ᠭᠠᠭ᠋ᠠᠢ ᠶᠢᠨ ᠨᠢᠲᠤᠯᠭᠠᠨ ᠤ ᠬᠢᠵᠢᠭ ᠪᠠᠶᠢᠴᠠᠭᠠᠯᠲᠠ ᠶᠢᠨ ᠵᠢᠷᠤᠮ | 农医发 ﹇2010﹈ 27号 | 1. ᠬᠡᠷᠡᠭᠯᠡᠬᠦ ᠬᠦᠷᠢᠶ᠎ᠡ ᠬᠡᠪᠴᠢᠶ᠎ᠡ᠂ ᠡᠨᠡ ᠵᠢᠷᠤᠮ ᠳᠤ ᠭᠠᠭ᠋ᠠᠢ ᠶᠢᠨ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ | ᠲᠤ ᠣᠷᠣᠭᠤᠯᠬᠤ ᠶᠢ ᠬᠢᠨᠠᠵᠤ ᠰᠢᠯᠭᠠᠬᠤ᠂ ᠨᠢᠲᠤᠯᠭᠠᠨ ᠤ ᠡᠮᠦᠨᠡᠬᠢ ᠦᠵᠡᠯᠭᠡ᠂ ᠬᠠᠮᠲᠤ ᠳᠤ ᠨᠢ ᠬᠢᠵᠢᠭ ᠪᠠᠶᠢᠴᠠᠭᠠᠯᠲᠠ᠂ | ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠤᠨ ᠰᠢᠢᠳᠪᠦᠷᠢᠯᠡᠯᠲᠡ ᠪᠣᠯᠣᠨ ᠬᠢᠵᠢᠭ ᠪᠠᠶᠢᠴᠠᠭᠠᠯᠲᠠ ᠶᠢᠨ ᠲᠡᠮᠳᠡᠭᠯᠡᠯ ᠵᠡᠷᠭᠡ | ᠦᠢᠯᠡ ᠠᠵᠢᠯᠯᠠᠭᠠᠨ ᠤ ᠵᠢᠷᠤᠮ ᠢ ᠲᠣᠭᠲᠠᠭᠠᠪᠠ᠃ ᠡᠨᠡ ᠵᠢᠷᠤᠮ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠵᠠᠭᠠᠷ ᠲᠤ ᠪᠠᠶᠢᠬᠤ ᠭᠠᠭ᠋ᠠᠢ ᠶᠢᠨ ᠨᠢᠲᠤᠯᠭᠠᠨ ᠤ ᠬᠢᠵᠢᠭ ᠪᠠᠶᠢᠴᠠᠭᠠᠯᠲᠠ ᠳᠤ ᠬᠡᠷᠡᠭᠯᠡᠨ᠎ᠡ᠃ | 2. ᠬᠢᠵᠢᠭ ᠪᠠᠶᠢᠴᠠᠭᠠᠯᠲᠠ ᠶᠢᠨ ᠣᠸ᠋ᠶᠧᠺᠲ ᠬᠥᠯ ᠠᠮᠠᠨ ᠤ ᠡᠪᠡᠳᠴᠢᠨ᠂ ᠭᠠᠭ᠋ᠠᠢ ᠶᠢᠨ ᠲᠣᠮᠣᠭᠤ᠂ ᠳᠡᠭᠡᠳᠦ | ᠠᠩᠭᠢᠯᠠᠯ ᠤᠨ ᠭᠠᠭ᠋ᠠᠢ ᠶᠢᠨ ᠴᠡᠩᠬᠡᠷ ᠴᠢᠬᠢᠨ ᠤ ᠡᠪᠡᠳᠴᠢᠨ᠂ ᠬᠠᠷᠠᠤ᠂ ᠭᠠᠭ᠋ᠠᠢ ᠶᠢᠨ ᠶᠤᠯᠮ᠎ᠠ᠂ ᠭᠠᠭ᠋ᠠᠢ ᠶᠢᠨ ᠠᠭᠤᠰᠬᠢᠨ ᠤ | ᠲᠠᠬᠤᠯ᠂ ᠭᠠᠭ᠋ᠠᠢ ᠶᠢᠨ ᠳᠠᠭᠠᠯᠳᠤᠭᠰᠠᠨ ᠲᠣᠮᠣᠭᠤ᠂ ᠭᠠᠭ᠋ᠠᠢ ᠶᠢᠨ Ⅱ ᠵᠡᠷᠭᠡᠯᠡᠯ ᠤᠨ ᠳᠦᠦᠭᠡᠦᠷ ᠪᠠᠺᠲ᠋ᠧᠷᠢ ᠶᠢᠨ ᠡᠪᠡᠳᠴᠢᠨ᠂ | ᠭᠠᠭ᠋ᠠᠢ ᠶᠢᠨ ᠮᠢᠺᠦᠫᠠᠯᠠᠰᠮ ᠡᠮᠭᠡᠭ᠂ ᠭᠠᠭ᠋ᠠᠢ ᠶᠢᠨ ᠴᠢᠰᠤ ᠰᠣᠷᠣᠭᠴᠢ ᠰᠠᠪᠬᠠᠨᠴᠢᠷ ᠪᠠᠺᠲ᠋ᠧᠷᠢ ᠶᠢᠨ ᠡᠪᠡᠳᠴᠢᠨ᠂ ᠬᠢᠯᠭᠠᠰᠤᠨ | ᠬᠤᠷᠣᠬᠠᠢ ᠶᠢᠨ ᠡᠪᠡᠳᠴᠢᠨ᠂ ᠭᠠᠭ᠋ᠠᠢ ᠶᠢᠨ ᠤᠭᠤᠲᠠᠨᠴᠠᠷ ᠠᠪᠠᠭᠠᠯᠳᠠᠢ ᠶᠢᠨ ᠡᠪᠡᠳᠴᠢᠨ᠂ ᠲᠥᠭᠡᠯᠡᠭᠦᠷ ᠬᠤᠷᠣᠬᠠᠢ ᠶᠢᠨ | ᠡᠪᠡᠳᠴᠢᠨ᠃ | 3. ᠬᠢᠵᠢᠭ ᠪᠠᠶᠢᠴᠠᠭᠠᠯᠲᠠ ᠶᠢᠨ ᠬᠢᠷᠢ ᠳᠤ ᠬᠦᠷᠬᠦ ᠪᠠᠷᠢᠮᠵᠢᠶ᠎ᠠ | 3.1 ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠦᠶ᠎ᠡ ᠳᠤ ᠬᠦᠴᠦᠨ ᠪᠦᠬᠦᠢ ︽ᠠᠮᠢᠲᠠᠨ ᠤ ᠬᠢᠵᠢᠭ | ᠲᠠᠬᠤᠯ ᠤᠨ ᠪᠠᠶᠢᠴᠠᠭᠠᠯᠲᠠ ᠳᠤ ᠬᠢᠷᠢ ᠳᠤ ᠨᠡᠶᠢᠴᠡᠭᠰᠡᠨ ᠦᠨᠡᠮᠯᠡᠬᠦ︾ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ ᠮᠠᠯ | ᠰᠢᠪᠠᠭᠤᠨ ᠤ ᠱᠣᠰᠢᠭ᠎ᠠ ᠨᠢ ᠤᠯᠤᠰ ᠤᠨ ᠳᠦᠷᠢᠮ ᠲᠣᠭᠲᠠᠭᠠᠯ ᠤᠨ ᠳᠠᠭᠠᠤ ᠪᠠᠶᠢᠬᠤ ᠬᠡᠷᠡᠭᠲᠡᠢ᠃ | 3.2 ᠵᠢᠷᠤᠮᠵᠢᠯ ᠦᠭᠡᠢ ᠬᠠᠯᠳᠠᠪᠤᠷᠢᠲᠤ ᠡᠪᠡᠳᠴᠢᠨ ᠪᠣᠯᠣᠨ ᠰᠢᠮᠡᠭᠴᠢ ᠬᠤᠷᠣᠬᠠᠢ ᠶᠢᠨ ᠡᠪᠡᠳᠴᠢᠨ᠃ | 3.3 ᠬᠢᠵᠢᠭ ᠲᠠᠬᠤᠯ ᠢ ᠯᠠᠪᠤᠷᠠᠲ᠋ᠣᠷᠢ ᠳᠤ ᠬᠢᠭᠰᠡᠨ ᠰᠢᠨᠵᠢᠯᠡᠭᠡᠨ ᠤ ᠳ᠋ᠦᠩ ᠢ ᠬᠦᠯᠢᠶᠡᠨ ᠵᠥᠪᠰᠢᠶᠡᠷᠡᠨ᠎ᠡ᠃ | 3.4 ᠲᠤᠰ ᠵᠢᠷᠤᠮ ᠳᠤ ᠲᠣᠭᠲᠠᠭᠠᠭᠰᠠᠨ ᠬᠢᠵᠢᠭ ᠪᠠᠶᠢᠴᠠᠭᠠᠯᠲᠠ ᠶᠢᠨ ᠠᠯᠬᠤᠮ ᠳᠠᠷᠠᠭ᠎ᠠ ᠪᠠᠷ ᠭᠦᠢᠴᠡᠳᠬᠡᠪᠡᠯ | ᠬᠢᠵᠢᠭ ᠪᠠᠶᠢᠴᠠᠭᠠᠯᠲᠠ ᠶᠢᠨ ᠦᠷ᠎ᠡ ᠳ᠋ᠦᠩ ᠨᠢ ᠲᠣᠭᠲᠠᠭᠠᠯ ᠳᠤ ᠨᠡᠶᠢᠴᠡᠨ᠎ᠡ᠃ | 4. ᠲᠠᠯᠠᠪᠤᠷ ︵ᠦᠢᠯᠡᠳᠪᠦᠷᠢ᠂ ᠴᠢᠭ︶ ᠲᠤ ᠣᠷᠣᠭᠤᠯᠬᠤ ᠰᠢᠯᠭᠠᠨ ᠪᠠᠶᠢᠴᠠᠭᠠᠯᠲᠠ ᠶᠢ ᠬᠢᠨᠠᠬᠤ | 4.1 ᠲᠠᠯᠠᠪᠤᠷ ︵ᠦᠢᠯᠡᠳᠪᠦᠷᠢ᠂ ᠴᠢᠭ︶ ᠲᠤ ᠨᠡᠪᠲᠡᠷᠡᠭᠦᠯᠬᠦ ᠠᠮᠢᠲᠠᠨ ᠤ ᠭᠡᠷᠡᠴᠢ ᠲᠡᠮᠳᠡᠭ ᠂ ᠡᠳ᠋ ᠵᠦᠢᠯ᠂ | ᠭᠠᠭ᠋ᠠᠢ ᠶᠢᠨ ︽ᠠᠮᠢᠲᠠᠨ ᠤ ᠬᠢᠵᠢᠭ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ ᠦᠨᠡᠮᠯᠡᠬᠦ︾ ᠪᠣᠯᠣᠨ ᠵᠡᠭᠦᠭᠰᠡᠨ ᠱᠣᠰᠢᠭ᠎ᠠ | ᠲᠡᠮᠳᠡᠭ ᠢ ᠰᠢᠯᠭᠠᠨ᠎ᠠ᠃ | 4.2 ᠭᠠᠭ᠋ᠠᠢ ᠶᠢᠨ ᠵᠠᠮ ᠲᠡᠭᠡᠭᠡᠪᠦᠷᠢᠯᠡᠯᠲᠡ ᠶᠢᠨ ᠳᠤᠮᠳᠠᠬᠢ ᠪᠠᠶᠢᠳᠠᠯ ᠢ ᠠᠰᠠᠭᠤᠵᠤ ᠯᠠᠪᠯᠠᠨ᠎ᠠ᠃ | 4.3 ᠺᠯᠢᠨᠢᠺ ᠤᠨ ᠦᠵᠡᠯᠭᠡ ᠪᠠᠷ ᠭᠠᠭ᠋ᠠᠢ ᠶᠢᠨ ᠰᠦᠷᠦᠭ ᠤᠨ ᠴᠤᠭ ᠵᠣᠯᠪᠣᠭ᠎ᠠ᠂ ᠭᠠᠳᠠᠷ ᠪᠠᠶᠢᠳᠠᠯ᠂ ᠠᠮᠢᠰᠬᠤᠯ | ᠪᠣᠯᠣᠨ ᠢᠯᠭᠠᠳᠠᠰᠤ ᠵᠡᠷᠭᠡ ᠪᠠᠶᠢᠳᠠᠯ ᠢ ᠰᠢᠯᠭᠠᠨ᠎ᠠ᠃ | 4.4 ᠦᠷ᠎ᠡ ᠳ᠋ᠦᠩ ᠢ ᠰᠢᠢᠳᠬᠦ | 4.4.1 ᠬᠦᠴᠦᠨ ᠲᠡᠭᠦᠯᠳᠡᠷ ᠪᠦᠬᠦᠢ ︽ᠠᠮᠢᠲᠠᠨ ᠤ ᠬᠢᠵᠢᠭ ᠤᠨ ᠪᠠᠶᠢᠴᠠᠭᠠᠯᠲᠠ ᠶᠢᠨ ᠬᠢᠷᠢ ᠳᠤ ᠨᠡᠶᠢᠴᠡᠭᠰᠡᠨ | ᠦᠨᠡᠮᠯᠡᠬᠦ︾᠂ ᠭᠡᠷᠡᠴᠢ ᠪᠠᠷᠢᠮᠲᠠ ᠡᠳ᠋ ᠵᠦᠢᠯ ᠨᠢ ᠬᠤᠭᠤᠷᠣᠨᠳᠤ ᠪᠠᠨ ᠠᠪᠴᠠᠯᠳᠤᠭᠰᠠᠨ᠂ ᠮᠠᠯ ᠰᠢᠪᠠᠭᠤᠨ ᠤ ᠱᠣᠰᠢᠭ᠎ᠠ ᠨᠢ | ᠱᠠᠭᠠᠷᠳᠠᠯᠭ᠎ᠠ ᠳᠤ ᠨᠡᠶᠢᠴᠡᠭᠰᠡᠨ᠂ ᠺᠯᠢᠨᠢᠺ ᠤᠨ ᠦᠵᠡᠯᠭᠡ ᠪᠠᠷ ᠡᠷᠡᠭᠦᠯ ᠮᠡᠨᠳᠦ ᠭᠠᠷᠤᠭᠰᠠᠨ ᠪᠠᠶᠢᠪᠠᠯ᠂ ᠲᠠᠯᠠᠪᠤᠷ ᠲᠤ | ᠣᠷᠣᠭᠤᠯᠬᠤ ᠶᠢ ᠵᠥᠪᠰᠢᠶᠡᠷᠡᠵᠦ᠂ ᠲᠡᠭᠦᠨᠴᠢᠯᠡᠨ ︽ᠠᠮᠢᠲᠠᠨ ᠤ ᠬᠢᠵᠢᠭ ᠤᠨ ᠪᠠᠶᠢᠴᠠᠭᠠᠯᠲᠠ ᠬᠢᠷᠢ ᠳᠤ ᠨᠡᠶᠢᠴᠡᠭᠰᠡᠨ | ᠦᠨᠡᠮᠯᠡᠬᠦ︾ ᠶᠢ ᠬᠤᠷᠢᠶᠠᠮᠵᠢᠯᠠᠨ ᠠᠪᠤᠨ᠎ᠠ᠃ ᠲᠠᠯᠠᠪᠤᠷ ︵ᠦᠢᠯᠡᠳᠪᠦᠷᠢ᠂ ᠴᠢᠭ︶ ᠨᠢ ᠭᠠᠭ᠋ᠠᠢ ᠶᠢ ᠤᠤᠯ ᠭᠠᠷᠤᠯᠲᠠ ᠶᠢᠨ | ᠵᠦᠭ ᠠᠴᠠ ᠨᠢᠲᠤᠯᠭᠠᠨ ᠤ ᠬᠠᠰᠢᠶᠠᠨ ᠳᠤ ᠣᠷᠣᠭᠤᠯᠬᠤ ᠳᠠᠭᠠᠨ ᠠᠳᠠᠯᠢ ᠪᠤᠰᠤ ᠡᠵᠡᠳ ᠤᠨ᠂ ᠠᠳᠠᠯᠢ ᠪᠤᠰᠤ | ᠵᠥᠪᠰᠢᠶᠡᠷᠡᠯ ᠢᠶᠠᠷ ᠪᠠᠲᠤᠯᠠᠭᠳᠠᠭᠰᠠᠨ ᠭᠠᠭ᠋ᠠᠢ ᠶᠢᠨ ᠰᠦᠷᠦᠭ ᠢ ᠬᠤᠭᠤᠷᠣᠨᠳᠤ ᠨᠢ ᠬᠤᠯᠢᠵᠤ ᠬᠤᠳᠬᠤᠵᠤ ᠪᠣᠯᠬᠤ ᠦᠭᠡᠢ᠃ | 4.4.2 ᠬᠢᠷᠢ ᠳᠤ ᠬᠦᠷᠬᠦ ᠦᠭᠡᠢ᠂ ᠨᠥᠬᠦᠴᠡᠯ ᠳᠤ ᠲᠣᠬᠢᠷᠠᠭᠰᠠᠨ ᠦᠭᠡᠢ ᠶᠢ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | 4.5 ᠪᠠᠷᠠᠭ᠎ᠠ ᠡᠵᠡᠮᠰᠢᠭᠴᠢ ᠪᠠᠷᠠᠭ᠎ᠠ ᠪᠠᠨ ᠪᠠᠭᠤᠯᠭᠠᠭᠰᠠᠨ ᠬᠤᠶᠢᠨ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠪᠣᠯᠣᠨ | ᠬᠤᠯᠪᠣᠭᠳᠠᠬᠤ ᠡᠳ᠋ ᠵᠦᠢᠯ ᠢ ᠠᠷᠢᠭᠤᠳᠬᠠᠯ ᠬᠢᠬᠦ ᠳᠤ ᠬᠢᠨᠠᠯᠲᠠ ᠲᠠᠯᠪᠢᠨ᠎ᠠ᠃ | 5. ᠬᠢᠵᠢᠭ ᠪᠠᠶᠢᠴᠠᠭᠠᠯᠲᠠ ᠶᠢᠨ ᠡᠷᠭᠦᠳᠡᠯ | 5.1 ᠡᠷᠭᠦᠳᠡᠯ ᠢ ᠬᠦᠯᠢᠶᠡᠵᠦ ᠠᠪᠤᠭᠰᠠᠨ ᠦᠶ᠎ᠡ ᠳᠤ ᠲᠠᠯᠠᠪᠤᠷ ︵ᠦᠢᠯᠡᠳᠪᠦᠷᠢ᠂ ᠴᠢᠭ︶ ᠤᠨ ᠬᠢᠨ | ᠨᠢᠲᠤᠯᠭᠠᠨ ᠠᠴᠠ ᠵᠢᠷᠭᠤᠭᠠᠨ ᠴᠠᠭ ᠤᠨ ᠡᠮᠦᠨ᠎ᠡ ᠬᠢᠵᠢᠭ ᠪᠠᠶᠢᠴᠠᠭᠠᠯᠭᠠᠬᠤ ᠪᠠᠷ ᠮᠡᠳᠡᠭᠦᠯᠭᠡ ᠭᠠᠷᠭᠠᠵᠤ᠂ ᠬᠢᠵᠢᠭ | ᠲᠠᠬᠤᠯ ᠠᠴᠠ ᠤᠷᠢᠳᠴᠢᠯᠠᠨ ᠰᠡᠷᠭᠡᠶᠢᠯᠡᠬᠦ ᠮᠠᠶ᠋ᠢᠭᠲᠤ ᠶᠢ ᠪᠥᠭᠯᠡᠨ᠎ᠡ᠃ ᠠᠯᠪᠠᠨ ᠶᠣᠰᠣᠨ ᠤ ᠮᠠᠯ ᠤᠨ ᠡᠮᠴᠢ ᠬᠢᠵᠢᠭ | ᠪᠠᠶᠢᠴᠠᠭᠠᠯᠭᠠᠬᠤ ᠡᠷᠭᠦᠳᠡᠯ ᠢ ᠣᠯᠣᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠶᠢᠳᠠᠯ ᠢ ᠦᠨᠳᠦᠰᠦᠯᠡᠵᠦ ᠬᠦᠯᠢᠶᠡᠨ ᠠᠪᠬᠤ | ᠡᠰᠡᠬᠦ ᠶᠢ ᠲᠣᠭᠲᠠᠭᠠᠨ᠎ᠠ᠃ ᠬᠦᠯᠢᠶᠡᠨ ᠠᠪᠤᠭᠰᠠᠨ ᠪᠣᠯ ᠴᠠᠭ ᠲᠤᠬᠠᠢ ᠳᠤ ᠨᠢ ᠨᠢᠲᠤᠯᠭᠠᠨ ᠠᠴᠠ ᠡᠮᠦᠨᠡᠬᠢ ᠪᠠᠶᠢᠴᠠᠭᠠᠯᠲᠠ | ᠬᠢᠨ᠎ᠡ︔ ᠬᠦᠯᠢᠶᠡᠵᠦ ᠠᠪᠤᠭᠰᠠᠨ ᠦᠭᠡᠢ ᠪᠣᠯ ᠤᠴᠢᠷ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃ | 5.2 ᠡᠷᠭᠦᠳᠡᠯ ᠤᠨ ᠬᠡᠯᠪᠡᠷᠢ ᠭᠠᠵᠠᠷ ᠲᠤ ᠨᠢ ᠡᠷᠭᠦᠳᠡᠯ ᠢᠶᠠᠨ ᠲᠤᠰᠢᠶᠠᠨ᠎ᠠ᠃ | 6. ᠨᠢᠲᠤᠯᠭᠠᠨ ᠤ ᠡᠮᠦᠨᠡᠬᠢ ᠪᠠᠶᠢᠴᠠᠭᠠᠯᠲᠠ | 