︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠎ᠠ — 6363 ᠺᠢᠯᠦᠮᠧᠲᠷ ᠤᠨ ᠡᠯᠡᠰᠦᠨ ᠴᠦᠯ ᠢ ᠲᠤᠭᠤᠯᠤᠭᠰᠠᠨ ᠵᠠᠰᠠᠮᠠᠯ ᠵᠠᠮ ᠢ ᠰᠢᠨ᠎ᠡ ᠪᠠᠷ ᠵᠠᠰᠠᠨ ᠪᠠᠶᠢᠭᠤᠯᠬᠤ ᠪᠠᠷ ᠪᠣᠢ
ᠨᠡᠶᠢᠲᠡᠯᠡᠭᠰᠡᠨ ᠴᠠᠭ᠄
2024/8/30
    ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠦᠨᠦᠭᠡᠬᠦ ᠣᠷᠣᠨ ᠤ ︽ᠵᠠᠮ ᠢᠶᠠᠷ ᠡᠯᠡᠰᠦ ᠶᠢ ᠵᠠᠰᠠᠬᠤ︾ ᠬᠥᠭᠵᠢᠯᠲᠡ ᠶᠢᠨ ᠲᠥᠯᠥᠪᠵᠢᠭᠦᠯᠭᠡ ︵2024 - 2030 ᠣᠨ︶︾ ᠶᠢ ᠳᠠᠷᠤᠮᠠᠯᠯᠠᠨ ᠲᠠᠷᠬᠠᠭᠠᠪᠠ᠃ ︽ᠲᠥᠯᠥᠪᠵᠢᠭᠦᠯᠭᠡ︾ ᠳᠤ ᠳᠤᠷᠠᠳᠤᠭᠰᠠᠨ ᠨᠢ᠂ 2030 ᠤᠨ ᠪᠣᠯᠬᠤ ᠳᠤ 6363 ᠺᠢᠯᠦᠮᠧᠲᠷ ᠡᠯᠡᠰᠦᠨ ᠴᠦᠯ ᠢ ᠲᠤᠭᠤᠯᠤᠭᠰᠠᠨ ᠵᠠᠰᠠᠮᠠᠯ ᠵᠠᠮ ᠢ ᠰᠢᠨ᠎ᠡ ᠪᠠᠷ ᠵᠠᠰᠠᠨ ᠪᠠᠶᠢᠭᠤᠯᠵᠤ᠂ 1201 ᠲᠦᠮᠡᠨ ᠮᠦ ᠡᠯᠡᠰᠦ ᠶᠢ ᠵᠠᠰᠠᠵᠤ᠂ 8384 ᠺᠢᠯᠦᠮᠧᠲᠷ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠵᠡᠷᠭᠡᠪᠡᠷ ᠬᠡᠷᠡᠭᠵᠢᠭᠦᠯᠦᠨ᠎ᠡ᠃    ︽ᠲᠥᠯᠥᠪᠵᠢᠭᠦᠯᠭᠡ︾ ᠨᠢ ︽ᠵᠠᠮ ᠢᠶᠠᠷ ᠡᠯᠡᠰᠦ ᠶᠢ ᠵᠠᠰᠠᠬᠤ︾ ᠪᠠᠷ ᠬᠤᠷᠴᠢᠨ ᠤ ᠡᠯᠡᠰᠦᠷᠬᠡᠭ ᠭᠠᠵᠠᠷ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠰᠦᠨᠦᠭᠡᠬᠦ ᠳᠠᠶᠢᠯᠠᠯᠳᠤᠭᠠᠨ ᠤ ᠴᠢᠬᠤᠯᠠ ᠭᠠᠷᠳᠠᠴᠠ ᠪᠣᠯᠭᠠᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠠ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠲᠠᠢ ᠨᠢᠭᠲᠠ ᠤᠶᠠᠯᠳᠤᠭᠤᠯᠤᠨ᠂ ᠵᠠᠮ ᠤᠨ ᠲᠣᠣᠷ ᠤᠨ ᠪᠠᠶᠢᠷᠢᠰᠢᠭᠤᠯᠤᠯᠲᠠ ᠪᠠ ᠴᠢᠳᠠᠮᠵᠢ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠯᠡᠰᠦᠨ ᠴᠦᠯ ᠢ ᠲᠤᠭᠤᠯᠤᠭᠰᠠᠨ ᠡᠩ ᠤᠨ ᠮᠤᠵᠢ ᠶᠢᠨ ᠵᠠᠮ ᠢ ᠲᠡᠰ ᠳᠡᠪᠰᠢᠭᠦᠯᠬᠦ ᠢᠨᠵᠧᠨᠧᠷᠢᠩ᠂ ᠡᠯᠡᠰᠦᠨ ᠴᠦᠯ ᠢ ᠲᠤᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠯᠡᠰᠦᠨ ᠴᠦᠯ ᠢ ᠲᠤᠭᠤᠯᠤᠭᠰᠠᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠴᠠᠪ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠤᠨ 39 ᠬᠤᠰᠢᠭᠤ ᠰᠢᠶᠠᠨ ᠲᠣᠭᠤᠷᠢᠭ ᠲᠤ ᠬᠤᠯᠪᠣᠭᠳᠠᠨ᠎ᠠ᠃    2030 ᠣᠨ ᠪᠣᠯᠬᠤ ᠳᠤ᠂ ᠬᠤᠷᠴᠢᠨ᠂ ᠬᠤᠯᠠᠨ ᠰᠢᠷᠭ᠎ᠠ ᠳᠠᠭ᠎ᠠ ᠬᠤᠶᠠᠷ ᠶᠡᠭᠡ ᠡᠯᠡᠰᠦᠷᠬᠡᠭ ᠭᠠᠵᠠᠷ ᠤᠨ ᠬᠡᠪᠴᠢᠶᠡᠨ ᠤ ᠡᠩ ᠤᠨ ᠮᠤᠵᠢ ᠶᠢᠨ ᠵᠠᠮ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠵᠠᠮ ᠤᠨ ᠲᠣᠤᠷ ᠢ ᠤᠯᠠᠮ ᠨᠢᠭᠡ ᠠᠯᠬᠤᠮ ᠤᠷᠲᠤᠳᠬᠠᠵᠤ᠂ ︽ᠵᠠᠮ ᠢᠶᠠᠷ ᠣᠷᠣᠨ ᠢ ᠬᠤᠪᠢᠶᠠᠷᠢᠯᠠᠵᠤ᠂ ᠵᠠᠮ ᠢᠶᠠᠷ ᠡᠯᠡᠰᠦ ᠶᠢ ᠲᠣᠭᠲᠠᠭᠠᠵᠤ᠂ ᠵᠠᠮ ᠢᠶᠠᠷ ᠡᠯᠡᠰᠦ ᠶᠢ ᠪᠠᠭᠠᠰᠬᠠᠵᠤ᠂ ᠵᠠᠮ ᠨᠡᠪᠲᠡᠷᠡᠬᠦ ᠪᠠᠷ ᠦᠢᠯᠡᠰ ᠢ ᠬᠥᠭᠵᠢᠭᠦᠯᠬᠦ︾ ᠶᠡᠷᠦᠩᠬᠡᠶ ᠪᠠᠶᠢᠷᠢᠰᠢᠯ ᠢ ᠦᠨᠳᠦᠰᠦᠨ ᠳᠤ ᠪᠠᠨ ᠪᠣᠶ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠤᠷᠢᠳᠠᠪᠠᠷ ᠬᠡᠷᠡᠭᠵᠢᠭᠦᠯᠵᠦ ᠬᠥᠲᠥᠯᠦᠨ ᠳᠠᠭᠠᠭᠤᠯᠬᠤ ᠦᠢᠯᠡᠳᠦᠯ ᠢ ᠨᠠᠩ ᠭᠦᠢᠴᠡᠳ ᠪᠣᠯᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠢᠯᠡᠳᠲᠡ ᠨᠡᠮᠡᠭᠳᠡᠭᠦᠯᠦᠨ᠎ᠡ᠃   
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map