ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠢ ᠡᠬᠢᠯᠡᠵᠦ ᠬᠡᠷᠡᠭᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2024/8/19
    ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2024 ᠣᠨ ᠤ 2 ᠳ᠋ᠤᠭᠠᠷ ᠲᠣᠭᠠᠲᠤ︶ ︵ᠳᠣᠷᠣᠭᠰᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ ᠭᠡᠵᠦ ᠲᠣᠪᠴᠢᠯᠠᠨ᠎ᠠ︶ ᠪᠠ               ︽︿ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠠᠶᠤᠯᠭᠦᠢ ᠦᠢᠯᠡᠳᠪᠦᠷᠢᠯᠡᠯ ᠬᠢᠨᠠᠯᠲᠠ ﹇2024﹈ 13 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠠᠴᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ︵ᠳᠣᠷᠣᠭᠰᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠭᠡᠵᠦ ᠲᠣᠪᠴᠢᠯᠠᠨ᠎ᠠ︶ ᠢ ᠡᠬᠢᠯᠡᠨ ᠬᠡᠷᠡᠭᠯᠡᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠵᠠᠷᠯᠠᠶ᠎ᠠ᠃    ᠨᠢᠭᠡ᠂ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠢ ᠡᠬᠢᠯᠡᠨ ᠬᠡᠷᠡᠭᠯᠡᠬᠦ    ︵ᠨᠢᠭᠡ︶ ᠡᠬᠢᠯᠡᠵᠦ ᠬᠡᠷᠡᠭᠯᠡᠬᠦ ᠴᠠᠭ᠄ 2024 ᠣᠨ ᠤ 8 ᠳ᠋ᠤᠭᠠᠷ ᠰᠠᠷ᠎ᠠ ᠶᠢᠨ 15 ᠤ ᠡᠳᠦᠷ    ︵ᠬᠤᠶᠠᠷ︶ ᠰᠢᠰᠲ᠋ᠧᠮ ᠤᠨ ᠨᠡᠷᠡᠶᠢᠳᠦᠯ ᠵᠢᠴᠢ ᠰᠦᠯᠵᠢᠶᠡᠨ ᠤ ᠬᠠᠶ᠋ᠢᠭ᠄ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ                   ︵http://nmg.safetyams.cn /︶    ᠬᠤᠶᠠᠷ᠂ ᠤᠴᠢᠷ ᠶᠠᠪᠤᠳᠠᠯ ᠢ ᠰᠢᠢᠳᠪᠦᠷᠢᠯᠡᠬᠦ    ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠭᠰᠡᠨ ᠤ ᠳᠠᠷᠠᠭ᠎ᠠ᠂ ᠪᠠᠷᠢᠯᠭ᠎ᠠ ᠪᠠᠷᠢᠬᠤ ᠨᠢᠭᠡᠴᠢ ᠤᠷᠢᠭᠳᠠᠭᠰᠠᠨ ᠨᠢᠭᠡᠴᠢ ᠶᠢ ᠬᠤᠪᠢᠷᠠᠭᠤᠯᠬᠤ᠂ ᠮᠡᠳᠡᠭᠡ ᠵᠠᠩᠭᠢ ᠶᠢ ᠬᠤᠪᠢᠷᠠᠭᠤᠯᠬᠤ᠂ ᠦᠨᠡᠮᠯᠡᠯ ᠢ ᠦᠷᠭᠦᠯᠵᠢᠯᠡᠭᠦᠯᠬᠦ᠂ ᠬᠦᠴᠦᠨ ᠥᠬᠡᠶ ᠪᠣᠯᠭᠠᠬᠤ ᠵᠡᠷᠭᠡ ᠵᠦᠢᠯᠡᠰ ᠢ ᠭᠦᠢᠴᠡᠳᠭᠡᠬᠦ ᠳᠤ᠂ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠳᠤ ᠭᠤᠶᠤᠴᠢᠯᠠᠯ ᠢᠶᠠᠨ ᠲᠤᠰᠢᠶᠠᠬᠤ ᠴᠢᠬᠤᠯᠠᠲᠠᠶ᠂ ᠲᠢᠩᠬᠢᠮ ᠨᠢ ᠰᠦᠯᠵᠢᠶᠡᠨ ᠭᠠᠳᠠᠨᠠᠬᠢ ᠭᠤᠶᠤᠴᠢᠯᠠᠯ ᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃    ᠭᠤᠷᠪᠠ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠢ ᠰᠣᠯᠢᠵᠤ ᠣᠯᠭᠤᠬᠤ    ︵ᠨᠢᠭᠡ︶ ᠳᠣᠤᠷᠠᠬᠢ ᠪᠠᠶᠢᠳᠠᠯ ᠪᠠᠶᠢᠪᠠᠯ᠂ 9 ᠳ᠋ᠤᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠳᠤ ᠦᠨᠡᠮᠯᠡᠯ ᠰᠣᠯᠢᠵᠤ ᠣᠯᠭᠤᠬᠤ᠂ ᠬᠤᠪᠢᠷᠠᠭᠤᠯᠬᠤ ᠭᠤᠶᠤᠴᠢᠯᠠᠯ ᠲᠤᠰᠢᠶᠠᠬᠤ ᠬᠡᠷᠡᠭᠲᠡᠶ᠃    1. ᠬᠦᠴᠦᠨ ᠪᠦᠬᠦᠢ ᠬᠤᠭᠤᠴᠠᠭ᠎ᠠ ᠨᠢ 2024 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠵᠠᠰᠠᠮᠠᠯ ᠵᠠᠮ ᠤᠰᠤᠨ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ  ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠨᠡᠮᠯᠡᠯ ︵ᠳᠣᠷᠣᠭᠰᠢ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠭᠡᠵᠦ ᠲᠣᠪᠴᠢᠯᠠᠨ᠎ᠠ︶︔    2. ᠰᠢᠯᠵᠢᠯᠲᠡ ᠶᠢᠨ ᠬᠤᠭᠤᠴᠠᠭᠠᠨ ᠳᠤ ᠰᠦᠯᠵᠢᠶᠡᠨ ᠭᠠᠳᠠᠨ᠎ᠠ ᠤᠷᠢᠭᠳᠠᠭᠰᠠᠨ ᠨᠢᠭᠡᠴᠢ ᠶᠢ ᠬᠤᠪᠢᠷᠠᠭᠤᠯᠬᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠬᠤᠪᠢ ᠬᠥᠮᠦᠨ ᠤ ᠮᠡᠳᠡᠭᠡ ᠵᠠᠩᠭᠢ ᠶᠢ ᠬᠤᠪᠢᠷᠠᠭᠤᠯᠬᠤ ᠲᠣᠬᠠᠶᠢᠯᠠᠭᠰᠠᠨ ᠠᠵᠢᠯ ᠢ ᠭᠦᠢᠴᠡᠳᠭᠡᠵᠦ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠦᠨᠡᠮᠯᠡᠯ ᠣᠯᠤᠭ᠎ᠠ ᠦᠭᠡᠢ᠃    ︵ᠬᠤᠶᠠᠷ︶ ᠬᠠᠮᠤᠭ ᠤᠨ ᠰᠢᠨ᠎ᠡ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠤᠨ ᠳ᠋ᠤᠭᠠᠷ ᠤᠨ ᠲᠦᠷᠢᠮ ᠳᠤ ᠬᠤᠪᠢᠷᠠᠯᠲᠠ ᠭᠠᠷᠴᠤ᠂ ᠪᠠᠷᠢᠯᠭ᠎ᠠ ᠪᠠᠷᠢᠬᠤ ᠨᠢᠭᠡᠴᠢ ᠨᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠳᠤ ᠣᠷᠣᠵᠤ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ ᠢ ᠳᠠᠭᠢᠵᠤ ᠪᠠᠭᠤᠯᠭᠠᠬᠤ ᠬᠡᠷᠡᠭᠲᠡᠶ᠃    ᠳᠥᠷᠪᠡ᠂ ᠲᠠᠪᠴᠠᠩ ᠢ ᠪᠠᠶᠢᠴᠠᠭᠠᠨ ᠯᠠᠪᠯᠠᠬᠤ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨᠠᠨ ᠬᠠᠷᠭᠤᠭᠤᠯᠤᠭᠰᠠᠨ ᠰᠢᠯᠭᠠᠨ ᠬᠢᠨᠠᠭᠠᠳ ᠬᠢᠷᠢ ᠲᠡᠩᠴᠡᠭᠰᠡᠨ ᠦᠨᠡᠮᠯᠡᠯ ᠤᠨ ᠮᠡᠳᠡᠭᠡ ᠵᠠᠩᠭᠢ ᠶᠢ ᠰᠢᠯᠭᠠᠨ ᠬᠢᠨᠠᠬᠤ ᠬᠠᠮᠢᠶᠠᠷᠤᠯᠲᠠ ᠶᠢᠨ ᠰᠢᠰᠲ᠋ᠧᠮ ᠤᠨ ᠣᠯᠠᠨ ᠨᠡᠶᠢᠲᠡ ᠶᠢᠨ ᠪᠠᠶᠢᠴᠠᠭᠠᠨ ᠯᠠᠪᠯᠠᠬᠤ ᠲᠠᠪᠴᠠᠩ ᠢᠶᠠᠷ ᠳᠡᠮᠵᠢᠨ ᠪᠠᠶᠢᠴᠠᠭᠠᠨ ᠯᠠᠪᠯᠠᠵᠤ ᠪᠣᠯᠤᠨ᠎ᠠ ︵http://nmg.safetyams.cn︶᠃    ᠲᠠᠪᠤ᠂ ᠪᠤᠰᠤᠳ ᠵᠦᠢᠯ    ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠰᠢᠯᠵᠢᠯᠲᠡ ᠶᠢᠨ ᠬᠤᠭᠤᠴᠠᠭᠠᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠵᠠᠬᠢᠳᠠᠯ ﹇2024﹈ 795 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠥᠬᠡᠶ ᠪᠣᠯᠭᠠᠨ᠎ᠠ᠃    ᠳᠠᠭᠠᠯᠳᠤᠭᠤᠯᠤᠯ᠄ ᠳᠠᠭᠠᠯᠳᠤᠭᠤᠯᠤᠯ 1᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ ︵2024 ᠣᠨ ᠤ 2 ᠳ᠋ᠤᠭᠠᠷ ᠲᠣᠭᠠᠲᠤ︶ .pdf    ᠳᠠᠭᠠᠯᠳᠤᠭᠤᠯᠤᠯ 2᠄ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠶᠢᠨ ᠨᠢᠭᠡᠴᠢ ᠶᠢᠨ ᠭᠤᠤᠯ ᠬᠠᠷᠢᠭᠤᠴᠠᠯᠭᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠬᠢᠨᠠᠬᠤ ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ.pdf    ᠳᠠᠭᠠᠯᠳᠤᠭᠤᠯᠤᠯ 3᠄ ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠣᠯᠤᠨ ᠲᠤᠰᠬᠠᠶ ᠲᠤᠰᠢᠶᠠᠯᠲᠤ ᠠᠶᠤᠯᠭᠦᠶ ᠦᠢᠯᠡᠳᠪᠦᠷᠢᠯᠡᠯ ᠤᠨ  ᠬᠠᠮᠢᠶᠠᠷᠤᠯᠲᠠ ᠶᠢᠨ ᠠᠵᠢᠯᠲᠠᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠯᠲᠠ ᠶᠢᠨ ᠬᠥᠲᠥᠯᠪᠦᠷᠢ.pdf    ᠬᠠᠷᠢᠯᠴᠠᠬᠤ ᠬᠥᠮᠦᠨ᠄ ᠯᠢᠦ ᠰᠢᠶᠤᠤ ᠯᠸᠢ᠂ 0471 - 6554400       ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ           2024 ᠣᠨ ᠤ 8 ᠳ᠋ᠤᠭᠠᠷ ᠰᠠᠷ᠎ᠠ ᠶᠢᠨ 12 ᠤᠨ ᠡᠳᠦᠷ       
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map