ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠴᠢᠩᠭᠠᠳᠬᠠᠬᠤ ᠳᠤ ᠰᠢᠨ᠎ᠡ ᠡᠭᠦᠳᠦᠯᠲᠡ ᠬᠢᠪᠡ
ᠨᠡᠶᠢᠲᠡᠯᠡᠭᠰᠡᠨ ᠴᠠᠭ᠄
2024/8/19
    ᠣᠶᠢᠷ᠎ᠠ ᠶᠢᠨ ᠬᠤᠭᠤᠴᠠᠭᠠᠨ ᠤ ᠲᠤᠷᠰᠢ᠂ ᠵᠠᠰᠠᠮᠠᠯ ᠵᠠᠮ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠦᠯᠭᠦᠢ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠠᠵᠢᠯᠯᠠᠭ᠎ᠠ  ᠶᠢ ᠠᠬᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ  ᠶᠢᠨ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠨᠢ ᠪᠠᠷᠢᠯᠭ᠎ᠠ ᠶᠢᠨ ᠠᠷᠭ᠎ᠠ ᠳᠤ ᠪᠠᠭ᠎ᠠ ᠰᠢᠨ᠎ᠡ ᠶᠢ ᠡᠭᠦᠳᠬᠦ ᠪᠠᠷ ᠪᠠᠷᠢᠯᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠴᠢᠩᠭᠠᠳᠬᠠᠬᠤ ᠶᠢ ᠴᠢᠬᠤᠯᠠᠴᠢᠯᠠᠵᠤ᠂ ᠡᠯ᠎ᠡ ᠬᠢᠨᠠᠯᠲᠠ ᠬᠠᠮᠢᠶᠠᠷᠤᠯᠲᠠ ᠶᠢᠨ ᠲᠥᠷᠥᠯ ᠵᠦᠶᠯ ᠳᠠᠬᠢ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠲᠡᠷᠢᠭᠦᠨ ᠤ ᠲᠤᠷᠰᠢᠯᠭ᠎ᠠ ᠪᠠ ᠨᠡᠶᠢᠲᠡᠯᠢᠭ ᠠᠷᠭ᠎ᠠ ᠬᠢᠳᠡᠯ ᠢ ᠶᠡᠭᠡ ᠪᠠᠷ ᠠᠭᠤᠳᠠᠯᠤᠨ ᠳᠡᠯᠭᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠰᠢᠨ᠎ᠡ ᠡᠭᠦᠳᠦᠯᠲᠡ ᠶᠢ ᠬᠡᠷᠡᠭᠯᠡᠬᠦ᠂ ᠰᠢᠨ᠎ᠡ ᠡᠭᠦᠳᠦᠯᠲᠡ ᠶᠢ ᠳᠡᠯᠭᠡᠷᠡᠭᠦᠯᠬᠦ ᠠᠶᠦᠯᠭᠦᠢ ᠦᠶᠯᠡᠳᠪᠦᠷᠢᠯᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠪᠠᠭ᠎ᠠ ᠡᠭᠦᠳᠦᠨ ᠪᠦᠲᠦᠭᠡᠯᠲᠡ᠂ ᠪᠠᠭ᠎ᠠ ᠰᠢᠨ᠎ᠡ ᠡᠭᠦᠳᠦᠯᠲᠡ ᠪᠠᠷ ᠳᠠᠮᠵᠢᠭᠤᠯᠤᠨ᠂ ᠲᠠᠰᠤᠷᠠᠯᠲᠠ ᠦᠭᠡᠢ ᠲᠤᠷᠰᠢᠯᠭ᠎ᠠ ᠬᠤᠷᠠᠮᠳᠤᠭᠤᠯᠵᠤ ᠲᠠᠰᠤᠷᠠᠯᠲᠠ ᠦᠭᠡᠢ ᠳᠡᠯᠭᠡᠷᠡᠭᠦᠯᠦᠨ ᠦᠷ᠎ᠡ ᠠᠰᠢᠭ ᠢ ᠳᠡᠭᠡᠭᠰᠢᠯᠡᠭᠦᠯᠵᠦ᠂ ᠴᠢᠨᠠᠭᠰᠢᠳᠠ ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠬᠦ ᠪᠣᠯ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠰᠠᠯᠠᠭ᠎ᠠ ᠮᠥᠴᠢᠷ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤᠮᠳᠠᠬᠢ ᠠᠮᠢᠳᠤᠯᠢᠭ ᠦᠢᠯᠡᠳᠦᠯᠭᠡ ᠪᠣᠯᠤᠨ᠎ᠠ᠃     ᠵᠠᠰᠠᠮᠠᠯ ᠵᠠᠮ ᠤᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠱᠦᠢᠨᠢ ᠪᠠᠷ ᠲᠣᠭᠲᠠᠪᠤᠷᠢᠵᠢᠭᠤᠯᠬᠤ ᠶᠢ ᠵᠢᠭᠤᠷᠠᠬᠤ ᠥᠷᠲᠡᠭᠡ ᠶᠢᠨ ᠵᠢᠭᠤᠷᠠᠬᠤ ᠰᠠᠪᠠ ᠶᠢ ᠴᠡᠪᠡᠷᠯᠡᠬᠦ ᠦᠶ᠎ᠡ ᠳᠤ ᠵᠣᠬᠢᠰ ᠥᠬᠡᠶ ᠬᠢᠭᠰᠡᠨ ᠠᠴᠠ ᠪᠣᠯᠵᠣ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠨᠢ ᠣᠶᠢᠷ᠎ᠠ ᠶᠢᠨ ᠵᠢᠯ ᠤᠨ ᠲᠤᠷᠰᠢᠬᠢ ᠨᠡᠯᠢᠶᠡᠳ ᠲᠣᠪᠣᠶᠢᠮ᠎ᠠ ᠲᠥᠷᠥᠯ ᠵᠦᠶᠯ ᠳᠤ ᠬᠠᠷᠢᠶᠠᠯᠠᠭᠳᠠᠵᠤ᠂ ᠪᠠᠷᠢᠯᠭ᠎ᠠ ᠶᠢᠨ ᠭᠠᠵᠠᠷ ᠤᠨ ᠪᠤᠳᠤᠯᠢᠶᠠᠨᠲᠠᠶ ᠣᠷᠴᠢᠨ ᠲᠣᠭᠤᠷᠢᠨ ᠳᠤ ᠬᠥᠮᠦᠰ ᠤᠨ ᠬᠠᠮᠵᠢᠯᠴᠠᠬᠤ ᠪᠠ ᠮᠡᠳᠡᠭᠡ ᠵᠠᠩᠭᠢ ᠳᠠᠮᠵᠢᠭᠤᠯᠬᠤ ᠳᠤ ᠪᠠᠯᠠᠶ ᠣᠷᠣᠨ ᠣᠷᠣᠰᠢᠵᠤ ᠪᠠᠶᠢᠬᠤ ᠶᠢ ᠲᠤᠰᠬᠠᠵᠠᠶ᠃ ᠡᠨᠡ ᠬᠦ ᠠᠰᠠᠭᠤᠳᠠᠯ ᠳᠤ ᠴᠢᠭᠯᠡᠭᠦᠯᠦᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠥᠷᠲᠡᠭᠡ ᠶᠢᠨ ᠠᠵᠢᠯᠲᠠᠨ ᠤᠯᠤᠰ ᠤᠨ ᠵᠠᠮ 210 ᠱᠤᠭᠤᠮ ᠤᠨ ᠮᠠᠨᠳᠤᠯ ᠪᠣᠭᠤᠮᠲᠠ ᠠᠴᠠ ᠪᠠᠶ᠋ᠬᠠᠤᠪᠤᠭ᠎ᠠ ᠬᠥᠷᠬᠦ ᠬᠡᠰᠡᠭ ᠤᠨ ᠵᠠᠰᠠᠮᠠᠯ ᠵᠠᠮ ᠤᠨ  ᠪᠠᠷᠢᠯᠭ᠎ᠠ ᠶᠢᠨ ᠲᠥᠷᠥᠯ ᠵᠦᠶᠯ᠂ ᠤᠯᠤᠰ ᠤᠨ ᠵᠠᠮ 210 ᠪᠠᠶ᠋ᠬᠠᠤᠪᠤᠭ᠎ᠠ ᠠᠴᠠ ᠭᠦᠶᠡᠩ ᠬᠥᠷᠬᠦ ᠬᠡᠰᠡᠭ ᠤᠨ ᠪᠠᠷᠢᠯᠭ᠎ᠠ ᠶᠢᠨ ᠲᠥᠷᠥᠯ ᠵᠦᠶᠯ ᠠᠴᠠ ᠣᠶᠢᠯᠠᠭᠠᠭᠰᠠᠨ ᠢᠶᠠᠷ᠂ ᠪᠤᠭᠤᠲᠤ ᠬᠤᠲᠠ ᠶᠢᠨ 1 ᠵᠠᠰᠠᠮᠠᠯ ᠵᠠᠮ ᠤᠨ ᠨᠢᠭᠡᠴᠢ ᠠᠴᠠ ᠰᠤᠳᠤᠯᠤᠨ ᠨᠡᠭᠡᠭᠡᠭᠰᠡᠨ ᠱᠦᠢᠨᠢ ᠪᠠᠷ ᠲᠣᠭᠲᠠᠪᠤᠷᠢᠵᠢᠭᠤᠯᠬᠤ ᠶᠢ ᠵᠢᠭᠤᠷᠠᠬᠤ ᠥᠷᠲᠡᠭᠡ ᠶᠢᠨ ᠭᠠᠭᠴᠠ ᠬᠦᠷᠳᠦᠲᠦ ᠬᠦᠷᠦᠯᠴᠡᠭᠦᠷ ᠤᠨ ᠵᠢᠭᠤᠷᠠᠬᠤ ᠰᠠᠪᠠ ᠶᠢ ᠴᠡᠪᠡᠷᠯᠡᠬᠦ ᠳᠤᠮᠳᠠ ᠠᠮᠤᠷ ᠲᠦᠪᠰᠢᠨ ᠢ ᠪᠠᠲᠤᠯᠠᠬᠤ ᠬᠡᠷᠡᠭᠯᠡᠭᠡᠨ ᠤ ᠪᠠᠷᠢᠯᠭ᠎ᠠ ᠶᠢᠨ ᠠᠵᠢᠯ ᠤᠨ ᠠᠷᠭ᠎ᠠ ᠨᠢ᠂ ᠬᠤᠶᠠᠷ ᠲᠥᠷᠥᠯ ᠵᠦᠶᠯ ᠳᠤ ᠨᠢᠭᠡᠨᠲᠡ ᠳᠡᠯᠭᠡᠷᠡᠭᠦᠯᠦᠨ ᠬᠡᠷᠡᠭᠯᠡᠭᠳᠡᠵᠦ᠂ ᠦᠷ᠎ᠡ ᠪᠦᠲᠦᠮᠵᠢ ᠪᠠᠷ ᠮᠠᠰᠢ ᠰᠠᠶᠢᠨ ᠪᠠᠶᠢᠵᠤ᠂ ᠠᠵᠢᠯᠴᠢᠨ ᠤ ᠪᠡᠶ᠎ᠡ ᠶᠢᠨ ᠠᠮᠤᠷ ᠲᠦᠪᠰᠢᠨ ᠢ ᠲᠤᠶᠢᠯ ᠤᠨ ᠶᠡᠭᠡ ᠪᠠᠷ ᠪᠠᠲᠤᠯᠠᠬᠤ ᠶᠢᠨ ᠬᠠᠮᠲᠤ ᠵᠢᠭᠤᠷᠠᠬᠤ ᠥᠷᠲᠡᠭᠡ  ᠶᠢᠨ ᠬᠡᠷᠡᠭᠯᠡᠯᠲᠡ ᠶᠢᠨ ᠠᠮᠤᠷ ᠲᠦᠪᠰᠢᠨ ᠤ ᠴᠢᠨᠠᠷ ᠢ ᠳᠡᠭᠡᠭᠰᠢᠯᠡᠭᠦᠯᠵᠦ᠂ ᠱᠦᠢᠨᠢ ᠪᠠᠷ ᠲᠣᠭᠲᠠᠪᠤᠷᠢᠵᠢᠭᠤᠯᠬᠤ ᠶᠢ ᠵᠢᠭᠤᠷᠠᠬᠤ ᠥᠷᠲᠡᠭᠡ ᠶᠢᠨ ᠠᠳᠠᠯ ᠤᠨ ᠡᠭᠦᠰᠬᠦ ᠨᠣᠷᠮ᠎ᠠ ᠶᠢ ᠶᠡᠭᠡ ᠪᠠᠷ ᠪᠠᠭᠤᠷᠠᠭᠤᠯᠵᠠᠶ᠃ ᠡᠭᠦᠨ ᠤ ᠬᠠᠮᠲᠤ ᠲᠣᠰ ᠪᠠᠷᠢᠯᠭ᠎ᠠ ᠶᠢᠨ ᠠᠷᠭ᠎ᠠ ᠨᠢ ᠪᠠᠰᠠ ᠪᠠᠷᠢᠯᠭ᠎ᠠ ᠶᠢᠨ ᠤᠭᠰᠠᠷᠠᠬᠤ ᠮᠡᠷᠭᠡᠵᠢᠯ ᠤᠨ ᠬᠦᠴᠢᠷᠳᠡᠯ ᠳᠣᠤᠷ᠎ᠠ᠂ ᠦᠷ᠎ᠡ ᠠᠰᠢᠭ ᠥᠨᠳᠥᠷ᠂ ᠠᠮᠠᠷᠬᠠᠨ ᠡᠪᠳᠡᠭᠳᠡᠬᠦ ᠥᠬᠡᠶ᠂ ᠰᠡᠯᠪᠢᠨ ᠵᠠᠰᠠᠬᠤ ᠳᠤ ᠠᠮᠠᠷ᠂ ᠰᠡᠯᠪᠢᠨ ᠵᠠᠰᠠᠬᠤ ᠰᠦᠶᠳᠬᠡᠯ ᠳᠣᠤᠷ᠎ᠠ᠂ ᠠᠵᠢᠯᠯᠠᠭᠤᠯᠬᠤ ᠳᠤ ᠲᠥᠬᠦᠮ᠂ ᠲᠣᠬᠢᠷᠠᠯᠴᠠᠬᠤ ᠨᠢ ᠥᠷᠭᠡᠨ ᠳᠡᠯᠭᠡᠷ ᠵᠡᠷᠭᠡ ᠣᠨᠴᠠᠯᠢᠭ ᠲᠠᠢ᠃
1副本.jpg
22.jpg
2.jpg
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map