ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠄ ᠰᠡᠦᠬᠡ ᠮᠠᠰᠢᠨ ᠲᠡᠭᠡᠭᠡᠪᠦᠷᠢᠯᠡᠬᠦ ᠲᠡᠷᠭᠡᠨ ᠤ ᠠᠴᠢᠶᠠᠯᠠᠬᠤ ᠥᠨᠳᠥᠷ ᠤᠨ ᠬᠡᠮᠵᠢᠶ᠎ᠡ᠂ ᠬᠡᠳᠦᠢ ᠦᠨᠳᠦᠷ ᠪᠣᠯ ᠬᠡᠲᠦ ᠥᠨᠳᠥᠷ︖
ᠨᠡᠶᠢᠲᠡᠯᠡᠭᠰᠡᠨ ᠴᠠᠭ᠄
2024/10/12
      ︽ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠦᠯᠵᠢᠶ᠎ᠡ︾ ᠲᠠ ᠰᠠᠶᠢᠨ ᠦᠦ᠂ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡ ᠶᠢᠨ ᠠᠴᠢᠶᠠᠯᠠᠬᠤ ᠥᠨᠳᠥᠷ ᠤᠨ ᠬᠡᠮᠵᠢᠶ᠎ᠡ ᠶᠢ ︽ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡ ᠶᠢ ᠵᠠᠰᠠᠬᠤ ᠠᠵᠢᠯ ᠢ ᠭᠦᠨᠵᠡᠭᠡᠶ ᠠᠬᠢᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ  ᠳᠣᠲᠤᠭᠠᠲᠤ ᠶᠢ ᠬᠠᠮᠠᠭᠠᠯᠠᠬᠤ ᠶᠠᠮᠤᠨ ᠤ ᠠᠯᠪᠠᠨ ᠲᠢᠩᠬᠢᠮ  ᠠᠵᠤ ᠦᠶᠯᠡᠳᠪᠦᠷᠢ ᠪᠠ ᠮᠡᠳᠡᠭᠡ ᠵᠠᠩᠭᠢᠴᠢᠯᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠠᠯᠪᠠᠨ ᠲᠡᠭᠡᠭᠡᠪᠦᠷᠢ ᠵᠠᠬᠢᠳᠠᠯ〔 2018〕702 ᠳ᠋ᠤᠭᠠᠷ ᠲᠣᠭᠠᠲᠤ︶ ᠤᠨ ᠭᠤᠷᠪᠠᠳᠤᠭᠠᠷ ᠵᠦᠶᠯ ᠤᠨ ᠲᠣᠭᠲᠠᠭᠠᠯ᠄ ᠬᠤᠶᠠᠳᠤᠭᠠᠷ ᠪᠠᠳᠠᠭ ᠤᠨ ᠬᠠᠮᠢᠶ᠎ᠠ ᠪᠥᠬᠦᠶ ᠲᠣᠭᠲᠠᠭᠠᠯ ᠤᠨ ᠬᠡᠷᠡᠭᠵᠢᠭᠦᠯᠦᠯᠲᠡ ᠶᠢ ᠦᠨᠳᠦᠰᠦᠯᠡᠪᠡᠯ᠂ ᠪᠣᠳᠠᠲᠠᠶ ᠪᠠᠷ ᠳᠣᠤᠷᠠᠬᠢ ᠮᠡᠲᠦ᠄      ᠲᠣᠭᠲᠠᠭᠠᠯ ᠳᠤ ᠨᠡᠶᠢᠴᠡᠬᠦ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡ ᠶᠢᠨ ᠠᠴᠢᠶᠠᠯᠠᠬᠤ ᠱᠠᠭᠠᠷᠳᠠᠯᠭ᠎ᠠ  ᠳᠤ ᠨᠡᠶᠢᠴᠡᠬᠦ ᠪᠦᠬᠦᠨ᠂ ᠲᠤᠬᠠᠶᠢᠯᠠᠪᠠᠯ᠄ ᠲᠡᠭᠰᠢ ᠦᠵᠦᠭᠦᠷᠲᠦ ᠭᠢᠨᠵᠢᠯᠡᠭᠰᠡᠨ ᠴᠣᠪᠤᠭ᠎ᠠ ᠲᠡᠷᠭᠡ ᠶᠢᠨ ᠠᠴᠢᠶᠠᠯᠠᠬᠤ ᠬᠡᠮᠵᠢᠶ᠎ᠡ ᠨᠢ 6 ᠰᠠᠤᠷᠢ ᠠᠴᠠ ᠳᠣᠷᠣᠭᠰᠢ᠂ ᠤᠷᠲᠤ ᠦᠵᠦᠭᠦᠷᠲᠦ ᠭᠢᠨᠵᠢᠯᠡᠭᠰᠡᠨ ᠴᠣᠪᠤᠭ᠎ᠠ ᠲᠡᠷᠭᠡ ᠶᠢᠨ ᠠᠴᠢᠶᠠᠯᠠᠬᠤ ᠬᠡᠮᠵᠢᠶ᠎ᠡ ᠨᠢ 7 ᠰᠠᠤᠷᠢ ᠠᠴᠠ ᠳᠣᠷᠣᠭᠰᠢ᠂ ᠳᠤᠮᠳᠠ ᠲᠡᠩᠭᠡᠯᠢᠭᠲᠦ ᠲᠡᠷᠭᠡ ᠬᠥᠰᠬᠡ ᠶᠢᠨ ᠲᠡᠭᠡᠭᠡᠪᠦᠷᠢ  ᠶᠢᠨ ᠲᠡᠷᠭᠡ ᠬᠥᠰᠬᠡ ᠶᠢᠨ ᠠᠴᠢᠶᠠᠯᠠᠬᠤ ᠬᠡᠮᠵᠢᠶ᠎ᠡ ᠨᠢ 8 ᠰᠠᠤᠷᠢ ᠠᠴᠠ ᠳᠣᠷᠣᠭᠰᠢ ᠮᠥᠷᠲᠡᠭᠡᠨ ᠠᠴᠢᠶᠠᠯᠠᠬᠤ ᠤᠷᠲᠤ᠂ ᠥᠷᠭᠡᠨ ᠨᠢ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡᠨ ᠤ ᠭᠠᠳᠠᠷ ᠬᠦᠪᠡᠭᠡ ᠶᠢᠨ ᠬᠡᠮᠵᠢᠶ᠎ᠡ ᠶᠢᠨ ᠬᠢᠵᠠᠭᠠᠷᠯᠠᠭᠰᠠᠨ ᠬᠡᠮᠵᠢᠭᠳᠡᠯ ᠠᠴᠠ ᠬᠡᠲᠦᠷᠡᠭᠰᠡᠨ ᠦᠭᠡᠶ ᠪᠣᠯ ︵ᠳᠠᠭᠠᠯᠳᠤᠭᠤᠯᠤᠯ ᠢ ᠦᠵᠡ︶᠂ ᠲᠦᠷ ᠴᠠᠭ ᠬᠡᠳᠦ ᠥᠨᠳᠦᠷ ᠲᠤ ᠰᠢᠢᠳᠬᠡᠯ ᠥᠭᠬᠦ ᠦᠭᠡᠢ᠃ ᠠᠴᠢᠶᠠᠯᠠᠬᠤ ᠲᠤᠭ᠎ᠠ ᠬᠡᠮᠵᠢᠶ᠎ᠡ ᠨᠢ ᠳᠡᠭᠡᠷ᠎ᠡ ᠳᠤᠷᠠᠳᠤᠭᠰᠠᠨ ᠲᠤᠭ᠎ᠠ ᠬᠡᠮᠵᠢᠭᠳᠡᠯ ᠠᠴᠠ ᠬᠡᠲᠦᠷᠡᠭᠰᠡᠨ ᠪᠠᠶᠢᠪᠠᠯ᠂ ᠳᠣᠤᠷᠠᠬᠢ ᠪᠠᠶᠢᠳᠠᠯ ᠢᠶᠠᠷ ᠢᠯᠭᠠᠵᠤ ᠰᠢᠶᠳᠪᠦᠷᠢᠯᠡᠨ᠎ᠡ᠄      1. ᠲᠡᠭᠰᠢ ᠦᠵᠦᠭᠦᠷᠲᠦ ᠭᠢᠨᠵᠢᠯᠡᠭᠰᠡᠨ ᠴᠣᠪᠤᠭ᠎ᠠ ᠲᠡᠷᠭᠡ 7 ᠰᠠᠤᠷᠢ ᠠᠴᠠ ᠳᠡᠭᠡᠭᠰᠢ ᠠᠴᠢᠶᠠᠯᠠᠭᠰᠠᠨ ᠪᠠᠶᠢᠪᠠᠯ᠂ ᠠᠴᠢᠶᠠᠯᠠᠬᠤ ᠣᠷᠳᠣ ᠶᠢ 17.1 ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠥᠷᠭᠡᠨ ᠢ 2.55 ᠮᠧᠲᠷ  ᠠᠴᠠ ᠬᠡᠲᠦᠷᠡᠭᠦᠯᠵᠦ ᠪᠣᠯᠬᠤ ᠥᠬᠡᠶ᠂ ᠥᠨᠳᠥᠷ ᠢ 4 ᠮᠧᠲᠷ ᠠᠴᠠ ᠬᠡᠲᠦᠷᠡᠭᠦᠯᠵᠦ ᠪᠣᠯᠬᠤ ᠥᠬᠡᠶ ᠭᠡᠰᠡᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠱᠠᠭᠠᠷᠳᠠᠯᠭ᠎ᠠ ᠳᠤ ᠨᠡᠶᠢᠴᠡᠬᠦ ᠦᠭᠡᠶ ᠶᠢ ᠨᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡᠳᠦᠭᠡᠷ ᠵᠦᠢᠯ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠤᠷᠢᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠲᠡᠮᠳᠡᠭᠯᠡᠬᠦ ᠶᠢᠨ ᠬᠠᠮᠲᠤ᠂ ︽ᠵᠠᠰᠠᠭ ᠵᠠᠬᠢᠷᠭᠠᠨ ᠤ ᠰᠢᠢᠳᠬᠡᠯ ᠲᠣᠷᠭᠠᠬᠤᠯᠢ ᠶᠢᠨ ᠬᠠᠤᠯᠢ︾ ᠶᠢᠨ ᠬᠤᠷᠢᠨ ᠭᠤᠷᠪᠠᠳᠤᠭᠠᠷ ᠵᠦᠢᠯ ᠢ ᠦᠨᠳᠦᠰᠦᠯᠡᠨ ᠲᠤᠬᠠᠢ ᠶᠢᠨ ᠬᠥᠮᠦᠨ ᠢ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ ᠬᠡᠷᠡᠭᠲᠡᠶ᠃ ᠳᠡᠭᠡᠷᠡᠬᠢ ᠪᠠᠷᠠᠭ᠎ᠠ ᠠᠴᠢᠶᠠᠯᠠᠬᠤ ᠲᠠᠪᠴᠠᠩ ᠲᠠᠢ ᠲᠡᠭᠰᠢ ᠦᠵᠦᠭᠦᠷᠲᠦ ᠭᠢᠨᠵᠢᠯᠡᠭᠰᠡᠨ ᠴᠣᠪᠤᠭ᠎ᠠ ᠲᠡᠷᠭᠡᠨ ᠳᠤ᠂ ᠰᠠᠭᠤᠳᠠᠯ ᠤᠨ ᠮᠠᠰᠢᠨ ᠠᠴᠢᠶᠠᠯᠠᠬᠤ ᠳᠤ ᠬᠡᠷᠡᠭᠯᠡᠬᠦ ᠲᠡᠷᠭᠡᠨ ᠤ ᠬᠡᠯᠪᠡᠷᠢ ᠨᠢ ᠨᠡᠯᠢᠶᠡᠳ ᠪᠠᠭ᠎ᠠ ᠪᠠᠶᠢᠵᠤ᠂ ᠳᠡᠭᠡᠳᠦ ᠳᠠᠪᠬᠤᠷᠭ᠎ᠠ ᠶᠢᠨ ᠳᠠᠩ ᠮᠥᠷ ᠢᠶᠠᠷ ᠲᠡᠭᠰᠢᠯᠡᠨ ᠲᠠᠯᠪᠢᠭᠰᠠᠨ 4 ᠰᠠᠤᠷᠢ ᠲᠡᠷᠭᠡ ︵ᠳᠡᠭᠡᠭᠰᠢ ᠳᠣᠷᠣᠭᠰᠢ ᠵᠡᠭᠦᠨᠰᠢ ᠪᠠᠷᠠᠭᠤᠨᠰᠢ ᠬᠡᠯᠪᠡᠶᠢᠵᠦ ᠪᠣᠯᠬᠤ ᠦᠭᠡᠶ︶ ᠶᠢᠨ ᠡᠮᠦᠨ᠎ᠡ ᠬᠤᠶᠢᠨ᠎ᠠ ᠨᠢ ᠴᠥᠮ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡᠨ ᠤ ᠭᠠᠳᠠᠷ ᠬᠦᠪᠡᠭᠡ ᠶᠢᠨ ᠶᠡᠭᠡ ᠪᠠᠭ᠎ᠠ ᠠᠴᠠ ᠬᠡᠲᠦᠷᠡᠭᠦᠯᠵᠦ ᠪᠣᠯᠬᠤ ᠦᠭᠡᠶ ᠮᠥᠷᠲᠡᠭᠡᠨ ᠳᠡᠭᠡᠷᠡᠬᠢ ᠪᠠᠷᠠᠭ᠎ᠠ ᠠᠴᠢᠶᠠᠯᠠᠬᠤ ᠲᠠᠪᠴᠠᠩ ᠤᠨ ᠠᠴᠢᠶᠠᠯᠠᠭᠰᠠᠨ ᠰᠠᠭᠤᠳᠠᠯ ᠤᠨ ᠮᠠᠰᠢᠨ ᠤ ᠮᠠᠰ  ᠨᠢ ᠪᠠᠷᠠᠭᠠᠨ ᠤ ᠲᠠᠪᠴᠠᠩ ᠤᠨ ᠲᠣᠭᠲᠠᠭᠠᠭᠰᠠᠨ ᠳᠠᠭᠠᠭᠠᠴᠠ ᠶᠢᠨ ᠶᠠᠰᠤ ᠴᠢᠨᠠᠷ ᠠᠴᠠ ᠬᠡᠲᠦᠷᠡᠭᠰᠡᠨ ᠦᠭᠡᠶ ᠪᠣᠯ᠂ 7 ᠰᠠᠤᠷᠢ ᠲᠡᠷᠭᠡ ᠠᠴᠢᠶᠠᠯᠠᠬᠤ ᠶᠢ ᠵᠥᠪᠰᠢᠶᠡᠷᠡᠵᠦ ᠪᠣᠯᠤᠨ᠎ᠠ᠂ ᠲᠦᠷ ᠴᠠᠭ ᠬᠡᠳᠦ ᠥᠨᠳᠦᠷ ᠲᠤ ᠰᠢᠢᠳᠬᠡᠯ ᠥᠭᠬᠦ ᠦᠭᠡᠢ ᠃      2. ᠤᠷᠲᠤ ᠦᠵᠦᠭᠦᠷᠲᠦ ᠭᠢᠨᠵᠢᠯᠡᠭᠰᠡᠨ ᠴᠣᠪᠤᠭ᠎ᠠ ᠲᠡᠷᠭᠡ 8 ᠰᠠᠤᠷᠢ ᠵᠢᠴᠢ ᠲᠡᠭᠦᠨ ᠠᠴᠠ ᠳᠡᠭᠡᠭᠰᠢ ᠠᠴᠢᠶᠠᠯᠠᠭᠰᠠᠨ ᠪᠠᠶᠢᠪᠠᠯ᠂ ᠠᠴᠢᠶᠠᠯᠠᠬᠤ ᠣᠷᠳᠣ ᠶᠢ 18.1 ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠥᠷᠭᠡᠨ ᠢ 2.55 ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠥᠨᠳᠥᠷ ᠢ 4 ᠮᠧᠲᠷ ᠠᠴᠠ ᠬᠡᠲᠦᠷᠡᠭᠦᠯᠵᠦ ᠪᠣᠯᠬᠤ ᠥᠬᠡᠶ ᠭᠡᠰᠡᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠱᠠᠭᠠᠷᠳᠠᠯᠭ᠎ᠠ ᠳᠤ ᠨᠡᠶᠢᠴᠡᠬᠦ ᠦᠭᠡᠶ ᠶᠢ ᠨᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡᠳᠦᠭᠡᠷ ᠵᠦᠢᠯ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠤᠷᠢᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠲᠡᠮᠳᠡᠭᠯᠡᠬᠦ ᠶᠢᠨ ᠬᠠᠮᠲᠤ᠂ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾  ᠶᠢᠨ ᠬᠤᠷᠢᠨ ᠭᠤᠷᠪᠠᠳᠤᠭᠠᠷ ᠵᠦᠢᠯ ᠢ ᠦᠨᠳᠦᠰᠦᠯᠡᠨ ᠲᠤᠬᠠᠢ ᠶᠢᠨ ᠬᠥᠮᠦᠨ ᠢ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ ᠬᠡᠷᠡᠭᠲᠡᠶ᠃      3. ᠳᠤᠮᠳᠠ ᠲᠡᠩᠭᠡᠯᠢᠭᠲᠦ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡ 9 ᠰᠠᠤᠷᠢ ᠠᠴᠠ ᠳᠡᠭᠡᠭᠰᠢ ᠠᠴᠢᠶᠠᠯᠠᠭᠰᠠᠨ ᠪᠠᠶᠢᠪᠠᠯ᠂ ᠠᠴᠢᠶᠠᠯᠠᠬᠤ ᠣᠷᠳᠣ ᠶᠢ 22 ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠥᠷᠭᠡᠨ ᠢ 2.55 ᠮᠧᠲᠷ ᠠᠴᠠ ᠬᠡᠲᠦᠷᠡᠭᠦᠯᠵᠦ ᠪᠣᠯᠬᠤ ᠥᠬᠡᠶ᠂ ᠥᠨᠳᠥᠷ ᠢ 4 ᠮᠧᠲᠷ ᠠᠴᠠ ᠬᠡᠲᠦᠷᠡᠭᠦᠯᠵᠦ ᠪᠣᠯᠬᠤ ᠥᠬᠡᠶ ᠭᠡᠰᠡᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠱᠠᠭᠠᠷᠳᠠᠯᠭ᠎ᠠ ᠳᠤ ᠨᠡᠶᠢᠴᠡᠬᠦ ᠦᠭᠡᠶ ᠶᠢ ᠨᠢ᠂ ᠳᠣᠲᠣᠭᠠᠳᠤ  ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡᠳᠦᠭᠡᠷ ᠵᠦᠢᠯ᠂ ︽ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠤᠨ ᠲᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠬᠤᠷᠢᠨ ᠲᠥᠭᠦᠷᠢᠭ ᠠᠴᠠ ᠳᠡᠭᠡᠭᠰᠢ ᠬᠤᠶᠠᠷ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠲᠡᠮᠳᠡᠭᠯᠡᠬᠦ ᠶᠢᠨ ᠬᠠᠮᠲᠤ᠂ ︽ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠬᠠᠤᠯᠢ︾ ᠶᠢᠨ ᠬᠤᠷᠢᠨ ᠭᠤᠷᠪᠠᠳᠤᠭᠠᠷ ᠵᠦᠢᠯ ᠢ ᠦᠨᠳᠦᠰᠦᠯᠡᠨ ᠲᠤᠬᠠᠢ ᠶᠢᠨ ᠬᠥᠮᠦᠨ ᠢ ᠵᠠᠷᠯᠢᠭᠳᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠯᠠᠷᠠᠭᠤᠯᠬᠤ ᠬᠡᠷᠡᠭᠲᠡᠶ᠃ ᠰᠠᠭᠤᠳᠠᠯ ᠤᠨ ᠮᠠᠰᠢᠨ ᠠᠴᠢᠶᠠᠯᠠᠬᠤ ᠳᠤ ᠬᠡᠷᠡᠭᠯᠡᠬᠦ ᠲᠡᠷᠭᠡᠨ ᠤ ᠬᠡᠯᠪᠡᠷᠢ ᠨᠢ ᠨᠡᠯᠢᠶᠡᠳ ᠪᠠᠭ᠎ᠠ ᠪᠠᠶᠢᠵᠤ᠂ ᠳᠡᠭᠡᠳᠦ ᠳᠠᠪᠬᠤᠷᠭ᠎ᠠ ᠶᠢᠨ ᠳᠠᠩ ᠮᠥᠷ ᠢᠶᠠᠷ ᠲᠡᠭᠰᠢᠯᠡᠨ ᠲᠠᠯᠪᠢᠭᠰᠠᠨ 5 ᠰᠠᠤᠷᠢ ᠲᠡᠷᠭᠡ ︵ᠳᠡᠭᠡᠭᠰᠢ ᠳᠣᠷᠣᠭᠰᠢ ᠵᠡᠭᠦᠨᠰᠢ ᠪᠠᠷᠠᠭᠤᠨᠰᠢ ᠬᠡᠯᠪᠡᠶᠢᠵᠦ ᠪᠣᠯᠬᠤ ᠦᠭᠡᠶ︶ ᠶᠢᠨ ᠡᠮᠦᠨ᠎ᠡ ᠬᠤᠶᠢᠨ᠎ᠠ  ᠨᠢ ᠴᠥᠮ ᠲᠡᠷᠭᠡ ᠬᠥᠰᠬᠡ ᠶᠢᠨ ᠲᠡᠭᠡᠭᠡᠪᠦᠷᠢ ᠶᠢᠨ ᠲᠡᠷᠭᠡᠨ ᠤ ᠭᠠᠳᠠᠷ ᠬᠦᠪᠡᠭᠡ ᠶᠢᠨ ᠶᠡᠭᠡ ᠪᠠᠭ᠎ᠠ ᠠᠴᠠ ᠬᠡᠲᠦᠷᠡᠭᠰᠡᠨ ᠦᠭᠡᠢ ᠪᠣᠯ᠂ 9 ᠰᠠᠤᠷᠢ ᠲᠡᠷᠭᠡ ᠬᠥᠰᠬᠡ ᠠᠴᠢᠶᠠᠯᠠᠬᠤ ᠶᠢ ᠵᠥᠪᠰᠢᠶᠡᠷᠡᠵᠦ᠂ ᠲᠦᠷ ᠴᠠᠭ ᠬᠡᠳᠦ ᠥᠨᠳᠦᠷ ᠲᠤ ᠰᠢᠢᠳᠬᠡᠯ ᠥᠭᠬᠦ ᠦᠭᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map