2014 ᠣᠨ ᠤ 9 ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠬᠤᠶᠠᠳᠤᠭᠠᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ | ᠬᠤᠶᠠᠳᠤᠭᠠᠷ ᠡᠭᠡᠯᠵᠢᠲᠦ ᠬᠤᠷᠠᠯ ᠢᠶᠠᠷ ᠲᠤᠰ ᠳᠦᠷᠢᠮ ᠢ 2014 ᠣᠨ ᠤ 12 ᠳ᠋ᠤᠭᠠᠷ ᠰᠠᠷ᠎ᠠ ᠶᠢᠨ 1 ᠠᠴᠠ ᠡᠬᠢᠯᠡᠨ | ᠬᠡᠷᠡᠭᠵᠢᠭᠦᠯᠬᠦ ᠪᠠᠷ ᠲᠣᠭᠲᠠᠪᠠ᠃ ᠡᠭᠦᠨ ᠤ ᠳᠠᠭᠠᠤ ᠳᠤ 2002 ᠣᠨ ᠤ 9 ᠰᠠᠷ᠎ᠠ ᠶᠢᠨ 27 ᠤ ᠡᠳᠦᠷ ᠤᠨ ᠥᠪᠤᠷ | ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠬᠤᠶᠠᠳᠤᠭᠠᠷ ᠤᠳᠠᠭᠠᠨ ᠤ ᠡᠭᠡᠯᠵᠢᠲᠦ ᠬᠤᠷᠠᠯ ᠢᠶᠠᠷ ᠪᠠᠲᠤᠯᠠᠭᠰᠠᠨ | ︽ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠮᠢᠲᠠᠨ ᠤ ᠬᠠᠯᠳᠠᠪᠤᠷᠢᠲᠤ ᠡᠪᠡᠳᠴᠢᠨ ᠢ ᠤᠷᠢᠳᠴᠢᠯᠠᠨ | ᠰᠡᠷᠭᠡᠶᠢᠯᠡᠬᠦ ᠳᠦᠷᠢᠮ︾ ᠬᠦᠴᠦᠨ ᠦᠭᠡᠢ ᠪᠣᠯᠬᠤ ᠪᠣᠯᠣᠨ᠎ᠠ᠃ | ᠭᠠᠷᠴᠠᠭ | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠬᠤᠶᠠᠳᠤᠭᠠᠷ ᠪᠦᠯᠦᠭ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ | ᠭᠤᠷᠪᠠᠳᠤᠭᠠᠷ ᠪᠦᠯᠦᠭ ᠬᠦᠨᠳᠦ ᠨᠣᠴᠢᠲᠠᠢ ᠤ ᠠᠮᠢᠲᠠᠨ ᠤ ᠬᠢᠵᠢᠭ ᠢ ᠰᠢᠢᠳᠪᠦᠷᠢᠯᠡᠬᠦ | ᠳᠥᠷᠪᠡᠳᠦᠭᠡᠷ ᠪᠦᠯᠦᠭ ᠠᠮᠢᠲᠠᠨ ᠪᠤᠶᠤ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠬᠢᠵᠢᠭ ᠢ ᠪᠠᠶᠢᠴᠠᠭᠠᠬᠤ | ᠲᠠᠪᠤᠳᠤᠭᠠᠷ ᠪᠦᠯᠦᠭ ᠠᠮᠢᠲᠠᠨ ᠤ ᠡᠮᠴᠢᠯᠡᠭᠡ | ᠵᠢᠷᠭᠤᠳᠤᠭᠠᠷ ᠪᠦᠯᠦᠭ ᠠᠮᠢᠲᠠᠨ ᠪᠤᠶᠤ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠵᠥᠭᠡᠭᠡᠪᠦᠷᠢᠯᠡᠬᠦ ᠳᠤ | ᠲᠠᠯᠪᠢᠬᠤ ᠬᠢᠨᠠᠨ ᠰᠢᠯᠭᠠᠯᠲᠠ | ᠳᠣᠯᠣᠳᠤᠭᠠᠷ ᠪᠦᠯᠦᠭ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ | ᠨᠠᠢᠮᠠᠳᠤᠭᠠᠷ ᠪᠦᠯᠦᠭ ᠠᠷᠭ᠎ᠠ ᠬᠡᠮᠵᠢᠶᠡᠨ ᠤ ᠪᠠᠲᠤᠯᠭᠠᠵᠢᠯᠲᠠ | ᠶᠢᠰᠦᠳᠦᠭᠡᠷ ᠪᠦᠯᠦᠭ ᠬᠠᠤᠯᠢ ᠵᠦᠢ ᠶᠢᠨ ᠬᠠᠷᠢᠭᠤᠴᠠᠯᠭ᠎ᠠ | ᠠᠷᠪᠠᠳᠤᠭᠠᠷ ᠪᠦᠯᠦᠭ ᠨᠡᠮᠡᠯᠲᠡ ᠳᠦᠷᠢᠮ | ᠨᠢᠭᠡᠳᠦᠭᠡᠷ ᠪᠦᠯᠦᠭ ᠶᠡᠷᠦᠩᠬᠡᠢ ᠵᠠᠷᠴᠢᠮ | ᠨᠢᠭᠡᠳᠦᠭᠡᠷ ᠵᠦᠢᠯ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠬᠠᠮᠢᠶᠠᠷᠤᠯᠲᠠ ᠶᠢ | ᠴᠢᠩᠭᠠᠳᠬᠠᠬᠤ᠂ ᠰᠡᠷᠭᠡᠶᠢᠯᠡᠬᠦ᠂ ᠬᠢᠵᠠᠭᠠᠯᠠᠬᠤ ᠪᠣᠯᠣᠨ ᠤᠰᠠᠳᠬᠠᠬᠤ᠂ ᠲᠡᠵᠢᠭᠡᠪᠦᠷᠢ ᠶᠢᠨ ᠠᠵᠤ ᠠᠬᠤᠢ ᠶᠢᠨ ᠦᠢᠯᠡᠰ ᠢ | ᠠᠬᠢᠭᠤᠯᠬᠤ᠂ ᠬᠥᠮᠥᠨ ᠤ ᠪᠡᠶ᠎ᠡ ᠶᠢᠨ ᠡᠷᠡᠭᠦᠯ ᠮᠡᠨᠳᠦ ᠶᠢ ᠪᠠᠲᠤᠯᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯ | ᠦᠭᠡᠢ ᠶᠢ ᠪᠠᠲᠤᠯᠠᠬᠤ ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ | ᠰᠡᠷᠭᠡᠶᠢᠯᠡᠬᠦ ᠬᠠᠤᠯᠢ︾᠂ ︽ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠶᠠᠭᠠᠷᠠᠯᠲᠠᠢ ᠠᠷᠭᠠᠴᠠᠭᠠᠬᠤ ᠳᠦᠷᠢᠮ︾ ᠪᠣᠯᠣᠨ | ᠤᠯᠤᠰ ᠤᠨ ᠬᠤᠯᠪᠣᠭᠳᠠᠯ ᠪᠦᠬᠦᠢ ᠬᠠᠤᠯᠢ ᠵᠢᠷᠤᠮ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠵᠦ | ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠵᠠᠬᠢᠷᠭᠠᠨ ᠳᠤ ᠠᠮᠢᠲᠠᠨ ᠤ ᠬᠢᠵᠢᠭ ᠠᠴᠠ ᠤᠷᠢᠳᠴᠢᠯᠠᠨ | ᠰᠡᠷᠭᠡᠶᠢᠯᠡᠬᠦ ᠪᠤᠶᠤ ᠬᠢᠨᠠᠨ ᠬᠠᠮᠢᠶᠠᠷᠬᠤ ᠠᠵᠢᠯᠯᠠᠭ᠎ᠠ ᠳᠤ ᠲᠤᠰ ᠳᠦᠷᠢᠮ ᠢ ᠮᠥᠷᠳᠡᠨ᠎ᠡ᠃ | ᠭᠤᠷᠪᠠᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠨᠢᠭᠡᠳᠦᠭᠰᠡᠨ ᠤᠳᠤᠷᠢᠳᠤᠯᠭ᠎ᠠ ᠪᠠᠷ ᠪᠠᠬᠢᠵᠢᠭᠦᠯᠵᠦ᠂ ᠡᠳ᠋ ᠤᠨ ᠵᠠᠰᠠᠭ᠂ | ᠨᠡᠶᠢᠭᠡᠮ ᠤᠨ ᠬᠥᠭᠵᠢᠯ ᠤᠨ ᠲᠥᠯᠥᠪᠯᠡᠭᠡ ᠳᠤ ᠨᠢᠭᠡᠳᠬᠡᠵᠦ᠂ ᠦᠨᠳᠦᠰᠦᠨ ᠱᠠᠲᠤᠨ ᠤ ᠤᠷᠢᠳᠴᠢᠯᠠᠨ ᠰᠡᠷᠭᠡᠶᠢᠯᠡᠬᠦ ᠪᠠᠭ | ᠪᠣᠯᠣᠨ ᠳᠡᠳ᠋ ᠪᠦᠲᠦᠴᠡ ᠶᠢᠨ ᠪᠠᠷᠢᠯᠭ᠎ᠠ ᠪᠠᠶᠢᠭᠤᠯᠤᠮᠵᠢ ᠶᠢ ᠪᠠᠬᠢᠵᠢᠭᠦᠯᠵᠦ᠂ ᠬᠦᠨᠳᠦ ᠨᠣᠴᠢᠲᠠᠢ ᠬᠢᠵᠢᠭ ᠲᠠᠬᠤᠯ ᠠᠴᠠ | ᠤᠷᠢᠳᠴᠢᠯᠠᠨ ᠰᠡᠷᠭᠡᠶᠢᠯᠡᠬᠦ ᠲᠣᠭᠲᠠᠯᠴᠠᠭ᠎ᠠ ᠶᠢ ᠪᠤᠢ ᠪᠣᠯᠭᠠᠵᠤ᠂ ᠬᠢᠵᠢᠭ ᠲᠠᠬᠤᠯ ᠤᠨ ᠡᠰᠡᠷᠭᠦ ᠰᠡᠷᠭᠡᠶᠢᠯᠡᠯᠲᠡ ᠶᠢᠨ ᠠᠵᠢᠯ ᠢ | ᠲᠥᠯᠥᠪᠯᠡᠭᠡ ᠲᠠᠢ᠂ ᠵᠣᠬᠢᠶᠠᠨ ᠪᠠᠶᠢᠭᠤᠯᠤᠯᠲᠠ ᠲᠠᠢ ᠬᠢᠬᠦ ᠬᠡᠷᠡᠭᠲᠡᠢ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠬᠢᠵᠢᠭ | ᠲᠠᠬᠤᠯ ᠤᠨ ᠡᠰᠡᠷᠭᠦ ᠦᠢᠯᠡ ᠠᠵᠢᠯᠯᠠᠭ᠎ᠠ ᠳᠤ ᠲᠤᠰᠠᠯᠠᠯᠴᠠᠭ᠎ᠠ ᠦᠵᠡᠭᠦᠯᠵᠦ᠂ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ | ᠠᠵᠢᠯ ᠢ ᠰᠠᠶᠢᠲᠤᠷ ᠬᠢᠪᠡᠯ ᠵᠣᠬᠢᠨ᠎ᠠ᠃ ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠣᠷᠣᠰᠢᠨ ᠰᠠᠭᠤᠭᠴᠢᠳ ᠤᠨ | ᠵᠥᠪᠯᠡᠯ ᠠᠴᠠ ᠠᠷᠠᠳ ᠢᠷᠭᠡᠳ ᠪᠣᠯᠣᠨ ᠰᠠᠭᠤᠭᠠᠯᠴᠢᠳ ᠤᠨ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠵᠢᠯ ᠢ | ᠬᠠᠤᠯᠢ ᠲᠣᠭᠲᠠᠭᠠᠮᠵᠢ ᠶᠢᠨ ᠳᠠᠭᠠᠤ ᠤᠳᠤᠷᠢᠳᠴᠤ ᠬᠢᠬᠦ ᠡᠭᠦᠷᠭᠡ ᠬᠠᠷᠢᠭᠤᠴᠠᠯᠭ᠎ᠠ ᠲᠠᠢ᠃ | ᠳᠥᠷᠪᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠮᠠᠯ | ᠡᠮᠴᠢᠯᠡᠭᠡᠨ ᠤ ᠠᠵᠢᠯ ᠡᠷᠬᠢᠯᠡᠭᠰᠡᠨ ᠠᠯᠪᠠᠨ ᠤ ᠬᠢᠨ ᠥᠪᠡᠷ ᠤᠨ ᠬᠠᠷᠢᠶᠠᠲᠤ ᠭᠠᠵᠠᠷ ᠲᠠᠬᠢ ᠬᠢᠵᠢᠭ ᠲᠠᠬᠤᠯ ᠤᠨ ᠡᠰᠡᠷᠭᠦ | ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠣᠯᠣᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠬᠤᠰᠢᠭᠤ | ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠬᠥᠭᠵᠢᠯ ᠰᠢᠨᠡᠴᠢᠯᠡᠭᠡᠨ ᠤ ᠬᠢᠨ᠂ ᠡᠳ᠋ ᠤᠨ ᠵᠠᠰᠠᠭ᠂ | ᠳᠣᠲᠣᠭᠠᠳᠤ ᠶᠢ ᠬᠠᠮᠠᠭᠠᠯᠠᠬᠤ᠂ ᠵᠠᠮ ᠲᠡᠭᠡᠭᠡᠪᠦᠷᠢ᠂ ᠡᠷᠡᠭᠦᠯ ᠬᠠᠮᠠᠭᠠᠯᠠᠯ᠂ ᠪᠠᠶᠢᠭᠠᠯᠢ ᠣᠷᠴᠢᠨ ᠤ ᠬᠢᠨ᠂ ᠣᠢ ᠰᠢᠭᠤᠢ᠂ | ᠬᠦᠨᠡᠰᠦ ᠪᠠ ᠡᠮ ᠤᠨ ᠬᠢᠨᠠᠨ ᠬᠠᠮᠢᠶᠠᠷᠬᠤ ᠠᠯᠪᠠᠨ᠂ ᠦᠢᠯᠡᠳᠪᠦᠷᠢ ᠬᠤᠳᠠᠯᠳᠤᠭ᠎ᠠ᠂ ᠴᠢᠨᠠᠷ ᠲᠧᠭᠨᠢᠭ ᠤᠨ | ᠬᠢᠨᠠᠯᠲᠠ ᠶᠢᠨ ᠬᠢᠨ ᠪᠦᠭᠦᠳᠡ ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠳᠠᠭᠠᠤ ᠬᠢᠵᠢᠭ ᠲᠠᠬᠤᠯ ᠤᠨ ᠡᠰᠡᠷᠭᠦ ᠬᠤᠯᠪᠣᠭᠠᠲᠠᠢ | ᠠᠵᠢᠯ ᠢ ᠰᠠᠶᠢᠲᠤᠷ ᠬᠢᠬᠦ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠪᠠᠶᠢᠭᠤᠯᠤᠭᠰᠠᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠯᠭ᠎ᠠ ᠠᠴᠠ ᠠᠮᠢᠲᠠᠨ ᠪᠣᠯᠣᠨ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠬᠢᠵᠢᠭ ᠢ ᠰᠡᠷᠭᠡᠶᠢᠯᠡᠬᠦ ᠠᠵᠢᠯᠯᠠᠭ᠎ᠠ ᠵᠢᠴᠢ ᠲᠤᠰ ᠠᠵᠢᠯ ᠳᠤ ᠬᠤᠯᠪᠣᠭᠳᠠᠭᠰᠠᠨ | ᠬᠠᠤᠯᠢ ᠲᠣᠭᠲᠠᠭᠠᠮᠵᠢ ᠶᠢᠨ ᠠᠵᠢᠯ ᠢ ᠬᠠᠷᠢᠭᠤᠴᠠᠬᠤ ᠬᠡᠷᠡᠭᠲᠡᠢ᠃ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠠᠴᠠ ᠪᠠᠶᠢᠭᠤᠯᠤᠭᠰᠠᠨ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠪᠠᠶᠢᠭᠤᠯᠭ᠎ᠠ ᠠᠴᠠ ᠠᠮᠢᠲᠠᠨ ᠤ ᠬᠢᠵᠢᠭ ᠢ ᠬᠢᠨᠠᠨ ᠪᠠᠶᠢᠴᠠᠭᠠᠬᠤ᠂ ᠣᠨᠣᠰᠢᠯᠠᠬᠤ᠂ ᠬᠠᠯᠳᠠᠪᠤᠷᠢᠲᠤ ᠡᠪᠡᠳᠴᠢᠨ ᠤ ᠲᠤᠬᠠᠢ | ᠪᠠᠶᠢᠴᠠᠭᠠᠯᠲᠠ᠂ ᠬᠢᠵᠢᠭ ᠤᠨ ᠲᠤᠬᠠᠢ ᠲᠠᠶᠢᠯᠤᠨ ᠬᠢᠭᠡᠳ ᠪᠤᠰᠤᠳ ᠤᠷᠢᠳᠴᠢᠯᠠᠨ ᠰᠡᠷᠭᠡᠶᠢᠯᠡᠬᠦ ᠠᠵᠢᠯ᠂ ᠲᠡᠭᠦᠨ ᠲᠠᠢ | ᠬᠤᠯᠪᠣᠭ᠎ᠠ ᠲᠠᠢ ᠪᠣᠯᠪᠠᠰᠤᠷᠠᠯ ᠤᠨ ᠠᠩᠭᠢ ᠪᠣᠯᠣᠨ ᠲᠧᠭᠨᠢᠭ ᠮᠡᠷᠭᠡᠵᠢᠯ ᠤᠨ ᠠᠵᠢᠯ ᠢ ᠬᠠᠷᠢᠭᠤᠴᠠᠬᠤ ᠬᠡᠷᠡᠭᠲᠡᠢ᠃ | ᠵᠢᠷᠭᠤᠳᠤᠭᠠᠷ ᠵᠦᠢᠯ ᠰᠤᠮᠤ ᠪᠠᠯᠭᠠᠰᠤᠨ ᠤ ᠮᠠᠯ ᠡᠮᠴᠢᠯᠡᠭᠡᠨ ᠤ ᠭᠠᠵᠠᠷ ︵ᠠᠮᠢᠲᠠᠨ ᠤ ᠡᠷᠡᠭᠦᠯ ᠬᠠᠮᠠᠭᠠᠯᠠᠯ ᠤᠨ | ᠬᠢᠨᠠᠯᠲᠠ ᠶᠢᠨ ᠰᠠᠯᠪᠤᠷᠢ︶ ᠪᠣᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠮᠠᠯ ᠡᠮᠴᠢᠯᠡᠭᠡᠨ ᠤ | ᠬᠠᠮᠢᠶᠠᠷᠤᠯᠲᠠ ᠶᠢᠨ ᠭᠠᠵᠠᠷ ᠠᠴᠠ ᠲᠣᠮᠢᠯᠠᠭᠰᠠᠨ ᠪᠠᠶᠢᠭᠤᠯᠤᠮᠵᠢ ᠪᠣᠯᠣᠨ᠎ᠠ᠃ ᠥᠪᠡᠷ ᠤᠨ ᠬᠠᠷᠢᠶᠠᠯᠠᠯ ᠳᠠᠬᠢ ᠠᠮᠢᠲᠠᠨ ᠤ | ᠬᠢᠵᠢᠭ ᠪᠣᠯᠣᠨ ᠠᠮᠢᠲᠠᠨ ᠤ ᠡᠷᠡᠭᠦᠯ ᠬᠠᠮᠠᠭᠠᠯᠠᠯ ᠤᠨ ᠠᠵᠢᠯ ᠢ ᠳᠠᠭᠠᠭᠠᠴᠢᠯᠠᠨ ᠬᠢᠵᠦ ᠬᠢᠨᠠᠯᠲᠠ ᠲᠠᠯᠪᠢᠬᠤ ᠡᠭᠦᠷᠭᠡ ᠲᠠᠢ᠃ | ᠳᠣᠯᠣᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠠᠵᠢᠯ ᠳᠤ ᠱᠠᠭᠠᠷᠳᠠᠭᠳᠠᠬᠤ ᠱᠠᠭᠠᠷᠳᠠᠯᠭ᠎ᠠ ᠶᠢᠨ ᠳᠠᠭᠠᠤ ᠭᠠᠴᠠᠭ᠎ᠠ ᠲᠣᠰᠬᠤᠨ ᠳᠤ | ᠠᠮᠢᠲᠠᠨ ᠤ ᠬᠢᠵᠢᠭ ᠠᠴᠠ ᠰᠡᠷᠭᠡᠶᠢᠯᠡᠬᠦ ᠠᠵᠢᠯ ᠤᠨ ᠥᠷᠥᠭᠡ ᠶᠢ ᠪᠠᠶᠢᠭᠤᠯᠵᠤ᠂ ᠠᠵᠢᠯᠲᠠᠨ ᠲᠣᠬᠢᠷᠠᠭᠤᠯᠵᠤ᠂ ᠠᠮᠢᠲᠠᠨ ᠤ | ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠢ᠃ | ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠯᠪᠣᠭ᠎ᠠ ᠪᠦᠬᠦᠢ ᠰᠠᠯᠠᠭ᠎ᠠ | ᠮᠥᠴᠢᠷ᠂ ᠰᠣᠨᠢᠨ ᠮᠡᠳᠡᠭᠡᠨ ᠤ ᠬᠢᠨ ᠠᠮᠢᠲᠠᠨ ᠤ ᠬᠢᠵᠢᠭ ᠲᠠᠬᠤᠯ ᠠᠴᠠ ᠰᠡᠷᠭᠡᠶᠢᠯᠡᠬᠦ ᠬᠠᠤᠯᠢ ᠲᠣᠭᠲᠠᠭᠠᠮᠵᠢ ᠬᠢᠭᠡᠳ | ᠠᠮᠢᠲᠠᠨ ᠤ ᠬᠢᠵᠢᠭ ᠤᠨ ᠬᠠᠮᠢᠶᠠᠲᠠᠢ ᠮᠡᠳᠡᠯᠭᠡ᠂ ᠤᠬᠠᠭᠤᠯᠭ᠎ᠠ ᠶᠢ ᠰᠠᠶᠢᠲᠤᠷ ᠬᠢᠵᠦ ᠠᠷᠠᠳ ᠢᠷᠭᠡᠳ ᠤᠨ ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠮᠡᠳᠡᠯᠭᠡ ᠪᠣᠯᠣᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠬᠤᠶᠠᠳᠤᠭᠠᠷ ᠪᠦᠯᠦᠭ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ | ᠶᠢᠰᠦᠳᠦᠭᠡᠷ ᠵᠦᠢᠯ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠠᠯ ᠡᠮᠨᠡᠯᠭᠡ ᠶᠢᠨ ᠭᠤᠣᠯ ᠪᠣᠯᠬᠤ | ᠰᠠᠯᠠᠭ᠎ᠠ ᠮᠥᠴᠢᠷ ᠠᠴᠠ ᠤᠯᠤᠰ ᠤᠨ ᠠᠮᠢᠲᠠᠨ ᠤ ᠲᠠᠷᠬᠠᠯᠠᠭ᠎ᠠ ᠠᠴᠠ ᠰᠡᠷᠭᠡᠶᠢᠯᠡᠬᠦ ᠬᠥᠲᠥᠯᠪᠦᠷᠢ ᠶᠢᠨ ᠳᠠᠭᠠᠤ ᠥᠪᠡᠷᠳᠡᠭᠡᠨ | ᠵᠠᠰᠠᠬᠤ ᠤᠷᠤᠨ ᠤ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ ᠥᠪᠡᠷᠳᠡᠭᠡᠨ | ᠵᠠᠰᠠᠬᠤ ᠤᠷᠤᠨ ᠤ ᠬᠠᠷᠢᠶ᠎ᠠ ᠳᠤ ᠪᠠᠭᠲᠠᠬᠤ ᠠᠮᠢᠲᠠᠨ ᠤ ᠬᠢᠵᠢᠭ ᠲᠠᠬᠤᠯ ᠤᠨ ᠲᠠᠷᠬᠠᠯᠲᠠ ᠶᠢᠨ ᠪᠠᠶᠢᠳᠠᠯ᠂ ᠬᠦᠴᠦᠲᠡᠢ ᠠᠷᠭ᠎ᠠ | ᠬᠡᠮᠵᠢᠶ᠎ᠡ ᠠᠪᠬᠤ ᠵᠣᠬᠢᠰᠲᠠᠢ ᠠᠮᠢᠲᠠᠨ ᠤ ᠬᠢᠵᠢᠭ ᠲᠠᠬᠤᠯ ᠤᠨ ᠲᠥᠷᠥᠯ ᠵᠦᠢᠯ᠂ ᠭᠠᠵᠠᠷ ᠣᠷᠣᠨ ᠢ ᠡᠷᠬᠡᠪᠰᠢ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠬᠤᠶᠢᠨ᠎ᠠ ᠭᠦᠢᠴᠡᠳᠬᠡᠬᠦ ᠶᠢᠨ | ᠳᠠᠭᠠᠤ ᠤᠯᠤᠰ ᠤᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠭᠠᠵᠠᠷ ᠲᠤ ᠪᠦᠷᠢᠳᠬᠡᠭᠦᠯᠬᠦ | ᠬᠡᠷᠡᠭᠲᠡᠢ᠃ | ᠠᠷᠪᠠᠳᠤᠭᠠᠷ ᠵᠦᠢᠯ ᠠᠶᠢᠮᠠᠭ ᠤᠨ ᠵᠠᠰᠠᠭ ᠵᠠᠬᠢᠷᠭ᠎ᠠ᠂ ᠬᠤᠲᠠ ᠪᠣᠯᠣᠨ ᠬᠤᠰᠢᠭᠤ ᠰᠢᠶᠠᠨ ᠤ ᠠᠷᠠᠳ ᠤᠨ | ᠵᠠᠰᠠᠭ ᠤᠨ ᠣᠷᠳᠣᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠭᠠᠵᠠᠷ ᠠᠴᠠ ᠠᠮᠢᠲᠠᠨ ᠤ ᠲᠠᠷᠬᠠᠯᠠᠭ᠎ᠠ ᠠᠴᠠ ᠤᠷᠢᠳᠴᠢᠯᠠᠨ | ᠰᠡᠷᠭᠡᠶᠢᠯᠡᠬᠦ ᠠᠵᠢᠯ ᠤᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠪᠡᠶᠡᠯᠡᠭᠦᠯᠬᠦ ᠬᠡᠷᠡᠭᠲᠡᠢ᠃ ᠰᠤᠮᠤ᠂ ᠰᠢᠶᠠᠩ᠂ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠥᠪᠡᠷ ᠤᠨ ᠬᠠᠷᠢᠶ᠎ᠠ | ᠭᠠᠵᠠᠷ ᠲᠤ ᠪᠠᠶᠢᠭ᠎ᠠ ᠠᠮᠢᠲᠠᠨ ᠲᠡᠵᠢᠭᠡᠭᠴᠢ ᠪᠠᠶᠢᠭᠤᠯᠭ᠎ᠠ ᠨᠢᠭᠡᠴᠢ᠂ ᠬᠤᠪᠢ ᠬᠥᠮᠥᠨ ᠤ ᠠᠮᠢᠲᠠᠨ ᠤ ᠲᠠᠷᠬᠠᠯᠠᠭ᠎ᠠ ᠠᠴᠠ | ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠮᠢᠲᠠᠨ ᠲᠡᠵᠢᠭᠡᠬᠦ ᠪᠤᠶᠤ ᠡᠵᠡᠩᠨᠡᠯᠲᠡ ᠶᠢᠨ ᠴᠢᠨᠠᠷᠲᠠᠢ | ᠠᠮᠢᠲᠠᠨ ᠲᠡᠵᠢᠭᠡᠭᠴᠢ ᠪᠠᠶᠢᠭᠤᠯᠭ᠎ᠠ ᠨᠢᠭᠡᠴᠢ᠂ ᠬᠤᠪᠢ ᠬᠥᠮᠥᠨ ᠬᠠᠤᠯᠢ ᠶᠣᠰᠣ ᠪᠠᠷ ᠠᠮᠢᠲᠠᠨ ᠤ ᠬᠢᠵᠢᠭ ᠲᠠᠷᠬᠠᠯᠠᠭ᠎ᠠ ᠠᠴᠠ | ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠡᠭᠦᠷᠭᠡ ᠬᠠᠷᠢᠭᠤᠴᠠᠯᠭ᠎ᠠ ᠬᠦᠯᠢᠶᠡᠨ᠎ᠡ᠃ | ᠠᠷᠪᠠᠨ ᠨᠢᠭᠡᠳᠦᠭᠡᠷ ᠵᠦᠢᠯ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠠᠯ ᠡᠮᠨᠡᠯᠭᠡ ᠶᠢᠨ ᠭᠤᠣᠯ | ᠪᠣᠯᠬᠤ ᠡᠷᠬᠡ ᠪᠦᠬᠦᠢ ᠪᠠᠶᠢᠭᠤᠯᠭ᠎ᠠ ᠨᠢ ᠬᠠᠷᠢᠶᠠᠲᠤ ᠨᠤᠲᠤᠭ ᠤᠨ ᠢᠶᠠᠨ ᠠᠮᠢᠲᠠᠨ ᠤ ᠡᠪᠡᠳᠴᠢᠨ ᠤ ᠲᠠᠩᠳᠠᠯᠲᠠ᠂ ᠲᠠᠷᠬᠠᠯᠠᠭ᠎ᠠ | ᠰᠤᠳᠤᠯᠤᠯ ᠤᠨ ᠲᠥᠯᠥᠪᠯᠡᠭᠡ ᠶᠢ ᠪᠣᠯᠪᠠᠰᠤᠷᠠᠭᠤᠯᠤᠨ᠎ᠠ᠃ ᠠᠶᠢᠮᠠᠭ ᠤᠨ ᠵᠠᠰᠠᠭ ᠵᠠᠬᠢᠷᠭ᠎ᠠ᠂ ᠬᠤᠲᠠ ᠪᠣᠯᠣᠨ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠭᠠᠵᠠᠷ ᠠᠴᠠ ᠪᠦᠰᠡ | ᠨᠤᠲᠤᠭ ᠤᠨ ᠢᠶᠠᠨ ᠠᠮᠢᠲᠠᠨ ᠤ ᠡᠪᠡᠳᠴᠢᠨ ᠤ ᠲᠠᠩᠳᠠᠯᠲᠠ᠂ ᠲᠠᠷᠬᠠᠯᠠᠭ᠎ᠠ ᠰᠤᠳᠤᠯᠤᠯ ᠤᠨ ᠲᠥᠯᠥᠪᠯᠡᠭᠡ ᠶᠢ | ᠪᠣᠯᠪᠠᠰᠤᠷᠠᠭᠤᠯᠤᠨ᠎ᠠ᠃ ᠬᠤᠰᠢᠭᠤ ᠱᠠᠲᠤᠨ ᠠᠴᠠ ᠳᠡᠭᠡᠭᠰᠢᠬᠢ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠠᠯᠪᠠᠨ ᠤ ᠬᠢᠨ ᠲᠥᠯᠥᠪᠯᠡᠭᠡᠨ ᠤ ᠳᠠᠭᠠᠤ ᠬᠢᠵᠢᠭ ᠤᠨ ᠢᠯᠡᠷᠡᠯ᠂ ᠲᠠᠷᠬᠠᠯᠲᠠ᠂ ᠲᠠᠷᠬᠠᠯᠠᠭ᠎ᠠ ᠶᠢᠨ ᠨᠥᠯᠥᠭᠡ ᠵᠡᠷᠭᠡ ᠪᠠᠶᠢᠳᠠᠯ ᠢ | ᠬᠢᠨᠠᠨ ᠰᠢᠯᠭᠠᠵᠤ᠂ ᠡᠭᠦᠨ ᠤ ᠳᠠᠭᠠᠤ ᠬᠢᠭᠰᠡᠨ ᠮᠡᠳᠡᠭᠡᠯᠡᠯ ᠢ ᠳᠡᠭᠡᠭᠰᠢ ᠮᠡᠳᠡᠭᠦᠯᠬᠦ ᠶᠢᠨ ᠬᠠᠮᠲᠤ ᠠᠳᠠᠯᠢ ᠳᠡᠰ ᠤᠨ ᠮᠠᠯ | ᠡᠮᠨᠡᠯᠭᠡ ᠶᠢᠨ ᠠᠯᠪᠠᠨ ᠳᠤ ᠮᠡᠳᠡᠭᠳᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠬᠤᠰᠢᠭᠤ ᠱᠠᠲᠤᠨ ᠤ ᠪᠣᠯᠣᠨ ᠲᠡᠭᠦᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢ ᠵᠣᠬᠢᠶᠠᠨ ᠪᠠᠶᠢᠭᠤᠯᠵᠤ᠂ ᠬᠥᠮᠥᠨ ᠠᠮᠢᠲᠠᠨ ᠳᠤ ᠨᠡᠶᠢᠲᠡ ᠪᠠᠷ | ᠬᠠᠯᠳᠠᠪᠤᠷᠢᠯᠠᠬᠤ ᠬᠢᠵᠢᠭ ᠲᠠᠬᠤᠯ ᠢ ᠤᠷᠢᠳᠴᠢᠯᠠᠨ ᠰᠡᠷᠭᠡᠶᠢᠯᠡᠬᠦ ᠪᠠᠶᠢᠭᠤᠯᠤᠮᠵᠢ ᠶᠢ ᠪᠤᠢ ᠪᠣᠯᠭᠠᠵᠤ᠂ ᠤᠷᠢᠳᠴᠢᠯᠠᠨ | ᠰᠡᠷᠭᠡᠶᠢᠯᠡᠬᠦ ᠲᠥᠯᠥᠪᠯᠡᠭᠡ ᠶᠢ ᠪᠣᠯᠪᠠᠰᠤᠷᠠᠭᠤᠯᠬᠤ ᠶᠢᠨ ᠳᠠᠭᠠᠤ ᠰᠡᠵᠢᠭ ᠲᠠᠢ ᠠᠮᠢᠲᠠᠨ ᠪᠤᠶᠤ ᠬᠥᠮᠥᠨ ᠳᠤ ᠪᠠᠶᠢᠴᠠᠭᠠᠯᠲᠠ | ᠬᠢᠵᠦ ᠬᠤᠯᠪᠣᠭᠳᠠᠬᠤ ᠮᠡᠳᠡᠭᠡᠯᠡᠯ ᠢ ᠴᠠᠭ ᠲᠤᠬᠠᠢ ᠳᠤ ᠨᠢ ᠨᠡᠶᠢᠲᠡᠯᠡᠵᠦ᠂ ᠥᠪᠡᠷ ᠤᠨ ᠠᠵᠢᠯ ᠤᠨ ᠪᠠᠶᠢᠷᠢ ᠶᠢᠨ | ᠬᠠᠷᠢᠭᠤᠴᠠᠯᠭ᠎ᠠ ᠪᠠᠨ ᠪᠡᠶᠡᠯᠡᠭᠦᠯᠵᠦ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠨ ᠬᠢᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠮᠠᠯ ᠲᠡᠵᠢᠭᠡᠪᠦᠷᠢ ᠶᠢᠨ ᠠᠵᠤ ᠠᠬᠤᠢ ︵ᠹᠧᠷᠮ ᠤᠨ ᠲᠠᠯᠠᠪᠤᠷ︶᠂ ᠮᠠᠯ | ᠲᠡᠵᠢᠭᠡᠪᠦᠷᠢ ᠶᠢᠨ ᠬᠠᠪᠰᠤᠷᠤᠨ ᠬᠤᠷᠰᠢᠶᠠᠯᠠᠯ ᠵᠡᠷᠭᠡ ᠮᠠᠯ ᠲᠡᠵᠢᠭᠡᠪᠦᠷᠢ ᠶᠢᠨ ᠪᠠᠶᠢᠭᠤᠯᠭ᠎ᠠ ᠨᠢᠭᠡᠴᠢ ᠡᠷᠬᠡᠪᠰᠢ ᠲᠣᠬᠢᠷᠠᠮᠵᠢᠲᠠᠢ | ᠪᠡᠯᠡᠳᠬᠡᠯ ᠲᠦᠬᠦᠭᠡᠷᠦᠮᠵᠢ ᠪᠣᠯᠣᠨ ᠮᠠᠯ ᠡᠮᠨᠡᠯᠭᠡ ᠶᠢᠨ ᠲᠤᠰᠬᠠᠢ ᠮᠡᠷᠭᠡᠵᠢᠯᠲᠡᠨ ᠲᠣᠬᠢᠷᠠᠭᠤᠯᠬᠤ ᠬᠡᠷᠡᠭᠲᠡᠢ᠃ ᠤᠯᠤᠰ ᠤᠨ | ᠪᠣᠯᠣᠨ ᠲᠤᠰ ᠳᠦᠷᠢᠮ ᠤᠨ ᠳᠠᠭᠠᠤ ᠠᠮᠢᠲᠠᠨ ᠤ ᠬᠢᠵᠢᠭ ᠲᠠᠬᠤᠯ ᠢ ᠤᠷᠢᠳᠴᠢᠯᠠᠨ ᠰᠡᠷᠭᠡᠶᠢᠯᠡᠬᠦ᠂ ᠠᠷᠢᠭᠤᠳᠬᠠᠬᠤ᠂ | ᠲᠤᠰᠠᠭᠠᠷᠯᠠᠬᠤ᠂ ᠬᠢᠵᠢᠭ ᠤᠨ ᠪᠠᠶᠢᠴᠠᠭᠠᠯᠲᠠ ᠬᠢᠬᠦ᠂ ᠲᠠᠶᠢᠯᠤᠩᠨᠠᠬᠤ᠂ ᠤᠷᠢᠳᠴᠢᠯᠠᠨ ᠰᠡᠷᠭᠡᠶᠢᠯᠡᠬᠦ ᠠᠵᠢᠯ ᠤᠨ ᠲᠡᠮᠳᠡᠭᠯᠡᠯ | ᠵᠡᠷᠭᠡ ᠠᠵᠢᠯ ᠢ ᠰᠠᠶᠢᠨ ᠬᠢᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠮᠠᠯ ᠡᠮᠨᠡᠯᠭᠡ ᠶᠢᠨ | ᠭᠤᠣᠯᠳᠠᠯᠭ᠎ᠠ ᠲᠠᠢ ᠪᠠᠶᠢᠭᠤᠯᠭ᠎ᠠ ᠨᠢᠭᠡᠴᠢ ᠲᠣᠬᠢᠷᠠᠮᠵᠢᠲᠠᠢ ᠪᠠᠶᠢᠷᠢᠯᠠᠭᠤᠯᠤᠯ ᠬᠢᠵᠦ᠂ ᠬᠢᠵᠢᠭ ᠲᠠᠬᠤᠯ ᠠᠴᠠ ᠤᠷᠢᠳᠴᠢᠯᠠᠭᠰᠠᠨ | ᠰᠡᠷᠭᠡᠶᠢᠯᠡᠯᠲᠡ ᠬᠢᠬᠦ ᠳᠤ ᠳᠥᠭᠦᠮ ᠪᠠᠶᠢᠯᠭᠠᠬᠤ ᠵᠠᠷᠴᠢᠮ ᠤᠨ ᠳᠠᠭᠠᠤ ᠭᠠᠯᠵᠠᠭᠤ ᠡᠪᠡᠳᠴᠢᠨ ᠤ ᠲᠠᠷᠬᠠᠯᠠᠵᠢᠭᠤᠯᠤᠯᠲᠠ ᠠᠴᠠ | ᠤᠷᠢᠳᠴᠢᠯᠠᠨ ᠰᠡᠷᠭᠡᠶᠢᠯᠡᠬᠦ ᠴᠡᠭ ᠢ ᠪᠠᠶᠢᠭᠤᠯᠪᠠᠯ ᠵᠣᠬᠢᠨ᠎ᠠ᠃ ᠨᠣᠬᠠᠢ ᠶᠢᠨ ᠲᠥᠷᠥᠯ ᠤᠨ ᠠᠮᠢᠲᠠᠨ ᠲᠡᠵᠢᠭᠡᠭᠴᠢ ᠥᠪᠡᠷ ᠤᠨ | ᠲᠡᠵᠢᠭᠡᠵᠦ ᠪᠠᠶᠢᠭ᠎ᠠ ᠠᠮᠢᠲᠠᠨ ᠳᠠᠭᠠᠨ ᠬᠢᠵᠢᠭ ᠤᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠵᠦ᠂ ᠰᠢᠮᠡᠭᠴᠢ ᠬᠤᠷᠣᠬᠠᠢ᠂ | ᠢᠯᠭᠠᠳᠠᠰᠤ ᠵᠡᠷᠭᠡ ᠶᠢ ᠵᠣᠬᠢᠰᠲᠠᠢ ᠰᠢᠢᠳᠪᠦᠷᠢᠯᠡᠬᠦ ᠵᠡᠷᠭᠡ ᠲᠠᠯ᠎ᠠ ᠪᠠᠷ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠠᠷᠭ᠎ᠠ ᠬᠡᠮᠵᠢᠶ᠎ᠡ ᠠᠪᠤᠪᠠᠯ ᠵᠣᠬᠢᠨ᠎ᠠ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠨᠢ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠨᠢᠭᠲᠠᠴᠠ | ᠪᠣᠯᠣᠨ ᠴᠢᠨᠠᠷ ᠤᠨ ᠦᠨᠡᠯᠡᠭᠡᠨ ᠤ ᠲᠣᠭᠲᠠᠯᠴᠠᠭ᠎ᠠ ᠶᠢ ᠪᠤᠢ ᠪᠣᠯᠭᠠᠬᠤ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠨᠢᠭᠲᠠᠴᠠ | ᠪᠣᠯᠣᠨ ᠤᠷᠢᠳᠴᠢᠯᠠᠨ ᠰᠡᠷᠭᠡᠶᠢᠯᠡᠬᠦ ᠴᠢᠨᠠᠷ ᠨᠢ ᠪᠠᠷᠢᠮᠵᠢᠶ᠎ᠠ ᠳᠤ ᠨᠡᠶᠢᠴᠡᠬᠦ ᠦᠭᠡᠢ ᠪᠣᠯ ᠬᠤᠯᠪᠣᠭᠳᠠᠯ ᠪᠦᠬᠦᠢ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ ᠬᠢᠭᠡᠳ ᠮᠠᠯ ᠡᠮᠨᠡᠯᠭᠡ ᠶᠢᠨ ᠭᠤᠣᠯ ᠪᠣᠯᠬᠤ ᠬᠠᠮᠢᠶᠠᠷᠤᠯᠲᠠ ᠶᠢᠨ ᠠᠯᠪᠠᠨ ᠪᠤᠶᠤ | ᠰᠤᠮᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠬᠠᠷᠢᠭᠤᠴᠠᠯᠭ᠎ᠠ ᠶᠢᠨ ᠳᠠᠭᠠᠤ ᠵᠠᠯᠠᠷᠠᠭᠤᠯᠬᠤ ᠠᠷᠭ᠎ᠠ ᠬᠡᠮᠵᠢᠶ᠎ᠡ ᠵᠣᠬᠢᠶᠠᠨ ᠪᠠᠶᠢᠭᠤᠯᠵᠤ᠂ ᠠᠮᠢᠲᠠᠨ ᠠᠰᠠᠷᠠᠨ ᠲᠡᠵᠢᠭᠡᠬᠦ | ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠢ ᠱᠠᠭᠠᠷᠳᠠᠵᠤ᠂ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠵᠢᠯ | ᠲᠥᠷᠥᠯ ᠢ ᠳᠠᠬᠢᠨᠲᠠ ᠰᠢᠨ᠎ᠡ ᠪᠠᠷ ᠬᠢᠬᠦ ᠪᠤᠶᠤ ᠨᠥᠬᠦᠨ ᠬᠢᠬᠦ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠬᠠᠮᠢᠶᠠᠷᠤᠯᠲᠠ ᠶᠢᠨ ᠠᠯᠪᠠᠨ ᠨᠢ ᠮᠠᠯ ᠠᠵᠤ ᠠᠬᠤᠢ᠂ ᠰᠢᠪᠠᠭᠤᠨ ᠤ ᠠᠵᠤ ᠠᠬᠤᠢ ᠶᠢᠨ ᠲᠣᠳᠣᠷᠬᠠᠶᠢᠯᠠᠯᠲᠠ | ᠪᠣᠯᠣᠨ ᠠᠷᠠᠴᠢᠯᠠᠨ ᠲᠡᠵᠢᠭᠡᠬᠦ ᠭᠠᠵᠠᠷ ᠤᠨ ᠳᠠᠩᠰᠠ ᠡᠪᠬᠡᠮᠡᠯ ᠢ ᠪᠣᠯᠪᠠᠰᠤᠷᠠᠩᠭᠤᠢ ᠪᠣᠯᠭᠠᠵᠤ᠂ ᠮᠡᠳᠡᠭᠡᠯᠡᠯ ᠴᠤᠭᠯᠠᠭᠤᠯᠬᠤ᠂ | ᠳᠠᠮᠵᠢᠭᠤᠯᠬᠤ᠂ ᠮᠡᠳᠡᠭᠡᠯᠡᠯ ᠤᠨ ᠰᠢᠨᠵᠢᠯᠡᠭᠡ᠂ ᠪᠤᠰᠤᠳ ᠬᠤᠯᠪᠣᠭᠳᠠᠬᠤ ᠲᠣᠨᠤᠭ ᠲᠦᠬᠦᠭᠡᠷᠦᠮᠵᠢ ᠶᠢ ᠰᠠᠶᠢᠵᠢᠷᠠᠭᠤᠯᠵᠤ | ᠠᠮᠢᠲᠠᠨ ᠪᠣᠯᠣᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠨᠡᠬᠡᠮᠵᠢᠯᠡᠨ ᠬᠠᠮᠢᠶᠠᠷᠴᠤ ᠴᠢᠳᠠᠬᠤᠶᠢᠴᠠ ᠪᠣᠯᠭᠠᠬᠤ ᠬᠡᠷᠡᠭᠲᠡᠢ᠃ | ᠠᠮᠢᠲᠠᠨ ᠤ ᠠᠵᠤ ᠠᠬᠤᠢ ᠡᠷᠬᠢᠯᠡᠵᠦ ᠪᠤᠢ ᠨᠢᠭᠡᠴᠢ᠂ ᠬᠤᠪᠢ ᠬᠥᠮᠥᠰ ᠨᠢ ᠲᠥᠷᠥ ᠶᠢᠨ ᠬᠤᠯᠪᠣᠭᠳᠠᠬᠤ ᠵᠢᠷᠤᠮ ᠤᠨ ᠳᠠᠭᠠᠤ | ᠳᠦᠷᠢᠮᠵᠢᠯ ᠪᠦᠬᠦᠢ ᠠᠷᠠᠴᠢᠯᠠᠨ ᠲᠡᠵᠢᠭᠡᠬᠦ ᠳᠠᠩᠰᠠ ᠡᠪᠬᠡᠮᠡᠯ ᠢ ᠪᠤᠢ ᠪᠣᠯᠭᠠᠵᠤ ᠲᠡᠵᠢᠭᠡᠵᠦ ᠪᠦᠬᠦᠢ ᠠᠮᠢᠲᠠᠨ ᠳᠤ ᠠᠮᠢᠲᠠᠨ | ᠪᠣᠯᠣᠨ ᠰᠢᠪᠠᠭᠤᠨ ᠤ ᠲᠥᠷᠥᠯ ᠤᠨ ᠲᠣᠳᠣᠷᠬᠠᠶᠢᠯᠠᠯᠲᠠ ᠶᠢ ᠨᠡᠮᠡᠵᠦ ᠬᠢᠬᠦ ᠬᠡᠷᠡᠭᠲᠡᠢ᠃ | ᠠᠷᠪᠠᠨ ᠳᠣᠯᠣᠳᠤᠭᠠᠷ ᠵᠦᠢᠯ ᠶᠠᠮᠠᠷ ᠨᠢᠭᠡᠨ ᠠᠵᠤ ᠠᠬᠤᠢ ᠶᠢᠨ ᠨᠢᠭᠡᠴᠢ᠂ ᠬᠤᠪᠢ ᠬᠥᠮᠥᠨ ᠠᠮᠢᠲᠠᠨ ᠪᠣᠯᠣᠨ | ᠰᠢᠪᠠᠭᠤᠨ ᠤ ᠲᠥᠷᠥᠯ ᠤᠨ ᠠᠵᠤ ᠠᠬᠤᠢ ᠶᠢᠨ ᠢᠯᠭᠠᠮᠵᠢ ᠲᠣᠳᠣᠷᠬᠠᠶᠢᠯᠠᠯᠲᠠ ᠶᠢ ᠬᠢᠬᠦ ᠵᠣᠬᠢᠰᠲᠠᠢ ᠪᠣᠯᠪᠠᠴᠤ ᠬᠢᠭᠰᠡᠨ ᠦᠭᠡᠢ | ᠲᠣᠬᠢᠶᠠᠯᠳᠤᠯ ᠳᠤ ᠲᠡᠭᠦᠨ ᠢ ᠪᠣᠷᠣᠯᠠᠭᠤᠯᠬᠤ᠂ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠠᠯᠠᠨ ᠨᠢᠲᠤᠯᠵᠤ ᠪᠣᠯᠬᠤ ᠦᠭᠡᠢ᠃ | ᠬᠢᠵᠢᠭ ᠲᠠᠬᠤᠯ ᠤᠨ ᠬᠢᠷᠢ ᠳᠤ ᠨᠡᠶᠢᠴᠡᠭᠰᠡᠨ ᠭᠡᠷᠡᠴᠢᠯᠡᠭᠡ ᠦᠭᠡᠢ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠡᠵᠡᠩᠨᠡᠬᠦ | ᠪᠤᠶᠤ ᠵᠥᠭᠡᠭᠡᠪᠦᠷᠢᠯᠡᠵᠦ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠮᠢᠲᠠᠨ ᠤ ᠬᠢᠵᠢᠭ ᠲᠠᠬᠤᠯ ᠳᠤ ᠪᠦᠰᠡᠴᠢᠯᠡᠭᠰᠡᠨ | ᠬᠠᠮᠢᠶᠠᠷᠤᠯᠲᠠ ᠬᠢᠬᠦ ᠬᠡᠷᠡᠭᠲᠡᠢ᠃ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠥᠪᠡᠷ ᠤᠨ | ᠵᠠᠬᠢᠷᠭᠠᠨ ᠤ ᠣᠷᠣᠨ ᠳᠠᠭᠠᠨ ᠠᠮᠢᠲᠠᠨ ᠤ ᠬᠢᠵᠢᠭ ᠲᠠᠬᠤᠯ ᠤᠨ ᠪᠦᠰᠡᠴᠢᠯᠡᠭᠰᠡᠨ ᠬᠠᠮᠢᠶᠠᠷᠤᠯᠲᠠ ᠬᠢᠬᠦ ᠲᠥᠯᠥᠪᠯᠡᠭᠡ ᠪᠣᠯᠣᠨ | ᠲᠥᠰᠥᠯ ᠪᠣᠯᠪᠠᠰᠤᠷᠠᠭᠤᠯᠵᠤ᠂ ᠠᠮᠢᠳᠤ ᠪᠣᠳᠠᠰ ᠤᠨ ᠠᠶᠤᠯ ᠦᠭᠡᠢ ᠪᠠᠶᠢᠳᠠᠯ ᠤᠨ ᠲᠤᠰᠠᠭᠠᠷᠯᠠᠬᠤ ᠪᠦᠰᠡ ᠪᠣᠯᠣᠨ ᠠᠮᠢᠲᠠᠨ ᠤ | ᠲᠣᠳᠣᠷᠬᠠᠢ ᠦᠭᠡᠢ ᠡᠪᠡᠳᠴᠢᠨ ᠤ ᠣᠷᠣᠨ ᠢ ᠠᠯᠭᠤᠷ ᠢᠶᠠᠷ ᠪᠤᠢ ᠪᠣᠯᠭᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠮᠢᠲᠠᠨ ᠤ | ᠬᠠᠯᠳᠠᠪᠤᠷᠢᠲᠤ ᠡᠪᠡᠳᠴᠢᠨ ᠤ ᠣᠨᠴᠠᠭᠠᠢ ᠪᠠᠶᠢᠳᠠᠯ ᠤᠨ ᠲᠥᠪ ᠢ ᠪᠠᠶᠢᠭᠤᠯᠵᠤ᠂ ᠠᠮᠢᠲᠠᠨ ᠤ ᠬᠢᠵᠢᠭ ᠲᠠᠬᠤᠯ ᠤᠨ ᠣᠨᠴᠠᠭᠠᠢ | ᠪᠠᠶᠢᠳᠠᠯ ᠢ ᠨᠢᠭᠡᠳᠦᠯᠲᠡᠢ ᠵᠢᠯᠣᠭᠤᠳᠬᠤ ᠬᠡᠷᠡᠭᠲᠡᠢ᠃ ᠣᠨᠴᠠᠭᠠᠢ ᠪᠠᠶᠢᠳᠠᠯ ᠤᠨ ᠲᠥᠪ ᠤᠨ ᠠᠯᠪᠠᠨ ᠪᠠᠶᠢᠭᠤᠯᠤᠮᠵᠢ ᠶᠢ ᠲᠤᠰ | ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠲᠣᠭᠲᠠᠭᠠᠵᠤ᠂ | ᠠᠮᠢᠲᠠᠨ ᠤ ᠬᠢᠵᠢᠭ ᠲᠠᠬᠤᠯ ᠤᠨ ᠣᠨᠴᠠᠭᠠᠢ ᠪᠠᠶᠢᠳᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠬᠤᠷᠢᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠵᠠᠬᠢᠷᠭᠠᠨ ᠤ | ᠪᠦᠰᠡ ᠨᠤᠲᠤᠭ ᠲᠤ ᠪᠠᠶᠢᠭ᠎ᠠ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠤᠨ ᠣᠨᠴᠠᠭᠠᠢ ᠪᠠᠶᠢᠳᠠᠯ ᠤᠨ | ᠤᠷᠢᠳᠴᠢᠯᠠᠭᠰᠠᠨ ᠲᠥᠰᠥᠯ ᠢ ᠪᠣᠯᠪᠠᠰᠤᠷᠠᠭᠤᠯᠵᠤ᠂ ᠳᠡᠭᠡᠳᠦ ᠨᠢᠭᠡ ᠱᠠᠲᠤᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠤ ᠮᠡᠳᠡᠭᠦᠯᠦᠨ ᠲᠡᠮᠳᠡᠭᠯᠡᠭᠦᠯᠦᠨ᠎ᠡ᠃ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠮᠠᠯ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯᠢ ᠪᠤᠰᠤ ᠬᠢᠵᠢᠭ ᠲᠠᠬᠤᠯ ᠤᠨ ᠲᠥᠷᠥᠯ | ᠵᠦᠢᠯ ᠪᠣᠯᠣᠨ ᠲᠡᠭᠦᠨ ᠤ ᠲᠠᠷᠬᠠᠯᠠᠯᠲᠠ ᠶᠢᠨ ᠣᠨᠴᠠᠯᠢᠭ ᠪᠣᠯᠣᠨ ᠬᠤᠣᠷ ᠬᠥᠨᠥᠭᠡᠯ ᠤᠨ ᠬᠡᠮᠵᠢᠶ᠎ᠡ ᠵᠡᠷᠭᠡ ᠶᠢ ᠦᠨᠳᠦᠰᠦᠯᠡᠵᠦ | ᠬᠡᠷᠡᠭᠵᠢᠯᠲᠡ ᠶᠢᠨ ᠲᠥᠯᠥᠪᠯᠡᠭᠡ ᠶᠢ ᠲᠤᠰ ᠲᠤ ᠨᠢ ᠪᠣᠯᠪᠠᠰᠤᠷᠠᠭᠤᠯᠤᠨ᠎ᠠ᠃ ᠠᠮᠢᠲᠠᠨ ᠤ ᠬᠢᠵᠢᠭ ᠲᠠᠬᠤᠯ ᠤᠨ ᠣᠨᠴᠠᠭᠠᠢ | ᠪᠠᠶᠢᠳᠠᠯ ᠤᠨ ᠲᠥᠯᠥᠪᠯᠡᠭᠡ ᠪᠣᠯᠣᠨ ᠲᠡᠭᠦᠨ ᠢ ᠬᠡᠷᠡᠭᠵᠢᠭᠦᠯᠬᠦ ᠳᠡᠭᠡᠨ ᠬᠢᠵᠢᠭ ᠤᠨ ᠲᠠᠷᠬᠠᠯᠲᠠ ᠶᠢᠨ ᠪᠠᠶᠢᠳᠠᠯ ᠪᠣᠯᠣᠨ | ᠬᠡᠷᠡᠭᠵᠢᠯᠲᠡ ᠶᠢᠨ ᠶᠠᠪᠤᠴᠠ ᠶᠢ ᠦᠨᠳᠦᠰᠦᠯᠡᠵᠦ ᠴᠠᠭ ᠲᠤᠬᠠᠢ ᠳᠤ ᠨᠢ ᠥᠭᠡᠷᠡᠴᠢᠯᠡᠵᠦ ᠰᠠᠶᠢᠵᠢᠷᠠᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠦᠨᠳᠦ | ᠨᠣᠴᠢᠲᠠᠢ ᠠᠮᠢᠲᠠᠨ ᠤ ᠬᠢᠵᠢᠭ ᠲᠠᠬᠤᠯ ᠢ ᠪᠠᠴᠢᠮ ᠠᠷᠭᠠᠴᠠᠭᠠᠬᠤ ᠱᠠᠭᠠᠷᠳᠠᠯᠭ᠎ᠠ ᠶᠢ ᠦᠨᠳᠦᠰᠦᠯᠡᠵᠦ᠂ ᠤᠯᠤᠰ ᠤᠨ ᠳᠦᠷᠢᠮ | ᠲᠣᠭᠲᠠᠭᠠᠯ ᠤᠨ ᠳᠠᠭᠠᠤ ᠠᠮᠢᠲᠠᠨ ᠤ ᠬᠢᠵᠢᠭ ᠲᠠᠬᠤᠯ ᠤᠨ ᠮᠡᠷᠭᠡᠵᠢᠯᠲᠡᠨ ᠤ ᠳᠤᠭᠤᠶᠢᠯᠠᠩ ᠪᠣᠯᠣᠨ ᠪᠠᠴᠢᠮ ᠠᠷᠭᠠᠴᠠᠭᠠᠬᠤ | ᠪᠠᠭ ᠢ ᠪᠠᠶᠢᠭᠤᠯᠪᠠᠯ ᠵᠣᠬᠢᠨ᠎ᠠ᠃ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠢ ᠪᠠᠴᠢᠮ ᠠᠷᠭᠠᠴᠠᠭᠠᠬᠤ ᠪᠡᠯᠡᠳᠬᠡᠯ ᠬᠥᠮᠥᠨ ᠢ | ᠲᠣᠬᠢᠷᠠᠭᠤᠯᠪᠠᠯ ᠵᠣᠬᠢᠨ᠎ᠠ᠃ ᠪᠠᠴᠢᠮ ᠠᠷᠭᠠᠴᠠᠭᠠᠬᠤ ᠪᠠᠭ ᠪᠣᠯᠣᠨ ᠪᠡᠯᠡᠳᠬᠡᠯ ᠬᠥᠮᠥᠨ ᠢ ᠲᠣᠭᠲᠠᠭᠰᠠᠨ ᠬᠤᠭᠤᠴᠠᠭᠠᠨ ᠳᠤ | ᠮᠡᠷᠭᠡᠵᠢᠯ ᠳᠡᠭᠡᠭᠰᠢᠯᠡᠭᠦᠯᠬᠦ ᠪᠣᠯᠣᠨ ᠰᠣᠷᠢᠯᠭ᠎ᠠ ᠬᠢᠯᠭᠡᠪᠡᠯ ᠵᠣᠬᠢᠨ᠎ᠠ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ | ᠬᠤᠯᠪᠣᠭᠳᠠᠬᠤ ᠠᠯᠪᠠᠨ ᠪᠠᠶᠢᠭᠤᠯᠭ᠎ᠠ ᠨᠢ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠢ ᠪᠠᠴᠢᠮ ᠠᠷᠭᠠᠴᠠᠭᠠᠬᠤ ᠡᠳ᠋ | ᠪᠣᠳᠠᠰ ᠤᠨ ᠪᠡᠯᠡᠳᠬᠡᠯ ᠬᠠᠩᠭᠠᠮᠵᠢ ᠶᠢᠨ ᠲᠣᠭᠲᠠᠯᠴᠠᠭ᠎ᠠ ᠶᠢ ᠪᠤᠢ ᠪᠣᠯᠭᠠᠵᠤ᠂ ᠠᠮᠢᠲᠠᠨ ᠤ ᠬᠢᠵᠢᠭ ᠲᠠᠬᠤᠯ ᠤᠨ ᠬᠦᠨᠳᠦ | ᠨᠣᠴᠢᠲᠠᠢ ᠪᠠᠶᠢᠳᠠᠯ ᠢ ᠪᠠᠴᠢᠮ ᠠᠷᠭᠠᠴᠠᠭᠠᠬᠤ ᠤᠷᠢᠳᠴᠢᠯᠠᠭᠰᠠᠨ ᠲᠥᠰᠥᠯ ᠤᠨ ᠳᠠᠭᠠᠤ ᠡᠮᠴᠢᠯᠡᠭᠡᠨ ᠳᠤ ᠱᠠᠭᠠᠷᠳᠠᠭᠳᠠᠬᠤ | ᠮᠠᠲ᠋ᠧᠷᠢᠶᠠᠯ ᠤᠨ ᠨᠥᠭᠡᠴᠡ ᠶᠢ ᠬᠠᠩᠭᠠᠭᠰᠠᠨ ᠪᠠᠶᠢᠪᠠᠯ ᠵᠣᠬᠢᠨ᠎ᠠ᠃ | ᠬᠤᠷᠢᠨ ᠭᠤᠷᠪᠠᠳᠤᠭᠠᠷ ᠵᠦᠢᠯ ᠠᠮᠢᠲᠠᠨ ᠢ ᠠᠷᠠᠴᠢᠯᠠᠨ ᠲᠡᠵᠢᠭᠡᠬᠦ ᠲᠠᠯᠠᠪᠤᠷ ︵ᠠᠷᠠᠴᠢᠯᠠᠨ ᠦᠷᠡᠵᠢᠭᠦᠯᠬᠦ | ᠲᠣᠭᠤᠷᠢᠭ︶᠂ ᠠᠮᠢᠲᠠᠳ ᠤᠨ ᠲᠤᠰᠠᠭᠠᠷᠯᠠᠬᠤ ᠲᠠᠯᠠᠪᠤᠷ᠂ ᠠᠮᠢᠲᠠᠨ ᠤ ᠨᠢᠲᠤᠯᠭᠠᠨ ᠤ ᠭᠠᠵᠠᠷ ︵ᠲᠠᠯᠠᠪᠤᠷ︶᠂ ᠠᠮᠢᠲᠠᠨ | ᠪᠣᠯᠣᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠵᠠᠬ᠎ᠠ ᠵᠡᠭᠡᠯᠢ ᠵᠡᠷᠭᠡ ᠨᠢ ᠬᠦᠨᠳᠦ ᠨᠣᠴᠢᠲᠠᠢ ᠬᠢᠵᠢᠭ ᠲᠠᠬᠤᠯ ᠢ ᠪᠠᠴᠢᠮ | ᠠᠷᠭᠠᠴᠠᠭᠠᠬᠤ ᠲᠥᠰᠥᠯ ᠤᠨ ᠳᠠᠭᠠᠤ ᠲᠤᠰ ᠪᠠᠶᠢᠭᠤᠯᠤᠮᠵᠢ ᠶᠢᠨ ᠢᠶᠠᠨ ᠬᠦᠨᠳᠦ ᠨᠣᠴᠢᠲᠠᠢ ᠬᠢᠵᠢᠭ ᠲᠠᠷᠬᠠᠯᠠᠭ᠎ᠠ ᠶᠢ ᠪᠠᠴᠢᠮ | ᠠᠷᠭᠠᠴᠠᠭᠠᠬᠤ ᠠᠵᠢᠯ ᠤᠨ ᠲᠥᠯᠥᠪᠯᠡᠭᠡ ᠶᠢ ᠪᠣᠯᠪᠠᠰᠤᠷᠠᠭᠤᠯᠵᠤ᠂ ᠠᠮᠢᠲᠠᠨ ᠤ ᠬᠢᠵᠢᠭ ᠲᠠᠬᠤᠯ ᠢ ᠪᠠᠴᠢᠮ ᠠᠷᠭᠠᠴᠠᠭᠠᠬᠤ | ᠮᠡᠷᠭᠡᠵᠢᠯᠲᠡᠨ ᠢ ᠪᠡᠯᠡᠳᠬᠡᠵᠦ᠂ ᠡᠮᠴᠢᠯᠡᠭᠡᠨ ᠳᠤ ᠱᠠᠭᠠᠷᠳᠠᠭᠳᠠᠬᠤ ᠮᠠᠲ᠋ᠧᠷᠢᠶᠠᠯ ᠤᠨ ᠨᠥᠭᠡᠴᠡ ᠶᠢ ᠬᠠᠩᠭᠠᠭᠰᠠᠨ ᠪᠠᠶᠢᠪᠠᠯ | ᠵᠣᠬᠢᠨ᠎ᠠ᠃ | ᠬᠤᠷᠢᠨ ᠳᠥᠷᠪᠡᠳᠦᠭᠡᠷ ᠵᠦᠢᠯ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠮᠠᠯ ᠡᠮᠨᠡᠯᠭᠡ ᠶᠢᠨ | ᠠᠵᠢᠯ ᠡᠷᠬᠢᠯᠡᠭᠰᠡᠨ ᠭᠤᠣᠯ ᠪᠣᠯᠬᠤ ᠡᠷᠬᠡᠲᠦ ᠪᠠᠶᠢᠭᠤᠯᠭ᠎ᠠ ᠶᠢᠨ ᠵᠠᠷᠯᠠᠭᠰᠠᠨ ᠠᠮᠢᠲᠠᠨ ᠤ ᠬᠢᠵᠢᠭ ᠲᠠᠬᠤᠯ ᠤᠨ ᠲᠤᠬᠠᠢ ᠡᠷᠬᠡ | ᠮᠡᠳᠡᠯᠲᠦ ᠵᠠᠷ ᠢ ᠪᠤᠰᠤᠳ ᠠᠯᠪᠠᠨ ᠪᠠᠶᠢᠭᠤᠯᠭ᠎ᠠ ᠪᠤᠶᠤ ᠬᠤᠪᠢ ᠬᠥᠮᠥᠨ ᠵᠠᠷᠯᠠᠵᠤ ᠪᠣᠯᠬᠤ ᠦᠭᠡᠢ᠃ ᠠᠮᠢᠲᠠᠨ ᠤ ᠬᠢᠵᠢᠭ | ᠲᠠᠬᠤᠯ ᠬᠢᠨᠠᠨ ᠰᠢᠨᠵᠢᠯᠡᠭᠡ᠂ ᠬᠢᠵᠢᠭ ᠲᠠᠬᠤᠯ ᠤᠨ ᠬᠢᠨᠠᠨ ᠪᠠᠶᠢᠴᠠᠭᠠᠯᠲᠠ᠂ ᠬᠢᠵᠢᠭ ᠲᠠᠬᠤᠯ ᠤᠨ ᠰᠤᠳᠤᠯᠭ᠎ᠠ ᠪᠣᠯᠣᠨ | ᠣᠨᠣᠰᠢᠯᠠᠨ ᠵᠠᠰᠠᠯᠲᠠ ᠵᠢᠴᠢ ᠠᠮᠢᠲᠠᠨ ᠤ ᠠᠷᠠᠴᠢᠯᠠᠭ᠎ᠠ᠂ ᠨᠢᠲᠤᠯᠭᠠ᠂ ᠡᠵᠡᠩᠨᠡᠯᠲᠡ᠂ ᠲᠤᠰᠠᠭᠠᠷᠯᠠᠯ᠂ ᠲᠡᠭᠡᠭᠡᠪᠦᠷᠢ ᠵᠡᠷᠭᠡ | ᠠᠵᠢᠯ ᠠᠯᠪᠠ ᠡᠷᠬᠢᠯᠡᠵᠦ ᠪᠠᠶᠢᠭ᠎ᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ᠂ ᠠᠮᠢᠲᠠᠨ ᠤ ᠬᠢᠵᠢᠭ ᠤᠨ ᠬᠠᠯᠳᠠᠪᠤᠷᠢ | ᠠᠪᠤᠭᠰᠠᠨ ᠪᠤᠶᠤ ᠬᠢᠵᠢᠭ ᠤᠨ ᠬᠠᠯᠳᠠᠪᠤᠷᠢ ᠠᠪᠤᠭᠰᠠᠨ ᠰᠡᠵᠢᠭ ᠲᠠᠢ ᠪᠣᠯ ᠲᠡᠷᠡ ᠳᠠᠷᠤᠢ ᠳᠠᠭᠠᠨ ᠪᠠᠶᠢᠭ᠎ᠠ ᠭᠠᠵᠠᠷ ᠤᠨ ᠢᠶᠠᠨ | ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠭ᠎ᠠ᠂ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠪᠤᠶᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠪᠠᠶᠢᠭᠤᠯᠤᠮᠵᠢ ᠳᠤ ᠮᠡᠳᠡᠭᠦᠯᠵᠦ᠂ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ ᠲᠠᠷᠬᠠᠬᠤ ᠠᠴᠠ ᠰᠡᠷᠭᠡᠶᠢᠯᠡᠬᠦ ᠬᠡᠷᠡᠭᠲᠡᠢ᠃ | ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠤᠮᠵᠢ᠂ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ᠂ | ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠯᠪᠠ ᠨᠢ ᠥᠪᠡᠷ ᠤᠨ ᠬᠠᠷᠢᠯᠴᠠᠬᠤ ᠬᠠᠶ᠋ᠢᠭ ᠪᠣᠯᠣᠨ | ᠬᠠᠷᠢᠯᠴᠠᠬᠤ ᠠᠷᠭ᠎ᠠ ᠬᠡᠯᠪᠡᠷᠢ ᠪᠠᠨ ᠨᠡᠶᠢᠭᠡᠮ ᠨᠡᠶᠢᠲᠡ ᠳᠤ ᠵᠠᠷᠯᠠᠭᠰᠠᠨ ᠪᠠᠶᠢᠬᠤ ᠬᠡᠷᠡᠭᠲᠡᠢ᠃ ᠠᠮᠢᠲᠠᠨ ᠤ ᠬᠢᠵᠢᠭ ᠲᠠᠬᠤᠯ ᠤᠨ | ᠲᠠᠷᠬᠠᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠢ ᠬᠦᠯᠢᠶᠡᠨ ᠠᠪᠤᠭᠰᠠᠨ ᠠᠯᠪᠠᠨ ᠪᠠᠶᠢᠭᠤᠯᠭ᠎ᠠ ᠨᠢ ᠱᠠᠭᠠᠷᠳᠠᠯᠭ᠎ᠠ ᠲᠠᠢ | ᠬᠢᠨᠠᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠤᠯᠤᠰ ᠤᠨ ᠬᠠᠤᠯᠢ ᠵᠦᠢ ᠶᠢᠨ ᠳᠠᠭᠠᠤ ᠱᠠᠲᠤ ᠳᠠᠷᠠᠭᠠᠯᠠᠨ ᠳᠡᠭᠡᠭᠰᠢ | ᠮᠡᠳᠡᠭᠦᠯᠬᠦ ᠬᠡᠷᠡᠭᠲᠡᠢ᠃ ᠬᠢᠯᠢ ᠪᠠᠷ ᠣᠷᠣᠵᠤ ᠭᠠᠷᠬᠤ ᠬᠢᠵᠢᠭ ᠲᠠᠬᠤᠯ ᠤᠨ ᠬᠢᠨᠠᠨ ᠪᠠᠶᠢᠴᠠᠭᠠᠯᠲᠠ ᠶᠢᠨ ᠪᠠᠶᠢᠭᠤᠯᠭ᠎ᠠ᠂ ᠣᠢ | ᠰᠢᠭᠤᠢ ᠶᠢᠨ ᠠᠯᠪᠠᠨ ᠤ ᠬᠢᠨ ᠠᠮᠢᠲᠠᠨ ᠤ ᠬᠢᠵᠢᠭ ᠲᠠᠬᠤᠯ ᠢ ᠢᠯᠡᠷᠡᠭᠦᠯᠦᠭᠰᠡᠨ ᠪᠠᠶᠢᠪᠠᠯ ᠴᠠᠭ ᠲᠤᠬᠠᠢ ᠳᠤ ᠨᠢ ᠪᠠᠶᠢᠭ᠎ᠠ | ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠ ᠳᠤ ᠮᠡᠳᠡᠭᠳᠡᠬᠦ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠮᠢᠲᠠᠨ ᠤ ᠬᠢᠵᠢᠭ ᠲᠠᠬᠤᠯ ᠠᠴᠠ | ᠤᠷᠢᠳᠴᠢᠯᠠᠨ ᠰᠡᠷᠭᠡᠶᠢᠯᠡᠬᠦ ᠪᠠᠶᠢᠭᠤᠯᠤᠮᠵᠢ ᠠᠮᠢᠲᠠᠨ ᠤ ᠬᠢᠵᠢᠭ ᠲᠠᠬᠤᠯ ᠤᠨ ᠲᠤᠬᠠᠢ ᠮᠡᠳᠡᠭᠦᠯᠦᠯᠲᠡ ᠶᠢ ᠬᠦᠯᠢᠶᠡᠵᠦ | ᠠᠪᠤᠭᠰᠠᠨ ᠤ ᠳᠠᠷᠠᠭ᠎ᠠ ᠴᠠᠭ ᠲᠤᠬᠠᠢ ᠳᠤ ᠨᠢ ᠬᠥᠮᠥᠨ ᠲᠣᠮᠢᠯᠠᠵᠤ ᠠᠬᠤᠢ ᠲᠠᠯᠠᠪᠠᠢ ᠳᠤ ᠨᠢ ᠬᠦᠷᠴᠦ ᠪᠠᠶᠢᠴᠠᠭᠠᠯᠲᠠ ᠬᠢᠬᠦ | ᠬᠡᠷᠡᠭᠲᠡᠢ᠃ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠤᠨ ᠰᠡᠵᠢᠭᠯᠡᠯ ᠲᠠᠢ ᠪᠣᠯ ᠴᠠᠭ ᠳᠠᠷᠤᠢ ᠳᠤ ᠨᠢ ᠡᠪᠡᠳᠴᠢᠨ ᠤ | ᠪᠠᠷᠢᠮᠲᠠ ᠮᠠᠲ᠋ᠧᠷᠢᠶᠠᠯ ᠢ ᠴᠤᠭᠯᠠᠭᠤᠯᠵᠤ ᠥᠪᠡᠷᠳᠡᠭᠡᠨ ᠵᠠᠰᠠᠬᠤ ᠤᠷᠤᠨ ᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ | ᠰᠡᠷᠭᠡᠶᠢᠯᠡᠬᠦ ᠠᠯᠪᠠ ᠪᠠᠷ ᠬᠦᠷᠴᠦ ᠨᠢᠭᠲᠠᠯᠠᠭᠤᠯᠬᠤ ᠬᠡᠷᠡᠭᠲᠡᠢ᠃ | ᠬᠤᠷᠢᠨ ᠵᠢᠷᠭᠤᠳᠤᠭᠠᠷ ᠵᠦᠢᠯ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠢ ᠮᠡᠳᠡᠭᠡᠯᠡᠬᠦ ᠦᠶ᠎ᠡ ᠪᠠᠷ | ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ | ᠪᠠᠶᠢᠭᠤᠯᠭ᠎ᠠ ᠨᠢ ᠲᠡᠷᠡ ᠳᠠᠷᠤᠢ ᠳᠤ ᠨᠢ ᠲᠦᠷ ᠵᠠᠭᠤᠷ᠎ᠠ ᠶᠢᠨ ᠬᠢᠵᠠᠭᠠᠯᠠᠨ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠠᠪᠤᠪᠠᠯ | ᠵᠣᠬᠢᠨ᠎ᠠ᠃ ᠱᠠᠭᠠᠷᠳᠠᠯᠭ᠎ᠠ ᠲᠠᠢ ᠦᠶ᠎ᠡ ᠳᠤ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ | ᠪᠢᠲᠡᠭᠦᠮᠵᠢᠯᠡᠬᠦ ᠵᠡᠷᠭᠡ ᠰᠢᠢᠳᠪᠦᠷᠢ ᠭᠠᠷᠭᠠᠵᠤ ᠠᠯᠠᠨ ᠤᠰᠠᠳᠬᠠᠯᠲᠠ ᠪᠤᠶᠤ ᠭᠠᠯᠳᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ | ᠪᠣᠯᠣᠨ᠎ᠠ᠃ | ᠬᠤᠷᠢᠨ ᠳᠣᠯᠣᠳᠤᠭᠠᠷ ᠵᠦᠢᠯ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠢ ᠥᠪᠤᠷ ᠮᠤᠩᠭᠤᠯ ᠤᠨ | ᠥᠪᠡᠷᠳᠡᠭᠡᠨ ᠵᠠᠰᠠᠬᠤ ᠤᠷᠤᠨ ᠤ ᠮᠠᠯ ᠡᠮᠨᠡᠯᠭᠡ ᠶᠢᠨ ᠭᠤᠣᠯ ᠪᠣᠯᠬᠤ ᠡᠷᠬᠡᠲᠦ ᠪᠠᠶᠢᠭᠤᠯᠭ᠎ᠠ ᠠᠴᠠ ᠪᠠᠲᠤᠯᠠᠨ ᠲᠣᠭᠲᠠᠭᠠᠬᠤ | ᠬᠡᠷᠡᠭᠲᠡᠢ᠃ ᠱᠠᠭᠠᠷᠳᠠᠯᠭ᠎ᠠ ᠲᠠᠢ ᠦᠶ᠎ᠡ ᠳᠤ ᠤᠯᠤᠰ ᠤᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠭᠤᠣᠯ ᠪᠣᠯᠬᠤ | ᠠᠯᠪᠠᠨ ᠪᠠᠶᠢᠭᠤᠯᠭ᠎ᠠ ᠳᠤ ᠮᠡᠳᠡᠭᠦᠯᠦᠨ ᠨᠤᠲᠠᠯᠠᠭᠤᠯᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠠᠮᠢᠲᠠᠨ ᠤ ᠬᠦᠨᠳᠦ ᠨᠣᠴᠢᠲᠠᠢ ᠬᠢᠵᠢᠭ ᠲᠠᠬᠤᠯ ᠢ ᠨᠤᠲᠠᠯᠠᠭᠰᠠᠨ ᠬᠤᠶᠢᠨ᠎ᠠ | ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠪᠠᠴᠢᠮ ᠠᠷᠭᠠᠴᠠᠭᠠᠬᠤ ᠤᠷᠢᠳᠴᠢᠯᠠᠭᠰᠠᠨ | ᠲᠥᠰᠥᠯ ᠤᠨ ᠳᠠᠭᠠᠤ ᠠᠵᠢᠯ ᠢᠶᠠᠨ ᠡᠬᠢᠯᠡᠭᠦᠯᠵᠦ᠂ ᠪᠢᠲᠡᠭᠦᠮᠵᠢᠯᠡᠬᠦ᠂ ᠲᠤᠰᠠᠭᠠᠷᠯᠠᠬᠤ ᠴᠡᠭ ᠪᠠᠶᠢᠭᠤᠯᠬᠤ᠂ ᠠᠯᠠᠨ | ᠤᠰᠠᠳᠬᠠᠯᠲᠠ ᠬᠢᠬᠦ᠂ ᠬᠤᠣᠷᠳᠠᠯ ᠦᠭᠡᠢ ᠰᠢᠢᠳᠪᠦᠷᠢᠯᠡᠬᠦ᠂ ᠠᠷᠢᠭᠤᠳᠬᠠᠬᠤ᠂ ᠬᠢᠵᠢᠭ ᠤᠨ ᠪᠠᠶᠢᠳᠠᠯ ᠤᠨ ᠬᠢᠨᠠᠨ ᠰᠢᠨᠵᠢᠯᠡᠭᠡ᠂ | ᠬᠠᠯᠳᠠᠪᠤᠷᠢᠲᠤ ᠡᠪᠡᠳᠴᠢᠨ ᠤ ᠤᠬᠠᠭᠠᠨ ᠤ ᠪᠠᠶᠢᠴᠠᠭᠠᠯᠲᠠ ᠵᠡᠷᠭᠡ ᠠᠷᠭ᠎ᠠ ᠬᠡᠮᠵᠢᠶ᠎ᠡ ᠶᠢ ᠠᠪᠬᠤ ᠶᠢᠨ ᠳᠠᠭᠠᠤ ᠬᠤᠯᠪᠣᠭᠳᠠᠯ | ᠪᠦᠬᠦᠢ ᠪᠠᠶᠢᠭᠤᠯᠭ᠎ᠠ ᠨᠢᠭᠡᠴᠢ ᠶᠢ ᠵᠣᠬᠢᠶᠠᠨ ᠪᠠᠶᠢᠭᠤᠯᠵᠤ ᠬᠦᠨᠳᠦ ᠨᠣᠴᠢᠲᠠᠢ ᠠᠮᠢᠲᠠᠨ ᠤ ᠬᠢᠵᠢᠭ ᠲᠠᠬᠤᠯ ᠢ ᠪᠠᠴᠢᠮ | ᠠᠷᠭᠠᠴᠠᠭᠠᠬᠤ ᠳᠤ ᠱᠠᠭᠠᠷᠳᠠᠭᠳᠠᠬᠤ ᠡᠳ᠋ ᠮᠠᠲ᠋ᠧᠷᠢᠶᠠᠯ ᠤᠨ ᠵᠣᠬᠢᠴᠠᠭᠤᠯᠤᠯᠲᠠ ᠪᠤᠶᠤ ᠲᠡᠭᠡᠭᠡᠪᠦᠷᠢᠯᠡᠯᠲᠡ᠂ ᠪᠠᠴᠢᠮ ᠬᠡᠷᠡᠭᠯᠡᠬᠦ | ᠵᠠᠷᠤᠳᠠᠯ ᠮᠥᠩᠭᠦᠨ ᠤ ᠲᠣᠬᠢᠷᠠᠭᠤᠯᠤᠯᠲᠠ᠂ ᠬᠢᠵᠢᠭ ᠤᠨ ᠣᠷᠣᠨ ᠤ ᠬᠥᠮᠥᠨ ᠠᠷᠠᠳ ᠤᠨ ᠲᠡᠳᠬᠦᠯᠭᠡ᠂ ᠬᠢᠵᠢᠭ ᠲᠠᠬᠤᠯ ᠤᠨ | ᠬᠥᠮᠥᠨ ᠳᠤ ᠬᠠᠯᠳᠠᠪᠤᠷᠢᠯᠠᠬᠤ ᠠᠴᠠ ᠰᠡᠷᠭᠡᠶᠢᠯᠡᠬᠦ᠂ ᠮᠢᠬᠠᠨ ᠪᠦᠲᠦᠭᠡᠭᠳᠡᠬᠦᠨ ᠤ ᠬᠠᠩᠭᠠᠯᠲᠠ ᠬᠢᠭᠡᠳ ᠠᠮᠢᠲᠠᠨ᠂ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠤ ᠵᠠᠬ᠎ᠠ ᠵᠡᠭᠡᠯᠢ ᠶᠢᠨ ᠬᠢᠨᠠᠨ ᠬᠠᠮᠢᠶᠠᠷᠤᠯᠲᠠ ᠶᠢᠨ ᠠᠵᠢᠯ ᠵᠡᠷᠭᠡ ᠶᠢ ᠰᠠᠶᠢᠲᠤᠷ ᠬᠢᠬᠦ ᠬᠡᠷᠡᠭᠲᠡᠢ᠃ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠯᠪᠠ ᠨᠢ ᠠᠮᠢᠲᠠᠨ ᠬᠢᠭᠡᠳ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠤ ᠬᠤᠳᠠᠯᠳᠤᠭᠠᠨ ᠤ ᠵᠠᠬ᠎ᠠ ᠶᠢ ᠬᠠᠭᠠᠯᠭᠠᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠭᠠᠵᠠᠷ ᠨᠢ | ᠬᠤᠯᠪᠣᠭᠳᠠᠯ ᠪᠦᠬᠦᠢ ᠬᠥᠮᠥᠨ ᠠᠷᠠᠳ ᠤᠨ ᠬᠢᠵᠢᠭ ᠲᠠᠬᠤᠯ ᠤᠨ ᠬᠢᠨᠠᠨ ᠰᠢᠨᠵᠢᠯᠡᠭᠡ ᠶᠢ ᠰᠠᠶᠢᠨ ᠬᠢᠬᠦ ᠬᠡᠷᠡᠭᠲᠡᠢ᠃ ᠪᠤᠰᠤᠳ | ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠨᠢ ᠥᠪᠡᠷ ᠥᠪᠡᠷ ᠤᠨ ᠬᠠᠷᠢᠭᠤᠴᠠᠯᠭ᠎ᠠ ᠶᠢᠨ ᠳᠠᠭᠠᠤ ᠬᠠᠮᠢᠶᠠᠲᠠᠢ ᠠᠵᠢᠯ | ᠲᠥᠷᠥᠯ ᠢ ᠬᠠᠪᠰᠤᠷᠤᠨ ᠰᠢᠢᠳᠬᠦ ᠬᠡᠷᠡᠭᠲᠡᠢ᠃ | ᠳᠥᠷᠪᠡᠳᠦᠭᠡᠷ ᠪᠦᠯᠦᠭ ᠠᠮᠢᠲᠠᠨ ᠬᠢᠭᠡᠳ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠬᠢᠵᠢᠭ ᠤᠨ | ᠪᠠᠶᠢᠴᠠᠭᠠᠯᠲᠠ | ᠬᠤᠷᠢ ᠶᠢᠰᠦᠳᠦᠭᠡᠷ ᠵᠦᠢᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠬᠠᠤᠯᠢ ᠵᠦᠢ ᠶᠢᠨ | ᠳᠠᠭᠠᠤ ᠠᠮᠢᠲᠠᠨ ᠬᠢᠭᠡᠳ ᠠᠮᠢᠲᠠᠨ ᠤ ᠭᠠᠷᠤᠯ ᠲᠠᠢ ᠪᠦᠲᠦᠭᠡᠭᠳᠡᠬᠦᠨ ᠲᠤ ᠬᠢᠵᠢᠭ ᠤᠨ ᠪᠠᠶᠢᠴᠠᠭᠠᠯᠲᠠ ᠬᠢᠵᠦ ᠬᠢᠷᠢ ᠳᠤ | ᠨᠡᠶᠢᠴᠡᠭᠰᠡᠨ ᠪᠠᠶᠢᠪᠠᠯ ᠭᠡᠷᠡᠴᠢᠯᠡᠭᠡ ᠣᠯᠭᠤᠵᠤ᠂ ᠮᠥᠨ ᠱᠣᠰᠢᠭ᠎ᠠ ᠲᠡᠮᠳᠡᠭ ᠢᠶᠠᠷ ᠢᠯᠡᠷᠬᠡᠶᠢᠯᠡᠬᠦ ᠬᠡᠷᠡᠭᠲᠡᠢ᠃ | ᠭᠤᠴᠢᠳᠤᠭᠠᠷ ᠵᠦᠢᠯ ᠠᠮᠢᠲᠠᠨ ᠤ ᠬᠢᠵᠢᠭ ᠤᠨ ᠪᠠᠶᠢᠴᠠᠭᠠᠯᠲᠠ ᠳᠤ ᠮᠡᠳᠡᠭᠦᠯᠭᠡ ᠶᠢᠨ ᠲᠣᠭᠲᠠᠯᠴᠠᠭ᠎ᠠ ᠶᠢ | ᠪᠡᠶᠡᠯᠡᠭᠦᠯᠬᠦ ᠬᠡᠷᠡᠭᠲᠡᠢ᠃ ᠨᠢᠲᠤᠯᠬᠤ᠂ ᠪᠣᠷᠣᠯᠠᠭᠤᠯᠬᠤ ᠪᠣᠯᠣᠨ ᠠᠮᠢᠲᠠᠨ ᠢ ᠲᠡᠭᠡᠭᠡᠪᠦᠷᠢᠯᠡᠬᠦ ᠡᠰᠡᠬᠦᠯ᠎ᠡ ᠪᠣᠷᠣᠯᠠᠭᠤᠯᠬᠤ ᠪᠤᠶᠤ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠵᠥᠭᠡᠭᠡᠪᠦᠷᠢᠯᠡᠬᠦ ᠠᠴᠠ ᠡᠮᠦᠨ᠎ᠡ ᠪᠠᠷᠠᠭᠠᠨ ᠤ ᠡᠵᠡᠨ ᠨᠢ ᠪᠠᠶᠢᠭ᠎ᠠ | ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠳᠤ ᠬᠢᠵᠢᠭ ᠤᠨ ᠪᠠᠶᠢᠴᠠᠭᠠᠯᠲᠠ | ᠬᠢᠯᠭᠡᠬᠦ ᠪᠠᠷ ᠮᠡᠳᠡᠭᠦᠯᠦᠯᠭᠡ ᠥᠭᠪᠡᠯ ᠵᠣᠬᠢᠨ᠎ᠠ᠃ | ᠭᠤᠴᠢᠨ ᠨᠢᠭᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠭ᠎ᠠ ᠨᠢ ᠠᠮᠢᠲᠠᠨ ᠤ ᠬᠢᠵᠢᠭ ᠪᠠᠶᠢᠴᠠᠭᠠᠯᠲᠠ ᠶᠢᠨ ᠮᠡᠳᠡᠭᠦᠯᠦᠯᠭᠡ ᠶᠢᠨ ᠴᠡᠭ ᠢ | ᠪᠠᠶᠢᠭᠤᠯᠵᠤ ᠬᠠᠮᠢᠶᠠᠷᠬᠤ ᠠᠵᠢᠯ ᠢ ᠴᠢᠩᠭᠠᠳᠬᠠᠪᠠᠯ ᠵᠣᠬᠢᠨ᠎ᠠ᠃ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ | ᠪᠠᠶᠢᠭᠤᠯᠭ᠎ᠠ ᠨᠢ ᠠᠮᠢᠲᠠᠨ ᠢ ᠲᠡᠵᠢᠭᠡᠨ ᠠᠷᠠᠴᠢᠯᠠᠬᠤ ᠭᠠᠵᠠᠷ ᠤᠨ ᠬᠦᠷᠢᠶ᠎ᠡ ᠬᠡᠪᠴᠢᠶ᠎ᠡ᠂ ᠲᠠᠷᠬᠠᠯᠲᠠ᠂ ᠪᠦᠰᠡ ᠨᠤᠲᠤᠭ ᠤᠨ | ᠪᠠᠶᠢᠭᠠᠯᠢ ᠣᠷᠴᠢᠨ ᠢ ᠦᠨᠳᠦᠰᠦᠯᠡᠵᠦ ᠠᠮᠢᠲᠠᠨ ᠤ ᠬᠢᠵᠢᠭ ᠪᠠᠶᠢᠴᠠᠭᠠᠯᠲᠠ ᠶᠢᠨ ᠮᠡᠳᠡᠭᠦᠯᠦᠯᠭᠡ ᠶᠢᠨ ᠴᠡᠭ ᠢ ᠪᠠᠶᠢᠭᠤᠯᠵᠤ᠂ | ᠬᠢᠵᠢᠭ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠪᠣᠯᠣᠨ ᠣᠪᠶᠧᠺᠲ ᠢ ᠨᠡᠶᠢᠭᠡᠮ ᠨᠡᠶᠢᠲᠡ ᠳᠤ ᠵᠠᠷᠯᠠᠪᠠᠯ ᠵᠣᠬᠢᠨ᠎ᠠ᠃ | ᠭᠤᠴᠢᠨ ᠬᠤᠶᠠᠳᠤᠭᠠᠷ ᠵᠦᠢᠯ ᠳᠣᠣᠷᠠᠬᠢ ᠠᠮᠢᠲᠠᠳ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤᠤᠯ ᠤᠨ | ᠪᠠᠶᠢᠭ᠎ᠠ ᠭᠠᠷᠤᠯᠲᠠ ᠶᠢᠨ ᠣᠷᠣᠨ ᠠᠴᠠ ᠪᠠᠨ ᠰᠠᠯᠬᠤ ᠶᠢᠨ ᠦᠶ᠎ᠡ ᠳᠤ ᠪᠠᠷᠠᠭᠠᠨ ᠤ ᠡᠵᠡᠨ ᠨᠢ ᠳᠦᠷᠢᠮ ᠶᠣᠰᠣ ᠪᠠᠷ | ᠲᠣᠭᠲᠠᠭᠰᠠᠨ ᠬᠤᠭᠤᠴᠠᠭᠠᠨ ᠳᠤ ᠪᠠᠶᠢᠭ᠎ᠠ ᠭᠠᠵᠠᠷ ᠤᠨ ᠢᠶᠠᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ | ᠪᠠᠶᠢᠭᠤᠯᠭ᠎ᠠ ᠳᠤ ᠮᠡᠳᠡᠭᠦᠯᠦᠯᠭᠡ ᠥᠭᠴᠦ ᠬᠢᠵᠢᠭ ᠤᠨ ᠪᠠᠶᠢᠴᠠᠭᠠᠯᠲᠠ ᠬᠢᠯᠭᠡᠬᠦ ᠬᠡᠷᠡᠭᠲᠡᠢ᠄ | ︵ᠨᠢᠭᠡ︶ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠨᠢᠲᠤᠯᠭᠠᠨ ᠤ | ᠭᠠᠵᠠᠷ ᠬᠠᠩᠭᠠᠭᠠᠬᠤ᠂ ᠠᠮᠢᠲᠠᠨ ᠢ ᠦᠷᠭᠦᠯᠵᠢᠯᠡᠨ ᠲᠡᠵᠢᠭᠡᠬᠦ ᠪᠣᠯᠪᠠᠯ ᠭᠤᠷᠪᠠᠨ ᠬᠤᠨᠤᠭ ᠤᠨ ᠡᠮᠦᠨ᠎ᠡ ᠬᠢᠵᠢᠭ ᠤᠨ | ᠪᠠᠶᠢᠴᠠᠭᠠᠯᠲᠠ ᠬᠢᠯᠭᠡᠬᠦ ᠪᠠᠷ ᠡᠷᠡᠮᠡᠯᠵᠡᠯᠡᠪᠡᠯ ᠵᠣᠬᠢᠨ᠎ᠠ᠃ | ︵ᠬᠤᠶᠠᠷ︶ ᠰᠦᠨ ᠤ ᠪᠣᠯᠣᠨ ᠦᠷᠡᠵᠢᠯ ᠤᠨ ᠠᠮᠢᠲᠠᠨ ᠢ ᠪᠣᠷᠣᠯᠠᠭᠤᠯᠬᠤ᠂ ᠲᠡᠭᠡᠭᠡᠪᠦᠷᠢᠯᠡᠬᠦ ᠪᠣᠯᠣᠨ ᠦᠷ᠎ᠡ ᠶᠢᠨ | ᠰᠢᠩᠭᠡᠨ᠂ ᠥᠨᠳᠡᠭᠡ᠂ ᠦᠷ᠎ᠡ ᠬᠥᠪᠥᠷᠡᠯ᠂ ᠨᠡᠪᠴᠢᠭᠦᠯᠬᠦ ᠥᠨᠳᠡᠭᠡ ᠪᠣᠯᠣᠨ ᠦᠵᠡᠰᠬᠦᠯᠡᠩ᠂ ᠲᠣᠭᠯᠠᠯᠲᠠ᠂ ᠲᠡᠮᠡᠴᠡᠭᠡᠨ ᠳᠤ | ᠣᠷᠣᠯᠴᠠᠬᠤ ᠠᠮᠢᠲᠠᠳ ᠢ ᠠᠷᠪᠠᠨ ᠲᠠᠪᠤᠨ ᠬᠤᠨᠤᠭ ᠤᠨ ᠡᠮᠦᠨ᠎ᠡ ᠬᠢᠵᠢᠭ ᠤᠨ ᠪᠠᠶᠢᠴᠠᠭᠠᠯᠲᠠ ᠬᠢᠯᠭᠡᠬᠦ ᠪᠠᠷ ᠮᠡᠳᠡᠭᠦᠯᠦᠯᠭᠡ | ᠥᠭᠬᠦ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠵᠡᠷᠯᠢᠭ ᠠᠮᠢᠲᠠᠳ ᠢ ᠬᠠᠤᠯᠢ ᠶᠣᠰᠣ ᠪᠠᠷ ᠠᠩᠨᠠᠬᠤ ᠳᠤ ᠠᠩᠨᠠᠬᠤ ᠠᠴᠠ ᠡᠮᠦᠨ᠎ᠡ | ᠭᠤᠷᠪᠠᠨ ᠬᠤᠨᠤᠭ ᠤᠨ ᠳᠣᠲᠣᠷ᠎ᠠ ᠠᠩᠨᠠᠬᠤ ᠭᠠᠵᠠᠷ ᠤᠨ ᠬᠤᠰᠢᠭᠤ ᠰᠢᠶᠠᠨ ᠤ ᠠᠮᠢᠲᠠᠨ ᠤ ᠡᠷᠡᠭᠦᠯ ᠬᠠᠮᠠᠭᠠᠯᠠᠯ ᠤᠨ | ᠬᠢᠨᠠᠯᠲᠠ ᠶᠢᠨ ᠪᠠᠶᠢᠭᠤᠯᠭ᠎ᠠ ᠳᠤ ᠬᠢᠵᠢᠭ ᠪᠠᠶᠢᠴᠠᠭᠠᠯᠲᠠ ᠶᠢᠨ ᠮᠡᠳᠡᠭᠦᠯᠦᠯᠭᠡ ᠥᠭᠬᠦ ᠬᠡᠷᠡᠭᠲᠡᠢ᠃ | ᠭᠤᠴᠢᠨ ᠳᠥᠷᠪᠡᠳᠦᠭᠡᠷ ᠵᠦᠢᠯ ᠬᠢᠵᠢᠭ ᠤᠨ ᠪᠠᠶᠢᠴᠠᠭᠠᠯᠲᠠ ᠬᠢᠬᠦ ᠶᠢ ᠬᠦᠰᠡᠭᠴᠢᠳ ᠬᠢᠵᠢᠭ ᠪᠠᠶᠢᠴᠠᠭᠠᠯᠲᠠ ᠶᠢᠨ | ᠮᠡᠳᠡᠭᠦᠯᠦᠯᠭᠡ ᠶᠢᠨ ᠬᠠᠭᠤᠳᠠᠰᠤ ᠶᠢ ᠲᠤᠰᠢᠶᠠᠨ᠎ᠠ᠃ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ | ᠠᠯᠤᠰᠯᠠᠵᠤ ᠰᠦᠨ ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ ᠵᠢᠴᠢ ᠦᠷ᠎ᠡ ᠶᠢᠨ ᠰᠢᠩᠭᠡᠨ᠂ ᠦᠷ᠎ᠡ | ᠬᠥᠪᠥᠷᠡᠯ᠂ ᠦᠷ᠎ᠡ ᠶᠢᠨ ᠥᠨᠳᠡᠭᠡ ᠲᠡᠭᠡᠭᠡᠪᠦᠷᠢᠯᠡᠬᠦ ᠳᠤ ᠣᠷᠣᠭᠤᠯᠬᠤ ᠮᠤᠵᠢ᠂ ᠥᠪᠡᠷᠳᠡᠭᠡᠨ ᠵᠠᠰᠠᠬᠤ ᠤᠷᠤᠨ᠂ ᠰᠢᠭᠤᠳ | ᠬᠠᠷᠢᠶ᠎ᠠ ᠬᠤᠲᠠ ᠶᠢᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠠᠴᠠ ᠣᠯᠭᠤᠭᠰᠠᠨ ᠮᠤᠵᠢ᠂ | ᠥᠪᠡᠷᠳᠡᠭᠡᠨ ᠵᠠᠰᠠᠬᠤ ᠤᠷᠤᠨ ᠠᠯᠤᠰᠯᠠᠵᠤ ᠰᠦᠨ ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ | ᠲᠡᠭᠡᠭᠡᠪᠦᠷᠢᠯᠡᠬᠦ ᠶᠢ ᠵᠥᠪᠰᠢᠶᠡᠷᠡᠭᠰᠡᠨ ᠮᠠᠶ᠋ᠢᠭᠲᠦ ᠶᠢ ᠲᠤᠰᠢᠶᠠᠬᠤ ᠬᠡᠷᠡᠭᠲᠡᠢ᠃ ᠬᠢᠵᠢᠭ ᠤᠨ ᠪᠠᠶᠢᠴᠠᠭᠠᠯᠲᠠ ᠬᠢᠬᠦ ᠡᠷᠭᠦᠳᠡᠯ ᠢ | ᠮᠡᠳᠡᠭᠦᠯᠭᠡ ᠶᠢᠨ ᠴᠡᠭ ᠲᠤ ᠬᠦᠷᠴᠦ ᠬᠦᠰᠦᠨᠦᠭᠲᠦ ᠲᠠᠭᠯᠠᠬᠤ᠂ ᠹᠠᠺᠰ᠂ ᠤᠲᠠᠰᠤ ᠪᠠᠷ ᠮᠡᠳᠡᠭᠳᠡᠵᠦ ᠡᠷᠭᠦᠳᠡᠯ ᠭᠠᠷᠭᠠᠵᠤ | ᠪᠣᠯᠣᠨ᠎ᠠ᠃ ᠤᠲᠠᠰᠤ ᠪᠠᠷ ᠡᠷᠭᠦᠳᠡᠯ ᠭᠠᠷᠭᠠᠭᠴᠢᠳ ᠭᠠᠵᠠᠷ ᠲᠤ ᠨᠢ ᠬᠦᠷᠴᠦ ᠬᠢᠵᠢᠭ ᠪᠠᠶᠢᠴᠠᠭᠠᠯᠲᠠ ᠶᠢᠨ ᠮᠡᠳᠡᠭᠦᠯᠦᠯᠭᠡ ᠶᠢᠨ | ᠬᠠᠭᠤᠳᠠᠰᠤ ᠶᠢ ᠲᠠᠭᠯᠠᠬᠤ ᠬᠡᠷᠡᠭᠲᠡᠢ᠃ | ᠭᠤᠴᠢᠨ ᠲᠠᠪᠤᠳᠤᠭᠠᠷ ᠵᠦᠢᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠬᠢᠵᠢᠭ | ᠪᠠᠶᠢᠴᠠᠭᠠᠯᠲᠠ ᠶᠢᠨ ᠮᠡᠳᠡᠭᠦᠯᠭᠡ ᠶᠢ ᠠᠪᠴᠤ ᠬᠡᠯᠡᠯᠴᠡᠭᠰᠡᠨ ᠤ ᠳᠠᠷᠠᠭ᠎ᠠ ᠠᠯᠪᠠᠨ ᠲᠠᠯ᠎ᠠ ᠶᠢᠨ ᠮᠠᠯ ᠤᠨ ᠡᠮᠴᠢ ᠲᠣᠮᠢᠯᠠᠵᠤ | ᠭᠠᠵᠠᠷ ᠲᠤ ᠨᠢ ᠪᠤᠶᠤ ᠲᠣᠭᠲᠠᠭᠰᠠᠨ ᠴᠡᠭ ᠲᠤ ᠬᠦᠷᠴᠦ ᠬᠢᠵᠢᠭ ᠤᠨ ᠪᠠᠶᠢᠴᠠᠭᠠᠯᠲᠠ ᠬᠢᠨ᠎ᠡ᠃ ᠪᠠᠶᠢᠴᠠᠭᠠᠯᠲᠠ ᠳᠤ ᠬᠢᠷᠢ | ᠲᠡᠩᠴᠡᠭᠰᠡᠨ ᠪᠣᠯ ᠬᠢᠷᠢ ᠳᠤ ᠬᠦᠷᠦᠭᠰᠡᠨ ᠭᠡᠷᠡᠴᠢᠯᠡᠭᠡ ᠣᠯᠭᠤᠵᠤ ᠬᠢᠵᠢᠭ ᠪᠠᠶᠢᠴᠠᠭᠠᠯᠲᠠ ᠶᠢᠨ ᠢᠯᠡᠷᠬᠡᠶᠢᠯᠡᠯ ᠬᠠᠳᠠᠬᠤ | ᠬᠡᠷᠡᠭᠲᠡᠢ᠃ ᠪᠠᠶᠢᠴᠠᠭᠠᠯᠲᠠ ᠳᠤ ᠬᠢᠷᠢ ᠬᠦᠷᠦᠭᠰᠡᠨ ᠦᠭᠡᠢ ᠪᠣᠯ ᠪᠠᠷᠠᠭᠠᠨ ᠤ ᠡᠵᠡᠨ ᠢ ᠬᠢᠨᠠᠯᠲᠠ ᠳᠠᠭᠠᠨ ᠠᠪᠴᠤ ᠤᠯᠤᠰ ᠤᠨ | ᠬᠤᠯᠪᠣᠭ᠎ᠠ ᠲᠠᠢ ᠲᠧᠭᠨᠢᠭ ᠤᠨ ᠦᠵᠡᠭᠦᠯᠦᠯᠲᠡ ᠶᠢᠨ ᠳᠠᠭᠠᠤ ᠠᠰᠠᠭᠤᠳᠠᠯ ᠢ ᠰᠢᠢᠳᠦᠨ᠎ᠡ᠃ ᠮᠡᠳᠡᠭᠦᠯᠭᠡ ᠶᠢ ᠠᠪᠴᠤ | ᠬᠡᠯᠡᠯᠴᠡᠭᠰᠡᠨ ᠦᠭᠡᠢ ᠪᠣᠯ ᠤᠴᠢᠷ ᠰᠢᠯᠲᠠᠭᠠᠨ ᠢ ᠪᠢᠴᠢᠭ ᠢᠶᠠᠷ ᠮᠡᠳᠡᠭᠳᠡᠨ᠎ᠡ᠃ ᠠᠮᠢᠲᠠᠨ᠂ ᠠᠮᠢᠲᠠᠨ ᠤ ᠭᠠᠷᠤᠯ ᠲᠠᠢ | ᠪᠦᠲᠦᠭᠡᠭᠳᠡᠬᠦᠨ ᠢ ᠠᠷᠠᠯᠵᠢᠶᠠᠯᠠᠬᠤ ᠪᠤᠶᠤ ᠲᠡᠭᠡᠭᠡᠪᠦᠷᠢᠯᠡᠬᠦ ᠳᠤ ᠠᠮᠢᠲᠠᠨ ᠤ ᠬᠢᠵᠢᠭ ᠲᠠᠬᠤᠯ ᠤᠨ ᠪᠠᠶᠢᠴᠠᠭᠠᠯᠲᠠ ᠶᠢᠨ ᠬᠢᠷᠢ ᠳᠤ | ᠨᠡᠶᠢᠴᠡᠭᠰᠡᠨ ᠦᠨᠡᠮᠯᠡᠬᠦ ᠠᠪᠤᠭᠰᠠᠨ ᠬᠤᠶᠢᠨ᠎ᠠ ᠤᠭ ᠭᠠᠵᠠᠷ ᠠᠴᠠ ᠬᠥᠳᠡᠯᠵᠦ ᠪᠣᠯᠣᠨ᠎ᠠ᠃ | ᠭᠤᠴᠢᠨ ᠵᠢᠷᠭᠤᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠭᠠᠭ᠋ᠠᠢ᠂ ᠦᠬᠡᠷ᠂ ᠬᠤᠨᠢ ᠢᠮᠠᠭ᠎ᠠ᠂ | ᠰᠢᠪᠠᠭᠤᠨ ᠤ ᠲᠥᠷᠥᠯ ᠤᠨ ᠠᠮᠢᠲᠠᠳ ᠲᠤ ᠬᠠᠨᠳᠤᠭᠤᠯᠵᠤ ᠲᠣᠭᠲᠠᠭᠰᠠᠨ ᠨᠢᠲᠤᠯᠭᠠᠨ ᠤ ᠭᠠᠵᠠᠷ ᠭᠠᠷᠭᠠᠬᠤ ᠬᠡᠷᠡᠭᠲᠡᠢ᠃ | ᠭᠡᠪᠡᠴᠦ ᠲᠠᠷᠢᠶᠠᠯᠠᠩ ᠮᠠᠯᠵᠢᠬᠤ ᠣᠷᠣᠨ ᠤ ᠥᠪᠡᠷᠲᠡᠭᠡᠨ ᠬᠡᠷᠡᠭᠯᠡᠬᠦ ᠢᠳᠡᠰᠢᠨ ᠤ ᠨᠢᠲᠤᠯᠭᠠ ᠪᠠᠭᠲᠠᠬᠤ ᠦᠭᠡᠢ᠃ ᠬᠤᠰᠢᠭᠤ | ᠰᠢᠶᠠᠨ ᠤ ᠳᠡᠰ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠲᠣᠭᠲᠠᠭᠰᠠᠨ ᠨᠢᠲᠤᠯᠭᠠᠨ ᠤ | ᠭᠠᠵᠠᠷ ᠲᠤ ᠬᠢᠵᠢᠭ ᠲᠠᠬᠤᠯ ᠤᠨ ᠪᠠᠶᠢᠴᠠᠭᠠᠯᠲᠠ ᠶᠢ ᠲᠥᠪᠯᠡᠷᠡᠭᠦᠯᠦᠨ ᠭᠦᠢᠴᠡᠳᠬᠡᠬᠦ ᠠᠯᠪᠠᠨ ᠶᠣᠰᠣᠨ ᠤ ᠮᠠᠯ ᠤᠨ ᠡᠮᠴᠢ | ᠲᠣᠬᠢᠷᠠᠭᠤᠯᠤᠭᠰᠠᠨ ᠪᠠᠶᠢᠬᠤ ᠬᠡᠷᠡᠭᠲᠡᠢ᠃ | ᠭᠤᠴᠢᠨ ᠳᠣᠯᠣᠳᠤᠭᠠᠷ ᠵᠦᠢᠯ ᠬᠢᠵᠢᠭ ᠪᠠᠶᠢᠴᠠᠭᠠᠯᠲᠠ ᠳᠤ ᠬᠢᠷᠢ ᠳᠤ ᠬᠦᠷᠦᠭᠰᠡᠨ ᠮᠢᠬᠠᠨ ᠲᠥᠷᠥᠯ ᠤᠨ | ᠬᠦᠨᠡᠰᠦᠨ ᠤ ᠪᠦᠲᠦᠭᠡᠭᠳᠡᠬᠦᠨ ᠢ ᠪᠥᠭᠡᠮ ᠢᠶᠠᠷ ᠪᠣᠯᠣᠨ ᠵᠢᠵᠢᠭᠯᠡᠨ ᠬᠤᠳᠠᠯᠳᠤᠬᠤ ᠵᠠᠬ᠎ᠠ ᠪᠤᠶᠤ ᠦᠢᠯᠡᠳᠪᠦᠷᠢᠯᠡᠯ | ᠪᠣᠯᠪᠠᠰᠤᠷᠠᠭᠤᠯᠤᠯᠲᠠ ᠶᠢᠨ ᠠᠵᠤ ᠠᠬᠤᠶᠢᠯᠠᠯ ᠳᠤ ᠣᠷᠣᠭᠤᠯᠤᠭᠰᠠᠨ ᠬᠤᠶᠢᠨ᠎ᠠ ᠰᠢᠭᠤᠳ ᠭᠠᠵᠠᠷ ᠨᠤᠲᠤᠭ ᠲᠠᠭᠠᠨ ᠬᠤᠪᠢᠶᠠᠨ | ᠪᠣᠷᠣᠯᠠᠭᠤᠯᠬᠤ ᠪᠤᠶᠤ ᠨᠥᠭᠡᠴᠡᠯᠡᠵᠦ ᠬᠠᠳᠠᠭᠠᠯᠠᠭᠰᠠᠨ ᠬᠤᠶᠢᠨ᠎ᠠ ᠦᠷᠭᠦᠯᠵᠢᠯᠡᠨ ᠲᠡᠭᠡᠭᠡᠪᠦᠷᠢᠯᠡᠬᠦ ᠪᠤᠶᠤ ᠲᠠᠷᠬᠠᠨ | ᠪᠣᠷᠣᠯᠠᠭᠤᠯᠪᠠᠯ ᠪᠠᠷᠠᠭᠠᠨ ᠤ ᠡᠵᠡᠨ ᠨᠢ ᠬᠤᠳᠠᠯᠳᠤᠨ ᠠᠪᠤᠭᠴᠢ ᠳᠤ ᠬᠢᠵᠢᠭ ᠤᠨ ᠪᠠᠶᠢᠴᠠᠭᠠᠯᠲᠠ ᠶᠢᠨ ᠯᠠᠪᠯᠠᠭᠠᠨ ᠤ ᠡᠷᠬᠡ ᠶᠢᠨ | ᠪᠢᠴᠢᠭ ᠣᠯᠭᠤᠨ᠎ᠠ᠃ | ᠲᠠᠪᠤᠳᠤᠭᠠᠷ ᠪᠦᠯᠦᠭ ᠠᠮᠢᠲᠠᠨ ᠤ ᠣᠨᠣᠰᠢᠯᠠᠨ ᠵᠠᠰᠠᠯᠲᠠ | | ᠭᠤᠴᠢᠨ ᠨᠠᠢᠮᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠠᠴᠠ ᠵᠥᠪᠰᠢᠶᠡᠷᠡᠯ ᠤᠨ ᠳᠠᠭᠠᠤ ᠠᠮᠢᠲᠠᠨ ᠤ | ᠡᠮᠴᠢᠯᠡᠭᠡᠨ ᠤ ᠲᠣᠭᠲᠠᠯᠴᠠᠭ᠎ᠠ ᠶᠢ ᠪᠤᠢ ᠪᠣᠯᠭᠠᠬᠤ ᠬᠡᠷᠡᠭᠲᠡᠢ᠃ ᠠᠮᠢᠲᠠᠨ ᠤ ᠡᠮᠴᠢᠯᠡᠭᠡ ᠬᠢᠬᠦ ᠪᠠᠶᠢᠭᠤᠯᠤᠮᠵᠢ ᠨᠢ ᠬᠠᠤᠯᠢ ᠶᠢᠨ | ᠨᠥᠬᠦᠴᠡᠯ ᠪᠣᠯᠣᠮᠵᠢ ᠶᠢ ᠪᠦᠷᠢᠳᠦᠭᠦᠯᠵᠦ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠭ᠎ᠠ ᠶᠢᠨ ᠲᠠᠷᠬᠠᠭᠰᠠᠨ ᠠᠮᠢᠲᠠᠨ ᠤ ᠡᠮᠴᠢᠯᠡᠭᠡᠨ ᠤ ᠭᠡᠷᠡᠴᠢᠯᠡᠭᠡ ᠶᠢ | ᠠᠪᠬᠤ ᠶᠢᠨ ᠳᠠᠭᠠᠤ ᠲᠣᠭᠲᠠᠭᠰᠠᠨ ᠡᠮᠴᠢᠯᠡᠭᠡᠨ ᠤ ᠦᠢᠯᠡ ᠠᠵᠢᠯᠯᠠᠭᠠᠨ ᠤ ᠬᠦᠷᠢᠶᠡᠨ ᠳᠤ ᠡᠮᠴᠢᠯᠡᠭᠡ ᠶᠢ ᠶᠠᠪᠤᠭᠳᠠᠭᠤᠯᠬᠤ | ᠬᠡᠷᠡᠭᠲᠡᠢ᠃ | ᠭᠤᠴᠢᠨ ᠶᠢᠰᠦᠳᠦᠭᠡᠷ ᠵᠦᠢᠯ ᠨᠢᠭᠡᠨᠲᠡ ᠪᠦᠷᠢᠳᠬᠡᠭᠦᠯᠦᠭᠰᠡᠨ ᠮᠡᠷᠭᠡᠵᠢᠯ ᠤᠨ ᠮᠠᠯ ᠤᠨ ᠡᠮᠴᠢ᠂ ᠮᠠᠯ ᠠᠮᠢᠲᠠᠨ ᠢ | ᠣᠨᠣᠰᠢᠯᠠᠨ ᠵᠠᠰᠠᠵᠤ ᠡᠮᠴᠢᠯᠡᠭᠡᠨ ᠤ ᠦᠢᠯᠡ ᠠᠵᠢᠯᠯᠠᠭ᠎ᠠ ᠬᠢᠵᠦ ᠪᠣᠯᠣᠨ᠎ᠠ᠃ ᠬᠥᠳᠡᠭᠡ ᠲᠣᠰᠬᠤᠨ ᠤ ᠮᠠᠯ ᠤᠨ ᠡᠮᠴᠢ ᠰᠤᠮᠤ᠂ | ᠰᠢᠶᠠᠩ᠂ ᠪᠠᠯᠭᠠᠰᠤ᠂ ᠭᠠᠴᠠᠭ᠎ᠠ ᠲᠣᠰᠬᠤᠨ ᠳᠤ ᠮᠠᠯ ᠠᠮᠢᠲᠠᠨ ᠤ ᠡᠮᠴᠢᠯᠡᠭᠡ ᠬᠢᠬᠦ ᠭᠡᠪᠡᠯ ᠤᠯᠤᠰ ᠤᠨ ᠬᠤᠯᠪᠣᠭᠳᠠᠬᠤ | ᠬᠠᠤᠯᠢ ᠵᠦᠢ ᠶᠢᠨ ᠳᠠᠭᠠᠤ ᠪᠦᠷᠢᠳᠬᠡᠭᠦᠯᠬᠦ ᠬᠡᠷᠡᠭᠲᠡᠢ᠃ | ᠳᠥᠴᠢᠳᠦᠭᠡᠷ ᠵᠦᠢᠯ ᠪᠠᠶᠢᠭᠤᠯᠭ᠎ᠠ ᠨᠢᠭᠡᠴᠢ ᠮᠠᠯ ᠡᠮᠨᠡᠯᠭᠡ ᠶᠢᠨ ᠬᠤᠯᠪᠣᠭ᠎ᠠ ᠲᠠᠢ ᠲᠧᠭᠨᠢᠭ ᠤᠨ ᠦᠵᠡᠭᠦᠯᠦᠯᠲᠡ ᠶᠢ | ᠴᠢᠩᠭ᠎ᠠ ᠮᠥᠷᠳᠡᠵᠦ᠂ ᠤᠯᠤᠰ ᠠᠴᠠ ᠲᠣᠭᠲᠠᠭᠠᠭᠰᠠᠨ ᠮᠠᠯ ᠤᠨ ᠡᠮ ᠪᠣᠯᠣᠨ ᠮᠠᠯ ᠡᠮᠨᠡᠯᠭᠡ ᠶᠢᠨ ᠲᠥᠬᠦᠭᠡᠷᠦᠮᠵᠢ ᠶᠢ | ᠬᠡᠷᠡᠭᠯᠡᠵᠦ᠂ ᠡᠮᠴᠢᠯᠡᠭᠡᠨ ᠤ ᠦᠢᠯᠡ ᠠᠵᠢᠯᠯᠠᠭᠠᠨ ᠤ ᠳᠤᠮᠳᠠ ᠡᠷᠡᠭᠦᠯ ᠬᠠᠮᠠᠭᠠᠯᠠᠯ ᠤᠨ ᠠᠶᠤᠯ ᠦᠭᠡᠢ ᠪᠠᠶᠢᠳᠠᠯ ᠢ ᠪᠠᠲᠤᠯᠠᠵᠤ᠂ | ᠠᠷᠢᠭᠤᠳᠬᠠᠬᠤ᠂ ᠲᠤᠰᠠᠭᠠᠷᠯᠠᠬᠤ᠂ ᠡᠮᠴᠢᠯᠡᠭᠡᠨ ᠤ ᠬᠠᠶᠠᠭᠳᠠᠯ ᠪᠣᠳᠠᠰ ᠢ ᠰᠢᠢᠳᠪᠦᠷᠢᠯᠡᠬᠦ ᠪᠣᠯᠣᠨ ᠡᠮᠴᠢᠯᠡᠭᠡᠨ ᠤ | ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ | ᠳᠥᠴᠢᠨ ᠨᠢᠭᠡᠳᠦᠭᠡᠷ ᠵᠦᠢᠯ ᠪᠠᠶᠢᠭᠤᠯᠭ᠎ᠠ ᠨᠢᠭᠡᠴᠢ ᠳᠠᠷᠠᠭᠠᠬᠢ ᠦᠢᠯᠡᠳᠦᠯ ᠢ ᠬᠢᠵᠦ ᠪᠣᠯᠬᠤ ᠦᠭᠡᠢ᠄ | ︵ᠨᠢᠭᠡ︶ ᠮᠡᠷᠭᠡᠵᠢᠯ ᠤᠨ ᠮᠠᠯ ᠤᠨ ᠡᠮᠴᠢ ᠶᠢ ᠤᠷᠢᠵᠤ ᠠᠵᠢᠯᠯᠠᠭᠤᠯᠬᠤ ᠬᠢᠷᠢ ᠬᠡᠮ ᠤᠨ ᠵᠥᠪᠰᠢᠶᠡᠷᠡᠯ ᠢ ᠣᠯᠵᠤ | ᠠᠪᠤᠭ᠎ᠠ ᠦᠭᠡᠢ ᠪᠤᠶᠤ ᠪᠦᠷᠢᠳᠬᠡᠵᠦ ᠲᠡᠮᠳᠡᠭᠯᠡᠭᠦᠯᠦᠭᠡ ᠦᠭᠡᠢ ᠬᠥᠮᠥᠨ ᠢᠶᠠᠷ ᠠᠮᠢᠲᠠᠨ ᠮᠠᠯ ᠤᠨ ᠡᠮᠴᠢᠯᠡᠭᠡᠨ ᠤ ᠦᠢᠯᠡ | ᠠᠵᠢᠯᠯᠠᠭ᠎ᠠ ᠶᠠᠪᠤᠭᠤᠯᠬᠤ᠃ | ︵ᠬᠤᠶᠠᠷ︶ ᠰᠠᠨᠠᠭᠠᠨ ᠳᠤᠷ᠎ᠠ ᠪᠠᠷ ᠡᠪᠡᠳᠴᠢᠯᠡᠵᠦ ᠦᠬᠦᠭᠰᠡᠨ ᠠᠮᠢᠲᠠᠨ᠂ ᠠᠮᠢᠲᠠᠨ ᠤ ᠡᠮᠭᠡᠭ ᠪᠤᠶᠤ ᠡᠮᠴᠢᠯᠡᠭᠡᠨ ᠤ | ᠬᠠᠶᠠᠭᠳᠠᠯ ᠵᠦᠢᠯ ᠢ ᠬᠠᠶᠠᠬᠤ᠃ | ︵ᠭᠤᠷᠪᠠ︶ ᠠᠷᠢᠭᠤᠳᠬᠠᠯ ᠬᠢᠭᠡ ᠦᠭᠡᠢ ᠪᠤᠶᠤ ᠬᠢᠭᠰᠡᠨ ᠴᠦ ᠪᠠᠷᠢᠮᠵᠢᠶᠠᠨ ᠳᠤ ᠨᠡᠶᠢᠴᠡᠬᠦ ᠦᠭᠡᠢ ᠡᠮᠴᠢᠯᠡᠭᠡᠨ ᠤ ᠪᠣᠬᠢᠷ | ᠤᠰᠤ ᠶᠢ ᠳᠤᠷ᠎ᠠ ᠪᠠᠷ ᠲᠠᠯᠪᠢᠬᠤ᠃ | ︵ᠳᠥᠷᠪᠡ︶ ᠬᠠᠭᠤᠷᠮᠠᠭ᠂ ᠴᠢᠨᠠᠷ ᠮᠠᠭᠤ ᠮᠠᠯ ᠤᠨ ᠡᠮ ᠪᠣᠯᠣᠨ ᠤᠯᠤᠰ ᠠᠴᠠ ᠬᠤᠷᠢᠭᠯᠠᠭᠰᠠᠨ ᠡᠮ ᠤᠨ | ᠪᠦᠲᠦᠭᠡᠭᠳᠡᠬᠦᠨ ᠵᠢᠴᠢ ᠪᠤᠰᠤᠳ ᠬᠢᠮᠢ ᠶᠢᠨ ᠨᠡᠶᠢᠯᠡᠭ ᠪᠣᠳᠠᠰ ᠢ ᠬᠡᠷᠡᠭᠯᠡᠬᠦ᠃ | ︵ᠲᠠᠪᠤ︶ ᠬᠠᠤᠯᠢ ᠲᠣᠭᠲᠠᠭᠠᠮᠵᠢ ᠳᠤ ᠵᠢᠭᠠᠭᠰᠠᠨ ᠮᠠᠯ ᠤᠨ ᠵᠣᠷᠢᠭᠤᠯᠤᠯᠲᠠ ᠲᠠᠢ ᠪᠢᠣᠯᠣᠭᠢ ᠶᠢᠨ ᠪᠦᠲᠦᠭᠡᠭᠳᠡᠬᠦᠨ ᠢ | ᠬᠡᠷᠡᠭᠯᠡᠬᠦ ᠪᠤᠶᠤ ᠡᠵᠡᠩᠨᠡᠬᠦ᠃ | ︵ᠵᠢᠷᠭᠤᠭ᠎ᠠ︶ ᠡᠮᠴᠢᠯᠡᠭᠡᠨ ᠤ ᠪᠣᠯᠣᠨ ᠡᠮ ᠬᠡᠷᠡᠭᠯᠡᠭᠰᠡᠨ ᠲᠡᠮᠳᠡᠭᠯᠡᠯ ᠪᠠᠶᠢᠬᠤ ᠦᠭᠡᠢ᠃ | ︵ᠳᠣᠯᠤᠭ᠎ᠠ︶ ᠪᠤᠰᠤᠳ ᠬᠠᠤᠯᠢ᠂ ᠬᠠᠤᠯᠢ ᠲᠣᠭᠲᠠᠭᠠᠮᠵᠢ᠂ ᠳᠦᠷᠢᠮ ᠭᠤᠷᠢᠮ ᠵᠥᠷᠢᠴᠡᠭᠰᠡᠨ ᠠᠵᠢᠯᠯᠠᠭ᠎ᠠ ᠪᠠᠶᠢᠵᠤ | ᠪᠣᠯᠬᠤ ᠦᠭᠡᠢ᠃ | ᠳᠥᠴᠢᠨ ᠬᠤᠶᠠᠳᠤᠭᠠᠷ ᠵᠦᠢᠯ ᠪᠠᠶᠢᠭᠤᠯᠭ᠎ᠠ ᠨᠢᠭᠡᠴᠢ ᠶᠢᠨ ᠪᠣᠯᠣᠨ ᠬᠥᠳᠡᠭᠡ ᠲᠣᠰᠬᠤᠨ ᠤ ᠮᠠᠯ ᠤᠨ ᠡᠮᠴᠢ ᠠᠴᠠ | ᠮᠠᠯ ᠠᠮᠢᠲᠠᠨ ᠢ ᠬᠢᠵᠢᠭ ᠤᠨ ᠬᠠᠯᠳᠠᠪᠤᠷᠢ ᠠᠪᠤᠭᠰᠠᠨ ᠪᠤᠶᠤ ᠬᠢᠵᠢᠭ ᠤᠨ ᠬᠠᠯᠳᠠᠪᠤᠷᠢ ᠠᠪᠤᠭᠰᠠᠨ ᠰᠡᠵᠢᠭ ᠲᠠᠢ ᠪᠠᠶᠢᠳᠠᠯ ᠢ | ᠢᠯᠡᠷᠡᠭᠦᠯᠦᠭᠰᠡᠨ ᠪᠣᠯ ᠴᠠᠭ ᠲᠤᠬᠠᠢ ᠳᠤ ᠨᠢ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠮᠠᠯ ᠡᠮᠨᠡᠯᠭᠡ ᠶᠢᠨ | ᠭᠤᠣᠯ ᠪᠣᠯᠬᠤ ᠠᠯᠪᠠ᠂ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠪᠤᠶᠤ ᠠᠮᠢᠲᠠᠨ ᠤ ᠬᠢᠵᠢᠭ | ᠲᠠᠬᠤᠯ ᠠᠴᠠ ᠤᠷᠢᠳᠴᠢᠯᠠᠨ ᠰᠡᠷᠭᠡᠶᠢᠯᠡᠬᠦ ᠪᠠᠶᠢᠭᠤᠯᠤᠮᠵᠢ ᠳᠤ ᠮᠡᠳᠡᠭᠦᠯᠵᠦ ᠲᠤᠰᠠᠭᠠᠷᠯᠠᠬᠤ ᠠᠷᠭ᠎ᠠ ᠬᠡᠮᠵᠢᠶ᠎ᠡ ᠠᠪᠬᠠᠭᠤᠯᠵᠤ᠂ | ᠠᠮᠢᠲᠠᠨ ᠤ ᠬᠢᠵᠢᠭ ᠲᠠᠬᠤᠯ ᠤᠨ ᠳᠡᠯᠭᠡᠷᠡᠬᠦ ᠶᠢ ᠰᠡᠷᠭᠡᠶᠢᠯᠡᠪᠡᠯ ᠵᠣᠬᠢᠨ᠎ᠠ᠃ ᠪᠠᠶᠢᠭᠤᠯᠭ᠎ᠠ ᠨᠢᠭᠡᠴᠢ ᠶᠢᠨ ᠪᠣᠯᠣᠨ ᠬᠥᠳᠡᠭᠡ | ᠲᠣᠰᠬᠤᠨ ᠤ ᠮᠠᠯ ᠤᠨ ᠡᠮᠴᠢ ᠠᠴᠠ ᠤᠯᠤᠰ ᠠᠴᠠ ᠲᠣᠭᠲᠠᠭᠠᠭᠰᠠᠨ ᠠᠯᠠᠨ ᠤᠰᠠᠳᠬᠠᠪᠠᠯ ᠵᠣᠬᠢᠬᠤ ᠬᠢᠵᠢᠭ ᠲᠠᠬᠤᠯ | ᠠᠪᠤᠭᠰᠠᠨ ᠮᠠᠯ ᠠᠮᠢᠲᠠᠨ ᠪᠤᠶᠤ ᠬᠠᠯᠳᠠᠪᠤᠷᠢ ᠠᠪᠤᠭᠰᠠᠨ ᠰᠡᠵᠢᠭ ᠲᠠᠢ ᠪᠠᠶᠢᠭ᠎ᠠ ᠮᠠᠯ ᠠᠮᠢᠲᠠᠨ ᠢ ᠥᠪᠡᠷ ᠤᠨ | ᠳᠤᠷ᠎ᠠ ᠪᠠᠷ ᠢᠶᠠᠨ ᠡᠮᠨᠡᠵᠦ ᠪᠣᠯᠬᠤ ᠦᠭᠡᠢ᠃ | ᠵᠢᠷᠭᠤᠳᠤᠭᠠᠷ ᠪᠦᠯᠦᠭ ᠠᠮᠢᠲᠠᠨ ᠪᠣᠯᠣᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠲᠡᠭᠡᠭᠡᠪᠦᠷᠢᠯᠡᠬᠦ ᠳᠤ | ᠲᠠᠯᠪᠢᠬᠤ ᠬᠢᠵᠢᠭ ᠲᠠᠬᠤᠯ ᠢ ᠤᠷᠢᠳᠴᠢᠯᠠᠨ ᠰᠡᠷᠭᠡᠶᠢᠯᠡᠯᠲᠡ | ᠳᠥᠴᠢᠨ ᠭᠤᠷᠪᠠᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠠᠮᠢᠲᠠᠨ ᠤ | ᠬᠢᠵᠢᠭ ᠠᠴᠠ ᠤᠷᠢᠳᠴᠢᠯᠠᠨ ᠰᠡᠷᠭᠡᠶᠢᠯᠡᠬᠦ ᠪᠣᠯᠣᠨ ᠬᠢᠵᠢᠭ ᠪᠠᠶᠢᠴᠠᠭᠠᠯᠲᠠ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠠᠮᠢᠲᠠᠨ᠂ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠲᠡᠭᠡᠭᠡᠪᠦᠷᠢᠯᠡᠬᠦ ᠲᠣᠭᠲᠠᠭᠰᠠᠨ ᠭᠠᠷᠴᠠ᠂ ᠵᠠᠮ ᠤᠨ ᠠᠭᠤᠯᠵᠠᠷ ᠲᠤ ᠠᠮᠢᠲᠠᠨ ᠤ | ᠡᠷᠡᠭᠦᠯ ᠬᠠᠮᠠᠭᠠᠯᠠᠯ ᠤᠨ ᠬᠢᠨᠠᠨ ᠰᠢᠯᠭᠠᠬᠤ ᠥᠷᠲᠡᠭᠡ ᠶᠢ ᠪᠠᠶᠢᠭᠤᠯᠵᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠬᠤᠰᠢᠭᠤ | ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤᠯᠤᠰ ᠤᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ | ᠦᠨᠳᠦᠰᠦᠯᠡᠵᠦ᠂ ᠲᠣᠭᠲᠠᠭᠰᠠᠨ ᠭᠠᠷᠴᠠ ᠲᠠᠢ ᠵᠠᠮ᠂ ᠲᠡᠮᠦᠷ ᠵᠠᠮ᠂ ᠤᠰᠤᠨ ᠲᠡᠭᠡᠭᠡᠪᠦᠷᠢ᠂ ᠠᠭᠠᠷ ᠤᠨ ᠲᠡᠭᠡᠭᠡᠪᠦᠷᠢ ᠶᠢᠨ | ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠬᠤ ᠥᠷᠲᠡᠭᠡ ᠶᠢ ᠳᠦᠷᠢᠮᠵᠢᠯ ᠤᠨ ᠳᠠᠭᠠᠤ ᠪᠠᠶᠢᠭᠤᠯᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠥᠪᠡᠷᠳᠡᠭᠡᠨ ᠵᠠᠰᠠᠬᠤ ᠤᠷᠤᠨ ᠠᠴᠠ ᠲᠣᠭᠲᠠᠭᠠᠭᠰᠠᠨ ᠲᠤᠰᠬᠠᠢ ᠭᠠᠷᠴᠠ ᠲᠠᠢ ᠵᠠᠮ ᠠᠴᠠ ᠪᠤᠰᠤᠳ ᠰᠢᠶᠠᠩ ᠤᠨ ᠳᠡᠰ ᠠᠴᠠ | ᠳᠡᠭᠡᠭᠰᠢᠬᠢ ᠥᠪᠡᠷᠳᠡᠭᠡᠨ ᠵᠠᠰᠠᠬᠤ ᠤᠷᠤᠨ ᠤ ᠬᠢᠵᠠᠭᠠᠷ ᠤᠨ ᠵᠠᠮ ᠤᠨ ᠠᠭᠤᠯᠵᠠᠷ ᠲᠤ ᠠᠮᠢᠲᠠᠨ ᠤ ᠭᠠᠷᠤᠯ ᠲᠠᠢ | ᠪᠦᠲᠦᠭᠡᠭᠳᠡᠬᠦᠨ ᠢ ᠲᠡᠭᠡᠭᠡᠪᠦᠷᠢᠯᠡᠬᠦ ᠶᠢ ᠬᠤᠷᠢᠭᠯᠠᠭᠰᠠᠨ ᠢᠯᠡᠷᠬᠡᠶᠢᠯᠡᠯ ᠬᠠᠳᠠᠭᠰᠠᠨ ᠪᠠᠶᠢᠬᠤ ᠶᠣᠰᠣᠲᠠᠢ᠃ | ᠳᠥᠴᠢᠨ ᠲᠠᠪᠤᠳᠤᠭᠠᠷ ᠵᠦᠢᠯ ᠠᠮᠢᠲᠠᠨ ᠬᠢᠭᠡᠳ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠡᠵᠡᠩᠨᠡᠬᠦ᠂ | ᠲᠡᠭᠡᠭᠡᠪᠦᠷᠢᠯᠡᠬᠦ ᠵᠡᠷᠭᠡ ᠦᠢᠯᠡ ᠠᠵᠢᠯᠯᠠᠭ᠎ᠠ ᠶᠠᠪᠤᠭᠤᠯᠵᠤ ᠪᠠᠶᠢᠬᠤ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ᠂ ᠪᠠᠶᠢᠭ᠎ᠠ | ᠭᠠᠵᠠᠷ ᠣᠷᠣᠨ ᠤ ᠪᠠᠨ ᠬᠤᠰᠢᠭᠤ ᠰᠢᠶᠠᠨ ᠤ ᠳᠡᠰ ᠠᠴᠠ ᠳᠡᠭᠡᠭᠰᠢᠬᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ | ᠠᠯᠪᠠᠨ ᠳᠤ ᠬᠦᠷᠴᠦ ᠪᠢᠴᠢᠭ ᠢᠶᠠᠷ ᠮᠡᠳᠡᠭᠳᠡᠬᠦ ᠬᠡᠷᠡᠭᠲᠡᠢ᠃ | ᠳᠥᠴᠢᠨ ᠵᠢᠷᠭᠤᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠬᠢᠯᠢ ᠪᠠᠷ ᠠᠮᠢᠲᠠᠨ ᠪᠣᠯᠣᠨ ᠠᠮᠢᠲᠠᠨ ᠤ | ᠭᠠᠷᠤᠯ ᠲᠠᠢ ᠪᠦᠲᠦᠭᠡᠭᠳᠡᠬᠦᠨ ᠢ ᠣᠷᠣᠭᠤᠯᠬᠤ ᠳᠤ ᠲᠣᠭᠲᠠᠭᠠᠭᠰᠠᠨ ᠲᠤᠰᠬᠠᠢ ᠭᠠᠷᠴᠠ ᠲᠠᠢ ᠵᠠᠮ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠨ ᠰᠢᠯᠭᠠᠬᠤ ᠥᠷᠲᠡᠭᠡᠨ ᠳᠤ ᠭᠡᠷᠡᠴᠢ ᠪᠠᠷᠢᠮᠲᠠ᠂ ᠡᠳ᠋ ᠵᠦᠢᠯ᠂ ᠭᠠᠷ ᠤᠨ ᠦᠰᠦᠭ ᠪᠣᠯᠣᠨ | ᠲᠡᠭᠡᠭᠡᠪᠦᠷᠢ ᠶᠢᠨ ᠮᠠᠰᠢᠨ ᠤ ᠠᠷᠢᠭᠤᠳᠬᠠᠯ ᠬᠢᠭᠰᠡᠨ ᠲᠠᠯ᠎ᠠ ᠪᠠᠷ ᠰᠢᠯᠭᠠᠨ ᠪᠠᠶᠢᠴᠠᠭᠠᠯᠲᠠ ᠬᠦᠯᠢᠶᠡᠨ᠎ᠡ᠃ ᠬᠢᠨᠠᠨ ᠪᠠᠶᠢᠴᠠᠭᠠᠯᠲᠠ | ᠪᠤᠶᠤ ᠠᠷᠢᠭᠤᠳᠬᠠᠯ ᠬᠢᠯᠭᠡᠭᠰᠡᠨ ᠦᠭᠡᠢ ᠪᠣᠯ ᠨᠡᠪᠲᠡᠷᠡᠭᠦᠯᠵᠦ ᠪᠣᠯᠬᠤ ᠦᠭᠡᠢ᠃ ᠶᠠᠮᠠᠷ ᠴᠦ ᠪᠠᠶᠢᠭᠤᠯᠭ᠎ᠠ ᠨᠢᠭᠡᠴᠢ᠂ ᠬᠤᠪᠢ | ᠬᠥᠮᠥᠨ ᠲᠣᠭᠲᠠᠭᠰᠠᠨ ᠭᠠᠷᠴᠠ ᠳᠠᠬᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠨ ᠰᠢᠯᠭᠠᠬᠤ ᠥᠷᠲᠡᠭᠡᠨ ᠤ | ᠪᠠᠶᠢᠴᠠᠭᠠᠯᠲᠠ ᠶᠢ ᠥᠩᠭᠡᠷᠡᠭᠦᠯᠦᠭᠰᠡᠨ ᠦᠭᠡᠢ ᠪᠠᠷ ᠥᠪᠡᠷᠳᠡᠭᠡᠨ ᠵᠠᠰᠠᠬᠤ ᠤᠷᠤᠨ ᠤ ᠬᠢᠯᠢ ᠳᠤ ᠨᠡᠪᠲᠡᠷᠡᠭᠦᠯᠦᠭᠰᠡᠨ ᠠᠮᠢᠲᠠᠨ | ᠪᠤᠶᠤ ᠠᠮᠢᠲᠠᠨ ᠤ ᠭᠠᠷᠤᠯ ᠲᠠᠢ ᠪᠦᠲᠦᠭᠡᠭᠳᠡᠬᠦᠨ ᠢ ᠬᠦᠯᠢᠶᠡᠵᠦ ᠠᠪᠴᠤ ᠪᠣᠯᠬᠤ ᠦᠭᠡᠢ᠃ | ᠳᠥᠴᠢᠨ ᠳᠣᠯᠣᠳᠤᠭᠠᠷ ᠵᠦᠢᠯ ᠥᠪᠡᠷᠳᠡᠭᠡᠨ ᠵᠠᠰᠠᠬᠤ ᠤᠷᠤᠨ ᠤ ᠭᠠᠳᠠᠨ᠎ᠠ ᠠᠴᠠ ᠣᠷᠣᠭᠤᠯᠬᠤ ᠰᠦᠨ | ᠬᠡᠷᠡᠭᠯᠡᠭᠡᠨ ᠤ ᠠᠮᠢᠲᠠᠨ᠂ ᠦᠷ᠎ᠡ ᠶᠢᠨ ᠬᠡᠷᠡᠭᠯᠡᠭᠡᠨ ᠤ ᠠᠮᠢᠲᠠᠨ ᠪᠣᠯᠣᠨ ᠦᠷ᠎ᠡ ᠶᠢᠨ ᠰᠢᠩᠭᠡᠨ᠂ ᠦᠷ᠎ᠡ ᠬᠥᠪᠥᠷᠡᠯ᠂ | ᠦᠷ᠎ᠡ ᠶᠢᠨ ᠥᠨᠳᠡᠭᠡ ᠨᠢ ᠥᠪᠡᠷᠳᠡᠭᠡᠨ ᠵᠠᠰᠠᠬᠤ ᠤᠷᠤᠨ ᠤ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠤ | ᠵᠥᠪᠰᠢᠶᠡᠷᠡᠯ ᠢ ᠠᠪᠤᠭᠰᠠᠨ ᠪᠠᠶᠢᠬᠤ ᠶᠣᠰᠣᠲᠠᠢ᠃ ᠭᠠᠳᠠᠨ᠎ᠠ ᠠᠴᠠ ᠣᠷᠣᠭᠤᠯᠬᠤ ᠦᠷ᠎ᠡ ᠶᠢᠨ ᠬᠡᠷᠡᠭᠯᠡᠭᠡᠨ ᠤ ᠪᠣᠯᠣᠨ ᠰᠦᠨ | ᠬᠡᠷᠡᠭᠯᠡᠭᠡᠨ ᠤ ᠠᠮᠢᠲᠠᠨ ᠭᠠᠵᠠᠷ ᠲᠠᠭᠠᠨ ᠢᠷᠡᠭᠰᠡᠨ ᠬᠤᠶᠢᠨ᠎ᠠ ᠪᠠᠷᠠᠭᠠᠨ ᠤ ᠡᠵᠡᠨ ᠨᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠢ ᠵᠢᠷᠤᠮᠯᠠᠵᠤ ᠲᠤᠰᠠᠭᠠᠷᠯᠠᠨ ᠬᠢᠨᠠᠵᠤ ᠦᠵᠡᠬᠦ ᠬᠡᠷᠡᠭᠲᠡᠢ᠂ ᠲᠤᠰᠠᠭᠠᠷᠯᠠᠯ ᠤᠨ ᠬᠤᠭᠤᠴᠠᠭ᠎ᠠ ᠳᠠᠭᠤᠰᠤᠭᠰᠠᠨ | ᠬᠤᠶᠢᠨ᠎ᠠ ᠬᠢᠵᠢᠭ ᠲᠠᠬᠤᠯ ᠤᠨ ᠪᠠᠶᠢᠴᠠᠭᠠᠯᠲᠠ ᠪᠠᠷ ᠬᠢᠷᠢ ᠳᠤ ᠨᠡᠶᠢᠴᠡᠭᠰᠡᠨ ᠪᠣᠯ ᠰᠦᠷᠦᠭ ᠲᠤ ᠨᠡᠶᠢᠯᠡᠭᠦᠯᠵᠦ ᠲᠡᠵᠢᠭᠡᠵᠦ | ᠪᠣᠯᠣᠨ᠎ᠠ᠃ ᠬᠢᠵᠢᠭ ᠤᠨ ᠪᠠᠶᠢᠴᠠᠭᠠᠯᠲᠠ ᠳᠤ ᠬᠢᠷᠢ ᠳᠤ ᠬᠦᠷᠦᠭᠰᠡᠨ ᠦᠭᠡᠢ ᠪᠣᠯ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠤᠨ ᠳᠠᠭᠠᠤ ᠰᠢᠢᠳᠪᠦᠷᠢᠯᠡᠬᠦ ᠬᠡᠷᠡᠭᠲᠡᠢ᠃ | ᠳᠥᠴᠢᠨ ᠨᠠᠢᠮᠠᠳᠤᠭᠠᠷ ᠵᠦᠢᠯ ᠲᠡᠵᠢᠭᠡᠯ ᠪᠣᠷᠳᠣᠭᠠᠨ ᠤ ᠵᠣᠷᠢᠭᠤᠯᠤᠯᠲᠠ ᠲᠠᠢ ᠪᠠᠷ ᠥᠪᠡᠷᠳᠡᠭᠡᠨ ᠵᠠᠰᠠᠬᠤ | ᠤᠷᠤᠨ ᠤ ᠭᠠᠳᠠᠨ᠎ᠠ ᠠᠴᠠ ᠪᠤᠶᠤ ᠠᠶᠢᠮᠠᠭ ᠬᠤᠲᠠ ᠠᠯᠤᠰᠯᠠᠵᠤ ᠣᠷᠣᠭᠤᠯᠬᠤ ᠰᠦᠨ ᠬᠡᠷᠡᠭᠯᠡᠭᠡᠨ ᠤ ᠪᠤᠰᠤ᠂ ᠦᠷ᠎ᠡ ᠶᠢᠨ | ᠬᠡᠷᠡᠭᠯᠡᠭᠡᠨ ᠤ ᠪᠤᠰᠤ ᠠᠮᠢᠲᠠᠨ ᠢ ᠭᠠᠵᠠᠷ ᠲᠠᠭᠠᠨ ᠢᠷᠡᠭᠰᠡᠨ ᠬᠤᠶᠢᠨ᠎ᠠ ᠬᠤᠷᠢᠨ ᠳᠥᠷᠪᠡᠨ ᠴᠠᠭ ᠤᠨ ᠳᠣᠲᠣᠷ᠎ᠠ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠳᠡᠰ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠮᠡᠳᠡᠭᠳᠡᠨ᠎ᠡ᠃ | ᠠᠮᠢᠲᠠᠨ ᠣᠷᠣᠭᠤᠯᠬᠤ ᠳᠠᠭᠠᠨ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠵᠤ ᠲᠤᠰᠠᠭᠠᠷᠯᠠᠨ ᠬᠢᠨᠠᠵᠤ ᠦᠵᠡᠬᠦ | ᠬᠡᠷᠡᠭᠲᠡᠢ᠂ ᠲᠤᠰᠠᠭᠠᠷᠯᠠᠯ ᠤᠨ ᠬᠤᠭᠤᠴᠠᠭ᠎ᠠ ᠳᠠᠭᠤᠰᠤᠭᠰᠠᠨ ᠬᠤᠶᠢᠨ᠎ᠠ ᠬᠢᠵᠢᠭ ᠲᠠᠬᠤᠯ ᠤᠨ ᠪᠠᠶᠢᠴᠠᠭᠠᠯᠲᠠ ᠪᠠᠷ ᠬᠢᠷᠢ ᠳᠤ | ᠨᠡᠶᠢᠴᠡᠭᠰᠡᠨ ᠪᠣᠯ ᠰᠦᠷᠦᠭ ᠲᠤ ᠨᠡᠶᠢᠯᠡᠭᠦᠯᠵᠦ ᠲᠡᠵᠢᠭᠡᠵᠦ ᠪᠣᠯᠣᠨ᠎ᠠ᠃ ᠬᠢᠵᠢᠭ ᠤᠨ ᠪᠠᠶᠢᠴᠠᠭᠠᠯᠲᠠ ᠳᠤ ᠬᠢᠷᠢ ᠳᠤ | ᠬᠦᠷᠦᠭᠰᠡᠨ ᠦᠭᠡᠢ ᠪᠣᠯ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠬᠦ ᠬᠡᠷᠡᠭᠲᠡᠢ᠃ | ᠳᠣᠯᠣᠳᠤᠭᠠᠷ ᠪᠦᠯᠦᠭ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ | ᠳᠥᠴᠢ ᠶᠢᠰᠦᠳᠦᠭᠡᠷ ᠵᠦᠢᠯ ᠠᠮᠢᠲᠠᠨ ᠠᠷᠠᠴᠢᠯᠠᠭᠴᠢ᠂ ᠪᠠᠷᠠᠭᠠᠨ ᠤ ᠡᠵᠡᠨ᠂ ᠲᠡᠭᠡᠭᠡᠪᠦᠷᠢᠯᠡᠭᠴᠢ ᠡᠪᠡᠳᠴᠢᠨ ᠢᠶᠠᠷ | ᠦᠬᠦᠭᠰᠡᠨ ᠠᠮᠢᠲᠠᠨ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠬᠤᠣᠷᠳᠠᠯ ᠦᠭᠡᠢ ᠰᠢᠢᠳᠪᠦᠷᠢᠯᠡᠬᠦ | ᠬᠡᠷᠡᠭᠲᠡᠢ᠃ ᠶᠠᠮᠠᠷ ᠴᠦ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠠᠴᠠ ᠡᠪᠡᠳᠴᠢᠨ ᠢᠶᠠᠷ ᠦᠬᠦᠭᠰᠡᠨ᠂ ᠲᠣᠳᠣᠷᠬᠠᠢ | ᠰᠢᠯᠲᠠᠭᠠᠨ ᠦᠭᠡᠢ ᠪᠠᠷ ᠦᠬᠦᠭᠰᠡᠨ᠂ ᠬᠡᠪ ᠤᠨ ᠪᠤᠰᠤ ᠪᠠᠷ ᠦᠬᠦᠭᠰᠡᠨ ᠪᠤᠶᠤ ᠬᠢᠵᠢᠭ ᠪᠠᠶᠢᠴᠠᠭᠠᠯᠲᠠ ᠳᠤ ᠬᠢᠷᠢ ᠬᠦᠷᠦᠭᠰᠡᠨ | ᠦᠭᠡᠢ ᠠᠮᠢᠲᠠᠨ ᠢ ᠰᠠᠨᠠᠭᠠᠨ ᠳᠤᠷ᠎ᠠ ᠪᠠᠷ ᠬᠠᠶᠠᠬᠤ᠂ ᠰᠢᠢᠳᠪᠦᠷᠢᠯᠡᠬᠦ ᠪᠣᠯᠣᠨ ᠬᠤᠳᠠᠯᠳᠤᠬᠤ᠂ ᠬᠤᠷᠢᠶᠠᠬᠤ᠂ | ᠪᠣᠯᠪᠠᠰᠤᠷᠠᠭᠤᠯᠬᠤ ᠶᠢ ᠲᠠᠰ ᠬᠤᠷᠢᠭᠯᠠᠨ᠎ᠠ᠃ | ᠲᠠᠪᠢᠳᠤᠭᠠᠷ ᠵᠦᠢᠯ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠣᠷᠳᠣᠨ ᠨᠢᠭᠡᠳᠦᠯ ᠲᠠᠢ | ᠲᠥᠯᠥᠪᠯᠡᠵᠦ᠂ ᠵᠦᠢᠲᠡᠢ ᠪᠠᠶᠢᠷᠢᠯᠠᠭᠤᠯᠬᠤ ᠵᠠᠷᠴᠢᠮ ᠤᠨ ᠳᠠᠭᠠᠤ᠂ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ | ᠦᠭᠡᠢ ᠰᠢᠢᠳᠪᠦᠷᠢᠯᠡᠬᠦ ᠣᠯᠠᠨ ᠨᠡᠶᠢᠲᠡ ᠶᠢᠨ ᠲᠣᠨᠤᠭ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠠᠵᠢᠯ ᠢ ᠵᠣᠬᠢᠶᠠᠨ | ᠪᠠᠶᠢᠭᠤᠯᠵᠤ᠂ ᠭᠦᠢᠴᠡᠳᠬᠡᠬᠦ ᠪᠠᠶᠢᠭᠤᠯᠭ᠎ᠠ ᠨᠢᠭᠡᠴᠢ ᠪᠣᠯᠣᠨ ᠲᠣᠳᠣᠷᠬᠠᠢ ᠬᠠᠷᠢᠭᠤᠴᠠᠯᠭ᠎ᠠ ᠶᠢ ᠲᠣᠳᠣᠳᠬᠠᠵᠤ ᠵᠠᠷᠤᠳᠠᠯ | ᠮᠥᠩᠭᠦ ᠶᠢ ᠲᠣᠬᠢᠷᠠᠭᠤᠯᠵᠤ ᠥᠭᠬᠦ ᠬᠡᠷᠡᠭᠲᠡᠢ᠃ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠠᠴᠠ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ | ᠣᠯᠠᠨ ᠨᠡᠶᠢᠲᠡ ᠶᠢᠨ ᠲᠣᠨᠤᠭ ᠲᠥᠬᠦᠭᠡᠷᠦᠮᠵᠢ ᠶᠢᠨ ᠦᠢᠯᠡ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠲᠡᠭᠦᠨᠴᠢᠯᠡᠨ ᠦᠢᠯᠡ ᠠᠵᠢᠯᠯᠠᠭᠠᠨ ᠤ ᠨᠢᠭᠡᠴᠢ ᠶᠢᠨ ᠬᠠᠷᠢᠭᠤᠴᠠᠬᠤ ᠲᠣᠭᠤᠷᠢᠭ ᠪᠣᠯᠣᠨ ᠪᠠᠶᠢᠷᠢᠰᠢᠯ᠂ ᠬᠠᠷᠢᠯᠴᠠᠬᠤ | ᠬᠡᠯᠪᠡᠷᠢ ᠶᠢ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ ᠥᠪᠡᠷᠳᠡᠭᠡᠨ ᠵᠠᠰᠠᠬᠤ ᠤᠷᠤᠨ ᠠᠴᠠ ᠠᠮᠢᠲᠠᠨ ᠢ ᠬᠤᠣᠷᠳᠠᠯ ᠦᠭᠡᠢ | ᠰᠢᠢᠳᠪᠦᠷᠢᠯᠡᠬᠦ ᠣᠯᠠᠨ ᠨᠡᠶᠢᠲᠡ ᠶᠢᠨ ᠲᠣᠨᠤᠭ ᠲᠥᠬᠦᠭᠡᠷᠦᠮᠵᠢ ᠶᠢ ᠨᠡᠶᠢᠭᠡᠮ ᠤᠨ ᠬᠥᠷᠥᠩᠭᠡ ᠣᠷᠤᠭᠤᠯᠤᠯᠲᠠ ᠪᠠᠷ | ᠪᠠᠶᠢᠭᠤᠯᠬᠤ ᠶᠢ ᠵᠣᠷᠢᠭᠵᠢᠭᠤᠯᠤᠨ᠎ᠠ᠃ | ᠲᠠᠪᠢᠨ ᠨᠢᠭᠡᠳᠦᠭᠡᠷ ᠵᠦᠢᠯ ᠠᠮᠢᠲᠠᠨ ᠤ ᠠᠷᠠᠴᠢᠯᠠᠭ᠎ᠠ ᠶᠢᠨ ᠲᠠᠯᠠᠪᠠᠢ ︵ᠲᠡᠵᠢᠭᠡᠨ ᠦᠷᠡᠵᠢᠭᠦᠯᠬᠦ ᠲᠣᠭᠤᠷᠢᠭ︶᠂ | ᠠᠮᠢᠲᠠᠨ ᠤ ᠲᠤᠰᠠᠭᠠᠷᠯᠠᠯᠲᠠ ᠶᠢᠨ ᠭᠠᠵᠠᠷ᠂ ᠠᠮᠢᠲᠠᠨ ᠤ ᠨᠢᠲᠤᠯᠭᠠᠨ ᠤ ᠭᠠᠵᠠᠷ ︵ᠲᠠᠯᠠᠪᠤᠷ︶ ᠨᠢ ᠤᠯᠤᠰ ᠤᠨ ᠶᠠᠪᠤᠳᠠᠯ ᠤᠨ | ᠬᠤᠷᠢᠶᠠᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠤᠮᠵᠢ ᠶᠢᠨ ᠳᠦᠷᠢᠮ ᠳᠤ ᠨᠡᠶᠢᠴᠡᠭᠰᠡᠨ ᠡᠪᠡᠳᠴᠢᠨ ᠢᠶᠠᠷ | ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ ᠲᠣᠨᠤᠭ ᠲᠥᠬᠦᠭᠡᠷᠦᠮᠵᠢ ᠵᠢᠴᠢ ᠡᠪᠡᠳᠴᠢᠨ ᠢᠶᠠᠷ ᠦᠬᠦᠭᠰᠡᠨ | ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ ᠴᠢᠳᠠᠮᠵᠢ ᠲᠠᠢ ᠪᠠᠶᠢᠬᠤ ᠬᠡᠷᠡᠭᠲᠡᠢ᠃ ᠡᠪᠡᠳᠴᠢᠨ ᠢᠶᠠᠷ ᠦᠬᠦᠭᠰᠡᠨ ᠠᠮᠢᠲᠠᠨ ᠢ | ᠬᠤᠣᠷᠳᠠᠯ ᠦᠭᠡᠢ ᠰᠢᠢᠳᠪᠦᠷᠢᠯᠡᠬᠦ ᠲᠣᠨᠤᠭ ᠲᠥᠬᠦᠭᠡᠷᠦᠮᠵᠢ ᠦᠭᠡᠢ ᠰᠢᠨᠵᠢᠯᠡᠬᠦ ᠤᠬᠠᠭᠠᠨ ᠤ ᠵᠢᠭᠠᠨ ᠰᠤᠷᠭᠠᠬᠤ ᠪᠠᠶᠢᠭᠤᠯᠭ᠎ᠠ | ᠨᠢᠭᠡᠴᠢ᠂ ᠠᠮᠢᠲᠠᠨ ᠤ ᠡᠮᠴᠢᠯᠡᠭᠡᠨ ᠤ ᠪᠠᠶᠢᠭᠤᠯᠭ᠎ᠠ ᠨᠢᠭᠡᠴᠢ ᠵᠡᠷᠭᠡ ᠨᠢ ᠡᠪᠡᠳᠴᠢᠨ ᠢᠶᠠᠷ ᠦᠬᠦᠭᠰᠡᠨ ᠠᠮᠢᠲᠠᠳ ᠢ ᠬᠤᠣᠷᠳᠠᠯ | ᠦᠭᠡᠢ ᠰᠢᠢᠳᠪᠦᠷᠢᠯᠡᠬᠦ ᠣᠯᠠᠨ ᠨᠡᠶᠢᠲᠡ ᠶᠢᠨ ᠲᠣᠨᠤᠭ ᠲᠥᠬᠦᠭᠡᠷᠦᠮᠵᠢ ᠶᠢᠨ ᠦᠢᠯᠡ ᠠᠵᠢᠯᠯᠠᠭ᠎ᠠ ᠶᠠᠪᠤᠭᠤᠯᠵᠤ ᠪᠠᠶᠢᠬᠤ | ᠪᠠᠶᠢᠭᠤᠯᠭ᠎ᠠ ᠨᠢᠭᠡᠴᠢ ᠳᠤ ᠳᠠᠭᠠᠳᠬᠠᠵᠤ ᠰᠢᠢᠳᠪᠦᠷᠢᠯᠡᠭᠦᠯᠬᠦ ᠬᠡᠷᠡᠭᠲᠡᠢ᠃ ᠰᠢᠢᠳᠪᠦᠷᠢᠯᠡᠭᠦᠯᠦᠭᠰᠡᠨ ᠵᠠᠷᠤᠳᠠᠯ ᠮᠥᠩᠭᠦ ᠶᠢ | ᠨᠠᠶᠢᠳᠠᠭᠴᠢ ᠲᠠᠯ᠎ᠠ ᠠᠴᠠ ᠬᠠᠷᠢᠭᠤᠴᠠᠨ᠎ᠠ᠃ | ᠲᠠᠪᠢᠨ ᠬᠤᠶᠠᠳᠤᠭᠠᠷ ᠵᠦᠢᠯ ᠬᠤᠲᠠ ᠪᠠᠯᠭᠠᠰᠤ ᠪᠣᠯᠣᠨ ᠬᠥᠳᠡᠭᠡ ᠲᠣᠰᠬᠤᠨ ᠮᠠᠯᠵᠢᠬᠤ ᠣᠷᠣᠨ ᠤ ᠠᠮᠢᠲᠠᠨ | ᠲᠡᠵᠢᠭᠡᠭᠴᠢ ᠬᠤᠪᠢ ᠬᠥᠮᠥᠨ ᠥᠪᠡᠷ ᠤᠨ ᠦᠬᠦᠭᠰᠡᠨ ᠠᠮᠢᠲᠠᠨ ᠢᠶᠠᠨ ᠬᠤᠣᠷᠳᠠᠯ ᠦᠭᠡᠢ ᠰᠢᠢᠳᠪᠦᠷᠢᠯᠡᠬᠦ ᠣᠯᠠᠨ | ᠨᠡᠶᠢᠲᠡ ᠶᠢᠨ ᠲᠣᠨᠤᠭ ᠲᠥᠬᠦᠭᠡᠷᠦᠮᠵᠢ ᠶᠢ ᠠᠵᠢᠯᠯᠠᠭᠤᠯᠵᠤ ᠪᠠᠶᠢᠭ᠎ᠠ ᠪᠠᠶᠢᠭᠤᠯᠭ᠎ᠠ ᠨᠢᠭᠡᠴᠢ ᠳᠤ ᠲᠡᠭᠡᠭᠡᠪᠦᠷᠢᠯᠡᠨ ᠬᠦᠷᠭᠡᠬᠦ | ᠪᠤᠶᠤ ᠡᠰᠡᠬᠦᠯ᠎ᠡ ᠬᠤᠣᠷᠳᠠᠯ ᠦᠭᠡᠢ ᠰᠢᠢᠳᠪᠦᠷᠢᠯᠡᠬᠦ ᠣᠯᠠᠨ ᠨᠡᠶᠢᠲᠡ ᠶᠢᠨ ᠲᠣᠨᠤᠭ ᠲᠥᠬᠦᠭᠡᠷᠦᠮᠵᠢ ᠶᠢᠨ ᠦᠢᠯᠡ ᠠᠵᠢᠯᠯᠠᠭ᠎ᠠ | ᠡᠷᠬᠢᠯᠡᠵᠦ ᠪᠠᠶᠢᠬᠤ ᠪᠠᠶᠢᠭᠤᠯᠭ᠎ᠠ ᠨᠢᠭᠡᠴᠢ ᠳᠤ ᠮᠡᠳᠡᠭᠳᠡᠨ᠎ᠡ᠃ ᠬᠤᠣᠷᠳᠠᠯ ᠦᠭᠡᠢ ᠰᠢᠢᠳᠪᠦᠷᠢᠯᠡᠬᠦ ᠦᠢᠯᠡ ᠠᠵᠢᠯᠯᠠᠭ᠎ᠠ ᠶᠢ | ᠲᠥᠪᠯᠡᠷᠡᠭᠦᠯᠦᠨ ᠬᠢᠬᠦ ᠨᠥᠬᠦᠴᠡᠯ ᠪᠦᠷᠢᠳᠦᠭᠦᠯᠦᠭᠡ ᠦᠭᠡᠢ ᠲᠠᠷᠢᠶᠠᠯᠠᠩ ᠮᠠᠯᠵᠢᠬᠤ ᠣᠷᠣᠨ ᠤ ᠠᠮᠢᠲᠠᠨ ᠲᠡᠵᠢᠭᠡᠭᠴᠢ ᠬᠤᠪᠢ | ᠬᠥᠮᠥᠨ ᠥᠪᠡᠷ ᠤᠨ ᠦᠬᠦᠭᠰᠡᠨ ᠠᠮᠢᠲᠠᠨ ᠢ ᠲᠣᠭᠲᠠᠭᠰᠠᠨ ᠭᠠᠵᠠᠷ ᠲᠤ ᠭᠦᠨ ᠪᠤᠯᠠᠬᠤ ᠠᠷᠭ᠎ᠠ ᠪᠠᠷ ᠰᠢᠢᠳᠪᠦᠷᠢᠯᠡᠬᠦ ᠬᠡᠷᠡᠭᠲᠡᠢ᠃ | | ᠲᠠᠪᠢᠨ ᠭᠤᠷᠪᠠᠳᠤᠭᠠᠷ ᠵᠦᠢᠯ ᠬᠤᠣᠷᠳᠠᠯ ᠦᠭᠡᠢ ᠰᠢᠢᠳᠪᠦᠷᠢᠯᠡᠬᠦ ᠣᠯᠠᠨ ᠨᠡᠶᠢᠲᠡ ᠶᠢᠨ ᠲᠣᠨᠤᠭ | ᠲᠥᠬᠦᠭᠡᠷᠦᠮᠵᠢ ᠶᠢᠨ ᠦᠢᠯᠡ ᠠᠵᠢᠯᠯᠠᠭ᠎ᠠ ᠡᠷᠬᠢᠯᠡᠵᠦ ᠪᠠᠶᠢᠬᠤ ᠪᠠᠶᠢᠭᠤᠯᠭ᠎ᠠ ᠨᠢᠭᠡᠴᠢ ᠮᠡᠳᠡᠭᠦᠯᠦᠯᠲᠡ ᠬᠦᠯᠢᠶᠡᠵᠦ ᠠᠪᠤᠭᠰᠠᠨ | ᠬᠤᠶᠢᠨ᠎ᠠ ᠴᠠᠭ ᠲᠤᠬᠠᠢ ᠳᠤ ᠨᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠬᠡᠷᠡᠭᠲᠡᠢ᠃ ᠡᠪᠡᠳᠴᠢᠨ ᠢᠶᠠᠷ ᠦᠬᠦᠭᠰᠡᠨ | ᠠᠮᠢᠲᠠᠨ ᠢ ᠬᠤᠷᠢᠶᠠᠵᠤ ᠲᠡᠭᠡᠭᠡᠪᠦᠷᠢᠯᠡᠬᠦ ᠪᠤᠶᠤ ᠬᠤᠣᠷᠳᠠᠯ ᠦᠭᠡᠢ ᠰᠢᠢᠳᠪᠦᠷᠢᠯᠡᠬᠦ ᠳᠤ ᠬᠤᠲᠠ ᠪᠠᠯᠭᠠᠰᠤ᠂ ᠲᠠᠷᠢᠶᠠᠯᠠᠩ | ᠮᠠᠯᠵᠢᠬᠤ ᠣᠷᠣᠨ ᠤ ᠠᠮᠢᠲᠠᠨ ᠲᠡᠵᠢᠭᠡᠭᠴᠢ ᠬᠤᠪᠢ ᠬᠥᠮᠥᠨ ᠠᠴᠠ ᠲᠥᠯᠥᠪᠦᠷᠢ ᠠᠪᠴᠤ ᠪᠣᠯᠬᠤ ᠦᠭᠡᠢ᠃ | ᠲᠠᠪᠢᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠲᠠᠯᠠᠪᠤᠷ ᠲᠤ ᠡᠪᠡᠳᠴᠢᠨ ᠢᠶᠠᠷ ᠦᠬᠦᠭᠰᠡᠨ ᠠᠮᠢᠲᠠᠨ ᠤ | ᠬᠠᠶᠠᠭᠳᠠᠯ ᠢ ᠪᠠᠶᠢᠭ᠎ᠠ ᠭᠠᠵᠠᠷ ᠤᠨ ᠬᠤᠲᠠ ᠶᠢᠨ ᠳᠦᠷᠢ ᠲᠥᠷᠬᠦ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠯᠪᠠ | ᠬᠠᠷᠢᠭᠤᠴᠠᠨ ᠴᠡᠪᠡᠷᠯᠡᠵᠦ ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ ᠣᠯᠠᠨ ᠨᠡᠶᠢᠲᠡ ᠶᠢᠨ | ᠲᠣᠨᠤᠭ ᠲᠥᠬᠦᠭᠡᠷᠦᠮᠵᠢ ᠶᠢᠨ ᠦᠢᠯᠡ ᠠᠵᠢᠯᠯᠠᠭ᠎ᠠ ᠶᠠᠪᠤᠭᠤᠯᠵᠤ ᠪᠠᠶᠢᠭ᠎ᠠ ᠪᠠᠶᠢᠭᠤᠯᠭ᠎ᠠ ᠨᠢᠭᠡᠴᠢ ᠳᠤ ᠬᠦᠷᠭᠡᠨ | ᠰᠢᠢᠳᠪᠦᠷᠢᠯᠡᠭᠦᠯᠦᠨ᠎ᠡ᠃ | ᠲᠠᠪᠢᠨ ᠲᠠᠪᠤᠳᠤᠭᠠᠷ ᠵᠦᠢᠯ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠣᠷᠳᠣᠨ ᠡᠪᠡᠳᠴᠢᠨ ᠢᠶᠠᠷ | ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ ᠶᠢ ᠪᠣᠯᠪᠠᠰᠤᠷᠠᠭᠤᠯᠵᠤ᠂ | ᠡᠪᠡᠳᠴᠢᠨ ᠢᠶᠠᠷ ᠦᠬᠦᠭᠰᠡᠨ ᠠᠮᠢᠲᠠᠨ ᠢ ᠬᠤᠣᠷᠳᠠᠯ ᠦᠭᠡᠢ ᠰᠢᠢᠳᠪᠦᠷᠢᠯᠡᠬᠦ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠤᠢ | ᠪᠣᠯᠭᠠᠵᠤ᠂ ᠭᠤᠣᠯ ᠪᠣᠯᠬᠤ ᠲᠠᠯᠠᠪᠤᠷ ᠲᠤ ᠡᠷᠭᠢᠭᠦᠯ ᠤᠨ ᠳᠦᠷᠢᠮ ᠭᠠᠷᠭᠠᠵᠤ᠂ ᠢᠯᠡᠴᠢᠯᠡᠨ ᠮᠡᠳᠡᠭᠦᠯᠬᠦ᠂ ᠱᠠᠩᠨᠠᠨ | ᠤᠷᠮᠠᠰᠢᠭᠤᠯᠬᠤ ᠶᠢ ᠬᠠᠪᠰᠤᠷᠭᠠᠨ᠂ ᠬᠤᠯᠪᠣᠭᠳᠠᠯ ᠪᠦᠬᠦᠢ ᠠᠯᠪᠠᠨ ᠤ ᠬᠢᠨ ᠢ ᠬᠤᠣᠷᠳᠠᠯ ᠦᠭᠡᠢ ᠰᠢᠢᠳᠪᠦᠷᠢᠯᠡᠬᠦ ᠦᠢᠯᠡ | ᠠᠵᠢᠯᠯᠠᠭᠠᠨ ᠳᠤ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠱᠠᠭᠠᠷᠳᠠᠬᠤ ᠬᠡᠷᠡᠭᠲᠡᠢ᠃ | ᠨᠠᠢᠮᠠᠳᠤᠭᠠᠷ ᠪᠦᠯᠦᠭ ᠪᠠᠲᠤᠯᠭᠠᠵᠢᠭᠤᠯᠬᠤ ᠠᠷᠭ᠎ᠠ ᠬᠡᠮᠵᠢᠶ᠎ᠡ | ᠲᠠᠪᠢᠨ ᠵᠢᠷᠭᠤᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ | ᠠᠮᠢᠲᠠᠨ ᠤ ᠬᠢᠵᠢᠭ ᠲᠠᠬᠤᠯ ᠤᠨ ᠤᠷᠢᠳᠴᠢᠯᠠᠨ ᠰᠡᠷᠭᠡᠶᠢᠯᠡᠬᠦ᠂ ᠬᠢᠵᠠᠭᠠᠯᠠᠬᠤ᠂ ᠤᠰᠠᠳᠬᠠᠬᠤ᠂ ᠬᠢᠵᠢᠭ ᠤᠨ ᠪᠠᠶᠢᠴᠠᠭᠠᠯᠲᠠ | ᠪᠣᠯᠣᠨ ᠬᠢᠨᠠᠨ ᠬᠠᠮᠢᠶᠠᠷᠬᠤ ᠳᠤ ᠵᠠᠷᠤᠴᠠᠭᠤᠯᠬᠤ ᠵᠠᠷᠤᠳᠠᠯ ᠮᠥᠩᠭᠦ ᠶᠢ ᠡᠳ᠋ ᠤᠨ ᠵᠠᠰᠠᠭ ᠤᠨ ᠲᠥᠰᠥᠪ ᠤᠨ ᠲᠣᠭᠠᠴᠠᠭ᠎ᠠ ᠳᠤ | ᠣᠷᠣᠭᠤᠯᠬᠤ ᠬᠡᠷᠡᠭᠲᠡᠢ᠃ | ᠲᠠᠪᠢᠨ ᠳᠣᠯᠣᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯ ᠪᠣᠯᠬᠤ ᠠᠯᠪᠠᠨ ᠪᠠᠶᠢᠭᠤᠯᠭ᠎ᠠ ᠨᠢ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠪᠢᠣᠯᠣᠭᠢ ᠶᠢᠨ ᠪᠣᠳᠠᠰ ᠤᠨ ᠬᠦᠢᠲᠡᠨ ᠵᠥᠭᠡᠭᠡᠪᠦᠷᠢᠯᠡᠯᠲᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠰᠢᠭᠯᠠᠵᠤ ᠬᠠᠮᠢᠶᠠᠷᠬᠤ | ᠠᠵᠢᠯ ᠢ ᠴᠢᠩᠭᠠᠳᠬᠠᠵᠤ᠂ ᠲᠣᠬᠢᠷᠠᠭᠰᠠᠨ ᠬᠡᠮᠵᠢᠶᠡᠨ ᠤ ᠬᠢᠵᠢᠭ ᠲᠠᠬᠤᠯ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ | ᠪᠣᠯᠣᠨ ᠤᠰᠠᠳᠬᠠᠬᠤ ᠳᠤ ᠵᠣᠷᠢᠭᠤᠯᠤᠯᠲᠠ ᠲᠠᠢ ᠡᠮ ᠤᠨ ᠪᠦᠲᠦᠭᠡᠭᠳᠡᠬᠦᠨ᠂ ᠪᠢᠣᠯᠣᠭᠢ ᠶᠢᠨ ᠪᠦᠲᠦᠭᠡᠭᠳᠡᠬᠦᠨ ᠪᠣᠯᠣᠨ | ᠪᠤᠰᠤᠳ ᠬᠤᠯᠪᠣᠭ᠎ᠠ ᠲᠠᠢ ᠪᠣᠳᠠᠰ ᠤᠨ ᠨᠥᠭᠡᠴᠡ ᠬᠠᠳᠠᠭᠠᠯᠠᠮᠵᠢ ᠶᠢ ᠪᠡᠯᠡᠳᠬᠡᠬᠦ ᠬᠡᠷᠡᠭᠲᠡᠢ᠃ | ᠲᠠᠪᠢᠨ ᠨᠠᠢᠮᠠᠳᠤᠭᠠᠷ ᠵᠦᠢᠯ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ᠂ | ᠤᠰᠠᠳᠬᠠᠬᠤ ᠶᠠᠪᠤᠴᠠ ᠶᠢᠨ ᠳᠤᠮᠳᠠ ᠬᠦᠴᠦ ᠪᠠᠷ ᠠᠯᠠᠨ ᠤᠰᠠᠳᠬᠠᠬᠤ ᠭᠡᠰᠡᠨ ᠠᠮᠢᠲᠠᠨ᠂ ᠰᠢᠲᠠᠭᠠᠵᠤ ᠠᠯᠭ᠎ᠠ ᠪᠣᠯᠭᠠᠬᠤ | ᠭᠡᠰᠡᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠪᠣᠯᠣᠨ ᠬᠤᠯᠪᠣᠭᠳᠠᠬᠤ ᠶᠠᠭᠤᠮ᠎ᠠ ᠬᠡᠷᠡᠭᠯᠡᠯ ᠡᠰᠡᠬᠦᠯ᠎ᠡ ᠬᠠᠤᠯᠢ ᠵᠦᠢ ᠶᠢᠨ | ᠳᠠᠭᠠᠤ ᠡᠪᠡᠳᠴᠢᠨ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠳᠤᠮᠳᠠ ᠴᠣᠴᠢᠷᠳᠠᠵᠤ ᠦᠬᠦᠭᠰᠡᠨ ᠠᠮᠢᠲᠠᠨ ᠢ ᠬᠤᠰᠢᠭᠤ | ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠᠶᠢᠳᠠᠯ ᠢ ᠨᠢ ᠬᠠᠷᠠᠭᠠᠯᠵᠠᠨ ᠨᠥᠬᠦᠪᠦᠷᠢ ᠣᠯᠭᠤᠨ᠎ᠠ᠃ | ᠪᠣᠳᠠᠲᠠᠢ ᠨᠥᠬᠦᠪᠦᠷᠢ ᠣᠯᠭᠤᠬᠤ ᠠᠷᠭ᠎ᠠ ᠪᠠᠷᠢᠯ ᠪᠣᠯᠣᠨ ᠪᠠᠷᠢᠮᠵᠢᠶ᠎ᠠ ᠶᠢ ᠤᠯᠤᠰ ᠤᠨ ᠪᠣᠯᠣᠨ ᠥᠪᠡᠷᠳᠡᠭᠡᠨ ᠵᠠᠰᠠᠬᠤ | ᠤᠷᠤᠨ ᠤ ᠬᠤᠯᠪᠣᠭᠳᠠᠬᠤ ᠳᠦᠷᠢᠮ ᠤᠨ ᠳᠠᠭᠠᠤ ᠰᠢᠢᠳᠦᠨ᠎ᠡ᠃ | ᠲᠠᠪᠢ ᠶᠢᠰᠦᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠭᠠᠴᠠᠭ᠎ᠠ ᠲᠣᠰᠬᠤᠨ ᠳᠠᠬᠢ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠠᠵᠢᠯᠲᠠᠨ ᠤ ᠡᠩᠨᠡᠭᠡ ᠶᠢ ᠡᠯᠰᠡᠭᠦᠯᠵᠦ᠂ | ᠲᠣᠳᠣᠷᠬᠠᠢ ᠠᠷᠭ᠎ᠠ ᠬᠡᠮᠵᠢᠶ᠎ᠡ ᠠᠪᠴᠤ ᠭᠠᠴᠠᠭ᠎ᠠ ᠲᠣᠰᠬᠤᠨ ᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ | ᠰᠡᠷᠭᠡᠶᠢᠯᠡᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠪᠠᠲᠤᠯᠠᠭ᠎ᠠ ᠣᠯᠭᠤᠨ᠎ᠠ᠃ ᠭᠠᠴᠠᠭ᠎ᠠ | ᠲᠣᠰᠬᠤᠨ ᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠵᠢᠯᠲᠠᠨ ᠤ ᠠᠵᠢᠯ ᠤᠨ ᠨᠥᠬᠦᠪᠦᠷᠢ᠂ | ᠲᠡᠳᠬᠦᠪᠦᠷᠢ ᠶᠢᠨ ᠳᠠᠭᠠᠳᠬᠠᠯ᠂ ᠡᠮᠨᠡᠯᠭᠡ ᠶᠢᠨ ᠳᠠᠭᠠᠳᠬᠠᠯ ᠵᠡᠷᠭᠡ ᠣᠯᠭᠤᠮᠵᠢ ᠪᠣᠯᠣᠨ ᠬᠠᠷᠠᠭ᠎ᠠ ᠬᠢᠨᠠᠯᠲᠠ ᠲᠠᠯᠪᠢᠬᠤ | ᠲᠣᠳᠣᠷᠬᠠᠢ ᠠᠷᠭ᠎ᠠ ᠬᠡᠮᠵᠢᠶ᠎ᠡ ᠶᠢ ᠥᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠵᠢᠷᠠᠳᠤᠭᠠᠷ ᠵᠦᠢᠯ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ᠂ ᠬᠢᠵᠢᠭ ᠪᠠᠶᠢᠴᠠᠭᠠᠬᠤ᠂ | ᠬᠢᠨᠠᠨ ᠬᠡᠮᠵᠢᠬᠦ᠂ ᠰᠢᠯᠭᠠᠵᠤ ᠨᠤᠲᠠᠯᠠᠬᠤ᠂ ᠣᠨᠣᠰᠢᠯᠠᠨ ᠵᠠᠰᠠᠬᠤ᠂ ᠬᠢᠨᠠᠵᠤ ᠪᠠᠶᠢᠴᠠᠭᠠᠬᠤ᠂ ᠬᠢᠵᠢᠭ ᠲᠠᠬᠤᠯ ᠢ ᠭᠠᠵᠠᠷ ᠲᠤ ᠨᠢ | ᠰᠢᠢᠳᠪᠦᠷᠢᠯᠡᠬᠦ ᠠᠵᠢᠯ ᠲᠥᠷᠥᠯ ᠢ ᠭᠦᠢᠴᠡᠳᠬᠡᠭᠴᠢ ᠪᠣᠯᠣᠨ ᠠᠵᠢᠯ ᠤᠨ ᠳᠤᠮᠳᠠ ᠪᠠᠨ ᠠᠮᠢᠲᠠᠨ ᠤ ᠬᠢᠵᠢᠭ ᠲᠠᠬᠤᠯ ᠲᠠᠢ | ᠣᠶᠢᠷᠠᠲᠤᠭᠰᠠᠨ ᠬᠥᠮᠥᠰ᠂ ᠬᠤᠯᠪᠣᠭ᠎ᠠ ᠲᠠᠢ ᠪᠠᠶᠢᠭᠤᠯᠭ᠎ᠠ ᠨᠢᠭᠡᠴᠢ ᠨᠢ ᠤᠯᠤᠰ ᠤᠨ ᠪᠣᠯᠣᠨ ᠥᠪᠡᠷᠳᠡᠭᠡᠨ ᠵᠠᠰᠠᠬᠤ ᠤᠷᠤᠨ ᠤ | ᠬᠤᠯᠪᠣᠭᠳᠠᠬᠤ ᠳᠦᠷᠢᠮ ᠲᠣᠭᠲᠠᠭᠠᠯ ᠤᠨ ᠳᠠᠭᠠᠤ ᠡᠷᠡᠭᠦᠯ ᠬᠠᠮᠠᠭᠠᠯᠠᠯ ᠤᠨ ᠪᠣᠯᠣᠨ ᠡᠮ ᠡᠮᠨᠡᠯᠭᠡ᠂ ᠡᠷᠡᠭᠦᠯ ᠮᠡᠨᠳᠦ ᠶᠢᠨ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠠᠪᠤᠭᠰᠠᠨ ᠪᠠᠶᠢᠬᠤ ᠬᠡᠷᠡᠭᠲᠡᠢ᠃ | ᠵᠢᠷᠠᠨ ᠨᠢᠭᠡᠳᠦᠭᠡᠷ ᠵᠦᠢᠯ ᠠᠮᠢᠲᠠᠨ ᠤ ᠬᠢᠵᠢᠭ ᠲᠠᠬᠤᠯ ᠢᠯᠡᠷᠡᠭᠰᠡᠨ ᠦᠶ᠎ᠡ ᠳᠤ ᠠᠭᠠᠷ ᠤᠨ ᠵᠠᠮ᠂ ᠲᠡᠮᠦᠷ ᠵᠠᠮ᠂ | ᠵᠠᠰᠠᠮᠠᠯ ᠵᠠᠮ᠂ ᠤᠰᠤᠨ ᠲᠡᠭᠡᠭᠡᠪᠦᠷᠢ ᠵᠡᠷᠭᠡ ᠵᠠᠮ ᠲᠡᠭᠡᠭᠡᠪᠦᠷᠢ ᠶᠢᠨ ᠠᠯᠪᠠᠨ ᠤ ᠬᠢᠨ ᠠᠶᠠᠨ ᠲᠡᠭᠡᠭᠡᠪᠦᠷᠢ ᠶᠢᠨ ᠬᠢᠨᠠᠯᠲᠠ ᠶᠢᠨ | ᠳᠠᠪᠠᠭᠤ ᠡᠷᠬᠡ ᠪᠠᠨ ᠪᠠᠳᠠᠷᠠᠭᠤᠯᠵᠤ᠂ ᠡᠪᠡᠳᠴᠢᠨ ᠤ ᠬᠠᠯᠳᠠᠪᠤᠷᠢ ᠠᠪᠤᠭᠰᠠᠨ ᠬᠥᠮᠥᠨ᠂ ᠡᠳ᠋ ᠪᠣᠳᠠᠰ ᠲᠡᠭᠡᠭᠡᠵᠦ | ᠵᠥᠭᠡᠭᠡᠪᠦᠷᠢᠯᠡᠬᠦ ᠶᠢ ᠬᠢᠨᠠᠯᠲᠠ ᠳᠠᠭᠠᠨ ᠠᠪᠴᠤ᠂ ᠠᠮᠢᠲᠠᠨ ᠤ ᠬᠢᠵᠢᠭ ᠲᠠᠬᠤᠯ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ᠂ | ᠤᠰᠠᠳᠬᠠᠬᠤ ᠠᠵᠢᠯ ᠳᠤ ᠳᠥᠭᠦᠮ ᠨᠥᠬᠦᠴᠡᠯ ᠪᠦᠷᠢᠳᠦᠭᠦᠯᠬᠦ ᠬᠡᠷᠡᠭᠲᠡᠢ᠃ | ᠶᠢᠰᠦᠳᠦᠭᠡᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠬᠤᠶᠠᠳᠤᠭᠠᠷ ᠵᠦᠢᠯ ᠲᠤᠰ ᠳᠦᠷᠢᠮ ᠢ ᠵᠥᠷᠢᠴᠡᠭᠰᠡᠨ ᠦᠢᠯᠡᠳᠦᠯ ᠢ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾᠂ ︽ᠬᠦᠨᠳᠦ ᠨᠣᠴᠢᠲᠠᠢ ᠠᠮᠢᠲᠠᠨ ᠤ | ᠬᠢᠵᠢᠭ ᠲᠠᠬᠤᠯ ᠢ ᠪᠠᠴᠢᠮ ᠠᠷᠭᠠᠴᠠᠭᠠᠬᠤ ᠳᠦᠷᠢᠮ︾ ᠵᠡᠷᠭᠡ ᠬᠤᠯᠪᠣᠭᠳᠠᠬᠤ ᠬᠠᠤᠯᠢ ᠲᠣᠭᠲᠠᠭᠠᠮᠵᠢ ᠶᠢᠨ ᠳᠠᠭᠠᠤ ᠰᠢᠢᠳᠬᠡᠯ | ᠣᠨᠣᠭᠳᠠᠭᠤᠯᠤᠭᠰᠠᠨ ᠢ ᠶᠣᠰᠣ ᠪᠠᠷ ᠨᠢ ᠪᠣᠯᠭᠠᠬᠤ ᠬᠡᠷᠡᠭᠲᠡᠢ᠃ | ᠵᠢᠷᠠᠨ ᠭᠤᠷᠪᠠᠳᠤᠭᠠᠷ ᠵᠦᠢᠯ ᠲᠤᠰ ᠵᠦᠢᠯ ᠤᠨ ᠠᠷᠪᠠᠳᠤᠭᠠᠷ ᠵᠤᠷᠪᠤᠰ ᠤᠨ ᠬᠤᠶᠠᠳᠤᠭᠠᠷ ᠵᠢᠭᠠᠯᠲᠠ᠂ ᠠᠷᠪᠠᠨ | ᠳᠥᠷᠪᠡᠳᠦᠭᠡᠷ ᠵᠤᠷᠪᠤᠰ ᠤᠨ ᠬᠤᠶᠠᠳᠤᠭᠠᠷ ᠵᠢᠭᠠᠯᠲᠠ ᠶᠢ ᠵᠥᠷᠢᠴᠡᠵᠦ᠂ ᠠᠷᠠᠴᠢᠯᠠᠨ ᠲᠡᠵᠢᠭᠡᠵᠦ ᠪᠠᠶᠢᠭ᠎ᠠ ᠮᠠᠯ ᠠᠮᠢᠲᠠᠨ ᠳᠤ | ᠠᠯᠪᠠᠳᠠᠨ ᠬᠢᠬᠦ ᠲᠥᠯᠥᠪᠯᠡᠭᠡ ᠶᠢᠨ ᠳᠠᠭᠠᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠬᠢᠭᠡ | ᠦᠭᠡᠢ ᠪᠣᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠠᠴᠠ ᠰᠡᠷᠡᠮᠵᠢᠯᠡᠭᠦᠯᠦᠯᠦᠭᠡ ᠥᠭᠴᠦ | ᠵᠠᠷᠯᠢᠭ ᠢᠶᠠᠷ ᠵᠠᠯᠠᠷᠠᠭᠤᠯᠭ᠎ᠠ ᠬᠢᠯᠭᠡᠬᠦ ᠬᠡᠷᠡᠭᠲᠡᠢ᠃ ᠵᠠᠯᠠᠷᠠᠭᠤᠯᠤᠭ᠎ᠠ ᠬᠢᠬᠦ ᠠᠴᠠ ᠲᠠᠲᠠᠭᠠᠯᠵᠠᠭᠰᠠᠨ ᠬᠥᠮᠥᠨ ᠢ 1000 | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠪᠣᠯᠣᠨ᠎ᠠ᠃ | ᠵᠢᠷᠠᠨ ᠳᠥᠷᠪᠡᠳᠦᠭᠡᠷ ᠵᠦᠢᠯ ᠲᠤᠰ ᠳᠦᠷᠢᠮ ᠤᠨ ᠳᠥᠴᠢᠨ ᠨᠢᠭᠡᠳᠦᠭᠡᠷ ᠵᠦᠢᠯ ᠤᠨ ᠨᠢᠭᠡ᠂ ᠬᠤᠶᠠᠷ᠂ | ᠭᠤᠷᠪᠠᠳᠤᠭᠠᠷ ᠵᠤᠷᠪᠤᠰ ᠢ ᠵᠥᠷᠢᠴᠡᠵᠦ᠂ ᠮᠡᠷᠭᠡᠵᠢᠯ ᠤᠨ ᠮᠠᠯ ᠤᠨ ᠡᠮᠴᠢ ᠶᠢ ᠤᠷᠢᠵᠤ ᠠᠵᠢᠯᠯᠠᠭᠤᠯᠬᠤ ᠬᠢᠷᠢ ᠬᠡᠮ ᠤᠨ | ᠵᠥᠪᠰᠢᠶᠡᠷᠡᠯ ᠢ ᠣᠯᠵᠤ ᠠᠪᠤᠭ᠎ᠠ ᠦᠭᠡᠢ ᠪᠤᠶᠤ ᠪᠦᠷᠢᠳᠬᠡᠵᠦ ᠲᠡᠮᠳᠡᠭᠯᠡᠭᠦᠯᠦᠭᠡ ᠦᠭᠡᠢ ᠬᠥᠮᠥᠨ ᠢᠶᠠᠷ ᠠᠮᠢᠲᠠᠨ ᠮᠠᠯ ᠤᠨ | ᠡᠮᠴᠢᠯᠡᠭᠡᠨ ᠤ ᠦᠢᠯᠡ ᠠᠵᠢᠯᠯᠠᠭ᠎ᠠ ᠶᠠᠪᠤᠭᠤᠯᠬᠤ᠂ ᠰᠠᠨᠠᠭᠠᠨ ᠳᠤᠷ᠎ᠠ ᠪᠠᠷ ᠡᠪᠡᠳᠴᠢᠯᠡᠵᠦ ᠦᠬᠦᠭᠰᠡᠨ ᠠᠮᠢᠲᠠᠨ᠂ ᠠᠮᠢᠲᠠᠨ ᠤ | ᠡᠮᠭᠡᠭ ᠪᠤᠶᠤ ᠡᠮᠴᠢᠯᠡᠭᠡᠨ ᠤ ᠬᠠᠶᠠᠭᠳᠠᠯ ᠵᠦᠢᠯ ᠢ ᠬᠠᠶᠠᠭᠰᠠᠨ ᠪᠠᠶᠢᠪᠠᠯ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ | ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ᠂ ᠬᠠᠤᠯᠢ ᠪᠤᠰᠤ ᠣᠷᠣᠯᠭ᠎ᠠ ᠶᠢ ᠬᠤᠷᠢᠶᠠᠵᠤ ᠲᠡᠭᠦᠨᠴᠢᠯᠡᠨ 3000 | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠪᠣᠯᠣᠨ᠎ᠠ᠃ ᠦᠢᠯᠡᠳᠦᠯ ᠨᠢ ᠬᠦᠨᠳᠦ ᠨᠣᠴᠢᠲᠠᠢ ᠪᠣᠯ ᠡᠮᠴᠢᠯᠡᠭᠡ | ᠬᠢᠬᠦ ᠦᠢᠯᠡ ᠠᠵᠢᠯᠯᠠᠭ᠎ᠠ ᠶᠢ ᠵᠠᠷᠯᠢᠭᠳᠠᠨ ᠵᠣᠭᠰᠣᠭᠠᠬᠤ ᠬᠡᠷᠡᠭᠲᠡᠢ᠃ ᠲᠤᠰ ᠳᠦᠷᠢᠮ ᠤᠨ ᠳᠥᠴᠢᠨ ᠨᠢᠭᠡᠳᠦᠭᠡᠷ ᠵᠦᠢᠯ ᠤᠨ | ᠳᠥᠷᠪᠡ᠂ ᠲᠠᠪᠤ᠂ ᠵᠢᠷᠭᠤᠳᠤᠭᠠᠷ ᠵᠤᠷᠪᠤᠰ ᠢ ᠵᠥᠷᠢᠴᠡᠵᠦ ᠬᠠᠭᠤᠷᠮᠠᠭ᠂ ᠴᠢᠨᠠᠷ ᠮᠠᠭᠤ ᠮᠠᠯ ᠤᠨ ᠡᠮ ᠪᠣᠯᠣᠨ ᠤᠯᠤᠰ ᠠᠴᠠ | ᠬᠤᠷᠢᠭᠯᠠᠭᠰᠠᠨ ᠡᠮ ᠤᠨ ᠪᠦᠲᠦᠭᠡᠭᠳᠡᠬᠦᠨ ᠵᠢᠴᠢ ᠪᠤᠰᠤᠳ ᠬᠢᠮᠢ ᠶᠢᠨ ᠨᠡᠶᠢᠯᠡᠭ ᠪᠣᠳᠠᠰ ᠢ ᠬᠡᠷᠡᠭᠯᠡᠬᠦ᠂ ᠡᠵᠡᠩᠨᠡᠬᠦ ᠡᠰᠡᠬᠦᠯ᠎ᠡ | ᠤᠯᠤᠰ ᠤᠨ ᠲᠣᠭᠲᠠᠭᠠᠯ ᠢ ᠵᠥᠷᠢᠴᠡᠵᠦ ᠮᠠᠯ ᠡᠮᠨᠡᠯᠭᠡ ᠶᠢᠨ ᠪᠢᠣᠯᠣᠭᠢ ᠶᠢᠨ ᠪᠦᠲᠦᠭᠡᠭᠳᠡᠬᠦᠨ ᠢ ᠬᠡᠷᠡᠭᠯᠡᠬᠦ᠂ ᠡᠮ ᠬᠡᠷᠡᠭᠯᠡᠭᠰᠡᠨ | ᠲᠡᠮᠳᠡᠭᠯᠡᠯ ᠪᠠᠶᠢᠬᠤ ᠦᠭᠡᠢ ᠶᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠭ᠎ᠠ ᠬᠢᠯᠭᠡᠵᠦ ᠲᠡᠭᠦᠨᠴᠢᠯᠡᠨ ᠨᠢᠭᠡ ᠲᠦᠮᠡᠨ ᠲᠥᠭᠦᠷᠢᠭ ᠠᠴᠠ ᠳᠡᠭᠡᠭᠰᠢ ᠲᠠᠪᠤᠨ ᠲᠦᠮᠡᠨ ᠲᠥᠭᠦᠷᠢᠭ ᠠᠴᠠ | ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠵᠢᠷᠠᠨ ᠲᠠᠪᠤᠳᠤᠭᠠᠷ ᠵᠦᠢᠯ ᠲᠤᠰ ᠳᠦᠷᠢᠮ ᠤᠨ ᠳᠥᠴᠢᠨ ᠵᠢᠷᠭᠤᠳᠤᠭᠠᠷ ᠵᠦᠢᠯ ᠢ ᠵᠥᠷᠢᠴᠡᠵᠦ᠂ ᠲᠣᠭᠲᠠᠭᠰᠠᠨ | ᠬᠢᠨᠠᠨ ᠰᠢᠯᠭᠠᠬᠤ ᠭᠠᠵᠠᠷ ᠲᠤ ᠪᠠᠶᠢᠴᠠᠭᠠᠯᠭᠠᠵᠤ ᠠᠷᠢᠭᠤᠳᠬᠠᠭᠰᠠᠨ ᠦᠭᠡᠢ ᠪᠤᠶᠤ ᠲᠣᠭᠲᠠᠭᠰᠠᠨ ᠬᠢᠨᠠᠨ ᠰᠢᠯᠭᠠᠬᠤ | ᠭᠠᠵᠠᠷ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠦᠯᠦᠭᠡ ᠦᠭᠡᠢ ᠪᠠᠷ ᠥᠪᠡᠷᠳᠡᠭᠡᠨ ᠵᠠᠰᠠᠬᠤ ᠤᠷᠤᠨ ᠤ ᠬᠢᠯᠢ ᠪᠠᠷ | ᠣᠷᠣᠭᠤᠯᠤᠭᠰᠠᠨ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠠᠮᠢᠲᠠᠨ ᠤ ᠡᠷᠡᠭᠦᠯ ᠬᠠᠮᠠᠭᠠᠯᠠᠯ ᠤᠨ | ᠬᠢᠨᠠᠯᠲᠠ ᠶᠢᠨ ᠠᠯᠪᠠ 1000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ | ᠣᠨᠣᠭᠳᠠᠭᠤᠯᠤᠨᠠ᠃ ᠠᠮᠢᠲᠠᠨ ᠤ ᠬᠢᠵᠢᠭ ᠲᠠᠬᠤᠯ ᠡᠭᠦᠰᠬᠡᠭᠰᠡᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ | ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠵᠢᠷᠠᠨ ᠵᠢᠷᠭᠤᠳᠤᠭᠠᠷ ᠵᠦᠢᠯ ᠲᠤᠰ ᠳᠦᠷᠢᠮ ᠤᠨ ᠳᠥᠴᠢᠨ ᠨᠠᠢᠮᠠᠳᠤᠭᠠᠷ ᠵᠦᠢᠯ ᠢ ᠵᠥᠷᠢᠴᠡᠵᠦ᠂ ᠪᠠᠶᠢᠭ᠎ᠠ | ᠭᠠᠵᠠᠷ ᠤᠨ ᠬᠤᠰᠢᠭᠤ ᠰᠢᠶᠠᠨ ᠤ ᠳᠡᠰ ᠤᠨ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠳᠤ ᠮᠡᠳᠡᠭᠦᠯᠦᠭᠰᠡᠨ | ᠦᠭᠡᠢ ᠶᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ | ᠲᠡᠭᠦᠨᠴᠢᠯᠡᠨ 500 ᠲᠥᠭᠦᠷᠢᠭ ᠠᠴᠠ ᠳᠡᠭᠡᠭᠰᠢ 2000 ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠠᠮᠢᠲᠠᠨ ᠤ ᠬᠢᠵᠢᠭ ᠲᠠᠬᠤᠯ ᠡᠭᠦᠰᠬᠡᠭᠰᠡᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ | ᠳᠣᠷᠣᠭᠰᠢ ᠲᠣᠷᠭᠠᠭᠤᠯᠢ ᠣᠨᠣᠭᠳᠠᠭᠤᠯᠤᠨᠠ᠃ | ᠵᠢᠷᠠᠨ ᠳᠣᠯᠣᠳᠤᠭᠠᠷ ᠵᠦᠢᠯ ᠲᠤᠰ ᠳᠦᠷᠢᠮ ᠤᠨ ᠳᠥᠴᠢ ᠶᠢᠰᠦᠳᠦᠭᠡᠷ ᠵᠦᠢᠯ ᠤᠨ ᠬᠤᠶᠠᠳᠤᠭᠠᠷ ᠵᠤᠷᠪᠤᠰ ᠢ | ᠵᠥᠷᠢᠴᠡᠵᠦ᠂ ᠡᠪᠡᠳᠴᠢᠨ ᠢᠶᠠᠷ ᠦᠬᠦᠭᠰᠡᠨ᠂ ᠲᠣᠳᠣᠷᠬᠠᠢ ᠰᠢᠯᠲᠠᠭᠠᠨ ᠦᠭᠡᠢ ᠪᠠᠷ ᠦᠬᠦᠭᠰᠡᠨ᠂ ᠬᠡᠪ ᠤᠨ ᠪᠤᠰᠤ ᠪᠠᠷ | ᠦᠬᠦᠭᠰᠡᠨ ᠪᠤᠶᠤ ᠬᠢᠵᠢᠭ ᠪᠠᠶᠢᠴᠠᠭᠠᠯᠲᠠ ᠳᠤ ᠬᠢᠷᠢ ᠬᠦᠷᠦᠭᠰᠡᠨ ᠦᠭᠡᠢ ᠠᠮᠢᠲᠠᠨ ᠢ ᠰᠠᠨᠠᠭᠠᠨ ᠳᠤᠷ᠎ᠠ ᠪᠠᠷ ᠬᠠᠶᠠᠭᠰᠠᠨ᠂ | ᠰᠢᠢᠳᠪᠦᠷᠢᠯᠡᠭᠰᠡᠨ ᠢ ᠠᠮᠢᠲᠠᠨ ᠤ ᠡᠷᠡᠭᠦᠯ ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ | ᠲᠡᠭᠦᠨᠴᠢᠯᠡᠨ 3000 ᠲᠥᠭᠦᠷᠢᠭ ᠠᠴᠠ ᠳᠣᠷᠣᠭᠰᠢ ᠲᠣᠷᠭᠠᠭᠤᠯᠢ ᠣᠨᠣᠭᠳᠠᠭᠤᠯᠵᠤ ᠪᠣᠯᠣᠨ᠎ᠠ᠃ ᠠᠮᠢᠲᠠᠨ ᠤ ᠬᠢᠵᠢᠭ | ᠲᠠᠬᠤᠯ ᠡᠭᠦᠰᠬᠡᠭᠰᠡᠨ ᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠷᠣᠭᠰᠢ ᠲᠣᠷᠭᠠᠭᠤᠯᠢ | ᠣᠨᠣᠭᠳᠠᠭᠤᠯᠤᠨᠠ᠃ | ᠵᠢᠷᠠᠨ ᠨᠠᠢᠮᠠᠳᠤᠭᠠᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯ ᠪᠣᠯᠬᠤ ᠪᠠᠶᠢᠭᠤᠯᠭ᠎ᠠ ᠪᠣᠯᠣᠨ ᠠᠵᠢᠯᠲᠠᠨ ᠲᠤᠰ ᠳᠦᠷᠢᠮ ᠢ ᠵᠥᠷᠢᠴᠡᠵᠦ᠂ ᠳᠠᠷᠠᠭᠠᠬᠢ ᠦᠢᠯᠡᠳᠦᠯ ᠤᠨ | ᠠᠯᠢ ᠨᠢᠭᠡ ᠶᠢ ᠦᠢᠯᠡᠳᠦᠭᠰᠡᠨ ᠪᠠᠶᠢᠪᠠᠯ ᠠᠳᠠᠯᠢ ᠲᠦᠪᠰᠢᠨ ᠤ ᠠᠷᠠᠳ ᠤᠨ ᠵᠠᠰᠠᠭ ᠤᠨ ᠣᠷᠳᠣᠨ ᠠᠴᠠ ᠵᠠᠷᠯᠢᠭᠳᠠᠨ | ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠃ ᠭᠤᠣᠯᠯᠠᠨ ᠬᠠᠷᠢᠭᠤᠴᠠᠵᠤ ᠪᠠᠶᠢᠭ᠎ᠠ ᠬᠥᠮᠥᠨ ᠪᠤᠶᠤ ᠪᠤᠰᠤᠳ ᠰᠢᠭᠤᠳ | ᠬᠠᠷᠢᠭᠤᠴᠠᠯᠭ᠎ᠠ ᠲᠠᠢ ᠬᠥᠮᠥᠰ ᠢ ᠬᠠᠤᠯᠢ ᠶᠣᠰᠣ ᠪᠠᠷ ᠰᠢᠢᠳᠬᠡᠯ ᠣᠨᠣᠭᠳᠠᠭᠤᠯᠤᠨᠠ᠄ | ︵ᠨᠢᠭᠡ︶ ᠴᠠᠭ ᠲᠤᠬᠠᠢ ᠳᠤ ᠨᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ᠂ ᠠᠯᠠᠨ ᠤᠰᠠᠳᠬᠠᠬᠤ ᠵᠡᠷᠭᠡ ᠠᠷᠭ᠎ᠠ | ᠬᠡᠮᠵᠢᠶ᠎ᠡ ᠠᠪᠤᠭ᠎ᠠ ᠦᠭᠡᠢ᠃ | ︵ᠬᠤᠶᠠᠷ︶ ᠨᠥᠬᠦᠴᠡᠯ ᠳᠤ ᠬᠦᠷᠦᠭᠡ ᠦᠭᠡᠢ ᠳᠤ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ | ᠨᠥᠬᠦᠴᠡᠯ ᠤᠨ ᠭᠡᠷᠡᠴᠢᠯᠡᠭᠡ᠂ ᠠᠮᠢᠲᠠᠨ ᠤ ᠡᠮᠴᠢᠯᠡᠭᠡᠨ ᠤ ᠵᠥᠪᠰᠢᠶᠡᠷᠡᠯ ᠣᠯᠭᠤᠬᠤ ᠪᠤᠶᠤ ᠡᠰᠡᠬᠦᠯ᠎ᠡ ᠨᠥᠬᠦᠴᠡᠯ ᠳᠤ | ᠬᠦᠷᠦᠭᠰᠡᠨ ᠢ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠨᠥᠬᠦᠴᠡᠯ ᠤᠨ ᠭᠡᠷᠡᠴᠢᠯᠡᠭᠡ᠂ ᠡᠮᠴᠢᠯᠡᠭᠡᠨ ᠤ | ᠵᠥᠪᠰᠢᠶᠡᠷᠡᠯ ᠣᠯᠭᠤᠭᠰᠠᠨ ᠦᠭᠡᠢ᠃ | ︵ᠭᠤᠷᠪᠠ︶ ᠡᠳᠡᠭᠡᠷ ᠳᠦᠷᠢᠮ ᠤᠨ ᠳᠠᠭᠠᠤ ᠥᠪᠡᠷ ᠤᠨ ᠡᠭᠦᠷᠭᠡ ᠪᠠᠨ ᠪᠡᠶᠡᠯᠡᠭᠦᠯᠦᠭᠡ ᠦᠭᠡᠢ ᠪᠤᠰᠤᠳ ᠦᠢᠯᠡᠳᠦᠯ ᠳᠤ᠃ | | ᠵᠢᠷᠠ ᠶᠢᠰᠦᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠮᠠᠯ | ᠡᠮᠨᠡᠯᠭᠡ ᠶᠢᠨ ᠭᠤᠣᠯ ᠪᠣᠯᠬᠤ ᠪᠠᠶᠢᠭᠤᠯᠭ᠎ᠠ ᠪᠣᠯᠣᠨ ᠠᠵᠢᠯᠲᠠᠨ ᠲᠤᠰ ᠳᠦᠷᠢᠮ ᠢ ᠵᠥᠷᠢᠴᠡᠵᠦ᠂ ᠳᠠᠷᠠᠭᠠᠬᠢ ᠦᠢᠯᠡᠳᠦᠯ ᠤᠨ | ᠠᠯᠢ ᠨᠢᠭᠡ ᠶᠢ ᠦᠢᠯᠡᠳᠦᠭᠰᠡᠨ ᠪᠠᠶᠢᠪᠠᠯ ᠠᠳᠠᠯᠢ ᠲᠦᠪᠰᠢᠨ ᠤ ᠠᠷᠠᠳ ᠤᠨ ᠵᠠᠰᠠᠭ ᠤᠨ ᠣᠷᠳᠣᠨ ᠪᠤᠶᠤ ᠠᠳᠠᠯᠢ | ᠲᠦᠪᠰᠢᠨ ᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠄ | ᠭᠤᠣᠯᠯᠠᠨ ᠬᠠᠷᠢᠭᠤᠴᠠᠵᠤ ᠪᠠᠶᠢᠭ᠎ᠠ ᠬᠥᠮᠥᠨ ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠢ ᠬᠠᠤᠯᠢ ᠶᠣᠰᠣ ᠪᠠᠷ | ᠰᠢᠢᠳᠬᠡᠯ ᠣᠨᠣᠭᠳᠠᠭᠤᠯᠤᠨᠠ᠄ | ︵ᠨᠢᠭᠡ︶ ᠭᠠᠵᠠᠷ ᠳᠡᠭᠡᠷ᠎ᠡ ᠨᠢ ᠬᠢᠵᠢᠭ ᠤᠨ ᠪᠠᠶᠢᠴᠠᠭᠠᠯᠲᠠ ᠬᠢᠭᠰᠡᠨ ᠦᠭᠡᠢ ᠪᠤᠶᠤ ᠬᠢᠭᠰᠡᠨ ᠴᠦ ᠬᠢᠷᠢ ᠳᠤ ᠨᠡᠶᠢᠴᠡᠭᠰᠡᠨ | ᠦᠭᠡᠢ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠶᠢᠨ ᠭᠡᠷᠡᠴᠢᠯᠡᠭᠡ ᠣᠯᠭᠤᠬᠤ᠂ | ᠬᠢᠵᠢᠭ ᠪᠠᠶᠢᠴᠠᠭᠠᠯᠲᠠ ᠶᠢᠨ ᠲᠡᠮᠳᠡᠭ ᠣᠯᠭᠤᠬᠤ ᠪᠤᠶᠤ ᠡᠰᠡᠬᠦᠯ᠎ᠡ ᠬᠢᠨᠠᠨ ᠰᠢᠯᠭᠠᠭᠠᠳ ᠬᠢᠷᠢ ᠳᠤ ᠬᠦᠷᠦᠭᠰᠡᠨ ᠠᠮᠢᠲᠠᠨ᠂ | ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠶᠢᠨ ᠭᠡᠷᠡᠴᠢᠯᠡᠭᠡ ᠣᠯᠭᠤᠬᠤ ᠦᠭᠡᠢ᠂ ᠬᠢᠵᠢᠭ | ᠪᠠᠶᠢᠴᠠᠭᠠᠯᠲᠠ ᠶᠢᠨ ᠲᠡᠮᠳᠡᠭ ᠣᠯᠭᠤᠭᠰᠠᠨ ᠦᠭᠡᠢ᠃ | ︵ᠬᠤᠶᠠᠷ︶ ᠬᠢᠵᠢᠭ ᠪᠠᠶᠢᠴᠠᠭᠠᠯᠲᠠ ᠶᠢᠨ ᠭᠡᠷᠡᠴᠢᠯᠡᠭᠡ᠂ ᠬᠢᠵᠢᠭ ᠪᠠᠶᠢᠴᠠᠭᠠᠯᠲᠠ ᠶᠢᠨ ᠲᠡᠮᠳᠡᠭ ᠣᠯᠣᠭᠰᠠᠨ ᠳᠠᠭᠠᠯᠲᠠ | ᠪᠠᠷᠢᠮᠲᠠ ᠲᠠᠢ ᠠᠮᠢᠲᠠᠨ᠂ ᠠᠮᠢᠲᠠᠨ ᠤ ᠭᠠᠷᠤᠯ ᠲᠠᠢ ᠪᠦᠲᠦᠭᠡᠭᠳᠡᠬᠦᠨ ᠳᠤ ᠳᠠᠬᠢᠨ ᠬᠢᠵᠢᠭ ᠪᠠᠶᠢᠴᠠᠭᠠᠯᠲᠠ ᠬᠢᠬᠦ᠃ | ︵ᠭᠤᠷᠪᠠ︶ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠲᠠᠢ ᠬᠤᠯᠪᠣᠭ᠎ᠠ ᠲᠠᠢ ᠦᠢᠯᠡ ᠠᠵᠢᠯᠯᠠᠭ᠎ᠠ | ᠶᠠᠪᠤᠭᠤᠯᠤᠭᠴᠢᠳ᠃ | ︵ᠳᠥᠷᠪᠡ︶ ᠡᠳᠡᠭᠡᠷ ᠳᠦᠷᠢᠮ ᠤᠨ ᠳᠠᠭᠠᠤ ᠥᠪᠡᠷ ᠤᠨ ᠡᠭᠦᠷᠭᠡ ᠪᠠᠨ ᠪᠡᠶᠡᠯᠡᠭᠦᠯᠦᠭᠡ ᠦᠭᠡᠢ ᠪᠤᠰᠤᠳ ᠦᠢᠯᠡᠳᠦᠯ ᠳᠤ᠃ | | ᠳᠠᠯᠠᠳᠤᠭᠠᠷ ᠵᠦᠢᠯ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠠᠯᠪᠠᠨ ᠪᠠᠶᠢᠭᠤᠯᠭ᠎ᠠ ᠪᠣᠯᠣᠨ | ᠠᠵᠢᠯᠲᠠᠨ ᠲᠤᠰ ᠳᠦᠷᠢᠮ ᠢ ᠵᠥᠷᠢᠴᠡᠵᠦ᠂ ᠳᠠᠷᠠᠭᠠᠬᠢ ᠦᠢᠯᠡᠳᠦᠯ ᠤᠨ ᠠᠯᠢ ᠨᠢᠭᠡ ᠶᠢ ᠦᠢᠯᠡᠳᠦᠭᠰᠡᠨ ᠪᠠᠶᠢᠪᠠᠯ ᠠᠳᠠᠯᠢ | ᠲᠦᠪᠰᠢᠨ ᠤ ᠠᠷᠠᠳ ᠤᠨ ᠵᠠᠰᠠᠭ ᠤᠨ ᠣᠷᠳᠣᠨ ᠪᠤᠶᠤ ᠠᠳᠠᠯᠢ ᠲᠦᠪᠰᠢᠨ ᠤ ᠮᠠᠯ ᠡᠮᠨᠡᠯᠭᠡ ᠶᠢᠨ ᠭᠤᠣᠯ ᠪᠣᠯᠬᠤ | ᠠᠯᠪᠠᠨ ᠠᠴᠠ ᠵᠠᠷᠯᠢᠭᠳᠠᠨ ᠵᠠᠯᠠᠷᠠᠭᠤᠯᠭ᠎ᠠ ᠬᠢᠯᠭᠡᠵᠦ ᠵᠠᠷᠯᠠᠨ ᠰᠢᠭᠦᠮᠵᠢᠯᠡᠨ᠎ᠡ᠃ ᠭᠤᠣᠯᠯᠠᠨ ᠬᠠᠷᠢᠭᠤᠴᠠᠵᠤ ᠪᠠᠶᠢᠭ᠎ᠠ ᠬᠥᠮᠥᠨ | ᠪᠤᠶᠤ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠥᠰ ᠢ ᠬᠠᠤᠯᠢ ᠶᠣᠰᠣ ᠪᠠᠷ ᠰᠢᠢᠳᠬᠡᠯ ᠣᠨᠣᠭᠳᠠᠭᠤᠯᠤᠨᠠ᠄ | ︵ᠨᠢᠭᠡ︶ ᠠᠮᠢᠲᠠᠨ ᠤ ᠬᠢᠵᠢᠭ ᠲᠠᠬᠤᠯ ᠤᠨ ᠲᠠᠩᠳᠠᠯᠲᠠ᠂ ᠰᠢᠨᠵᠢᠯᠡᠭᠡᠨ ᠤ ᠪᠣᠯᠣᠨ ᠦᠵᠡᠯᠭᠡ ᠬᠢᠭᠰᠡᠨ ᠤ ᠦᠷ᠎ᠡ | ᠳ᠋ᠦᠩ ᠢ ᠬᠠᠭᠤᠷᠠᠮᠴᠢ ᠪᠠᠷ ᠦᠢᠯᠡᠳᠬᠦ᠃ | ︵ᠬᠤᠶᠠᠷ︶ ᠠᠮᠢᠲᠠᠨ ᠤ ᠬᠢᠵᠢᠭ ᠲᠠᠬᠤᠯ ᠢᠯᠡᠷᠡᠭᠰᠡᠨ ᠲᠣᠬᠢᠶᠠᠯᠳᠤᠯ ᠳᠤ ᠴᠠᠭ ᠲᠤᠬᠠᠢ ᠳᠤ ᠨᠢ ᠣᠨᠣᠰᠢᠯᠠᠭ᠎ᠠ᠂ | ᠪᠠᠶᠢᠴᠠᠭᠠᠨ ᠰᠤᠳᠤᠯᠤᠯᠲᠠ ᠬᠢᠭᠰᠡᠨ ᠦᠭᠡᠢ ᠪᠠᠶᠢᠬᠤ᠃ | ︵ᠭᠤᠷᠪᠠ︶ ᠡᠳᠡᠭᠡᠷ ᠳᠦᠷᠢᠮ ᠤᠨ ᠳᠠᠭᠠᠤ ᠥᠪᠡᠷ ᠤᠨ ᠡᠭᠦᠷᠭᠡ ᠪᠠᠨ ᠪᠡᠶᠡᠯᠡᠭᠦᠯᠦᠭᠡ ᠦᠭᠡᠢ ᠪᠤᠰᠤᠳ ᠦᠢᠯᠡᠳᠦᠯ ᠳᠤ᠃ | | ᠠᠷᠪᠠᠳᠤᠭᠠᠷ ᠪᠦᠯᠦᠭ ᠳᠠᠭᠠᠯᠲᠠ ᠳᠦᠷᠢᠮ | ᠳᠠᠯᠠᠨ ᠨᠢᠭᠡᠳᠦᠭᠡᠷ ᠵᠦᠢᠯ ᠲᠤᠰ ᠳᠦᠷᠢᠮ ᠤᠨ ᠳᠣᠲᠣᠷ᠎ᠠ ᠳᠠᠷᠠᠭᠠᠬᠢ ᠨᠡᠷ᠎ᠡ ᠲᠣᠮᠢᠶᠠᠨ ᠤ ᠬᠡᠷᠡᠭᠯᠡᠭᠡᠨ ᠤ | ᠠᠭᠤᠯᠭ᠎ᠠ᠄ | ︵ᠨᠢᠭᠡ︶ ︽ᠠᠮᠢᠲᠠᠨ ᠤ ᠬᠥᠳᠡᠯᠦᠯ ᠢ ᠵᠣᠭᠰᠣᠭᠠᠬᠤ︾ ᠭᠡᠳᠡᠭ ᠨᠢ ᠳᠡᠭᠡᠵᠢ ᠠᠪᠬᠤ᠂ ᠣᠨᠣᠰᠢᠯᠠᠬᠤ᠂ ᠡᠮᠴᠢᠯᠡᠬᠦ᠂ | ᠬᠢᠵᠢᠭ ᠪᠠᠶᠢᠴᠠᠭᠠᠯᠲᠠ ᠬᠢᠬᠦ ᠳᠤ ᠳᠥᠭᠦᠮ ᠪᠠᠶᠢᠯᠭᠠᠬᠤ ᠶᠢᠨ ᠤᠯᠠᠮ ᠠᠴᠠ ᠬᠥᠮᠥᠨ ᠤ ᠬᠦᠴᠦ ᠪᠤᠶᠤ ᠪᠠᠭᠠᠵᠢ ᠬᠡᠷᠡᠭᠯᠡᠯ᠂ | ᠡᠮ ᠢᠶᠠᠷ ᠠᠮᠢᠲᠠᠨ ᠤ ᠬᠥᠳᠡᠯᠦᠯ ᠢ ᠵᠣᠭᠰᠣᠭᠠᠬᠤ ᠶᠢ ᠬᠡᠯᠡᠨ᠎ᠡ᠃ | ︵ᠬᠤᠶᠠᠷ︶ ᠠᠮᠢᠳᠤ ᠪᠣᠳᠠᠰ ᠤᠨ ᠠᠶᠤᠯ ᠦᠭᠡᠢ ᠪᠦᠰᠡ ᠭᠡᠳᠡᠭ ᠨᠢ ᠢᠵᠢᠯᠢ ᠲᠥᠷᠥᠯ ᠤᠨ ᠠᠮᠢᠳᠤ ᠪᠣᠳᠠᠰ ᠤᠨ | ᠬᠠᠮᠢᠶᠠᠷᠤᠯᠲᠠ ᠶᠢᠨ ᠲᠣᠭᠲᠠᠯᠴᠠᠭᠠᠨ ᠳᠤ ᠨᠢᠭᠡ ᠲᠥᠷᠥᠯ ᠤᠨ ᠪᠤᠶᠤ ᠣᠯᠠᠨ ᠲᠥᠷᠥᠯ ᠤᠨ ᠲᠣᠭᠲᠠᠭᠰᠠᠨ ᠠᠮᠢᠲᠠᠨ ᠤ | ᠬᠢᠵᠢᠭ ᠤᠨ ᠡᠷᠡᠭᠦᠯ ᠬᠠᠮᠠᠭᠠᠯᠠᠯ ᠤᠨ ᠪᠠᠶᠢᠳᠠᠯ᠂ ᠲᠣᠳᠣᠷᠬᠠᠢ ᠠᠮᠢᠲᠠᠨ ᠤ ᠪᠦᠯᠦᠭ᠂ ᠲᠡᠭᠦᠨᠴᠢᠯᠡᠨ ᠣᠨᠴᠠ ᠲᠣᠭᠲᠠᠭᠠᠭᠰᠠᠨ | ᠠᠮᠢᠲᠠᠨ ᠤ ᠬᠢᠵᠢᠭ ᠲᠤ ᠱᠠᠭᠠᠷᠳᠠᠯᠭ᠎ᠠ ᠪᠦᠬᠦᠢ ᠲᠠᠩᠳᠠᠯᠲᠠ᠂ ᠬᠢᠵᠠᠭᠠᠯᠠᠬᠤ ᠪᠣᠯᠣᠨ ᠠᠮᠢᠳᠤ ᠪᠣᠳᠠᠰ ᠤᠨ ᠠᠶᠤᠯ ᠦᠭᠡᠢ ᠶᠢᠨ | ᠠᠷᠭ᠎ᠠ ᠬᠡᠮᠵᠢᠶ᠎ᠡ ᠠᠪᠤᠭᠰᠠᠨ ᠨᠢᠭᠡ ᠪᠤᠶᠤ ᠣᠯᠠᠨ ᠲᠥᠷᠥᠯ ᠤᠨ ᠠᠮᠢᠲᠠᠨ ᠢ ᠲᠡᠵᠢᠭᠡᠨ ᠦᠷᠡᠵᠢᠭᠦᠯᠬᠦ᠂ ᠨᠢᠲᠤᠯᠤᠨ | ᠪᠣᠯᠪᠠᠰᠤᠷᠠᠭᠤᠯᠬᠤ ᠵᠡᠷᠭᠡ ᠦᠢᠯᠡᠳᠪᠦᠷᠢᠯᠡᠯ ᠤᠨ ᠨᠢᠭᠡᠴᠢ ᠶᠢ ᠬᠡᠯᠡᠵᠦ ᠪᠠᠶᠢᠨ᠎ᠠ᠃ | ︵ᠭᠤᠷᠪᠠ︶ ︽ᠠᠮᠢᠲᠠᠨ ᠤ ᠲᠣᠳᠣᠷᠬᠠᠢ ᠦᠭᠡᠢ ᠬᠢᠵᠢᠭ ᠤᠨ ᠣᠷᠣᠨ︾ ᠭᠡᠳᠡᠭ ᠪᠣᠯ ᠲᠣᠭᠲᠠᠭᠰᠠᠨ ᠬᠤᠭᠤᠴᠠᠭᠠᠨ ᠤ | ᠳᠣᠲᠣᠷ᠎ᠠ ᠲᠤᠰ ᠨᠤᠲᠤᠭ ᠤᠨ ᠬᠢᠭᠡᠳ ᠵᠠᠬ᠎ᠠ ᠬᠢᠵᠠᠭᠠᠷ ᠣᠷᠣᠨ ᠲᠡᠭᠦᠨᠴᠢᠯᠡᠨ ᠭᠠᠳᠠᠭᠠᠳᠤ ᠶᠢᠨ ᠲᠣᠳᠣᠷᠬᠠᠢ ᠣᠷᠣᠨ | ᠨᠤᠲᠤᠭ ᠤᠨ ᠬᠡᠪᠴᠢᠶᠡᠨ ᠳᠤ ᠶᠠᠮᠠᠷ ᠨᠢᠭᠡᠨ ᠡᠰᠡᠬᠦᠯ᠎ᠡ ᠬᠡᠳᠦᠨ ᠲᠥᠷᠥᠯ ᠤᠨ ᠠᠮᠢᠲᠠᠨ ᠤ ᠬᠢᠵᠢᠭ ᠲᠠᠬᠤᠯ ᠢᠯᠡᠷᠡᠭᠡ ᠦᠭᠡᠢ | ᠪᠤᠶᠤ ᠠᠮᠢᠲᠠᠨ ᠬᠢᠭᠡᠳ ᠠᠮᠢᠲᠠᠨ ᠤ ᠭᠠᠷᠤᠯ ᠲᠠᠢ ᠪᠦᠲᠦᠭᠡᠭᠳᠡᠬᠦᠨ᠂ ᠮᠠᠯ ᠠᠮᠢᠲᠠᠨ ᠤ ᠭᠠᠷᠤᠯ ᠲᠠᠢ ᠲᠡᠵᠢᠭᠡᠯ᠂ ᠠᠮᠢᠲᠠᠨ ᠤ | ᠤᠳᠤᠮ ᠤᠨ ᠮᠠᠲ᠋ᠧᠷᠢᠶᠠᠯ᠂ ᠮᠠᠯ ᠤᠨ ᠡᠮ ︵ᠠᠮᠢᠳᠤ ᠪᠣᠳᠠᠰ ᠤᠨ ᠪᠦᠲᠦᠭᠡᠭᠳᠡᠬᠦᠨ ᠪᠠᠭᠲᠠᠨ᠎ᠠ︶ ᠤᠨ ᠭᠦᠶᠦᠯᠭᠡ ᠶᠢᠨ | ᠲᠠᠯ᠎ᠠ ᠪᠠᠷ ᠠᠯᠪᠠᠨ ᠶᠣᠰᠣ ᠪᠠᠷ ᠬᠢᠨᠠᠯᠲᠠ ᠳᠠᠭᠠᠨ ᠠᠪᠴᠤ ᠬᠢᠵᠢᠭ ᠲᠠᠬᠤᠯ ᠢ ᠬᠢᠵᠠᠭᠠᠷᠯᠠᠬᠤ ᠲᠠᠯ᠎ᠠ ᠪᠠᠷ ᠲᠣᠳᠣᠷᠬᠠᠢ ᠦᠷ᠎ᠡ | ᠳ᠋ᠦᠩ ᠳᠤ ᠬᠦᠷᠦᠭᠰᠡᠨ᠂ ᠤᠯᠤᠰ ᠤᠨ ᠬᠡᠮᠵᠢᠶᠡᠨ ᠳᠤ ᠬᠦᠯᠢᠶᠡᠨ ᠵᠥᠪᠰᠢᠶᠡᠷᠡᠭᠳᠡᠭᠰᠡᠨ ᠨᠤᠲᠤᠭ ᠣᠷᠣᠨ ᠢ ᠬᠡᠯᠡᠵᠦ ᠪᠠᠶᠢᠨ᠎ᠠ᠃ | | ︵ᠳᠥᠷᠪᠡ︶ ︽ᠠᠯᠪᠠᠨ ᠶᠣᠰᠣᠨ ᠤ ᠮᠠᠯ ᠤᠨ ᠡᠮᠴᠢ︾ ᠭᠡᠵᠤ ᠮᠠᠯ ᠡᠮᠨᠡᠯᠭᠡ ᠶᠢᠨ ᠭᠤᠣᠯ ᠪᠣᠯᠬᠤ ᠠᠯᠪᠠᠨ ᠠᠴᠠ | ᠲᠣᠮᠢᠯᠠᠭᠰᠠᠨ᠂ ᠲᠣᠭᠲᠠᠭᠰᠠᠨ ᠬᠢᠷᠢ ᠬᠡᠮ ᠤᠨ ᠨᠥᠬᠦᠴᠡᠯ ᠪᠦᠷᠢᠳᠦᠭᠦᠯᠦᠭᠰᠡᠨ᠂ ᠬᠢᠵᠢᠭ ᠪᠠᠶᠢᠴᠠᠭᠠᠯᠲᠠ ᠶᠢᠨ ᠭᠡᠷᠡᠴᠢᠯᠡᠭᠡ | ᠣᠯᠭᠤᠬᠤ ᠮᠠᠯ ᠡᠮᠨᠡᠯᠭᠡ ᠶᠢᠨ ᠠᠵᠢᠯᠲᠠᠨ ᠢ ᠬᠡᠯᠡᠵᠦ ᠪᠠᠶᠢᠨ᠎ᠠ᠃ | ︵ᠲᠠᠪᠤ︶ ︽ᠮᠡᠷᠭᠡᠵᠢᠯ ᠤᠨ ᠮᠠᠯ ᠤᠨ ᠡᠮᠴᠢ︾ ᠭᠡᠵᠤ ᠮᠠᠯ ᠡᠮᠨᠡᠯᠭᠡ ᠶᠢᠨ ᠤᠷ᠎ᠠ ᠴᠢᠳᠠᠪᠤᠷᠢ ᠶᠢ ᠪᠦᠷᠢᠳᠦᠭᠦᠯᠦᠭᠰᠡᠨ᠂ | ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠮᠠᠯ ᠤᠨ ᠡᠮᠴᠢ ᠶᠢᠨ ᠬᠢᠷᠢ ᠬᠡᠮ ᠤᠨ ᠭᠡᠷᠡᠴᠢᠯᠡᠭᠡ ᠠᠪᠤᠭᠰᠠᠨ᠂ | ᠬᠠᠤᠯᠢ ᠲᠣᠭᠲᠠᠭᠠᠮᠵᠢ ᠶᠢᠨ ᠳᠠᠭᠠᠤ ᠮᠠᠯ ᠤᠨ ᠡᠮᠴᠢᠯᠡᠭᠡ ᠪᠤᠶᠤ ᠠᠮᠢᠲᠠᠨ ᠤ ᠡᠷᠡᠭᠦᠯ ᠮᠡᠨᠳᠦ ᠶᠢᠨ ᠦᠢᠯᠡ ᠠᠵᠢᠯᠯᠠᠭ᠎ᠠ | ᠶᠠᠪᠤᠭᠤᠯᠵᠤ ᠪᠠᠶᠢᠭ᠎ᠠ ᠮᠡᠯ ᠤᠨ ᠡᠮᠴᠢ ᠶᠢ ᠬᠡᠯᠡᠵᠦ ᠪᠠᠶᠢᠨ᠎ᠠ᠃ | ︵ᠵᠢᠷᠭᠤᠭ᠎ᠠ︶ ︽ᠬᠥᠳᠡᠭᠡ ᠲᠣᠰᠬᠤᠨ ᠤ ᠮᠠᠯ ᠤᠨ ᠡᠮᠴᠢ︾ ᠭᠡᠵᠤ ᠮᠠᠯ ᠤᠨ ᠡᠮᠴᠢ ᠶᠢᠨ ᠬᠢᠷᠢ ᠬᠡᠮ ᠤᠨ ᠭᠡᠷᠡᠴᠢᠯᠡᠭᠡ | ᠠᠪᠤᠭ᠎ᠠ ᠦᠭᠡᠢ᠂ ᠨᠡᠷ᠎ᠡ ᠪᠠᠨ ᠪᠦᠷᠢᠳᠬᠡᠭᠦᠯᠵᠦ ᠬᠥᠳᠡᠭᠡ ᠲᠣᠰᠬᠤᠨ ᠳᠤ ᠮᠠᠯ ᠡᠮᠴᠢᠯᠡᠭᠡᠨ ᠤ ᠦᠢᠯᠡ ᠠᠵᠢᠯᠯᠠᠭ᠎ᠠ | ᠶᠠᠪᠤᠭᠤᠯᠵᠤ ᠪᠠᠶᠢᠭ᠎ᠠ ᠬᠥᠮᠥᠨ ᠢ ᠵᠢᠭᠠᠵᠤ ᠪᠠᠶᠢᠨ᠎ᠠ᠃ | ︵ᠳᠣᠯᠤᠭ᠎ᠠ︶ ︽ᠴᠣᠴᠢᠷᠳᠠᠭᠰᠠᠨ ᠠᠴᠠ ᠪᠣᠯᠣᠭᠰᠠᠨ ᠠᠮᠢᠲᠠᠨ ᠤ ᠦᠬᠦᠯ︾ ᠭᠡᠵᠤ ᠠᠮᠢᠲᠠᠨ ᠭᠠᠳᠠᠨ᠎ᠠ ᠣᠷᠴᠢᠨ ᠤ | ᠨᠥᠯᠥᠭᠡᠯᠡᠯ ᠠᠴᠠ ᠪᠣᠯᠵᠤ ᠰᠡᠷᠡᠯᠲᠡ ᠠᠪᠴᠤ ᠴᠣᠴᠢᠷᠳᠠᠵᠤ ᠦᠬᠦᠭᠰᠡᠨ ᠢ ᠬᠡᠯᠡᠨ᠎ᠡ᠃ ᠵᠢᠱᠢᠶᠡᠯᠡᠪᠡᠯ ᠡᠪᠡᠳᠴᠢᠨ ᠬᠢᠵᠢᠭ ᠤᠨ | ᠲᠠᠷᠢᠯᠭ᠎ᠠ ᠲᠠᠷᠢᠬᠤ ᠦᠶ᠎ᠡ ᠳᠤ ᠠᠶᠤᠵᠤ ᠴᠣᠴᠢᠷᠳᠠᠭᠰᠠᠨ ᠠᠴᠠ ᠪᠣᠯᠵᠤ ᠦᠬᠦᠭᠰᠡᠨ ᠭᠡᠬᠦ ᠮᠡᠲᠦ᠃ | ᠳᠠᠯᠠᠨ ᠬᠤᠶᠠᠳᠤᠭᠠᠷ ᠵᠦᠢᠯ ᠲᠤᠰ ᠳᠦᠷᠢᠮ ᠢ 2014 ᠣᠨ ᠤ 12 ᠰᠠᠷ᠎ᠠ ᠶᠢᠨ 01 ᠠᠴᠠ ᠡᠬᠢᠯᠡᠵᠦ | ᠬᠡᠷᠡᠭᠵᠢᠭᠦᠯᠦᠨ᠎ᠡ᠃ 2002 ᠣᠨ ᠤ 09 ᠰᠠᠷ᠎ᠠ ᠶᠢᠨ 27 ᠤ ᠡᠳᠦᠷ ᠥᠪᠤᠷ ᠮᠤᠩᠭᠤᠯ ᠤᠨ ᠥᠪᠡᠷᠳᠡᠭᠡᠨ ᠵᠠᠰᠠᠬᠤ | ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠴᠢᠨ ᠬᠤᠶᠠᠳᠤᠭᠠᠷ ᠤᠳᠠᠭᠠᠨ ᠤ ᠬᠤᠷᠠᠯ ᠢᠶᠠᠷ ᠪᠠᠲᠤᠯᠠᠭᠰᠠᠨ ︽ᠥᠪᠥᠷ ᠮᠣᠩᠭᠤᠯ ᠤᠨ ᠥᠪᠡᠷᠳᠡᠭᠡᠨ | ᠵᠠᠰᠠᠬᠤ ᠤᠷᠤᠨ ᠠᠮᠢᠲᠠᠨ ᠤ ᠬᠢᠵᠢᠭ ᠲᠠᠬᠤᠯ ᠠᠴᠠ ᠤᠷᠢᠳᠴᠢᠯᠠᠨ ᠰᠡᠷᠭᠡᠶᠢᠯᠡᠬᠦ ᠳᠦᠷᠢᠮ︾ ᠬᠠᠮᠲᠤ ᠳᠤ ᠨᠢ ᠬᠦᠴᠦᠨ | ᠦᠭᠡᠢ ᠪᠣᠯᠣᠨ᠎ᠠ᠃ |