2024 ᠣᠨ ᠤ ᠪᠥᠬᠦ ᠣᠷᠣᠨ ᠤ ᠲᠦᠷᠢᠶᠡᠰᠦᠨ ᠮᠠᠰᠢᠨ ᠲᠡᠷᠭᠡᠨ ᠤ ᠲᠤᠰᠬᠠᠶ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢ ᠰᠢᠯᠭᠠᠨ ᠬᠢᠨᠠᠭᠰᠠᠨ ᠦᠷ᠎ᠡ ᠳ᠋ᠦᠩ ᠪᠠ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/9/2
    ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠱᠠᠩᠨᠠᠯ ᠨᠥᠬᠦᠪᠥᠷᠢ ᠶᠢᠨ ᠬᠡᠷᠡᠭᠵᠢᠭᠦᠯᠬᠦ ᠨᠠᠷᠢᠨ ᠲᠦᠷᠢᠮ︾ ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠵᠠᠮ ᠲᠠᠷᠬᠠᠭᠠᠭᠰᠠᠨ  ﹇2024﹈ 183 ᠳ᠋ᠤᠭᠠᠷ ᠲᠣᠭᠠᠲᠤ︶ ᠤᠨ ᠶᠢᠰᠦᠳᠦᠭᠡᠷ ᠵᠦᠢᠯ᠂ ᠠᠷᠪᠠᠨ ᠬᠤᠶᠠᠳᠤᠭᠠᠷ ᠵᠦᠢᠯ ᠤᠨ ᠱᠠᠭᠠᠷᠳᠠᠯᠭ᠎ᠠ ᠶᠣᠰᠣᠭᠠᠷ᠂ ᠮᠠᠨ ᠤ ᠲᠢᠩᠬᠢᠮ ᠲᠦᠷᠢᠶᠡᠰᠦᠨ ᠮᠠᠰᠢᠨ ᠲᠡᠷᠭᠡᠨ ᠤ ᠲᠤᠰᠬᠠᠶ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢᠨ ᠬᠢᠨᠠᠨ ᠬᠡᠮᠵᠢᠬᠦ ᠲᠠᠪᠴᠠᠩ ᠵᠢᠴᠢ ᠪᠤᠰᠤᠳ ᠲᠤᠭ᠎ᠠ ᠪᠠᠷᠢᠮᠲᠠ ᠶᠢᠨ ᠮᠡᠳᠡᠭᠡ ᠵᠠᠩᠭᠢ ᠲᠠᠢ ᠤᠶᠠᠯᠳᠤᠭᠤᠯᠤᠨ᠂ 2024 ᠣᠨ ᠤ ᠲᠦᠷᠢᠶᠡᠰᠦᠨ ᠮᠠᠰᠢᠨ ᠲᠡᠷᠭᠡᠨ ᠤ ᠲᠤᠰᠬᠠᠶ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠳᠤ ᠰᠢᠯᠭᠠᠨ ᠬᠢᠨᠠᠯᠲᠠ ᠬᠢᠭᠰᠡᠨ ᠪᠥᠭᠡᠳ ᠬᠥᠬᠡᠬᠤᠲᠠ ᠶᠢᠨ ᠲᠦᠸᠧ ᠺᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠶᠤᠴᠢᠯᠠᠭᠰᠠᠨ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠢᠨᠠᠨ ᠪᠠᠶᠢᠴᠠᠭᠠᠪᠠ᠃ ᠡᠳᠦᠭᠡ ᠰᠢᠯᠭᠠᠨ ᠬᠢᠨᠠᠭᠰᠠᠨ ᠦᠷ᠎ᠡ ᠳ᠋ᠦᠩ ᠪᠠ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ        ︵2024 ᠣᠨ ᠤ 8 ᠳ᠋ᠤᠭᠠᠷ ᠰᠠᠷ᠎ᠠ ᠶᠢᠨ 29 ᠤ ᠡᠳᠦᠷ ᠠᠴᠠ 9 ᠳ᠋ᠦ᠋ᠭᠡᠷ ᠰᠠᠷ᠎ᠠ ᠶᠢᠨ 4 ᠤ ᠡᠳᠦᠷ ᠪᠣᠯᠲᠠᠯ᠎ᠠ︶᠂ ᠡᠨᠡ ᠬᠤᠭᠤᠴᠠᠭᠠᠨ ᠳᠤ ᠬᠡᠷᠪᠡ ᠳᠡᠭᠡᠷ᠎ᠡ ᠳᠤᠷᠠᠳᠤᠭᠰᠠᠨ ᠵᠠᠷᠯᠠᠨ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ᠪᠢᠴᠢᠭ ᠤᠨ ᠮᠠᠲ᠋ᠧᠷᠢᠶᠠᠯ ᠢᠶᠠᠷ ᠲᠤᠰᠬᠠᠵᠤ᠂ ᠪᠠᠶᠢᠳᠠᠯ ᠢ ᠲᠤᠰᠬᠠᠬᠤ ᠳᠤ ᠡᠷᠬᠡᠪᠰᠢ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃    ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠲᠣᠭᠠᠲᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ    ᠤᠲᠠᠰᠤ᠄ 0471 - 6936548    ᠢᠮᠧᠯ᠄ nmgygj@126.com    ᠳᠠᠭᠠᠯᠳᠤᠭᠤᠯᠤᠯ᠄ 1. 2024 ᠣᠨ ᠤ ᠥᠪᠡᠷᠲᠡᠭᠡᠨ ᠵᠠᠰᠠᠬᠤ ᠣᠷᠣᠨ ᠤ ᠲᠦᠷᠢᠶᠡᠰᠦᠨ ᠮᠠᠰᠢᠨ ᠲᠡᠷᠭᠡᠨ ᠤ ᠲᠤᠰᠬᠠᠶ ᠬᠡᠷᠡᠭᠯᠡᠬᠦ ᠴᠠᠬᠢᠯᠭᠠᠨ ᠰᠣᠯᠢᠬᠤ ᠥᠷᠲᠡᠭᠡ ᠶᠢᠨ ᠰᠢᠯᠭᠠᠨ ᠬᠢᠨᠠᠭᠰᠠᠨ ᠦᠷ᠎ᠡ ᠳ᠋ᠦᠩ .xls                    2. ᠬᠥᠬᠡᠬᠤᠲᠠ ᠶᠢᠨ ᠲᠦᠸᠧ ᠺᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠰᠢᠨ᠎ᠡ ᠡᠨᠧᠷᠭᠢ ᠶᠢᠨ ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡᠨ ᠤ ᠴᠠᠬᠢᠯᠭᠠᠨ ᠰᠣᠯᠢᠬᠤ ᠵᠢᠱᠢᠶ᠎ᠡ ᠦᠵᠡᠭᠦᠯᠬᠦ ᠬᠡᠷᠡᠭᠯᠡᠭᠡᠨ ᠤ ᠲᠥᠷᠥᠯ ᠵᠦᠢᠯ᠂ xls
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map