ᠦᠬᠡᠷ ᠤᠨ ᠨᠢᠲᠤᠯᠭᠠᠨ ᠤ ᠬᠢᠵᠢᠭ ᠪᠠᠶᠢᠴᠠᠭᠠᠯᠲᠠ ᠶᠢᠨ ᠵᠢᠷᠤᠮ
ᠨᠡᠶᠢᠲᠡᠯᠡᠭᠰᠡᠨ ᠴᠠᠭ᠄
2020/4/18
     ᠦᠬᠡᠷ ᠤᠨ ᠨᠢᠲᠤᠯᠭᠠᠨ ᠤ ᠬᠢᠵᠢᠭ ᠪᠠᠶᠢᠴᠠᠭᠠᠯᠲᠠ ᠶᠢᠨ ᠵᠢᠷᠤᠮ                     农医发 ﹇2010﹈ 27号      1. ᠬᠡᠷᠡᠭᠯᠡᠬᠦ ᠬᠦᠷᠢᠶ᠎ᠡ ᠬᠡᠪᠴᠢᠶ᠎ᠡ᠂ ᠡᠨᠡ ᠵᠢᠷᠤᠮ ᠳᠤ ᠦᠬᠡᠷ ᠢ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠶᠢ ᠬᠢᠨᠠᠵᠤ ᠰᠢᠯᠭᠠᠬᠤ᠂ ᠨᠢᠲᠤᠯᠭᠠᠨ ᠤ ᠡᠮᠦᠨᠡᠬᠢ ᠦᠵᠡᠯᠭᠡ᠂ ᠬᠠᠮᠲᠤ ᠳᠤ ᠨᠢ ᠬᠢᠵᠢᠭ ᠪᠠᠶᠢᠴᠠᠭᠠᠯᠲᠠ᠂ ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠤᠨ ᠰᠢᠢᠳᠪᠦᠷᠢᠯᠡᠯᠲᠡ ᠪᠣᠯᠣᠨ ᠬᠢᠵᠢᠭ ᠪᠠᠶᠢᠴᠠᠭᠠᠯᠲᠠ ᠶᠢᠨ ᠲᠡᠮᠳᠡᠭᠯᠡᠯ ᠵᠡᠷᠭᠡ ᠦᠢᠯᠡ ᠠᠵᠢᠯᠯᠠᠭᠠᠨ ᠤ ᠵᠢᠷᠤᠮ ᠢ ᠲᠣᠭᠲᠠᠭᠠᠪᠠ᠃ ᠡᠨᠡ ᠵᠢᠷᠤᠮ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠵᠠᠭᠠᠷ ᠲᠤ ᠪᠠᠶᠢᠬᠤ ᠦᠬᠡᠷ ᠤᠨ ᠨᠢᠲᠤᠯᠭᠠᠨ ᠤ ᠬᠢᠵᠢᠭ ᠪᠠᠶᠢᠴᠠᠭᠠᠯᠲᠠ ᠳᠤ ᠬᠡᠷᠡᠭᠯᠡᠨ᠎ᠡ᠃      2. ᠬᠢᠵᠢᠭ ᠪᠠᠶᠢᠴᠠᠭᠠᠯᠲᠠ ᠶᠢᠨ ᠣᠸ᠋ᠶᠧᠺᠲ ᠬᠥᠯ ᠠᠮᠠᠨ ᠤ ᠡᠪᠡᠳᠴᠢᠨ᠂ ᠦᠬᠡᠷ ᠤᠨ ᠬᠠᠯᠳᠠᠪᠤᠷᠢᠲᠤ ᠴᠡᠭᠡᠵᠢᠨ ᠤ ᠭᠢᠯᠲᠠᠩ ᠠᠭᠤᠰᠬᠢ ᠶᠢᠨ ᠦᠷᠪᠢᠰᠦᠯ᠂ ᠦᠬᠡᠷ ᠤᠨ ᠲᠠᠷᠢᠬᠢᠨ ᠤ ᠬᠥᠭᠡᠰᠦᠨᠴᠡᠷ ᠡᠪᠡᠳᠴᠢᠨ᠂ ᠪᠷᠤᠼᠧᠯᠯᠶᠣᠽ᠂ ᠦᠬᠡᠷ ᠤᠨ ᠰᠦᠷᠢᠶ᠎ᠡ᠂ ᠬᠠᠷᠠᠤ᠂ ᠦᠬᠡᠷ ᠤᠨ ᠦᠷᠪᠢᠰᠦᠯ ᠤᠨ ᠴᠢᠨᠠᠷ ᠲᠠᠢ ᠬᠠᠮᠠᠷ ᠬᠤᠭᠤᠯᠠᠢ ᠶᠢᠨ ᠦᠷᠪᠢᠰᠦᠯ᠂ ᠶᠠᠫᠤᠨ ᠤ ᠴᠢᠰᠤ ᠰᠣᠷᠣᠭᠴᠢ ᠶᠢᠨ ᠬᠤᠮᠬᠠᠭ᠎ᠠ᠃      3. ᠬᠢᠵᠢᠭ ᠪᠠᠶᠢᠴᠠᠭᠠᠯᠲᠠ ᠶᠢᠨ ᠬᠢᠷᠢ ᠳᠤ ᠬᠦᠷᠬᠦ ᠪᠠᠷᠢᠮᠵᠢᠶ᠎ᠠ      3.1 ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠦᠶ᠎ᠡ ᠳᠤ ᠬᠦᠴᠦᠨ ᠪᠦᠬᠦᠢ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠳᠤ ᠬᠢᠷᠢ ᠳᠤ ᠨᠡᠶᠢᠴᠡᠭᠰᠡᠨ ᠦᠨᠡᠮᠯᠡᠬᠦ︾ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠮᠠᠯ ᠰᠢᠪᠠᠭᠤᠨ ᠤ ᠱᠣᠰᠢᠭ᠎ᠠ ᠨᠢ ᠤᠯᠤᠰ ᠤᠨ ᠳᠦᠷᠢᠮ ᠲᠣᠭᠲᠠᠭᠠᠯ ᠤᠨ ᠳᠠᠭᠠᠤ ᠪᠠᠶᠢᠬᠤ ᠬᠡᠷᠡᠭᠲᠡᠢ᠃      3.2 ᠵᠢᠷᠤᠮᠵᠢᠯ ᠦᠭᠡᠢ ᠬᠠᠯᠳᠠᠪᠤᠷᠢᠲᠤ ᠡᠪᠡᠳᠴᠢᠨ ᠪᠣᠯᠣᠨ ᠰᠢᠮᠡᠭᠴᠢ ᠬᠤᠷᠣᠬᠠᠢ ᠶᠢᠨ ᠡᠪᠡᠳᠴᠢᠨ᠃      3.3 ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ ᠰᠢᠨᠵᠢᠯᠡᠭᠡᠨ ᠤ ᠳ᠋ᠦᠩ ᠢ ᠬᠦᠯᠢᠶᠡᠨ ᠵᠥᠪᠰᠢᠶᠡᠷᠡᠨ᠎ᠡ᠃      3.4 ᠲᠤᠰ ᠵᠢᠷᠤᠮ ᠳᠤ ᠲᠣᠭᠲᠠᠭᠠᠭᠰᠠᠨ ᠬᠢᠵᠢᠭ ᠪᠠᠶᠢᠴᠠᠭᠠᠯᠲᠠ ᠶᠢᠨ ᠠᠯᠬᠤᠮ ᠳᠠᠷᠠᠭ᠎ᠠ ᠪᠠᠷ ᠭᠦᠢᠴᠡᠳᠬᠡᠪᠡᠯ ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠨᠢ ᠲᠣᠭᠲᠠᠭᠠᠯ ᠳᠤ ᠨᠡᠶᠢᠴᠡᠨ᠎ᠡ᠃      4. ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠰᠢᠯᠭᠠᠨ ᠪᠠᠶᠢᠴᠠᠭᠠᠯᠲᠠ ᠶᠢ ᠬᠢᠨᠠᠬᠤ      4.1 ᠲᠠᠯᠠᠪᠤᠷ ︵ᠦᠢᠯᠡᠳᠪᠦᠷᠢ᠂ ᠴᠢᠭ︶ ᠲᠤ ᠨᠡᠪᠲᠡᠷᠡᠭᠦᠯᠬᠦ ᠠᠮᠢᠲᠠᠨ ᠤ ᠭᠡᠷᠡᠴᠢ ᠲᠡᠮᠳᠡᠭ᠂ ᠡᠳ᠋ ᠵᠦᠢᠯ᠂ ᠦᠬᠡᠷ ᠤᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠣᠯᠣᠨ ᠵᠡᠭᠦᠭᠰᠡᠨ ᠱᠣᠰᠢᠭ᠎ᠠ ᠲᠡᠮᠳᠡᠭ ᠢ ᠰᠢᠯᠭᠠᠨ᠎ᠠ᠃      4.2 ᠦᠬᠡᠷ ᠤᠨ ᠵᠠᠮ ᠲᠡᠭᠡᠭᠡᠪᠦᠷᠢᠯᠡᠯᠲᠡ ᠶᠢᠨ ᠳᠤᠮᠳᠠᠬᠢ ᠪᠠᠶᠢᠳᠠᠯ ᠢ ᠠᠰᠠᠭᠤᠵᠤ ᠯᠠᠪᠯᠠᠨ᠎ᠠ᠃      4.3 ᠺᠯᠢᠨᠢᠺ ᠤᠨ ᠦᠵᠡᠯᠭᠡ ᠪᠠᠷ ᠦᠬᠡᠷ ᠤᠨ ᠰᠦᠷᠦᠭ ᠤᠨ ᠴᠤᠭ ᠵᠣᠯᠪᠣᠭ᠎ᠠ᠂ ᠭᠠᠳᠠᠷ ᠪᠠᠶᠢᠳᠠᠯ᠂ ᠠᠮᠢᠰᠬᠤᠯ ᠪᠣᠯᠣᠨ ᠢᠯᠭᠠᠳᠠᠰᠤ ᠵᠡᠷᠭᠡ ᠪᠠᠶᠢᠳᠠᠯ ᠢ ᠰᠢᠯᠭᠠᠨ᠎ᠠ᠃      4.4 ᠦᠷ᠎ᠡ ᠳ᠋ᠦᠩ ᠢ ᠰᠢᠢᠳᠬᠦ      4.4.1 ᠬᠦᠴᠦᠨ ᠲᠡᠭᠦᠯᠳᠡᠷ ᠪᠦᠬᠦᠢ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾᠂ ᠭᠡᠷᠡᠴᠢ ᠪᠠᠷᠢᠮᠲᠠ ᠡᠳ᠋ ᠵᠦᠢᠯ ᠨᠢ ᠬᠤᠭᠤᠷᠣᠨᠳᠤ ᠪᠠᠨ ᠠᠪᠴᠠᠯᠳᠤᠭᠰᠠᠨ᠂ ᠮᠠᠯ ᠰᠢᠪᠠᠭᠤᠨ ᠤ ᠱᠣᠰᠢᠭ᠎ᠠ ᠨᠢ ᠱᠠᠭᠠᠷᠳᠠᠯᠭ᠎ᠠ ᠳᠤ ᠨᠡᠶᠢᠴᠡᠭᠰᠡᠨ᠂ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠭᠠᠷᠤᠭᠰᠠᠨ ᠪᠠᠶᠢᠪᠠᠯ᠂ ᠲᠠᠯᠠᠪᠤᠷ ᠲᠤ ᠣᠷᠣᠭᠤᠯᠬᠤ ᠶᠢ ᠵᠥᠪᠰᠢᠶᠡᠷᠡᠵᠦ᠂ ᠲᠡᠭᠦᠨᠴᠢᠯᠡᠨ ︽ᠠᠮᠢᠲᠠᠨ ᠤ ᠬᠢᠵᠢᠭ ᠤᠨ ᠪᠠᠶᠢᠴᠠᠭᠠᠯᠲᠠ ᠬᠢᠷᠢ ᠳᠤ ᠨᠡᠶᠢᠴᠡᠭᠰᠡᠨ ᠦᠨᠡᠮᠯᠡᠬᠦ︾ ᠶᠢ ᠬᠤᠷᠢᠶᠠᠮᠵᠢᠯᠠᠨ ᠠᠪᠤᠨ᠎ᠠ᠃ ᠲᠠᠯᠠᠪᠤᠷ ︵ᠦᠢᠯᠡᠳᠪᠦᠷᠢ᠂ ᠴᠢᠭ︶ ᠨᠢ ᠦᠬᠡᠷ ᠤᠨ ᠤᠤᠯ ᠭᠠᠷᠤᠯᠲᠠ ᠶᠢᠨ ᠵᠦᠭ ᠠᠴᠠ ᠨᠢᠲᠤᠯᠭᠠᠨ ᠤ ᠬᠠᠰᠢᠶᠠᠨ ᠳᠤ ᠣᠷᠣᠭᠤᠯᠬᠤ ᠳᠠᠭᠠᠨ ᠠᠳᠠᠯᠢ ᠪᠤᠰᠤ ᠡᠵᠡᠳ ᠤᠨ᠂ ᠠᠳᠠᠯᠢ ᠪᠤᠰᠤ ᠵᠥᠪᠰᠢᠶᠡᠷᠡᠯ ᠢᠶᠠᠷ ᠪᠠᠲᠤᠯᠠᠭᠳᠠᠭᠰᠠᠨ ᠦᠬᠡᠷ ᠤᠨ ᠰᠦᠷᠦᠭ ᠢ ᠬᠤᠭᠤᠷᠣᠨᠳᠤ ᠨᠢ ᠬᠤᠯᠢᠵᠤ ᠬᠤᠳᠬᠤᠵᠤ ᠪᠣᠯᠬᠤ ᠦᠭᠡᠢ᠃      4.4.2 ᠬᠢᠷᠢ ᠳᠤ ᠬᠦᠷᠬᠦ ᠦᠭᠡᠢ᠂ ᠨᠥᠬᠦᠴᠡᠯ ᠳᠤ ᠲᠣᠬᠢᠷᠠᠭᠰᠠᠨ ᠦᠭᠡᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      4.5 ᠪᠠᠷᠠᠭ᠎ᠠ ᠡᠵᠡᠮᠰᠢᠭᠴᠢ ᠪᠠᠷᠠᠭ᠎ᠠ ᠪᠠᠨ ᠪᠠᠭᠤᠯᠭᠠᠭᠰᠠᠨ ᠬᠤᠶᠢᠨ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠣᠨ ᠬᠤᠯᠪᠣᠭᠳᠠᠬᠤ ᠡᠳ᠋ ᠵᠦᠢᠯ ᠢ ᠠᠷᠢᠭᠤᠳᠬᠠᠯ ᠬᠢᠬᠦ ᠳᠤ ᠬᠢᠨᠠᠯᠲᠠ ᠲᠠᠯᠪᠢᠨ᠎ᠠ᠃      5. ᠬᠢᠵᠢᠭ ᠪᠠᠶᠢᠴᠠᠭᠠᠯᠲᠠ ᠶᠢᠨ ᠡᠷᠭᠦᠳᠡᠯ      5.1 ᠡᠷᠭᠦᠳᠡᠯ ᠢ ᠬᠦᠯᠢᠶᠡᠵᠦ ᠠᠪᠤᠭᠰᠠᠨ ᠲᠠᠯᠠᠪᠤᠷ ︵ᠦᠢᠯᠡᠳᠪᠦᠷᠢ᠂ ᠴᠢᠭ︶ ᠨᠢ ᠨᠢᠲᠤᠯᠭᠠᠨ ᠠᠴᠠ ᠵᠢᠷᠭᠤᠭᠠᠨ ᠴᠠᠭ ᠤᠨ ᠡᠮᠦᠨ᠎ᠡ ᠬᠢᠵᠢᠭ ᠪᠠᠶᠢᠴᠠᠭᠠᠯᠭᠠᠬᠤ ᠪᠠᠷ ᠮᠡᠳᠡᠭᠦᠯᠭᠡ ᠭᠠᠷᠭᠠᠵᠤ᠂ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠮᠠᠶ᠋ᠢᠭᠲᠤ ᠶᠢ ᠪᠥᠭᠯᠡᠨ᠎ᠡ᠃ ᠠᠯᠪᠠᠨ ᠶᠣᠰᠣᠨ ᠤ ᠮᠠᠯ ᠤᠨ ᠡᠮᠴᠢ ᠬᠢᠵᠢᠭ ᠪᠠᠶᠢᠴᠠᠭᠠᠯᠭᠠᠬᠤ ᠡᠷᠭᠦᠳᠡᠯ ᠢ ᠣᠯᠣᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠦᠨᠳᠦᠰᠦᠯᠡᠵᠦ ᠬᠦᠯᠢᠶᠡᠨ ᠠᠪᠬᠤ ᠡᠰᠡᠬᠦ ᠶᠢ ᠲᠣᠭᠲᠠᠭᠠᠨ᠎ᠠ᠃ ᠬᠦᠯᠢᠶᠡᠨ ᠠᠪᠤᠭᠰᠠᠨ ᠪᠣᠯ ᠴᠠᠭ ᠲᠤᠬᠠᠢ ᠳᠤ ᠨᠢ ᠨᠢᠲᠤᠯᠭᠠᠨ ᠠᠴᠠ ᠡᠮᠦᠨᠡᠬᠢ ᠪᠠᠶᠢᠴᠠᠭᠠᠯᠲᠠ ᠬᠢᠨ᠎ᠡ︔ ᠬᠦᠯᠢᠶᠡᠵᠦ ᠠᠪᠤᠭᠰᠠᠨ ᠦᠭᠡᠢ ᠪᠣᠯ ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃      5.2 ᠡᠷᠭᠦᠳᠡᠯ ᠤᠨ ᠬᠡᠯᠪᠡᠷᠢ ᠭᠠᠵᠠᠷ ᠲᠤ ᠨᠢ ᠡᠷᠭᠦᠳᠡᠯ ᠢᠶᠠᠨ ᠲᠤᠰᠢᠶᠠᠨ᠎ᠠ᠃      6. ᠨᠢᠲᠤᠯᠭᠠᠨ ᠤ ᠡᠮᠦᠨᠡᠬᠢ ᠪᠠᠶᠢᠴᠠᠭᠠᠯᠲᠠ      6.1 ᠨᠢᠲᠤᠯᠭᠠᠨ ᠠᠴᠠ ᠡᠮᠦᠨᠡᠬᠢ ᠬᠤᠶᠠᠷ ᠴᠠᠭ ᠤᠨ ᠳᠣᠲᠣᠷ᠎ᠠ ᠠᠯᠪᠠᠨ ᠶᠣᠰᠣᠨ ᠤ ᠮᠠᠯ ᠤᠨ ᠡᠮᠴᠢ ︽ᠬᠡᠪᠢᠭᠴᠢ ᠠᠮᠢᠲᠠᠨ ᠤ ᠤᠤᠯ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠯᠲᠠ ᠶᠢᠨ ᠵᠢᠷᠤᠮ︾ ᠳᠣᠲᠣᠷᠠᠬᠢ ︽ᠺᠯᠢᠨᠢᠺ ᠤᠨ ᠦᠵᠡᠯᠭᠡ︾ ᠶᠢᠨ ᠳᠠᠭᠠᠤ︾ ᠬᠡᠰᠡᠭᠴᠢᠯᠡᠭᠰᠡᠨ ᠰᠢᠯᠭᠠᠯᠲᠠ ᠬᠢᠨ᠎ᠡ᠃      6.2 ᠦᠷ᠎ᠡ ᠳ᠋ᠦᠩ ᠢ ᠰᠢᠢᠳᠬᠦ      6.2.1 ᠬᠢᠷᠢ ᠳᠤ ᠬᠦᠷᠦᠭᠰᠡᠨ ᠢ ᠨᠢᠲᠤᠯᠭᠠᠨ ᠳᠤ ᠪᠡᠯᠡᠳᠬᠡᠨ᠎ᠡ᠃      6.2.2 ᠬᠢᠷᠢ ᠳᠤ ᠬᠦᠷᠦᠭᠰᠡᠨ ᠦᠭᠡᠢ ᠶᠢ ᠳᠠᠷᠠᠭᠠᠬᠢ ᠲᠣᠭᠲᠠᠭᠠᠯ ᠢᠶᠠᠷ ᠰᠢᠢᠳᠪᠦᠷᠢᠯᠡᠨ᠎ᠡ᠃      6.2.2.1 ᠬᠥᠯ ᠠᠮᠠᠨ ᠤ ᠡᠪᠡᠳᠴᠢᠨ᠂ ᠦᠬᠡᠷ ᠤᠨ ᠬᠠᠯᠳᠠᠪᠤᠷᠢᠲᠤ ᠴᠢᠨᠠᠷ ᠲᠠᠢ ᠴᠡᠭᠡᠵᠢᠨ ᠤ ᠭᠢᠯᠲᠠᠩ ᠠᠭᠤᠰᠬᠢ ᠶᠢᠨ ᠦᠷᠪᠢᠰᠦᠯ᠂ ᠦᠬᠡᠷ ᠤᠨ ᠲᠠᠷᠢᠬᠢᠨ ᠤ ᠬᠥᠭᠡᠰᠦᠨᠴᠡᠷ ᠡᠪᠡᠳᠴᠢᠨ ᠪᠣᠯᠣᠨ ᠬᠠᠷᠠᠤ ᠵᠡᠷᠭᠡ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ ᠰᠢᠯᠵᠢᠭᠦᠯᠬᠦ ᠶᠢ ᠬᠢᠵᠠᠭᠠᠷᠯᠠᠵᠤ ᠲᠡᠭᠦᠨᠴᠢᠯᠡᠨ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾᠂ ︽ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠬᠤ ᠳᠦᠷᠢᠮ︾᠂ ︽ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠪᠣᠯᠣᠨ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      6.2.2.2 ᠪᠷᠤᠼᠧᠯᠯᠶᠣᠽ᠂ ᠦᠬᠡᠷ ᠤᠨ ᠰᠦᠷᠢᠶ᠎ᠡ᠂ ᠦᠬᠡᠷ ᠤᠨ ᠦᠷᠪᠢᠰᠦᠯ ᠤᠨ ᠴᠢᠨᠠᠷ ᠲᠠᠢ ᠬᠠᠮᠠᠷ ᠬᠤᠭᠤᠯᠠᠢ ᠶᠢᠨ ᠦᠷᠪᠢᠰᠦᠯ ᠵᠡᠷᠭᠡ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ᠂ ᠡᠪᠡᠳᠴᠢᠲᠡᠢ ᠦᠬᠡᠷ ᠢ ᠬᠤᠯᠪᠣᠭᠳᠠᠯ ᠪᠦᠬᠦᠢ ᠬᠢᠵᠢᠭ ᠲᠠᠬᠤᠯ ᠢ ᠰᠡᠷᠭᠡᠶᠢᠯᠡᠬᠦ ᠲᠧᠭᠨᠢᠭ ᠤᠨ ᠦᠵᠡᠭᠦᠯᠦᠯᠲᠡ ᠤᠨ ᠳᠠᠭᠠᠤ ᠰᠢᠢᠳᠪᠦᠷᠢᠯᠡᠵᠦ᠂ ᠰᠦᠷᠦᠭ ᠲᠠᠬᠢ ᠪᠤᠰᠤᠳ ᠦᠬᠡᠷ ᠢ ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ᠂ ᠨᠢᠲᠤᠯᠭᠠᠨ ᠳᠤ ᠥᠭᠬᠦ ᠶᠢ ᠵᠥᠪᠰᠢᠶᠡᠷᠡᠨ᠎ᠡ᠂      6.2.2.3 ᠲᠤᠰ ᠵᠢᠷᠤᠮ ᠳᠤ ᠵᠢᠭᠠᠭᠰᠠᠨ ᠡᠪᠡᠳᠴᠢᠨ ᠳᠤ ᠨᠡᠷᠪᠡᠭᠳᠡᠭᠰᠡᠨ ᠰᠡᠵᠢᠭ ᠲᠠᠢ ᠪᠤᠶᠤ ᠺᠯᠢᠨᠢᠺ ᠤᠨ ᠦᠵᠡᠯᠭᠡ ᠪᠠᠷ ᠪᠤᠰᠤᠳ ᠬᠡᠪ ᠤᠨ ᠪᠤᠰᠤ ᠪᠠᠶᠢᠳᠠᠯ ᠢᠯᠡᠷᠡᠭᠰᠡᠨ ᠪᠠᠶᠢᠪᠠᠯ᠂ ᠬᠤᠯᠪᠣᠭᠳᠠᠬᠤ ᠬᠢᠵᠢᠭ ᠰᠡᠷᠭᠡᠶᠢᠯᠡᠬᠦ ᠲᠧᠭᠨᠢᠭ ᠤᠨ ᠦᠵᠡᠭᠦᠯᠦᠯᠲᠡ ᠶᠢᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠪᠠᠷ ᠰᠢᠯᠭᠠᠨ ᠲᠣᠭᠲᠠᠭᠠᠵᠤ ᠬᠠᠮᠲᠤ ᠳᠤ ᠨᠢ ᠮᠡᠳᠡᠭᠦᠯᠭᠡ ᠶᠢᠨ ᠪᠢᠴᠢᠭ ᠭᠠᠷᠭᠠᠵᠤ ᠥᠭᠬᠦ ᠬᠡᠷᠡᠭᠲᠡᠢ᠃ ᠯᠠᠪᠤᠷᠠᠲ᠋ᠣᠷᠢ ᠶᠢᠨ ᠰᠢᠨᠵᠢᠯᠡᠭᠡ ᠶᠢ ᠡᠷᠬᠡᠪᠰᠢ ᠣᠷᠣᠨ ᠤ ᠳᠡᠰ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠲᠣᠭᠲᠠᠭᠠᠭᠰᠠᠨ ᠬᠢᠷᠢ ᠲᠦᠪᠰᠢᠨ ᠪᠦᠬᠦᠢ ᠯᠠᠪᠤᠷᠠᠲ᠋ᠣᠷᠢ ᠪᠠᠷ ᠭᠦᠢᠴᠡᠳᠬᠡᠨ᠎ᠡ᠃      6.2.2.4 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ ᠨᠢᠲᠤᠯᠭᠠᠨ ᠳᠤ ᠥᠭᠬᠦ ᠶᠢ ᠵᠥᠪᠰᠢᠶᠡᠷᠡᠨ᠎ᠡ︔ ᠲᠤᠰᠠᠭᠠᠷᠯᠠᠭᠰᠠᠨ ᠬᠤᠭᠤᠴᠠᠭᠠᠨ ᠳᠤ ᠬᠡᠪ ᠤᠨ ᠪᠤᠰᠤ ᠪᠠᠶᠢᠳᠠᠯ ᠢᠯᠡᠷᠡᠪᠡᠯ᠂ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      6.2.2.5 ᠮᠢᠬᠠᠨ ᠤ ᠠᠶᠤᠯ ᠦᠭᠡᠢ ᠪᠠᠶᠢᠳᠠᠯ ᠳᠤ ᠬᠤᠣᠷ ᠨᠥᠯᠥᠭᠡ ᠦᠵᠡᠭᠦᠯᠬᠦ ᠦᠭᠡᠢ ᠶᠢᠨ ᠲᠤᠯᠠᠳᠠ ᠦᠬᠦᠭᠰᠡᠨ ᠦᠬᠡᠷ ᠮᠠᠯ ᠲᠠᠢ ᠣᠶᠢᠷᠠᠲᠤᠭᠰᠠᠨ ᠦᠬᠡᠷ ᠢ ᠪᠠᠶᠢᠳᠠᠯ ᠢ ᠦᠵᠡᠵᠦ ᠪᠠᠴᠢᠮ ᠨᠢᠲᠤᠯᠭᠠᠨ ᠳᠤ ᠣᠷᠣᠭᠤᠯᠤᠨ᠎ᠠ᠃      6.3 ᠲᠠᠯᠠᠪᠤᠷ ︵ᠦᠢᠯᠡᠳᠪᠦᠷᠢ᠂ ᠴᠢᠭ︶ ᠤᠨ ᠠᠯᠠᠰᠢᠨ ᠳᠤ ᠭᠠᠷᠭᠠᠭᠰᠠᠨ ᠡᠪᠡᠳᠴᠢᠨ ᠲᠠᠢ ᠦᠬᠡᠷ ᠤᠨ ᠨᠢᠲᠤᠯᠬᠤ ᠪᠠᠷ ᠪᠡᠯᠡᠳᠬᠡᠭᠰᠡᠨ ᠬᠠᠰᠢᠶᠠᠯᠠᠭ᠎ᠠ᠂ ᠪᠠᠴᠢᠮ ᠨᠢᠲᠤᠯᠬᠤ ᠬᠠᠰᠢᠶᠠᠯᠠᠭ᠎ᠠ᠂ ᠲᠤᠰᠠᠭᠠᠷᠯᠠᠬᠤ ᠬᠠᠰᠢᠶᠠᠯᠠᠭ᠎ᠠ ᠵᠡᠷᠭᠡ ᠳᠤ ᠬᠢᠬᠦ ᠠᠷᠢᠭᠤᠳᠬᠠᠯ ᠳᠤ ᠬᠠᠷᠠᠭ᠎ᠠ ᠬᠢᠨᠠᠯᠲᠠ ᠲᠠᠯᠪᠢᠨ᠎ᠠ᠃      7. ᠬᠢᠵᠢᠭ ᠪᠠᠶᠢᠴᠠᠭᠠᠯᠲᠠ ᠪᠣᠯᠣᠨ ᠨᠢᠲᠤᠯᠭᠠᠨ ᠤ ᠦᠢᠯᠡᠳᠦᠯ ᠨᠢ ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃ ᠨᠢᠭᠡ ᠦᠬᠡᠷ ᠤᠨ ᠲᠣᠯᠣᠭᠠᠢ᠂ ᠰᠢᠭᠢᠷ᠎ᠡ᠂ ᠳᠣᠲᠣᠷ᠎ᠠ ᠴᠤᠯᠤ᠂ ᠭᠤᠯᠤᠤᠵᠠ ᠵᠡᠷᠭᠡ ᠶᠢ ᠨᠢᠭᠡᠳᠦᠯ ᠲᠠᠢ ᠳ᠋ᠤᠭᠠᠷᠯᠠᠵᠤ ᠬᠢᠵᠢᠭ ᠪᠠᠶᠢᠴᠠᠭᠠᠯᠲᠠ ᠬᠢᠬᠦ ᠬᠡᠷᠡᠭᠲᠡᠢ᠃      7.1 ᠲᠣᠯᠣᠭᠠᠢ ᠰᠢᠭᠢᠷ᠎ᠡ ᠳᠤ ᠬᠢᠬᠦ ᠦᠵᠡᠯᠭᠡ      7.1.1 ᠲᠣᠯᠣᠭᠠᠢ ᠳᠤ ᠬᠢᠬᠦ ᠪᠠᠶᠢᠴᠠᠭᠠᠯᠲᠠ ᠳᠤ ᠬᠠᠮᠠᠷ ᠤᠨ ᠲᠤᠩᠭᠠᠯᠠᠭ ᠪᠦᠷᠬᠦᠪᠴᠢ᠂ ᠪᠤᠶᠢᠯᠠ ᠪᠣᠯᠣᠨ ᠬᠡᠯᠡᠨ ᠤ ᠥᠩᠭᠡᠨ ᠳᠤ ᠴᠥᠪᠥᠷᠢᠭᠦᠦ᠂ ᠰᠢᠷᠬᠠᠯᠠᠭ᠎ᠠ᠂ ᠲᠣᠯᠪᠤ ᠪᠠᠶᠢᠬᠤ ᠡᠰᠡᠬᠦ︔ ᠬᠤᠭᠤᠯᠠᠢ ᠶᠢᠨ ᠳᠣᠲᠣᠷ᠎ᠠ ᠲᠠᠯ᠎ᠠ ᠶᠢᠨ ᠨᠢᠭᠡ ᠲᠠᠯ᠎ᠠ ᠶᠢᠨ ᠯᠢᠮᠹᠠ ᠶᠢᠨ ᠪᠤᠯᠴᠢᠷᠬᠠᠢ ᠪᠣᠯᠣᠨ ᠬᠤᠶᠠᠷ ᠬᠠᠵᠠᠭᠤ ᠶᠢᠨ ᠳᠣᠣᠷᠠᠳᠤ ᠬᠡᠰᠡᠭ ᠤᠨ ᠯᠢᠮᠹᠠ ᠶᠢᠨ ᠪᠤᠯᠴᠢᠷᠬᠠᠢ ᠶᠢ ᠲᠤᠶᠠᠴᠢᠵᠤ ᠰᠢᠯᠭᠠᠬᠤ ᠶᠢᠨ ᠬᠠᠮᠲᠤ ᠬᠤᠭᠤᠯᠠᠢ ᠶᠢᠨ ᠰᠠᠯᠢᠰᠤᠨ ᠪᠦᠷᠬᠦᠪᠴᠢ ᠪᠣᠯᠣᠨ ᠪᠤᠶᠢᠯᠠᠰᠤᠨ ᠪᠤᠯᠴᠢᠷᠬᠠᠢ ᠳᠤ ᠡᠪᠡᠳᠴᠢᠨ ᠤ ᠬᠤᠪᠢᠷᠠᠯᠲᠠ ᠪᠠᠶᠢᠬᠤ ᠡᠰᠡᠬᠦ ᠶᠢ ᠰᠢᠯᠭᠠᠨ᠎ᠠ᠃      7.1.2 