6.1 ᠨᠢᠲᠤᠯᠭᠠᠨ ᠠᠴᠠ ᠡᠮᠦᠨᠡᠬᠢ ᠬᠤᠶᠠᠷ ᠴᠠᠭ ᠤᠨ ᠳᠣᠲᠣᠷ᠎ᠠ ᠠᠯᠪᠠᠨ ᠶᠣᠰᠣᠨ ᠤ ᠮᠠᠯ ᠤᠨ ᠡᠮᠴᠢ ︽ᠭᠠᠭ᠋ᠠᠢ ᠶᠢᠨ | ᠤᠤᠯ ᠭᠠᠷᠤᠯᠲᠠ ᠶᠢᠨ ᠭᠠᠵᠠᠷ ᠤᠨ ᠬᠢᠵᠢᠭ ᠪᠠᠶᠢᠴᠠᠭᠠᠯᠲᠠ ᠶᠢᠨ ᠵᠢᠷᠤᠮ︾ ᠳᠣᠲᠣᠷᠠᠬᠢ ︽ᠺᠯᠢᠨᠢᠺ ᠤᠨ ᠦᠵᠡᠯᠭᠡ︾ ᠶᠢᠨ | ᠳᠠᠭᠠᠤ︾ ᠬᠡᠰᠡᠭᠴᠢᠯᠡᠭᠰᠡᠨ ᠰᠢᠯᠭᠠᠯᠲᠠ ᠬᠢᠨ᠎ᠡ᠃ | 6.2 ᠦᠷ᠎ᠡ ᠳ᠋ᠦᠩ ᠢ ᠰᠢᠢᠳᠬᠦ | 6.2.1 ᠬᠢᠷᠢ ᠳᠤ ᠬᠦᠷᠦᠭᠰᠡᠨ ᠢ ᠨᠢᠲᠤᠯᠭᠠᠨ ᠳᠤ ᠪᠡᠯᠡᠳᠬᠡᠨ᠎ᠡ᠃ | 6.2.2 ᠬᠢᠷᠢ ᠳᠤ ᠬᠦᠷᠦᠭᠰᠡᠨ ᠦᠭᠡᠢ ᠶᠢ ᠳᠠᠷᠠᠭᠠᠬᠢ ᠲᠣᠭᠲᠠᠭᠠᠯ ᠢᠶᠠᠷ ᠰᠢᠢᠳᠪᠦᠷᠢᠯᠡᠨ᠎ᠡ᠃ | 6.2.2.1 ᠬᠥᠯ ᠠᠮᠠᠨ ᠤ ᠡᠪᠡᠳᠴᠢᠨ᠂ ᠭᠠᠭ᠋ᠠᠢ ᠶᠢᠨ ᠲᠣᠮᠣᠭᠤ᠂ ᠳᠡᠭᠡᠳᠦ ᠠᠩᠭᠢᠯᠠᠯ ᠤᠨ ᠭᠠᠭ᠋ᠠᠢ ᠶᠢᠨ ᠴᠡᠩᠬᠡᠷ | ᠴᠢᠬᠢᠨ ᠤ ᠡᠪᠡᠳᠴᠢᠨ᠂ ᠬᠠᠷᠠᠤ ᠵᠡᠷᠭᠡ ᠡᠪᠡᠳᠴᠢᠨ ᠤ ᠪᠠᠶᠢᠳᠠᠯ ᠢᠯᠡᠷᠡᠭᠰᠡᠨ ᠪᠠᠶᠢᠪᠠᠯ ᠰᠢᠯᠵᠢᠭᠦᠯᠬᠦ ᠶᠢ ᠬᠢᠵᠠᠭᠠᠷᠯᠠᠵᠤ | ᠲᠡᠭᠦᠨᠴᠢᠯᠡᠨ ︽ᠠᠮᠢᠲᠠᠨ ᠤ ᠬᠢᠵᠢᠭ ᠠᠴᠠ ᠤᠷᠢᠳᠴᠢᠯᠠᠨ ᠰᠡᠷᠭᠡᠶᠢᠯᠡᠬᠦ ᠬᠠᠤᠯᠢ︾᠂ ︽ᠬᠦᠨᠳᠦ ᠨᠣᠴᠢᠲᠠᠢ ᠬᠢᠵᠢᠭ ᠤᠨ | ᠪᠠᠶᠢᠳᠠᠯ ᠢ ᠪᠠᠴᠢᠮ ᠠᠷᠭᠠᠴᠠᠭᠠᠬᠤ ᠳᠦᠷᠢᠮ︾᠂ ︽ᠠᠮᠢᠲᠠᠨ ᠤ ᠬᠢᠵᠢᠭ ᠤᠨ ᠪᠠᠶᠢᠳᠠᠯ ᠤᠨ ᠮᠡᠳᠡᠭᠦᠯᠦᠯᠲᠡ ᠶᠢᠨ | ᠬᠠᠮᠢᠶᠠᠷᠤᠯᠲᠠ ᠶᠢᠨ ᠠᠷᠭ᠎ᠠ ᠬᠡᠮᠵᠢᠶ᠎ᠡ︾ ᠪᠣᠯᠣᠨ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ | ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ | ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | 6.2.2.2 ᠭᠠᠭ᠋ᠠᠢ ᠶᠢᠨ ᠶᠤᠯᠮ᠎ᠠ᠂ ᠭᠠᠭ᠋ᠠᠢ ᠶᠢᠨ ᠠᠭᠤᠰᠬᠢᠨ ᠤ ᠲᠠᠬᠤᠯ᠂ ᠭᠠᠭ᠋ᠠᠢ ᠶᠢᠨ Ⅱ ᠵᠡᠷᠭᠡᠯᠡᠯ ᠤᠨ | ᠳᠦᠦᠭᠡᠦᠷ ᠪᠠᠺᠲ᠋ᠧᠷᠢ ᠶᠢᠨ ᠡᠪᠡᠳᠴᠢᠨ᠂ ᠭᠠᠭ᠋ᠠᠢ ᠶᠢᠨ ᠮᠢᠺᠦᠫᠠᠯᠠᠰᠮ ᠡᠮᠭᠡᠭ᠂ ᠭᠠᠭ᠋ᠠᠢ ᠶᠢᠨ ᠴᠢᠰᠤ ᠰᠣᠷᠣᠭᠴᠢ ᠰᠠᠪᠬᠠᠨᠴᠢᠷ | ᠪᠠᠺᠲ᠋ᠧᠷᠢ ᠶᠢᠨ ᠡᠪᠡᠳᠴᠢᠨ᠂ ᠭᠠᠭ᠋ᠠᠢ ᠶᠢᠨ ᠳᠠᠭᠠᠯᠳᠤᠭᠰᠠᠨ ᠲᠣᠮᠣᠭᠤ ᠵᠡᠷᠭᠡ ᠡᠪᠡᠳᠴᠢᠨ ᠠᠵᠢᠭᠯᠠᠭᠳᠠᠭᠰᠠᠨ ᠪᠠᠶᠢᠪᠠᠯ | ᠡᠪᠡᠳᠴᠢᠨ ᠳᠤ ᠨᠡᠷᠪᠡᠭᠳᠡᠭᠰᠡᠨ ᠭᠠᠭ᠋ᠠᠢ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | ᠲᠡᠭᠦᠨᠴᠢᠯᠡᠨ ᠭᠠᠭ᠋ᠠᠢ ᠶᠢ ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ ᠨᠢᠲᠤᠯᠭᠠᠨ ᠳᠤ | ᠥᠭᠬᠦ ᠳᠤ ᠵᠥᠪᠰᠢᠶᠡᠷᠡᠨ᠎ᠡ︔ ᠲᠤᠰᠠᠭᠠᠷᠯᠠᠭᠰᠠᠨ ᠬᠤᠭᠤᠴᠠᠭᠠᠨ ᠳᠤ ᠬᠡᠪ ᠤᠨ ᠪᠤᠰᠤ ᠪᠠᠶᠢᠳᠠᠯ ᠢᠯᠡᠷᠡᠪᠡᠯ ︽ᠡᠪᠡᠳᠴᠢᠨ ᠤ | ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ | ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ | ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | 6.2.2.3 ᠲᠤᠰ ᠵᠢᠷᠤᠮ ᠳᠤ ᠵᠢᠭᠠᠭᠰᠠᠨ ᠡᠪᠡᠳᠴᠢᠨ ᠳᠤ ᠨᠡᠷᠪᠡᠭᠳᠡᠭᠰᠡᠨ ᠰᠡᠵᠢᠭ ᠲᠠᠢ ᠪᠤᠶᠤ ᠺᠯᠢᠨᠢᠺ ᠤᠨ | ᠦᠵᠡᠯᠭᠡ ᠪᠠᠷ ᠪᠤᠰᠤᠳ ᠬᠡᠪ ᠤᠨ ᠪᠤᠰᠤ ᠪᠠᠶᠢᠳᠠᠯ ᠢᠯᠡᠷᠡᠭᠰᠡᠨ ᠪᠠᠶᠢᠪᠠᠯ᠂ ᠬᠤᠯᠪᠣᠭᠳᠠᠬᠤ ᠬᠢᠵᠢᠭ ᠰᠡᠷᠭᠡᠶᠢᠯᠡᠬᠦ ᠲᠧᠭᠨᠢᠭ ᠤᠨ | ᠦᠵᠡᠭᠦᠯᠦᠯᠲᠡ ᠶᠢᠨ ᠳᠠᠭᠠᠤ ᠯᠠᠪᠤᠷᠠᠲ᠋ᠣᠷᠢ ᠶᠢᠨ ᠰᠢᠨᠵᠢᠯᠡᠭᠡ ᠪᠠᠷ ᠰᠢᠯᠭᠠᠨ ᠲᠣᠭᠲᠠᠭᠠᠵᠤ ᠬᠠᠮᠲᠤ ᠳᠤ ᠨᠢ ᠮᠡᠳᠡᠭᠦᠯᠭᠡ ᠶᠢᠨ | ᠪᠢᠴᠢᠭ ᠭᠠᠷᠭᠠᠵᠤ ᠥᠭᠬᠦ ᠬᠡᠷᠡᠭᠲᠡᠢ᠃ ᠯᠠᠪᠤᠷᠠᠲ᠋ᠣᠷᠢ ᠶᠢᠨ ᠰᠢᠨᠵᠢᠯᠡᠭᠡ ᠶᠢ ᠡᠷᠬᠡᠪᠰᠢ ᠣᠷᠣᠨ ᠤ ᠳᠡᠰ ᠤᠨ ᠠᠮᠢᠲᠠᠨ ᠤ ᠡᠷᠡᠭᠦᠯ | ᠬᠠᠮᠠᠭᠠᠯᠠᠯ ᠤᠨ ᠬᠢᠨᠠᠯᠲᠠ ᠶᠢᠨ ᠠᠯᠪᠠᠨ ᠠᠴᠠ ᠲᠣᠭᠲᠠᠭᠠᠭᠰᠠᠨ ᠬᠢᠷᠢ ᠲᠦᠪᠰᠢᠨ ᠪᠦᠬᠦᠢ ᠯᠠᠪᠤᠷᠠᠲ᠋ᠣᠷᠢ ᠪᠠᠷ ᠭᠦᠢᠴᠡᠳᠬᠡᠨ᠎ᠡ᠃ | 6.2.2.4 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ | ᠲᠤᠰᠠᠭᠠᠷᠯᠠᠨ ᠠᠵᠢᠭᠯᠠᠵᠤ᠂ ᠰᠡᠵᠢᠭ ᠦᠭᠡᠢ ᠭᠡᠳᠡᠭ ᠢ ᠨᠤᠲᠠᠯᠠᠭᠰᠠᠨ ᠬᠤᠶᠢᠨ᠎ᠠ ᠨᠢᠲᠤᠯᠭᠠᠨ ᠳᠤ ᠥᠭᠬᠦ ᠶᠢ ᠵᠥᠪᠰᠢᠶᠡᠷᠡᠨ᠎ᠡ︔ | ᠲᠤᠰᠠᠭᠠᠷᠯᠠᠭᠰᠠᠨ ᠬᠤᠭᠤᠴᠠᠭᠠᠨ ᠳᠤ ᠬᠡᠪ ᠤᠨ ᠪᠤᠰᠤ ᠪᠠᠶᠢᠳᠠᠯ ᠢᠯᠡᠷᠡᠪᠡᠯ᠂ ︽ᠡᠪᠡᠳᠴᠢᠨ ᠤ ᠬᠠᠯᠳᠠᠪᠤᠷᠢ ᠠᠪᠤᠭᠰᠠᠨ | ᠠᠮᠢᠲᠠᠨ ᠪᠤᠶᠤ ᠡᠪᠡᠳᠴᠢᠨ ᠳᠤ ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ | ᠰᠢᠢᠳᠪᠦᠷᠢᠯᠡᠬᠦ ᠵᠢᠷᠤᠮ︾ ︵GB16548︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | 6.2.2.5 ᠮᠢᠬᠠᠨ ᠤ ᠠᠶᠤᠯ ᠦᠭᠡᠢ ᠪᠠᠶᠢᠳᠠᠯ ᠳᠤ ᠬᠤᠣᠷ ᠨᠥᠯᠥᠭᠡ ᠦᠵᠡᠭᠦᠯᠬᠦ ᠦᠭᠡᠢ ᠶᠢᠨ ᠲᠤᠯᠠᠳᠠ ᠦᠬᠦᠭᠰᠡᠨ | ᠭᠠᠭ᠋ᠠᠢ ᠲᠠᠢ ᠣᠶᠢᠷᠠᠲᠤᠭᠰᠠᠨ ᠭᠠᠭ᠋ᠠᠢ ᠶᠢ ᠪᠠᠶᠢᠳᠠᠯ ᠢ ᠦᠵᠡᠵᠦ ᠪᠠᠴᠢᠮ ᠨᠢᠲᠤᠯᠭᠠᠨ ᠳᠤ ᠣᠷᠣᠭᠤᠯᠤᠨ᠎ᠠ᠃ | 6.3 ᠲᠠᠯᠠᠪᠤᠷ ︵ᠦᠢᠯᠡᠳᠪᠦᠷᠢ᠂ ᠴᠢᠭ︶ ᠤᠨ ᠠᠯᠠᠰᠢᠨ ᠳᠤ ᠭᠠᠷᠭᠠᠭᠰᠠᠨ ᠡᠪᠡᠳᠴᠢᠨ ᠲᠠᠢ ᠭᠠᠭ᠋ᠠᠢ ᠶᠢᠨ | ᠨᠢᠲᠤᠯᠬᠤ ᠪᠠᠷ ᠪᠡᠯᠡᠳᠬᠡᠭᠰᠡᠨ ᠬᠠᠰᠢᠶᠠᠯᠠᠭ᠎ᠠ᠂ ᠪᠠᠴᠢᠮ ᠨᠢᠲᠤᠯᠬᠤ ᠬᠠᠰᠢᠶᠠᠯᠠᠭ᠎ᠠ᠂ ᠲᠤᠰᠠᠭᠠᠷᠯᠠᠬᠤ ᠬᠠᠰᠢᠶᠠᠯᠠᠭ᠎ᠠ ᠵᠡᠷᠭᠡ ᠳᠤ | ᠬᠢᠬᠦ ᠠᠷᠢᠭᠤᠳᠬᠠᠯ ᠳᠤ ᠬᠠᠷᠠᠭ᠎ᠠ ᠬᠢᠨᠠᠯᠲᠠ ᠲᠠᠯᠪᠢᠨ᠎ᠠ᠃ | 7. ᠬᠢᠵᠢᠭ ᠪᠠᠶᠢᠴᠠᠭᠠᠯᠲᠠ ᠪᠣᠯᠣᠨ ᠨᠢᠲᠤᠯᠭᠠᠨ ᠤ ᠦᠢᠯᠡᠳᠦᠯ ᠨᠢ ᠬᠠᠷᠢᠯᠴᠠᠨ ᠵᠣᠬᠢᠴᠠᠯᠳᠤᠭᠰᠠᠨ ᠪᠠᠶᠢᠬᠤ ᠬᠡᠷᠡᠭᠲᠡᠢ᠃ | ᠨᠢᠭᠡ ᠭᠠᠭ᠋ᠠᠢ ᠶᠢᠨ ᠲᠣᠯᠣᠭᠠᠢ᠂ ᠰᠢᠭᠢᠷ᠎ᠡ᠂ ᠳᠣᠲᠣᠷ᠎ᠠ ᠴᠤᠯᠤ᠂ ᠭᠤᠯᠤᠤᠵᠠ ᠵᠡᠷᠭᠡ ᠶᠢ ᠨᠢᠭᠡᠳᠦᠯ ᠲᠠᠢ ᠳ᠋ᠤᠭᠠᠷᠯᠠᠵᠤ ᠬᠢᠵᠢᠭ | ᠪᠠᠶᠢᠴᠠᠭᠠᠯᠲᠠ ᠬᠢᠬᠦ ᠬᠡᠷᠡᠭᠲᠡᠢ᠃ | 7.1 ᠲᠣᠯᠣᠭᠠᠢ ᠰᠢᠭᠢᠷ᠎ᠡ ᠪᠣᠯᠣᠨ ᠪᠡᠶ᠎ᠡ ᠶᠢᠨ ᠥᠩᠭᠡᠨ ᠲᠠᠯ᠎ᠠ ᠶᠢᠨ ᠪᠠᠶᠢᠴᠠᠭᠠᠯᠲᠠ | 7.1.1 ᠪᠡᠶ᠎ᠡ ᠴᠣᠭᠴᠠᠰ ᠤᠨ ᠥᠩᠭᠡᠨ ᠲᠠᠯ᠎ᠠ ᠶᠢᠨ ᠪᠦᠷᠢᠨ ᠪᠦᠲᠦᠨ ᠪᠠᠶᠢᠳᠠᠯ᠂ ᠥᠩᠭᠡ᠂ ᠲᠤᠰ ᠵᠢᠷᠤᠮ ᠳᠤ | ᠲᠣᠭᠲᠠᠭᠠᠭᠰᠠᠨ ᠡᠪᠡᠳᠴᠢᠨ ᠲᠠᠬᠤᠯ ᠠᠴᠠ ᠰᠢᠯᠲᠠᠭᠠᠯᠠᠭᠰᠠᠨ ᠠᠷᠠᠰᠤᠨ ᠤ ᠡᠪᠡᠳᠴᠢᠨ᠂ ᠦᠶ᠎ᠡ ᠭᠡᠰᠢᠭᠦᠦ ᠶᠢᠨ ᠪᠦᠳᠦᠭᠦᠷᠡᠯ | ᠪᠠᠶᠢᠬᠤ ᠡᠰᠡᠬᠦ ᠶᠢ ᠰᠢᠯᠭᠠᠨ᠎ᠠ᠃ | 7.1.2 ᠬᠤᠩᠰᠢᠶᠠᠷ᠂ ᠰᠢᠳᠦ ᠪᠤᠶᠢᠯᠠ ᠪᠣᠯᠣᠨ ᠰᠢᠭᠢᠷ᠎ᠡ ᠳᠤ ᠤᠰᠤᠨ ᠬᠠᠪᠤᠨ᠂ ᠰᠢᠷᠬᠠᠯᠠᠭ᠎ᠠ᠂ ᠲᠣᠯᠪᠤ ᠪᠠᠶᠢᠬᠤ | ᠡᠰᠡᠬᠦ ᠶᠢ ᠠᠵᠢᠭᠯᠠᠨ᠎ᠠ᠃ | 7.1.3 ᠴᠢᠰᠤ ᠲᠠᠯᠪᠢᠭᠰᠠᠨ ᠤ ᠳᠠᠷᠠᠭ᠎ᠠ ᠦᠰᠦ ᠶᠢ ᠨᠢ ᠬᠤᠰᠤᠬᠤ ᠠᠴᠠ ᠡᠮᠦᠨ᠎ᠡ᠂ ᠴᠢᠰᠤᠨ ᠤ ᠰᠦᠪᠡ ᠶᠢᠨ | ᠳᠠᠭᠠᠤ ᠭᠤᠯᠳᠤ ᠴᠢᠭᠯᠡᠯ ᠢᠶᠠᠷ ᠳᠣᠣᠷᠠᠳᠤ ᠬᠡᠰᠡᠭ ᠵᠦᠭ ᠡᠷᠡᠦ ᠶᠢᠨ ᠤᠭ ᠬᠦᠷᠲᠡᠯ᠎ᠡ ᠵᠦᠰᠦᠵᠦ ᠳᠣᠣᠷᠠᠳᠤ ᠡᠷᠡᠭᠦᠦ ᠶᠢᠨ | ᠬᠤᠶᠠᠷ ᠬᠠᠵᠠᠭᠤ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ᠂ ᠬᠠᠪᠤᠳᠠᠷ ᠪᠠᠶᠢᠬᠤ ᠡᠰᠡᠬᠦ ᠶᠢ ᠠᠵᠢᠭᠯᠠᠵᠤ᠂ ᠨᠧᠺᠷᠣᠽ | ︵ᠬᠦᠷᠡᠩ᠂ ᠬᠠᠷ᠎ᠠ᠂ ᠪᠣᠷᠣ᠂ ᠰᠢᠷ᠎ᠠ︶᠂ ᠬᠡᠷᠴᠢᠯᠡᠭᠡᠰᠦ ᠳᠤ ᠤᠯᠠᠭᠠᠨ ᠥᠩᠭᠡ ᠲᠣᠳᠣᠷᠠᠭᠰᠠᠨ ᠡᠰᠡᠬᠦ᠂ ᠡᠷᠭᠢᠨ | ᠲᠣᠭᠤᠷᠢᠨ ᠳᠤ ᠨᠢ ᠤᠰᠤᠨ ᠬᠠᠪᠤᠨ᠂ ᠴᠠᠪᠠᠤᠭᠤᠷᠠᠭᠰᠠᠨ ᠪᠠᠶᠢᠳᠠᠯ ᠪᠠᠶᠢᠬᠤ ᠡᠰᠡᠬᠦ ᠶᠢ ᠰᠢᠯᠭᠠᠨ᠎ᠠ᠃ | 7.1.4 ᠲᠦᠭᠦᠰᠢᠨ ᠤ ᠪᠤᠯᠴᠢᠷᠬᠠᠢ ᠶᠢ ᠭᠦᠢᠴᠡᠳ ᠳᠡᠯᠭᠡᠨ ᠬᠠᠭᠠᠯᠵᠤ ᠭᠠᠭ᠋ᠠᠢ ᠶᠢᠨ ᠤᠭᠤᠲᠠᠨᠴᠠᠷ ᠬᠤᠷᠣᠬᠠᠢ ᠶᠢᠨ | ᠠᠪᠠᠭᠠᠯᠳᠠᠢ ᠪᠠᠶᠢᠬᠤ ᠡᠰᠡᠬᠦ ᠶᠢ ᠰᠢᠯᠭᠠᠨ᠎ᠠ᠃ | 7.2 ᠳᠣᠲᠣᠷ᠎ᠠ ᠡᠷᠬᠡᠲᠡᠨ ᠤ ᠪᠠᠶᠢᠴᠠᠭᠠᠯᠲᠠ ᠳᠤ ᠳᠣᠲᠣᠷ᠎ᠠ ᠡᠷᠬᠡᠲᠡᠨ ᠢ ᠠᠪᠬᠤ ᠠᠴᠠ ᠡᠮᠦᠨ᠎ᠡ ᠬᠡᠬᠦᠳᠡᠭ᠂ | ᠬᠡᠪᠡᠯᠢ ᠶᠢᠨ ᠬᠥᠨᠳᠡᠢ ᠳᠤ ᠬᠤᠷᠠᠭᠰᠠᠨ ᠤᠰᠤ᠂ ᠨᠠᠭᠠᠯᠳᠤᠭᠰᠠᠨ ᠬᠡᠰᠡᠭ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ | ᠪᠠᠶᠢᠬᠤ ᠡᠰᠡᠬᠦ ᠶᠢ ᠠᠵᠢᠭᠯᠠᠨ᠎ᠠ᠃ ᠳᠡᠯᠢᠭᠦᠦ᠂ ᠴᠢᠴᠠᠷᠬᠠᠢ ᠶᠢᠨ ᠯᠢᠮᠹᠠ ᠶᠢᠨ ᠪᠤᠯᠴᠢᠷᠬᠠᠢ ᠶᠢ ᠬᠠᠭᠠᠯᠵᠤ ᠭᠡᠳᠡᠰᠦᠨ ᠤ ᠬᠠᠷᠠᠤ | ᠪᠠᠶᠢᠬᠤ ᠡᠰᠡᠬᠦ ᠶᠢ ᠰᠢᠯᠭᠠᠨ᠎ᠠ᠃ ᠳᠣᠲᠣᠷ᠎ᠠ ᠡᠷᠬᠡᠲᠡᠨ ᠢ ᠭᠠᠷᠭᠠᠵᠤ ᠠᠪᠤᠭᠰᠠᠨ ᠬᠤᠶᠢᠨ᠎ᠠ ᠵᠢᠷᠦᠬᠡ᠂ ᠠᠭᠤᠰᠬᠢ᠂ ᠡᠯᠢᠭᠡ᠂ | ᠳᠡᠯᠢᠭᠦᠦ᠂ ᠬᠤᠳᠣᠭᠤᠳᠤ᠂ ᠰᠠᠯᠪᠤᠷᠢ ᠮᠥᠭᠡᠷᠡᠭᠰᠡᠨ ᠬᠤᠭᠤᠯᠠᠢ᠂ ᠡᠯᠢᠭᠡᠨ ᠤ ᠠᠮᠠᠰᠠᠷ ᠤᠨ ᠯᠢᠮᠹᠠ ᠶᠢᠨ ᠪᠤᠯᠴᠢᠷᠬᠠᠢ ᠶᠢ | ᠰᠢᠯᠭᠠᠨ᠎ᠠ᠃ | 7.2.1 ᠵᠢᠷᠦᠬᠡᠨ ᠤ ᠰᠢᠯᠭᠠᠯᠲᠠ ᠳᠤ᠂ ᠦᠩᠬᠦᠯᠴᠡᠭ ᠢ ᠬᠠᠭᠠᠯᠵᠤ ᠵᠢᠷᠦᠬᠡᠨ ᠤ ᠬᠡᠯᠪᠡᠷᠢ ᠥᠭᠡᠷᠡᠴᠢᠯᠡᠭᠳᠡᠭᠰᠡᠨ ᠡᠰᠡᠬᠦ᠂ | ᠦᠩᠬᠦᠯᠴᠡᠭ ᠳᠣᠲᠣᠷ᠎ᠠ ᠬᠤᠷᠠᠮᠠᠯ ᠤᠰᠤ᠂ ᠱᠦᠭᠦᠷᠡᠯᠲᠡ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠡᠪᠳᠡᠷᠡᠵᠦ | ᠮᠠᠭᠤᠳᠠᠭᠰᠠᠨ ᠵᠦᠢᠯ ᠪᠠᠶᠢᠬᠤ ᠡᠰᠡᠬᠦ ᠶᠢ ᠠᠵᠢᠭᠯᠠᠨ᠎ᠠ᠃ ᠵᠡᠭᠦᠨ ᠲᠠᠯ᠎ᠠ ᠶᠢᠨ ᠭᠤᠯᠳᠤ ᠨᠤᠭᠤᠯᠤᠷᠭᠠ ᠲᠠᠢ ᠵᠡᠷᠭᠡᠴᠡᠭᠡ | ᠵᠢᠷᠦᠬᠡᠨ ᠤ ᠬᠤᠶᠢᠲᠤ ᠬᠡᠰᠡᠭ ᠤᠨ ᠪᠦᠷᠬᠦᠪᠴᠢ ᠶᠢ ᠭᠤᠯᠳᠤ ᠬᠠᠭᠠᠯᠵᠤ ᠵᠢᠷᠦᠬᠡᠨ ᠤ ᠳᠣᠲᠣᠷ᠎ᠠ ᠪᠦᠷᠬᠦᠪᠴᠢ᠂ ᠵᠢᠷᠦᠬᠡᠨ ᠤ | ᠪᠤᠯᠴᠢᠩ᠂ ᠴᠢᠰᠤᠨ ᠤ ᠡᠭᠡᠳᠡᠯ᠂ ᠬᠤᠶᠠᠷ ᠱᠣᠷᠣᠯᠵᠢᠨ ᠳᠡᠯᠪᠡᠭᠡ ᠪᠣᠯᠣᠨ ᠵᠢᠷᠦᠬᠡᠨ ᠤ ᠡᠷᠢᠶᠡᠨᠳᠡᠯ᠂ ᠪᠢᠣᠯᠣᠭᠢ ᠶᠢᠨ | ᠢᠯᠡᠭᠦᠴᠡ ᠵᠦᠢᠯ᠂ ᠰᠢᠮᠡᠭᠴᠢ ᠬᠤᠷᠣᠬᠠᠢ ᠪᠠᠶᠢᠬᠤ ᠡᠰᠡᠬᠦ ᠶᠢ ᠰᠢᠯᠭᠠᠨ᠎ᠠ᠃ | 7.2.2 ᠠᠭᠤᠰᠬᠢᠨ ᠤ ᠪᠠᠶᠢᠴᠠᠭᠠᠯᠲᠠ ᠳᠤ ᠠᠭᠤᠰᠬᠢᠨ ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ | ᠴᠢᠨᠠᠷ᠂ ᠠᠭᠤᠰᠬᠢᠨ ᠤ ᠪᠦᠬᠦᠯᠢ ᠴᠣᠭᠴᠠᠰ ᠲᠤ ᠡᠪᠳᠡᠷᠡᠵᠦ ᠭᠡᠮᠲᠦᠭᠰᠡᠨ ᠵᠦᠢᠯ᠂ ᠠᠪᠴᠢᠯᠲᠠ᠂ ᠬᠠᠪᠤᠳᠴᠤ ᠬᠥᠭᠡᠭᠡᠭᠰᠡᠨ | ᠵᠦᠢᠯ᠂ ᠤᠰᠤᠨ ᠬᠠᠪᠤᠨ᠂ ᠴᠢᠰᠤᠨ ᠤ ᠴᠢᠨᠦᠷᠡᠯ᠂ ᠢᠳᠡᠭᠡᠯᠡᠵᠦ ᠬᠤᠪᠢᠯᠠᠭᠰᠠᠨ ᠵᠦᠢᠯ᠂ ᠪᠣᠳᠠᠲᠠᠢ ᠬᠤᠪᠢᠷᠠᠯ᠂ ᠬᠠᠲᠠᠭᠤᠷᠠᠯ᠂ | ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ ᠪᠠᠶᠢᠬᠤ ᠡᠰᠡᠬᠦ ᠶᠢ ᠰᠢᠯᠭᠠᠨ᠎ᠠ᠃ ᠨᠢᠭᠡ ᠲᠠᠯ᠎ᠠ ᠶᠢᠨ ᠰᠠᠯᠪᠤᠷᠢ ᠮᠥᠭᠡᠷᠰᠦᠨ | ᠬᠤᠭᠤᠯᠠᠢ ᠶᠢ ᠬᠠᠭᠠᠯᠵᠤ ᠯᠢᠮᠹᠠ ᠶᠢᠨ ᠪᠤᠯᠴᠢᠷᠬᠠᠢ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠳᠠᠷ ᠬᠥᠭᠡᠩᠭᠢ᠂ | ᠭᠡᠮᠲᠦᠭᠰᠡᠨ ᠵᠦᠢᠯ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠪᠣᠯ ᠮᠥᠭᠡᠷᠰᠦᠨ ᠬᠤᠭᠤᠯᠠᠢ᠂ ᠰᠠᠯᠪᠤᠷᠢ | ᠮᠥᠭᠡᠷᠰᠦᠨ ᠬᠤᠭᠤᠯᠠᠢ ᠶᠢ ᠬᠠᠭᠠᠯᠵᠤ ᠰᠢᠯᠭᠠᠨ᠎ᠠ᠃ | 7.2.3 ᠡᠯᠢᠭᠡᠨ ᠤ ᠪᠠᠶᠢᠴᠠᠭᠠᠯᠲᠠ ᠳᠤ ᠡᠯᠢᠭᠡᠨ ᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ | ᠴᠢᠨᠠᠷ ᠪᠠᠶᠢᠬᠤ ᠡᠰᠡᠬᠦ ᠶᠢ ᠠᠵᠢᠭᠯᠠᠵᠤ᠂ ᠴᠢᠰᠤᠨ ᠤ ᠴᠢᠨᠦᠷᠡᠯ᠂ ᠬᠠᠪᠤᠳᠠᠷ ᠬᠠᠪᠤᠨ᠂ ᠬᠤᠪᠢᠷᠠᠯ᠂ ᠰᠢᠷᠠᠯᠠᠭᠰᠠᠨ ᠵᠦᠢᠯ᠂ | ᠭᠡᠮᠲᠦᠯ᠂ ᠬᠠᠲᠠᠭᠤᠷᠠᠯ᠂ ᠬᠠᠪᠤᠩᠨᠠᠭᠰᠠᠨ ᠵᠦᠢᠯ᠂ ᠪᠣᠯᠴᠤᠤ᠂ ᠰᠢᠷᠬᠡᠭᠯᠢᠭ ᠮᠡᠲᠦ ᠶᠢᠨ ᠨᠡᠪᠴᠢᠯᠲᠡ ᠪᠣᠳᠠᠰ᠂ ᠰᠢᠮᠡᠭᠴᠢ | ᠬᠤᠷᠣᠬᠠᠢ ᠵᠡᠷᠭᠡ ᠡᠪᠡᠳᠴᠢᠨ ᠤ ᠬᠤᠪᠢᠷᠠᠯ ᠪᠠᠶᠢᠬᠤ ᠡᠰᠡᠬᠦ ᠶᠢ ᠰᠢᠯᠭᠠᠨ᠎ᠠ᠃ ᠡᠯᠢᠭᠡᠨ ᠤ ᠠᠮᠠᠰᠠᠷ ᠤᠨ ᠯᠢᠮᠹᠠ ᠶᠢᠨ | ᠪᠤᠯᠴᠢᠷᠬᠠᠢ ᠶᠢ ᠬᠠᠭᠠᠯᠵᠤ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ ᠬᠠᠪᠤᠩᠨᠠᠭᠰᠠᠨ ᠵᠦᠢᠯ᠂ ᠭᠡᠮᠲᠦᠯ ᠪᠠᠶᠢᠬᠤ | ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠰᠥᠰᠥᠨ ᠤ ᠭᠤᠤᠷᠰᠤ ᠶᠢ ᠬᠠᠭᠠᠯᠵᠤ ᠰᠢᠯᠭᠠᠨ᠎ᠠ᠃ | 7.2.4 ᠳᠡᠯᠢᠭᠦᠦ ᠶᠢᠨ ᠪᠠᠶᠢᠴᠠᠭᠠᠯᠲᠠ ᠳᠤ ᠬᠡᠯᠪᠡᠷᠢ᠂ ᠶᠡᠭᠡ ᠪᠠᠭ᠎ᠠ᠂ ᠥᠩᠭᠡ ᠲᠤᠶᠠᠭ᠎ᠠ᠂ ᠬᠠᠷᠢᠮᠠᠬᠠᠢ ᠴᠢᠨᠠᠷ᠂ | ᠬᠥᠭᠡᠭᠡᠵᠦ ᠬᠠᠪᠤᠳᠤᠭᠰᠠᠨ ᠵᠦᠢᠯ᠂ ᠴᠢᠰᠤᠨ ᠤ ᠴᠢᠨᠦᠷᠡᠯ᠂ ᠨᠧᠺᠷᠣᠽ᠂ ᠵᠠᠬ᠎ᠠ ᠳᠠᠭᠠᠤ ᠴᠢᠰᠤ ᠠᠯᠳᠠᠭᠳᠠᠯ ᠤᠨ ᠴᠢᠨᠠᠷ ᠲᠠᠢ | ᠦᠬᠦᠵᠢᠯᠲᠡ᠂ ᠮᠧᠪᠷᠠᠨ ᠤ ᠡᠭᠦᠰᠦᠯᠲᠡ ᠵᠢᠴᠢ ᠨᠠᠭᠠᠯᠳᠤᠩᠬᠠᠢ ᠬᠡᠰᠡᠭ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ | ᠦᠶ᠎ᠡ ᠳᠤ ᠳᠡᠯᠢᠭᠦᠦ ᠶᠢᠨ ᠪᠣᠳᠠᠲᠠᠢ ᠴᠣᠭᠴᠠᠰ ᠢ ᠬᠠᠭᠠᠯᠵᠤ ᠰᠢᠯᠭᠠᠨ᠎ᠠ᠃ | 7.2.5 ᠬᠤᠳᠣᠭᠤᠳᠤ ᠭᠡᠳᠡᠰᠦᠨ ᠤ ᠪᠠᠶᠢᠴᠠᠭᠠᠯᠲᠠ ᠳᠤ ᠭᠡᠳᠡᠰᠦᠨ ᠤ ᠰᠧᠷᠣᠽ᠂ ᠶᠡᠭᠡ ᠪᠠᠭ᠎ᠠ᠂ ᠥᠩᠭᠡ ᠲᠤᠶᠠᠭ᠎ᠠ᠂ | ᠴᠢᠨᠠᠷ ᠴᠢᠨᠰᠠᠭ᠎ᠠ ᠶᠢ ᠠᠵᠢᠭᠯᠠᠵᠤ᠂ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠴᠠᠪᠠᠤᠯᠢᠭ ᠨᠡᠪᠴᠢᠯᠲᠡ | ᠪᠣᠯᠣᠨ ᠨᠠᠭᠠᠯᠳᠤᠩᠬᠠᠢ ᠬᠡᠰᠡᠭ ᠪᠠᠶᠢᠬᠤ ᠡᠰᠡᠬᠦ ᠶᠢ ᠰᠢᠯᠭᠠᠨ᠎ᠠ᠃ ᠴᠢᠴᠠᠷᠬᠠᠢ ᠶᠢᠨ ᠯᠢᠮᠹᠠ ᠶᠢᠨ ᠪᠤᠯᠴᠢᠷᠬᠠᠢ ᠳᠤ | ᠤᠷᠲᠤ ᠪᠠᠷ ᠢᠶᠠᠨ 20 ᠰᠠᠨᠲ᠋ᠢᠮᠧᠳ᠋ᠷ ᠠᠴᠠ ᠳᠣᠷᠣᠭᠰᠢ ᠦᠭᠡᠢ ᠨᠤᠮᠤᠯᠵᠢᠨ ᠬᠡᠯᠪᠡᠷᠢ ᠶᠢ ᠣᠭᠲᠣᠯᠣᠭᠠᠰᠤ ᠭᠠᠷᠭᠠᠵᠤ᠂ | ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠦᠬᠦᠵᠢᠯᠲᠡ᠂ ᠰᠢᠷᠬᠠᠯᠠᠭ᠎ᠠ ᠵᠡᠷᠭᠡ ᠡᠪᠡᠳᠴᠢᠨ ᠤ ᠬᠤᠪᠢᠷᠠᠯ ᠪᠠᠶᠢᠬᠤ | ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠬᠤᠳᠣᠭᠤᠳᠤ ᠭᠡᠳᠡᠰᠦ ᠳᠤ ᠲᠤᠶᠠᠴᠢᠯᠲᠠ ᠬᠢᠵᠦ ᠰᠠᠯᠢᠰᠤᠨ | ᠪᠦᠷᠬᠦᠪᠴᠢ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠤᠰᠤᠨ ᠬᠠᠪᠤᠨ᠂ ᠦᠬᠦᠵᠢᠯᠲᠡ᠂ ᠰᠢᠷᠬᠠᠯᠠᠭ᠎ᠠ ᠪᠠᠶᠢᠬᠤ | ᠡᠰᠡᠬᠦ ᠶᠢ ᠰᠢᠯᠭᠠᠨ᠎ᠠ᠃ | 7.3 ᠭᠤᠯᠤᠤᠵᠠ ᠶᠢᠨ ᠰᠢᠯᠭᠠᠯᠲᠠ | 7.3.1᠂ ᠥᠭᠡᠬᠦ᠂ ᠪᠤᠯᠴᠢᠩ᠂ ᠯᠢᠮᠹᠠ ᠶᠢᠨ ᠪᠤᠯᠴᠢᠷᠬᠠᠢ ᠪᠣᠯᠣᠨ ᠬᠡᠬᠦᠳᠡᠭ᠂ ᠬᠡᠪᠡᠯᠢ ᠶᠢᠨ ᠬᠥᠨᠳᠡᠢ ᠶᠢᠨ | ᠰᠧᠷᠣᠽ ᠳᠤ ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠬᠠᠪᠤᠳᠠᠷ ᠬᠠᠪᠤᠨ ᠪᠣᠯᠣᠨ ᠪᠤᠰᠤᠳ ᠬᠡᠪ ᠤᠨ | ᠪᠤᠰᠤ ᠵᠦᠢᠯ ᠪᠠᠶᠢᠬᠤ ᠡᠰᠡᠬᠦ ᠶᠢ ᠰᠢᠯᠭᠠᠨ᠎ᠠ᠃ | 7.3.1 ᠪᠦᠬᠦᠯᠢ ᠴᠣᠭᠴᠠ ᠶᠢᠨ ᠪᠠᠶᠢᠴᠠᠭᠠᠯᠲᠠ ᠳᠤ ᠠᠷᠠᠰᠤ᠂ ᠠᠷᠠᠰᠤᠨ ᠤ ᠳᠣᠣᠷᠠᠬᠢ ᠬᠡᠰᠡᠭ᠂ ᠥᠭᠡᠬᠦ᠂ | ᠪᠤᠯᠴᠢᠩ᠂ ᠯᠢᠮᠹᠠ ᠶᠢᠨ ᠪᠤᠯᠴᠢᠷᠬᠠᠢ᠂ ᠠᠷᠤᠭ ᠶᠠᠰᠤ ᠪᠣᠯᠣᠨ ᠬᠡᠬᠦᠳᠡᠭ᠂ ᠬᠡᠪᠡᠯᠢ ᠶᠢᠨ ᠬᠥᠨᠳᠡᠢ ᠶᠢᠨ ᠰᠧᠷᠣᠽ ᠳᠤ | ᠴᠢᠰᠤᠨ ᠤ ᠴᠢᠨᠦᠷᠡᠯ᠂ ᠴᠢᠰᠤ ᠠᠯᠳᠠᠭᠳᠠᠯ᠂ ᠴᠥᠪᠥᠷᠢᠭᠦᠦ᠂ ᠰᠢᠷᠠᠯᠠᠭᠰᠠᠨ ᠵᠦᠢᠯ᠂ ᠬᠠᠪᠤᠳᠠᠷ ᠪᠣᠯᠣᠨ ᠪᠤᠰᠤᠳ ᠬᠡᠪ ᠤᠨ | ᠪᠤᠰᠤ ᠵᠦᠢᠯ ᠪᠠᠶᠢᠬᠤ ᠡᠰᠡᠬᠦ ᠶᠢ ᠰᠢᠯᠭᠠᠨ᠎ᠠ᠃ | 7.3.2 ᠯᠢᠮᠹᠠ ᠶᠢᠨ ᠪᠤᠯᠴᠢᠷᠬᠠᠢ ᠶᠢᠨ ᠪᠠᠶᠢᠴᠠᠭᠠᠯᠲᠠ ᠳᠤ ᠬᠡᠪᠡᠯᠢ ᠶᠢᠨ ᠳᠣᠣᠷᠠᠳᠤ ᠬᠡᠰᠡᠭ ᠤᠨ ᠠᠷᠠᠰᠤᠨ ᠤ | ᠳᠣᠣᠷᠠᠬᠢ ᠬᠤᠶᠢᠲᠤ ᠮᠥᠴᠢ ᠶᠢᠨ ᠳᠣᠲᠣᠷ᠎ᠠ ᠲᠠᠯ᠎ᠠ ᠶᠢᠨ ᠴᠢᠮᠦᠭᠡᠨ ᠶᠠᠰᠤᠨ ᠤ ᠳᠣᠣᠷᠠᠳᠤ ᠬᠡᠰᠡᠭ ᠲᠠᠬᠢ ᠢᠯᠠ ᠲᠠᠯ᠎ᠠ ᠶᠢᠨ | ᠯᠢᠮᠹᠠ ᠶᠢᠨ ᠪᠤᠯᠴᠢᠷᠬᠠᠢ ᠶᠢ ᠬᠠᠭᠠᠯᠵᠤ᠂ ᠴᠢᠰᠤᠨ ᠤ ᠴᠢᠨᠦᠷᠡᠯ᠂ ᠤᠰᠤᠨ ᠬᠠᠪᠤᠨ᠂ ᠴᠢᠰᠤ ᠠᠯᠳᠠᠭᠳᠠᠯ᠂ ᠦᠬᠦᠵᠢᠯᠲᠡ᠂ | ᠮᠥᠭᠡᠷᠰᠦᠵᠢᠯᠲᠡ ᠵᠡᠷᠭᠡ ᠡᠪᠡᠳᠴᠢᠨ ᠬᠠᠯᠳᠠᠪᠤᠷᠢ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠴᠢᠮᠦᠭᠡᠨ | ᠶᠠᠰᠤᠨ ᠤ ᠳᠣᠣᠷᠠᠳᠤ ᠬᠡᠰᠡᠭ ᠤᠨ ᠭᠦᠨ ᠳᠠᠬᠢ ᠯᠢᠮᠹᠠ ᠶᠢᠨ ᠪᠤᠯᠴᠢᠷᠬᠠᠢ᠂ ᠲᠠᠰᠢᠶᠠᠨ ᠶᠠᠰᠤᠨ ᠤ ᠳᠣᠣᠷᠠᠳᠤ ᠬᠡᠰᠡᠭ ᠤᠨ | ᠯᠢᠮᠹᠠ ᠶᠢᠨ ᠪᠤᠯᠴᠢᠷᠬᠠᠢ ᠪᠣᠯᠣᠨ ᠲᠠᠰᠢᠶᠠᠨ ᠤ ᠳᠣᠲᠣᠷ᠎ᠠ ᠪᠠᠶᠢᠬᠤ ᠯᠢᠮᠹᠠ ᠶᠢᠨ ᠪᠤᠯᠴᠢᠷᠬᠠᠢ ᠶᠢ ᠬᠠᠭᠠᠯᠵᠤ ᠰᠢᠯᠭᠠᠨ᠎ᠠ᠃ | 7.3.3 ᠰᠡᠭᠡᠷ ᠨᠢᠷᠤᠭᠤᠨ ᠤ ᠦᠶ᠎ᠡ ᠶᠢᠨ ᠵᠠᠯᠭᠠᠮᠠᠯ ᠬᠡᠰᠡᠭ ᠤᠨ ᠬᠤᠶᠠᠷ ᠲᠠᠯ᠎ᠠ ᠶᠢᠨ ᠪᠤᠯᠴᠢᠩ ᠢ ᠳᠠᠭᠠᠭᠤᠯᠤᠨ 10 | ᠰᠠᠨᠲ᠋ᠢᠮᠧᠳ᠋ᠷ ᠣᠷᠴᠢᠮ ᠬᠠᠭᠠᠯᠵᠤ ᠭᠠᠭ᠋ᠠᠢ ᠶᠢᠨ ᠤᠭᠤᠲᠠᠨᠴᠠᠷ ᠬᠤᠷᠣᠬᠠᠢ ᠶᠢᠨ ᠠᠪᠠᠭᠠᠯᠳᠠᠢ ᠪᠠᠶᠢᠬᠤ ᠡᠰᠡᠬᠦ ᠶᠢ ᠰᠢᠯᠭᠠᠨ᠎ᠠ᠃ | 7.3.4 ᠳᠣᠲᠣᠷ᠎ᠠ ᠪᠥᠭᠡᠷ᠎ᠡ ᠶᠢᠨ ᠬᠤᠶᠠᠷ ᠲᠠᠯ᠎ᠠ ᠶᠢᠨ ᠪᠦᠷᠬᠦᠪᠴᠢ ᠶᠢ ᠱᠠᠭᠠᠯᠵᠤ ᠪᠥᠭᠡᠷ᠎ᠡ ᠶᠢᠨ ᠬᠡᠯᠪᠡᠷᠢ᠂ ᠶᠡᠭᠡ | ᠪᠠᠭ᠎ᠠ᠂ ᠥᠩᠭᠡ ᠲᠤᠶᠠᠭ᠎ᠠ᠂ ᠴᠢᠨᠠᠷ ᠢ ᠠᠵᠢᠭᠯᠠᠵᠤ᠂ ᠴᠢᠰᠤ ᠬᠠᠩᠭᠠᠮᠵᠢ᠂ ᠴᠢᠰᠤ ᠠᠯᠳᠠᠭᠳᠠᠯ᠂ ᠴᠢᠰᠤᠨ ᠤ ᠴᠢᠨᠦᠷᠡᠯ᠂ | ᠬᠠᠪᠤᠳᠠᠷ ᠬᠠᠪᠤᠨ ᠪᠠᠶᠢᠬᠤ ᠡᠰᠡᠬᠦ ᠶᠢ ᠰᠢᠯᠭᠠᠨ᠎ᠠ᠃ ᠱᠠᠭᠠᠷᠳᠠᠯᠭ᠎ᠠ ᠲᠠᠢ ᠦᠶ᠎ᠡ ᠳᠤ ᠭᠤᠯᠳᠤ ᠪᠠᠷ ᠬᠠᠭᠠᠯᠤᠨ | ᠣᠭᠲᠣᠯᠣᠭᠠᠰᠤ ᠶᠢᠨ ᠬᠡᠰᠡᠭ ᠲᠤ ᠥᠩᠭᠡ ᠶᠢᠨ ᠬᠤᠪᠢᠷᠠᠯ᠂ ᠴᠢᠰᠤ ᠠᠯᠳᠠᠭᠳᠠᠯ ᠪᠣᠯᠣᠨ ᠭᠦᠳᠦ᠋ᠢᠵᠦ ᠭᠠᠷᠤᠭᠰᠠᠨ ᠵᠦᠢᠯ | ᠪᠠᠶᠢᠬᠤ ᠡᠰᠡᠬᠦ ᠶᠢ ᠰᠢᠯᠭᠠᠨ᠎ᠠ᠃ | 7.4 ᠡᠷᠭᠢᠭᠦᠯᠭᠡᠨ ᠬᠤᠷᠣᠬᠠᠢ ᠶᠢᠨ ᠪᠠᠶᠢᠴᠠᠭᠠᠯᠲᠠ ᠳᠤ ᠥᠷᠥᠴᠡᠨ ᠤ ᠬᠤᠶᠠᠷ ᠬᠠᠵᠠᠭᠤ ᠶᠢᠨ ᠥᠨᠴᠥᠭ ᠠᠴᠠ 30 | ᠭᠷᠡᠮ ᠣᠷᠴᠢᠮ ᠠᠪᠴᠤ ᠭᠤᠯᠤᠤᠵᠠ ᠲᠠᠢ ᠨᠢᠭᠡᠳᠦᠯ ᠲᠠᠢ ᠳ᠋ᠤᠭᠠᠷᠯᠠᠨ ᠪᠤᠯᠴᠢᠩ ᠤᠨ ᠭᠢᠯᠲᠠᠩ ᠬᠠᠯᠢᠰᠤ ᠶᠢ ᠱᠠᠭᠠᠯᠵᠤ᠂ | ᠬᠠᠷᠠᠵᠤ ᠠᠵᠢᠭᠯᠠᠬᠤ ᠠᠴᠠ ᠭᠠᠳᠠᠨ᠎ᠠ ᠲᠣᠮᠣᠷᠠᠭᠤᠯᠤᠭᠴᠢ ᠰᠢᠯ ᠢᠶᠠᠷ ᠰᠢᠯᠭᠠᠨ᠎ᠠ᠃ | 7.5 ᠠᠯᠪᠠᠨ ᠶᠣᠰᠣᠨ ᠤ ᠮᠠᠯ ᠤᠨ ᠡᠮᠴᠢ ᠠᠴᠠ ᠳᠡᠭᠡᠷ᠎ᠡ ᠳᠤᠷᠠᠳᠤᠭᠰᠠᠨ ᠬᠢᠵᠢᠭ ᠪᠠᠶᠢᠴᠠᠭᠠᠯᠲᠠ ᠶᠢᠨ ᠪᠠᠶᠢᠳᠠᠯ ᠢ | ᠳᠠᠬᠢᠨ ᠰᠢᠯᠭᠠᠵᠤ ᠪᠦᠬᠦᠯᠢ ᠴᠣᠭᠴᠠ ᠠᠴᠠ ᠦᠷ᠎ᠡ ᠳ᠋ᠦᠩ ᠢ ᠮᠠᠭᠠᠳᠯᠠᠬᠤ ᠬᠡᠷᠡᠭᠲᠡᠢ᠃ | 7.6 ᠦᠷ᠎ᠡ ᠳ᠋ᠦᠩ ᠢ ᠰᠢᠢᠳᠬᠦ | 7.6.1 ᠬᠢᠷᠢ ᠳᠤ ᠬᠦᠷᠦᠭᠰᠡᠨ ᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ ᠲᠠᠬᠤᠯ ᠤᠨ | ᠪᠠᠶᠢᠴᠠᠭᠠᠯᠲᠠ ᠬᠢᠷᠢ ᠳᠤ ᠨᠡᠶᠢᠴᠡᠭᠰᠡᠨ ᠦᠨᠡᠮᠯᠡᠬᠦ︾ ᠣᠯᠭᠤᠵᠤ᠂ ᠲᠠᠮᠠᠭ᠎ᠠ ᠳᠠᠷᠤᠨ ᠪᠠᠲᠤᠯᠠᠵᠤ᠂ ᠰᠠᠪᠠᠯᠠᠭᠰᠠᠨ ᠮᠢᠬᠠᠨ | ᠪᠦᠲᠦᠭᠡᠭᠳᠡᠬᠦᠨ ᠳᠤ ᠬᠢᠵᠢᠭ ᠪᠠᠶᠢᠴᠠᠭᠠᠯᠲᠠ ᠶᠢᠨ ᠲᠡᠮᠳᠡᠭ ᠢ ᠬᠡᠷᠡᠭᠯᠡᠨ᠎ᠡ᠃ | 7.6.2 ᠬᠢᠷᠢ ᠳᠤ ᠬᠦᠷᠦᠭᠡ ᠦᠭᠡᠢ ᠶᠢ ᠠᠯᠪᠠᠨ ᠶᠣᠰᠣᠨ ᠤ ᠮᠠᠯ ᠤᠨ ᠡᠮᠴᠢ ᠠᠴᠠ ︽ᠠᠮᠢᠲᠠᠨ ᠤ ᠬᠢᠵᠢᠭ | ᠲᠠᠬᠤᠯ ᠤᠨ ᠪᠠᠶᠢᠴᠠᠭᠠᠯᠲᠠ ᠶᠢᠨ ᠮᠡᠳᠡᠭᠳᠡᠯ︾ ᠪᠠᠭᠤᠯᠭᠠᠵᠤ ᠳᠠᠷᠠᠭᠠᠬᠢ ᠪᠠᠶᠢᠳᠠᠯ ᠢᠶᠠᠷ ᠰᠢᠢᠳᠪᠦᠷᠢᠯᠡᠨ᠎ᠡ᠃ | .1᠂ 6.2.2.2 ᠪᠣᠯᠣᠨ ᠬᠤᠯᠪᠣᠭᠳᠠᠯ ᠪᠦᠬᠦᠢ ᠲᠣᠭᠲᠠᠭᠠᠯ ᠤᠨ ᠳᠠᠭᠠᠤ ᠰᠢᠢᠳᠪᠦᠷᠢᠯᠡᠨ᠎ᠡ᠃ | 7.6.2.2 ᠲᠤᠰ ᠵᠢᠷᠤᠮ ᠳᠤ ᠵᠢᠭᠠᠭᠰᠠᠨ ᠠᠴᠠ ᠪᠤᠰᠤᠳ ᠡᠪᠡᠳᠴᠢᠨ ᠳᠠᠷᠬᠠᠯᠠᠯ ᠠᠵᠢᠭᠯᠠᠭᠳᠠᠭᠰᠠᠨ ᠪᠠᠶᠢᠪᠠᠯ | ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠭᠠᠭ᠋ᠠᠢ ᠶᠢᠨ ᠶᠡᠭᠡ ᠪᠡᠶ᠎ᠡ ︵ᠭᠤᠤᠯᠤᠵᠠ︶ | ᠪᠣᠯᠣᠨ ᠳᠠᠭᠠᠯᠳᠤᠬᠤ ᠪᠦᠲᠦᠭᠡᠭᠳᠡᠬᠦᠨ ᠢ ︽ᠡᠪᠡᠳᠴᠢᠨ ᠤ ᠬᠠᠯᠳᠠᠪᠤᠷᠢ ᠠᠪᠤᠭᠰᠠᠨ ᠠᠮᠢᠲᠠᠨ ᠪᠤᠶᠤ ᠡᠪᠡᠳᠴᠢᠨ ᠳᠤ | ᠬᠤᠣᠷᠳᠠᠭᠰᠠᠨ ᠠᠮᠢᠲᠠᠨ ᠤ ᠭᠠᠷᠤᠯ ᠲᠠᠢ ᠪᠦᠲᠦᠭᠡᠭᠳᠡᠬᠦᠨ ᠤ ᠪᠢᠣᠯᠣᠭᠢ ᠶᠢᠨ ᠠᠶᠤᠯ ᠦᠭᠡᠢ ᠰᠢᠢᠳᠪᠦᠷᠢᠯᠡᠬᠦ ᠵᠢᠷᠤᠮ︾ ᠤᠨ | ᠳᠠᠭᠠᠤ ᠰᠢᠢᠳᠪᠦᠷᠢᠯᠡᠵᠦ᠂ ᠪᠣᠬᠢᠷᠳᠠᠭᠰᠠᠨ ᠲᠠᠯᠠᠪᠤᠷ᠂ ᠪᠠᠭᠠᠵᠢ ᠬᠡᠷᠡᠭᠰᠡᠯ ᠢ ᠲᠣᠭᠲᠠᠭᠠᠯ ᠤᠨ ᠳᠠᠭᠠᠤ ᠠᠷᠢᠭᠤᠳᠬᠠᠵᠤ᠂ | ᠲᠡᠭᠦᠨᠴᠢᠯᠡᠨ ︽ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠲᠡᠮᠳᠡᠭᠯᠡᠯ︾ ᠢ ᠰᠠᠶᠢᠨ ᠬᠢᠭᠰᠡᠨ ᠪᠠᠶᠢᠬᠤ | ᠬᠡᠷᠡᠭᠲᠡᠢ᠃ | 7.6.3 ᠬᠠᠷᠠᠭ᠎ᠠ ᠬᠢᠨᠠᠯᠲᠠ ᠲᠠᠯᠪᠢᠵᠤ ᠪᠦᠬᠦᠢ ᠲᠠᠯᠠᠪᠤᠷ ︵ᠦᠢᠯᠡᠳᠪᠦᠷᠢ᠂ ᠴᠢᠭ︶ ᠤᠨ ᠬᠢᠨ ᠡᠪᠡᠳᠴᠢᠨ | ᠳᠠᠷᠬᠠᠯᠠᠯ ᠳᠤ ᠠᠪᠲᠠᠭᠰᠠᠨ ᠠᠮᠢᠲᠠᠨ ᠪᠤᠶᠤ ᠬᠠᠶᠠᠭᠳᠠᠯ ᠵᠦᠢᠯ ᠢ ᠬᠤᠣᠷᠳᠠᠯ ᠦᠭᠡᠢ ᠰᠢᠢᠳᠪᠦᠷᠢᠯᠡᠬᠦ ᠠᠵᠢᠯ ᠢ ᠰᠠᠶᠢᠨ ᠬᠢᠬᠦ | ᠬᠡᠷᠡᠭᠲᠡᠢ᠃ | 7.7 ᠠᠯᠪᠠᠨ ᠶᠣᠰᠣᠨ ᠤ ᠮᠠᠯ ᠤᠨ ᠡᠮᠴᠢ ᠨᠠᠷ ᠨᠢᠭᠡᠨ ᠵᠡᠷᠭᠡ ᠬᠢᠵᠢᠭ ᠪᠠᠶᠢᠴᠠᠭᠠᠯᠲᠠ ᠶᠢᠨ ᠶᠠᠪᠤᠴᠠ ᠳᠤᠮᠳᠠ ᠡᠷᠡᠭᠦᠯ | ᠬᠠᠮᠠᠭᠠᠯᠠᠯ ᠠᠶᠤᠯ ᠦᠭᠡᠢ ᠪᠠᠶᠢᠳᠠᠯ ᠢ ᠰᠠᠶᠢᠨ ᠬᠢᠬᠦ ᠬᠡᠷᠡᠭᠲᠡᠢ᠃ | 8. ᠬᠢᠵᠢᠭ ᠪᠠᠶᠢᠴᠠᠭᠠᠯᠲᠠ ᠶᠢᠨ ᠲᠡᠮᠳᠡᠭᠯᠡᠯ | 8.1 ᠠᠯᠪᠠᠨ ᠶᠣᠰᠣᠨ ᠤ ᠮᠠᠯ ᠤᠨ ᠡᠮᠴᠢ ᠨᠠᠷ ᠨᠢᠲᠤᠯᠭᠠᠨ ᠤ ᠲᠠᠯᠠᠪᠤᠷ ︵ᠦᠢᠯᠡᠳᠪᠦᠷᠢ᠂ ᠴᠢᠭ︶ ᠤᠨ | ᠠᠯᠠᠰᠢᠨ ᠳᠤ ᠭᠠᠷᠭᠠᠭᠰᠠᠨ᠂ ᠪᠠᠴᠢᠮ ᠨᠢᠲᠤᠯᠬᠤ᠂ ᠠᠮᠢᠳᠤ ᠪᠣᠳᠠᠰ ᠤᠨ ᠠᠶᠤᠯ ᠦᠭᠡᠢ ᠰᠢᠢᠳᠪᠦᠷᠢᠯᠡᠯᠲᠡ ᠶᠢᠨ ᠬᠤᠯᠪᠣᠭᠳᠠᠯ | ᠪᠦᠬᠦᠢ ᠲᠡᠮᠳᠡᠭᠯᠡᠯ ᠳᠤ ᠬᠠᠷᠠᠭ᠎ᠠ ᠬᠢᠨᠠᠯᠲᠠ ᠲᠠᠯᠪᠢᠵᠤ ᠬᠥᠲᠥᠯᠥᠨ ᠤᠳᠤᠷᠢᠳᠤᠨ᠎ᠠ᠃ | 8.2 ᠠᠯᠪᠠᠨ ᠶᠣᠰᠣᠨ ᠤ ᠮᠠᠯ ᠤᠨ ᠡᠮᠴᠢ ᠨᠠᠷ ᠲᠠᠯᠠᠪᠤᠷ ᠲᠤ ᠨᠡᠪᠲᠡᠷᠡᠭᠦᠯᠬᠦ ᠰᠢᠯᠭᠠᠨ ᠪᠠᠶᠢᠴᠠᠭᠠᠯᠲᠠ ᠶᠢ ᠬᠢᠨᠠᠬᠤ᠂ | ᠬᠢᠵᠢᠭ ᠪᠠᠶᠢᠴᠠᠭᠠᠯᠲᠠ ᠶᠢᠨ ᠡᠷᠭᠦᠳᠡᠯ᠂ ᠨᠢᠲᠤᠯᠭᠠᠨ ᠤ ᠡᠮᠦᠨᠡᠬᠢ ᠪᠠᠶᠢᠴᠠᠭᠠᠯᠲᠠ᠂ ᠬᠢᠵᠢᠭ ᠪᠠᠶᠢᠴᠠᠭᠠᠯᠲᠠ ᠵᠡᠷᠭᠡ | ᠲᠠᠯ᠎ᠠ ᠤᠳ ᠤᠨ ᠲᠡᠮᠳᠡᠭᠯᠡᠯ ᠢ ᠬᠠᠮᠲᠤ ᠳᠤ ᠨᠢ ᠰᠠᠶᠢᠲᠤᠷ ᠬᠢᠬᠦ ᠬᠡᠷᠡᠭᠲᠡᠢ᠃ | 8.3 ᠬᠢᠵᠢᠭ ᠪᠠᠶᠢᠴᠠᠭᠠᠯᠲᠠ ᠶᠢᠨ ᠲᠡᠮᠳᠡᠭᠯᠡᠯ ᠢ 12 ᠰᠠᠷ᠎ᠠ ᠠᠴᠠ ᠳᠣᠷᠣᠭᠰᠢ ᠦᠭᠡᠢ ᠬᠠᠳᠠᠭᠠᠯᠠᠬᠤ ᠬᠡᠷᠡᠭᠲᠡᠢ᠃ | |