︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ ᠲᠥᠰᠦᠯ ︵2020 ᠤᠨ | ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ ︵ᠲᠠᠷᠢᠶᠠᠯᠠᠩ | ᠮᠠᠯᠵᠢᠯ ᠤᠨ ᠲᠣᠪᠴᠢᠶ᠎ᠠ ᠲᠠᠷᠬᠠᠭᠠᠭᠰᠠᠨ ︹ 2020 ︺ 10 ᠳ᠋ᠤᠭᠠᠷᠲᠤ︶ | ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠲᠤᠰᠬᠠᠢ ᠲᠥᠯᠥᠪᠯᠡᠭᠡᠲᠦ ᠬᠤᠲᠠ ᠶᠢᠨ | ᠲᠠᠷᠢᠶᠠᠯᠠᠩ ᠬᠥᠳᠡᠭᠡ ᠲᠣᠰᠬᠤᠨ ︵ᠲᠠᠷᠢᠶᠠᠯᠠᠩ ᠮᠠᠯ ᠠᠵᠤ ᠠᠬᠤᠢ᠂ ᠮᠠᠯ ᠡᠮᠨᠡᠯᠭᠡ︶ ᠤ ︵ᠲᠣᠪᠴᠢᠶ᠎ᠠ᠂ ᠵᠥᠪᠯᠡᠯ︶᠂ | ᠰᠢᠨᠵᠢᠶᠠᠩ ᠤᠨ ᠦᠢᠯᠡᠳᠪᠦᠷᠢᠯᠡᠯ ᠪᠠᠶᠢᠭᠤᠯᠤᠯᠲᠠ ᠶᠢᠨ ᠪᠦᠯᠦᠭᠯᠡᠯ ᠠᠷᠮᠢ ᠶᠢᠨ ᠲᠠᠷᠢᠶᠠᠯᠠᠩ ᠬᠥᠳᠡᠭᠡ ᠲᠣᠰᠬᠤᠨ ᠤ | ᠲᠣᠪᠴᠢᠶ᠎ᠠ᠂ ᠶᠠᠮᠤᠨ ᠤ ᠬᠠᠷᠢᠶ᠎ᠠ ᠬᠤᠯᠪᠣᠭᠳᠠᠯ ᠪᠥᠬᠦᠶ ᠦᠢᠯᠡᠰ ᠤᠨ ᠨᠢᠭᠡᠴᠢ ᠳᠤ᠄ | ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ | ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ | ᠵᠢᠷᠤᠮᠵᠢᠭᠤᠯᠤᠨ ᠰᠢᠢᠳᠪᠦᠷᠢᠯᠡᠬᠦ ᠶᠢᠨ ᠲᠥᠯᠥᠭᠡ᠂ ᠮᠠᠨ ᠤ ᠶᠠᠮᠤᠨ ᠰᠡᠷᠭᠡᠶᠢᠯᠡᠨ ᠡᠵᠡᠮᠳᠡᠬᠦ ᠦᠢᠯᠡᠳᠦᠯᠭᠡ ᠶᠢᠨ ᠲᠤᠷᠰᠢᠯᠭ᠎ᠠ ᠶᠢ | ᠳ᠋ᠦᠩᠨᠡᠭᠰᠡᠨ ᠰᠠᠭᠤᠷᠢᠨ ᠳᠡᠭᠡᠷ᠎ᠡ᠂ ︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ ᠬᠡᠷᠡᠭᠵᠢᠭᠦᠯᠬᠦ | ᠲᠥᠰᠦᠯ ︵2020 ᠣᠨ ᠤ ᠬᠡᠪᠯᠡᠯ︶︾ ᠢ ᠵᠣᠬᠢᠶᠠᠨ ᠪᠠᠶᠢᠭᠤᠯᠤᠨ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ ︽ᠠᠹᠷᠢᠺᠠ ᠶᠢᠨ ᠭᠠᠭ᠋ᠠᠶ ᠶᠢᠨ ᠬᠢᠵᠢᠭ ᠤᠨ ᠪᠠᠴᠢᠮ ᠪᠠᠶᠢᠳᠠᠯ ᠢ ᠠᠷᠭᠠᠴᠠᠬᠤ | ᠬᠡᠷᠡᠭᠵᠢᠭᠦᠯᠬᠦ ᠲᠥᠰᠦᠯ ︵2019 ᠣᠨ ᠤ ᠬᠡᠪᠯᠡᠯ︶︾ ᠬᠠᠮᠲᠤ ᠳᠤᠨᠢ ᠬᠦᠴᠦᠨ ᠥᠬᠡᠶ ᠪᠣᠯᠣᠨ᠎ᠠ᠃ | ᠲᠠᠷᠢᠶᠠᠯᠠᠩ ᠬᠥᠳᠡᠭᠡ ᠲᠣᠰᠬᠤᠨ ᠤ ᠶᠠᠮᠤᠨ | 2020 ᠣᠨ ᠤ 2 ᠰᠠᠷ᠎ᠠ ᠶᠢᠨ 29 ᠤ ᠡᠳᠦᠷ |