2024 ᠣᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠪᠣᠯᠪᠠᠰᠤᠷᠠᠯ ᠡᠷᠭᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2024/2/28
ᠡᠯ᠎ᠡ ᠬᠠᠮᠢᠶ᠎ᠠ ᠪᠥᠬᠦᠶ ᠨᠢᠭᠡᠴᠢ᠄    2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2017﹈ 3 ᠳ᠋ᠤᠭᠠᠷ ᠲᠣᠭᠠᠲᠤ︶ ᠪᠠ ︽2024 ᠣᠨ ᠤ ᠪᠥᠬᠦ ᠣᠷᠣᠨ ᠤ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠯᠪᠠᠨ ᠲᠠᠷᠬᠠᠭᠠᠭᠰᠠᠨ ﹇2023﹈ 204  ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠠᠴᠠ ᠰᠦᠯᠵᠢᠶᠡᠨ ᠤ ᠲᠠᠪᠴᠠᠩ ᠤᠨ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠪᠣᠯᠪᠠᠰᠤᠷᠠᠯ ᠥᠷᠨᠢᠭᠦᠯᠬᠦ ᠪᠠᠷ ᠲᠥᠯᠥᠪᠯᠡᠵᠦ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄    ᠨᠢᠭᠡ᠂ ᠪᠣᠯᠪᠠᠰᠤᠷᠠᠯ ᠤᠨ ᠴᠠᠭ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠰᠤᠷᠤᠯᠴᠠᠯᠭ᠎ᠠ ᠶᠢᠨ ᠰᠦᠯᠵᠢᠶ᠎ᠡ ᠪᠠᠷ ᠨᠡᠭᠡᠭᠡᠬᠦ ᠴᠠᠭ ᠨᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠪᠠᠶᠢᠵᠤ᠂ ᠰᠤᠷᠤᠯᠴᠠᠬᠤ ᠴᠠᠭ ᠨᠢ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠦᠨ᠎ᠡ᠃    ᠬᠤᠶᠠᠷ᠂ ᠪᠣᠯᠪᠠᠰᠤᠷᠠᠯ ᠤᠨ ᠠᠭᠤᠯᠭ᠎ᠠ ᠪᠠ ᠰᠤᠷᠤᠯᠭ᠎ᠠ ᠶᠢᠨ ᠴᠠᠭ    ᠪᠣᠯᠪᠠᠰᠤᠷᠠᠯ ᠤᠨ ᠠᠭᠤᠯᠭ᠎ᠠ ᠨᠢ ︽ᠬᠡᠲᠦ ᠥᠨᠳᠥᠷ ᠴᠢᠳᠠᠪᠬᠢᠲᠤ ᠪᠧᠲ᠋ᠣᠨ ᠵᠢᠴᠢ ᠲᠡᠭᠦᠨ ᠤ ᠵᠠᠰᠠᠮᠠᠯ ᠵᠠᠮ ᠤᠨ ᠢᠨᠵᠧᠨᠧᠷᠢᠩ ᠤᠨ ᠬᠡᠷᠡᠭᠯᠡᠯᠲᠡ︾᠂ ︽ᠵᠠᠮ ᠤᠨ ᠰᠠᠭᠤᠷᠢ ᠶᠢᠨ ᠢᠨᠵᠧᠨᠧᠷᠢᠩ︾᠂ ︽ᠵᠠᠮ ᠤᠨ ᠭᠠᠳᠠᠷᠭᠤ ᠶᠢᠨ ᠢᠨᠵᠧᠨᠧᠷᠢᠩ︾᠂ ︽ᠬᠥᠭᠦᠷᠭᠡᠨ ᠭᠤᠯᠳᠤᠩ ᠤᠨ ᠢᠨᠵᠧᠨᠧᠷᠢᠩ︾᠂ ︽ᠨᠦᠬᠡᠨ ᠵᠠᠮ ᠤᠨ ᠢᠨᠵᠧᠨᠧᠷᠢᠩ︾᠂          ︽ᠵᠠᠰᠠᠮᠠᠯ ᠵᠠᠮ ᠤᠨ ᠠᠮᠤᠷ ᠲᠦᠪᠰᠢᠨ ᠤ  ᠬᠠᠯᠬᠠᠪᠴᠢ ᠬᠡᠷᠡᠰᠭᠡ︾᠂ ︽ᠨᠢᠳᠦ ᠡᠷᠢᠶᠡᠯᠵᠡᠬᠦ ᠶᠢ ᠰᠡᠷᠭᠡᠶᠢᠯᠡᠬᠦ ᠲᠥᠬᠦᠭᠡᠷᠦᠮᠵᠢ︾᠂ ︽ᠵᠠᠮ ᠤᠨ ᠬᠥᠭᠦᠷᠭᠡ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠬᠢᠭᠡᠳ ᠠᠳᠡᠯ ᠤᠨ ᠰᠤᠷᠭᠠᠮᠵᠢ︾᠂ ︽ᠵᠠᠰᠠᠮᠠᠯ ᠵᠠᠮ ᠤᠨ ᠪᠠᠷᠢᠯᠭ᠎ᠠ ᠶᠢᠨ ᠰᠢᠨ᠎ᠡ ᠪᠠᠷᠢᠮᠵᠢᠶ᠎ᠠ᠂ ᠰᠢᠨ᠎ᠡ ᠵᠢᠷᠤᠮᠵᠢᠯ ᠵᠢᠴᠢ ᠲᠤᠬᠠᠶ ᠶᠢᠨ ᠲᠠᠯᠠᠪᠠᠢ ᠶᠢᠨ ᠬᠡᠷᠡᠭᠯᠡᠯᠲᠡ︾᠂ ︽ᠲᠣᠪᠤᠶᠢᠬᠤ ᠵᠠᠮ ᠤᠨ ᠲᠡᠮᠳᠡᠭ︾᠂ ︽ᠴᠢᠮᠡᠭᠡ ᠬᠤᠯᠪᠣᠭᠠᠨ ᠤ ᠬᠤᠭᠤᠯᠠᠶ︾᠂          ︽ᠬᠦᠷᠢᠶᠡᠲᠦ ᠲᠡᠮᠳᠡᠭ︾᠂ ︽ᠵᠠᠮ ᠤᠨ ᠭᠠᠳᠠᠷᠭᠤ ᠶᠢᠨ ᠲᠡᠮᠳᠡᠭ ᠵᠢᠷᠤᠭᠠᠰᠤ ᠶᠢᠨ ᠲᠦᠷᠬᠢᠭᠡᠰᠦ︾᠂           ︽ᠢᠯᠵᠢᠷᠡᠬᠦ ᠶᠢ ᠰᠡᠷᠭᠡᠶᠢᠯᠡᠬᠦ ᠨᠤᠨᠲᠠᠭ ᠲᠦᠷᠬᠢᠭᠡᠰᠦ︾᠂ ︽ᠲᠤᠰᠠᠭᠠᠷᠯᠠᠬᠤ ᠲᠥᠬᠦᠭᠡᠷᠦᠮᠵᠢ︾᠂ ︽ᠭᠡᠨᠡᠳᠲᠡ ᠡᠭᠦᠰᠬᠦ ᠬᠡᠷᠡᠭ ᠢ ᠠᠷᠭᠠᠴᠠᠭᠠᠬᠤ ᠪᠡᠯᠡᠳᠬᠡᠯ ᠲᠥᠰᠦᠯ ᠤᠨ ᠲᠣᠭᠲᠠᠴᠠ᠂ ᠪᠠᠶᠢᠭᠤᠯᠤᠯ ᠪᠠ ᠬᠠᠤᠯᠢ ᠲᠦᠷᠢᠮ︾          ︽ᠵᠠᠮ ᠬᠠᠷᠢᠯᠴᠠᠭᠠᠨ ᠤ ᠢᠨᠵᠧᠨᠧᠷᠢᠩ ᠤᠨ ᠦᠨᠳᠦᠰᠦᠨ ᠮᠡᠳᠡᠯᠭᠡ ᠪᠠ ᠨᠡᠶᠢᠳᠡᠮ ᠬᠡᠷᠡᠭᠯᠡᠬᠦ ᠪᠠᠶᠢᠴᠠᠭᠠᠨ ᠬᠡᠮᠵᠢᠬᠦ ᠠᠷᠭ᠎ᠠ︾ ᠵᠡᠷᠭᠡ ᠨᠡᠶᠢᠲᠡ 60 ᠬᠢᠴᠢᠶᠡᠯ ᠤᠨ ᠴᠠᠭ ᠪᠣᠯᠤᠨ᠎ᠠ᠃    ᠭᠤᠷᠪᠠ᠂ ᠪᠣᠯᠪᠠᠰᠤᠷᠠᠯ ᠤᠨ ᠬᠡᠯᠪᠡᠷᠢ   ᠪᠣᠯᠪᠠᠰᠤᠷᠠᠯ ᠨᠢ ᠰᠦᠯᠵᠢᠶ᠎ᠡ ᠪᠠᠷ ᠬᠢᠴᠢᠶᠡᠯᠯᠡᠬᠦ ᠬᠡᠯᠪᠡᠷᠢ ᠶᠢ ᠬᠡᠷᠡᠭᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠲᠠᠪᠴᠠᠩ ︵nmgjky.chinahrt.cn︶ ᠢ ᠬᠡᠷᠡᠭᠯᠡᠵᠦ᠂ ᠡᠯ᠎ᠡ ᠬᠤᠯᠪᠣᠭᠳᠠᠯ ᠪᠥᠬᠦᠶ ᠨᠢᠭᠡᠴᠢ ᠶᠢᠨ ᠲᠤᠰᠬᠠᠶ ᠮᠡᠷᠭᠡᠵᠢᠯ ᠤᠨ ᠠᠵᠢᠯᠲᠠᠨ ᠲᠣᠭᠲᠠᠭᠰᠠᠨ ᠴᠠᠭ ᠤᠨ ᠳᠣᠲᠣᠷ᠎ᠠ ᠲᠤᠰᠬᠠᠶ ᠮᠡᠷᠭᠡᠵᠢᠯ ᠤᠨ ᠬᠢᠴᠢᠶᠡᠯ ᠲᠥᠷᠥᠯ ᠤᠨ ᠰᠤᠷᠤᠯᠴᠠᠯᠭ᠎ᠠ ᠶᠢ ᠪᠡᠶᠡᠯᠡᠭᠦᠯᠦᠨ᠎ᠡ᠃    ᠳᠥᠷᠪᠡ᠂ ᠪᠣᠯᠪᠠᠰᠤᠷᠠᠯ ᠤᠨ ᠵᠠᠷᠤᠳᠠᠯ    ᠪᠣᠯᠪᠠᠰᠤᠷᠠᠯ ᠤᠨ ᠰᠦᠢᠳᠬᠡᠯ ᠨᠢ ᠵᠢᠯ ᠳᠤ 240 ᠲᠥᠭᠦᠷᠢᠭ / ᠬᠥᠮᠥᠨ ᠪᠠᠶᠢᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠣᠯᠪᠠᠰᠤᠷᠠᠯ ᠤᠨ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠵᠠᠷᠤᠳᠠᠯ ᠦᠰᠦᠭ ﹇2018﹈ 1399 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠶᠣᠰᠣᠭᠠᠷ ᠬᠡᠷᠡᠭᠵᠢᠭᠦᠯᠵᠦ᠂ ᠰᠤᠷᠤᠭᠴᠢᠳ ᠲᠠᠪᠴᠠᠩ ᠳᠤ ᠭᠠᠷᠴᠤ᠂ ︽ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ︾ ᠶᠢ ᠰᠣᠩᠭᠤᠭᠰᠠᠨ ᠤ ᠳᠠᠷᠠᠭ᠎ᠠ ᠳᠠᠷᠤᠶ ᠰᠤᠷᠤᠯᠴᠠᠵᠤ᠂ ᠰᠦᠯᠵᠢᠶᠡᠨ ᠳᠡᠭᠡᠷ᠎ᠡ ᠫᠢᠶᠣᠣ ᠨᠡᠭᠡᠭᠡᠬᠦ ᠮᠡᠳᠡᠭᠡ ᠵᠠᠩᠭᠢ ᠶᠢᠨ  ᠡᠯᠧᠺᠲᠷᠣᠨ ᠪᠠᠷᠢᠮᠲᠠ ᠶᠢ ᠲᠠᠭᠯᠠᠨ ᠪᠢᠴᠢᠬᠦ ᠬᠡᠷᠡᠭᠲᠡᠢ᠃    ᠲᠠᠪᠤ᠂ ᠪᠤᠰᠤᠳ ᠵᠦᠢᠯ    ᠲᠤᠰᠬᠠᠶ ᠮᠡᠷᠭᠡᠵᠢᠯ ᠤᠨ ᠠᠵᠢᠯᠲᠠᠨ ᠤ ᠪᠣᠯᠪᠠᠰᠤᠷᠠᠯ ᠤᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ᠥᠪᠥᠷ ᠮᠣᠩᠭᠤᠯ ᠤᠨ ᠴᠢᠳᠠᠪᠤᠷᠢᠲᠠᠨ ᠤ ᠮᠡᠳᠡᠭᠡ ᠵᠠᠩᠭᠢ ᠶᠢᠨ ᠬᠥᠮᠥᠷᠭᠡ ︵www.nmgrck.cn︶ ᠳᠤ ᠣᠷᠣᠵᠤ ᠥᠪᠡᠷ ᠢᠶᠠᠨ ᠬᠢᠨᠠᠨ ᠰᠢᠯᠭᠠᠬᠤ ᠺᠠᠷᠲ ᠢ ᠳᠠᠷᠤᠮᠠᠯᠯᠠᠵᠤ ᠪᠣᠯᠤᠨ᠎ᠠ᠃    ᠮᠡᠷᠭᠡᠵᠢᠯ ᠤᠨ ᠦᠢᠯᠡᠴᠢᠯᠡᠭᠡ ᠶᠢ ᠳᠡᠮᠵᠢᠬᠦ ᠤᠲᠠᠰᠤ᠄ 400-8836-501    ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠦᠢᠯᠡᠴᠢᠯᠡᠭᠡᠨ ᠤ ᠤᠲᠠᠰᠤ᠄ 0471 - 6536743                ᠥᠪᠥᠷ ᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠣᠳᠤᠯᠭᠠᠨ ᠤ ᠬᠦᠷᠢᠶᠡᠯᠡᠩ                                      2024 ᠣᠨ ᠤ 2 ᠳ᠋ᠤᠭᠠᠷ ᠰᠠᠷ᠎ᠠ ᠶᠢᠨ 21 ᠤ ᠡᠳᠤ᠋
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠣᠳᠤᠯᠭᠠᠨ ᠤ ᠬᠦᠷᠢᠶᠡᠯᠡᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map