ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠶᠯ ᠢ    ᠪᠠᠶᠠᠨᠨᠠᠭᠤᠷ ᠲᠤ ᠨᠠᠶᠢᠳᠠᠪᠤᠷᠢᠵᠢᠭᠤᠯᠤᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/8/22
     8 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠶᠯ ᠢ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ ᠵᠢᠩᠬᠢᠨᠢ ᠪᠠᠷ ᠡᠬᠢᠯᠡᠭᠦᠯᠦᠭᠰᠡᠨ ᠢ ᠮᠡᠳᠡᠭᠡᠯᠡᠪᠡ᠃ ᠲᠣᠰ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂ ᠤᠯᠤᠰ ᠤᠨ ᠪᠠᠷᠠᠭᠠᠨ ᠤ ᠭᠦᠢᠯᠭᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠵᠢᠴᠢ                   ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠥᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠪᠠ ᠠᠵᠢᠯ ᠲᠥᠷᠥᠯ ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃       ᠪᠦᠬᠦ ᠠᠭᠤᠯᠭ᠎ᠠ ᠨᠢ ᠳᠣᠣᠷᠠᠬᠢ ᠮᠡᠲᠦ᠄      ᠲᠦᠷᠦᠭᠦᠬᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠨ ᠥᠪᠥᠷ ᠮᠣᠩᠭᠤᠯ ᠤᠨ ᠪᠠᠶᠠᠨᠨᠠᠭᠤᠷ ᠬᠤᠲᠠ ᠳᠤ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠶᠯ ︽ᠠᠮᠤᠷ ᠲᠦᠪᠰᠢᠨ ᠳᠣᠤᠷ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠶ ᠵᠠᠮ ᠬᠠᠷᠢᠯᠴᠠᠭ᠎ᠠ ᠪᠠᠷᠠᠭᠠᠨ ᠤ ᠲᠡᠭᠡᠭᠡᠪᠦᠷᠢ ᠶᠢᠨ ᠲᠣᠨᠣᠭᠯᠠᠯ ᠤᠨ ᠢᠵᠢ ᠪᠦᠷᠢᠨ ᠮᠡᠷᠭᠡᠵᠢᠯ ᠤᠨ ᠰᠤᠳᠤᠯᠭᠠᠨ ᠵᠢᠴᠢ ᠵᠢᠱᠢᠶ᠎ᠡ ᠦᠵᠡᠭᠦᠯᠬᠦ ᠬᠡᠷᠡᠭᠯᠡᠯᠲᠡ︾ ᠶᠢ ᠬᠠᠮᠲᠤᠷᠠᠨ ᠥᠷᠨᠢᠭᠦᠯᠬᠦ ᠶᠢ ᠵᠥᠪᠰᠢᠶᠡᠷᠡᠭᠰᠡᠨ ᠪᠥᠭᠡᠳ ᠲᠥᠷᠥᠯ ᠵᠦᠶᠯ ᠤᠨ ᠳᠠᠩᠰᠠᠯᠠᠭᠤᠯᠤᠯᠲᠠ ᠶᠢ ᠪᠡᠶᠡᠯᠡᠭᠦᠯᠪᠡ᠂ ᠡᠨᠡ ᠨᠢ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠤᠷᠰᠢᠯᠲᠠ ᠶᠢᠨ ᠴᠡᠭ ᠤᠨ ᠲᠥᠷᠥᠯ ᠵᠦᠶᠯ ᠢ ᠪᠠᠶᠠᠨᠨᠠᠭᠤᠷ  ᠲᠤ ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃ ᠲᠣᠰ ᠢᠵᠢ ᠲᠥᠷᠥᠯ ᠵᠦᠶᠯ ᠨᠢ ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ᠂ ᠵᠠᠮ ᠬᠠᠷᠢᠯᠴᠠᠭ᠎ᠠ ᠲᠡᠭᠡᠭᠡᠪᠦᠷᠢ  ᠶᠢᠨ ᠰᠢᠰᠲ᠋ᠧᠮ ᠪᠠ ᠪᠠᠷᠠᠭᠠᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠭᠠᠭᠴᠠᠮᠤᠳᠤ ᠪᠣᠭᠤᠮᠲᠠ ᠶᠢᠨ ᠰᠣᠩᠭᠤᠨ ᠲᠣᠭᠲᠠᠭᠠᠭᠰᠠᠨ ᠵᠠᠮ ᠱᠤᠭᠤᠮ ᠳᠡᠭᠡᠷ᠎ᠡ ᠴᠠᠬᠢᠯᠭᠠᠨᠵᠢᠭᠰᠠᠨ ᠵᠠᠰᠠᠮᠠᠯ ᠵᠠᠮ ᠤᠨ ᠲᠡᠭᠡᠭᠡᠪᠦᠷᠢ ᠶᠢᠨ ᠰᠢᠰᠲ᠋ᠧᠮ᠂ ᠣᠯᠠᠨ ᠴᠢᠷᠦᠭᠦᠯ ᠮᠠᠰᠢᠨ ᠲᠡᠷᠭᠡ ᠭᠠᠯᠲᠤ ᠲᠡᠷᠭᠡ ᠪᠠ ᠲᠡᠭᠡᠭᠡᠪᠦᠷᠢ ᠶᠢᠨ ᠬᠦᠨᠳᠦ ᠠᠴᠢᠶᠠᠨ ᠤ ᠮᠠᠰᠢᠨ ᠲᠡᠷᠭᠡ ᠶᠢᠨ ᠴᠠᠬᠢᠯᠭᠠᠨᠵᠢᠭᠤᠯᠬᠤ ᠰᠤᠳᠤᠯᠭᠠᠨ ᠪᠣᠯᠣᠨ ᠬᠡᠷᠡᠭᠯᠡᠯᠲᠡ ᠶᠢ ᠥᠷᠨᠢᠭᠦᠯᠬᠦ ᠪᠣᠯᠤᠨ᠎ᠠ᠃ ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠲᠤᠷᠰᠢᠯᠲᠠ ᠶᠢᠨ ᠴᠡᠭ ᠤᠨ ᠲᠥᠷᠥᠯ ᠵᠦᠶᠯ ᠤᠨ ᠨᠠᠶᠢᠳᠠᠪᠤᠷᠢᠵᠢᠭᠤᠯᠤᠯᠲᠠ ᠪᠠ ᠡᠵᠡᠩᠨᠡᠯᠲᠡ ᠶᠢᠨ ᠪᠠᠲᠤᠯᠠᠭ᠎ᠠ ᠶᠢ ᠬᠠᠷᠢᠭᠤᠴᠠᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠶᠯ ᠤᠨ ᠥᠨᠳᠥᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠬᠠᠮᠲᠤ ᠪᠠᠷ ᠠᠬᠢᠭᠤᠯᠤᠨ᠎ᠠ᠃       ︽ᠣᠳᠣᠬᠠᠨ ᠳᠤ ᠪᠢᠳᠡ ᠨᠢᠭᠡᠨᠲᠡ ︿ᠪᠠᠶᠠᠨᠨᠠᠭᠤᠷ ᠤᠨ ᠪᠣᠬᠢᠷᠲᠤᠯ ᠥᠬᠡᠶ ᠣᠶᠤᠨᠴᠢ ᠴᠠᠬᠢᠯᠭᠠᠨᠵᠢᠭᠰᠠᠨ ᠵᠠᠰᠠᠮᠠᠯ ᠵᠠᠮ ᠤᠨ ᠲᠡᠭᠡᠭᠡᠪᠦᠷᠢ ᠶᠢᠨ ᠰᠢᠰᠲ᠋ᠧᠮ ᠤᠨ ᠵᠢᠱᠢᠶ᠎ᠡ ᠦᠵᠡᠭᠦᠯᠬᠦ ᠲᠥᠷᠥᠯ ᠵᠦᠶᠯ᠂ ᠬᠤᠤᠰ ᠴᠢᠷᠦᠭᠦᠯ ᠮᠠᠰᠢᠨ ᠲᠡᠷᠭᠡ ᠭᠠᠯᠲᠤ ᠲᠡᠷᠭᠡᠨ ᠤ ᠲᠡᠭᠡᠭᠡᠪᠦᠷᠢ ᠶᠢᠨ ᠲᠥᠷᠥᠯ ᠵᠦᠶᠯ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠲᠥᠷᠥᠯ ᠵᠦᠶᠯ ﹀ ᠤᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠵᠤ᠂ ᠶᠠᠭ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ  ᠲᠠᠢ ᠬᠠᠮᠵᠢᠯᠴᠠᠨ ᠲᠤᠷᠰᠢᠯᠲᠠ ᠶᠢᠨ ᠴᠡᠭ ᠤᠨ ᠣᠷᠣᠨ ᠪᠦᠰᠡ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯᠯᠠᠭᠠᠨ ᠤ ᠲᠥᠰᠦᠯ ᠲᠣᠭᠲᠠᠭᠠᠬᠤ ᠵᠡᠷᠭᠡ ᠰᠤᠳᠤᠯᠭᠠᠨ ᠤ ᠠᠵᠢᠯ ᠢ ᠥᠷᠨᠢᠭᠦᠯᠵᠦ ᠪᠤᠢ᠃ ᠪᠢᠳᠠ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠠᠯᠢ ᠲᠦᠷᠭᠡᠨ  ᠢᠶᠠᠷ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠵᠤ᠂ ᠲᠡᠷᠢᠭᠦᠨ ᠤ ᠲᠤᠷᠰᠢᠯᠭ᠎ᠠ ᠪᠣᠯᠤᠨ ᠨᠡᠶᠢᠲᠡᠯᠢᠭ ᠦᠷ᠎ᠡ ᠪᠦᠲᠦᠭᠡᠯ ᠢ ᠡᠷᠲᠡᠬᠡᠨ ᠪᠦᠷᠢᠯᠳᠦᠭᠦᠯᠬᠦ ᠪᠣᠯᠲᠤᠭᠠᠢ᠃︾ ᠭᠡᠵᠦ ᠪᠠᠶᠠᠨᠨᠠᠭᠤᠷ ᠬᠤᠲᠠ ᠶᠢᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠪᠠ᠃      ᠪᠠᠶᠠᠨᠨᠠᠭᠤᠷ ᠨᠢ ᠥᠪᠥᠷ ᠮᠣᠩᠭᠤᠯ ᠤᠨ ᠪᠠᠷᠠᠭᠤᠨ ᠬᠡᠰᠡᠭ᠂ ᠬᠠᠲᠤᠨ ᠭᠤᠤᠯ ᠤᠨ ︽  ᠲᠤᠬᠤᠢ ᠬᠡᠰᠡᠭ︾ ᠤᠨ ᠦᠵᠦᠭᠦᠷ ᠲᠤ ᠪᠠᠶᠢᠷᠢᠯᠠᠵᠤ᠂ ᠤᠮᠠᠷᠠᠰᠢ ᠮᠣᠩᠭᠤᠯ ᠤᠯᠤᠰ ᠲᠠᠢ ᠬᠢᠯᠢ ᠨᠡᠶᠢᠯᠡᠵᠦ᠂ ᠤᠯᠤᠰ ᠤᠨ ︽ᠨᠢᠭᠡ ᠪᠦᠰᠡ ᠨᠢᠭᠡ ᠵᠠᠮ︾ ᠪᠣᠯᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠢᠴᠢ ᠬᠠᠲᠤᠨ ᠭᠤᠤᠯ ᠳᠠᠭᠠᠤ ᠶᠢᠨ ᠠᠵᠤ ᠠᠬᠤᠶ ᠶᠢᠨ ᠪᠦᠰᠡ ᠶᠢᠨ ᠭᠤᠤᠯᠳᠠᠯᠭ᠎ᠠ ᠲᠠᠢ ᠬᠤᠲᠠ ᠪᠣᠯᠬᠤ ᠪᠥᠭᠡᠳ ᠪᠠᠰᠠ ᠪᠠᠷᠠᠭᠤᠨ ᠬᠤᠶᠢᠲᠤ ᠣᠷᠣᠨ ᠢ ᠨᠡᠪᠲᠡᠷᠡᠭᠦᠯᠬᠦ᠂ ᠪᠠᠷᠠᠭᠤᠨ ᠡᠮᠦᠨᠡᠲᠦ ᠣᠷᠣᠨ ᠢ ᠨᠡᠪᠲᠡᠷᠡᠭᠦᠯᠬᠦ᠂ ᠪᠡᠭᠡᠵᠢᠩ ᠲᠢᠶᠠᠨᠵᠢᠨ ᠾᠧᠪᠧᠶ ᠶᠢ ᠰᠢᠯᠤᠭᠤᠳᠬᠠᠬᠤ᠂ ᠮᠣᠩᠭᠤᠯ ᠤᠯᠤᠰ ᠲᠠᠢ ᠬᠤᠯᠪᠣᠬᠤ ᠴᠢᠬᠤᠯᠠ ᠬᠦᠶᠰᠦ ᠪᠣᠯᠤᠨ᠎ᠠ᠃ ᠲᠡᠭᠦᠨ ᠤ ᠬᠢᠯᠢ ᠳᠣᠲᠣᠷᠠᠬᠢ ᠭᠠᠭᠴᠠᠮᠤᠳᠤ ᠪᠣᠭᠤᠮᠲᠠ ᠪᠣᠯ ᠤᠯᠤᠰ ᠤᠨ ᠬᠠᠮᠤᠭ ᠤᠨ ᠶᠡᠭᠡ ᠬᠠᠭᠤᠷᠠᠶ ᠵᠠᠮ ᠤᠨ ᠨᠡᠭᠦᠷᠡᠰᠦᠨ ᠤ ᠪᠣᠭᠤᠮᠲᠠ ᠪᠣᠯᠬᠤ ᠪᠥᠭᠡᠳ ᠮᠣᠩᠭᠤᠯ ᠤᠯᠤᠰ ᠤᠨ ᠬᠤᠶᠠᠷ ᠲᠣᠮᠣ ᠠᠭᠤᠷᠬᠠᠢ ᠠᠴᠠ ᠬᠠᠮᠤᠭ ᠣᠶᠢᠷᠠᠬᠠᠨ ᠬᠠᠭᠤᠷᠠᠢ ᠵᠠᠮ ᠤᠨ ᠪᠣᠭᠤᠮᠲᠠ ᠪᠣᠯᠤᠨ᠎ᠠ᠂ 2023 ᠣᠨ ᠤ ᠡᠴᠦᠰ ᠪᠣᠯᠲᠠᠯ᠎ᠠ᠂ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ ᠨᠡᠶᠢᠲᠡ 2.21 ᠳ᠋ᠦᠩᠰᠢᠭᠤᠷ ᠲᠣᠨ ᠳᠤ ᠬᠦᠷᠴᠦ᠂ ᠪᠥᠬᠦ ᠤᠯᠤᠰ ᠤᠨ ᠵᠠᠰᠠᠮᠠᠯ ᠵᠠᠮ ᠤᠨ ᠪᠣᠭᠤᠮᠲᠠ ᠳᠤ ᠲᠡᠷᠢᠭᠦᠯᠡᠵᠡᠢ᠃     ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ ᠤᠯᠤᠰ ᠤᠨ ᠪᠠᠷᠠᠭᠠᠨ ᠤ ᠭᠦᠢᠯᠭᠡᠭᠡ ᠶᠢᠨ ᠦᠷ᠎ᠡ ᠪᠦᠲᠦᠮᠵᠢ  ᠶᠢ ᠳᠡᠭᠡᠭᠰᠢᠯᠡᠭᠦᠯᠬᠦ᠂ ᠪᠠᠷᠠᠭᠠᠨ ᠤ ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ᠂                   ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠥᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠶᠢ ᠪᠡᠶᠡᠯᠡᠭᠦᠯᠬᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠳᠬᠡᠨ ᠪᠥᠲᠥᠭᠡᠨ ᠪᠠᠶᠢᠭᠤᠯᠬᠤ᠂ ᠠᠵᠢᠯ ᠲᠥᠷᠥᠯ ᠤᠨ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃        ︵ᠭᠤᠤ ᠬᠤᠢ    ᠼᠧᠨ ᠯᠢᠶᠠᠩ ᠶᠠᠨ︶
202408221755.jpg
                                               ᠥᠪᠥᠷ ᠮᠣᠩᠭᠤᠯ ᠤᠨ ᠡᠳᠦᠷ ᠤᠨ ᠰᠣᠨᠢᠨ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map