ᠰᠤᠷᠪᠤᠯᠵᠢᠯᠠᠭᠰᠠᠨ ᠵᠣᠴᠢᠨ᠄ ᠮᠥ ᠶᠤᠸᠠᠨ | ᠰᠤᠷᠪᠤᠯᠵᠢᠯᠠᠭᠰᠠᠨ ᠴᠠᠭ᠄ 2021 ᠣᠨ ᠤ 11 ᠰᠠᠷ᠎ᠠ ᠶᠢᠨ 11 ᠤ ᠡᠳᠦᠷ | ᠭᠤᠤᠯ ᠠᠭᠤᠯᠭ᠎ᠠ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠲᠠᠷᠢᠶᠠᠯᠠᠩ ᠮᠠᠯ ᠠᠵᠤ | ᠠᠬᠤᠶ ᠪᠠ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠰᠠᠨᠠᠯ︾ ᠢ ᠢᠯᠡ ᠪᠠᠷ ᠨᠡᠶᠢᠲᠡᠯᠡᠬᠦ ᠲᠠᠰᠢᠷᠠᠮ ᠳᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠷᠢᠭᠤᠴᠠᠯᠭᠠᠲᠠᠨ ︽ᠬᠡᠷᠡᠭᠵᠢᠭᠦᠯᠬᠦ ᠰᠠᠨᠠᠯ︾ ᠢ ᠲᠣᠭᠲᠠᠭᠠᠵᠤ | ᠳᠠᠷᠤᠮᠠᠯᠯᠠᠨ ᠲᠠᠷᠬᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠤᠬᠠᠶ | ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖ | ᠮᠦ ᠶᠣᠸᠠᠨ᠄ 2020 ᠣᠨ ᠤ 12 ᠰᠠᠷ᠎ᠠ ᠳᠤ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ | ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠪᠥᠬᠦ ᠨᠠᠮ ᠪᠥᠬᠦ ᠨᠡᠶᠢᠭᠡᠮ | ᠳᠤ ᠢᠯᠡ ᠲᠣᠳᠣ ᠳᠣᠬᠢᠶ᠎ᠠ ᠥᠭᠪᠡ᠄ ᠰᠢᠨ᠎ᠡ ᠠᠶᠠᠨ ᠵᠠᠮ ᠳᠤ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ | ᠤ ᠠᠵᠢᠯ ᠮᠥᠨ ᠬᠦ ᠲᠤᠶᠢᠯ ᠤᠨ ᠴᠢᠬᠤᠯᠠ ᠪᠠᠶᠢᠵᠤ᠂ ᠬᠤᠷᠣᠮᠬᠠᠨ ᠵᠠᠭᠤᠷ᠎ᠠ ᠴᠤ ᠰᠤᠯᠠᠷᠠᠭᠤᠯᠵᠤ ᠪᠣᠯᠬᠤ ᠥᠬᠡᠶ᠂ | ᠡᠷᠬᠡᠪᠰᠢ ᠴᠢᠩᠭ᠎ᠠ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ︽ᠬᠤᠶᠠᠷ | ᠶᠡᠭᠡ ᠲᠠᠯ᠎ᠠ︾ ᠳᠤ ᠰᠠᠭᠤᠷᠢᠯᠠᠵᠤ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠳᠤ᠂ ᠬᠥᠳᠡᠭᠡ ᠲᠣᠰᠬᠤᠨ ᠢ | ᠡᠷᠬᠡᠪᠰᠢ ᠬᠦᠭᠵᠢᠭᠦᠯᠦᠨ ᠮᠠᠨᠳᠤᠭᠤᠯᠬᠤ ᠬᠡᠷᠡᠭᠲᠡᠢ᠂ ᠬᠥᠳᠡᠭᠡ ᠠᠵᠤ ᠠᠬᠤᠢ ᠶᠢᠨ ᠦᠨᠳᠦᠰᠦᠨ ᠪᠠᠶᠢᠳᠠᠯ ᠢ | ᠲᠣᠭᠲᠠᠪᠤᠷᠢᠵᠢᠭᠤᠯᠬᠤ᠂ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠰᠠᠭᠤᠷᠢ ᠶᠢ ᠰᠠᠶᠢᠲᠤᠷ ᠰᠠᠬᠢᠬᠤ | ᠪᠣᠯ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠶᠢᠨ ︽ᠰᠠᠭᠤᠷᠢ ᠴᠢᠯᠠᠭᠤ︾ ᠮᠥᠨ ᠭᠡᠵᠦ | ᠵᠢᠭᠠᠵᠤ ᠭᠠᠷᠭᠠᠪᠠ︔ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠬᠠᠮᠤᠭ ᠤᠨ ᠪᠡᠷᠬᠡ | ᠬᠠᠲᠠᠭᠤᠵᠢᠯᠲᠠᠢ ᠬᠠᠮᠤᠭ ᠤᠨ ᠨᠦᠰᠡᠷ ᠬᠦᠨᠳᠦ ᠡᠭᠦᠷᠭᠡ ᠨᠢ ᠮᠥᠨ ᠯᠡ ᠬᠥᠳᠡᠭᠡ ᠲᠣᠰᠬᠤᠨ ᠳᠤ ᠪᠠᠶᠢᠵᠤ᠂ ᠬᠠᠮᠤᠭ | ᠤᠨ ᠥᠷᠭᠡᠨ ᠳᠡᠯᠭᠡᠷ ᠬᠠᠮᠤᠭ ᠤᠨ ᠭᠦᠨ ᠵᠤᠵᠠᠭᠠᠨ ᠰᠠᠭᠤᠷᠢ ᠨᠢ ᠮᠥᠨ ᠯᠡ ᠬᠥᠳᠡᠭᠡ ᠲᠣᠰᠬᠤᠨ ᠳᠤ ᠪᠠᠶᠢᠨ᠎ᠠ | ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠢᠳᠡᠨ ᠤ ᠰᠢᠨ᠎ᠡ | ᠬᠥᠭᠵᠢᠯᠲᠡ ᠶᠢᠨ ᠱᠠᠲᠤᠨ ᠤ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ | ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠡᠨᠡ ᠵᠢᠯ ᠤᠨ 1 | ᠰᠠᠷ᠎ᠠ ᠶᠢᠨ 4 ᠤ ᠡᠳᠦᠷ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠶ ᠬᠥᠳᠡᠭᠡ | ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ︽ᠲᠠᠷᠢᠶᠠᠯᠠᠩ | ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠪᠠ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ | ᠬᠥᠭᠵᠢᠯᠲᠡ ᠶᠢᠨ ᠱᠠᠲᠤᠨ ᠤ ︽ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠨ︾ ᠤ ᠠᠵᠢᠯ ᠤᠨ ᠲᠤᠬᠠᠢ | ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠥᠪᠥᠷ ᠮᠣᠩᠭᠤᠯ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠵᠦ᠂ ᠣᠳᠣᠬᠠᠨ ᠤ | ᠪᠠ ᠬᠤᠶᠢᠰᠢᠳᠠ ᠶᠢᠨ ᠲᠠᠪᠤᠨ ᠵᠢᠯ ᠤᠨ ᠥᠪᠥᠷ ᠮᠣᠩᠭᠤᠯ ᠤᠨ ︽ᠮᠠᠯ ᠠᠵᠣ ᠠᠬᠤᠢ ᠲᠠᠷᠢᠶᠠᠯᠠᠩ ᠮᠠᠯᠵᠢᠬᠤ | ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠤᠨ ᠶᠡᠷᠦᠩᠬᠡᠢ ᠱᠠᠭᠠᠷᠳᠠᠯᠭ᠎ᠠ᠂ ᠬᠠᠷᠠᠯᠲᠠ ᠡᠭᠦᠷᠭᠡ ᠪᠣᠯᠤᠨ | ᠪᠣᠳᠠᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠤᠨ ᠭᠤᠤᠯ ᠠᠭᠤᠯᠭ᠎ᠠ ᠨᠢ ᠶᠠᠭᠤ ᠪᠣᠶ︖ | ᠮᠥ ᠶᠤᠸᠠᠨ᠄ ᠪᠢᠴᠢᠭ ᠮᠠᠲ᠋ᠧᠷᠢᠶᠠᠯ ᠳᠤ 6 ᠬᠡᠰᠡᠭ᠂ 33 ᠵᠣᠷᠪᠤᠰ ᠢ ᠪᠠᠭᠲᠠᠭᠠᠵᠤ᠂ 5 ᠲᠠᠯ᠎ᠠ᠂ 31 | ᠵᠦᠶᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃ ᠥᠩᠭᠡᠷᠡᠭᠰᠡᠨ ᠲᠠᠢ ᠠᠳᠠᠯᠢ ᠥᠬᠡᠶ ᠨᠢ ᠭᠡᠪᠡᠯ᠂ | ᠡᠨᠡ ᠵᠢᠯ ᠤᠨ ︽ᠬᠡᠷᠡᠭᠵᠢᠭᠦᠯᠬᠦ ᠰᠠᠨᠠᠯ︾ ᠨᠢ ᠣᠳᠣᠬᠠᠨ ᠤ ᠪᠠᠶᠢᠳᠠᠯ ᠳᠤ ᠰᠠᠭᠤᠷᠢᠯᠠᠨ᠂ ᠣᠨ ᠤ ᠴᠢᠨᠠᠷ᠂ | ᠬᠤᠭᠤᠴᠠᠭᠠᠲᠤ ᠴᠢᠨᠠᠷ ᠢ ᠳᠣᠪᠣᠶᠢᠯᠭᠠᠵᠤ᠂ 2021 ᠣᠨ ᠤ ᠬᠠᠷᠠᠯᠲᠠ ᠡᠭᠦᠷᠭᠡ ᠶᠢ ᠲᠦᠯᠦᠪᠵᠢᠭᠦᠯᠪᠡ᠂ ᠳᠠᠷᠤᠢ | ᠡᠨᠡ ᠵᠢᠯ ᠤᠨ ︽ᠡᠭᠦᠷᠭᠡ ᠶᠢᠨ ᠪᠢᠴᠢᠭ︾ ᠪᠣᠯᠤᠨ᠎ᠠ︔ ᠪᠠᠰᠠ ᠠᠯᠤᠰ ᠬᠡᠲᠦ ᠶᠢ ᠬᠠᠷᠠᠭᠠᠯᠵᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠴᠡᠭ ᠠᠴᠠ ᠪᠣᠳᠣᠯᠬᠢᠯᠠᠨ᠂ ᠪᠠᠶᠢᠯᠳᠤᠬᠤ ᠪᠣᠳᠣᠯᠭ᠎ᠠ ᠶᠢᠨ ᠴᠢᠨᠠᠷ᠂ | ᠴᠢᠭᠯᠡᠯᠲᠦ ᠴᠢᠨᠠᠷ ᠢ ᠳᠣᠪᠣᠶᠢᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠢᠯ ᠤᠨ ᠰᠡᠳᠬᠢᠮᠵᠢ ᠪᠠ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠂ ᠳᠠᠷᠤᠢ | 5 ᠵᠢᠯ ᠤᠨ ︽ᠪᠠᠷᠢᠯᠭ᠎ᠠ ᠶᠢᠨ ᠵᠢᠷᠤᠭ︾ ᠪᠣᠯᠤᠨ᠎ᠠ᠃ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ ᠶᠢ ︽ᠬᠤᠶᠠᠷ | ᠡᠷᠡᠰ ︾᠂ ︽ᠬᠤᠶᠠᠷ ᠢ ᠲᠦᠷᠭᠡᠳᠬᠡᠬᠦ︾ ᠪᠠ ︽ᠨᠢᠭᠡ ᠶᠢ ᠪᠦᠬᠦ ᠲᠠᠯ᠎ᠠ ᠪᠠᠷ ᠴᠢᠩᠭᠠᠳᠬᠠᠬᠤ︾ ᠭᠡᠵᠦ | ᠬᠤᠷᠢᠶᠠᠩᠭᠤᠶᠢᠯᠠᠵᠤ ᠪᠣᠯᠤᠨ᠎ᠠ᠃ ︽ᠬᠤᠶᠠᠷ ᠡᠷᠡᠰ︾ ᠭᠡᠳᠡᠭ ᠪᠣᠯ ᠳᠠᠷᠤᠢ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠡᠷᠡᠰ ᠪᠠᠬᠢᠵᠢᠭᠦᠯᠦᠨ ᠥᠷᠭᠡᠳᠬᠡᠵᠦ᠂ ᠤᠯᠤᠰ ᠤᠨ ᠠᠮᠤ ᠪᠤᠳᠠᠭᠠᠨ ᠤ | ᠠᠮᠤᠷ ᠲᠦᠪᠰᠢᠨ ᠢ ᠪᠠᠲᠤᠯᠠᠬᠤ ᠬᠦᠨᠳᠦ ᠡᠭᠦᠷᠭᠡ ᠶᠢ ᠡᠷᠡᠰ ᠯᠠᠪᠳᠠᠭᠤᠨ ᠢᠶᠠᠷ ᠡᠭᠦᠷᠭᠡᠯᠡᠬᠦ ᠶᠠᠪᠤᠳᠠᠯ ᠪᠣᠯᠤᠨ᠎ᠠ᠃ | ᠵᠣᠯᠭᠠᠭᠤᠯᠬᠤ ᠰᠢᠯᠵᠢᠯᠲᠡ ᠶᠢᠨ ᠬᠤᠭᠤᠴᠠᠭ᠎ᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠬᠢᠨ | ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ︔ ᠠᠮᠤ ᠪᠤᠳᠠᠭᠠᠨ | ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠬᠡᠷᠡᠭᠵᠢᠭᠦᠯᠵᠦ᠂ ᠳᠠᠪᠠᠭᠤᠯᠢᠭ | ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠶᠯᠡᠰ ᠤᠨ ᠪᠦᠰᠡ ᠶᠢ ᠲᠦᠷᠭᠡᠳᠬᠡᠨ ᠪᠠᠶᠢᠭᠤᠯᠵᠤ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠯ᠎ᠡ ᠠᠶᠢᠮᠠᠭ ᠬᠤᠲᠠ ᠶᠢᠨ ᠬᠢᠨ ᠠᠮᠤ ᠪᠤᠳᠠᠭ᠎ᠠ | ᠳᠠᠷᠢᠬᠤ ᠲᠠᠯᠠᠪᠠᠶ ᠪᠠᠨ ᠬᠠᠰᠤᠭᠳᠠᠭᠤᠯᠬᠤ ᠥᠬᠡᠶ᠂ ᠠᠮᠤ ᠪᠤᠳᠠᠭᠠᠨ ᠤ ᠤᠨᠠᠯᠲᠠ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ︽ᠬᠤᠶᠠᠷ ᠢ ᠲᠦᠷᠭᠡᠳᠬᠡᠬᠦ︾ ᠭᠡᠳᠡᠭ ᠨᠢ ᠳᠠᠷᠤᠢ | ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠠᠪᠤᠳᠠᠯ ᠪᠣᠯᠤᠨ᠎ᠠ᠃ ᠲᠠᠷᠢᠶᠠᠯᠠᠩ ᠮᠠᠯ | ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠲᠠᠯ᠎ᠠ ᠪᠠᠷ᠂ ᠦᠷ᠎ᠡ ᠪᠠ ᠲᠠᠷᠢᠶᠠᠨ ᠭᠠᠵᠠᠷ ᠭᠡᠬᠦ ᠬᠤᠶᠠᠷ | ᠵᠠᠩᠭᠢᠯᠠᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠪᠠᠶᠢᠷᠢᠯᠠᠭᠤᠯᠤᠨ ᠰᠢᠶᠳᠪᠦᠷᠢᠯᠡᠵᠦ᠂ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠪᠣᠳᠠᠰ ᠤᠨ ᠲᠣᠨᠣᠭᠯᠠᠯ ᠤᠨ | ᠲᠤᠯᠭᠠᠭᠤᠷᠢᠯᠠᠯ ᠢ ᠴᠢᠩᠭᠠᠳᠬᠠᠵᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠶᠯᠡᠰ ᠤᠨ ᠰᠢᠰᠲ᠋ᠧᠮᠵᠢ᠂ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ | ᠪᠣᠬᠢᠷᠲᠤᠯ ᠥᠬᠡᠶ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ | ᠬᠠᠩᠭᠠᠯᠭ᠎ᠠ ᠶᠢ ᠨᠡᠮᠡᠭᠳᠡᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠠᠯ᠎ᠠ ᠪᠠᠷ᠂ | ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ᠂ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠶᠯᠡᠴᠢᠯᠡᠭᠡ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡ᠂ ᠰᠢᠶᠠᠨ ᠤ ᠬᠡᠪᠴᠢᠶᠡᠨ ᠳᠠᠬᠢ ᠬᠤᠲᠠ | ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠤ | ᠠᠵᠢᠯ ᠣᠯᠵᠤ ᠦᠶᠯᠡᠰ ᠪᠤᠰᠬᠠᠬᠤ ᠵᠡᠷᠭᠡ ᠲᠠᠯ᠎ᠠ ᠪᠠᠷ ᠠᠯᠢ ᠣᠯᠠᠨ ᠭᠤᠤᠯᠳᠠᠯᠭ᠎ᠠ ᠲᠠᠢ ᠢᠨᠵᠧᠨᠧᠷᠢᠩ᠂ ᠴᠢᠬᠤᠯᠠ | ᠶᠡᠭᠡ ᠠᠵᠢᠯᠯᠠᠭ᠎ᠠ ᠶᠢ ᠪᠠᠶᠢᠷᠢᠯᠠᠭᠤᠯᠪᠠ᠃ ︽ᠨᠢᠭᠡ ᠶᠢ ᠪᠦᠬᠦ ᠲᠠᠯ᠎ᠠ ᠪᠠᠷ ᠴᠢᠩᠭᠠᠳᠬᠠᠬᠤ︾ ᠭᠡᠳᠡᠭ ᠨᠢ ᠳᠠᠷᠤᠢ ᠨᠠᠮ | ᠤᠨ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ 》 ᠤ ᠠᠵᠢᠯ ᠳᠠᠬᠢ | ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠠᠪᠤᠳᠠᠯ ᠪᠣᠯᠤᠨ᠎ᠠ᠃ ᠨᠠᠮ ᠤᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠪᠠᠶᠢᠭᠤᠯᠤᠮᠵᠢ ᠪᠣᠯᠤᠨ ᠠᠵᠢᠯ ᠤᠨ ᠲᠣᠭᠲᠠᠴᠠ ᠶᠢ ᠪᠦᠷᠢᠨᠰᠢᠭᠦᠯᠬᠦ᠂ ᠨᠠᠮ ᠤᠨ | ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ | ᠴᠢᠩᠭᠠᠳᠬᠠᠬᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ᠂ ᠬᠥᠳᠡᠭᠡ | ᠲᠣᠰᠬᠤᠨ ᠤ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠶᠢᠨ ᠲᠤᠭᠤᠷᠢᠨ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠬᠦ ᠶᠢ | ᠴᠢᠬᠤᠯᠠᠴᠢᠯᠠᠪᠠ᠃ | ᠬᠥᠲᠥᠯᠥᠭᠴᠢ᠄ ︽ᠬᠡᠷᠡᠭᠵᠢᠭᠦᠯᠬᠦ ᠰᠠᠨᠠᠯ︾ ᠳᠤ ᠶᠠᠮᠠᠷ ᠶᠠᠮᠠᠷ ᠲᠣᠪᠣᠶᠢᠮ᠎ᠠ ᠣᠨᠴᠠᠯᠢᠭ ᠲᠠᠢ ᠪᠣᠶ︖ | ᠮᠥ ᠶᠤᠸᠠᠨ᠄ ︽ᠬᠡᠷᠡᠭᠵᠢᠭᠦᠯᠬᠦ ᠰᠠᠨᠠᠯ︾ ᠤᠨ ᠣᠨᠴᠠᠯᠢᠭ ᠢ ᠬᠤᠶᠠᠷ ᠲᠠᠯ᠎ᠠ ᠪᠠᠷ ᠬᠤᠷᠢᠶᠠᠩᠭᠤᠶᠢᠯᠠᠵᠤ | ᠪᠣᠯᠤᠨ᠎ᠠ᠃ ᠨᠢᠭᠡ ᠲᠠᠯ᠎ᠠ ᠪᠠᠷ ᠲᠥᠪ ᠬᠤᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠢᠯᠡᠷᠡᠭᠦᠯᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠮᠠᠯ ᠠᠵᠤ ᠠᠬᠤᠢ ᠲᠠᠷᠢᠶᠠᠯᠠᠩ | ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠲᠠᠢ ᠨᠢᠭᠲᠠ ᠤᠶᠠᠯᠳᠤᠭᠤᠯᠵᠤ᠂ ᠶᠠᠳᠠᠭᠤ | ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠲᠠᠷᠢᠶᠠᠯᠠᠩ ᠮᠠᠯ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ | ᠶᠢᠨ ᠠᠵᠢᠯᠯᠠᠭ᠎ᠠ ᠶᠢ ᠬᠡᠷᠡᠭᠵᠢᠭᠦᠯᠬᠦ᠂ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠳᠠᠬᠢ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠳᠤᠷᠠᠳᠴᠤ᠂ | ᠲᠥᠪ ᠤᠨ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠨᠢᠭᠡᠳ ᠨᠢᠭᠡ ᠪᠠᠷ ᠨᠠᠷᠢᠯᠢᠬᠵᠢᠭᠤᠯᠤᠨ ᠬᠤᠪᠢᠶᠠᠷᠢᠯᠠᠵᠤ᠂ | ᠣᠷᠬᠢᠭᠳᠠᠭᠤᠯᠵᠤ ᠳᠤᠲᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠎ᠡ᠃ ᠨᠥᠭᠦᠭᠡ ᠲᠠᠯ᠎ᠠ ᠪᠠᠷ ᠰᠢᠨ᠎ᠡ ᠶᠢ ᠡᠭᠦᠳᠬᠦ | ᠠᠷᠭ᠎ᠠ ᠬᠡᠮᠵᠢᠶ᠎ᠡ ᠠᠪᠤᠪᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ | ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠲᠥᠯᠥᠪᠵᠢᠭᠦᠯᠭᠡ ︵2018 - 2022 ᠣᠨ︶︾᠂ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢᠨ ᠬᠥᠲᠥᠯᠪᠦᠷᠢ︾ ᠶᠢ ᠨᠢᠭᠡᠳᠦᠯᠲᠡᠶ ᠲᠦᠯᠦᠪᠯᠡᠨ ᠵᠣᠯᠭᠠᠭᠤᠯᠵᠤ᠂ ᠠᠯᠢ ᠣᠯᠠᠨ ᠰᠢᠨ᠎ᠡ ᠶᠢ ᠡᠭᠦᠳᠬᠦ | ᠠᠷᠭ᠎ᠠ ᠬᠡᠮᠵᠢᠶ᠎ᠡ ᠶᠢ ᠳᠤᠷᠠᠳᠴᠠᠶ᠃ ᠵᠢᠱᠢᠶᠡᠯᠡᠪᠡᠯ᠂ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠪᠦᠰᠡ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠰᠦᠷᠦᠭᠵᠢᠯ ᠢ ᠪᠦᠲᠦᠭᠡᠨ ᠪᠠᠶᠢᠭᠤᠯᠬᠤ᠂ ᠡᠷᠳᠡᠨᠢ ᠰᠢᠰᠢ᠂ ᠠᠯᠠᠰᠢᠨ ᠦᠬᠡᠷ᠂ ᠪᠡᠯᠡᠳᠭᠡᠮᠵᠢᠲᠦ | ᠢᠳᠡᠰᠢᠨ ᠨᠣᠭᠤᠭ᠎ᠠ᠂ ᠡᠪᠡᠰᠦ᠂ ᠲᠥᠮᠥᠰᠥ ᠵᠡᠷᠭᠡ ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠮᠠᠯᠵᠢᠬᠤ ᠣᠷᠣᠨ ᠤ | ᠣᠳᠣᠬᠢᠴᠢᠯᠠᠯᠲᠠ ᠪᠠ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠠᠬᠢᠭᠤᠯᠬᠤ ᠵᠡᠷᠭᠡ | ᠨᠢ ᠴᠥᠮ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠡᠭᠦᠨ ᠤ ᠬᠠᠮᠲᠤ᠂ ᠪᠢᠴᠢᠭ | ᠮᠠᠲ᠋ᠧᠷᠢᠶᠠᠯ ᠳᠤ ᠪᠠᠰᠠ ᠣᠳᠣᠬᠠᠨ ᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ | ᠲᠠᠷᠢᠶᠠᠴᠢᠨ︾ ᠤ ᠠᠵᠢᠯ ᠤᠨ ᠬᠦᠷᠢᠶᠡᠨ ᠳᠠᠬᠢ ᠲᠣᠪᠣᠶᠢᠮ᠎ᠠ ᠳᠤᠲᠠᠭᠤᠳᠠᠯ ᠪᠠ ᠪᠠᠭᠤᠷᠠᠶ ᠭᠤᠭᠴᠤᠭ᠎ᠠ ᠳᠤ | ᠴᠢᠭᠯᠡᠭᠦᠯᠦᠨ᠂ ᠡᠳ᠋ ᠤᠨ ᠵᠠᠰᠠᠭ᠂ ᠮᠥᠩᠭᠦᠨ ᠭᠦᠶᠯᠭᠡᠭᠡ᠂ ᠴᠢᠳᠠᠪᠤᠷᠢᠲᠠᠨ ᠵᠡᠷᠭᠡ ᠲᠠᠯ᠎ᠠ ᠪᠠᠷ ᠮᠠᠰᠢ ᠣᠯᠠᠨ ᠦᠨ᠎ᠡ | ᠴᠠᠨ᠎ᠠ ᠲᠠᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠳᠤᠷᠠᠳᠤᠭᠰᠠᠨ ᠪᠠᠶᠢᠨ᠎ᠠ᠃ | ᠬᠥᠲᠥᠯᠥᠭᠴᠢ᠄ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ | ᠬᠡᠷᠬᠢᠨ ᠪᠡᠶᠡᠯᠡᠭᠦᠯᠬᠦ ᠪᠣᠶ︖ | ᠮᠥ ᠶᠤᠸᠠᠨ᠄ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠭᠤᠨ ᠪᠠᠶᠢᠬᠤ ᠶᠢ ᠪᠠᠲᠤᠯᠠᠵᠤ᠂ ᠣᠳᠣᠬᠠᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠤᠷᠤᠭᠰᠢᠲᠠᠶ ᠪᠡᠶᠡᠯᠡᠭᠦᠯᠬᠦ ᠶᠢᠨ ᠵᠠᠩᠭᠢᠯᠠᠭ᠎ᠠ ᠪᠠ ᠰᠠᠭᠤᠷᠢ | ᠪᠠᠲᠤᠯᠠᠭ᠎ᠠ ᠪᠣᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠤᠨ ᠶᠠᠰᠤ ᠴᠢᠨᠠᠷ ᠪᠠ ᠬᠢᠷᠢ | ᠲᠦᠪᠰᠢᠨ ᠢ ᠪᠠᠬᠢᠵᠢᠭᠦᠯᠬᠦ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠬᠢᠷᠢ ᠲᠦᠪᠰᠢᠨ ᠢ | ᠲᠣᠭᠲᠠᠭᠠᠨ᠎ᠠ ᠭᠡᠵᠦ ᠬᠡᠯᠡᠵᠦ ᠪᠣᠯᠤᠨ᠎ᠠ᠃ ᠪᠢᠳᠡ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠣᠷᠣᠯᠭ᠎ᠠ ᠪᠠᠭᠠᠲᠠᠢ ᠬᠥᠮᠦᠨ ᠠᠮᠠ ᠶᠢ ᠪᠠᠶᠢᠩᠭᠤᠵᠢᠭᠤᠯᠤᠨ ᠬᠠᠪᠰᠤᠷᠤᠨ | ᠲᠡᠳᠬᠦᠬᠦ᠂ ᠪᠠᠶᠢᠭᠤᠯᠤᠮᠵᠢ ᠲᠣᠭᠲᠠᠴᠠ ᠶᠢ ᠵᠣᠯᠭᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 4 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ | ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠪᠤᠤᠬᠢᠶ᠎ᠠ︾ ᠶᠢ ᠰᠠᠶᠢᠲᠤᠷ ᠲᠤᠰᠢᠶᠠᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠰᠠᠨ ᠬᠤᠰᠢᠭᠤ ᠰᠢᠶᠠᠨ ᠳᠤ᠂ ᠶᠠᠳᠠᠭᠤ ᠠᠴᠠ ᠠᠩᠭᠢᠵᠢᠷᠠᠭᠰᠠᠨ ᠡᠳᠦᠷ ᠠᠴᠠ ᠡᠬᠢᠯᠡᠨ 5 ᠵᠢᠯ ᠤᠨ | ᠰᠢᠯᠵᠢᠯᠲᠡ ᠶᠢᠨ ᠬᠤᠭᠤᠴᠠᠭ᠎ᠠ ᠭᠠᠷᠭᠠᠵᠤ᠂ ᠰᠢᠯᠵᠢᠯᠲᠡ ᠶᠢᠨ ᠬᠤᠭᠤᠴᠠᠭᠠᠨ ᠳᠤ ᠣᠲᠣ ᠶᠢᠨ ᠪᠠᠶᠢᠭ᠎ᠠ ᠭᠤᠤᠯ | ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠶᠡᠷᠦᠩᠬᠡᠶ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠵᠤ᠂ | ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ᠂ ᠣᠨᠳᠣᠤ ᠭᠠᠵᠠᠷ | ᠲᠤ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠪᠦᠷᠢᠨᠰᠢᠬᠦᠯᠵᠦ᠂ ᠨᠢᠭᠡ ᠪᠦᠯᠦᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ | ᠬᠠᠪᠰᠤᠷᠤᠨ ᠲᠡᠳᠬᠦᠬᠦ ᠬᠤᠰᠢᠭᠤ ᠰᠢᠶᠠᠨ ᠢ ᠲᠣᠭᠲᠠᠭᠠᠵᠤ ᠭᠤᠤᠯᠳᠠᠯᠭ᠎ᠠ ᠲᠠᠢ ᠳᠡᠮᠵᠢᠯᠭᠡ ᠦᠵᠡᠭᠦᠯᠵᠦ᠂ | ᠬᠡᠪᠴᠢᠶᠡᠵᠢᠯ ᠤᠨ ᠴᠢᠨᠠᠷᠲᠠᠶ ᠪᠠᠷ ᠳᠠᠬᠢᠨ ᠶᠠᠳᠠᠭᠤᠷᠠᠬᠤ ᠥᠬᠡᠶ ᠪᠠᠶᠢᠬᠤ ᠡᠨᠡ ᠬᠦ ᠬᠤᠷᠢᠭ᠎ᠠ ᠱᠤᠭᠤᠮ ᠢ ᠪᠠᠲᠤ | ᠰᠠᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ | ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠡᠯ᠎ᠡ ᠵᠦᠶᠯ ᠤᠨ | ᠠᠵᠢᠯ ᠢ ᠶᠡᠷᠦᠩᠬᠡᠶᠢᠯᠡᠨ ᠵᠢᠯᠣᠭᠤᠳᠴᠤ᠂ ᠰᠢᠯᠵᠢᠯᠲᠡ ᠶᠢᠨ ᠬᠤᠭᠤᠴᠠᠭᠠᠨ ᠳᠠᠬᠢ ᠤᠳᠤᠷᠢᠳᠬᠤ ᠪᠠᠶᠢᠭᠤᠯᠤᠮᠵᠢ᠂ | ᠠᠵᠢᠯ ᠤᠨ ᠰᠢᠰᠲ᠋ᠧᠮᠵᠢ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ᠂ ᠬᠢᠨᠠᠨ ᠰᠢᠯᠭᠠᠬᠤ ᠲᠣᠭᠲᠠᠴᠠ ᠵᠡᠷᠭᠡ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠡᠬᠢ | ᠪᠠᠶᠠᠯᠢᠭ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠵᠦ ᠪᠠᠶᠢᠭᠰᠠᠨ ᠠᠴᠠ ᠪᠠᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠡᠶᠢᠰᠢ ᠲᠣᠭᠲᠠᠭᠤᠨ ᠢᠶᠠᠷ | ᠰᠢᠯᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠬᠥᠲᠥᠯᠥᠭᠴᠢ᠄ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ | ᠪᠠᠷ᠂ ᠮᠠᠨ ᠤ ᠣᠷᠣᠨ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠬᠤ ᠪᠣᠶ︖ | ᠮᠥ ᠶᠤᠸᠠᠨ᠄ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠳᠤᠷᠠᠳᠤᠭᠰᠠᠨ ᠲᠣᠳᠣᠷᠬᠠᠶ ᠱᠠᠭᠠᠷᠳᠠᠯᠭ᠎ᠠ ᠮᠥᠨ᠂ | ᠪᠠᠰᠠ ᠴᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠲᠣᠮᠣ ᠣᠷᠣᠨ ᠠᠴᠠ ᠲᠠᠷᠢᠶᠠᠯᠠᠩ ᠮᠠᠯ ᠠᠵᠤ | ᠠᠬᠤᠶ ᠶᠢᠨ ᠬᠦᠴᠦᠷᠬᠡᠭ ᠣᠷᠣᠨ ᠲᠡᠶᠢᠰᠢ ᠰᠢᠯᠵᠢᠬᠦ ᠶᠢᠨ ᠪᠣᠳᠠᠲᠤ ᠬᠡᠷᠡᠭᠴᠡᠭᠡ ᠮᠥᠨ᠃ ᠠᠮᠤ ᠪᠤᠳᠠᠭᠠᠨ ᠤ | ᠦᠶᠯᠡᠳᠪᠦᠷᠢᠯᠡᠯ᠂ ᠮᠠᠯ ᠠᠵᠤ ᠠᠬᠤᠶ ᠶᠢᠨ ᠬᠥᠭᠵᠢᠯᠲᠡ᠂ ᠦᠷ᠎ᠡ ᠶᠢᠨ ᠦᠶᠯᠡᠰ᠂ ᠲᠠᠷᠢᠶᠠᠨ ᠭᠠᠵᠠᠷ᠂ ᠠᠵᠤ | ᠦᠶᠯᠡᠰ ᠤᠨ ᠰᠢᠰᠲ᠋ᠧᠮᠵᠢ ᠶᠢ ᠪᠠᠶᠢᠭᠤᠯᠬᠤ᠂ ᠪᠣᠬᠢᠷᠲᠤᠯ ᠥᠬᠡᠶ ᠬᠥᠭᠵᠢᠯᠲᠡ ᠵᠡᠷᠭᠡ ᠭᠤᠤᠯᠳᠠᠯᠭ᠎ᠠ ᠲᠠᠢ ᠭᠤᠭᠴᠤᠭ᠎ᠠ | ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠣᠨᠣᠴᠠᠲᠠᠶ ᠪᠠᠷ | ᠬᠦᠴᠦᠯᠡᠵᠦ᠂ ᠲᠠᠷᠢᠶᠠᠯᠠᠩ ᠮᠠᠯ ᠠᠵᠤ ᠠᠬᠤᠶ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠮᠠᠯ | ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠶ | ᠥᠨᠳᠥᠷ ᠪᠦᠲᠦᠮᠵᠢᠲᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠨᠢᠭᠡ ᠳᠤ ᠠᠮᠤ ᠪᠤᠳᠠᠭ᠎ᠠ ᠪᠠ | ᠴᠢᠬᠤᠯᠠ ᠪᠣᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ | ᠪᠠᠲᠤᠯᠠᠨ᠎ᠠ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ | ᠬᠡᠷᠡᠭᠵᠢᠭᠦᠯᠵᠦ᠂ ︽ᠤᠯᠤᠰ ᠤᠨ ᠶᠡᠭᠡ ᠲᠠᠯ᠎ᠠ︾ ᠶᠢᠨ ᠲᠣᠭᠤᠷᠢᠨ ᠳᠤ ᠤᠯᠤᠰ ᠲᠥᠷᠥ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠡᠯ᠎ᠡ ᠭᠠᠵᠠᠷ ᠤᠨ ᠲᠠᠷᠢᠶᠠᠯᠠᠩ ᠢ ᠴᠢᠬᠤᠯᠠᠴᠢᠯᠠᠨ ᠠᠮᠤ ᠪᠤᠳᠠᠭ᠎ᠠ ᠶᠢ ᠠᠳᠬᠤᠬᠤ᠂ ᠲᠠᠷᠢᠶᠠᠴᠢᠳ ᠤᠨ | ᠲᠠᠷᠢᠶᠠᠨ ᠠᠵᠢᠯ ᠬᠢᠵᠦ ᠠᠮᠤ ᠪᠤᠳᠠᠭ᠎ᠠ ᠳᠠᠷᠢᠬᠤ ᠢᠳᠡᠪᠬᠢᠵᠢᠯ ᠢ ᠳᠠᠶᠢᠴᠢᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠪᠠ | ᠠᠮᠤ ᠪᠤᠳᠠᠭᠠᠨ ᠤ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠣᠲᠣ ᠦᠶ᠎ᠡ ᠶᠢᠨ ᠮᠠᠯ ᠠᠵᠤ | ᠠᠬᠤᠶ ᠶᠢᠨ ᠬᠥᠭᠵᠢᠯᠲᠡ ᠶᠢ ᠲᠦᠷᠭᠡᠳᠬᠡᠵᠦ᠂ ᠭᠠᠭ᠋ᠠᠶ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ | ᠪᠠᠲᠤᠯᠠᠬᠤ ᠶᠢ ᠰᠠᠶᠢᠲᠤᠷ ᠠᠳᠬᠤᠵᠤ᠂ ᠦᠬᠡᠷ ᠬᠤᠨᠢ ᠢᠮᠠᠭᠠᠨ ᠤ ᠠᠵᠤ ᠦᠶᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠰᠦ ᠰᠠᠭᠠᠯᠢ ᠶᠢᠨ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ | ᠰᠦ ᠰᠠᠭᠠᠯᠢ ᠶᠢᠨ ᠦᠶᠯᠡᠰ᠂ ᠠᠯᠠᠰᠢᠨ ᠬᠤᠨᠢ᠂ ᠨᠤᠤᠯᠤᠭᠤᠷ ᠤᠨ ᠢᠮᠠᠭ᠎ᠠ᠂ ᠨᠠᠷᠢᠨ ᠨᠤᠤᠰᠤᠲᠤ ᠬᠤᠨᠢ᠂ ᠠᠯᠠᠰᠢᠨ | ᠦᠬᠡᠷ ᠤᠨ ᠪᠥᠬᠦ ᠤᠯᠤᠰ ᠲᠠᠬᠢ ᠳᠠᠪᠠᠭᠤᠯᠢᠭ ᠪᠠᠶᠢᠷᠢ ᠰᠠᠭᠤᠷᠢ ᠶᠢ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠬᠤᠶᠠᠷ ᠲᠤ ᠦᠷ᠎ᠡ ᠪᠠ ᠲᠠᠷᠢᠶᠠᠨ ᠭᠠᠵᠠᠷ ᠤᠨ ᠬᠤᠶᠠᠷ ︽ᠠᠮᠢᠨ ᠭᠠᠵᠠᠷ︾ ᠢ ᠠᠳᠬᠤᠨ᠎ᠠ᠃ ᠦᠷ᠎ᠡ ᠶᠢᠨ | ᠦᠶᠯᠡᠰ ᠤᠨ ᠰᠢᠨ᠎ᠡ ᠶᠢ ᠡᠭᠦᠳᠬᠦ ᠡᠷᠴᠢᠮ ᠢᠶᠠᠨ ᠨᠡᠮᠡᠭᠳᠡᠭᠦᠯᠵᠦ᠂ ᠳᠠᠪᠠᠭᠤᠯᠢᠭ ᠠᠵᠤ ᠦᠶᠯᠡᠰ ᠲᠤ ᠲᠦᠰᠢᠭᠯᠡᠨ | ᠲᠠᠷᠢᠮᠠᠯ ᠪᠣᠯᠤᠨ ᠮᠠᠯ ᠵᠢᠭᠦᠷᠲᠡᠨ ᠤ ᠰᠢᠯᠢᠳᠡᠭ ᠡᠭᠦᠯᠳᠡᠷ ᠢ ᠰᠣᠩᠭᠤᠨ ᠪᠣᠶᠢᠵᠢᠭᠤᠯᠬᠤ ᠶᠢᠨ ᠬᠠᠮᠲᠤᠷᠠᠨ ᠪᠣᠭᠤᠮᠲᠠ | ᠰᠢᠪᠲᠤᠯᠬᠤ ᠶᠢ ᠲᠥᠪᠯᠡᠷᠡᠭᠦᠯᠦᠨ ᠲᠦᠯᠬᠢᠨ ᠠᠬᠢᠭᠤᠯᠵᠤ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠵᠡᠷᠭᠡ | ᠡᠭᠦᠯᠳᠡᠷ ᠪᠣᠯᠤᠨ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠶᠢᠨ ᠵᠥᠷᠢᠶ᠎ᠡ ᠶᠢ ᠪᠠᠭᠠᠰᠬᠠᠨ᠂ | ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠲᠡᠵᠢᠭᠡᠯ ᠡᠪᠡᠰᠦᠨ ᠤ ᠭᠤᠤᠯ ᠡᠭᠦᠯᠳᠡᠷ ᠤᠨ ᠢᠷᠡᠯᠲᠡ ᠶᠢᠨ ᠥᠪᠡᠷ ᠢ | ᠪᠠᠨ ᠬᠠᠩᠭᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ | ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ | ᠵᠣᠭᠰᠣᠭᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ᠂ ᠬᠤᠵᠢᠷᠯᠢᠭ | ᠭᠠᠵᠠᠷ ᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠬᠦᠴᠦ ᠰᠢᠮ᠎ᠡ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ | ᠡᠭᠦᠷᠭᠡ ᠶᠢ ᠰᠠᠶᠢᠲᠤᠷ ᠠᠳᠬᠤᠵᠤ᠂ ᠠᠮᠤ ᠪᠤᠳᠠᠭᠠᠨ ᠤ ᠦᠶᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠭᠤᠷᠪᠠ ᠳᠤ ᠣᠳᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮᠵᠢ ᠶᠢ | ᠪᠠᠶᠢᠭᠤᠯᠤᠨ᠎ᠠ᠃ ᠰᠦ᠂ ᠮᠢᠬ᠎ᠠ᠂ ᠨᠤᠤᠯᠤᠭᠤᠷ᠂ ᠡᠷᠳᠡᠨᠢ ᠰᠢᠰᠢ᠂ ᠲᠥᠮᠥᠰᠥ᠂ ᠲᠡᠵᠢᠭᠡᠯ ᠡᠪᠡᠰᠦ ᠵᠡᠷᠭᠡ | ᠳᠠᠪᠠᠭᠤᠯᠢᠭ ᠠᠵᠤ ᠦᠢᠯᠡᠰ ᠢᠶᠠᠷ ᠭᠤᠣᠯᠳᠠᠯᠭ᠎ᠠ ᠪᠣᠯᠭᠠᠨ᠂ ᠨᠢᠭᠡ ᠪᠦᠯᠦᠭ ᠳᠠᠪᠠᠭᠤᠯᠢᠭ ᠣᠨᠴᠠᠯᠢᠭᠲᠤ ᠠᠵᠤ | ᠦᠢᠯᠡᠰ ᠤᠨ ᠰᠦᠷᠦᠭᠵᠢᠯ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ | ᠬᠦᠴᠦᠯᠡᠨ ᠪᠦᠲᠦᠭᠡᠨ ᠪᠠᠶᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ | ᠪᠣᠯᠪᠠᠰᠤᠷᠠᠭᠤᠯᠵᠦ ᠬᠤᠪᠢᠷᠠᠭᠤᠯᠬᠤ ᠨᠣᠷᠮ᠎ᠠ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ | ᠶᠢ ᠠᠬᠢᠭᠤᠯᠤᠨ᠎ᠠ᠃ ᠲᠦᠷᠪᠡ ᠳᠤ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠤᠰᠤᠨ ᠤ ᠬᠡᠮᠵᠢᠶ᠎ᠡ ᠪᠠᠷ ᠬᠢᠬᠦ᠂ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ | ᠰᠢᠨᠵᠢᠯᠡᠬᠦ ᠤᠬᠠᠭᠠᠨᠴᠢ ᠵᠣᠬᠢᠰᠲᠠᠶ ᠡᠮᠬᠢ ᠵᠢᠷᠤᠮ ᠲᠠᠢ ᠲᠠᠷᠢᠶᠠᠯᠠᠩ ᠮᠠᠯ ᠠᠵᠤ ᠠᠬᠤᠶ ᠶᠢᠨ ᠣᠷᠣᠨ ᠵᠠᠶ ᠶᠢᠨ | ᠪᠠᠶᠢᠷᠢᠰᠢᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ | ᠴᠡᠪᠡᠷᠰᠢᠭᠦᠯᠬᠦ ᠶᠢ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ | ᠬᠥᠭᠵᠢᠭᠦᠯᠵᠦ᠂ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠶᠯᠡᠰ | ᠤᠨ ᠪᠦᠰᠡ ᠪᠠ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠭᠰᠠᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ | ᠪᠠᠶᠢᠭᠤᠯᠤᠨ᠎ᠠ᠃ ᠡᠭᠦᠨ ᠠᠴᠠ ᠭᠠᠳᠠᠨ᠎ᠠ᠂ ᠳᠠᠭᠠᠭᠤᠯᠤᠭᠴᠢ ᠠᠵᠤ ᠠᠬᠤᠶᠢᠯᠠᠯ᠂ ᠬᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠶ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠥᠨᠳᠥᠷ ᠬᠡᠪ ᠴᠢᠨᠠᠷ ᠪᠦᠬᠦᠢ ᠮᠠᠯᠴᠢᠨ | ᠲᠠᠷᠢᠶᠠᠴᠢᠨ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ | ᠶᠢ ᠪᠣᠶᠢᠵᠢᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ | ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ | ᠬᠥᠲᠥᠯᠥᠭᠴᠢ᠄ ᠥᠪᠡᠷᠲᠡᠭᠡᠨ ᠵᠠᠰᠠᠬᠤ ᠣᠷᠣᠨ ᠠᠴᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ | ᠶᠢᠨ ᠠᠵᠢᠯᠯᠠᠭ᠎ᠠ ᠶᠢ ᠬᠡᠷᠬᠢᠨ ᠠᠬᠢᠭᠤᠯᠬᠤ ᠪᠣᠶ︖ ᠭᠤᠤᠯᠳᠠᠭᠤ ᠶᠠᠮᠠᠷ ᠶᠠᠮᠠᠷ ᠭᠤᠤᠯᠳᠠᠯᠭ᠎ᠠ ᠲᠠᠢ ᠡᠭᠦᠷᠭᠡ ᠶᠢ | ᠰᠠᠶᠢᠲᠤᠷ ᠠᠳᠬᠤᠬᠤ ᠪᠣᠶ︖ | ᠮᠥ ᠶᠤᠸᠠᠨ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠠᠴᠠ ᠠᠩᠬ᠎ᠠ ᠤᠳᠠᠭ᠎ᠠ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ | ᠬᠡᠷᠡᠭᠵᠢᠭᠦᠯᠬᠦ ᠪᠠᠷ ᠳᠤᠷᠠᠳᠴᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠶ ᠭᠡᠵᠦ | ᠴᠢᠬᠤᠯᠠᠴᠢᠯᠠᠪᠠ᠃ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠪᠦᠬᠦ ᠶᠠᠪᠤᠴᠠ ᠳᠤ ᠲᠤᠭᠤᠰᠢᠯᠠᠭᠤᠯᠬᠤ ᠤᠷᠳᠤ ᠬᠤᠭᠤᠴᠠᠭᠠᠨ ᠤ | ᠡᠭᠦᠷᠭᠡ ᠮᠥᠨ᠂ ᠱᠠᠳᠤᠴᠢ ᠴᠢᠨᠠᠷᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠪᠲᠤᠯᠤᠯᠲᠠ ᠶᠢᠨ ᠴᠡᠭ ᠢ | ᠣᠨᠣᠪᠴᠢᠲᠠᠢ ᠣᠯᠵᠤ᠂ ᠤᠷᠢᠳ ᠢᠶᠠᠷ ᠬᠢᠬᠦ ᠳᠡᠰ ᠳᠠᠷᠠᠭᠠᠯᠠᠯ ᠭᠠᠷᠭᠠᠵᠤ᠂ ᠯᠠᠪᠳᠠᠭᠤᠨ ᠪᠠᠲᠤᠲᠠᠢ ᠠᠵᠢᠯᠯᠠᠨ᠂ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠨᠢᠭᠡ ᠳᠤ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ | ᠴᠢᠩᠭᠠᠷᠠᠭᠤᠯᠤᠨ᠎ᠠ᠃ ᠤᠷᠢᠳᠠᠪᠠᠷ ᠲᠥᠯᠥᠪᠵᠢᠭᠦᠯᠵᠦ ᠳᠠᠷᠠᠭ᠎ᠠ ᠨᠢ ᠪᠥᠲᠥᠭᠡᠨ ᠪᠠᠶᠢᠭᠤᠯᠬᠤ ᠶᠢ ᠪᠠᠷᠢᠮᠲᠠᠯᠠᠨ᠂ | 2021 ᠣᠨ ᠳᠤ ᠬᠤᠰᠢᠭᠤ ᠰᠢᠶᠠᠨ ᠤ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠨᠥᠬᠦᠴᠡᠯ ᠲᠠᠢ | ᠬᠡᠷᠡᠭᠴᠡᠭᠡ ᠱᠠᠭᠠᠷᠳᠠᠯᠭ᠎ᠠ ᠲᠠᠢ ᠠᠶᠢᠯ ᠲᠣᠰᠬᠤᠨ ᠳᠤ ᠠᠶᠢᠯ ᠲᠣᠰᠬᠤᠨ ᠤ ᠲᠥᠯᠥᠪᠵᠢᠭᠦᠯᠭᠡ ᠶᠢ ᠪᠦᠷᠢᠨ | ᠪᠥᠷᠬᠦᠭᠦᠯᠬᠦ ᠶᠢ ᠲᠦᠷᠭᠡᠬᠡᠨ ᠪᠡᠶᠡᠯᠡᠭᠦᠯᠦᠨ᠎ᠡ᠃ ᠬᠤᠲᠠ ᠬᠥᠳᠡᠭᠡ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ | ᠵᠢᠮ᠎ᠡ ᠶᠣᠰᠣ ᠶᠢ ᠵᠢᠷᠤᠮᠯᠠᠨ᠂ ᠠᠶᠢᠯ ᠲᠣᠰᠬᠤᠨ ᠢ ᠬᠠᠰᠤᠵᠤ ᠨᠡᠶᠢᠯᠡᠭᠦᠯᠬᠦ ᠶᠢ ᠴᠢᠩᠭ᠎ᠠ ᠵᠢᠷᠤᠮᠵᠢᠭᠤᠯᠬᠤ ᠬᠡᠷᠡᠭᠲᠡᠶ᠂ | ᠬᠥᠭᠵᠢᠯᠲᠡ ᠶᠢᠨ ᠱᠠᠲᠤ ᠦᠶ᠎ᠡ ᠠᠴᠠ ᠳᠠᠪᠠᠭᠤᠯᠵᠤ᠂ ᠦᠢᠮᠡᠭᠡᠨ ᠳᠡᠪᠵᠢᠶᠡᠨ ᠭᠠᠷᠭᠠᠵᠤ ᠪᠣᠯᠬᠤ ᠦᠭᠡᠶ᠃ ᠬᠤᠶᠠᠷ | ᠲᠤ ᠰᠠᠭᠤᠷᠢ ᠪᠡᠯᠡᠳᠭᠡᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠨ᠎ᠡ᠃ ᠣᠷᠣᠰᠢᠨ ᠰᠠᠭᠤᠷᠢᠰᠢᠬᠤ | ᠣᠷᠴᠢᠨ ᠨᠥᠬᠦᠴᠡᠯ ᠢ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠤ ᠵᠣᠷᠯᠣᠩ ᠤᠨ ᠦᠭᠡᠷᠡᠴᠢᠯᠡᠯᠲᠡ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ | ᠪᠣᠬᠢᠷ ᠤᠰᠤ ᠶᠢ ᠵᠠᠰᠠᠬᠤ᠂ ᠠᠶᠢᠯ ᠲᠣᠰᠬᠤᠨ ᠢ ᠴᠡᠪᠡᠷᠰᠢᠭᠦᠯᠬᠦ ᠪᠠ ᠣᠶᠢᠵᠢᠭᠤᠯᠬᠤ ᠵᠡᠷᠭᠡ ᠠᠵᠢᠯ ᠢ ᠨᠢᠭᠡᠳᠦᠯᠲᠡᠢ | ᠳᠤ ᠲᠥᠯᠥᠪᠯᠡᠨ ᠠᠬᠢᠭᠤᠯᠵᠤ᠂ ᠨᠢᠭᠡ ᠪᠦᠯᠦᠭ ᠤᠰᠤ᠂ ᠴᠠᠬᠢᠯᠭᠠᠨ᠂ ᠵᠠᠮ᠂ ᠰᠢᠲᠠᠮᠠᠬᠠᠢ ᠬᠡᠢ᠂ ᠴᠢᠮᠡᠭᠡ ᠬᠤᠯᠪᠣᠭ᠎ᠠ᠂ | ᠷᠠᠳᠢᠣ᠋ ᠲᠧᠯᠸᠢᠰ᠂ ᠪᠠᠷᠠᠭ᠎ᠠ ᠶᠢᠨ ᠭᠦᠢᠯᠭᠡᠭᠡ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ | ᠵᠦᠢᠯ ᠢ ᠴᠢᠭᠯᠡᠭᠦᠯᠬᠦ ᠴᠢᠨᠠᠷᠲᠠᠢ ᠪᠠᠷ ᠰᠠᠶᠢᠲᠤᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠣᠰᠬᠤᠨ ᠬᠦᠷᠲᠡᠯ᠎ᠡ ᠪᠦᠷᠢᠨ ᠪᠦᠷᠬᠦᠭᠦᠯᠬᠦ᠂ ᠡᠷᠦᠬᠡ ᠳᠤ | ᠬᠦᠷᠲᠡᠯ᠎ᠡ ᠤᠷᠲᠤᠳᠬᠠᠬᠤ ᠶᠢ ᠠᠬᠢᠭᠤᠯᠤᠨ᠎ᠠ᠃ ᠭᠤᠷᠪᠠ ᠳᠤ ᠣᠯᠠᠨ ᠨᠡᠶᠢᠲᠡ ᠶᠢᠨ ᠦᠶᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠶᠯᠡᠴᠢᠯᠡᠭᠡ ᠶᠢ | ᠠᠳᠠᠯᠢ ᠲᠡᠭᠰᠢ ᠪᠣᠯᠭᠠᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠮᠠᠯᠵᠢᠬᠤ ᠲᠠᠷᠢᠶᠠᠯᠠᠬᠤ ᠣᠷᠣᠨ | ᠤ ᠰᠤᠷᠭᠠᠨ ᠬᠥᠮᠦᠵᠢᠯ᠂ ᠡᠮᠴᠢᠯᠡᠭᠡ᠂ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ᠂ ᠰᠣᠶᠣᠯ ᠵᠡᠷᠭᠡ ᠣᠯᠠᠨ | ᠨᠡᠶᠢᠲᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠶ᠂ ᠦᠨᠳᠦᠰᠦᠨ ᠵᠦᠶᠯ ᠢ ᠪᠠᠲᠤᠯᠠᠬᠤ ᠴᠢᠨᠠᠷᠲᠠᠶ᠂ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ | ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠡᠬᠢ | ᠪᠠᠶᠠᠯᠢᠭ ᠢ ᠰᠢᠶᠠᠨ ᠤ ᠬᠡᠪᠴᠢᠶᠡᠨ ᠳᠤ ᠲᠡᠩᠴᠡᠭᠦᠷᠢᠲᠡᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠲᠠ | ᠬᠥᠳᠡᠭᠡ ᠶᠢᠨ ᠠᠵᠢᠯ ᠣᠯᠭᠤᠯᠲᠠ ᠶᠢ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠪᠣᠯᠤᠨ ᠠᠵᠢᠯ ᠣᠯᠭᠤᠬᠤ | ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠤ | ᠠᠵᠢᠯ ᠣᠯᠵᠤ ᠠᠳᠠᠯ ᠦᠶᠯᠡᠰ ᠪᠣᠰᠬᠠᠬᠤ ᠶᠢ ᠠᠬᠢᠭᠤᠯᠤᠨ᠎ᠠ᠃ ᠳᠥᠷᠪᠡ ᠳᠤ ᠣᠷᠣᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠶ ᠶᠢ ᠳᠡᠮᠵᠢᠵᠦ ᠬᠠᠮᠠᠭᠠᠯᠠᠬᠤ ᠲᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠠᠰᠢᠭ ᠣᠷᠣᠯᠭ᠎ᠠ ᠶᠢᠨ ᠲᠠᠷᠢᠶᠠᠯᠠᠩ ᠮᠠᠯ | ᠠᠵᠤ ᠠᠬᠤᠶ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠬᠦ ᠬᠠᠷᠢᠴᠠᠯ ᠢ ᠳᠡᠭᠡᠭᠰᠢᠯᠡᠭᠦᠯᠦᠨ᠂ ᠮᠥᠩᠭᠦᠨ ᠭᠦᠶᠯᠭᠡᠭᠡᠨ | ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠡᠳ᠋ ᠤᠨ | ᠵᠠᠰᠠᠭ ᠠᠴᠠ ᠤᠷᠢᠳᠠᠪᠠᠷ ᠪᠠᠲᠤᠯᠠᠬᠤ᠂ ᠮᠥᠩᠭᠦᠨ ᠭᠦᠶᠯᠭᠡᠭᠡᠨ ᠢ ᠭᠤᠤᠯᠳᠠᠯᠭ᠎ᠠ ᠲᠠᠢ ᠬᠡᠯᠪᠡᠶᠢᠯᠭᠡᠬᠦ᠂ ᠨᠡᠶᠢᠭᠡᠮ ᠠᠴᠠ | ᠢᠳᠡᠪᠬᠢᠲᠡᠶ ᠣᠷᠣᠯᠴᠠᠬᠤ ᠣᠯᠠᠨ ᠡᠰᠢᠲᠦ ᠪᠠᠯᠠ ᠣᠷᠣᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠨ᠎ᠠ᠃ ᠲᠠᠪᠤ ᠳᠤ | ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠲᠠᠷᠢᠶᠠᠯᠠᠬᠤ | ᠮᠠᠯᠵᠢᠬᠤ ᠣᠷᠣᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ᠂ ᠭᠠᠴᠠᠭ᠎ᠠ ᠲᠣᠰᠬᠤᠨ ᠤ ᠱᠠᠲᠤᠨ | ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ | ᠲᠤᠷᠰᠢᠯᠲᠠ᠂ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ᠂ ᠲᠠᠷᠢᠶᠠᠯᠠᠩ ᠤᠨ ᠤᠰᠤᠨ ᠤ ᠦᠨ᠎ᠡ | ᠬᠠᠩᠰᠢ᠂ ᠬᠠᠮᠲᠤ ᠶᠢᠨ ᠣᠶ ᠰᠢᠭᠤᠶ ᠶᠢᠨ ᠡᠷᠬᠡ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠨ᠎ᠠ᠃ | ᠬᠥᠲᠥᠯᠥᠭᠴᠢ᠄ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ | ᠤᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠴᠢᠬᠤᠯᠠ ᠪᠠᠶᠢᠷᠢᠯᠠᠭᠤᠯᠤᠯᠲᠠ ᠶᠢ ᠪᠣᠳᠠᠲᠤ ᠭᠠᠵᠠᠷ ᠲᠤ ᠨᠢ ᠨᠠᠶᠢᠳᠠᠪᠤᠷᠢᠵᠢᠭᠤᠯᠬᠤ ᠶᠢ ᠬᠡᠷᠬᠢᠨ ᠪᠠᠲᠤᠯᠠᠬᠤ ᠪᠣᠶ︖ | ᠮᠦ ᠶᠤᠸᠠᠨ᠄ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ | ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠪᠣᠯ ᠰᠢᠨ᠎ᠡ ᠬᠥᠭᠵᠢᠯᠲᠡ ᠶᠢᠨ | ᠱᠠᠲᠤᠨ ᠤ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠶᠢᠨ ᠦᠨᠳᠦᠰᠦᠨ ᠤᠯᠤᠰ ᠲᠥᠷᠥ ᠶᠢᠨ ᠪᠠᠲᠤᠯᠠᠭ᠎ᠠ ᠪᠣᠯᠤᠨ᠎ᠠ᠃ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠲᠦᠷᠢᠮ︾ ᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠳᠬᠤᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠨᠠᠮ ᠤᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠢ ᠤᠳᠤᠷᠢᠳᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠲᠦᠷᠢᠮ ᠤᠨ ᠰᠢᠰᠲ᠋ᠧᠮᠵᠢ᠂ | ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠠᠶᠢᠮᠠᠭ ᠬᠤᠲᠠ᠂ ᠬᠤᠰᠢᠭᠤ ᠰᠢᠶᠠᠨ ᠤ ᠨᠠᠮ ᠵᠠᠰᠠᠭ ᠤᠨ | ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠭᠰᠠᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ | ᠶᠢᠨ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠢ ᠪᠥᠬᠦ ᠲᠠᠯ᠎ᠠ ᠪᠠᠷ ᠤᠳᠤᠷᠢᠳᠬᠤ ᠴᠢᠳᠠᠪᠤᠷᠢ ᠪᠣᠯᠤᠨ | ᠲᠦᠪᠰᠢᠨ ᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠥᠷᠥ ᠶᠢᠨ ᠬᠠᠷᠢᠭᠤᠴᠠᠯᠭ᠎ᠠ ᠪᠠᠨ | ᠡᠭᠦᠷᠭᠡᠯᠡᠵᠦ᠂ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ | ᠴᠢᠭᠯᠡᠯᠲᠡ ᠶᠢ ᠨᠠᠶᠢᠳᠠᠪᠤᠷᠢᠵᠢᠭᠤᠯᠵᠤ᠂ ᠨᠠᠩ ᠶᠡᠭᠡ ᠡᠷᠴᠢᠮ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠤᠨ᠎ᠠ᠃ ᠢᠯᠠᠩᠭᠤᠶ᠎ᠠ ᠬᠤᠰᠢᠭᠤ ᠰᠢᠶᠠᠨ ᠤ ᠨᠠᠮ ᠤᠨ ᠬᠤᠷᠢᠶᠠᠨ ᠤ ᠱᠦᠵᠢ ᠭᠤᠤᠯ | ᠣᠶᠤᠨ ᠴᠢᠳᠠᠯ ᠢᠶᠠᠨ ︽ᠮᠠᠯ ᠠᠵᠣ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ︾ ᠤ | ᠠᠵᠢᠯ ᠳᠡᠭᠡᠷ᠎ᠡ ᠲᠠᠯᠪᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠮᠦᠨ᠎ᠡ ᠹᠷᠣᠨᠲ ᠤᠨ | ᠶᠡᠷᠦᠩᠬᠡᠶ ᠵᠢᠯᠣᠭᠤᠳᠣᠭᠴᠢ︾ ᠶᠢᠨ ᠲᠤᠰᠢᠶᠠᠯ ᠢ ᠰᠠᠶᠢᠳᠤᠷ ᠡᠭᠦᠷᠭᠡᠯᠡᠨ᠎ᠡ᠃ ᠦᠨᠳᠦᠰᠦᠨ ᠱᠠᠳᠤ ᠶᠢ ᠠᠳᠬᠤᠬᠤ᠂ | ᠰᠠᠭᠤᠷᠢ ᠶᠢ ᠪᠠᠲᠤᠳᠬᠠᠬᠤ᠂ ᠦᠨᠳᠦᠰᠦᠨ ᠵᠦᠢᠯ ᠢ ᠪᠠᠬᠢᠵᠢᠭᠦᠯᠬᠦ ᠠᠵᠢᠯ ᠤᠨ ᠤᠳᠤᠷᠢᠳᠤᠮᠵᠢ ᠶᠢ ᠲᠤᠪᠤᠶᠢᠯᠭᠠᠨ᠂ | ᠡᠯ᠎ᠡ ᠲᠦᠷᠦᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠦᠨᠳᠦᠰᠦᠨ | ᠱᠠᠲᠤᠨ ᠤ ᠠᠵᠢᠯ ᠬᠢᠵᠦ ᠦᠢᠯᠡᠰ ᠪᠤᠰᠬᠠᠬᠤ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠦᠭᠭᠦᠨ᠎ᠡ᠃ ᠤᠯᠤᠰ | ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠶᠢᠨ ᠲᠠᠯ᠎ᠠ ᠪᠠᠷ ᠪᠠᠲᠤ ᠴᠢᠩᠭ᠎ᠠ᠂ ᠣᠪᠣᠷ ᠰᠤᠷᠲᠠᠯ | ᠤᠨ ᠲᠠᠯ᠎ᠠ ᠪᠠᠷ ᠪᠠᠲᠤ ᠴᠢᠩᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠳ᠋ᠷ ᠤᠨ ᠡᠩᠨᠡᠭᠡ ᠶᠢ | ᠪᠠᠶᠢᠭᠤᠯᠵᠤ᠂ ᠨᠢᠭᠡ ᠪᠦᠯᠦᠭ ᠰᠢᠯᠢᠳᠡᠭ ᠺᠠᠳ᠋ᠷ ᠢ ᠰᠣᠩᠭᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠡᠮᠦᠨ᠎ᠡ ᠹᠷᠣᠨᠲ ᠤᠨ ᠠᠵᠢᠯ ᠤᠨ ᠪᠠᠶᠢᠷᠢ ᠳᠤ ᠲᠣᠮᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠺᠠᠳ᠋ᠷ ᠢ ᠬᠥᠮᠦᠵᠢᠭᠦᠯᠦᠨ ᠪᠣᠯᠪᠠᠰᠤᠷᠠᠭᠤᠯᠬᠤ ᠥᠷᠭᠡᠨ ᠠᠭᠤᠳᠠᠮ ᠲᠠᠪᠴᠠᠩ ᠪᠣᠯᠭᠠᠨ᠎ᠠ᠃ ᠣᠲᠣ ᠦᠶ᠎ᠡ ᠶᠢᠨ | ᠵᠠᠰᠠᠯᠲᠠ ᠶᠢᠨ ᠠᠷᠭ᠎ᠠ ᠬᠡᠯᠪᠡᠷᠢ ᠶᠢ ᠬᠡᠷᠡᠭᠯᠡᠬᠦ ᠶᠢ ᠮᠠᠯᠵᠢᠬᠤ ᠲᠠᠷᠢᠶᠠᠯᠠᠬᠤ ᠣᠷᠣᠨ ᠤ ᠤᠯᠠᠮᠵᠢᠯᠠᠯᠲᠤ ᠵᠠᠰᠠᠯᠲᠠ ᠶᠢᠨ | ᠡᠬᠢ ᠪᠠᠶᠠᠯᠢᠭ ᠤᠨ ᠦᠶᠯᠡᠳᠦᠯ ᠢ ᠪᠠᠳᠠᠷᠠᠭᠤᠯᠬᠤ ᠯᠤᠭ᠎ᠠ ᠤᠶᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ | ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢ ᠲᠠᠰᠤᠷᠠᠯᠲᠠ ᠥᠬᠡᠶ | ᠪᠦᠷᠢᠨᠰᠢᠬᠦᠯᠵᠦ᠂ ᠬᠥᠳᠡᠭᠡ ᠲᠣᠰᠬᠤᠨ ᠤ ᠴᠢᠳᠠᠮᠠᠭᠠᠶ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠮ | ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠮᠠᠯᠵᠢᠬᠤ ᠲᠠᠷᠢᠶᠠᠯᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶᠢᠷᠡᠭᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠲᠤ ᠴᠣᠭᠴᠠᠯᠠᠨ᠎ᠠ᠃ | ᠰᠢᠨ᠎ᠡ ᠴᠠᠭ ᠦᠶ᠎ᠡ ᠶᠢᠨ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢᠨ ᠠᠵᠢᠯ ᠢ ᠰᠠᠶᠢᠲᠤᠷ | ᠬᠢᠵᠦ᠂ ᠨᠡᠶᠢᠭᠡᠮ ᠳᠠᠶᠠᠭᠠᠷ ᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠪᠠᠷ ᠠᠬᠢᠭᠤᠯᠬᠤ | ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ |