ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠲᠤᠰᠬᠠᠶ ᠮᠡᠷᠭᠡᠵᠢᠯ ᠨᠢ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠤᠯᠠ ᠶᠢ ᠦᠨᠡᠯᠡᠵᠦ ᠪᠣᠯᠤᠨ᠎ᠠ ᠦᠦ︖
ᠨᠡᠶᠢᠲᠡᠯᠡᠭᠰᠡᠨ ᠴᠠᠭ᠄
2023/5/12
     ᠯᠠᠪᠯᠠᠬᠤ ᠠᠭᠤᠯᠭ᠎ᠠ᠄ ᠪᠢ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠲᠤᠰᠬᠠᠶ ᠮᠡᠷᠭᠡᠵᠢᠯ ᠲᠠᠢ᠂ ᠵᠠᠮ ᠬᠠᠷᠢᠯᠴᠠᠭᠠᠨ ᠤ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠴᠢᠭᠯᠡᠯ᠂ ᠶᠠᠭᠠᠬᠢᠭᠠᠳ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠤᠯᠠ ᠶᠢ ᠦᠨᠡᠯᠡᠵᠦ ᠪᠣᠯᠬᠤ ᠥᠬᠡᠶ ᠪᠣᠶ︖ ᠡᠭᠦᠨ ᠤ ᠰᠢᠯᠲᠠᠭᠠᠨ ᠨᠢ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠲᠤᠰᠬᠠᠶ ᠮᠡᠷᠭᠡᠵᠢᠯ ᠪᠣᠯ ᠭᠡᠷ ᠪᠠᠶᠢᠰᠢᠩ ᠤᠨ ᠪᠠᠷᠢᠯᠭ᠎ᠠ ᠪᠣᠯᠬᠤᠷ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠳᠤ ᠬᠠᠷᠢᠶᠠᠯᠠᠭᠳᠠᠨ᠎ᠠ ᠭᠡᠵᠦ ᠦᠵᠡᠳᠡᠭ ᠦᠦ︖ ᠡᠨᠡ ᠵᠢᠯ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠲᠤᠰᠬᠠᠶ ᠮᠡᠷᠭᠡᠵᠢᠯ ᠨᠢ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠤᠯᠠ ᠶᠢ ᠦᠨᠡᠯᠡᠵᠦ ᠪᠣᠯᠤᠨ᠎ᠠ ᠦᠦ︖      ᠬᠠᠷᠢᠭᠤᠯᠲᠠ᠄ ᠨᠢᠭᠡᠨᠲᠡ ᠲᠤᠰ ᠬᠥᠮᠦᠨ ᠲᠠᠢ ᠨᠢ ᠬᠠᠷᠢᠯᠴᠠᠭᠰᠠᠨ ᠪᠥᠭᠡᠳ ᠲᠤᠰ ᠬᠥᠮᠦᠨ ᠳᠤ ᠨᠢ ᠲᠠᠶᠢᠯᠪᠤᠷᠢᠯᠠᠯᠲᠠ ᠬᠢᠪᠡ᠃ ᠲᠣᠰ ᠨᠥᠬᠦᠷ ᠤᠨ ᠰᠤᠷᠤᠯᠭ᠎ᠠ ᠶᠢᠨ ᠨᠠᠮᠲᠠᠷ ᠨᠢ ᠥᠪᠥᠷ ᠮᠣᠩᠭᠤᠯ ᠤᠨ ᠠᠵᠤ ᠦᠶᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠲᠤᠰᠬᠠᠶ ᠮᠡᠷᠭᠡᠵᠢᠯ᠂ ᠵᠠᠮ ᠬᠠᠷᠢᠯᠴᠠᠭᠠᠨ ᠤ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠤᠨ ᠴᠢᠭᠯᠡᠯ᠂ ᠵᠠᠰᠠᠮᠠᠯ ᠵᠠᠮ ᠤᠨ ᠢᠨᠵᠧᠨᠧᠷᠢᠩ ᠤᠨ ᠲᠤᠰᠬᠠᠶ ᠮᠡᠷᠭᠡᠵᠢᠯ ᠤᠨ ᠴᠣᠯᠠ ᠰᠢᠯᠭᠠᠭᠤᠯᠬᠤ ᠱᠠᠭᠠᠷᠳᠠᠯᠭ᠎ᠠ ᠳᠤ ᠨᠡᠶᠢᠴᠡᠵᠦ ᠪᠠᠶᠢᠨ᠎ᠠ᠂ ᠭᠡᠪᠡᠴᠦ ᠲᠣᠰ ᠨᠥᠬᠦᠷ ᠤᠨ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠶᠢᠨ ᠦᠨᠡᠮᠯᠡᠯ ᠨᠢ ᠰᠢᠷᠣᠶ ᠮᠣᠳᠣᠨ ᠤ ᠪᠠᠷᠢᠯᠭ᠎ᠠ ᠶᠢᠨ ᠠᠵᠢᠯ ᠪᠠᠶᠢᠵᠤ᠂ ᠰᠢᠭᠤᠳ ᠵᠠᠰᠠᠮᠠᠯ ᠵᠠᠮ ᠤᠨ ᠢᠨᠵᠧᠨᠧᠷᠢᠩ ᠤᠨ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠤᠯᠠ ᠦᠨᠡᠯᠡᠬᠦ ᠱᠠᠭᠠᠷᠳᠠᠯᠭ᠎ᠠ ᠳᠤ ᠨᠡᠶᠢᠴᠡᠬᠦ ᠥᠬᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map