ᠪᠤᠭᠤᠲᠤ ᠠᠴᠠ ᠢᠷᠭᠠᠶ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠥᠪᠥᠷ ᠮᠣᠩᠭᠤᠯ ᠳᠠᠬᠢ ᠬᠡᠰᠡᠭ ᠢ ᠡᠬᠢᠯᠡᠵᠦ ᠳᠡᠪᠢᠰᠪᠡ
ᠨᠡᠶᠢᠲᠡᠯᠡᠭᠰᠡᠨ ᠴᠠᠭ᠄
2024/8/14
    8 ᠳ᠋ᠤᠭᠠᠷ ᠰᠠᠷ᠎ᠠ ᠶᠢᠨ 11 ᠤ ᠡᠳᠦᠷ ᠤᠨ 15 ᠴᠠᠭ ᠲᠤ᠂ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠪᠠᠷᠠᠭᠤᠨ ᠥᠷᠲᠡᠭᠡ ᠠᠴᠠ ᠦᠶᠤᠸᠠᠨ ᠤ ᠵᠡᠭᠦᠨ ᠥᠷᠲᠡᠭᠡ ᠬᠥᠷᠬᠦ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠠᠩᠬᠠᠳᠠᠭᠴᠢ ᠬᠤᠤᠰ 500 ᠮᠧᠲᠷ ᠤᠨ ᠣᠷᠳᠣ ᠪᠣᠯᠣᠳ ᠲᠡᠮᠦᠷ ᠢ ᠤᠷᠤᠭᠰᠢᠲᠠᠶ ᠳᠡᠪᠢᠰᠦᠭᠰᠡᠨ  ᠨᠢ ᠪᠤᠭᠤᠲᠤ ᠠᠴᠠ ᠢᠷᠭᠠᠶ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠤᠨ ᠥᠪᠥᠷ ᠮᠣᠩᠭᠤᠯ ᠳᠠᠬᠢ ᠬᠡᠰᠡᠭ ᠨᠢ ᠵᠢᠩᠬᠢᠨᠢ ᠪᠠᠷ ᠲᠡᠮᠦᠷ ᠵᠠᠮ ᠳᠡᠪᠢᠰᠬᠦ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃
202408141722.jpg
    ᠪᠠᠷᠢᠯᠭ᠎ᠠ ᠶᠢᠨ ᠭᠠᠵᠠᠷ ᠤᠨ ᠬᠡᠰᠡᠭ ᠤᠨ ᠬᠥᠭᠦᠷᠭᠡ ᠶᠢᠨ ᠭᠤᠯᠳᠤᠩ ᠤᠨ ᠡᠵᠡᠯᠡᠬᠦ ᠬᠠᠷᠢᠴᠠᠯ ᠨᠢ ᠥᠨᠳᠥᠷ᠂ ᠠᠯᠤᠰᠯᠠᠭᠰᠠᠨ ᠲᠡᠮᠦᠷ ᠵᠠᠮ ᠤᠨ ᠡᠵᠡᠩᠨᠡᠯᠲᠡ ᠶᠢᠨ ᠱᠤᠭᠤᠮ ᠤᠨ ᠣᠷᠣᠨ ᠪᠠᠶᠢᠷᠢ ᠣᠯᠠᠨ᠂ ᠠᠵᠢᠯᠯᠠᠬᠤ ᠨᠠᠷᠢᠯᠢᠭ ᠤᠨ ᠬᠡᠮᠵᠢᠶ᠎ᠡ ᠶᠢᠨ ᠱᠠᠭᠠᠷᠳᠠᠯᠭ᠎ᠠ ᠥᠨᠳᠥᠷ᠂ ᠡᠵᠡᠩᠨᠡᠯᠲᠡ ᠶᠢᠨ ᠱᠤᠭᠤᠮ ᠲᠠᠢ ᠣᠶᠢᠷᠠᠳᠬᠤ ᠳᠤ ᠪᠠᠷᠢᠯᠭ᠎ᠠ ᠶᠢᠨ ᠠᠵᠢᠯ ᠢ ᠬᠠᠷᠰᠢᠯᠠᠬᠤ ᠨᠢ ᠶᠡᠭᠡ᠂ ᠲᠡᠮᠦᠷ ᠵᠠᠮ ᠳᠡᠪᠢᠰᠬᠦ ᠠᠵᠢᠯ ᠤᠨ ᠬᠤᠭᠤᠴᠠᠭ᠎ᠠ ᠪᠠᠴᠢᠮ ᠵᠡᠷᠭᠡ ᠣᠨᠴᠠᠯᠢᠭ ᠲᠤ ᠴᠢᠭᠯᠡᠭᠦᠯᠦᠨ᠂ ᠲᠡᠮᠦᠷ ᠵᠠᠮ ᠤᠨ ᠰᠠᠯᠠᠭ᠎ᠠ ᠮᠥᠴᠢᠷ ᠪᠣᠯᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠢᠨ ᠣᠳᠣᠬᠠᠨ ᠤ ᠤᠯᠤᠰ ᠤᠨ ᠳᠣᠲᠣᠭᠠᠳᠤ ᠶᠢᠨ ᠲᠡᠷᠢᠭᠦᠨ ᠤ ᠪᠠᠷᠢᠯᠭ᠎ᠠ ᠶᠢᠨ ᠱᠤᠭᠤᠮ ᠤᠨ ᠲᠣᠬᠢᠷᠠᠭᠤᠯᠭ᠎ᠠ ᠶᠢᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠪᠠᠷᠢᠯᠭ᠎ᠠ ᠶᠢᠨ ᠠᠵᠢᠯ ᠤᠨ ᠲᠥᠯᠥᠪᠯᠡᠭᠡ ᠶᠢ ᠠᠦ᠋ᠲ᠋ᠣ᠋ ᠪᠠᠷ ᠢᠯᠭᠠᠨ ᠲᠠᠨᠢᠬᠤ᠂ ᠠᠯᠤᠰ ᠠᠴᠠ ᠡᠵᠡᠮᠳᠡᠬᠦ ᠲᠡᠮᠦᠷ ᠵᠠᠮ ᠳᠡᠪᠢᠰᠬᠦ ᠮᠠᠰᠢᠨ᠂ ᠤᠷᠲᠤ ᠵᠠᠮ ᠲᠡᠮᠦᠷ ᠢ ᠲᠡᠭᠡᠭᠡᠪᠦᠷᠢᠯᠡᠬᠦ ᠲᠡᠷᠭᠡ᠂ ᠵᠠᠮ ᠲᠡᠮᠦᠷ ᠢ ᠭᠠᠩᠨᠠᠬᠤ ᠲᠡᠷᠭᠡ ᠵᠡᠷᠭᠡ ᠲᠥᠬᠦᠭᠡᠷᠦᠮᠵᠢ ᠶᠢ ᠬᠡᠷᠡᠭᠯᠡᠨ᠂ ᠬᠠᠮᠢᠶᠠᠷᠤᠯᠲᠠ ᠶᠢᠨ ᠣᠶᠤᠨᠴᠢ ᠦᠵᠡᠭᠳᠡᠬᠦ᠂ ᠠᠮᠤᠷ ᠲᠦᠪᠰᠢᠨ ᠤ ᠠᠦ᠋ᠲ᠋ᠣ᠋ ᠪᠠᠷ ᠰᠡᠷᠡᠮᠵᠢᠯᠡᠭᠦᠯᠬᠦ ᠶᠢ ᠪᠡᠶᠡᠯᠡᠭᠦᠯᠵᠦ᠂ ᠠᠮᠤᠷ ᠲᠦᠪᠰᠢᠨ᠂ ᠴᠢᠨᠠᠷ ᠰᠠᠶᠢᠲᠠᠶ᠂ ᠥᠨᠳᠥᠷ ᠦᠷ᠎ᠡ ᠪᠦᠲᠦᠮᠵᠢᠲᠡᠶ ᠪᠠᠷ ᠲᠡᠮᠦᠷ ᠵᠠᠮ ᠳᠡᠪᠢᠰᠬᠦ ᠡᠭᠦᠷᠭᠡ ᠶᠢ ᠪᠡᠶᠡᠯᠡᠭᠦᠯᠬᠦ ᠳᠤ ᠰᠠᠭᠤᠷᠢ ᠲᠠᠯᠪᠢᠵᠠᠢ᠃     ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠢᠭᠡᠳᠦᠭᠡᠷ ᠲᠣᠪᠴᠢᠶᠠᠨ ᠤ ᠪᠠᠷᠢᠯᠭ᠎ᠠ ᠶᠢᠨ ᠠᠵᠢᠯ ᠤᠨ ᠬᠤᠪᠢᠶᠠᠷᠢ ᠬᠡᠯᠲᠡᠰ ᠤᠨ ᠳᠠᠷᠤᠭ᠎ᠠ ᠡᠦ ᠢ ᠴᠢᠶᠠᠨ ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠲᠡᠮᠦᠷ ᠵᠠᠮ ᠳᠡᠪᠢᠰᠬᠦ ᠠᠵᠢᠯ ᠳᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ BLCP500 ᠲᠡᠮᠦᠷ ᠵᠠᠮ ᠳᠡᠪᠢᠰᠬᠦ ᠮᠠᠰᠢᠨ ᠢ ᠬᠡᠷᠡᠭᠯᠡᠨ ᠣᠷᠳᠣ ᠵᠠᠮ ᠢ ᠳᠡᠪᠢᠰᠴᠦ᠂ ᠲᠣᠰ ᠲᠥᠬᠦᠭᠡᠷᠦᠮᠵᠢ ᠨᠢ ᠱᠤᠭᠤᠮ ᠰᠣᠯᠢᠬᠤ ᠥᠬᠡᠶ ᠪᠠᠷ ᠰᠢᠭᠤᠳ ᠵᠡᠭᠦᠨ ᠪᠠᠷᠠᠭᠤᠨ ᠬᠤᠶᠠᠷ ᠱᠤᠭᠤᠮ ᠤᠨ  ᠤᠷᠲᠤ ᠲᠡᠮᠦᠷ ᠵᠠᠮ ᠢ ᠳᠡᠪᠢᠰᠴᠦ᠂ ︽ᠨᠢᠭᠡ ᠱᠤᠭᠤᠮ ᠢᠶᠠᠷ ᠶᠠᠪᠤᠵᠤ ᠬᠤᠤᠰ ᠱᠤᠭᠤᠮ ᠢ ᠳᠡᠪᠢᠰᠬᠦ︾ ᠶᠢ ᠪᠡᠶᠡᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠨᠢᠭᠡ ᠳᠠᠬᠢᠨ ᠰᠢᠬᠠᠮ ᠳᠡᠭᠡᠭᠰᠢᠯᠡᠭᠦᠯᠵᠦ᠂ ᠨᠢᠭᠡ ᠡᠳᠦᠷ ᠲᠤ ᠲᠡᠮᠦᠷ ᠵᠠᠮ ᠢ ᠬᠠᠮᠤᠭ ᠤᠨ ᠬᠤᠷᠳᠤᠨ ᠳᠤ ᠪᠠᠨ 6 ᠺᠢᠯᠣᠮᠧᠲᠷ ᠳᠡᠪᠢᠰᠦᠨ᠎ᠡ᠃     ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠣᠯ ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠤ ᠬᠤᠷᠳᠤ ᠶᠢᠨ ᠲᠡᠮᠦᠷ ᠵᠠᠮ ᠤᠨ ᠲᠣᠣᠷ ᠤᠨ ᠪᠡᠭᠡᠵᠢᠩ ᠠᠴᠠ ᠯᠠᠨᠵᠧᠦ ᠬᠦᠷᠬᠦ ᠵᠠᠮ  ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠪᠠᠷᠠᠭᠤᠨ ᠬᠤᠶᠢᠲᠤ ᠣᠷᠣᠨ ᠤ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠢ ᠬᠤᠯᠪᠣᠭᠰᠠᠨ ᠵᠠᠮ ᠬᠠᠷᠢᠯᠴᠠᠭᠠᠨ ᠤ ᠭᠤᠣᠯ ᠵᠠᠮ ᠪᠠ ᠠᠵᠤ ᠠᠬᠤᠢ ᠶᠢᠨ ᠶᠡᠭᠡ ᠵᠠᠮ ᠪᠣᠯᠤᠨ᠎ᠠ᠂ ᠡᠭᠦᠨ ᠳᠤ ᠥᠪᠥᠷ ᠮᠣᠩᠭᠤᠯ ᠤᠨ ᠬᠡᠰᠡᠭ ᠤᠨ ᠪᠦᠬᠦ ᠤᠷᠳᠤ ᠨᠢ 402 ᠺᠢᠯᠣᠮᠧᠲᠷ᠂ ᠵᠢᠷᠤᠵᠤ ᠲᠥᠯᠥᠪᠯᠡᠭᠰᠡᠨ ᠬᠤᠷᠳᠤᠴᠠ ᠨᠢ ᠴᠠᠭ ᠪᠦᠷᠢ 250 ᠺᠢᠯᠣᠮᠧᠲᠷ ᠪᠠᠶᠢᠳᠠᠭ᠃ ᠪᠤᠭᠤᠲᠤ ᠠᠴᠠ ᠢᠷᠭᠠᠢ ᠬᠦᠷᠬᠦ ᠳᠡᠭᠡᠳᠤ ᠬᠤᠷᠳᠤ ᠶᠢᠨ ᠲᠡᠮᠦᠷ ᠵᠠᠮ ᠪᠠᠶᠢᠭᠤᠯᠤᠭᠳᠠᠭᠰᠠᠨ ᠤ ᠳᠠᠷᠠᠭ᠎ᠠ᠂ ᠪᠤᠭᠤᠲᠤ ᠠᠴᠠ ᠢᠷᠭᠠᠢ ᠬᠦᠷᠬᠦ ᠭᠠᠯᠲᠤ ᠲᠡᠷᠭᠡ ᠪᠠᠷ ᠵᠢᠭᠤᠯᠴᠢᠯᠠᠬᠤ ᠬᠠᠮᠤᠭ ᠤᠨ ᠲᠦᠷᠭᠡᠨ ᠴᠠᠭ ᠢ ᠤᠳᠤ ᠶᠢᠨ 6 ᠴᠠᠭ ᠪᠠᠶᠢᠭᠰᠠᠨ ᠠᠴᠠ 2 ᠴᠠᠭ ᠰᠢᠬᠠᠮ ᠪᠣᠯᠭᠠᠨ ᠪᠣᠭᠤᠨᠢᠰᠬᠠᠬᠤ ᠪᠣᠯᠤᠨ᠎ᠠ᠂ ᠡᠨᠡ ᠨᠢ ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠣᠷᠣᠨ ᠪᠦᠰᠡ ᠶᠢᠨ ᠲᠡᠮᠦᠷ ᠵᠠᠮ ᠤᠨ ᠲᠣᠣᠷ ᠤᠨ ᠪᠠᠶᠢᠷᠢᠰᠢᠭᠤᠯᠤᠯᠲᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠬᠦ᠂ ᠰᠣᠶᠣᠯ ᠵᠢᠭᠤᠯᠴᠢᠯᠠᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠵᠠᠮ ᠳᠠᠭᠠᠤ ᠶᠢᠨ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ  ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map