᠢᠨ ᠴᠢᠳᠠᠮᠵᠢᠲᠤ | ᠺᠠᠷᠲ ᠤᠨ ᠬᠤᠯᠪᠣᠯᠳᠤᠨ ᠨᠡᠪᠲᠡᠷᠡᠯᠴᠡᠬᠦ ᠠᠵᠢᠯ ᠢ ᠦᠷᠭᠦᠯᠵᠢᠯᠡᠨ ᠠᠩᠬᠠᠷᠴᠤ᠂ ᠣᠯᠠᠨ ᠢᠶᠠᠷ ᠢᠶᠠᠨ ᠵᠠᠮ | ᠬᠠᠷᠢᠯᠴᠠᠭᠠᠨ ᠤ ᠪᠦᠷᠢᠨ ᠴᠢᠳᠠᠮᠵᠢᠲᠤ ᠺᠠᠷᠲ ᠢ ᠢᠳᠡᠪᠬᠢᠲᠡᠶ ᠬᠡᠷᠡᠭᠯᠡᠨ ᠳᠡᠯᠭᠡᠷᠡᠭᠦᠯᠵᠦ᠂ ᠳᠥᠭᠦᠮ ᠳᠥᠲᠡ ᠶᠠᠪᠤᠵᠤ | ᠰᠠᠭᠤᠬᠤ ᠳᠤ ᠨᠠᠩ ᠣᠯᠠᠨ ᠠᠷᠠᠳ ᠣᠯᠠᠨ ᠳᠤ ᠠᠰᠢᠭ ᠬᠦᠷᠲᠡᠭᠡᠬᠦ ᠶᠢ ᠬᠦᠰᠡᠵᠦ ᠪᠠᠶᠢᠨ᠎ᠠ᠃ ᠲᠠ ᠪᠦᠬᠦᠨ ᠳᠤ | ᠳᠠᠬᠢᠨᠲᠠ ᠲᠠᠯᠠᠷᠬᠠᠵᠤ ᠪᠠᠶᠢᠨ᠎ᠠ︕ |