ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠮᠠᠨ ᠤ ᠣᠷᠣᠨ ᠤ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠬᠠᠪᠰᠤᠷᠤᠨ ᠵᠢᠯᠤᠭᠤᠳᠴᠤ ᠲᠡᠳᠬᠦᠪᠡ
ᠨᠡᠶᠢᠲᠡᠯᠡᠭᠰᠡᠨ ᠴᠠᠭ᠄
2024/8/26
   ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠳᠤᠮᠳᠠᠳᠤ ᠤᠯᠤᠰ ᠤᠨ ᠵᠠᠰᠠᠮᠠᠯ ᠵᠠᠮ ᠤᠨ ᠢᠨᠵᠧᠨᠧᠷᠢᠩ ᠤᠨ ᠵᠥᠪᠯᠡᠯᠭᠡ ᠥᠭᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯᠲᠡᠨ ᠨᠡᠷ ᠢ ᠵᠣᠬᠢᠶᠠᠨ ᠪᠠᠶᠢᠭᠤᠯᠵᠤ ᠮᠠᠨ ᠤ ᠣᠷᠣᠨ ᠤ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠠᠷᠪᠠ ᠭᠠᠷᠤᠶ ᠡᠳᠦᠷ ᠤᠨ ᠬᠤᠭᠤᠴᠠᠭ᠎ᠠ ᠲᠠᠢ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠠᠶᠤᠯ ᠲᠦᠭᠰᠢᠭᠦᠷᠢ  ᠶᠢ ᠵᠢᠭᠰᠠᠭᠠᠨ ᠪᠠᠶᠢᠴᠠᠭᠠᠵᠤ ᠬᠠᠪᠰᠤᠷᠤᠨ ᠵᠢᠯᠤᠭᠤᠳᠴᠤ ᠲᠡᠳᠬᠦᠬᠦ ᠠᠵᠢᠯ ᠥᠷᠨᠢᠭᠦᠯᠪᠡ᠃
202408261017.jpg
     8 ᠳ᠋ᠤᠭᠠᠷ ᠰᠠᠷ᠎ᠠ ᠶᠢᠨ 16 ᠤ ᠡᠳᠦᠷ᠂ ᠮᠡᠷᠭᠡᠵᠢᠯ ᠤᠨ ᠵᠢᠭᠠᠨ ᠵᠢᠯᠣᠭᠤᠳᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠨ ᠬᠠᠷᠠᠭᠠᠨ ᠳᠠᠪᠲᠠᠮᠵᠢ ᠶᠢᠨ ᠬᠤᠷᠠᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠮᠠᠯ ᠵᠠᠮ ᠤᠨ ᠬᠠᠵᠠᠭᠤ ᠬᠥᠲᠥᠯ ᠢ ᠵᠢᠭᠰᠠᠭᠠᠨ ᠪᠠᠶᠢᠴᠠᠭᠠᠬᠤ᠂ ᠬᠥᠭᠦᠷᠭᠡ ᠶᠢ ᠵᠢᠭᠰᠠᠭᠠᠨ ᠪᠠᠶᠢᠴᠠᠭᠠᠬᠤ᠂ ᠨᠦᠬᠡᠨ ᠵᠠᠮ ᠢ ᠵᠢᠭᠰᠠᠭᠠᠨ ᠪᠠᠶᠢᠴᠠᠭᠠᠬᠤ ᠪᠠᠷ ᠰᠡᠳᠦᠪ ᠪᠣᠯᠭᠠᠵᠤ᠂ ᠮᠠᠨ ᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠵᠢᠴᠢ ᠨᠢᠭᠡᠳᠦᠭᠡᠷ ᠹᠷᠣᠨᠲ ᠤᠨ ᠠᠷᠠᠴᠢᠯᠠᠨ ᠬᠠᠮᠠᠭᠠᠯᠠᠭᠴᠢᠳ ᠲᠤ ᠮᠡᠷᠭᠡᠵᠢᠯ ᠤᠨ ᠪᠣᠯᠪᠠᠰᠤᠷᠠᠭᠤᠯᠤᠯ ᠬᠢᠪᠠ᠃
202408261018.jpg
     8 ᠳ᠋ᠤᠭᠠᠷ ᠰᠠᠷ᠎ᠠ ᠶᠢᠨ 17 ᠤ ᠡᠳᠦᠷ ᠠᠴᠠ ᠡᠬᠢᠯᠡᠨ᠂ ᠮᠡᠷᠭᠡᠵᠢᠯ ᠤᠨ ᠵᠢᠭᠠᠨ ᠵᠢᠯᠣᠭᠤᠳᠬᠤ ᠲᠤᠰᠬᠠᠶ ᠮᠡᠷᠭᠡᠵᠢᠯᠲᠡᠨ ᠳᠥᠷᠪᠡᠨ ᠳᠤᠭᠤᠶᠢᠯᠠᠩ ᠬᠤᠪᠢᠶᠠᠨ ᠨᠢᠭᠡᠳᠦᠭᠡᠷ ᠹᠷᠣᠨᠲ ᠲᠤ ᠬᠦᠷᠴᠦ᠂ ᠥᠩᠭᠡᠷᠡᠭᠰᠡᠨ ᠵᠢᠴᠢ ᠣᠶᠢᠷ᠎ᠠ  ᠶᠢᠨ ᠬᠤᠭᠤᠴᠠᠭᠠᠨ ᠤ ᠵᠢᠭᠰᠠᠭᠠᠨ ᠪᠠᠶᠢᠴᠠᠭᠠᠯᠲᠠ ᠶᠢᠨ ᠠᠶᠤᠯ ᠲᠦᠭᠰᠢᠭᠦᠷᠢ ᠶᠢᠨ ᠡᠬᠡ ᠲᠠᠩᠰᠠ ᠳᠠᠬᠢ ᠬᠦᠨᠳᠦ ᠶᠡᠭᠡ ᠲᠦᠭᠰᠢᠭᠦᠷᠢ ᠶᠢᠨ ᠴᠡᠭ ᠲᠤ ᠴᠢᠭᠯᠡᠭᠦᠯᠦᠨ ᠨᠢᠭᠡ ᠨᠢᠭᠡ ᠪᠠᠷ ᠳᠠᠬᠢᠨ ᠬᠢᠨᠠᠵᠤ᠂ ᠵᠢᠭᠰᠠᠭᠠᠨ ᠪᠠᠶᠢᠴᠠᠭᠠᠬᠤ ᠬᠡᠪᠴᠢᠶ᠎ᠡ  ᠳᠤ ᠶᠠᠮᠤᠨ ᠤ ᠨᠠᠷᠢᠨ ᠲᠠᠩᠰᠠ ᠵᠢᠴᠢ ᠣᠷᠣᠨ ᠤ ᠳᠣᠲᠣᠷᠠᠬᠢ ᠵᠢᠭᠰᠠᠭᠠᠨ ᠪᠠᠶᠢᠴᠠᠭᠠᠬᠤ ᠨᠠᠷᠢᠨ ᠲᠠᠩᠰᠠ ᠶᠢ ᠬᠠᠮᠤᠷᠴᠤ᠂ ᠲᠦᠭᠰᠢᠭᠦᠷᠢ ᠶᠢᠨ ᠴᠡᠭ ᠤᠨ ᠪᠣᠳᠠᠲᠤ ᠪᠠᠶᠢᠳᠠᠯ ᠢ ᠦᠨᠳᠦᠰᠦᠯᠡᠨ ᠮᠡᠷᠭᠡᠵᠢᠯ ᠤᠨ ᠵᠢᠯᠣᠭᠤᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠨᠢᠭᠡ ᠳᠠᠯᠳᠠ ᠬᠡᠮ ᠢ ᠢᠯᠡᠷᠡᠭᠦᠯᠵᠦ᠂ ᠨᠢᠭᠡ ᠲᠥᠷᠥᠯ ᠤᠨ ᠠᠰᠠᠭᠤᠳᠠᠯ ᠢ ᠰᠢᠶᠳᠪᠦᠷᠢᠯᠡᠬᠦ  ᠶᠢ ᠪᠡᠶᠡᠯᠡᠭᠦᠯᠪᠡ ᠃
202408261019.jpg
202408261020.jpg
     ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠣᠰ ᠤᠳᠠᠭᠠᠨ ᠤ ᠵᠢᠯᠣᠭᠤᠳᠣᠯᠭ᠎ᠠ ᠬᠠᠪᠰᠤᠷᠤᠯᠭ᠎ᠠ ᠪᠠᠷ ᠠᠵᠠ ᠲᠣᠬᠢᠶᠠᠯ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠦᠶᠡᠷ ᠤᠨ ᠬᠤᠭᠤᠴᠠᠭᠠᠨ ᠳᠠᠬᠢ ᠵᠠᠰᠠᠮᠠᠯ ᠵᠠᠮ ᠤᠨ  ︽ᠭᠤᠷᠪᠠ ᠶᠢ ᠬᠠᠮᠢᠶᠠᠷᠬᠤ ᠭᠤᠷᠪᠠ ᠶᠢ ᠵᠣᠬᠢᠬᠤ ᠭᠤᠷᠪᠠ ᠶᠢ ᠨᠠᠶᠢᠳᠠᠪᠤᠷᠢᠵᠢᠭᠤᠯᠬᠤ︾ ᠬᠠᠮᠢᠶ᠎ᠠ ᠪᠥᠬᠦᠶ ᠲᠣᠭᠲᠠᠭᠠᠯ ᠶᠤᠰᠤ ᠪᠠᠷ᠂ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠶᠢ ᠢᠳᠡᠪᠬᠢᠲᠡᠶ ᠪᠠᠷ ᠠᠷᠭᠠᠴᠠᠭᠠᠵᠤ᠂ ᠭᠠᠮᠰᠢᠭ ᠤᠨ ᠲᠦᠭᠰᠢᠭᠦᠷᠢ ᠶᠢᠨ ᠴᠡᠭ ᠤᠨ ᠡᠳᠦᠷ ᠲᠤᠲᠤᠮ  ᠤᠨ ᠲᠣᠭᠤᠷᠢᠨ ᠪᠠᠶᠢᠴᠠᠭᠠᠯᠲᠠ ᠂ ᠬᠢᠨᠠᠨ ᠬᠡᠮᠵᠢᠬᠦ ᠡᠷᠴᠢᠮ ᠶᠢ ᠴᠢᠩᠭᠠᠳᠬᠠᠨ᠂ ︽ᠪᠣᠷᠣᠭᠠᠨ ᠤ ᠡᠮᠦᠨ᠎ᠡ ᠵᠢᠭᠰᠠᠭᠠᠨ ᠪᠠᠶᠢᠴᠠᠭᠠᠬᠤ᠂ ᠪᠣᠷᠣᠭᠠᠨ ᠤ ᠳᠤᠮᠳᠠ ᠴᠠᠭᠳᠠᠨ ᠪᠠᠶᠢᠴᠠᠭᠠᠬᠤ᠂ ᠪᠣᠷᠣᠭᠠᠨ ᠤ ᠳᠠᠷᠠᠭ᠎ᠠ ᠬᠢᠨᠠᠨ ᠪᠠᠶᠢᠴᠠᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠮᠰᠢᠭ ᠢ ᠳᠠᠭᠠᠭᠠᠬᠤ ᠴᠣᠭᠴᠠ ᠶᠢᠨ ᠨᠡᠶᠢᠳᠡᠮ ᠪᠠᠶᠢᠴᠠᠭᠠᠯᠲᠠ  ᠶᠢᠨ ᠦᠷ᠎ᠡ ᠪᠦᠲᠦᠭᠡᠯ ᠳᠤ ᠲᠦᠰᠢᠭᠯᠡᠨ᠂ ︽ᠬᠥᠮᠦᠨ ᠤ ᠬᠦᠴᠦ ᠪᠠᠷ ᠰᠡᠷᠭᠡᠶᠢᠯᠡᠯᠲᠡ ᠬᠢᠬᠦ + ᠮᠡᠷᠭᠡᠵᠢᠯ︾ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠭᠰᠢᠭᠦᠷᠢ ᠶᠢ ᠢᠯᠭᠠᠨ ᠲᠠᠨᠢᠬᠤ᠂ ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠠᠰᠠᠮᠠᠯ ᠵᠠᠮ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠤᠯᠠᠮ ᠴᠢᠨᠠᠭᠰᠢᠳᠠ ᠨᠠᠷᠢᠯᠢᠭ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠤᠷ ᠲᠦᠪᠰᠢᠨ ᠳᠥᠭᠦᠮ ᠳᠥᠲᠡ ᠶᠠᠪᠤᠵᠤ ᠰᠠᠭᠤᠬᠤ ᠳᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map