︽︿ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ | ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠲᠣᠭᠲᠠᠭᠠᠯ﹀ ᠪᠠ ︿ | ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ | ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ﹀ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠠᠮᠤᠨ ᠲᠠᠷᠬᠠᠭᠠᠭᠰᠠᠨ〔2015〕59 ᠳ᠋ᠦ᠋ᠭᠡᠷ ᠲᠣᠭᠠᠲᠤ︶ ᠤᠨ ᠠᠷᠪᠠᠨ ᠨᠢᠭᠡᠳᠦᠭᠡᠷ ᠵᠦᠶᠯ ᠤᠨ | ᠲᠣᠭᠲᠠᠭᠠᠯ᠄ ︵ᠬᠤᠶᠠᠷ︶ ᠳ᠋ᠤᠭᠠᠷ ᠪᠠᠳᠠᠭ ᠲᠤ᠄ ᠲᠧᠭᠨᠢᠭ ᠤᠨ ᠤᠬᠠᠭᠠᠨ᠂ ᠪᠠᠶᠢᠭᠠᠯᠢ ᠶᠢᠨ ᠤᠬᠠᠭᠠᠨ᠂ | ᠬᠠᠮᠢᠶᠠᠷᠤᠯᠲᠠ ᠶᠢᠨ ᠤᠬᠠᠭᠠᠨ ᠤ ᠰᠢᠨᠵᠢᠯᠡᠭᠡᠨ ᠤ ᠲᠥᠷᠥᠯ ᠵᠦᠢᠯ ᠤᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ | ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ | ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠠᠵᠢᠯ ᠳᠤ ᠪᠦᠬᠦᠯᠢ 2 ᠵᠢᠯ ᠠᠵᠢᠯᠯᠠᠭᠰᠠᠨ᠂ ᠡᠰᠡᠬᠦᠯ᠎ᠡ ᠪᠤᠰᠤᠳ | ᠰᠢᠨᠵᠢᠯᠡᠭᠡᠨ ᠤ ᠲᠥᠷᠥᠯ ᠵᠦᠢᠯ ᠤᠨ ᠲᠤᠰᠬᠠᠶ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠤᠯᠭ᠎ᠠ ᠶᠢᠨ ᠨᠠᠮᠲᠠᠷ ᠣᠯᠤᠭᠰᠠᠨ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠲᠤᠷᠰᠢᠯᠲᠠ | ᠬᠢᠵᠦ ᠪᠠᠶᠢᠴᠠᠭᠠᠨ ᠬᠡᠮᠵᠢᠬᠦ ᠲᠤᠰᠬᠠᠶ ᠠᠵᠢᠯ ᠳᠤ ᠪᠦᠬᠦᠯᠢ 3 ᠵᠢᠯ ᠠᠵᠢᠯᠯᠠᠭᠰᠠᠨ ᠪᠣᠯ᠂ ᠵᠠᠰᠠᠮᠠᠯ ᠵᠠᠮ ᠤᠰᠤᠨ | ᠲᠡᠭᠡᠭᠡᠪᠦᠷᠢ ᠶᠢᠨ ᠢᠨᠵᠧᠨᠧᠷᠢᠩ ᠤᠨ ᠲᠤᠰᠠᠯᠠᠬᠤ ᠲᠤᠷᠰᠢᠯᠲᠠ ᠶᠢᠨ ᠰᠢᠯᠭᠠᠨ ᠪᠠᠶᠢᠴᠠᠭᠠᠭᠴᠢ ᠶᠢᠨ ᠠᠵᠢᠯ ᠮᠡᠷᠭᠡᠵᠢᠯ | ᠤᠨ ᠬᠢᠷᠢ ᠬᠡᠮ ᠤᠨ ᠰᠢᠯᠭᠠᠯᠲᠠ ᠳᠤ ᠨᠡᠷ᠎ᠡ ᠮᠡᠳᠡᠭᠦᠯᠵᠦ ᠪᠣᠯᠤᠨ᠎ᠠ᠃ ᠨᠡᠶᠢᠲᠡ ᠠᠵᠢᠯᠯᠠᠭᠰᠠᠨ ᠵᠢᠯ ᠬᠤᠭᠤᠴᠠᠭ᠎ᠠ | ᠭᠡᠳᠡᠭ ᠨᠢ ᠰᠤᠷᠤᠯᠭ᠎ᠠ ᠶᠢᠨ ᠨᠠᠮᠲᠠᠷ ᠣᠯᠬᠤ ᠶᠢᠨ ᠡᠮᠦᠨ᠎ᠡ ᠬᠤᠶᠢᠨ᠎ᠠ ᠵᠠᠰᠠᠮᠠᠯ ᠵᠠᠮ ᠤᠰᠤᠨ ᠲᠡᠭᠡᠭᠡᠪᠦᠷᠢ ᠶᠢᠨ | ᠢᠨᠵᠧᠨᠧᠷᠢᠩ ᠤᠨ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠲᠤᠰᠬᠠᠶ ᠮᠡᠷᠭᠡᠵᠢᠯ ᠤᠨ ᠠᠵᠢᠯ ᠤᠨ ᠴᠠᠭ ᠤᠨ | ᠨᠡᠶᠢᠯᠡᠪᠦᠷᠢ ᠶᠢ ᠵᠢᠭᠠᠵᠤ ᠪᠣᠶ᠃ ᠲᠧᠭᠨᠢᠭ ᠤᠨ ᠤᠬᠠᠭᠠᠨ᠂ ᠪᠠᠶᠢᠭᠠᠯᠢ ᠶᠢᠨ ᠤᠬᠠᠭᠠᠨ᠂ ᠬᠠᠮᠢᠶᠠᠷᠤᠯᠲᠠ ᠶᠢᠨ | ᠤᠬᠠᠭᠠᠨ ᠤ ᠰᠢᠨᠵᠢᠯᠡᠭᠡᠨ ᠤ ᠲᠤᠰᠬᠠᠶ ᠮᠡᠷᠭᠡᠵᠢᠯ ᠤᠨ ᠲᠥᠷᠥᠯ ᠵᠦᠢᠯ ᠢ ᠬᠤᠪᠢᠶᠠᠷᠢᠯᠠᠬᠤ ᠳᠤ ᠰᠤᠷᠭᠠᠨ ᠬᠥᠮᠦᠵᠢᠯ | ᠤᠨ ᠶᠠᠮᠤᠨ ᠤ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ︵ᠲᠤᠰᠬᠠᠶ ᠮᠡᠷᠭᠡᠵᠢᠯ︶ ᠤᠨ ᠭᠠᠷᠴᠠᠭ︾ ᠢᠶᠠᠷ ᠯᠠᠪᠯᠠᠯᠲᠠ ᠪᠣᠯᠭᠠᠨ᠎ᠠ᠃ | |