︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠶᠤᠯᠭᠦᠢ ᠦᠶᠯᠡᠳᠪᠦᠷᠢᠯᠡᠯ ᠤᠨ | ᠵᠢᠷᠤᠮᠵᠢᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠭᠲᠠᠭᠠᠯ〔 2019〕13 ᠳ᠋ᠤᠭᠠᠷ ᠲᠣᠭᠠᠲᠤ︶ ᠤᠨ | ᠭᠤᠴᠢᠨ ᠳᠣᠯᠣᠳᠤᠭᠠᠷ ᠵᠦᠶᠯ ᠤᠨ ᠲᠣᠭᠲᠠᠭᠠᠯ ᠢ ᠦᠨᠳᠦᠰᠦᠯᠡᠪᠡᠯ᠄ ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ ᠠᠶᠤᠯᠭᠦᠢ ᠦᠶᠯᠡᠳᠪᠦᠷᠢᠯᠡᠯ ᠤᠨ ᠨᠡᠶᠢᠭᠡᠮ ᠤᠨ ᠬᠢᠨᠠᠯᠲᠠ ᠲᠠᠯᠪᠢᠬᠤ | ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠬᠦ ᠤᠲᠠᠰᠤᠨ ᠨᠣᠮᠧᠷ᠂ ᠴᠢᠮᠡᠭᠡ ᠬᠤᠯᠪᠣᠭᠠᠨ ᠤ ᠬᠠᠶ᠋ᠢᠭ᠂ | ᠡᠯᠧᠺᠲᠷᠣᠨ ᠰᠢᠤᠳᠠᠨ ᠤ ᠬᠠᠶᠢᠷᠴᠠᠭ ᠵᠡᠷᠭᠡ ᠶᠢ ᠢᠯᠡ ᠪᠣᠯᠭᠠᠵᠤ᠂ ᠸᠢᠴᠠᠲ᠂ ᠪᠢᠴᠢᠯ ᠪᠦᠷᠭᠡ᠂ ᠬᠤᠶᠠᠷ ᠬᠡᠮᠵᠢᠯᠳᠦ | ᠺᠣᠳ᠋᠂ ᠤᠶᠤᠨᠲᠤ ᠭᠠᠷ ᠤᠲᠠᠰᠤᠨ ᠤ ᠬᠡᠷᠡᠭᠯᠡᠭᠡᠨ ᠤ ᠫᠷᠤᠭ᠍ᠷᠠᠮ ᠵᠡᠷᠭᠡ ᠣᠯᠠᠨ ᠵᠦᠶᠯ ᠤᠨ ᠠᠷᠭ᠎ᠠ ᠮᠠᠶ᠋ᠢᠭ ᠢᠶᠠᠷ | ᠳᠠᠮᠵᠢᠭᠤᠯᠤᠨ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠬᠤ ᠶᠢ ᠵᠣᠷᠢᠭᠵᠢᠭᠤᠯᠵᠤ᠂ ᠱᠠᠩᠨᠠᠯ ᠲᠠᠢ | ᠢᠯᠡᠴᠢᠯᠡᠨ ᠮᠡᠳᠡᠭᠦᠯᠬᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠶᠢᠨ ᠠᠶᠤᠯᠭᠦᠢ ᠦᠶᠯᠡᠳᠪᠦᠷᠢᠯᠡᠯ ᠤᠨ ᠬᠠᠮᠢᠶᠠᠷᠤᠯᠲᠠ ᠳᠤ ᠲᠣᠰ ᠨᠢᠭᠡᠴᠢ ᠶᠢᠨ | ᠠᠵᠢᠯᠯᠠᠭᠰᠠᠳ᠂ ᠠᠶᠠᠨᠴᠢᠳ᠂ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠨᠡᠶᠢᠭᠡᠮ ᠤᠨ ᠡᠯ᠎ᠡ ᠡᠲᠡᠭᠡᠳ ᠤᠨ | ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠶᠢᠨ ᠡᠵᠡᠩᠨᠡᠭᠴᠢ ᠬᠦᠯᠢᠶᠡᠨ ᠠᠪᠤᠭᠰᠠᠨ ᠢᠯᠡᠴᠢᠯᠡᠨ ᠮᠡᠳᠡᠭᠦᠯᠦᠭᠰᠡᠨ ᠪᠠ | ᠵᠠᠭᠠᠯᠳᠤᠭᠰᠠᠨ ᠢ ᠴᠠᠭ ᠲᠤᠬᠠᠶ ᠳᠤ ᠨᠢ ᠪᠠᠶᠢᠴᠠᠭᠠᠵᠤ ᠰᠢᠶᠳᠪᠦᠷᠢᠯᠡᠬᠦ ᠬᠡᠷᠡᠭᠲᠡᠶ᠃ ᠭᠤᠤᠯᠳᠠᠯᠭ᠎ᠠ᠄ ᠮᠠᠰᠢᠨ ᠲᠡᠷᠭᠡᠨ | ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠠᠶᠤᠯᠭᠦᠢ ᠦᠶᠯᠡᠳᠪᠦᠷᠢᠯᠡᠯ ᠳᠤ ᠨᠡᠶᠢᠭᠡᠮ ᠤᠨ ᠬᠢᠨᠠᠯᠲᠠ | ᠲᠠᠯᠪᠢᠬᠤ ᠲᠣᠭᠲᠠᠴᠠ |