ᠰᠢᠭᠢᠷ᠎ᠡ ᠳᠤ ᠬᠢᠬᠦ ᠪᠠᠶᠢᠴᠠᠭᠠᠯᠲᠠ ᠳᠤ ᠲᠤᠭᠤᠷᠠᠢ ᠶᠢᠨ ᠦᠶ᠎ᠡ ᠶᠢᠨ ᠳᠣᠲᠣᠭᠠᠳᠤ ᠬᠡᠰᠡᠭ᠂ ᠰᠠᠯᠠᠭ᠎ᠠ ᠲᠤᠭᠤᠷᠠᠢ ᠶᠢᠨ ᠥᠩᠭᠡᠨ ᠲᠠᠯ᠎ᠠ ᠳᠤ ᠴᠥᠪᠥᠷᠢᠭᠦᠦ᠂ ᠰᠢᠷᠬᠠᠯᠠᠭ᠎ᠠ᠂ ᠲᠣᠯᠪᠤ᠂ ᠲᠠᠪᠯᠠᠭᠠᠰᠤ ᠪᠠᠶᠢᠬᠤ ᠡᠰᠡᠬᠦ ᠶᠢ ᠰᠢᠯᠭᠠᠨ᠎ᠠ᠃      7.2 ᠳᠣᠲᠣᠷ᠎ᠠ ᠡᠷᠬᠡᠲᠡᠨ ᠤ ᠪᠠᠶᠢᠴᠠᠭᠠᠯᠲᠠ ᠳᠤ ᠳᠣᠲᠣᠷ᠎ᠠ ᠡᠷᠬᠡᠲᠡᠨ ᠢ ᠠᠪᠬᠤ ᠠᠴᠠ ᠡᠮᠦᠨ᠎ᠡ ᠬᠡᠬᠦᠳᠡᠭ᠂ ᠬᠡᠪᠡᠯᠢ ᠶᠢᠨ ᠬᠥᠨᠳᠡᠢ ᠳᠤ ᠬᠤᠷᠠᠭᠰᠠᠨ ᠤᠰᠤ᠂ ᠨᠠᠭᠠᠯᠳᠤᠭᠰᠠᠨ ᠬᠡᠰᠡᠭ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ ᠪᠠᠶᠢᠬᠤ ᠡᠰᠡᠬᠦ ᠶᠢ ᠠᠵᠢᠭᠯᠠᠨ᠎ᠠ᠃ ᠵᠢᠷᠦᠬᠡ᠂ ᠠᠭᠤᠰᠬᠢ᠂ ᠡᠯᠢᠭᠡ᠂ ᠬᠤᠳᠣᠭᠤᠳᠤ ᠭᠡᠳᠡᠰᠦ᠂ ᠳᠡᠯᠢᠭᠦᠦ᠂ ᠪᠥᠭᠡᠷ᠎ᠡ ᠵᠡᠷᠭᠡ ᠶᠢ ᠪᠠᠶᠢᠴᠠᠭᠠᠵᠤ᠂ ᠴᠢᠴᠠᠷᠬᠠᠢ ᠶᠢᠨ ᠯᠢᠮᠹᠠ ᠶᠢᠨ ᠪᠤᠯᠴᠢᠷᠬᠠᠢ᠂ ᠰᠠᠯᠪᠤᠷᠢ ᠮᠥᠭᠡᠷᠰᠦᠨ ᠬᠤᠭᠤᠯᠠᠢ ᠶᠢᠨ ᠯᠢᠮᠹᠠ ᠶᠢᠨ ᠪᠤᠯᠴᠢᠷᠬᠠᠢ᠂ ᠡᠯᠢᠭᠡᠨ ᠤ ᠠᠮᠠᠰᠠᠷ ᠤᠨ ᠯᠢᠮᠹᠠ ᠶᠢᠨ ᠪᠤᠯᠴᠢᠷᠬᠠᠢ ᠶᠢ ᠬᠠᠭᠠᠯᠤᠨ ᠰᠢᠯᠭᠠᠵᠤ ᠡᠪᠡᠳᠴᠢᠨ ᠤ ᠬᠤᠪᠢᠷᠠᠯᠲᠠ ᠪᠤᠶᠤ ᠪᠤᠰᠤᠳ ᠬᠡᠪ ᠤᠨ ᠪᠤᠰᠤ ᠵᠦᠢᠯ ᠪᠠᠶᠢᠬᠤ ᠡᠰᠡᠬᠦ ᠶᠢ ᠦᠵᠡᠨ᠎ᠡ᠃      7.2.1 ᠵᠢᠷᠦᠬᠡᠨ ᠤ ᠪᠠᠶᠢᠴᠠᠭᠠᠯᠲᠠ ᠳᠤ ᠵᠢᠷᠦᠬᠡᠨ ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ ᠪᠣᠯᠣᠨ ᠴᠢᠰᠤᠨ ᠤ ᠴᠢᠨᠦᠷᠡᠯ᠂ ᠴᠢᠰᠤ ᠠᠯᠳᠠᠭᠳᠠᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠪᠣᠯ ᠦᠩᠬᠦᠯᠴᠡᠭ ᠢ ᠨᠡᠭᠡᠭᠡᠵᠦ᠂ ᠵᠢᠷᠦᠬᠡᠨ ᠤ ᠪᠦᠷᠬᠦᠪᠴᠢ᠂ ᠵᠢᠷᠦᠬᠡᠨ ᠪᠦᠷᠬᠦᠪᠴᠢ ᠶᠢᠨ ᠰᠢᠩᠭᠡᠨ ᠪᠣᠯᠣᠨ ᠵᠢᠷᠦᠬᠡᠨ ᠤ ᠪᠤᠯᠴᠢᠩ ᠬᠡᠪ ᠤᠨ ᠡᠰᠡᠬᠦ ᠶᠢ ᠰᠢᠯᠭᠠᠨ᠎ᠠ᠃      7.2.2 ᠠᠭᠤᠰᠬᠢᠨ ᠤ ᠪᠠᠶᠢᠴᠠᠭᠠᠯᠲᠠ ᠳᠤ ᠬᠤᠶᠠᠷ ᠲᠠᠯ᠎ᠠ ᠶᠢᠨ ᠠᠭᠤᠰᠬᠢ ᠶᠢᠨ ᠰᠠᠯᠪᠢᠩ᠂ ᠥᠩᠭᠡ ᠲᠤᠶᠠᠭ᠎ᠠ᠂ ᠬᠡᠪ ᠪᠠᠶᠢᠳᠠᠯ᠂ ᠶᠡᠭᠡ ᠪᠠᠭ᠎ᠠ ᠪᠣᠯᠣᠨ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠤᠰᠤᠨ ᠬᠠᠪᠤᠨ᠂ ᠢᠳᠡᠭᠡ ᠰᠢᠭᠦᠰᠦ᠂ ᠪᠣᠳᠠᠲᠠᠢ ᠬᠤᠪᠢᠷᠠᠯ᠂ ᠬᠠᠲᠠᠭᠤᠷᠠᠯ᠂ ᠨᠠᠭᠠᠯᠳᠤᠭᠰᠠᠨ ᠬᠡᠰᠡᠭ᠂ ᠰᠢᠮᠡᠭᠴᠢ ᠬᠤᠷᠣᠬᠠᠢ ᠪᠠᠶᠢᠬᠤ ᠡᠰᠡᠬᠦ ᠶᠢ ᠰᠢᠯᠭᠠᠨ᠎ᠠ᠃ ᠨᠢᠭᠡ ᠲᠠᠯ᠎ᠠ ᠶᠢᠨ ᠰᠠᠯᠪᠤᠷᠢ ᠮᠥᠭᠡᠷᠰᠦᠨ ᠬᠤᠭᠤᠯᠠᠢ ᠶᠢ ᠬᠠᠭᠠᠯᠵᠤ ᠯᠢᠮᠹᠠ ᠶᠢᠨ ᠪᠤᠯᠴᠢᠷᠬᠠᠢ᠂ ᠣᠭᠲᠣᠯᠣᠭᠠᠰᠤ ᠶᠢᠨ ᠬᠡᠰᠡᠭ ᠲᠤ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠤᠰᠤᠨ ᠬᠠᠪᠤᠨ ᠪᠠᠶᠢᠬᠤ ᠡᠰᠡᠬᠦ ᠶᠢ ᠰᠢᠯᠭᠠᠨ᠎ᠠ᠃ ᠴᠢᠬᠤᠯᠠ ᠲᠠᠢ ᠦᠶ᠎ᠡ ᠳᠤ ᠮᠥᠭᠡᠷᠰᠦᠨ ᠬᠤᠭᠤᠯᠠᠢ᠂ ᠪᠣᠯᠴᠤᠤ ᠶᠢᠨ ᠵᠦᠢᠯ ᠢ ᠬᠠᠭᠠᠯᠵᠤ ᠰᠢᠯᠭᠠᠨ᠎ᠠ᠃      7.2.3 ᠡᠯᠢᠭᠡᠨ ᠤ ᠪᠠᠶᠢᠴᠠᠭᠠᠯᠲᠠ ᠳᠤ ᠡᠯᠢᠭᠡᠨ ᠤ ᠶᠡᠭᠡ ᠪᠠᠭ᠎ᠠ᠂ ᠥᠩᠭᠡ ᠲᠤᠶᠠᠭ᠎ᠠ᠂ ᠬᠦᠷᠦᠯᠴᠡᠬᠦᠢ ᠶᠢᠨ ᠬᠠᠷᠢᠮᠠᠬᠠᠢ ᠴᠢᠨᠠᠷ ᠪᠣᠯᠣᠨ ᠬᠠᠲᠠᠭᠤ ᠶᠢᠨ ᠬᠡᠮᠵᠢᠶ᠎ᠡ ᠶᠢ ᠪᠠᠶᠢᠴᠠᠭᠠᠵᠤ᠂ ᠡᠯᠢᠭᠡᠨ ᠤ ᠠᠮᠠᠰᠠᠷ ᠤᠨ ᠯᠢᠮᠹᠠ ᠶᠢᠨ ᠪᠤᠯᠴᠢᠷᠬᠠᠢ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠳᠠᠷ ᠬᠠᠪᠤᠨ᠂ ᠨᠧᠺᠷᠣᠽ ᠵᠡᠷᠭᠡ ᠶᠢ ᠰᠢᠯᠭᠠᠨ᠎ᠠ᠃ ᠴᠢᠬᠤᠯᠠ ᠲᠠᠢ ᠦᠶ᠎ᠡ ᠳᠤ ᠡᠯᠢᠭᠡ ᠶᠢ ᠬᠠᠭᠠᠯᠵᠤ᠂ ᠰᠥᠰᠥ ᠪᠣᠯᠣᠨ ᠰᠥᠰᠥᠨ ᠤ ᠭᠤᠤᠷᠰᠤ᠂ ᠬᠠᠲᠠᠭᠤᠷᠠᠯ᠂ ᠠᠪᠴᠢᠯᠲᠠ᠂ ᠶᠠᠫᠤᠨ ᠤ ᠴᠢᠰᠤ ᠰᠣᠷᠣᠭᠴᠢ ᠶᠢᠨ ᠬᠤᠮᠬᠠᠭ᠎ᠠ ᠵᠡᠷᠭᠡ ᠶᠢ ᠰᠢᠯᠭᠠᠨ᠎ᠠ᠃      7.2.4 ᠳᠣᠲᠣᠷ᠎ᠠ ᠪᠥᠭᠡᠷ᠎ᠡ ᠶᠢᠨ ᠪᠠᠶᠢᠴᠠᠭᠠᠯᠲᠠ ᠳᠤ ᠲᠡᠭᠦᠨ ᠤ ᠬᠠᠷᠢᠮᠠᠬᠠᠢ ᠴᠢᠨᠠᠷ ᠪᠣᠯᠣᠨ ᠬᠠᠲᠠᠭᠤᠷᠠᠯ ᠵᠢᠴᠢ ᠴᠢᠰᠤ ᠠᠯᠳᠠᠭᠳᠠᠯ᠂ ᠴᠢᠰᠤᠨ ᠤ ᠴᠢᠨᠦᠷᠡᠯ ᠪᠠᠶᠢᠬᠤ ᠡᠰᠡᠬᠦ ᠶᠢ ᠪᠠᠶᠢᠴᠠᠭᠠᠨ᠎ᠠ᠃ ᠱᠠᠭᠠᠷᠳᠠᠯᠭ᠎ᠠ ᠲᠠᠢ ᠪᠣᠯ ᠪᠥᠭᠡᠷ᠎ᠡ ᠶᠢ ᠬᠠᠭᠠᠯᠵᠤ ᠬᠠᠯᠢᠰᠤᠨ ᠪᠦᠷᠬᠦᠪᠴᠢ᠂ ᠪᠥᠭᠡᠷᠡᠨ ᠤ ᠵᠥᠭᠡᠯᠡᠨ ᠡᠳ᠋᠂ ᠪᠥᠭᠡᠷᠡᠨ ᠤ ᠬᠥᠨᠳᠡᠢ ᠳᠣᠲᠣᠷ᠎ᠠ ᠴᠢᠰᠤ ᠠᠯᠳᠠᠭᠳᠠᠯ᠂ ᠬᠠᠪᠤᠳᠠᠷ ᠬᠠᠪᠤᠨ ᠪᠠᠶᠢᠬᠤ ᠡᠰᠡᠬᠦ ᠵᠡᠷᠭᠡ ᠶᠢ ᠰᠢᠯᠭᠠᠨ᠎ᠠ᠃      7.2.5 ᠳᠡᠯᠢᠭᠦᠦ ᠶᠢᠨ ᠪᠠᠶᠢᠴᠠᠭᠠᠯᠲᠠ ᠳᠤ ᠬᠠᠷᠢᠮᠠᠬᠠᠢ ᠴᠢᠨᠠᠷ᠂ ᠥᠩᠭᠡ᠂ ᠶᠡᠭᠡ ᠪᠠᠭ᠎ᠠ ᠵᠡᠷᠭᠡ ᠶᠢ ᠪᠠᠶᠢᠴᠠᠭᠠᠨ᠎ᠠ᠃ ᠱᠠᠭᠠᠷᠳᠠᠯᠭ᠎ᠠ ᠲᠠᠢ ᠪᠣᠯ ᠳᠡᠯᠢᠭᠦᠦ ᠶᠢ ᠬᠠᠭᠠᠯᠵᠤ ᠰᠢᠯᠭᠠᠨ᠎ᠠ᠃      7.2.6 ᠬᠤᠳᠣᠭᠤᠳᠤ ᠪᠣᠯᠣᠨ ᠭᠡᠳᠡᠰᠦᠨ ᠤ ᠪᠠᠶᠢᠴᠠᠭᠠᠯᠲᠠ ᠳᠤ ᠭᠡᠳᠡᠰᠦᠨ ᠤ ᠨᠤᠭᠤᠯᠤᠭ᠎ᠠ᠂ ᠭᠡᠳᠡᠰᠦᠨ ᠤ ᠰᠧᠷᠣᠽ ᠢ ᠪᠠᠶᠢᠴᠠᠭᠠᠨ᠎ᠠ᠃ ᠴᠢᠴᠠᠷᠬᠠᠢ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ ᠬᠡᠯᠪᠡᠷᠢ ᠳᠦᠷᠰᠦ᠂ ᠥᠩᠭᠡ ᠲᠤᠶᠠᠭ᠎ᠠ ᠪᠣᠯᠣᠨ ᠬᠠᠪᠤᠳᠠᠷ ᠬᠠᠪᠤᠨ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠨᠠᠭᠠᠯᠳᠤᠭᠰᠠᠨ ᠬᠡᠰᠡᠭ᠂ ᠬᠠᠲᠠᠭᠤᠷᠠᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠬᠤᠳᠣᠭᠤᠳᠤ ᠭᠡᠳᠡᠰᠦ ᠶᠢ ᠬᠠᠭᠠᠯᠵᠤ᠂ ᠳᠣᠲᠣᠷ᠎ᠠ ᠨᠢ ᠪᠠᠶᠢᠭ᠎ᠠ ᠵᠦᠢᠯ᠂ ᠰᠠᠯᠢᠰᠤᠨ ᠪᠦᠷᠬᠦᠪᠴᠢ ᠪᠣᠯᠣᠨ ᠴᠢᠰᠤ ᠠᠯᠳᠠᠭᠳᠠᠯ᠂ ᠬᠠᠲᠠᠭᠤᠷᠠᠯ᠂ ᠰᠢᠮᠡᠭᠴᠢ ᠬᠤᠷᠣᠬᠠᠢ ᠪᠠᠶᠢᠬᠤ ᠡᠰᠡᠬᠦ ᠶᠢ ᠰᠢᠯᠭᠠᠨ᠎ᠠ᠃      7.2.7 ᠰᠠᠪᠠ ᠪᠣᠯᠣᠨ ᠲᠥᠮᠦᠰᠦᠭ ᠤᠨ ᠪᠠᠶᠢᠴᠠᠭᠠᠯᠲᠠ ᠳᠤ ᠦᠨᠢᠶᠡᠨ ᠤ ᠰᠠᠪᠠᠨ ᠤ ᠰᠧᠷᠣᠽ ᠳᠤ ᠴᠢᠰᠤ ᠠᠯᠳᠠᠭᠳᠠᠯ᠂ ᠰᠠᠯᠢᠰᠤᠨ ᠪᠦᠷᠬᠦᠪᠴᠢ ᠳᠤ ᠴᠠᠭᠠᠨ ᠰᠢᠷ᠎ᠠ ᠥᠩᠭᠡᠲᠦ ᠵᠦᠢᠯ ᠪᠤᠶᠤ ᠪᠢᠰᠢᠯᠠᠭ ᠤᠨ ᠬᠡᠯᠪᠡᠷᠢᠲᠦ ᠬᠠᠲᠠᠭᠤᠷᠠᠯ ᠪᠠᠶᠢᠬᠤ ᠡᠰᠡᠬᠦ ᠶᠢ ᠰᠢᠯᠭᠠᠨ᠎ᠠ᠃ ᠪᠤᠬ᠎ᠠ ᠶᠢᠨ ᠲᠥᠮᠥᠰᠥᠨ ᠳᠤ ᠬᠠᠪᠤᠳᠠᠷ ᠬᠠᠪᠤᠨ᠂ ᠲᠥᠮᠦᠰᠦᠭ᠂ ᠲᠥᠮᠦᠰᠦᠭ ᠤᠨ ᠬᠡᠲᠡ ᠳᠤ ᠢᠳᠡᠭᠡ ᠰᠢᠭᠦᠰᠦ᠂ ᠨᠧᠺᠷᠣᠽ ᠪᠠᠶᠢᠬᠤ ᠡᠰᠡᠬᠦ ᠶᠢ ᠰᠢᠯᠭᠠᠨ᠎ᠠ᠃      7.3 ᠭᠤᠯᠤᠤᠵᠠ ᠶᠢᠨ ᠰᠢᠯᠭᠠᠯᠲᠠ      7.3.1 ᠪᠦᠬᠦᠯᠢ ᠴᠣᠭᠴᠠ ᠶᠢᠨ ᠪᠠᠶᠢᠴᠠᠭᠠᠯᠲᠠ ᠳᠤ ᠠᠷᠠᠰᠤᠨ ᠤ ᠳᠣᠣᠷᠠᠬᠢ ᠬᠡᠰᠡᠭ᠂ ᠥᠭᠡᠬᠦ᠂ ᠪᠤᠯᠴᠢᠩ᠂ ᠯᠢᠮᠹᠠ ᠶᠢᠨ ᠪᠤᠯᠴᠢᠷᠬᠠᠢ ᠪᠣᠯᠣᠨ ᠬᠡᠬᠦᠳᠡᠭ᠂ ᠬᠡᠪᠡᠯᠢ ᠶᠢᠨ ᠬᠥᠨᠳᠡᠢ ᠶᠢᠨ ᠰᠧᠷᠣᠽ ᠳᠤ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠬᠠᠪᠤᠳᠠᠷ ᠬᠠᠪᠤᠨ ᠪᠣᠯᠣᠨ ᠪᠤᠰᠤᠳ ᠬᠡᠪ ᠤᠨ ᠪᠤᠰᠤ ᠵᠦᠢᠯ ᠪᠠᠶᠢᠬᠤ ᠡᠰᠡᠬᠦ ᠶᠢ ᠰᠢᠯᠭᠠᠨ᠎ᠠ᠃      7.3.2 ᠯᠢᠮᠹᠠ ᠶᠢᠨ ᠪᠤᠯᠴᠢᠷᠬᠠᠢ ᠶᠢᠨ ᠪᠠᠶᠢᠴᠠᠭᠠᠯᠲᠠ      7.3.2.1 ᠬᠦᠵᠦᠭᠦᠨ ᠤ ᠭᠦᠶᠦᠬᠡᠨ ᠲᠠᠯ᠎ᠠ ᠶᠢᠨ ᠯᠢᠮᠹᠠ ᠶᠢᠨ ᠪᠤᠯᠴᠢᠷᠬᠠᠢ ︵ᠳᠠᠯᠤ ᠶᠢᠨ ᠡᠮᠦᠨᠡᠬᠢ ᠯᠢᠮᠹᠠ ᠶᠢᠨ ᠪᠤᠯᠴᠢᠷᠬᠠᠢ︶ ᠳᠠᠯᠤ ᠶᠢᠨ ᠡᠮᠦᠨ᠎ᠡ ᠬᠡᠰᠡᠭ ᠠᠴᠠ ᠵᠢᠭᠠᠬᠠᠨ ᠳᠡᠭᠡᠳᠦ ᠲᠠᠯ᠎ᠠ ᠶᠢᠨ ᠪᠤᠭᠤᠯᠤᠭ ᠤᠨ ᠪᠤᠯᠴᠢᠩ᠂ ᠳᠠᠯᠤ ᠶᠢᠨ ᠮᠥᠷᠥ ᠶᠢᠨ ᠳᠣᠣᠷᠠᠳᠤ ᠬᠡᠰᠡᠭ ᠤᠨ ᠬᠦᠵᠦᠭᠦᠨ ᠤ ᠭᠦᠶᠦᠬᠡᠨ ᠲᠠᠯ᠎ᠠ ᠶᠢᠨ ᠯᠢᠮᠹᠠ ᠶᠢᠨ ᠪᠤᠯᠴᠢᠷᠬᠠᠢ᠂ ᠬᠠᠭᠠᠯᠤᠭᠰᠠᠨ ᠲᠠᠯ᠎ᠠ ᠶᠢᠨ ᠬᠡᠯᠪᠡᠷᠢ᠂ ᠥᠩᠭᠡ ᠲᠤᠶᠠᠭ᠎ᠠ ᠪᠣᠯᠣᠨ ᠬᠠᠪᠤᠳᠠᠷ ᠬᠠᠪᠤᠨ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠨᠧᠺᠷᠣᠽ ᠪᠠᠶᠢᠬᠤ ᠡᠰᠡᠬᠦ ᠶᠢ ᠰᠢᠯᠭᠠᠨ᠎ᠠ᠃      7.3.2.2 ᠲᠠᠰᠢᠶᠠᠨ ᠤ ᠯᠢᠮᠹᠠ ᠶᠢᠨ ᠪᠤᠯᠴᠢᠷᠬᠠᠢ ︵ᠭᠤᠶ᠎ᠠ ᠶᠢᠨ ᠡᠮᠦᠨ᠎ᠡ ᠬᠡᠰᠡᠭ ᠤᠨ ᠯᠢᠮᠹᠠ ᠶᠢᠨ ᠪᠤᠯᠴᠢᠷᠬᠠᠢ᠂ ᠡᠪᠦᠳᠦᠭ ᠤᠨ ᠯᠢᠮᠹᠠ ᠶᠢᠨ ᠪᠤᠯᠴᠢᠷᠬᠠᠢ︶ ᠨᠢᠭᠡ ᠲᠠᠯ᠎ᠠ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ᠂ ᠬᠠᠭᠠᠯᠤᠭᠰᠠᠨ ᠲᠠᠯ᠎ᠠ ᠶᠢᠨ ᠬᠡᠯᠪᠡᠷᠢ᠂ ᠥᠩᠭᠡ ᠲᠤᠶᠠᠭ᠎ᠠ᠂ ᠶᠡᠭᠡ ᠪᠠᠭ᠎ᠠ ᠪᠣᠯᠣᠨ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠨᠧᠺᠷᠣᠽ ᠪᠠᠶᠢᠬᠤ ᠡᠰᠡᠬᠦ ᠶᠢ ᠰᠢᠯᠭᠠᠨ᠎ᠠ᠃      7.3.2.3 ᠱᠠᠭᠠᠷᠳᠠᠯᠭ᠎ᠠ ᠲᠠᠢ ᠪᠣᠯ ᠭᠤᠶ᠎ᠠ ᠶᠢᠨ ᠳᠣᠲᠣᠷ᠎ᠠ ᠲᠠᠯ᠎ᠠ ᠶᠢᠨ ᠭᠦᠨ ᠳᠠᠬᠢ ᠯᠢᠮᠹᠠ ᠶᠢᠨ ᠪᠤᠯᠴᠢᠷᠬᠠᠢ ᠶᠢ ᠬᠠᠭᠠᠯᠵᠤ ᠰᠢᠯᠭᠠᠨ᠎ᠠ᠃      7.4 ᠳᠠᠪᠲᠠᠨ ᠪᠠᠶᠢᠴᠠᠭᠠᠬᠤ ᠳᠤ ᠠᠯᠪᠠᠨ ᠶᠣᠰᠣᠨ ᠤ ᠮᠠᠯ ᠤᠨ ᠡᠮᠴᠢ ᠳᠡᠭᠡᠷ᠎ᠡ ᠳᠤᠷᠠᠳᠤᠭᠰᠠᠨ ᠬᠢᠵᠢᠭ ᠪᠠᠶᠢᠴᠠᠭᠠᠯᠲᠠ ᠶᠢ ᠳᠠᠪᠲᠠᠨ ᠪᠠᠶᠢᠴᠠᠭᠠᠵᠤ᠂ ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠢ ᠪᠦᠬᠦᠯᠢ ᠴᠣᠭᠴᠠ ᠠᠴᠠ ᠨᠢ ᠮᠠᠭᠠᠳᠯᠠᠯ ᠬᠢᠨ᠎ᠡ᠃      7.5 ᠦᠷ᠎ᠡ ᠳ᠋ᠦᠩ ᠢ ᠰᠢᠢᠳᠬᠦ      7.5.1 ᠬᠢᠷᠢ ᠳᠤ ᠬᠦᠷᠦᠭᠰᠡᠨ ᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠵᠤ᠂ ᠲᠠᠮᠠᠭ᠎ᠠ ᠳᠠᠷᠤᠨ ᠪᠠᠲᠤᠯᠠᠵᠤ᠂ ᠰᠠᠪᠠᠯᠠᠭᠰᠠᠨ ᠮᠢᠬᠠᠨ ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠶᠢᠨ ᠲᠡᠮᠳᠡᠭ ᠢ ᠬᠡᠷᠡᠭᠯᠡᠨ᠎ᠡ᠃      7.5.2 ᠬᠢᠷᠢ ᠳᠤ ᠬᠦᠷᠦᠭᠡ ᠦᠭᠡᠢ ᠶᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠶᠢᠨ ᠮᠡᠳᠡᠭᠳᠡᠯ︾ ᠪᠠᠭᠤᠯᠭᠠᠵᠤ ᠳᠠᠷᠠᠭᠠᠬᠢ ᠪᠠᠶᠢᠳᠠᠯ ᠢᠶᠠᠷ ᠰᠢᠢᠳᠪᠦᠷᠢᠯᠡᠨ᠎ᠡ᠃      7.5.2.1 ᠲᠤᠰ ᠵᠢᠷᠤᠮ ᠳᠤ ᠵᠢᠭᠠᠭᠰᠠᠨ ᠡᠪᠡᠳᠴᠢᠨ ᠳᠠᠷᠬᠠᠯᠠᠯ ᠢᠯᠡᠷᠡᠭᠰᠡᠨ ᠪᠠᠶᠢᠪᠠᠯ 6.2.2.1᠂ 6.2.2.2 ᠪᠣᠯᠣᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃      7.5.2.2 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠦᠬᠡᠷ ᠤᠨ ᠶᠡᠭᠡ ᠪᠡᠶ᠎ᠡ ︵ᠭᠤᠤᠯᠤᠵᠠ︶ ᠪᠣᠯᠣᠨ ᠳᠠᠭᠠᠯᠳᠤᠬᠤ ᠪᠦᠲᠦᠭᠡᠭᠳᠡᠬᠦᠨ ᠢ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ᠤᠨ ᠳᠠᠭᠠᠤ ᠰᠢᠢᠳᠪᠦᠷᠢᠯᠡᠵᠦ᠂ ᠪᠣᠬᠢᠷᠳᠠᠭᠰᠠᠨ ᠲᠠᠯᠠᠪᠤᠷ᠂ ᠪᠠᠭᠠᠵᠢ ᠬᠡᠷᠡᠭᠰᠡᠯ ᠢ ᠲᠣᠭᠲᠠᠭᠠᠯ ᠤᠨ ᠳᠠᠭᠠᠤ ᠠᠷᠢᠭᠤᠳᠬᠠᠵᠤ᠂ ᠲᠡᠭᠦᠨᠴᠢᠯᠡᠨ ︽ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠲᠡᠮᠳᠡᠭᠯᠡᠯ︾ ᠢ ᠰᠠᠶᠢᠨ ᠬᠢᠭᠰᠡᠨ ᠪᠠᠶᠢᠬᠤ ᠬᠡᠷᠡᠭᠲᠡᠢ᠃      7.5.3 ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠡᠪᠡᠳᠴᠢᠨ ᠳᠠᠷᠬᠠᠯᠠᠯ ᠳᠤ ᠠᠪᠲᠠᠭᠰᠠᠨ ᠠᠮᠢᠲᠠᠨ ᠪᠤᠶᠤ ᠬᠠᠶᠠᠭᠳᠠᠯ ᠵᠦᠢᠯ ᠢ ᠬᠤᠣᠷᠳᠠᠯ ᠦᠭᠡᠢ ᠰᠢᠢᠳᠪᠦᠷᠢᠯᠡᠬᠦ ᠠᠵᠢᠯ ᠢ ᠰᠠᠶᠢᠨ ᠬᠢᠬᠦ ᠬᠡᠷᠡᠭᠲᠡᠢ᠃      7.6 ᠠᠯᠪᠠᠨ ᠶᠣᠰᠣᠨ ᠤ ᠮᠠᠯ ᠤᠨ ᠡᠮᠴᠢ ᠨᠠᠷ ᠨᠢᠭᠡᠨ ᠵᠡᠷᠭᠡ ᠬᠢᠵᠢᠭ ᠪᠠᠶᠢᠴᠠᠭᠠᠯᠲᠠ ᠶᠢᠨ ᠶᠠᠪᠤᠴᠠ ᠳᠤᠮᠳᠠ ᠡᠷᠡᠭᠦᠯ ᠬᠠᠮᠠᠭᠠᠯᠠᠯ ᠠᠶᠤᠯ ᠦᠭᠡᠢ ᠪᠠᠶᠢᠳᠠᠯ ᠢ ᠰᠠᠶᠢᠨ ᠬᠢᠬᠦ ᠬᠡᠷᠡᠭᠲᠡᠢ᠃      8. ᠬᠢᠵᠢᠭ ᠪᠠᠶᠢᠴᠠᠭᠠᠯᠲᠠ ᠶᠢᠨ ᠲᠡᠮᠳᠡᠭᠯᠡᠯ      8.1 ᠠᠯᠪᠠᠨ ᠶᠣᠰᠣᠨ ᠤ ᠮᠠᠯ ᠤᠨ ᠡᠮᠴᠢ ᠨᠠᠷ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠤᠨ ᠠᠯᠠᠰᠢᠨ ᠳᠤ ᠭᠠᠷᠭᠠᠭᠰᠠᠨ᠂ ᠪᠠᠴᠢᠮ ᠨᠢᠲᠤᠯᠬᠤ᠂ ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠬᠤᠯᠪᠣᠭᠳᠠᠯ ᠪᠦᠬᠦᠢ ᠲᠡᠮᠳᠡᠭᠯᠡᠯ ᠳᠤ ᠬᠠᠷᠠᠭ᠎ᠠ ᠬᠢᠨᠠᠯᠲᠠ ᠲᠠᠯᠪᠢᠵᠤ ᠬᠥᠲᠥᠯᠥᠨ ᠤᠳᠤᠷᠢᠳᠤᠨ᠎ᠠ᠃      8.2 ᠠᠯᠪᠠᠨ ᠶᠣᠰᠣᠨ ᠤ ᠮᠠᠯ ᠤᠨ ᠡᠮᠴᠢ ᠨᠠᠷ ᠲᠠᠯᠠᠪᠤᠷ ᠲᠤ ᠨᠡᠪᠲᠡᠷᠡᠭᠦᠯᠬᠦ ᠰᠢᠯᠭᠠᠨ ᠪᠠᠶᠢᠴᠠᠭᠠᠯᠲᠠ ᠶᠢ ᠬᠢᠨᠠᠬᠤ᠂ ᠬᠢᠵᠢᠭ ᠪᠠᠶᠢᠴᠠᠭᠠᠯᠲᠠ ᠶᠢᠨ ᠡᠷᠭᠦᠳᠡᠯ᠂ ᠨᠢᠲᠤᠯᠭᠠᠨ ᠤ ᠡᠮᠦᠨᠡᠬᠢ ᠪᠠᠶᠢᠴᠠᠭᠠᠯᠲᠠ᠂ ᠬᠢᠵᠢᠭ ᠪᠠᠶᠢᠴᠠᠭᠠᠯᠲᠠ ᠵᠡᠷᠭᠡ ᠲᠠᠯ᠎ᠠ ᠤᠳ ᠤᠨ ᠲᠡᠮᠳᠡᠭᠯᠡᠯ ᠢ ᠬᠠᠮᠲᠤ ᠳᠤ ᠨᠢ ᠰᠠᠶᠢᠲᠤᠷ ᠬᠢᠬᠦ ᠬᠡᠷᠡᠭᠲᠡᠢ᠃      8.3 ᠬᠢᠵᠢᠭ ᠪᠠᠶᠢᠴᠠᠭᠠᠯᠲᠠ ᠶᠢᠨ ᠲᠡᠮᠳᠡᠭᠯᠡᠯ ᠢ 10 ᠵᠢᠯ ᠠᠴᠠ ᠳᠡᠭᠡᠭᠰᠢ ᠬᠠᠳᠠᠭᠠᠯᠠᠬᠤ ᠬᠡᠷᠡᠭᠲᠡᠢ᠃      ︵ᠢᠷᠡᠯᠲᠡ᠄ ︽ᠦᠪᠦᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ︾ ᠮᠣᠩᠭᠤᠯ ᠰᠦᠯᠵᠢᠶ᠎ᠡ ᠠᠴᠠ ᠰᠢᠯᠵᠢᠭᠦᠯᠪᠡ᠃︶
 
ᠢᠷᠡᠯᠲᠡ᠄ ︽ᠦᠪᠦᠷ ᠮᠣᠩᠭᠤᠯ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ︾ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map